ᠭᠠᠵᠠᠷ ᠴᠥᠮᠥᠷᠡᠬᠦ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2017/6/29
     ᠭᠠᠵᠠᠷ ᠴᠥᠮᠥᠷᠡᠬᠦ ᠭᠡᠳᠡᠭ ᠪᠤᠯ ᠭᠠᠵᠠᠷ ᠤᠨ ᠭᠠᠳᠠᠷᠭᠤ ᠶᠢᠨ ᠴᠢᠯᠠᠭᠤ ᠪᠤᠶᠤ ᠬᠥᠷᠥᠰᠥ ᠰᠢᠷᠤᠢ ᠨᠢ ᠪᠠᠶᠢᠭᠠᠯᠢ ᠎ ᠶᠢᠨ ᠥᠢᠯᠡᠳᠥᠯ ᠪᠤᠶᠤ ᠬᠥᠮᠥᠨ ᠲᠥᠷᠥᠯᠬᠢᠳᠡᠨ ᠤ ᠥᠢᠯᠡᠳᠴᠤ ᠬᠥᠳᠡᠯᠭᠡᠭᠰᠡᠨ ᠭᠠᠵᠠᠷ ᠲᠤᠤᠷᠠᠬᠢ  ᠪᠠᠷᠢᠯᠭ᠎ᠠ ᠶᠢᠨ ᠨᠥᠯᠥᠭᠡᠯᠡᠯ ᠢᠶᠠᠷ ᠴᠥᠮᠥᠷᠡᠵᠤ ᠤᠷᠤᠭᠰᠠᠨ ᠠᠴᠠ ᠪᠤᠯᠵᠤ ᠭᠠᠵᠠᠷ ᠤᠨ ᠭᠠᠳᠠᠷᠭᠤ ᠳᠤ ᠴᠥᠮᠥᠷᠡᠵᠤ  ᠤᠷᠤᠭᠰᠠᠨ ᠨᠥᠭᠡ  ᠭᠠᠷᠬᠤ ᠥᠵᠡᠭᠳᠡᠯ ᠪᠤᠶᠤ ᠶᠠᠪᠤᠴᠠ ᠶᠢ ᠭᠡᠯᠡᠨ᠎ᠡ᠃                    ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                   ○ ᠪᠠᠷᠢᠯᠭ᠎ᠠ ᠶᠢᠨ ᠤᠢᠢᠷ᠎ᠠ ᠬᠠᠪᠢ ᠪᠠᠷ ᠴᠥᠮᠥᠷᠡᠭᠰᠡᠨ ᠨᠥᠭᠡ ᠶᠢ ᠲᠡᠷᠦ᠋ᠢᠬᠠᠨ ᠪᠥᠭᠯᠡᠵᠤ᠂ ᠪᠠᠷᠢᠯᠭ᠎ᠠ ᠶᠢᠨ ᠯᠠᠪᠳᠠᠭᠤᠨ ᠲᠤᠭᠳᠠᠭᠤᠨ ᠪᠠᠶᠢᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠭᠡᠷᠡᠭᠳᠡᠢ᠃                   ○ ᠪᠠᠷᠢᠯᠭ᠎ᠠ ᠶᠢᠨ ᠤᠢᠢᠷ᠎ᠠ ᠬᠠᠪᠢ ᠪᠠᠷ ᠭᠠᠷᠤᠭᠰᠠᠨ ᠭᠠᠵᠠᠷ ᠤᠨ ᠠᠩ ᠵᠠᠪᠰᠠᠷ ᠢ ᠲᠠᠷᠦ᠋ᠢᠬᠠᠨ ᠪᠥᠭᠯᠡᠵᠤ᠂ ᠤᠰᠤ ᠤᠷᠤᠰᠤᠨ ᠤᠷᠤᠬᠤ ᠠᠴᠠ  ᠰᠡᠷᠭᠡᠶᠢᠯᠡᠨ᠎ᠡ᠃                   ○ ᠬᠥᠳᠡᠭᠡ ᠭᠠᠳᠠᠨ᠎ᠠ ᠶᠠᠪᠤᠬᠤ ᠪᠤᠶᠤ ᠮᠠᠯ ᠬᠠᠷᠢᠭᠤᠯᠬᠤ ᠳᠠᠭᠠᠨ ᠴᠥᠮᠥᠷᠡᠬᠦ ᠠᠶᠤᠯ ᠲᠠᠢ ᠭᠠᠵᠠᠷ ᠲᠤ ᠤᠴᠢᠵᠤ ᠪᠤᠯᠬᠤ ᠥᠭᠡᠢ᠃                   ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                   ◇ ᠭᠠᠵᠠᠷ ᠢ ᠨᠢ ᠮᠠᠯᠳᠠᠵᠤ ᠬᠥᠨᠳᠡᠶᠢᠯᠡᠭᠰᠡᠨ ᠤᠷᠤᠨ ᠳᠠᠬᠢ ᠰᠠᠭᠤᠭᠠᠯᠢ ᠠᠷᠠᠳ ᠭᠡᠷ ᠪᠠᠶᠢᠰᠢᠩ ᠤᠨ  ᠎ ᠢᠶᠠᠨ ᠡᠮᠥᠨᠡᠬᠦᠷ ᠬᠤᠶᠢᠭᠤᠷᠬᠢ ᠭᠠᠵᠠᠷ ᠲᠤ ᠢᠯᠡᠷᠭᠡᠢ ᠬᠤᠪᠢᠷᠠᠯᠳᠠ ᠭᠠᠷᠬᠤ᠂ ᠠᠩ ᠵᠠᠪᠰᠠᠷ ᠭᠠᠷᠬᠤ ᠵᠡᠷᠭᠡ ᠥᠵᠡᠭᠳᠡᠯ ᠢ ᠥᠷᠬᠦᠯᠵᠢ ᠠᠩᠬᠠᠷᠬᠤ ᠭᠡᠷᠡᠭᠳᠡᠢ᠃                   ◇ ᠶᠡᠭᠡ ᠪᠤᠷᠤᠭᠠᠨ ᠤᠷᠤᠭᠰᠠᠨ ᠥᠶ᠎ᠡ ᠳᠤ ᠭᠠᠵᠠᠷ ᠲᠡᠭᠡᠷᠡᠬᠢ ᠤᠰᠤ ᠶᠡᠭᠡ ᠭᠡᠮᠵᠢᠶ᠎ᠡ ᠪᠠᠷ᠂ ᠮᠠᠰᠢ ᠲᠥᠷᠭᠡᠨ ᠎ ᠢᠶᠠᠷ ᠭᠠᠵᠠᠷ ᠲᠤ ᠰᠢᠮᠡᠳᠥᠨ ᠤᠷᠤᠵᠤ ᠪᠠᠶᠢᠬᠤ ᠡᠰᠡᠬᠦ ᠶᠢ ᠠᠩᠬᠠᠷᠤᠭᠠᠷᠠᠢ᠃                   ◇ ᠭᠠᠵᠠᠷ ᠤᠨ ᠭᠠᠳᠠᠷᠭᠤ ᠳᠤ ᠴᠠᠭᠠᠷᠢᠬ ᠭᠡᠯᠪᠡᠷᠢ ᠲᠠᠢ ᠠᠩ ᠵᠠᠪᠰᠠᠷ ᠭᠠᠷᠴᠤ ᠲᠠᠰᠤᠷᠠᠯᠳᠠ ᠥᠭᠡᠢ ᠶᠡᠭᠡᠰᠴᠤ᠂ ᠵᠠᠷᠢᠮ ᠭᠡᠰᠡᠭ ᠭᠠᠵᠠᠷ ᠲᠤᠨᠢ ᠬᠥᠳᠦ᠋ᠢᠬᠦ ᠪᠤᠶᠤ ᠬᠤᠳᠦ᠋ᠢᠵᠤ ᠪᠠᠶᠢᠪᠠᠯ᠂ ᠲᠠᠷᠦ᠋ᠢᠬᠠᠨ ᠵᠠᠶᠢᠯᠠᠬᠤ ᠶᠢᠨ ᠬᠠᠮᠳᠤ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠮᠡᠳᠡᠬᠦᠯᠬᠦ ᠭᠡᠷᠡᠭᠳᠡᠢ᠂ ᠬᠠᠷᠢᠨ ᠭᠡᠨᠡᠨ ᠪᠤᠳᠤᠯ ᠢᠶᠠᠷ ᠤᠤᠯ  ᠭᠠᠵᠠᠷ ᠲᠠᠭᠠᠨ  ᠪᠤᠶᠤ ᠭᠡᠷ ᠤᠷᠤᠨ ᠳᠠᠭᠠᠨ ᠬᠤᠷᠭᠤᠳᠠᠵᠤ ᠪᠤᠯᠬᠤ ᠥᠭᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号