ᠪᠠᠶᠢᠭᠠᠯᠢ ᠶᠢᠨ ᠭᠠᠮᠰᠢᠭ
ᠨᠡᠶᠢᠲᠡᠯᠡᠭᠰᠡᠨ ᠴᠠᠭ᠄
2017/6/29
     ᠭᠠᠩ ᠬᠠᠭᠤᠷᠠᠢ ᠶᠢ ᠶᠠᠭᠠᠬᠢᠵᠤ ᠦᠢᠯᠠᠭᠠᠬᠤ ᠪᠤᠢ                                                ᠭᠠᠩ ᠬᠠᠭᠤᠷᠠᠢ ᠭᠡᠳᠡᠭ ᠪᠤᠯ ᠤᠳᠠᠭᠠᠨ ᠬᠤᠨᠤᠭ ᠪᠤᠷᠤᠭᠠᠨ ᠬᠤᠷ᠎ᠠ ᠤᠷᠤᠭᠰᠠᠨ ᠥᠭᠡᠢ ᠪᠤᠶᠤ ᠲᠤᠩ  ᠴᠥᠭᠡᠨ ᠤᠷᠤᠭᠰᠠᠨ ᠪᠠᠶᠢᠵᠤ᠂ ᠬᠥᠷᠥᠰᠤ ᠰᠢᠷᠤᠢ ᠶᠢᠨ ᠤᠰᠤᠨ ᠤ ᠭᠡᠮᠵᠢᠶ᠎ᠡ ᠬᠥᠷᠥᠯᠴᠡᠬᠦ ᠥᠭᠡᠢ ᠪᠤᠯᠵᠤ᠂  ᠤᠷᠭᠤᠮᠠᠯ ᠤᠨ ᠤᠰᠤᠨ ᠤ ᠭᠡᠮᠵᠢᠶ᠎ᠡ ᠲᠡᠩᠴᠡᠬᠦᠷᠢ ᠪᠠᠨ ᠠᠯᠳᠠᠭᠰᠠᠨ ᠠᠴᠠ ᠪᠤᠯᠵᠤ᠂ ᠬᠤᠷᠢᠶᠠᠯᠳᠠ ᠪᠠᠭᠤᠷᠠᠬᠤ  ᠪᠠᠶᠢᠭᠠᠯᠢ ᠶᠢᠨ ᠭᠠᠮᠰᠢᠭ  ᠪᠤᠯᠤᠨ᠎ᠠ᠃ ᠭᠠᠩ ᠬᠠᠭᠤᠷᠠᠢ ᠠᠴᠠ ᠤᠰᠤᠨ ᠤ ᠢᠷᠡᠯᠳᠡ ᠲᠤᠳᠠᠭᠳᠠᠵᠤ᠂ ᠤᠷᠭᠤᠮᠠᠯ ᠤᠨ ᠥᠰᠥᠯᠳᠡ ᠪᠤᠶᠢᠵᠢᠯᠳᠠ ᠳᠤ  ᠬᠤᠬᠢᠷᠠᠯ ᠪᠤᠯᠵᠤ᠂ ᠬᠤᠷᠢᠶᠠᠯᠳᠠ ᠤᠨᠠᠯᠳᠠ ᠶᠢ ᠬᠠᠰᠤᠭᠳᠠᠭᠤᠯᠬᠤ ᠪᠠᠷ ᠪᠠᠷᠠᠬᠤ ᠥᠭᠡᠢ᠂ ᠪᠠᠰᠠ ᠰᠠᠭᠤᠭᠠᠯᠢ ᠠᠷᠠᠳ ᠤᠨ  ᠠᠮᠢᠳᠤᠷᠠᠯ ᠢ ᠨᠥᠯᠥᠭᠡᠯᠡᠵᠤ᠂ ᠠᠵᠤ ᠥᠢᠯᠡᠳᠪᠥᠷᠢ ᠶᠢᠨ  ᠥᠢᠯᠡᠳᠪᠥᠷᠢᠯᠡᠯ ᠵᠢᠴᠢ ᠨᠡᠶᠢᠭᠡᠮ ᠤᠨ ᠠᠵᠤ ᠠᠬᠤᠢ ᠶᠢᠨ  ᠠᠵᠢᠯᠯᠠᠭ᠎ᠠ ᠶᠢ ᠨᠥᠯᠥᠭᠡᠯᠡᠳᠡᠭ ᠶᠤᠮ᠃                                ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                    O ᠤᠷᠢᠳᠠᠪᠡᠷ ᠠᠮᠢᠳᠤᠷᠠᠯ ᠢ ᠲᠥᠪᠬᠢᠨᠡᠬᠦᠯᠵᠤ᠂ ᠲᠠᠷᠠᠭᠠᠪᠡᠷ ᠨᠢ ᠥᠢᠯᠡᠳᠪᠥᠷᠢᠯᠡᠯ ᠢ ᠠᠷᠭᠠᠴᠠᠬᠤ ᠵᠠᠷᠴᠢᠮ ᠶᠤᠰᠤᠭᠠᠷ ᠰᠠᠭᠤᠭᠠᠯᠢ ᠠᠷᠠᠳ ᠤᠨ ᠠᠮᠢᠳᠤᠷᠠᠯ ᠤᠨ ᠭᠡᠷᠡᠭᠯᠡᠭᠡᠨ ᠤ ᠤᠰᠤ ᠬᠢᠭᠡᠳ ᠮᠠᠯ ᠤᠨ ᠤᠤᠭᠤᠬᠤ ᠤᠰᠤ ᠶᠢ ᠡᠩ ᠲᠡᠷᠢᠬᠦᠨ ᠳᠤ ᠪᠠᠳᠤᠯᠠᠨ᠎ᠠ᠃                    O ᠤᠰᠤ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠵᠤ ᠠᠷᠪᠢᠯᠠᠬᠤ  ᠎ ᠨᠢ ᠵᠤᠬᠢᠮᠵᠢᠳᠠᠢ᠃                      O ᠲᠡᠷᠢᠶᠠᠯᠠᠬᠤ ᠤᠷᠤᠨ ᠪᠤᠯ ᠲᠡᠷᠢᠮᠠᠯ ᠤᠨ ᠪᠥᠳᠥᠴᠡ ᠪᠠᠨ ᠲᠤᠬᠢᠷᠠᠭᠤᠯᠵᠤ᠂ ᠭᠠᠩ ᠬᠠᠭᠤᠷᠠᠢ ᠠᠴᠠ ᠰᠡᠷᠭᠡᠶᠢᠯᠡᠨ ᠲᠡᠷᠢᠶᠠᠯᠠᠯᠠᠵᠤ᠂ ᠴᠢᠬᠢᠭ ᠢ ᠬᠠᠮᠠᠭᠠᠯᠠᠨ ᠬᠥᠷᠥᠰᠤ ᠰᠢᠷᠤᠢ ᠶᠢ ᠬᠠᠮᠠᠭᠠᠯᠠᠵᠤ᠂ ᠭᠠᠩ ᠬᠠᠭᠤᠷᠠᠢ ᠶᠢ ᠰᠡᠷᠭᠡᠶᠢᠯᠡᠨ ᠲᠡᠷᠢᠬᠤ ᠪᠤᠶᠤ ᠪᠤᠷᠳᠤᠭᠤᠷ ᠭᠡᠷᠡᠭᠯᠡᠨ ᠭᠠᠩ ᠬᠠᠭᠤᠷᠠᠢ ᠶᠢ ᠰᠡᠷᠭᠡᠶᠢᠯᠡᠨ᠎ᠡ︔ ᠮᠠᠯᠵᠢᠬᠤ ᠤᠷᠤᠨ  ᠪᠤᠯ  ᠪᠡᠯᠴᠢᠭᠡᠷᠯᠡᠬᠦᠯᠥᠨ ᠮᠠᠯᠵᠢᠬᠤ ᠪᠠᠨ  ᠪᠠᠭᠠᠰᠬᠠᠨ᠎ᠠ᠃                    O ᠪᠤᠷᠤᠭ᠎ᠠ ᠤᠷᠤᠬᠤ ᠠᠯᠢᠪᠠ ᠲᠤᠬᠢᠶᠠᠯ ᠢ ᠠᠰᠢᠭᠯᠠᠨ᠂ ᠪᠤᠷᠤᠭᠠᠨ ᠤ ᠤᠰᠤ ᠶᠢ ᠬᠤᠷᠠᠮᠳᠤᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ ᠵᠤᠬᠢᠮᠵᠢᠳᠠᠢ ᠴᠠᠭ ᠲᠤᠨᠢ ᠬᠥᠮᠥᠨ ᠤ ᠬᠥᠴᠤ ᠪᠠᠷ ᠪᠤᠷᠤᠭ᠎ᠠ  ᠤᠷᠤᠭᠤᠯᠬᠤ  ᠠᠷᠭ᠎ᠠ  ᠎ ᠶᠢ ᠠᠪᠴᠤ ᠪᠤᠯᠤᠨ᠎ᠠ᠃                    &ᠲᠤᠰᠬᠠᠢ ᠮᠡᠷᠭᠡᠵᠢᠯᠳᠡᠨ ᠤ ᠰᠠᠨᠠᠭᠤᠯᠤᠮᠵᠢ                    ◇ ᠮᠠᠨ ᠤ ᠤᠷᠤᠨ ᠳᠤ ᠠᠷᠪᠠᠨ ᠵᠢᠯ ᠤᠨ ᠶᠢᠰᠥᠨ ᠵᠢᠯ ᠨᠢ ᠭᠠᠨᠭ᠍ᠳᠠᠵᠤ᠂ ᠵᠢᠯ ᠵᠢᠯ ᠤᠨ ᠬᠠᠪᠤᠷ ᠤᠨ ᠤᠯᠠᠷᠢᠯ ᠢᠶᠠᠷ ᠭᠠᠨᠭ᠍ᠳᠠᠳᠠᠭ ᠪᠤᠯᠬᠤᠷ ᠭᠠᠩ ᠬᠠᠭᠤᠷᠠᠢ ᠠᠴᠠ ᠰᠡᠷᠭᠡᠶᠢᠯᠡᠬᠦ ᠥᠵᠡᠯ ᠤᠬᠠᠮᠰᠠᠷ ᠢᠶᠠᠨ ᠲᠡᠭᠡᠭᠰᠢᠯᠡᠬᠦᠯᠬᠦ  ᠭᠡᠷᠡᠭᠳᠡᠢ᠃                  ◇ ᠵᠠᠰᠠᠭ ᠤᠨ ᠤᠷᠳᠤᠨ ᠤ ᠤᠰᠤᠨ ᠤ ᠡᠬᠢ ᠰᠤᠷᠪᠤᠯᠵᠢ ᠶᠢᠨ ᠲᠤᠬᠠᠢ ᠨᠢᠭᠡᠳᠥᠯᠳᠡᠢ  ᠲᠤᠬᠢᠷᠠᠭᠤᠯᠤᠯᠳᠠ ᠵ᠊ ᠢᠳᠡᠪᠬᠢᠳᠡᠢ ᠪᠠᠷ ᠬᠥᠷᠢᠶᠡᠯᠡᠨ  ᠬᠠᠮᠵᠢᠯᠴᠠᠭᠠᠷᠠᠢ᠃                    ◇ ᠥᠢᠯᠡᠳᠪᠥᠷᠢᠯᠡᠯ ᠤᠨ ᠪᠤᠰᠤ ᠴᠢᠨᠠᠷ ᠲᠠᠢ ᠶᠡᠭᠡ ᠭᠡᠮᠵᠢᠶᠡᠨ ᠤ ᠤᠰᠤ ᠭᠡᠷᠡᠭᠯᠡᠳᠡᠭ ᠡᠷᠥᠭᠡ ᠨᠦᠭᠦᠳ ᠤᠨ ᠤᠰᠤ ᠭᠡᠷᠡᠭᠯᠡᠬᠦ ᠶᠢ ᠨᠢ ᠬᠢᠵᠠᠭᠠᠷᠯᠠᠵᠤ ᠪᠤᠯᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号