ᠶᠡᠭᠡ ᠮᠠᠨᠠᠨ ᠭᠡᠳᠡᠭ ᠨᠢ ᠶᠠᠭᠤ ᠶᠢ ᠬᠡᠯᠡᠵᠤ ᠪᠠᠶᠢᠬᠤ ᠪᠤᠢ
ᠨᠡᠶᠢᠲᠡᠯᠡᠭᠰᠡᠨ ᠴᠠᠭ᠄
2017/6/29
      ᠮᠠᠨᠠᠨ ᠭᠡᠳᠡᠭ ᠪᠤᠯ ᠭᠠᠵᠠᠷ ᠤᠨ ᠭᠠᠳᠠᠷᠭᠤ ᠶᠢᠨ ᠭᠡᠢ ᠠᠭᠠᠷ ᠲᠠᠬᠢ ᠶᠡᠭᠡ ᠭᠡᠮᠵᠢᠶ᠋ᠨᠡ ᠤ ᠤᠰᠤᠨ ᠲᠤᠰᠤᠯ ᠪᠤᠶᠤ ᠵᠢᠵᠢᠭ ᠮᠥᠰᠥᠨ ᠲᠤᠰᠤᠯ ᠢᠶᠠᠷ ᠪᠥᠷᠢᠯᠳᠥᠭᠰᠡᠨ ᠰᠥᠨ ᠴᠠᠭᠠᠨ ᠥᠡᠭᠭᠡᠳᠡᠢ ᠬᠥᠪᠪᠥᠮᠡᠯ ᠴᠤᠭᠴᠠ  ᠮᠥᠨ᠂ ᠤᠯᠠᠩᠬᠢ ᠳᠠᠭᠠᠨ ᠥᠷᠯᠥᠭᠡ ᠪᠤᠯᠤᠨ ᠤᠷᠤᠢ ᠪᠠᠷ ᠢᠯᠡᠷᠡᠳᠡᠭ᠃ ᠥᠵᠡᠭᠳᠡᠴᠡ ᠶᠢᠨ ᠬᠡᠮᠵᠢᠶ᠎ᠡ ᠶᠢ ᠥᠨᠳᠥᠰᠥᠯᠡᠵᠤ᠂ ᠪᠠᠭ᠎ᠠ ᠮᠠᠨᠠᠨ᠂  ᠲᠤᠮᠳᠠ ᠮᠠᠨᠠᠨ᠂ ᠶᠡᠭᠡ ᠮᠠᠨᠠᠨ᠂ ᠥᠳᠭᠡᠨ ᠮᠠᠨᠠᠨ ᠪᠠ ᠭᠡᠳᠤ ᠥᠳᠭᠡᠨ ᠮᠠᠨᠠᠨ  ᠭᠡᠵᠤ ᠬᠤᠪᠢᠶᠠᠳᠠᠭ ᠶᠤᠮ᠃                    ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                      ○ ᠨᠢᠰᠭᠡᠯ ᠤᠨ ᠪᠠᠭᠤᠳᠠᠯ᠂ ᠲᠡᠭᠡᠳᠤ ᠬᠤᠷᠳᠤᠴᠠᠳᠤ ᠵᠠᠮ᠂ ᠬᠥᠯᠭᠡ ᠤᠡᠭᠭᠤᠴᠠᠨ ᠤ ᠭᠠᠷᠠᠮ ᠵᠡᠷᠭᠡ  ᠨᠢᠭᠡᠴᠡ  ᠎ ᠨᠦᠭᠦᠳ ᠵᠠᠮ ᠬᠠᠷᠢᠯᠴᠠᠭᠠᠨ ᠤ ᠬᠠᠮᠢᠶᠠᠷᠤᠯᠳᠠ ᠪᠠᠨ ᠴᠢᠩᠭᠠᠳᠬᠠᠵᠤ᠂ ᠠᠮᠤᠷ ᠲᠥᠪᠰᠢᠨ ᠢ ᠪᠠᠳᠤᠯᠠᠨ᠎ᠠ᠃            ○ ᠬᠤᠯᠪᠤᠭᠳᠠᠯ ᠪᠥᠬᠦᠢ ᠨᠢᠭᠡᠴᠡ ᠨᠦᠭᠦᠳ ᠨᠢ ᠠᠵᠢᠯ ᠲᠥᠷᠥᠯ ᠤᠨ ᠬᠢᠨ ᠤ ᠲᠤᠭᠳᠠᠭᠠᠯ ᠢ ᠥᠨᠳᠥᠰᠥᠯᠡᠨ ᠂  ᠵᠤᠬᠢᠮᠵᠢᠳᠠᠢ ᠴᠠᠭ ᠲᠤ ᠵᠠᠮ ᠬᠠᠷᠢᠯᠴᠠᠭᠠᠨ ᠤ ᠠᠮᠤᠷ ᠲᠥᠪᠰᠢᠨ ᠤ ᠵᠠᠬᠢᠷᠤᠨ  ᠬᠠᠮᠢᠶᠠᠷᠬᠤ ᠠᠷᠭ᠎ᠠ ᠭᠡᠮᠵᠢᠶ᠎ᠡ ᠠᠪᠴᠤ᠂ ᠴᠢᠬᠤᠯᠠᠳᠠᠢ ᠥᠶ᠎ᠡ ᠳᠤ ᠲᠡᠭᠡᠳᠤ ᠬᠤᠷᠳᠤᠴᠠᠳᠤ ᠵᠠᠮ ᠢ ᠪᠢᠳᠡᠬᠦᠮᠵᠢᠯᠡᠨ᠂ ᠨᠢᠰᠭᠡᠯ ᠤᠨ ᠨᠢᠰᠥᠯᠳᠡ ᠪᠠᠭᠤᠯᠳᠠ᠂ ᠬᠥᠯᠭᠡ  ᠤᠡᠭᠭᠤᠴᠠ ᠶᠢᠨ ᠠᠶᠠᠯᠠᠯ ᠵᠡᠷᠭᠡ ᠶᠢ ᠲᠥᠷ  ᠵᠤᠭᠰᠤᠭᠠᠨ᠎ᠠ᠃                      ○ ᠵᠢᠯᠤᠭᠤᠴᠢᠳ ᠮᠠᠨᠠᠨ ᠲᠠᠢ ᠡᠳᠥᠷ ᠤᠨ ᠠᠶᠠᠯᠠᠯ ᠤᠨ ᠲᠤᠭᠳᠠᠭᠠᠯ ᠢ ᠥᠨᠳᠥᠰᠥᠯᠡᠵᠤ᠂ ᠰᠡᠷᠭᠡᠶᠢᠯᠡᠬᠦ ᠠᠷᠭ᠎ᠠ  ᠭᠡᠮᠵᠢᠶ᠎ᠡ ᠶᠢ ᠢᠳᠡᠪᠬᠢᠳᠡᠢ ᠠᠪᠴᠤ᠂ ᠴᠢᠬᠤᠯᠠᠳᠠᠢ ᠥᠶ᠎ᠡ ᠳᠤ ᠠᠮᠤᠷ ᠲᠥᠪᠰᠢᠨ ᠵᠤᠭᠰᠤᠭᠠᠯ  ᠎ ᠤᠨ ᠭᠠᠵᠠᠷ ᠎ ᠲᠤ ᠲᠥᠷᠭᠡᠨ  ᠬᠥᠷᠴᠤ ᠵᠤᠭᠰᠤᠬᠤ ᠶᠢ ᠪᠠᠷᠢᠮᠳᠠᠯᠠᠭᠠᠷᠠᠢ᠃                    &ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                  ◇ ᠬᠤᠯᠪᠤᠭᠳᠠᠯ ᠪᠥᠬᠦᠢ ᠰᠠᠯᠠᠭ᠎ᠠ ᠮᠥᠴᠢᠷ ᠪᠤᠯᠤᠨ ᠨᠢᠭᠡᠴᠡ ᠨᠦᠭᠦᠳ ᠡᠬᠦᠷᠭᠡ ᠬᠠᠷᠢᠭᠤᠴᠠᠯᠭ᠎ᠠ ᠪᠠᠷ  ᠎ ᠢᠶᠠᠨ  ᠮᠠᠨᠠᠨ ᠠᠴᠠ ᠪᠠᠴᠢᠮ ᠠᠷᠭᠠᠴᠠᠭᠠᠬᠤ ᠠᠵᠢᠯ ᠢᠶᠠᠨ ᠰᠠᠶᠢᠳᠤᠷ ᠬᠢᠬᠦ ᠭᠡᠷᠡᠭᠳᠡᠢ᠃                      ◇ ᠵᠢᠯᠤᠭᠤᠴᠢᠳ ᠮᠠᠨᠠᠨ ᠤ ᠬᠤᠪᠢᠷᠠᠯᠳᠠ ᠶᠢ ᠠᠩᠬᠠᠷᠴᠤ᠂ ᠲᠡᠷᠭᠡ ᠬᠥᠰᠭᠡ ᠪᠠᠨ ᠠᠯᠭᠤᠷ  ᠵᠢᠯᠤᠭᠤᠳᠬᠤ  ᠭᠡᠷᠡᠭᠳᠡᠢ᠃                    ◇ ᠶᠡᠭᠡ ᠮᠠᠨᠠᠨ ᠲᠠᠢ ᠡᠳᠥᠷ ᠲᠤ ᠭᠠᠳᠠᠨ᠎ᠠ ᠭᠠᠷᠴᠤ ᠪᠡᠶ᠎ᠡ ᠪᠠᠨ ᠪᠤᠯᠪᠠᠰᠤᠷᠠᠵᠤ ᠪᠤᠯᠬᠤ ᠥᠭᠡᠢ᠃ ᠶᠡᠭᠡ ᠮᠠᠨᠠᠨ ᠲᠠᠢ ᠡᠳᠥᠷ ᠭᠠᠳᠠᠭᠰᠢ ᠭᠠᠷᠬᠤ ᠳᠠᠭᠠᠨ ᠠᠮᠠᠪᠴᠢ ᠵᠡᠬᠦᠵᠤ᠂ ᠬᠥᠮᠥᠨ ᠤ ᠪᠡᠶ᠎ᠡ ᠮᠠᠬᠠᠪᠤᠳ ᠲᠤ ᠬᠤᠤᠷ  ᠎ ᠲᠠᠢ ᠭᠡᠢ ᠠᠭᠠᠷ ᠢ  ᠠᠮᠢᠰᠬᠤᠬᠤ ᠠᠴᠠ ᠰᠡᠷᠭᠡᠶᠢᠯᠡᠬᠦ ᠭᠡᠷᠡᠭᠳᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号