ᠵᠠᠰᠠᠭ ᠤᠨ ᠣᠷᠳᠣᠨ ᠤ ᠠᠵᠢᠯ ᠤᠨ ᠢᠯᠡᠳᠬᠡᠯ ︵2012 ᠤᠨ︶ ︵8︶
ᠨᠡᠶᠢᠲᠡᠯᠡᠭᠰᠡᠨ ᠴᠠᠭ᠄
2018/1/23
    ︵ᠲᠣᠯᠤᠭ᠎ᠠ︶ ᠭᠤᠶᠢᠪᠠᠰᠢ ᠦᠬᠡᠢ ᠪᠠᠷ ᠵᠠᠰᠠᠭ ᠪᠠᠷᠢᠵᠤ ᠠᠷᠠᠳ ᠲᠤ ᠦᠢᠯᠡᠴᠢᠯᠡᠬᠦ ᠣᠶᠢᠯᠠᠭᠠᠭᠳᠠᠬᠤᠨ ᠢ ᠴᠢᠩᠭᠠᠷᠠᠭᠤᠯᠵᠤ᠂ ᠬᠠᠮᠢᠶᠠᠷᠤᠯᠳᠠ ᠰᠢᠨ᠎ᠡ ᠶᠢ ᠡᠬᠦᠳᠬᠦ ᠳᠡᠭᠡᠷ᠎ᠡ ᠰᠢᠨ᠎ᠡ ᠰᠢᠪᠲᠤᠯᠤᠯᠲᠠ ᠲᠠᠢ ᠪᠤᠯᠤᠨ᠎ᠠ     ᠲᠦᠯᠦᠭᠡᠯᠡᠭᠴᠢᠳ ᠡ᠂ ᠡᠨᠡ ᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ  ᠨᠢ ᠵᠠᠰᠠᠭ ᠤᠨ ᠣᠷᠳᠣᠨ ᠤ ᠠᠵᠢᠯ ᠳᠤ ᠰᠢᠨ᠎ᠡ ᠨᠡᠩ ᠦᠨᠳᠦᠷ ᠱᠠᠭᠠᠷᠳᠠᠯᠭ᠎ᠠ ᠶᠢ ᠲᠣᠷᠠᠳᠴᠠᠢ᠃ ᠬᠤᠰᠢᠭᠤᠨ ᠤ ᠵᠠᠰᠠᠭ ᠤᠨ ᠣᠷᠳᠣᠨ ᠬᠡᠷᠡᠭᠵᠢᠭᠦᠯᠬᠦ ᠬᠦᠴᠦᠨ ᠢᠶᠠᠨ ᠣᠯᠠᠮ ᠨᠢᠭᠡ ᠠᠯᠬᠤᠮ ᠨᠡᠮᠡᠭᠳᠡᠬᠦᠯᠵᠤ᠂ ᠠᠷᠠᠳ ᠲᠦᠮᠡᠨ ᠤ ᠬᠠᠨᠣᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃     ᠠᠷᠢᠭᠤᠨ ᠴᠢᠭᠡᠴᠢ ᠪᠠᠷ ᠵᠠᠰᠠᠭ ᠪᠠᠷᠢᠬᠤ ᠲᠣᠮᠳᠠ ᠰᠣᠷᠲᠠᠯ ᠢ ᠢᠯᠡᠷᠡᠭᠦᠯᠦᠨ᠎ᠡ᠃ ︽ᠨᠠᠷᠠᠨ ᠭᠡᠷᠡᠯᠳᠦ ᠵᠠᠰᠠᠭ  ᠤᠨ ᠣᠷᠳᠣᠨ︾ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠵᠦ᠂ ᠣᠯᠠᠨ ᠨᠡᠶᠢᠳᠡ ᠶᠢᠨ ᠡᠬᠢ ᠰᠣᠷᠪᠣᠯᠵᠢ  ᠶᠢᠨ ᠬᠠᠮᠢᠶᠠᠷᠣᠯᠳᠠ ᠶᠢᠨ ᠡᠷᠬᠡ ᠶᠢᠨ ᠠᠵᠢᠯᠯᠠᠭᠠᠨ ᠢ ᠴᠢᠩᠭ᠎ᠠ ᠲᠦᠷᠢᠮᠵᠢᠭᠦᠯᠦᠨ᠎ᠡ᠃ ᠪᠠᠶᠢᠭᠤᠯᠭ᠎ᠠ ᠶᠢᠨ ᠦᠷ᠎ᠡ ᠪᠦᠲᠦᠮᠵᠢ ᠶᠢᠨ ᠴᠢᠳᠠᠪᠦᠷᠢ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠵᠠᠰᠠᠭ ᠤᠨ ᠶᠠᠪᠣᠳᠠᠯ ᠤᠨ ᠰᠣᠷᠳᠠᠯ᠂ ᠠᠵᠢᠯ ᠲᠦᠷᠦᠯ ᠤᠨ ᠰᠣᠷᠳᠠᠯ ᠢ ᠠᠷᠠᠳᠴᠢᠯᠠᠯ ᠢᠶᠠᠷ ᠵᠦᠪᠯᠡᠯᠳᠦᠬᠦ ᠶᠢ ᠦᠷᠬᠦᠯᠵᠢᠯᠡᠨ ᠠᠬᠢᠭᠤᠯᠵᠤ᠂ ᠺᠠᠳ᠋ᠷ ᠠᠵᠢᠯᠳᠠᠳ ᠤᠨ ᠠᠵᠢᠯ ᠤᠨ ᠰᠣᠷᠳᠠᠯ ᠢ ᠲᠦᠪᠯᠡᠬᠦᠨ ᠪᠤᠯᠭᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢᠨ ᠴᠢᠳᠠᠪᠦᠷᠢ ᠶᠢ ᠳᠡᠭᠡᠭᠰᠢᠯᠡᠬᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠵᠡᠷᠭᠡ ᠬᠤᠯᠪᠣᠭᠳᠠᠯ ᠪᠦᠬᠦᠢ ᠲᠣᠭᠳᠠᠭᠠᠯ  ᠢ ᠪᠠᠳᠣᠲᠠᠢ ᠠᠬᠢᠭᠤᠯᠵᠦ᠂ ᠬᠦᠨᠳᠦ ᠶᠡᠭᠡ ᠬᠡᠷᠡᠭ ᠶᠠᠪᠣᠳᠠᠯ ᠤᠨ ᠵᠦᠢᠯ ᠢ ᠪᠠᠳᠣᠯᠠᠬᠤ᠂ ᠠᠰᠠᠭᠤᠨ ᠰᠣᠷᠠᠭᠯᠠᠬᠤ ᠲᠦᠷᠢᠮ ᠢ ᠲᠡᠭᠦᠯᠲᠡᠷᠵᠢᠭᠦᠯᠦᠨ᠎ᠡ᠃ ᠨᠠᠮ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠭᠦᠯᠵᠦ᠂ ᠰᠣᠷᠭᠠᠨ ᠬᠦᠮᠦᠵᠢᠯ᠂ ᠬᠢᠨᠠᠯᠳᠠ ᠲᠠᠯᠪᠢᠬᠤ ᠶᠢ ᠬᠠᠮᠲᠤ ᠳᠤ ᠨᠢ ᠴᠢᠬᠤᠯᠠᠴᠢᠯᠠᠵᠦ᠂ ᠢᠯᠵᠢᠷᠠᠯ ᠢ ᠡᠰᠡᠷᠭᠦᠴᠡᠬᠦ ᠶᠠᠯᠠᠯᠠᠨ ᠰᠢᠢᠳᠭᠡᠬᠦ ᠰᠢᠰᠲ᠋ᠧᠮᠵᠢ ᠶᠢᠨ ᠪᠠᠶᠢᠭᠤᠯᠣᠯᠳᠠ ᠶᠢ ᠠᠬᠢᠭᠤᠯᠵᠦ᠂ ᠣᠭ ᠡᠬᠢ ᠠᠴᠠ  ᠨᠢ ᠢᠯᠵᠢᠷᠠᠯ ᠢ ᠰᠡᠷᠭᠡᠶᠢᠯᠡᠵᠦ᠂ ᠢᠨᠵᠧᠨᠧᠷᠢᠩ ᠤᠨ ᠬᠡᠪᠴᠢᠶᠡᠨ ᠤ ᠲᠣᠰᠬᠠᠢ ᠵᠦᠢᠯ ᠤᠨ ᠵᠠᠰᠠᠨ ᠴᠡᠭᠴᠡᠯᠡᠯᠳᠡ ᠶᠢ ᠴᠢᠩᠭᠠᠳᠬᠠᠵᠦ᠂ ᠣᠯᠠᠨ ᠲᠦᠮᠡᠨ ᠤ ᠡᠷᠬᠡ ᠠᠰᠢᠭ ᠢ ᠬᠤᠬᠢᠷᠠᠭᠤᠯᠣᠭᠰᠡᠨ ᠮᠠᠭᠤ ᠰᠣᠷᠳᠠᠯ ᠢ ᠬᠤᠷᠢᠭᠯᠠᠨ᠎ᠠ᠃      ᠬᠠᠣᠯᠢ ᠶᠣᠰᠣᠭᠠᠷ ᠵᠠᠰᠠᠭ ᠪᠠᠷᠢᠬᠤ ᠲᠣᠮᠳᠠ ᠲᠦᠷᠢᠮᠵᠢᠯ ᠢ ᠢᠯᠡᠷᠡᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠡᠷᠡᠰ ᠴᠢᠩᠭ᠎ᠠ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠭᠠᠷ ᠬᠢᠨᠠᠯᠲᠠ ᠲᠠᠯᠪᠢᠬᠤ᠂ ᠣᠯᠣᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠣ ᠬᠢᠨᠠᠯᠲᠠ ᠶᠢ ᠬᠥᠯᠢᠶᠡᠵᠥ᠂ ᠠᠷᠠᠳ ᠤᠨ ᠲᠥᠯᠥᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠰᠠᠭ ᠵᠠᠬᠢᠷᠭᠠᠨ  ᠤ ᠵᠠᠭᠠᠯᠳᠤᠯᠭ᠎ᠠ ᠶᠢ ᠬᠦᠯᠢᠶᠡᠬᠦ ᠠᠵᠢᠯ ᠢ ᠴᠢᠩᠭᠠᠳᠬᠠᠨ᠎ᠠ᠃ ᠬᠢᠨᠠᠨ ᠪᠠᠶᠢᠴᠠᠭᠠᠬᠤ᠂ ᠬᠢᠨᠠᠨ ᠪᠤᠳᠤᠯᠲᠠ ᠶᠢᠨ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠠᠰᠠᠭᠤᠨ ᠬᠠᠷᠢᠭᠤᠴᠠᠬᠤ ᠪᠠ ᠵᠠᠰᠠᠭ ᠤᠨ ᠶᠠᠪᠤᠳᠠᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠬᠢᠷᠢ ᠪᠦᠲᠦᠮᠵᠢ ᠶᠢᠨ ᠰᠢᠯᠭᠠᠨ ᠲᠤᠭᠲᠠᠭᠠᠵᠤ ᠦᠨᠡᠯᠡᠯᠲᠡ ᠬᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠪᠠ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠡᠯᠧᠺᠲᠷᠥᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠵᠠᠰᠠᠭ ᠤᠨ ᠤᠷᠳᠤᠨ ᠤ ᠠᠵᠢᠯ ᠪᠠ ᠡᠷᠬᠡ ᠶᠢᠨ ᠠᠵᠢᠯᠯᠠᠭᠠᠨ  ᠤ ᠨᠡᠪᠲᠡ ᠬᠠᠷᠠᠭᠳᠠᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠠᠰᠠᠭ ᠤᠨ ᠤᠷᠳᠤᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢᠨ ᠦᠨᠳᠦᠰᠦᠨ ᠠᠭᠤᠯᠭ᠎ᠠ ᠪᠤᠯᠭᠠᠵᠤ᠂ ᠵᠠᠰᠠᠭ ᠵᠠᠬᠢᠷᠭᠠᠨ ᠤ ᠡᠷᠬᠡ ᠶᠢᠨ ᠢᠯᠡ ᠪᠤᠯᠭᠠᠵᠤ ᠨᠡᠪᠲᠡ ᠬᠠᠷᠠᠭᠳᠠᠬᠤ ᠠᠵᠢᠯᠯᠠᠭᠠᠨ ᠢ ᠠᠬᠢᠭᠤᠯᠵᠤ᠂ ᠤᠯᠠᠨ ᠲᠦᠮᠡᠨ ᠤ ᠤᠯᠠᠨ ᠨᠡᠶᠢᠲᠡ ᠶᠢᠨ ᠰᠤᠷᠠᠭ ᠴᠢᠮᠡᠭᠡ ᠶᠢ ᠤᠶᠢᠯᠠᠭᠠᠬᠤ ᠠᠷᠭ᠎ᠠ ᠵᠠᠮ   ᠢ ᠰᠠᠭᠠᠳ ᠦᠭᠡᠢ  ᠪᠤᠯᠭᠠᠵᠤ᠂ ᠤᠯᠠᠨ ᠲᠦᠮᠡᠨ ᠤ ᠪᠠᠶᠢᠳᠠᠯ ᠢ ᠣᠶᠢᠯᠭᠠᠬᠤ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠥᠨᠡᠨᠬᠦ ᠪᠠᠲᠣᠯᠠᠨ᠎ᠠ᠃      ᠥᠢᠯᠡᠴᠢᠯᠡᠭᠡ ᠪᠠᠨ ᠴᠢᠩᠭᠠᠳᠬᠠᠬᠤ ᠳᠣᠮᠳᠠ ᠬᠠᠷᠢᠭᠤᠴᠠᠯᠭ᠎ᠠ ᠪᠠᠨ ᠢᠯᠡᠷᠡᠭᠦᠯᠥᠨ᠎ᠡ᠃ ᠭᠡᠨᠡᠳᠲᠡ ᠶᠢᠨ ᠪᠠᠶᠢᠳᠠᠯ ᠠᠴᠠ ᠡᠭᠦᠰᠥᠭᠰᠡᠨ ᠬᠡᠷᠡᠭ ᠶᠠᠪᠣᠳᠠᠯ᠂ ᠬᠥᠨᠳᠥ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠲᠣᠭᠲᠠᠴᠠ  ᠶᠢ ᠲᠡᠭᠦᠯᠳᠡᠷᠵᠢᠭᠦᠯᠵᠥ᠂ ᠪᠠᠴᠢᠮ ᠪᠠᠶᠢᠳᠠᠯ ᠢ ᠠᠷᠭᠠᠴᠠᠭᠠᠨ ᠰᠶᠢᠳᠪᠥᠷᠢᠯᠡᠬᠦ ᠴᠢᠳᠠᠪᠣᠷᠢ ᠪᠠᠨ ᠳᠡᠭᠡᠭᠰᠢᠯᠡᠭᠦᠯᠥᠨ᠎ᠡ᠃ ᠠᠵᠢᠯ ᠥᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠡᠬᠢᠯᠡᠬᠦᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠪ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠲᠡᠷᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠶᠠᠰᠣ ᠴᠢᠨᠠᠷ ᠤᠨ ᠳᠡᠭᠡᠭᠰᠢᠯᠡᠬᠦᠯᠦᠯᠲᠡ ᠶᠢ ᠲᠦᠷᠭᠡᠳᠭᠡᠨ᠎ᠡ᠃ ᠣᠯᠠᠨ ᠲᠥᠮᠡᠨ ᠳᠤ ᠬᠤᠯᠪᠣᠭᠳᠠᠭᠰᠠᠨ᠂ ᠠᠵᠣ ᠠᠬᠤᠶᠢᠯᠠᠯ ᠳᠤ ᠬᠤᠯᠪᠣᠭᠳᠠᠭᠰᠠᠨ ᠥᠢᠯᠡᠴᠢᠯᠡᠭᠡᠨ ᠤ ᠰᠠᠯᠠᠭ᠎ᠠ ᠮᠥᠴᠢᠷ ᠤᠨ ᠰᠣᠷᠲᠠᠯ ᠤᠨ ᠪᠠᠶᠢᠭᠤᠯᠣᠯᠲᠠ ᠶᠢ ᠶᠡᠬᠡᠪᠡᠷ ᠴᠢᠩᠭᠠᠳᠬᠠᠵᠣ᠂ ᠥᠢᠯᠡᠴᠢᠯᠡᠭᠡᠨ ᠤ ᠶᠠᠰᠣ ᠴᠢᠨᠡᠷ ᠢ ᠳᠡᠭᠡᠭᠰᠢᠯᠡᠭᠦᠯᠥᠨ᠂ ᠥᠢᠯᠡᠴᠢᠯᠡᠭᠡᠨ ᠤ ᠬᠡᠯᠪᠡᠷᠢ ᠪᠠᠨ ᠬᠠᠯᠠᠨ ᠰᠠᠶᠢᠵᠢᠷᠠᠭᠤᠯᠵᠣ᠂ ᠠᠵᠣ ᠠᠬᠤᠶᠢᠯᠠᠯ ᠤᠨ ᠬᠥᠴᠢᠷᠳᠡᠯ   ᠢ ᠥᠨᠡᠨᠬᠦ ᠰᠶᠢᠳᠪᠥᠷᠢᠯᠡᠵᠥ᠂ ᠠᠷᠠᠳ ᠲᠥᠮᠡᠨ ᠳᠤ ᠪᠣᠳᠠᠲᠣ ᠶᠠᠪᠣᠳᠠᠯ ᠬᠢᠵᠥ ᠥᠭᠭᠦᠨ᠎ᠡ᠃ ᠰᠣᠮᠣ ᠪᠠᠯᠭᠠᠰᠣᠨ ᠤ ᠠᠷᠠᠳ ᠲᠤ ᠳᠥᠭᠦᠮ ᠥᠵᠡᠭᠦᠯᠬᠦ ᠥᠢᠯᠡᠴᠢᠯᠡᠭᠡᠨ ᠤ ᠲᠥᠪ ᠢ 3 ᠪᠠᠶᠢᠭᠤᠯᠣᠨ᠎ᠠ᠃ ᠭᠠᠴᠠᠭ᠎ᠠ ᠶᠢᠨ ᠵᠥᠪᠯᠡᠯ ᠤᠨ ᠬᠤᠭᠤᠴᠠᠭ᠎ᠠ ᠰᠣᠯᠢᠬᠤ ᠰᠤᠩᠭᠤᠯᠲᠠ ᠶᠢᠨ ᠠᠵᠢᠯ ᠢ ᠰᠠᠶᠢᠲᠣᠷ ᠬᠢᠨ᠎ᠠ᠃      ᠲᠦᠯᠦᠭᠡᠯᠡᠭᠴᠢᠳ ᠡ᠂  ᠰᠢᠨ᠎ᠡ ᠨᠢᠬᠡᠨ ᠵᠢᠯ ᠳᠤ᠂ ᠬᠠᠷᠠᠯᠲᠠ ᠨᠢᠭᠡᠨᠲᠡ ᠲᠣᠭᠳᠠᠵᠦ᠂ ᠡᠭᠦᠷᠭᠡ ᠨᠡᠩ ᠬᠦᠨᠳᠦ ᠪᠡᠷᠭᠡ᠃  ᠪᠢᠳᠡ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠤᠯᠭ᠎ᠠ ᠳᠤᠤᠷ᠎ᠠ᠂ ᠢᠳᠡᠭᠡᠯ ᠢᠶᠠᠨ ᠬᠦᠪᠴᠢᠯᠡᠨ᠂ ᠪᠦᠯᠬᠦᠮᠳᠡᠨ ᠠᠵᠢᠯᠯᠠᠵᠦ᠂ ᠬᠦᠴᠢᠷᠲᠡᠯ ᠢ ᠢᠯᠡᠵᠦ᠂ ᠰᠢᠷᠭᠠᠭᠤ ᠲᠡᠮᠡᠴᠡᠵᠦ᠂ ︽ᠠᠷᠪᠠᠨ ᠬᠤᠶᠠᠳᠣᠭᠠᠷ ᠲᠠᠪᠣᠨ ᠵᠢᠯ︾ ᠤᠨ ᠬᠠᠷᠠᠯᠳᠡ ᠪᠠᠨ ᠪᠡᠶᠡᠯᠡᠭᠦᠯᠬᠦ ᠪᠠᠷ ᠴᠢᠷᠮᠠᠶᠢᠨ ᠲᠡᠮᠡᠴᠡᠶ᠎ᠡ︕
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号