ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠦᠢᠯᠡᠰ ᠪᠦᠳᠦᠭᠡᠵᠤ ᠠᠵᠢᠯ ᠤᠯᠭᠤᠬᠤ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2018/1/23
   ᠤᠢᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠳᠡᠭᠡ ᠳᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ︽ᠭᠤᠷᠪᠠᠨ ᠰᠠᠯᠪᠤᠷᠢ ᠪᠠᠩᠬᠢ︾᠎ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠬᠡᠷᠡᠭᠵᠢᠭᠦᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠵᠢᠭᠡᠯᠡᠯᠭᠡ ᠶᠢᠨ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠦᠷᠭᠡᠳᠭᠡᠵᠤ᠂ ᠠᠵᠢᠯ ᠤᠯᠵᠤ ᠦᠢᠯᠡᠰ ᠪᠦᠳᠦᠭᠡᠭᠴᠢᠳ ᠪᠠ ᠨᠤᠳᠤᠭ ᠲᠠᠭᠠᠨ ᠪᠤᠴᠠᠭᠰᠠᠨ ᠬᠦᠯᠦᠰᠦᠨ ᠳᠠᠷᠢᠶᠠᠴᠢᠳ ᠤᠨ ᠢᠳᠡᠭᠡᠮᠵᠢᠳᠤ ᠵᠢᠭᠡᠯᠡᠯᠭᠡ ᠶᠢᠨ ᠱᠠᠭᠠᠷᠳᠠᠯᠭ᠎ᠠ ᠶᠢ ᠬᠠᠮᠤᠭ ᠶᠡᠭᠡ ᠬᠡᠮᠵᠢᠶ᠎ᠡ ᠪᠠᠷ ᠬᠠᠩᠭᠠᠵᠦ᠂ ︽ᠪᠦᠭᠦᠳᠡᠬᠡᠷ ᠢᠶᠠᠨ ᠦᠢᠯᠡᠰ ᠪᠦᠳᠦᠭᠡᠵᠤ᠂ ᠤᠯᠠᠨ ᠢᠶᠠᠷ ᠢᠶᠠᠨ ᠰᠢᠨ᠎ᠡ ᠶᠢ ᠡᠭᠦᠳᠬᠦ︾᠎ ᠳᠤ ᠬᠦᠴᠦᠨ ᠪᠦᠬᠦᠢ ᠮᠦᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ ᠪᠠᠶᠢᠨ᠎ᠠ᠃        — ᠬᠠᠮᠳᠤᠷᠠᠯ ᠤᠨ ᠭᠡᠪ ᠵᠠᠭᠪᠤᠷ ᠢ ᠪᠠᠶᠢᠭᠤᠯᠵᠦ ᠪᠤᠢ᠃ ᠳᠤᠰ ᠢᠳᠡᠭᠡᠮᠵᠢᠳᠤ ᠬᠤᠯᠪᠤᠭᠠᠳᠤ ᠬᠤᠷᠰᠢᠶ᠎ᠠ ᠬᠤᠰᠢᠭᠤᠨ ᠤ ᠡᠪᠯᠡᠯ ᠤᠨ ᠬᠤᠷᠢᠶ᠎ᠠ᠂ ᠠᠵᠢᠯ ᠤᠯᠭᠤᠬᠤ ᠳᠤᠪᠴᠢᠶ᠎ᠠ᠂ ᠡᠮᠡᠭᠳᠡᠶᠢᠴᠤᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠤᠨᠴᠠᠭᠠᠢ ᠬᠦᠮᠦᠰ ᠤᠨ ᠪᠡᠯᠡ ᠮᠦᠩᠬᠦ ᠶᠢᠨ ᠱᠠᠭᠠᠷᠳᠠᠯᠭ᠎ᠠ ᠶᠢ ᠡᠵᠡᠮᠳᠡᠵᠤ᠂ ᠡᠷᠦᠬᠡ ᠳᠤ ᠬᠦᠷᠴᠤ ᠪᠠᠶᠢᠴᠠᠭᠠᠯᠳᠠ ᠬᠢᠵᠤ᠂ ᠬᠤᠪᠢ ᠬᠦᠮᠦᠨ ᠤ ᠢᠳᠡᠭᠡᠮᠵᠢ ᠶᠢᠨ ᠳᠠᠩᠰᠠ ᠡᠪᠬᠡᠮᠡᠯ ᠪᠠᠶᠢᠭᠤᠯᠤᠨ᠂ ᠬᠠᠨᠳᠤᠯᠭᠠᠳᠤ ᠴᠢᠨᠠᠷ ᠲᠠᠢ ᠪᠠᠷ ᠪᠡᠯᠡ ᠮᠦᠩᠬᠦ ᠶᠢᠨ ᠳᠡᠳᠭᠦᠯᠭᠡ ᠦᠵᠡᠭᠦᠯᠵᠡᠢ᠃ ᠪᠠᠰᠠ ᠵᠠᠰᠠᠭ ᠤᠨ ᠤᠷᠳᠤᠨ ᠲᠠᠢ ᠮᠦᠩᠭᠦᠨ ᠭᠦᠢᠯᠭᠡᠭᠡᠨ ᠤ ᠬᠠᠮᠵᠢᠯᠴᠠᠭᠠᠨ ᠤ ᠭᠡᠷ᠎ᠡ ᠳᠤᠭᠳᠠᠵᠤ᠂ ᠠᠶᠤᠯ ᠲᠦᠭᠰᠢᠭᠦᠷᠢ ᠶᠢ ᠬᠠᠮᠳᠤᠪᠠᠷ ᠡᠭᠦᠷᠭᠡᠯᠡᠬᠦ ᠬᠠᠮᠵᠢᠯᠴᠠᠭᠠᠨ ᠤ ᠭᠡᠪ ᠵᠠᠬᠪᠤᠷ ᠢ ᠪᠠᠶᠢᠭᠤᠯᠤᠨ᠂ ᠠᠵᠢᠯ ᠡᠷᠢᠵᠦ ᠦᠢᠯᠡᠰ ᠪᠦᠳᠦᠭᠡᠭᠴᠢᠳ ᠪᠠ ᠨᠤᠳᠤᠭ ᠲᠠᠭᠠᠨ ᠪᠤᠴᠠᠭᠰᠠᠨ ᠬᠦᠯᠦᠰᠦᠨ ᠳᠠᠷᠢᠶᠠᠴᠢᠳ ᠲᠤ ᠦᠢᠯᠡᠰ ᠪᠦᠳᠦᠭᠡᠬᠦ ᠵᠢᠭᠡᠯᠡᠯᠭᠡ ᠬᠠᠩᠭᠠᠬᠤ ᠶᠢᠨ ᠬᠠᠮᠳᠤ ᠬᠦᠤ ᠮᠦᠩᠭᠦ ᠶᠢᠨ ᠨᠤᠷᠮ᠎ᠠ ᠶᠢᠨ ᠬᠠᠷᠠᠭᠠᠯᠵᠠᠯ ‍ᠦᠵᠡᠭᠦᠯᠵᠦ ᠪᠤᠢ᠃        — ᠡᠵᠡᠩᠨᠡᠨ ᠪᠤᠷᠤᠯᠠᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ ᠪᠤᠢ᠃ ︽ᠮᠦᠩᠭᠦᠨ ᠭᠦᠢᠯᠭᠡᠭᠡᠨ ᠤ ᠮᠡᠳᠡᠯᠭᠡ ᠶᠢ ᠬᠦᠳᠡᠭᠡ ᠬᠦᠷᠭᠡᠬᠦ︾ ᠵᠡᠷᠭᠡ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠤ᠂ ᠦᠢᠯᠡᠰ ᠪᠦᠳᠦᠭᠡᠭᠴᠢᠳ ᠪᠠ ᠨᠤᠳᠤᠭ ᠲᠠᠭᠠᠨ ᠪᠤᠴᠠᠭᠰᠠᠨ ᠬᠦᠯᠦᠰᠦᠨ ᠳᠠᠷᠢᠶᠠᠴᠢᠳ ᠲᠤ ᠮᠦᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ᠂ ᠦᠢᠯᠡᠰ ᠪᠦᠳᠦᠭᠡᠬᠦ ᠠᠶᠤᠯ ᠲᠦᠭᠰᠢᠭᠦᠷᠢ ᠶᠢ ᠦᠨᠡᠯᠡᠨ ᠳᠤᠭᠳᠠᠭᠠᠬᠤ᠂ ᠮᠦᠩᠭᠦᠨ ᠭᠦᠢᠯᠭᠡᠭᠡᠨ ᠤ ᠠᠰᠠᠭᠤᠨ ᠯᠠᠪᠯᠠᠯᠳᠠ ᠬᠢᠬᠦ ᠵᠡᠷᠭᠡ ᠨᠢᠭᠡ ᠵᠤᠷᠪᠤᠰᠯᠠᠭᠰᠠᠨ ᠦᠢᠯᠡᠴᠢᠯᠡᠭᠡ ᠶᠢ ᠬᠠᠩᠭᠠᠵᠤ᠂ ᠪᠡᠶ᠎ᠡ ᠳᠤ ᠨᠢ ᠳᠤᠬᠢᠷᠠᠭᠰᠠᠨ ᠡᠯ᠎ᠡ ᠳᠦᠷᠦᠯ ᠤᠨ ᠮᠦᠩᠭᠦᠨ ᠭᠦᠢᠯᠭᠡᠭᠡᠨ ᠤ ᠦᠢᠯᠡᠳᠭᠦᠨ ᠢ ᠳᠠᠨᠢᠯᠴᠠᠭᠤᠯᠵᠤ᠂ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠵᠦ ᠪᠠᠶᠢᠨ᠎ᠠ᠃        — ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠬᠠᠩᠭᠠᠵᠦ ᠪᠤᠢ᠃ ᠵᠢᠭᠡᠯᠡᠯᠭᠡ ᠶᠢᠨ ︽ᠰᠠᠭᠠᠳ ᠦᠭᠡᠢ ᠨᠡᠪᠳᠡᠷᠡᠬᠦ ᠵᠠᠮ︾᠎ ᠢ ᠨᠡᠭᠡᠭᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ︽ᠨᠢᠭᠡ ᠦᠷᠳᠡᠭᠡ ᠶᠢᠨ ᠬᠡᠯᠪᠡᠷᠢ︾᠎ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠵᠢᠭᠡᠯᠡᠯᠭᠡ ᠭᠦᠢᠴᠡᠳᠭᠡᠬᠦ ᠭᠠᠷ ᠭᠦᠢᠴᠡᠳᠭᠡᠯ ᠢ ᠬᠢᠯᠪᠡᠷᠴᠢᠯᠠᠵᠤ᠂ ᠬᠢᠨᠠᠨ ᠵᠦᠪᠰᠢᠶᠡᠷᠡᠬᠦ ᠦᠷ᠎ᠡ ᠠᠰᠢᠭ ᠢ ᠳᠡᠭᠡᠭᠰᠢᠯᠡᠭᠦᠯᠦᠨ᠂ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠵᠤ᠂ ᠨᠢᠭᠡ ᠪᠦᠯᠦᠭ ᠠᠵᠢᠯ ᠡᠷᠢᠵᠦ ᠦᠢᠯᠡᠰ ᠪᠦᠳᠦᠭᠡᠭᠴᠢᠳ ᠪᠠ ᠨᠤᠳᠤᠭ ᠲᠠᠭᠠᠨ ᠪᠤᠴᠠᠭᠰᠠᠨ ᠬᠦᠯᠦᠰᠦᠨ ᠳᠠᠷᠢᠶᠠᠴᠢᠳ ᠤᠨ ᠦᠪᠡᠷᠳᠡᠭᠡᠨ ᠦᠢᠯᠡᠰ ᠪᠦᠳᠦᠭᠡᠬᠦ ᠶᠢ ᠳᠠᠶᠢᠴᠢᠯᠠᠵᠠᠢ᠃                        ︵ᠬᠠᠨ ᠶᠢᠩ ᠶᠢᠩ︶
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号