ᠮᠥᠨᠳᠥᠷ ᠤᠨ ᠲᠤᠬᠠᠢ ᠦᠢᠯᠠᠭᠠᠷᠠᠢ
ᠨᠡᠶᠢᠲᠡᠯᠡᠭᠰᠡᠨ ᠴᠠᠭ᠄
2017/6/29
      ᠮᠥᠨᠳᠥᠷ ᠭᠡᠳᠡᠭ ᠪᠤᠯ ᠴᠢᠩᠭ᠎ᠠ ᠰᠤᠯᠢᠯᠴᠠᠯᠳᠤᠭᠰᠠᠨ ᠴᠠᠭ ᠠᠭᠤᠷ ᠤᠨ ᠡᠵᠡᠮᠰᠢᠯ ᠲᠤᠤᠷ᠎ᠠ᠂ ᠬᠤᠷ᠎ᠠ ᠪᠤᠷᠤᠭᠠᠨ ᠤ ᠬᠤᠷᠠᠮᠠᠯ ᠡᠬᠦᠯᠡᠨ ᠲᠤᠳᠤᠷ᠎ᠠ ᠮᠥᠰᠥᠳᠡᠨ ᠪᠥᠷᠢᠯᠳᠥᠭᠰᠡᠨ ᠬᠠᠳᠠᠭᠤ ᠪᠡᠶᠡᠳᠤ ᠤᠰᠤ ᠪᠤᠯᠤᠨ᠎ᠠ᠃ ᠵᠢᠯ  ᠪᠥᠷᠢ ᠶᠢᠨ ᠬᠠᠪᠤᠷ  ᠵᠤᠨ ᠤ ᠬᠤᠭᠤᠷᠤᠨᠳᠤ ᠪᠠ ᠵᠤᠨ ᠨᠠᠮᠤᠷ ᠤᠨ ᠬᠤᠭᠤᠷᠤᠨᠳᠤ ᠮᠥᠨᠳᠥᠷ ᠬᠠᠮᠤᠭ ᠤᠨ ᠠᠮᠠᠷᠬᠠᠨ ᠡᠬᠦᠰᠳᠡᠭ ᠶᠤᠮ᠃  ᠮᠥᠨᠳᠥᠷ ᠤᠷᠤᠬᠤ ᠳᠤ ᠶᠡᠷᠥᠳᠡᠭᠡᠨ ᠶᠡᠭᠡ ᠰᠠᠯᠬᠢ ᠰᠠᠯᠬᠢᠯᠠᠵᠤ᠂ ᠲᠤᠯᠠᠭᠠᠨ ᠤ ᠭᠡᠮᠵᠢᠶ᠎ᠡ ᠭᠡᠨᠡᠳᠳᠡ ᠪᠠᠭᠤᠷᠠᠨ᠂ ᠴᠠᠬᠢᠯᠭᠠᠨ  ᠴᠠᠬᠢᠯᠳᠠᠭ᠃ ᠮᠥᠨᠳᠥᠷ ᠤᠨ ᠪᠠᠭᠤᠬᠤ ᠬᠤᠷᠳᠤᠴᠠ ᠨᠢ ᠲᠥᠷᠭᠡᠨ᠂ ᠤᠨᠠᠵᠤ  ᠲᠤᠰᠬᠤ ᠬᠥᠴᠥᠨ ᠨᠢ ᠨᠡᠯᠢᠶᠡᠳ ᠶᠡᠭᠡ  ᠪᠤᠯᠬᠤᠷ ᠲᠡᠷᠢᠶᠠᠨ ᠭᠠᠵᠠᠷ᠂ ᠵᠢᠮᠢᠰ ᠤᠨ ᠮᠤᠳᠤ ᠵᠡᠷᠭᠡ ᠲᠡᠷᠢᠶᠠᠯᠠᠩ ᠤᠨ  ᠪᠥᠳᠥᠭᠡᠭᠳᠡᠬᠦᠨ ᠪᠤᠯᠤᠨ ᠤᠢ ᠰᠢᠭᠤᠢ ᠶᠢ  ᠬᠤᠬᠢᠷᠠᠭᠤᠯᠬᠤ ᠪᠠᠷ ᠪᠠᠷᠠᠬᠤ ᠥᠭᠡᠢ᠂ ᠲᠤᠮᠤ ᠶᠡᠭᠡ ᠮᠥᠨᠳᠥᠷ ᠨᠢ  ᠪᠠᠰᠠ ᠭᠡᠷ ᠪᠠᠷᠢᠯᠭ᠎ᠠ ᠵᠢᠴᠢ ᠪᠠᠷᠢᠯᠭ᠎ᠠ ᠶᠢᠨ ᠭᠠᠵᠠᠷ  ᠎ ᠤᠨ ᠪᠡᠯᠡᠳᠭᠡᠮᠵᠢ ᠶᠢ ᠡᠪᠳᠡᠯᠡᠨ᠂ ᠡᠪᠡᠰᠥᠨ ᠲᠡᠯᠡᠪᠡᠢ ᠶᠢ  ᠬᠤᠬᠢᠷᠠᠭᠤᠯᠤᠨ᠂ ᠴᠢᠨᠠᠭᠰᠢᠯᠠᠨ ᠬᠥᠮᠥᠨ ᠮᠠᠯ ᠥᠬᠦᠵᠤ  ᠰᠢᠷᠬᠠᠳᠤᠳᠠᠭ᠃ ᠮᠥᠨᠳᠥᠷ ᠪᠤᠯ ᠨᠢᠭᠡ ᠵᠥᠢᠯ ᠤᠨ ᠴᠠᠭ  ᠠᠭᠤᠷ ᠤᠨ ᠭᠠᠮᠰᠢᠬ ᠮᠥᠨ᠃                     ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                     ○ ᠮᠥᠨᠳᠥᠷ ᠤᠷᠤᠬᠤ ᠶᠢ ᠲᠠᠭᠠᠯᠳᠤᠨ ᠠᠶᠤᠩᠭ᠎ᠠ ᠴᠠᠬᠢᠯᠭᠠᠨ ᠤ ᠭᠠᠮᠰᠢᠬ ᠡᠬᠦᠰᠬᠦ ᠶᠢ ᠠᠩᠬᠠᠷᠤᠨ ᠰᠡᠷᠭᠡᠶᠢᠯᠡᠨ᠎ᠡ᠃                     ○ ᠮᠥᠨᠳᠥᠷ ᠲᠤ ᠠᠮᠠᠷᠬᠠᠨ ᠴᠤᠬᠢᠭᠳᠠᠬᠤ ᠮᠠᠰᠢᠨ ᠲᠡᠷᠭᠡ ᠵᠡᠷᠭᠡ ᠭᠡᠷ ᠤᠨ ᠭᠠᠳᠠᠨᠠᠬᠢ ᠪᠤᠳᠠᠰ ᠬᠢᠭᠡᠳ ᠪᠡᠯᠡᠳᠭᠡᠮᠵᠢ ᠪᠠᠨ ᠲᠤᠬᠢᠳᠠᠢ ᠪᠠᠶᠢᠷᠢᠯᠠᠭᠤᠯᠤᠨ᠎ᠠ᠃                     ○ ᠭᠡᠷ ᠤᠨ ᠵᠢᠬᠦᠷᠳᠡᠨ᠂ ᠮᠠᠯ ᠤᠨᠤᠭ᠎ᠠ ᠵᠡᠷᠭᠡ ᠶᠢ ᠫᠧᠩ ᠬᠤᠷᠢᠶ᠎ᠠ ᠲᠠᠢ ᠠᠶᠤᠯ ᠥᠭᠡᠢ ᠭᠠᠵᠠᠷ ᠲᠠᠯᠠᠪᠠᠢ ᠎ ᠳᠤ ᠬᠤᠷᠢᠨ᠎ᠠ᠃                     ○ ᠭᠡᠷ ᠤᠨ ᠭᠠᠳᠠᠨ᠎ᠠ ᠠᠵᠢᠯᠯᠠᠭᠰᠠᠳ ᠠᠵᠢᠯ ᠢᠶᠠᠨ ᠵᠤᠭᠰᠤᠭᠠᠵᠤ᠂ ᠲᠡᠷᠦ᠋ᠢᠬᠠᠨ ᠠᠶᠤᠯ ᠥᠭᠡᠢ  ᠭᠠᠵᠠᠷ ᠎ ᠲᠤ  ᠤᠴᠢᠵᠤ  ᠲᠠᠯᠳᠠᠯᠠᠨ᠎ᠠ᠃                     ○ ᠭᠡᠥᠭᠡᠳ ᠤᠨ ᠴᠡᠴᠡᠷᠯᠢᠭ᠂ ᠰᠤᠷᠭᠠᠭᠤᠯᠢ ᠶᠢᠨ ᠰᠤᠷᠤᠭᠴᠢᠳ ᠢ ᠠᠩᠬᠢ ᠶᠢᠨ ᠭᠡᠷ ᠲᠤᠨᠢ  ᠪᠠᠶᠢᠯᠭᠠᠪᠠᠯ  ᠵᠤᠬᠢᠨ᠎ᠠ᠃                     & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                     ◇ ᠴᠠᠭ ᠠᠭᠤᠷ ᠤᠨ ᠮᠡᠳᠡᠭᠡ ᠶᠢ ᠥᠵᠡᠵᠤ ᠰᠤᠨᠤᠰᠬᠤ ᠪᠠᠨ ᠤᠨᠴᠠᠭᠠᠢ ᠠᠩᠬᠠᠷᠤᠨ᠎ᠠ᠃                       ◇ ᠮᠥᠨᠳᠥᠷ ᠤᠷᠤᠬᠤ ᠰᠡᠷᠡᠮᠵᠢ ᠶᠢᠨ ᠲᠤᠬᠢᠶ᠎ᠠ ᠶᠢ ᠤᠯᠤᠭᠰᠠᠨ ᠤ ᠲᠠᠷᠠᠭ᠎ᠠ᠂ ᠭᠠᠮᠰᠢᠬ ᠠᠴᠠ ᠵᠠᠶᠢᠯᠠᠬᠤ  ᠵᠤᠬᠢᠬᠤ ᠠᠷᠭ᠎ᠠ ᠭᠡᠮᠵᠢᠶ᠎ᠡ ᠶᠢ ᠢᠳᠡᠪᠬᠢᠳᠡᠢ ᠠᠪᠬᠤ ᠭᠡᠷᠡᠭᠳᠡᠢ᠃                     ◇ ᠡᠬᠦᠳᠡ ᠴᠤᠩᠬᠤ ᠪᠠᠨ ᠬᠠᠭᠠᠵᠤ᠂ ᠭᠡᠷ ᠤᠨ ᠭᠠᠳᠠᠨᠠᠬᠢ ᠠᠵᠢᠯᠯᠠᠭ᠎ᠠ ᠶᠢ ᠲᠥᠷ ᠵᠤᠭᠰᠤᠭᠠᠬᠤ ᠭᠡᠷᠡᠭᠳᠡᠢ ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号