︽︿ᠬᠠᠩᠰᠢ ᠪᠤᠯᠵᠤ ᠬᠠᠭᠳᠠ ᠨᠤᠭᠤᠭᠠᠷᠠᠯᠠ﹀᠂ ᠬᠠᠪᠤᠷ ᠤᠨ ᠠᠵᠢᠯ ᠢᠶᠠᠨ ᠡᠷᠳᠡ ᠡᠬᠢᠯᠡᠭᠦᠯᠬᠦ ᠦᠭᠡᠢ ᠪᠤᠯ | ᠨᠠᠮᠤᠷ ᠡᠯᠪᠡᠭ ᠬᠤᠷᠢᠶᠠᠯᠳᠠ ᠪᠠᠨ ᠪᠠᠳᠤᠯᠠᠵᠤ ᠳᠡᠶᠢᠯᠬᠦ ᠦᠭᠡᠢ ᠪᠤᠯᠤᠨ᠎ᠠ᠃ ᠤᠳᠤᠬᠠᠨ ᠳᠤ ᠮᠠᠨ ᠤ ᠬᠤᠷᠰᠢᠶᠠᠵᠢᠯ ᠤᠨ | ᠬᠡᠰᠢᠭᠦᠨ ᠡᠷᠦᠬᠡ ᠶᠢᠨ ᠬᠠᠪᠤᠷ ᠤᠨ ᠳᠠᠷᠢᠶᠠᠯᠠᠭ᠎ᠠ ᠳᠤ ᠬᠡᠷᠡᠭᠯᠡᠬᠦ ᠳᠠᠷᠢᠶᠠᠨ ᠦᠷ᠎ᠡ᠂ ᠬᠢᠮᠢ ᠶᠢᠨ ᠪᠤᠷᠳᠤᠭᠤᠷ᠂ | ᠴᠠᠶᠢᠶ᠋ᠢᠤ ᠵᠡᠷᠭᠡ ᠶᠢ ᠨᠡᠯᠢᠶᠡᠳ ᠪᠡᠯᠡᠳᠭᠡᠭᠰᠡᠨ ᠢᠶᠠᠷ ᠪᠠᠷᠠᠬᠤ ᠦᠭᠡᠢ ᠳᠠᠷᠢᠶᠠᠨ ᠭᠠᠵᠠᠷ ᠢ ᠤᠷᠪᠠᠭᠤᠯᠤᠨ ᠬᠦᠷᠦᠰᠦ ᠶᠢ | ᠰᠤᠯᠠᠷᠠᠭᠤᠯᠬᠤ ᠠᠵᠢᠯ ᠢ ᠱᠠᠯᠠᠪᠳᠠᠨ ᠬᠢᠵᠤ ᠪᠤᠢ︾᠃ ᠬᠠᠩᠰᠢ ᠶᠢᠨ ᠠᠮᠠᠷᠠᠯᠳᠠ ᠶᠢᠨ ᠬᠤᠭᠤᠴᠠᠭᠠᠨ ᠳᠤ᠂ | ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯ ᠤᠨ ᠪᠠᠶᠢᠰᠢᠩ ᠪᠠᠯᠭᠠᠰᠤ ᠶᠢᠨ | ᠰᠠᠶᠢᠬᠠᠨᠳᠠᠯ᠎ᠠ ᠭᠠᠴᠠᠭ᠎ᠠ ᠶᠢᠨ ᠳᠠᠷᠢᠶᠠᠴᠢᠨ ᠴᠧᠨ ᠰᠢ ᠯᠢᠶᠠᠨ ᠢ ᠰᠤᠷᠪᠤᠯᠵᠢᠯᠬᠠᠤ ᠪᠠᠷ ᠬᠦᠷᠬᠦ ᠳᠤ ᠲᠡᠷᠡ ᠶᠠᠭ | ᠰᠠᠶ᠋ᠢᠬᠠᠨ ᠤᠷᠤᠭᠤᠯᠤᠨ ᠠᠪᠴᠢᠷᠠᠭᠰᠠᠨ ᠳᠠᠷᠢᠶᠠᠨ ᠦᠷ᠎ᠡ ᠪᠠᠨ ᠬᠦᠮᠦᠷᠭᠡᠯᠡᠬᠦ᠂ ᠬᠢᠮᠢ ᠶᠢᠨ ᠪᠤᠷᠳᠤᠭᠤᠷ ᠢᠶᠠᠨ | ᠳᠡᠭᠡᠭᠡᠪᠦᠷᠢᠯᠡᠬᠦ᠂ ᠵᠠᠬᠢᠶᠠᠯᠠᠭ᠎ᠠ ᠶᠢᠨ ᠭᠡᠷ᠎ᠡ ᠳᠤᠭᠳᠠᠬᠤ ᠵᠡᠷᠭᠡ ᠬᠠᠪᠤᠷ ᠤᠨ ᠳᠠᠷᠢᠶᠠᠯᠠᠭ᠎ᠠ ᠶᠢᠨ ᠪᠡᠯᠡᠳᠭᠡᠯ ᠠᠵᠢᠯ ᠳᠤ | ᠪᠤᠷᠪᠢ ᠪᠤᠬᠢᠰᠭᠢᠯ ᠦᠭᠡᠢ ᠶᠠᠭᠠᠷᠠᠵᠤ ᠪᠠᠶᠢᠯ᠎ᠠ᠃ | ᠴᠧᠨ ᠰᠢ ᠯᠢᠶᠠᠨ ᠡᠨᠡ ᠵᠢᠯ ᠳᠦᠴᠢᠨ ᠨᠠᠰᠤᠳᠠᠢ᠂ ᠲᠡᠷᠡ ᠠᠩᠬ᠎ᠠ ᠳᠤᠮᠳᠠᠳᠤ ᠪᠠᠨ ᠳᠡᠭᠦᠰᠭᠡᠮᠡᠭᠴᠡ | ᠳᠦᠷᠦᠭᠰᠡᠨ ᠨᠤᠳᠤᠭ ᠰᠠᠶᠢᠬᠠᠨᠳᠠᠯ᠎ᠠ ᠭᠠᠴᠠᠭ᠎ᠠ ᠳᠠᠭᠠᠨ ᠬᠠᠷᠢᠵᠤ ᠠᠪᠤ ᠡᠵᠢ ᠪᠠᠨ ᠬᠠᠪᠰᠤᠷᠤᠨ ᠳᠠᠷᠢᠶᠠᠨ ᠠᠵᠢᠯ | ᠬᠢᠭᠰᠡᠨ ᠪᠠᠶᠢᠨ᠎ᠠ᠃ ᠲᠡᠷᠡ 10 ᠭᠠᠷᠤᠢ ᠵᠢᠯ ᠤᠨ ᠳᠠᠷᠢᠶᠠᠨ ᠠᠵᠢᠯ ᠬᠢᠭᠰᠡᠨ ᠳᠤᠷᠰᠢᠯᠭ᠎ᠠ ᠠᠴᠠ ᠪᠠᠨ ᠳᠤᠰ ᠭᠠᠵᠠᠷ | ᠤᠷᠤᠨ ᠤ ᠬᠢᠨᠢ ᠳᠠᠷᠢᠶᠠᠨ ᠭᠠᠵᠠᠷ ᠠᠷᠪᠢᠨ ᠴᠤ ᠳᠠᠷᠢᠶᠠᠴᠢᠳ ᠶᠠᠭᠤ ᠳᠠᠷᠢᠪᠠᠯ ᠡᠯᠪᠡᠭ ᠬᠤᠷᠢᠶᠠᠯᠳᠠ ᠤᠯᠵᠤ᠂ | ᠶᠠᠭᠠᠬᠢᠵᠤ ᠬᠤᠳᠠᠯᠳᠤᠪᠠᠯ ᠢᠯᠡᠭᠦᠦ ᠤᠷᠤᠯᠭ᠎ᠠ ᠤᠯᠬᠤ ᠶᠢ ᠮᠡᠳᠡᠬᠦ ᠦᠭᠡᠢ ᠠᠴᠠ ᠵᠢᠯ ᠤᠨ ᠰᠡᠭᠦᠯᠴᠢ ᠪᠤᠯᠤᠭᠰᠠᠭᠠᠷ | ᠳᠠᠷᠢᠮᠠᠯ ᠤᠨ ᠵᠦᠢᠯᠡᠰ ᠢᠶᠠᠨ ᠬᠤᠳᠠᠯᠳᠤᠨ ᠭᠠᠷᠭᠠᠵᠦ ᠳᠡᠶᠢᠯᠬᠦ ᠦᠭᠡᠢ ᠭᠠᠴᠢᠭᠳᠠᠵᠤ ᠲᠦᠪᠡᠭᠳᠡᠵᠤ ᠪᠠᠶᠢᠭ᠎ᠠ ᠶᠢ | ᠰᠡᠷᠡᠵᠤ᠂ ᠲᠠᠷᠢᠶᠠᠴᠢᠳ ᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠤ ᠠᠮᠢᠳᠤᠷᠠᠯ ᠢ ᠨᠢ ᠴᠢᠨᠡᠬᠡᠯᠢᠭᠵᠢᠭᠦᠯᠬᠦ ᠪᠠᠷ | 2015 ᠤᠨ ᠤ 1 ᠰᠠᠷ᠎ᠠ ᠳᠤ ︽ᠨᠤᠳᠤᠭ ᠤᠨ ᠬᠠᠶᠢᠷ᠎ᠠ ᠳᠠᠷᠢᠵᠤ ᠳᠡᠵᠢᠬᠡᠬᠦ ᠳᠤᠰᠬᠠᠢ ᠬᠤᠷᠰᠢᠶᠠᠵᠢᠯ︾ ᠢᠶᠠᠨ | ᠳᠠᠩᠰᠠᠯᠠᠨ ᠪᠠᠶᠢᠭᠤᠯᠤᠭᠰᠠᠨ ᠪᠠᠶᠢᠨ᠎ᠠ᠃ | ᠠᠷᠭ᠎ᠠ ᠪᠦᠬᠦᠨ ᠢ ᠰᠦᠪᠡᠭᠴᠢᠯᠡᠨ ᠠᠷᠠᠳ ᠲᠤ ᠠᠰᠢᠭ ᠬᠦᠷᠳᠡᠭᠡᠨ᠎ᠡ | ︽ᠮᠠᠨ ᠤ ᠡᠨᠡ ᠬᠤᠷᠰᠢᠶᠠᠵᠢᠯ ᠢ ᠠᠩᠬ᠎ᠠ ᠪᠠᠶᠢᠭᠤᠯᠬᠤ ᠳᠤ ᠵᠢᠷᠭᠤᠭᠠᠬᠠᠨ ᠭᠡᠰᠢᠭᠦᠨ ᠡᠷᠦᠬᠡ ᠲᠠᠢ | ᠪᠠᠶᠢᠭᠰᠠᠨ ᠠᠴᠠ ᠪᠠᠨ ᠤᠳᠤ ᠨᠢᠭᠡᠨᠳᠡ 130 ᠪᠤᠯᠵᠤ ᠬᠦᠭᠵᠢᠯ᠎ᠡ᠃ ᠬᠤᠶᠠᠷ ᠵᠢᠯ ᠤᠨ ᠬᠤᠭᠤᠴᠠᠭᠠᠨ ᠳᠤ | ᠬᠤᠷᠰᠢᠶᠠᠵᠢᠯ ᠤᠨ 4 ᠲᠦᠮᠡᠨ ᠮᠥ ᠳᠠᠷᠢᠶᠠᠨ ᠭᠠᠵᠠᠷ ᠤᠨ 15000 ᠮᠥ ᠳᠤ ᠨᠢ ᠮᠠᠰᠢᠨ ᠬᠤᠳᠳᠤᠭ ᠤᠭᠰᠠᠷᠠᠵᠤ᠂ | ᠦᠯᠡᠳᠡᠭᠰᠡᠨ ᠬᠡᠰᠡᠭ ᠲᠤᠨᠢ ᠴᠤ ᠪᠦᠷ ᠬᠤᠳᠳᠤᠭ ᠮᠠᠯᠳᠠᠪᠠ᠃ ᠡᠳᠡᠭᠡᠷ ᠳᠠᠷᠢᠶᠠᠨ ᠳᠠᠭᠠᠨ ᠪᠢᠳᠡ ᠨᠢᠭᠡᠳᠦᠯᠳᠡᠢ | ᠳᠠᠷᠢᠶᠠᠯᠠᠬᠤ᠂ ᠨᠢᠭᠡᠳᠦᠯᠳᠡᠢ ᠬᠠᠳᠤᠵᠤ ᠬᠤᠷᠢᠶᠠᠬᠤ᠂ ᠨᠢᠭᠡᠳᠦᠯᠳᠡᠢ ᠪᠤᠷᠤᠯᠠᠭᠤᠯᠬᠤ ᠬᠠᠮᠢᠶᠠᠷᠤᠯᠳᠠ ᠶᠢᠨ ᠬᠡᠪ | ᠵᠠᠬᠪᠤᠷ ᠢ ᠬᠡᠷᠡᠭᠯᠡᠵᠤ᠂ ᠨᠢᠳᠤᠨᠤᠨ ᠵᠢᠯ ᠮᠠᠨ ᠤ ᠭᠡᠰᠢᠭᠦᠨ ᠡᠷᠦᠬᠡ ᠪᠦᠷᠢ ᠪᠤᠰᠤᠳ ᠳᠠᠷᠢᠶᠠᠴᠢᠨ ᠠᠴᠠ | ᠨᠠᠷᠠᠨᠬᠤᠸᠠᠷ ᠢᠶᠠᠨ 6 ᠲᠦᠮᠡᠨ ᠲᠦᠭᠦᠷᠢᠭ ᠢᠯᠡᠭᠦᠦ ᠬᠤᠳᠠᠯᠳᠤᠭᠰᠠᠨ ᠰᠢᠤ︾ ᠭᠡᠵᠤ ᠴᠧᠨ ᠰᠢ ᠯᠢᠶᠠᠨ | ᠬᠤᠷᠰᠢᠶᠠᠵᠢᠯ ᠤᠨ ᠭᠡᠰᠢᠭᠦᠨ ᠡᠷᠦᠬᠡ ᠳᠡᠭᠡᠨ ᠪᠤᠳᠠᠳᠤ ᠠᠰᠢᠭ ᠬᠦᠷᠳᠡᠭᠡᠭᠰᠡᠨ ᠢᠶᠠᠨ ᠨᠢᠭᠡᠳ ᠨᠢᠭᠡ ᠪᠠᠷ ᠨᠠᠷᠢᠨ | ᠳᠤᠳᠤᠷᠬᠠᠢ ᠳᠠᠶᠢᠯᠪᠤᠷᠢᠯᠠᠯᠳᠠ ᠬᠢᠵᠤ ᠦᠭᠭᠦᠯ᠎ᠡ᠃ | ᠴᠧᠨ ᠰᠢ ᠯᠢᠶᠠᠨ ᠤ ᠳᠠᠨᠢᠯᠴᠠᠭᠤᠯᠤᠭᠰᠠᠨ ᠢᠶᠠᠷ᠂ 2016 ᠤᠨ ᠤ ᠨᠠᠮᠤᠷ ᠠᠭᠤᠷ ᠠᠮᠢᠰᠬᠤᠯ ᠤᠨ | ᠨᠦᠯᠦᠭᠡ ᠠᠴᠠ ᠪᠤᠯᠵᠤ᠂ ᠪᠦᠬᠦ ᠪᠠᠯᠭᠠᠰᠤ ᠶᠢᠨ ᠳᠠᠷᠢᠶᠠᠴᠢᠳ ᠨᠠᠷᠠᠨᠬᠤᠸᠠᠷ ᠢᠶᠠᠨ ᠬᠤᠳᠠᠯᠳᠤᠨ ᠭᠠᠷᠭᠠᠵᠤ ᠳᠡᠶᠢᠯᠬᠦ | ᠦᠭᠡᠢ ᠪᠤᠯᠪᠠ᠂ ᠤᠨᠴᠠᠭᠠᠢᠢᠯᠠᠨ ᠰᠠᠶᠢᠬᠠᠨᠳᠠᠯ᠎ᠠ ᠭᠠᠴᠠᠭ᠎ᠠ ᠶᠢᠨ ᠳᠠᠷᠢᠶᠠᠴᠢᠳ ᠨᠠᠷᠠᠨᠬᠤᠸᠠᠷ ᠢᠶᠠᠨ ᠬᠡᠨ ᠳᠤ | ᠬᠤᠳᠠᠯᠳᠤᠬᠤ᠂ ᠬᠡᠳᠦᠢ ᠦᠨ᠎ᠡ ᠪᠠᠷ ᠬᠤᠳᠠᠯᠳᠤᠬᠤ ᠪᠠᠨ ᠮᠡᠳᠡᠬᠦ ᠦᠭᠡᠢ ᠭᠠᠴᠢᠭᠳᠠᠭᠰᠠᠨ ᠪᠠᠶᠢᠳᠠᠯ ᠳᠤᠤᠷ᠎ᠠ ᠴᠧᠨ | ᠰᠢ ᠯᠢᠶᠠᠨ ᠬᠢᠷᠢᠨ᠂ ᠭᠠᠨᠰᠤ᠂ ᠬᠤᠪᠸᠢ ᠮᠤᠵᠢ ᠠᠴᠠ ᠬᠤᠳᠠᠯᠳᠤᠭᠠᠴᠢᠨ ᠤᠷᠢᠨ ᠠᠪᠴᠢᠷᠠᠵᠤ ᠨᠠᠷᠠᠨᠬᠤᠸᠠᠷ ᠢ ᠨᠢ | ᠦᠨᠳᠦᠷ ᠦᠨ᠎ᠡ ᠪᠠᠷ ᠬᠤᠳᠠᠯᠳᠤᠨ ᠭᠠᠷᠭᠠᠭᠰᠠᠨ ᠮᠦᠷᠳᠡᠭᠡᠨ ᠡᠨᠡ ᠵᠢᠯ ᠳᠤ ᠳᠠᠷᠢᠶᠠᠴᠢᠳ ᠢ ᠬᠠᠪᠰᠤᠷᠤᠨ ᠬᠢᠷᠢᠨ | ᠮᠤᠵᠢ ᠶᠢᠨ ᠶᠤᠸᠠᠨ ᠫᠠᠨ ᠳᠠᠷᠢᠶᠠᠯᠠᠩ ᠤᠨ ᠦᠢᠯᠡᠰ ᠤᠨ ᠠᠵᠤ ᠠᠬᠤᠢᠢᠯᠠᠯ ᠪᠠ ᠭᠠᠨᠰᠤ ᠮᠤᠵᠢ ᠶᠢᠨ ᠢ ᠹᠧᠩ | ᠳᠠᠷᠢᠶᠠᠯᠠᠩ ᠤᠨ ᠦᠢᠯᠡᠰ ᠤᠨ ᠠᠵᠤ ᠠᠬᠤᠢᠢᠯᠠᠯ ᠲᠠᠢ ᠬᠠᠮᠳᠤᠷᠠᠵᠤ ᠨᠠᠷᠠᠨᠬᠤᠸᠠᠷ᠂ ᠨᠠᠷᠢᠮᠥ᠂ ᠰᠢᠰᠢ᠂ ᠯᠤᠬᠠᠱᠧᠩ᠂ | ᠨᠤᠭᠤᠭᠠᠨ ᠪᠤᠷᠴᠠᠭ ᠳᠠᠷᠢᠵᠤ ᠤᠷᠭᠤᠭᠤᠯᠬᠤ ᠵᠠᠬᠢᠶᠠᠯᠠᠭ᠎ᠠ ᠶᠢᠨ ᠭᠡᠷ᠎ᠡ ᠳᠤᠭᠳᠠᠭᠰᠠᠨ ᠪᠠᠶᠢᠨ᠎ᠠ᠃ ᠲᠡᠷᠡ᠄ ︽ᠪᠢᠳᠡ | ᠡᠳᠡᠭᠡᠷ ᠳᠠᠷᠢᠮᠠᠯ ᠤᠨ ᠬᠠᠮᠤᠭ ᠳᠤᠤᠷ᠎ᠠ ᠦᠨ᠎ᠡ ᠬᠠᠩᠰᠢ ᠶᠢ ᠪᠠᠳᠤᠯᠠᠬᠤ ᠮᠦᠷᠳᠡᠭᠡᠨ ᠵᠠᠬ᠎ᠠ ᠳᠡᠯᠭᠡᠭᠦᠷ ᠤᠨ ᠪᠠᠶᠢᠳᠠᠯ ᠢ | ᠦᠨᠳᠦᠰᠦᠯᠡᠵᠤ ᠳᠠᠷᠢᠮᠠᠯ ᠤᠨ ᠵᠦᠢᠯᠡᠰ ᠤᠨ ᠦᠨ᠎ᠡ ᠬᠠᠩᠰᠢ ᠦᠰᠪᠡᠯ ᠪᠢᠳᠡᠨ ᠤ ᠬᠤᠷᠢᠶᠠᠨ ᠠᠪᠬᠤ ᠦᠨ᠎ᠡ ᠬᠠᠩᠰᠢ | ᠴᠤ ᠳᠠᠭᠠᠯᠳᠤᠨ ᠦᠰᠦᠨ᠎ᠡ᠃ ᠡᠨᠡ ᠬᠠᠪᠤᠷ ᠳᠠᠷᠢᠶᠠᠴᠢᠳ ᠢ ᠰᠡᠳᠭᠢᠯ ᠠᠮᠤᠷ ᠢᠶᠠᠷ ᠳᠠᠷᠢᠶ᠎ᠠ ᠳᠠᠷᠢᠭᠤᠯᠬᠤ ᠶᠢᠨ | ᠲᠦᠯᠦᠭᠡ ᠤᠷᠤᠭᠤᠯᠤᠨ ᠠᠪᠴᠢᠷᠠᠭᠰᠠᠨ ᠠᠵᠤ ᠠᠬᠤᠢᠢᠯᠠᠯ ᠠᠴᠠ 600 ᠲᠦᠮᠡᠨ ᠲᠦᠭᠦᠷᠢᠭ ᠤᠨ ᠪᠡᠯᠡ | ᠤᠷᠤᠭᠤᠯᠤᠨ ᠳᠠᠷᠢᠶᠠᠴᠢᠳ ᠲᠤ ᠰᠦᠢᠳᠭᠡᠯ ᠠᠪᠬᠤ ᠦᠭᠡᠢ ᠪᠠᠷ ᠳᠠᠷᠢᠶᠠᠨ ᠦᠷ᠎ᠡ᠂ ᠬᠢᠮᠢ ᠶᠢᠨ ᠪᠤᠷᠳᠤᠭᠤᠷ ᠵᠡᠷᠭᠡ ᠶᠢ | ᠬᠠᠩᠭᠠᠭᠰᠠᠨ ᠢᠶᠠᠷ ᠪᠠᠷᠠᠬᠤ ᠦᠭᠡᠢ ᠮᠠᠨ ᠤ ᠬᠤᠷᠰᠢᠶᠠᠵᠢᠯ ᠪᠦᠳᠦᠭᠦᠨᠬᠤᠸᠠ ᠴᠢᠯᠠᠭᠤᠨ ᠳᠤᠰᠤᠨ ᠤ ᠺᠤᠮᠫᠠᠨᠢ ᠲᠠᠢ | ᠬᠠᠮᠳᠤᠷᠠᠨ ᠳᠠᠷᠢᠶᠠᠴᠢᠳ ᠲᠤ ᠺᠢᠯᠦᠭᠷᠡᠮ ᠪᠦᠷᠢ 0.60 ᠲᠦᠭᠦᠷᠢᠭ ᠬᠢᠮᠳᠠ ᠪᠠᠷ ᠴᠠᠶᠢᠶ᠋ᠢᠤ ᠬᠠᠩᠭᠠᠵᠤ᠂ | ᠡᠭᠦᠳᠡᠨ ᠳᠤ ᠨᠢ ᠬᠦᠷᠭᠡᠵᠤ ᠦᠭᠪᠡ᠃ ᠨᠢᠳᠤᠨᠤᠨ ᠡᠪᠤᠯ ᠠᠴᠠ ᠨᠠᠰᠢ᠂ ᠪᠢ ᠪᠠᠰᠠ ᠬᠤᠶᠠᠷ ᠰᠠᠷ᠎ᠠ ᠶᠢᠨ ᠴᠠᠭ ᠢ | ᠠᠰᠢᠭᠯᠠᠨ ᠬᠠᠷᠠᠮᠦ᠋ᠷᠡᠨ᠂ ᠬᠢᠷᠢᠨ ᠵᠡᠷᠭᠡ ᠭᠠᠵᠠᠷ ᠢᠶᠠᠷ ᠬᠦᠷᠴᠤ ᠳᠡᠮᠡᠭᠡᠨ ᠬᠢᠷᠭᠤᠤᠯ᠂ ᠱᠤᠤ ᠪᠤᠭᠤ ᠳᠡᠵᠢᠭᠡᠵᠤ | ᠦᠷᠡᠵᠢᠭᠦᠯᠬᠦ ᠮᠡᠷᠭᠡᠵᠢᠯ ᠢ ᠪᠠᠶᠢᠴᠠᠭᠠᠨ ᠰᠤᠷᠤᠯᠴᠠᠵᠤ᠂ ᠡᠨᠡ ᠵᠢᠯ ᠤᠨ 6 ᠰᠠᠷ᠎ᠠ ᠳᠤ ᠬᠤᠷᠰᠢᠶᠠᠵᠢᠯ ᠳᠠᠭᠠᠨ 300 | ᠳᠡᠮᠡᠬᠡᠨ ᠬᠢᠷᠭᠤᠤᠯ ᠪᠠ 300 ᠦᠬᠡᠷ ᠤᠷᠤᠭᠤᠯᠤᠨ ᠠᠪᠴᠢᠷᠠᠵᠤ᠂ ᠳᠡᠷᠢᠵᠤ ᠳᠡᠵᠢᠬᠡᠬᠦ ᠶᠢ ᠤᠶᠠᠯᠳᠤᠭᠤᠯᠤᠨ | ᠳᠠᠷᠢᠶᠠᠴᠢᠳ ᠢᠶᠠᠨ ᠪᠠᠶᠠᠵᠢᠯ ᠤᠨ ᠵᠠᠮ ᠢᠶᠠᠷ ᠬᠦᠳᠦᠯᠬᠦ ᠪᠠᠷ ᠪᠤᠢ︾ ᠭᠡᠵᠤ ᠤᠳᠤᠬᠠᠨ ᠪᠠ ᠬᠤᠶᠢᠰᠢᠳᠠ ᠶᠢᠨ | ᠬᠠᠷᠠᠯᠳᠠ ᠲᠦᠯᠦᠪᠯᠡᠭᠡ ᠢᠶᠠᠨ ᠢᠶᠠᠨ ᠳᠤᠬᠠᠢ ᠢᠳᠡᠭᠡᠯ ᠳᠡᠭᠦᠯᠳᠡᠷ ᠶᠠᠷᠢᠵᠤ ᠪᠠᠶᠢᠯ᠎ᠠ᠃ | ᠬᠦᠴᠢᠷᠳᠡᠯᠳᠡᠢ ᠠᠷᠡᠳ ᠢᠶᠠᠨ ᠬᠠᠯᠠᠮᠵᠢᠯᠠᠨ ᠬᠠᠪᠰᠤᠷᠤᠨ᠎ᠠ | ᠴᠧᠨ ᠰᠢ ᠯᠢᠶᠠᠨ ᠳᠠᠷᠢᠶᠠᠯᠠᠩ ᠦᠢᠯᠡᠳᠪᠦᠷᠢᠯᠡᠯ ᠤᠨ ᠳᠠᠯ᠎ᠠ ᠪᠠᠷ ᠳᠠᠷᠢᠶᠠᠴᠢᠨ ᠤᠯᠠᠨ ᠳᠠᠭᠠᠨ ᠵᠢᠱᠢᠶᠠᠴᠢ | ᠳᠠᠭᠤᠷᠢᠶᠠᠯ ᠪᠤᠯᠵᠤ᠂ ᠳᠠᠪᠰᠢᠭᠰᠠᠨ ᠵᠠᠯᠠᠭᠤ ᠳᠠᠷᠢᠶᠠᠴᠢᠨ ᠪᠤᠯᠬᠤ ᠪᠠᠷ ᠪᠠᠷᠠᠬᠤ ᠦᠭᠡᠢ ᠦᠷᠦᠪᠴᠢ ᠬᠠᠶᠢᠷ᠎ᠠ | ᠡᠯᠢᠭᠡᠰᠡᠭ ᠳᠤᠳᠤᠨᠤ ᠪᠠᠶᠢᠵᠤ᠂ ᠭᠠᠴᠠᠭ᠎ᠠ ᠶᠢᠨ ᠶᠠᠳᠠᠭᠤ ᠬᠦᠴᠢᠷᠳᠡᠢ ᠠᠷᠠᠳ ᠤᠯᠠᠨ ᠢᠶᠠᠨ ᠦᠷᠭᠦᠯᠵᠢ ᠬᠠᠪᠰᠤᠷᠤᠨ | ᠳᠡᠮᠵᠢᠵᠤ ᠬᠠᠶᠢᠷ᠎ᠠ ᠬᠠᠯᠠᠮᠵᠢ ᠬᠦᠷᠳᠡᠭᠡᠳᠡᠭ᠃ ᠲᠡᠷᠡ 2015 ᠤᠨ ᠠᠴᠠ ᠨᠠᠰᠢ ᠵᠢᠯ ᠪᠦᠷᠢ 2 ᠲᠦᠮᠡᠨ ᠲᠦᠭᠦᠷᠢᠭ | ᠭᠠᠷᠭᠠᠨ ᠪᠠᠶᠠᠷ ᠳᠤᠷᠠᠰᠬᠠᠯ ᠤᠨ ᠡᠳᠦᠷ ᠲᠤ ᠭᠠᠴᠠᠭ᠎ᠠ ᠶᠢᠨ ᠢᠶᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ | ᠳᠤᠬᠤᠨᠢᠭᠤᠯᠳᠠᠭ ᠪᠦᠭᠡᠳ ᠵᠡᠮᠳᠡᠭ ᠡᠷᠦᠬᠡ᠂ ᠤᠨᠴᠠ ᠬᠦᠴᠢᠷᠳᠡᠢ ᠡᠷᠦᠬᠡ ᠵᠡᠷᠭᠡ ᠶᠢ ᠬᠠᠯᠠᠮᠵᠢᠯᠠᠨ ᠬᠠᠪᠰᠤᠷᠳᠠᠭ᠃ | ᠳᠤᠰ ᠭᠠᠴᠠᠭ᠎ᠠ ᠶᠢᠨ ᠠᠷᠠᠳ ᠪᠡᠯᠵᠢ ᠨᠢᠭᠡᠨᠳᠡ 70 ᠨᠠᠰᠤ ᠶᠢ ᠳᠠᠪᠠᠵᠤ᠂ 90 ᠭᠠᠷᠤᠭᠰᠠᠨ ᠡᠵᠢ ᠪᠠ ᠬᠦᠤ᠂ | ᠤᠮᠪᠤᠯᠤ ᠲᠠᠢ ᠪᠠᠨ ᠳᠦᠷᠪᠡᠨ ᠦᠶ᠎ᠡ ᠪᠠᠷ ᠢᠶᠠᠨ ᠠᠮᠢᠳᠤᠷᠠᠵᠤ᠂ ᠠᠮᠢᠳᠤᠷᠠᠯ ᠨᠢ ᠳᠦᠢᠯ ᠤᠨ ᠬᠦᠴᠢᠷᠳᠡᠢ᠃ ᠲᠡᠷᠡ | ᠠᠷᠪᠠᠭᠠᠳ ᠵᠢᠯ ᠤᠨ ᠬᠤᠭᠤᠷᠤᠨᠳᠤ ᠪᠠᠯᠵᠢ ᠨᠠᠰᠤᠳᠠᠨ ᠤ ᠬᠠᠪᠤᠷ ᠤᠨ ᠳᠠᠷᠢᠶᠠᠯᠠᠭ᠎ᠠ ᠶᠢ ᠨᠢ ᠬᠠᠮᠵᠢᠵᠤ ᠳᠠᠷᠢᠵᠤ | ᠦᠭᠳᠡᠭ ᠢᠶᠠᠷ ᠪᠠᠷᠠᠬᠤ ᠦᠭᠡᠢ ᠨᠠᠮᠤᠷ ᠤᠨ ᠬᠤᠷᠢᠶᠠᠯᠳᠡ ᠶᠢᠨ ᠦᠶ᠎ᠡ ᠳᠤ ᠴᠤ ᠬᠠᠪᠰᠤᠷᠤᠨ ᠳᠤᠰᠠᠯᠠᠳᠠᠭ᠃ ᠳᠤᠰ | ᠭᠠᠴᠠᠭ᠎ᠠ ᠶᠢᠨ ᠠᠷᠠᠳ ᠪᠤᠤ ᠳ᠋ᠧ 50 ᠬᠦᠷᠴᠤ᠂ ᠬᠦᠤ ᠨᠢ ᠴᠤ ᠵᠡᠮᠳᠡᠭ ᠠᠴᠠ ᠬᠦᠳᠡᠯᠮᠦᠷᠢ ᠬᠦᠴᠦ ᠬᠦᠷᠦᠯᠴᠡᠬᠦ | ᠦᠭᠡᠢ᠂ ᠵᠦᠳᠡᠭᠦᠬᠡᠨ ᠠᠮᠢᠳᠤᠷᠠᠵᠤ ᠪᠤᠢ᠃ ᠴᠧᠨ ᠰᠢ ᠯᠢᠶᠠᠨ ᠭᠡᠷᠭᠡᠢ ᠶᠢᠨ ᠢᠶᠠᠨ ᠡᠵᠡᠩᠨᠡᠵᠤ ᠪᠠᠶᠢᠭ᠎ᠠ ᠬᠤᠳᠠᠯᠳᠤᠭ᠎ᠠ | ᠳᠡᠯᠭᠡᠭᠦᠷ ᠠᠴᠠ ᠦᠷᠭᠦᠯᠵᠢ ᠪᠤᠳᠠᠭ᠎ᠠ᠂ ᠳᠤᠰᠤ ᠵᠡᠷᠭᠡ ᠶᠢ ᠬᠦᠷᠭᠡᠨ ᠦᠭᠳᠡᠭ ᠮᠦᠷᠳᠡᠭᠡᠨ ᠡᠪᠤᠯ ᠤᠨ ᠤᠯᠠᠷᠢᠯ ᠳᠤ | ᠳᠤᠯᠠᠭᠠᠯᠠᠭ᠎ᠠ ᠶᠢᠨ ᠨᠡᠭᠦᠷᠡᠰᠤ ᠶᠢ ᠨᠢ ᠬᠤᠳᠠᠯᠳᠤᠨ ᠠᠪᠴᠤ ᠦᠭᠭᠦᠭᠰᠡᠨ ᠤᠳᠠᠭ᠎ᠠ ᠴᠤ ᠤᠯᠠᠨ ᠪᠤᠢ᠃ ᠲᠡᠷᠡ᠄ ︽ | ᠨᠡᠶᠢᠭᠡᠮ ᠤᠨ ᠬᠦᠭᠵᠢᠯᠳᠡ ᠶᠢ ᠳᠠᠭᠠᠯᠳᠤᠨ ᠠᠷᠠᠳ ᠤᠯᠠᠨ ᠤ ᠠᠮᠢᠳᠤᠷᠠᠯ ᠤᠨ ᠳᠦᠪᠰᠢᠨ ᠴᠤ ᠡᠳᠦᠷ ᠠᠴᠠ ᠡᠳᠦᠷ | ᠰᠠᠶᠢᠵᠢᠷᠠᠯ ᠠ᠂ ᠭᠡᠳᠡᠯ᠎ᠡ ᠤᠨᠴᠠ ᠵᠠᠷᠢᠮ ᠡᠷᠦᠬᠡ ᠡᠪᠡᠳᠴᠢᠨ ᠡᠮᠬᠡᠭ ᠲᠠᠢ ᠠᠴᠠ ᠪᠤᠯᠵᠤ ᠶᠠᠳᠠᠭᠤ ᠠᠴᠠ ᠪᠠᠨ | ᠠᠩᠭᠢᠵᠢᠷᠠᠵᠤ ᠳᠡᠶᠢᠯᠬᠦ ᠦᠭᠡᠢ ᠪᠠᠶᠢᠭᠰᠠᠭᠠᠷ᠂ ᠪᠢᠳᠡᠨ ᠤ ᠠᠮᠢᠳᠤᠷᠠᠯ ᠤᠨ ᠨᠦᠬᠦᠴᠡᠯ ᠳᠡᠭᠡᠭᠰᠢᠯᠡᠭᠰᠡᠨ ᠠᠴᠠ ᠶᠠᠳᠠᠭᠤ | ᠠᠷᠠᠳ ᠢᠶᠠᠨ ᠬᠠᠯᠠᠮᠵᠢᠯᠠᠵᠤ ᠬᠠᠪᠰᠤᠷᠬᠤ ᠪᠤᠯ ᠬᠦᠮᠦᠰ ᠲᠤ ᠶᠡᠷᠦᠳᠡᠭᠡᠨ ᠪᠠᠶᠢᠳᠠᠭ ᠬᠠᠶᠢᠷ᠎ᠠ ᠰᠡᠳᠭᠢᠯᠭᠡ ᠪᠤᠯᠤᠨ᠎ᠠ᠂ | ᠳᠤᠰ ᠬᠤᠷᠰᠢᠶᠠᠵᠢᠯ ᠢ ᠪᠠᠶᠢᠭᠤᠯᠤᠭᠰᠠᠨ ᠠᠴᠠ ᠨᠠᠰᠢ ᠨᠠᠮᠤᠷ ᠳᠠᠷᠢᠮᠠᠯ ᠤᠨ ᠵᠦᠢᠯ ᠢ ᠬᠤᠷᠢᠶᠠᠨ ᠬᠤᠳᠠᠯᠳᠤᠬᠤ ᠳᠤ | ᠪᠢᠳᠡ ᠬᠦᠳᠡᠯᠮᠦᠷᠢ ᠬᠦᠴᠦ ᠬᠡᠷᠡᠭᠰᠡᠳᠡᠭ ᠠᠴᠠ ᠳᠤᠰ ᠭᠠᠴᠠᠭ᠎ᠠ ᠶᠢᠨ ᠢᠶᠠᠨ ᠦᠯᠡᠭᠦᠦ ᠬᠦᠳᠡᠯᠮᠦᠷᠢ ᠬᠦᠴᠦ ᠶᠢ | ᠬᠦᠯᠦᠰᠦᠯᠡᠨ ᠬᠡᠷᠡᠭᠯᠡᠳᠡᠭ ᠢᠶᠠᠷ ᠪᠠᠷᠠᠬᠤ ᠦᠭᠡᠢ ᠵᠢᠯ ᠳᠤᠷᠰᠢ 2 ᠬᠦᠯᠦᠰᠦᠨ ᠬᠦᠴᠦ ᠬᠡᠷᠡᠭᠯᠡᠵᠤ᠂ ᠳᠡᠳᠡᠨ ᠤ | ᠳᠠᠷᠢᠶᠠᠯᠠᠩ ᠤᠨ ᠰᠤᠯᠠ ᠴᠠᠭ ᠲᠠᠭᠠᠨ ᠠᠵᠢᠯ ᠬᠦᠳᠡᠯᠮᠦᠷᠢ ᠬᠢᠵᠤ ᠤᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ ᠪᠤᠢ | ᠃ ᠬᠤᠶᠢᠰᠢᠳᠠ ᠳᠡᠵᠢᠭᠡᠪᠦᠷᠢ ᠶᠢᠨ ᠦᠢᠯᠡᠰ ᠢ ᠬᠦᠭᠵᠢᠭᠦᠯᠦᠭᠰᠡᠨ ᠤ ᠳᠠᠷᠠᠭ᠎ᠠ ᠶᠠᠳᠠᠭᠤ ᠡᠷᠦᠭᠡ ᠶᠢ ᠨᠡᠩ ᠢᠯᠡᠭᠦᠦ | ᠬᠠᠯᠠᠮᠵᠢᠯᠠᠵᠤ᠂ ᠬᠠᠮᠳᠤᠪᠠᠷ ᠢᠶᠠᠨ ᠪᠠᠶᠠᠵᠢᠨ ᠴᠢᠨᠡᠬᠡᠯᠢᠭᠵᠢᠨᠡ︾ ᠭᠡᠵᠤ ᠪᠤᠳᠤᠯ ᠲᠦᠯᠦᠪᠯᠡᠭᠡ ᠪᠠᠨ ᠳᠡᠯᠭᠡᠨ᠎ᠡ ᠪᠢᠯᠡ︕ | | |