ᠡᠯᠡᠰᠥᠨ ᠰᠢᠭᠤᠷᠭ᠎ᠠ ᠭᠡᠳᠡᠭ ᠪᠤᠯ ᠭᠠᠩ ᠬᠠᠭᠤᠷᠠᠢ ᠭᠠᠵᠠᠷ ᠤᠷᠤᠨ ᠳᠤ ᠥᠷᠬᠦᠯᠵᠢ ᠢᠯᠡᠷᠡᠳᠡᠭ ᠨᠢᠭᠡ ᠵᠥᠢᠯ | ᠤᠨ ᠪᠠᠶᠢᠭᠠᠯᠢ ᠶᠢᠨ ᠥᠵᠡᠭᠳᠡᠯ ᠮᠥᠨ᠂ ᠭᠤᠤᠯᠳᠠᠭᠤ ᠠᠭᠤᠷ ᠠᠮᠢᠰᠬᠤᠯ ᠵᠢᠴᠢ ᠭᠠᠩ ᠬᠠᠭᠤᠷᠠᠢ ᠤᠷᠴᠢᠨ | ᠲᠤᠭᠤᠷᠢᠨ ᠤ ᠪᠠᠶᠢᠳᠠᠯ ᠤᠨ ᠨᠥᠯᠥᠭᠡᠯᠡᠯ ᠢ ᠬᠥᠷᠳᠡᠵᠤ᠂ ᠬᠥᠮᠥᠨ ᠲᠥᠷᠥᠯᠬᠢᠳᠡᠨ ᠤ ᠠᠵᠢᠯᠯᠠᠭ᠎ᠠ ᠨᠢ ᠮᠥᠨ ᠴᠤ | ᠡᠯᠡᠰᠥᠨ ᠰᠢᠭᠤᠷᠭ᠎ᠠ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠮᠠᠨ ᠤ ᠤᠯᠤᠰ ᠤᠨ ᠴᠠᠭ ᠠᠭᠤᠷ ᠤᠨ ᠰᠠᠯᠠᠭ᠎ᠠ | ᠮᠥᠴᠢᠷ ᠤᠨ ᠲᠤᠭᠳᠠᠭᠠᠯ ᠢ ᠥᠨᠳᠥᠰᠥᠯᠡᠪᠡᠯ᠂ ᠡᠯᠡᠰᠥ ᠲᠤᠭᠤᠰᠤ ᠰᠢᠭᠤᠷᠭᠠᠯᠠᠬᠤ ᠶᠢ ᠲᠤᠭᠤᠰᠤ ᠲᠡᠭᠳᠡᠬᠦ᠂ ᠡᠯᠡᠰᠥ | ᠭᠡᠶᠢᠰᠬᠦ᠂ ᠡᠯᠡᠰᠥᠨ ᠰᠢᠭᠤᠷᠭ᠎ᠠ᠂ ᠰᠢᠷᠥᠬᠦᠨ ᠡᠯᠡᠰᠥᠨ ᠰᠢᠭᠤᠷᠭ᠎ᠠ ᠬᠢᠭᠡᠳ ᠤᠨᠴᠠ ᠶᠡᠭᠡ ᠡᠯᠡᠰᠥᠨ ᠰᠢᠭᠤᠷᠭ᠎ᠠ | ᠭᠡᠵᠤ ᠬᠤᠪᠢᠶᠠᠳᠠᠭ᠃ | ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ○ ᠡᠯᠡᠰᠥᠨ ᠰᠢᠭᠤᠷᠭ᠎ᠠ ᠶᠢᠨ ᠤᠷᠢᠳᠴᠢᠯᠠᠭᠰᠠᠨ ᠮᠡᠳᠡᠭᠡ ᠶᠢ ᠤᠯᠤᠭᠰᠠᠨ ᠤ ᠲᠠᠷᠠᠭ᠎ᠠ᠂ ᠠᠷᠭ᠎ᠠ ᠭᠡᠮᠵᠢᠶ᠎ᠡ | ᠠᠪᠴᠤ ᠪᠠᠶᠢᠭᠠᠳ ᠲᠤᠯᠠᠭᠠᠨ ᠬᠥᠯᠡᠮᠵᠢ ᠪᠠᠨ ᠪᠠᠬᠢᠯᠡᠵᠤ᠂ ᠬᠤᠬᠢᠷᠠᠯ ᠡᠪᠳᠡᠯᠭᠡ ᠶᠢ ᠪᠠᠭᠠᠰᠬᠠᠬᠤ ᠭᠡᠷᠡᠭᠳᠡᠢ᠃ | ᠮᠠᠯᠴᠢᠳ ᠮᠠᠯ ᠢᠶᠠᠨ ᠬᠥᠷᠢᠶ᠎ᠡ ᠬᠠᠰᠢᠶᠠᠨ ᠳᠠᠭᠠᠨ ᠲᠠᠷᠦ᠋ᠢᠬᠠᠨ ᠬᠤᠷᠢᠵᠤ᠂ ᠤᠷᠤᠭᠤᠳᠠᠵᠤ ᠶᠠᠪᠤᠬᠤ ᠠᠴᠠ | ᠰᠡᠷᠭᠡᠶᠢᠯᠡᠬᠦ ᠭᠡᠷᠡᠭᠳᠡᠢ᠃ ᠭᠡᠷᠪᠡ ᠮᠠᠯ ᠰᠥᠷᠥᠭ ᠨᠢ ᠭᠡᠷ ᠡᠷᠥᠭᠡ ᠠᠴᠠ ᠪᠠᠨ ᠬᠤᠯᠠ ᠪᠠᠶᠢᠪᠠᠯ᠂ ᠤᠢᠢᠷᠠᠯᠴᠠᠭ᠎ᠠ | ᠪᠠᠶᠢᠭ᠎ᠠ ᠰᠠᠯᠬᠢ ᠬᠠᠯᠬᠠᠯᠠᠬᠤ ᠭᠠᠵᠠᠷ ᠲᠤ ᠥᠳᠳᠡᠷ ᠲᠥᠷᠭᠡᠨ ᠤᠴᠢᠬᠤ ᠭᠡᠷᠡᠭᠳᠡᠢ᠃ | ○ ᠪᠠᠷᠢᠯᠭ᠎ᠠ ᠶᠢᠨ ᠭᠠᠵᠠᠷ ᠲᠠᠬᠢ ᠰᠠᠯᠬᠢᠨ ᠳᠤ ᠠᠮᠠᠷᠬᠠᠨ ᠭᠡᠶᠢᠰᠳᠡᠭ ᠪᠠᠷᠢᠯᠭ᠎ᠠ ᠶᠢᠨ ᠮᠠᠲ᠋ᠧᠷᠢᠶᠠᠯ ᠪᠤᠶᠤ | ᠬᠠᠶᠠᠭᠳᠠᠮᠠᠯ ᠪᠤᠳᠠᠰ ᠢᠶᠠᠨ ᠰᠠᠶᠢᠳᠤᠷ ᠲᠠᠷᠤᠵᠤ ᠲᠠᠯᠪᠢᠨ᠎ᠠ᠃ | ○ ᠡᠯᠡᠰᠥᠨ ᠰᠢᠭᠤᠷᠭ᠎ᠠ ᠲᠠᠢ ᠡᠳᠥᠷ ᠤᠨ ᠠᠭᠤᠷ ᠠᠮᠢᠰᠬᠤᠯ ᠨᠢ ᠭᠠᠩ ᠬᠠᠭᠤᠷᠠᠢ᠂ ᠲᠥᠢᠮᠥᠷ ᠠᠮᠠᠷᠬᠠᠨ | ᠡᠬᠦᠰᠳᠡᠭ ᠲᠤᠯᠠ ᠴᠠᠬᠢᠯᠭᠠᠨ ᠢ ᠠᠩᠬᠠᠷᠤᠨ ᠬᠠᠮᠢᠶᠠᠷᠴᠤ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃ | | ○ ᠶᠠᠪᠤᠭᠤᠯ ᠤᠨ ᠬᠥᠮᠥᠰ ᠥᠨᠳᠥᠷ ᠪᠠᠷᠢᠯᠭ᠎ᠠ᠂ ᠪᠠᠷᠢᠯᠭ᠎ᠠ ᠶᠢᠨ ᠭᠠᠵᠠᠷ᠂ ᠵᠠᠷ ᠤᠨ ᠫᠠᠶᠢᠰᠠ᠂ | ᠬᠥᠭᠰᠢᠷᠡᠭᠰᠡᠨ ᠮᠤᠳᠤ ᠵᠡᠷ᠊ ᠭᠡ ᠠᠴᠠ ᠬᠤᠯᠠ ᠵᠠᠶᠢᠯᠠᠵᠤ᠂ ᠲᠡᠭᠡᠷ᠎ᠡ ᠠᠴᠠ ᠤᠨᠠᠵᠤ ᠢᠷᠡᠭᠰᠡᠨ ᠶᠠᠭᠤᠮᠠᠨ ᠳᠤ | ᠴᠤᠬᠢᠭᠳᠠᠬᠤ ᠠᠴᠠ ᠰᠡᠷᠭᠡᠶᠢᠯᠡᠬᠦ ᠭᠡᠷᠡᠭᠳᠡᠢ᠃ ᠤᠰᠤᠨ ᠰᠤᠪᠠᠭ᠂ ᠤᠰᠤᠨ ᠴᠥᠬᠦᠷᠥᠮ ᠠᠴᠠ ᠵᠠᠶᠢᠳᠠᠭᠤ ᠪᠠᠶᠢᠵᠤ᠂ | ᠤᠰᠤᠨ ᠳᠤ ᠤᠨᠤᠬᠤ ᠠᠴᠠ ᠰᠡᠷᠭᠡᠶᠢᠯᠡᠵᠤ ᠪᠤᠯᠤᠨ᠎ᠠ᠃ | ○ ᠰᠤᠷᠭᠠᠭᠤᠯᠢ ᠨᠤᠭᠤᠳ ᠰᠤᠷᠤᠭᠴᠢ ᠪᠠᠨ ᠭᠠᠳᠠᠭᠰᠢ ᠭᠠᠷᠭᠠᠬᠤ ᠥᠭᠡᠢ ᠪᠠᠶᠢᠵᠤ᠂ ᠡᠯᠡᠰᠥᠨ ᠰᠢᠭᠤᠷᠭ᠎ᠠ | ᠥᠡᠭᠭᠡᠷᠡᠭᠰᠡᠨ ᠤ ᠲᠠᠷᠠᠭ᠎ᠠ ᠰᠠᠶ᠋ᠢ ᠰᠤᠷᠭᠠᠭᠤᠯᠢ ᠠᠴᠠ ᠪᠠᠨ ᠭᠠᠷᠭᠠᠬᠤ ᠭᠡᠷᠡᠭᠳᠡᠢ᠃ ᠲᠤᠮᠳᠠᠳᠤ ᠪᠠᠭ᠎ᠠ ᠰᠤᠷᠭᠠᠭᠤᠯᠢ | ᠶᠢᠨ ᠰᠤᠷᠤᠭᠴᠢᠳ ᠭᠡᠷᠪᠡ ᠰᠤᠷᠭᠠᠭᠤᠯᠢ ᠠᠴᠠ ᠪᠠᠨ ᠭᠠᠷᠴᠤ ᠭᠡᠷ ᠲᠡᠭᠡᠨ ᠬᠠᠷᠢᠬᠤ ᠵᠠᠮ ᠳᠠᠭᠠᠨ ᠡᠯᠡᠰᠥᠨ | ᠰᠢᠭᠤᠷᠭ᠎ᠠ ᠳᠤ ᠲᠤᠬᠢᠶᠠᠯᠳᠤᠪᠠᠯ ᠰᠠᠯᠬᠢ ᠬᠠᠯᠬᠠᠯᠠᠬᠤ ᠠᠮᠤᠷ ᠲᠥᠪᠰᠢᠨ ᠭᠠᠵᠠᠷ ᠲᠤ ᠬᠤᠷᠭᠤᠳᠠᠵᠤ᠂ ᠥᠨᠳᠥᠷ | ᠬᠥᠴᠥᠳᠡᠯᠳᠤ ᠴᠠᠬᠢᠯᠭᠠᠨ ᠤᠳᠠᠰᠤ ᠠᠴᠠ ᠬᠤᠯᠠ ᠪᠠᠶᠢᠬᠤ ᠭᠡᠷᠡᠭᠳᠡᠢ᠃ |