ᠪᠠᠯ ᠶᠡᠬᠦᠷᠡᠬᠦ ᠭᠡᠳᠡᠭ ᠪᠤᠯ ᠠᠭᠤᠯᠠᠨ ᠤ ᠭᠢᠷ᠎ᠡ ᠶᠢᠨ ᠰᠢᠷᠤᠢ ᠪᠤᠯᠤᠨ ᠬᠠᠳᠠ ᠴᠢᠯᠠᠭᠤ ᠨᠢ ᠭᠤᠤᠯ ᠤᠨ ᠤᠰᠤᠨ | ᠳᠤ ᠤᠷᠤᠰᠬᠤ᠂ ᠬᠥᠷᠥᠰᠥᠨ ᠲᠤᠤᠷᠠᠬᠢ ᠤᠰᠤ ᠤᠷᠤᠰᠬᠤ᠂ ᠭᠠᠵᠠᠷ ᠬᠥᠳᠡᠯᠬᠦ ᠵᠢᠴᠢ ᠬᠥᠮᠥᠨ ᠤ ᠬᠥᠴᠤ ᠪᠠᠷ | ᠠᠭᠤᠯᠠᠨ ᠤ ᠬᠢᠷ᠎ᠠ ᠬᠥᠳᠥᠯ ᠢ ᠰᠡᠭᠴᠢᠵᠤ ᠬᠥᠨᠳᠡᠭᠰᠡᠨ ᠵᠡᠷᠭᠡ ᠬᠥᠴᠥᠨ ᠵᠥᠢᠯ ᠤᠨ ᠨᠥᠯᠥᠭᠡ ᠠᠴᠠ ᠪᠤᠯᠵᠤ᠂ | ᠬᠥᠨᠳᠤ ᠶᠢᠨ ᠬᠥᠴᠥᠨ ᠤ ᠥᠢᠯᠡᠳᠥᠯ ᠲᠤᠤᠷ᠎ᠠ᠂ ᠬᠢᠷ᠎ᠠ ᠬᠥᠳᠥᠯ ᠲᠠᠭᠠᠵᠤ ᠲᠤᠷᠤᠭᠰᠢ ᠪᠠᠨ ᠶᠡᠬᠦᠷᠡᠵᠤ ᠬᠥᠳᠡᠯᠬᠦ | ᠪᠠᠶᠢᠭᠠᠯᠢ ᠶᠢᠨ ᠥᠵᠡᠭᠳᠡᠯ ᠢ ᠬᠡᠯᠡᠨ᠎ᠡ᠃ ᠮᠥᠨ ᠴᠤ ︽ᠠᠭᠤᠯᠠ ᠬᠥᠳᠡᠯᠬᠦ︾ ᠭᠡᠳᠡᠭ᠃ ᠭᠢᠷ᠎ᠠ ᠶᠡᠬᠦᠷᠡᠬᠦ ᠠᠴᠠ | ᠪᠤᠯᠵᠤ ᠭᠠᠵᠠᠷ ᠤᠨ ᠭᠠᠳᠠᠷᠭᠤ ᠬᠠᠭᠠᠷᠠᠨ ᠠᠩ ᠵᠠᠪᠰᠠᠷ ᠭᠠᠷᠴᠤ᠂ ᠭᠡᠷ ᠪᠠᠶᠢᠰᠢᠩ ᠡᠪᠳᠡᠭᠳᠡᠨ ᠨᠤᠷᠠᠵᠤ᠂ ᠵᠠᠮ | ᠲᠠᠷᠤᠭᠳᠠᠨ ᠪᠥᠭᠯᠡᠷᠡᠵᠤ᠂ ᠭᠤᠤᠯ ᠤᠨ ᠤᠷᠤᠰᠬᠠᠯ ᠲᠠᠰᠤᠯᠤᠭᠳᠠᠨ ᠲᠥᠭᠵᠢᠷᠡᠬᠦ ᠪᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ○ ᠭᠢᠷ᠎ᠠ ᠶᠡᠬᠦᠷᠡᠵᠤ ᠪᠠᠶᠢᠪᠠᠯ᠂ ᠬᠤᠶᠠᠷ ᠲᠠᠯ᠎ᠠ ᠶᠢᠨ ᠨᠡᠮ ᠲᠤᠭᠳᠠᠭᠤᠨ ᠭᠠᠵᠠᠷ ᠲᠤ ᠦᠳᠳᠡᠷ ᠲᠥᠷᠭᠡᠨ ᠢᠶᠠᠷ | ᠵᠠᠶᠢᠯᠠᠵᠤ ᠵᠠᠶᠢᠯᠠᠨ᠎ᠠ᠃ | ○ ᠬᠢᠷ᠎ᠠ ᠶᠡᠬᠦᠷᠡᠵᠤ ᠪᠠᠶᠢᠭ᠎ᠠ ᠥᠶ᠎ᠡ ᠳᠤ ᠵᠢᠭᠤᠳᠠᠬᠤ ᠶᠢᠨ ᠠᠷᠭ᠎ᠠ ᠥᠭᠡᠢ ᠪᠤᠯᠪᠠᠯ ᠨᠠᠯᠤ ᠶᠢᠨ ᠭᠡᠮᠵᠢᠶ᠎ᠡ ᠨᠢ | ᠨᠡᠯᠢᠶᠡᠳ ᠲᠡᠭᠰᠢᠭᠡᠨ ᠰᠢᠭ ᠠᠭᠤᠵᠢᠮ ᠭᠠᠵᠠᠷ ᠲᠤ ᠤᠴᠢᠵᠤ ᠵᠤᠭᠰᠤᠬᠤ ᠶᠢᠨ ᠬᠠᠮᠳᠤ᠂ ᠭᠡᠷ ᠪᠠᠶᠢᠰᠢᠩ᠂ ᠭᠡᠷᠡᠮ | ᠬᠠᠰᠢᠶ᠎ᠠ᠂ ᠴᠠᠬᠢᠯᠭᠠᠨ ᠤᠳᠠᠰᠤᠨ ᠤ ᠪᠠᠭᠠᠨ᠎ᠠ ᠵᠡᠷᠭᠡ ᠠᠴᠠ ᠵᠠᠶᠢᠳᠠᠢ ᠪᠠᠶᠢᠬᠤ ᠭᠡᠷᠡᠭᠳᠡᠢ᠃ |