ᠪᠦᠳᠤᠮᠵᠢᠳᠡᠢ ᠠᠷᠭ᠎ᠠ ᠪᠠᠷ ᠪᠠᠶᠠᠵᠢᠯ ᠤᠨ ᠵᠠᠮ ᠢᠶᠠᠨ ᠦᠷᠬᠡᠳᠬᠡᠨ᠎ᠡ
ᠨᠡᠶᠢᠲᠡᠯᠡᠭᠰᠡᠨ ᠴᠠᠭ᠄
2018/1/23
    — ᠲᠤᠮᠳᠡᠳᠤ ᠬᠤᠰᠢᠭᠤᠨ ᠤ ᠰᠢᠨᠠᠵᠠᠮ ᠰᠤᠮᠤ ᠶᠢᠨ ᠰᠢᠨᠠᠵᠠᠮ ᠭᠠᠴᠠᠭ᠎ᠠ ᠶᠢᠨ ᠨᠢᠬᠡᠳᠤᠬᠡᠷ ᠱᠦᠵᠢ ᠪᠠᠢ ᠱᠤᠸᠠᠩ ᠪᠤᠤ ᠶᠢᠨ ᠶᠠᠳᠠᠭᠤ ᠶᠢ ᠲᠠᠳᠬᠦᠵᠤ ᠪᠠᠶᠢᠬᠤ ᠠᠵᠢᠯᠯᠠᠭ᠎ᠠ ᠶᠢ ᠲᠠᠮᠳᠡᠭᠯᠡᠪᠠ         ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠰᠢᠨᠠᠵᠠᠮ ᠰᠤᠮᠤ ᠶᠢᠨ ᠰᠢᠨᠠᠵᠠᠮ ᠭᠠᠴᠠᠭ᠎ᠠ ᠶᠢᠨ ᠮᠠᠯᠴᠢᠨ ᠲᠠᠷᠢᠶᠠᠴᠢᠳ ᠤᠨ ᠪᠠᠶᠠᠵᠢᠯ ᠤᠨ ᠵᠠᠮ ᠢᠶᠠᠷ ᠵᠤᠷᠢᠬᠳᠠᠢ ᠵᠠᠮᠨᠠᠵᠤ ᠶᠠᠪᠤᠭ᠎ᠠ ᠪᠠᠶᠢᠳᠡᠯ ᠤᠨ ᠲᠤᠬᠠᠢ ᠵᠤᠭᠤᠬᠳᠠᠬᠤ ᠳᠤ ᠬᠦᠷᠪᠠᠯ ᠤᠯᠠᠩᠬᠢ ᠬᠦᠮᠤᠰ ︽ᠮᠠᠨ ᠤ ᠡ᠊ᠨᠳᠡ ᠶᠠᠳᠠᠭᠤ ᠶᠢ ᠲᠠᠳᠬᠦᠬᠦ ᠪᠠᠷ ᠢᠷᠡᠭᠰᠡᠨ ᠨᠢᠬᠡᠳᠤᠬᠡᠷ ᠱᠦᠵᠢ ᠪᠠᠢ ᠱᠤᠸᠠᠩ ᠪᠤᠤ ᠶᠢᠨ ᠵᠦᠪ ᠤᠨᠤᠪᠴᠢᠳᠡᠢ ᠵᠢᠭᠠᠨ ᠵᠢᠯᠤᠭᠤᠳᠤᠬᠰᠠᠨ ᠤ ᠰᠠᠶᠢᠨ ᠡ︾ ᠬᠡᠵᠤ ᠶᠠᠷᠢᠳᠠᠬ ᠪᠠᠶᠢᠯ᠎ᠡ᠃         ᠦᠨᠠᠨ ᠳᠡᠭᠡᠨ ᠴᠤ ᠲᠠᠶᠢᠮᠤ ᠪᠠᠶᠢᠵᠠᠢ᠃ ᠲᠤᠮᠳᠡᠳᠤ ᠬᠤᠰᠢᠭᠤᠨ ᠤ ᠤᠢ ᠰᠢᠭᠤᠢ ᠶᠢᠨ ᠲᠤᠪᠴᠢᠶ᠎ᠡ ᠶᠢᠨ ᠺᠠᠳ᠋ᠷ ᠪᠠᠢ ᠱᠤᠸᠡᠩ ᠪᠤᠤ ᠰᠢᠨᠠᠵᠠᠮ ᠭᠠᠴᠠᠭᠠᠨ ᠳᠤ ᠨᠢᠬᠡᠳᠤᠬᠡᠷ ᠱᠦᠵᠢ ᠪᠠᠷ ᠢᠷᠡᠭᠰᠡᠨ ᠤ ᠲᠠᠷᠠᠭ᠎ᠠ ᠭᠠᠴᠠᠭᠠᠨ ᠤ ᠤᠳᠤᠷᠢᠳᠬᠤ ᠪᠠᠬ ᠤᠨ ᠨᠦᠬᠦᠳ ᠲᠠᠢ ᠪᠦᠯᠬᠦᠮᠳᠡᠨ ᠬᠠᠷᠢᠯᠴᠠᠨ ᠵᠦᠪᠳᠠᠵᠤ ᠪᠠᠶᠢᠭᠠᠳ ᠶᠠᠳᠠᠭᠤ ᠶᠢ ᠲᠠᠳᠬᠦᠬᠦ ᠠᠵᠢᠯ ᠢᠶᠠᠨ ᠰᠢᠨᠵᠢᠯᠠᠬᠦ ᠤᠬᠠᠭᠠᠨᠴᠢ ᠪᠠᠷ ᠲᠤᠬᠳᠠᠭᠠᠨ᠂ ᠠᠷᠠᠳ ᠤᠯᠠᠨ ᠢᠶᠠᠨ ᠡᠷᠳᠡ ᠡᠳᠤᠷ ᠶᠠᠳᠠᠭᠤ ᠠᠴᠠ ᠠᠩᠬᠢᠵᠢᠷᠠᠭᠤᠯᠤᠨ ᠪᠠᠶᠠᠵᠢᠯ ᠤᠨ ᠵᠠᠮ ᠳᠤ ᠤᠷᠤᠭᠤᠯᠬᠤ ᠪᠠᠷ ᠴᠢᠷᠮᠠᠶᠢᠵᠤ ᠠᠵᠢᠯᠯᠠᠬᠰᠠᠨ ᠪᠠᠶᠢᠨ᠎ᠡ᠃ ᠨᠢᠬᠡ ᠳᠤ᠂ ᠬᠦᠳᠠᠯᠮᠤᠷᠢᠯᠠᠬᠦ ᠴᠢᠳᠠᠪᠤᠷᠢ ᠦᠬᠡᠢ ᠶᠠᠳᠠᠭᠤ ᠬᠦᠴᠢᠷᠳᠡᠢ ᠡᠷᠤᠬᠡ ᠶᠢᠨ ᠬᠦᠮᠤᠨ ᠠᠮᠠ ᠳᠤ ᠤᠷᠤᠯᠭ᠎ᠠ ᠲᠠᠢ ᠪᠤᠯᠭᠠᠵᠠᠢ᠃ ᠲᠠᠷᠠ ᠭᠠᠴᠠᠭ᠎ᠠ ᠶᠢᠨ ᠶᠠᠳᠠᠭᠤ ᠬᠦᠴᠢᠷᠳᠡᠢ ᠡᠷᠤᠬᠡ ᠶᠢᠨ ᠪᠠᠶᠢᠳᠡᠯ ᠢ ᠨᠠᠷᠢᠨ ᠤᠢᠢᠯᠠᠭᠠᠵᠤ ᠶᠠᠳᠠᠭᠤ ᠬᠦᠴᠢᠷᠳᠡᠢ 21 ᠡᠷᠤᠬᠡ ᠶᠢᠨ ᠬᠦᠳᠠᠯᠮᠤᠷᠢᠯᠠᠬᠦ ᠴᠢᠳᠠᠪᠤᠷᠢ ᠦᠬᠡᠢ 44 ᠬᠦᠮᠤᠨ ᠢ ᠯᠠᠢ ᠳ᠋ᠧ ᠮᠤᠷᠢᠨ ᠤᠢᠢᠯᠠᠰ ᠲᠤ ᠬᠤᠪᠢ ᠤᠷᠤᠭᠤᠯᠵᠤ ᠤᠷᠤᠯᠭ᠎ᠠ ᠬᠤᠪᠢᠶᠠᠷᠢᠯᠠᠬᠤ ᠬᠡᠯᠪᠠᠷᠢ ᠪᠠᠷ ᠠᠵᠤ ᠠᠬᠤᠢ ᠶᠢᠨ ᠤᠷᠤᠯᠭ᠎ᠠ ᠲᠠᠢ ᠪᠤᠯᠭᠠᠵᠠᠢ᠃ ᠬᠤᠶᠠᠷ ᠲᠤ ᠂ ᠶᠠᠳᠠᠭᠤ ᠬᠦᠴᠢᠷᠳᠡᠢ ᠡᠷᠤᠬᠡ ᠶᠢᠨ ᠬᠦᠳᠠᠯᠮᠤᠷᠢᠯᠠᠬᠦ ᠴᠢᠳᠠᠪᠤᠷᠢ ᠲᠠᠢ ᠬᠦᠮᠤᠨ ᠢᠶᠠᠷ ᠲᠠᠵᠢᠬᠡᠪᠤᠷᠢ ᠶᠢᠨ ᠤᠢᠢᠯᠠᠰ ᠡᠷᠬᠢᠯᠠᠬᠦᠯᠤᠨ ᠤᠷᠤᠯᠭ᠎ᠠ ᠲᠠᠢ ᠪᠤᠯᠭᠠᠵᠠᠢ᠃ ᠲᠠᠷᠠ ᠭᠠᠴᠠᠭ᠎ᠠ ᠶᠢᠨ ᠤᠳᠤᠷᠢᠳᠬᠤ ᠪᠠᠬ ᠤᠨ ᠨᠦᠬᠦᠳ ᠲᠠᠢ ᠪᠠᠨ ᠵᠦᠪᠳᠡᠵᠤ ᠪᠠᠶᠢᠭᠠᠳ ᠭᠠᠴᠠᠭ᠎ᠠ ᠶᠢᠨ 6 ᠡᠷᠤᠬᠡ ᠶᠢᠨ 21 ᠬᠦᠮᠤᠨ ᠢᠶᠠᠷ ᠦᠨᠢᠶ᠎ᠡ ᠲᠠᠵᠢᠬᠡᠯᠬᠡᠨ ᠤᠷᠤᠯᠭ᠎ᠠ ᠲᠠᠢ ᠪᠤᠯᠭᠠᠵᠠᠢ᠃ ᠭᠤᠷᠪᠠ ᠳᠤ᠂ ᠭᠠᠳᠠᠨ᠎ᠡ ᠭᠠᠵᠠᠷ ᠠᠴᠠ ᠠᠵᠤ ᠠᠬᠤᠢᠢᠯᠠᠯ ᠤᠷᠢᠵᠤ ᠠᠪᠴᠢᠷᠠᠨ ᠠᠷᠠᠳ ᠤᠯᠠᠨ ᠤ ᠤᠷᠤᠯᠭ᠎ᠠ ᠶᠢ ᠨᠡᠮᠡᠭᠳᠡᠬᠦᠯᠵᠠᠢ᠃ ᠲᠠᠷᠠ ᠤᠯᠠᠨ ᠵᠦᠢᠯ ᠤᠨ ᠠᠷᠭ᠎ᠠ ᠬᠡᠯᠪᠠᠷᠢ ᠪᠠᠷ ᠲᠢᠶᠠᠨᠵᠢᠨ ᠬᠤᠳᠠ ᠶᠢᠨ ᠰᠢᠩ ᠨᠦᠡᠭ ᠲᠠᠷᠢᠶᠠᠯᠠᠩ ᠤᠨ ᠬᠢᠵᠠᠭᠠᠷᠳᠤ ᠺᠤᠮᠫᠠᠨᠢ ᠶᠢ ᠭᠠᠴᠠᠭᠠᠨ ᠳᠠᠭᠠᠨ ᠤᠷᠤᠭᠤᠯᠵᠤ᠂ ︽ᠲᠠᠪᠤᠨ ᠵᠦᠢᠯ ᠤᠨ ᠠᠵᠢᠯ ᠢ ᠨᠢᠬᠡ ᠴᠤᠬᠴᠠᠵᠢᠯᠠᠬᠰᠠᠨ︾ ᠤᠳᠤ ᠦᠶ᠎ᠡ ᠶᠢᠨ ᠲᠠᠷᠢᠶᠠᠯᠠᠩ ᠤᠨ ᠲᠦᠷᠤᠯ ᠵᠦᠢᠯ ᠢ ᠬᠡᠷᠡᠭᠵᠢᠬᠦᠯᠵᠠᠢ᠃     ᠭᠠᠴᠠᠭ᠎ᠠ ᠶᠢᠨ ᠲᠠᠷᠢᠶᠠᠴᠢᠨ ᠮᠠᠯᠴᠢᠳ ᠢᠶᠠᠨ ᠲᠤᠰ ᠺᠤᠮᠫᠠᠨᠢ ᠳᠤ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠪᠠᠨ ᠰᠢᠯᠵᠢᠬᠦᠯᠬᠦ ᠬᠡᠯᠪᠠᠷᠢ ᠪᠠᠷ ᠬᠤᠪᠢ ᠤᠷᠤᠭᠤᠯᠤᠨ ᠤᠷᠤᠯᠭ᠎ᠠ ᠲᠠᠢ ᠪᠤᠯᠭᠠᠬᠤ ᠶᠢᠨ ᠬᠠᠮᠳᠤ ᠭᠠᠴᠠᠭ᠎ᠠ ᠶᠢᠨ ᠬᠠᠮᠳᠤ ᠨᠠᠶᠢᠳᠡ ᠶᠢᠨ ᠠᠵᠤ ᠠᠬᠤᠢ ᠶᠢᠨ ᠤᠷᠤᠯᠭ᠎ᠠ ᠪᠠᠨ ᠴᠤ ᠨᠡᠮᠡᠭᠳᠡᠬᠦᠯᠵᠤ ᠴᠢᠳᠠᠵᠠᠢ᠃         ᠲᠤᠰ ᠭᠠᠴᠠᠭ᠎ᠠ ᠨᠢ 248 ᠡᠷᠤᠬᠡ 773 ᠬᠦᠮᠤᠨ ᠠᠮᠠ ᠲᠠᠢ᠃ ᠡᠬᠦᠨ ᠤ ᠲᠤᠳᠤᠷ᠎ᠡ ᠲᠠᠩᠰᠠ ᠡᠪᠬᠡᠮᠡᠯ ᠵᠤᠬᠢᠶᠠᠵᠤ ᠺᠠᠷᠲ ᠪᠠᠶᠢᠭᠤᠯᠤᠬᠰᠠᠨ ᠶᠠᠳᠠᠭᠤ ᠬᠦᠴᠢᠷᠳᠡᠢ ᠡᠷᠤᠬᠡ ᠨᠢ 32 ᠪᠠᠶᠢᠨ᠎ᠡ᠃ ᠤᠳᠤ 5 ᠡᠷᠤᠬᠡ 13 ᠬᠦᠮᠤᠨ ᠠᠮᠠ ᠨᠢ ᠶᠠᠳᠠᠭᠤ ᠠᠴᠠ ᠪᠠᠨ ᠠᠩᠬᠢᠵᠢᠷᠠᠵᠤ ᠪᠠᠶᠠᠵᠢᠯ ᠤᠨ ᠵᠠᠮ ᠳᠤ ᠤᠷᠤᠵᠠᠢ᠃         ᠪᠠᠢ ᠱᠤᠸᠡᠩ ᠪᠤᠤ ᠨᠦᠬᠦᠷ ᠡᠨᠡ ᠵᠢᠯ ᠤᠳᠤ ᠦᠶ᠎ᠡ ᠶᠢᠨ ᠳᠠᠷᠢᠶᠠᠯᠠᠩ᠂ ᠦᠷ᠎ᠡ ᠠᠰᠢᠭᠳᠤ ᠳᠠᠷᠢᠶᠠᠯᠠᠩ᠂ ᠤᠨᠴᠠᠯᠢᠬᠳᠤ ᠳᠠᠷᠢᠶᠠᠯᠠᠩ ᠤᠨ ᠦᠢᠯᠡᠳᠭᠦᠨ ᠢ ᠳᠠᠷᠢᠵᠤ ᠤᠷᠭᠤᠭᠤᠯᠵᠤ ᠵᠤᠭᠠᠴᠠᠨ ᠳᠡᠬᠦᠬᠦ ᠶᠢ ᠶᠡᠬᠡᠪᠡᠷ ᠬᠦᠭᠵᠢᠭᠦᠯᠵᠤ᠂ ᠬᠦᠳᠡᠭᠡ ᠳᠤᠰᠬᠤᠨ ᠤ ᠵᠤᠭᠠᠴᠠᠯ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠭᠦᠵᠤ᠂ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ ᠪᠠᠶᠠᠵᠢᠭᠤᠯᠤᠨ ᠴᠢᠨᠡᠬᠡᠯᠢᠭᠵᠢᠭᠦᠯᠵᠤ᠂ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠵᠤᠷᠢᠯᠭ᠎ᠠ ᠪᠠᠷ ᠲᠠᠬᠡᠳᠤ ᠱᠠᠳᠤᠨ ᠤ ᠬᠠᠮᠢᠶ᠎ᠡ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠤ ᠪᠠᠶᠢᠭᠠᠳ ᠤᠳᠤ ᠦᠶ᠎ᠡ ᠶᠢᠨ ᠢᠳᠡᠰᠢᠨ ᠨᠤᠭᠤᠭ᠎ᠠ ᠶᠢᠨ ᠬᠦᠯᠠᠮᠵᠢ ᠶᠢᠨ ᠵᠢᠱᠢᠶ᠎ᠡ ᠦᠵᠠᠬᠦᠯᠬᠦ ᠰᠠᠭᠤᠷᠢᠨ ᠭᠠᠵᠠᠷ ᠢ ᠡᠬᠦᠳᠬᠦ ᠲᠦᠷᠤᠯ ᠵᠦᠢᠯ ᠢ ᠭᠠᠴᠠᠭ᠎ᠠ ᠳᠠᠭᠠᠨ ᠤᠷᠤᠭᠤᠯᠵᠤ ᠠᠪᠴᠢᠷᠠᠬᠤ ᠪᠠᠷ ᠲᠦᠯᠤᠪᠯᠠᠨ ᠠᠵᠢᠯᠯᠠᠵᠤ ᠪᠤᠢ᠃ ᠡᠨᠡᠬᠦ ᠢᠳᠡᠰᠢᠨ ᠨᠤᠭᠤᠭ᠎ᠠ ᠶᠢᠨ ᠬᠦᠯᠠᠮᠵᠢ ᠶᠢ ᠨᠠᠶᠢᠳᠡ 3600 ᠮᠦ ᠲᠠᠯᠠᠪᠠᠢ ᠲᠠᠢ 600 ᠰᠠᠭᠤᠷᠢ ᠪᠠᠶᠢᠭᠤᠯᠵᠤ᠂ ᠨᠢᠬᠡ ᠬᠦᠯᠮᠠᠵᠢ ᠠᠴᠠ ᠨᠢᠬᠡ ᠵᠢᠯ ᠳᠤ 10 ᠲᠦᠮᠠᠨ ᠲᠦᠬᠦᠷᠢᠭ ᠤᠨ ᠤᠷᠤᠯᠭ᠎ᠠ ᠡᠬᠦᠳᠬᠦ ᠪᠠᠷ ᠲᠦᠯᠤᠪᠯᠠᠵᠤ ᠪᠤᠢ᠃ ᠬᠡᠷᠪᠠ ᠡᠨᠡᠬᠦ ᠲᠦᠷᠤᠯ ᠵᠦᠢᠯ ᠢ ᠤᠷᠤᠭᠤᠯᠵᠤ ᠠᠪᠴᠢᠷᠠᠪᠠᠯ ᠪᠦᠬᠦ ᠭᠠᠴᠠᠭ᠎ᠠ ᠶᠢᠨ ᠶᠠᠳᠠᠭᠤ ᠬᠦᠴᠢᠷᠳᠡᠢ ᠡᠷᠤᠬᠡ ᠶᠢ ᠶᠠᠳᠠᠭᠤ ᠠᠴᠠ ᠠᠩᠬᠢᠵᠢᠷᠠᠭᠤᠯᠵᠤ ᠲᠠᠶᠢᠯᠬᠦ ᠪᠠᠷ ᠪᠠᠷᠠᠬᠤ ᠦᠬᠡᠢ ᠭᠠᠴᠠᠭᠠᠨ ᠤ ᠦᠯᠠᠬᠦᠤ ᠬᠦᠳᠡᠯᠮᠤᠷᠢ ᠬᠦᠴᠤᠨ ᠳᠤ ᠠᠵᠢᠯ ᠤᠯᠭᠤᠵᠤ ᠠᠷᠠᠳ ᠤᠯᠠᠨ ᠤ ᠤᠷᠤᠯᠭ᠎ᠠ ᠶᠢ ᠶᠡᠬᠡᠪᠠᠷ ᠲᠡᠬᠡᠭᠰᠢᠯᠠᠬᠦᠯᠵᠤ ᠲᠠᠶᠢᠯᠬᠦ ᠪᠤᠯᠤᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号