ᠰᠢᠷᠥᠬᠦᠨ ᠪᠤᠷᠤᠭᠠᠨ ᠤ ᠲᠤᠬᠠᠢ ᠦᠢᠯᠠᠭᠠᠯᠳᠠ
ᠨᠡᠶᠢᠲᠡᠯᠡᠭᠰᠡᠨ ᠴᠠᠭ᠄
2017/6/29
      24 ᠴᠠᠭ ᠤᠨ ᠲᠤᠳᠤᠷᠠᠬᠢ ᠪᠤᠷᠤᠭᠠᠨ ᠤ ᠤᠰᠤᠨ ᠤ ᠭᠡᠮᠵᠢᠶ᠎ᠡ ᠨᠢ 50 ᠮᠢᠯᠢᠮᠧᠲᠷ ᠠᠴᠠ ᠶᠡᠭᠡ  ᠪᠤᠶᠤ  ᠲᠡᠩᠴᠡᠬᠦᠥ ᠪᠠᠶᠢᠵᠤ᠂ 100 ᠮᠢᠯᠢᠮᠧᠲᠷ ᠠᠴᠠ ᠪᠠᠭ᠎ᠠ ᠪᠠᠶᠢᠬᠤ ᠶᠢ ᠰᠢᠷᠥᠬᠦᠨ ᠪᠤᠷᠤᠭᠠᠨ ᠭᠡᠳᠡᠭ᠃ 100 ᠮᠢᠯᠢᠮᠧᠲᠷ ᠠᠴᠠ ᠶᠡᠭᠡ ᠪᠤᠶᠤ ᠲᠡᠩᠴᠡᠬᠦᠥ ᠪᠠᠶᠢᠵᠤ᠂ 250 ᠮᠢᠯᠢᠮᠧᠲᠷ ᠠᠴᠠ ᠪᠠᠭ᠎ᠠ ᠪᠠᠶᠢᠬᠤ ᠶᠢ ᠶᠡᠭᠡ  ᠰᠢᠷᠥᠬᠦᠨ ᠪᠤᠷᠤᠭᠠᠨ  ᠭᠡᠳᠡᠭ᠃ 250 ᠮᠢᠯᠢᠮᠧᠲᠷ ᠠᠴᠠ ᠶᠡᠭᠡ ᠪᠤᠶᠤ ᠲᠡᠩᠴᠡᠬᠦᠥ ᠪᠠᠶᠢᠬᠤ ᠶᠢ ᠤᠨᠴᠠ ᠶᠡᠭᠡ ᠰᠢᠷᠥᠬᠦᠨ ᠪᠤᠷᠤᠭᠠᠨ ᠭᠡᠳᠡᠭ᠃                     ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                     ○ ᠭᠡᠷ ᠤᠨ ᠭᠠᠳᠠᠨᠠᠬᠢ ᠨᠠᠮ ᠲᠤᠤᠷ᠎ᠠ ᠭᠠᠵᠠᠷ ᠲᠠᠬᠢ ᠠᠶᠤᠯᠳᠠᠢ ᠪᠠᠶᠢᠬᠤ ᠴᠠᠬᠢᠯᠭᠠᠨ ᠤᠳᠠᠰᠤ ᠶᠢ ᠲᠠᠰᠤᠯᠵᠤ᠂ ᠭᠡᠷ ᠤᠨ ᠭᠠᠳᠠᠨᠠᠬᠢ ᠠᠵᠢᠯᠯᠠᠭ᠎ᠠ ᠶᠢ ᠲᠥᠷ ᠵᠤᠭᠰᠤᠭᠠᠵᠤ᠂ ᠠᠶᠤᠯᠳᠠᠢ ᠭᠠᠵᠠᠷ ᠤᠨ ᠬᠥᠮᠥᠰ ᠬᠢᠭᠡᠳ ᠠᠶᠤᠯᠳᠠᠢ ᠭᠡᠷ ᠪᠠᠷᠢᠯᠭ᠎ᠠ ᠳᠠᠬᠢ ᠰᠠᠭᠤᠭᠠᠯᠢ ᠠᠷᠠᠳ ᠢ ᠠᠮᠤᠷ ᠲᠥᠪᠰᠢᠨ ᠭᠠᠵᠠᠷ ᠲᠠᠯᠠᠪᠢ ᠳᠤ ᠰᠢᠯᠵᠢᠬᠦᠯᠥᠨ ᠪᠤᠷᠤᠭᠠᠨ ᠠᠴᠠ  ᠲᠠᠯᠳᠠᠯᠠᠬᠤ ᠭᠡᠷᠡᠭᠳᠡᠢ᠃                     ○ ᠠᠶᠤᠯᠳᠠᠢ ᠭᠠᠵᠠᠷ ᠤᠷᠤᠨ ᠳᠠᠬᠢ ᠰᠤᠷᠭᠠᠭᠤᠯᠢ ᠪᠤᠯᠤᠨ ᠨᠢᠭᠡᠴᠡ ᠨᠦᠭᠦᠳ ᠬᠢᠴᠢᠶᠡᠯᠯᠡᠬᠦ ᠪᠠ ᠠᠵᠢᠯᠯᠠᠬᠤ ᠪᠠᠨ ᠵᠤᠭᠰᠤᠭᠠᠵᠤ᠂ ᠨᠢᠭᠡᠨᠳᠡ ᠰᠤᠷᠭᠠᠭᠤᠯᠢ ᠪᠤᠯᠤᠨ ᠭᠡᠥᠭᠡᠳ ᠤᠨ ᠴᠡᠴᠡᠷᠯᠢᠭ ᠲᠡᠭᠡᠨ ᠤᠴᠢᠭᠰᠠᠨ ᠰᠤᠷᠤᠭᠴᠢ ᠪᠤᠶᠤ ᠠᠵᠢᠯ ᠳᠠᠭᠠᠨ ᠭᠠᠷᠤᠭᠰᠠᠨ ᠪᠤᠰᠤᠳ ᠬᠥᠮᠥᠰ ᠤᠨ ᠠᠮᠤᠷ ᠲᠥᠪᠰᠢᠨ ᠢ ᠲᠤᠰᠬᠠᠢ ᠠᠷᠭ᠎ᠠ ᠭᠡᠮᠵᠢᠶ᠎ᠡ ᠠᠪᠴᠤ ᠬᠠᠮᠠᠭᠠᠯᠠᠨ᠎ᠠ᠃                     ○ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠵᠠᠮ ᠤᠨ ᠪᠠᠶᠢᠳᠠᠯ ᠢᠶᠠᠨ ᠥᠨᠳᠥᠰᠥᠯᠡᠵᠤ᠂ ᠰᠢᠷᠥᠬᠦᠨ ᠪᠤᠷᠤᠭᠠᠨ ᠤᠷᠤᠵᠤ ᠪᠠᠶᠢᠭ᠎ᠠ ᠵᠠᠮ ᠤᠨ ᠭᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠭᠡᠮᠵᠢᠶ᠎ᠡ ᠶᠢ ᠠᠪᠴᠤ᠂ ᠤᠰᠤ ᠲᠤᠨᠤᠵᠤ ᠬᠤᠷᠠᠭᠰᠠᠨ ᠵᠠᠮ ᠤᠨ ᠭᠡᠰᠡᠭ ᠲᠠᠬᠢ ᠵᠠᠮ ᠬᠠᠷᠢᠯᠴᠠᠭ᠎ᠠ ᠎ ᠶᠢ  ᠵᠢᠯᠤᠭᠤᠳᠤᠨ ᠲᠠᠭᠠᠭᠤᠯᠠᠨ᠎ᠠ  ᠃                     & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                     ◇ ᠵᠠᠰᠠᠭ ᠤᠨ ᠤᠷᠳᠤᠨ ᠬᠢᠭᠡᠳ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠡᠬᠦᠷᠭᠡ ᠬᠠᠷᠢᠭᠤᠴᠠᠯᠭ᠎ᠠ ᠎ ᠪᠠᠷ  ᠎ ᠢᠶᠠᠨ ᠰᠢᠷᠥᠬᠦᠨ ᠪᠤᠷᠤᠭᠠᠨ ᠠᠴᠠ ᠪᠠᠴᠢᠮ ᠠᠷᠭᠠᠴᠠᠭᠠᠬᠤ ᠪᠠ ᠠᠶᠤᠯ ᠠᠴᠠ ᠠᠪᠤᠷᠠᠬᠤ ᠠᠵᠢᠯ ᠢᠶᠠᠨ ᠰᠠᠶᠢᠳᠤᠷ ᠬᠢᠨ᠎ᠠ  ᠃                     ◇ ᠬᠤᠳᠠ᠂ ᠲᠡᠷᠢᠶᠠᠨ ᠭᠠᠵᠠᠷ᠂ ᠵᠢᠭᠠᠰᠤᠨ ᠲᠠᠯᠠᠪᠠᠢ ᠶᠢᠨ ᠤᠰᠤ ᠵᠠᠯᠠᠬᠤ ᠰᠢᠰᠲ᠋ᠧᠮ ᠢ ᠪᠠᠶᠢᠴᠠᠭᠠᠵᠤ᠂ ᠤᠰᠤᠳᠤᠯ ᠢ ᠵᠠᠯᠠᠬᠤ ᠴᠢᠬᠤᠯᠠ ᠪᠥᠬᠦᠢ ᠠᠷᠭ᠎ᠠ ᠭᠡᠮᠵᠢᠶ᠎ᠡ ᠨᠦᠭᠦᠳ ᠢ ᠠᠪᠴᠤ ᠪᠤᠯᠤᠨ᠎ᠠ᠃                       ◇ ᠡᠬᠦᠰᠴᠤ ᠮᠡᠳᠡᠬᠦ ᠠᠭᠤᠯᠠᠨ ᠥᠶᠡᠷ᠂ ᠠᠭᠤᠯᠨ ᠶᠡᠬᠦᠷᠡᠬᠦ᠂ ᠰᠢᠪᠡᠷ ᠴᠢᠯᠠᠭᠤᠨ ᠤ ᠤᠷᠤᠰᠬᠠᠯ  ᠵᠡᠷᠭᠡ ᠭᠠᠮᠰᠢᠬ ᠢ ᠠᠩᠬᠠᠷᠤᠨ  ᠰᠡᠷᠭᠡᠶᠢᠯᠡᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号