ᠵᠠᠩ ᠡᠸ᠋ᠨ ᠬᠤᠢ 2018 ᠤᠨ ᠤ 3 ᠳ᠋ᠤᠭᠠᠷ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2018/1/23
   1 ᠰᠠᠷ᠎ᠠ ᠶᠢᠨ 17᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ 2018 ᠤᠨ ᠤ 3 ᠳ᠋ᠤᠭᠠᠷ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠬᠤᠷᠠᠯ ᠢ ᠬᠤᠷᠠᠯᠳᠤᠭᠤᠯᠵᠦ᠂ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠴᠠᠯᠭ᠎ᠠ ᠡᠬᠢᠯᠡᠬᠦ ᠶᠤᠰᠤᠯᠠᠯ ᠲᠡᠭᠡᠷᠡᠬᠢ ᠴᠢᠬᠤᠯᠠ ᠶᠠᠷᠢᠶ᠎ᠡ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ 80 ᠳ᠋ᠤᠭᠠᠷ ᠤᠳᠠᠭᠠᠨ ᠤ ︵ᠦᠷᠭᠡᠳᠭᠡᠭᠰᠡᠨ︶ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯ᠂ ᠪᠦᠬᠦ ᠤᠷᠤᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠬᠤᠷᠠᠯ᠂ ᠪᠦᠬᠦ ᠤᠷᠤᠨ ᠤ ᠵᠤᠬᠢᠶᠠᠨ ᠪᠠᠶᠢᠭᠤᠯᠤᠯᠳᠠ ᠶᠢᠨ ᠬᠡᠯᠳᠡᠰ ᠤᠨ ᠲᠠᠷᠤᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠤᠭᠰᠠᠨ ᠪᠠᠶᠢᠨ᠎ᠠ᠃    ᠠᠶᠢᠮᠠᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠴᠠᠯᠭ᠎ᠠ ᠡᠬᠢᠯᠡᠬᠦ ᠶᠤᠰᠤᠯᠠᠯ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠷ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠦ᠂ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠶᠢ ᠢᠮᠠᠭᠳᠠ ᠲᠤᠤᠱᠯᠠᠭᠤᠯᠬᠤ᠂ ᠨᠠᠮ ᠤᠨ ᠪᠠᠶᠢᠭᠤᠯᠤᠯᠳᠠ ᠶᠢᠨ ᠠᠭᠤᠤ ᠶᠡᠭᠡ ᠢᠨᠵᠧᠨᠧᠷᠢᠩ ᠢ ᠠᠬᠢᠭᠤᠯᠬᠤ ᠶᠢ ᠢᠮᠠᠭᠳᠠ ᠲᠤᠤᠱᠯᠠᠭᠤᠯᠬᠤ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠴᠢᠩᠭᠠᠷᠠᠭᠤᠯᠵᠦ ᠠᠶᠤᠯ ᠲᠦᠭᠰᠢᠬᠦᠷᠢ ᠶᠢ ᠰᠡᠷᠭᠡᠶᠢᠯᠡᠬᠦ ᠶᠢ ᠢᠮᠠᠭᠳᠠ ᠲᠤᠤᠱᠯᠠᠭᠤᠯᠬᠤ ᠴᠢᠬᠤᠯᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠤᠨ᠂ ᠠᠵᠢᠯ ᠢ ᠠᠬᠢᠭᠤᠯᠬᠤ ᠬᠡᠷᠡᠭᠳᠡᠢ ᠭᠡᠪᠡ᠃        ᠬᠤᠷᠠᠯ ᠠᠴᠠ ᠴᠢᠩᠭᠠᠳᠬᠠᠭᠰᠠᠨ ᠨᠢ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠶᠢᠷᠡᠬᠦᠯᠵᠦ᠂ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠬᠦᠯᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠦ ᠰᠡᠳᠬᠢᠯᠭᠡ ᠪᠠᠨ ᠦᠨᠡᠨᠬᠦ ᠴᠢᠩᠭᠠᠷᠠᠭᠤᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠪᠦᠬᠦ ᠲᠠᠯ᠎ᠠ ᠠᠴᠠ ᠨᠠᠮ ᠢ ᠴᠢᠩᠭ᠎ᠠ ᠵᠠᠰᠠᠬᠤ᠂ ᠲᠠᠰᠤᠷᠠᠯᠳᠠ ᠦᠭᠡᠢ ᠦᠨᠳᠦᠰᠦᠨ ᠱᠠᠳᠦᠨ ᠳᠤ ᠬᠦᠨᠵᠡᠭᠡᠶᠢᠷᠡᠬᠦᠯᠬᠦ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠪᠠᠨ ᠪᠠᠬᠢᠵᠢᠬᠦᠯᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠡᠯ᠎ᠠ ᠲᠦᠷᠦᠯ ᠤᠨ ᠡᠭᠦᠷᠭᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠳᠡᠢ ᠭᠡᠵᠡᠢ᠃        ᠬᠤᠷᠠᠯ ᠠᠴᠠ ᠴᠢᠩᠭᠠᠳᠬᠠᠭᠰᠠᠨ ᠨᠢ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯ᠂ ᠪᠦᠬᠦ ᠤᠷᠤᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠠᠵᠢᠯ ᠤᠨ ᠱᠠᠭᠠᠷᠳᠠᠯᠭ᠎ᠠ ᠲᠠᠢ ᠨᠢᠭᠡᠳᠭᠡᠬᠦ ᠬᠡᠷᠡᠭᠳᠡᠢ᠃ ︽ᠲᠠᠷᠢᠶᠠᠯᠠᠩ ᠮᠠᠯ ᠠᠵᠦ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ᠂ ᠮᠠᠯᠴᠢᠨ ᠲᠠᠷᠢᠶᠠᠴᠢᠨ︾᠎ ᠤ ᠠᠵᠢᠯ ᠢ ᠪᠠᠳᠤᠳᠠᠢ ᠬᠢᠵᠦ᠂ ᠲᠠᠷᠢᠶᠠᠯᠠᠩ ᠮᠠᠯ ᠠᠵᠦ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠠᠯᠳᠠ ᠶᠢ ᠬᠦᠴᠦᠯᠡᠨ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠦ᠂ ︽ᠲᠠᠷᠢᠶᠠᠯᠠᠩ ᠮᠠᠯ ᠠᠵᠦ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ᠂ ᠮᠠᠯᠴᠢᠨ ᠲᠠᠷᠢᠶᠠᠴᠢᠨ︾᠎ ᠤ ᠡᠯ᠎ᠠ ᠲᠦᠷᠦᠯ ᠤᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ ᠭᠡᠪᠡ᠃        ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠭᠤᠶᠢᠪᠢᠰᠢ ᠦᠭᠡᠢ ᠪᠠᠷ ᠰᠠᠶᠢᠳᠤᠷ ᠠᠳᠬᠤᠬᠤ ᠬᠡᠷᠡᠭᠳᠡᠢ᠃ ᠦᠵᠡᠯ ᠰᠠᠨᠠᠭ᠎ᠠ ᠪᠠᠨ ᠤᠨᠤᠯ ᠢᠶᠠᠷ ᠵᠡᠪᠰᠡᠭᠯᠡᠬᠦ ᠶᠢ ᠴᠢᠩᠭᠠᠷᠠᠭᠤᠯᠬᠤ ᠬᠡᠷᠡᠭᠳᠡᠢ᠃ ᠦᠨᠳᠦᠷ ᠬᠡᠪ ᠪᠤᠯᠪᠠᠰᠤᠷᠠᠯ ᠲᠠᠢ ᠲᠤᠰᠬᠠᠢᠢᠵᠢᠯᠳᠠ ᠶᠢᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠳᠡᠢ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠯᠳᠤᠭᠠᠨ ᠤ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠤᠨ ᠦᠪᠡᠷ ᠪᠡᠶ᠎ᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠡᠢ ᠭᠡᠪᠡ᠃    ᠬᠤᠷᠠᠯ ᠠᠴᠠ ᠪᠠᠰᠠ ᠬᠠᠮᠢᠶ᠎ᠡ ᠪᠦᠬᠦᠢ ᠪᠢᠴᠢᠭ ᠮᠠᠲ᠋ᠧᠷᠢᠶᠠᠯ ᠤᠨ ᠲᠤᠬᠠᠢ ᠰᠤᠳᠤᠯᠤᠨ ᠶᠠᠷᠢᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号