ᠵᠠᠰᠠᠭ ᠤᠨ ᠤᠷᠳᠤᠨ ᠤ ᠠᠵᠢᠯ ᠤᠨ ᠢᠯᠡᠳᠭᠡᠯ ︵2012 ᠤᠨ︶ ︵7︶
ᠨᠡᠶᠢᠲᠡᠯᠡᠭᠰᠡᠨ ᠴᠠᠭ᠄
2018/1/23
    ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠣᠯᠳᠠ ᠶᠢ ᠴᠢᠩᠭᠠᠳᠬᠠᠨ᠎ᠠ᠃  ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠳᠤᠭᠳᠠᠭᠤᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠳᠤᠷᠰᠢᠯᠲᠠ ᠶᠢᠨ ᠴᠡᠭ  ᠤᠨ ᠠᠵᠢᠯ ᠢ ᠴᠢᠩᠭᠠᠳᠬᠠᠵᠤ᠂ ᠡᠮ ᠤᠨ ᠵᠦᠢᠯ ᠤᠨ ᠦᠨ᠎ᠡ ᠶᠢ ᠵᠦᠷᠢᠶ᠎ᠡ ᠦᠭᠡᠢ ᠪᠠᠷ ᠪᠤᠷᠣᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠰᠢᠨ᠎ᠡ ᠮᠠᠶ᠋ᠢᠭ ᠤᠨ ᠬᠦᠳᠡᠭᠡ ᠲᠣᠰᠬᠤᠨ ᠮᠠᠯᠵᠢᠬᠤ ᠣᠷᠣᠨ ᠤ ᠬᠤᠷᠰᠢᠭᠰᠡᠨ ᠡᠮ ᠡᠮᠨᠡᠯᠭᠡ ᠶᠢᠨ ᠪᠠᠳᠣᠯᠠᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠣᠷᠣᠯᠴᠠᠭᠰᠠᠨ ᠨᠤᠷᠮ᠎ᠠ ᠶᠢ 90% ᠠᠴᠠ ᠳᠡᠭᠡᠭᠰᠢ ᠬᠦᠷᠭᠡᠨ᠎ᠡ᠃ ᠮᠠᠯᠴᠢᠨ ᠲᠠᠷᠢᠶᠠᠴᠢᠳ ᠤᠨ ᠡᠮᠨᠡᠯᠬᠡ ᠳᠤ ᠰᠠᠭᠤᠨ ᠳᠠᠩᠰᠠ ᠳᠠᠶᠢᠯᠬᠤ ᠬᠠᠷᠢᠴᠠᠯ ᠢ ᠳᠡᠭᠡᠭᠰᠢᠯᠡᠬᠦᠯᠵᠤ᠂ ᠠᠶᠢᠮᠠᠭ ᠤᠨ ᠳᠣᠳᠣᠷ᠎ᠠ ᠬᠤᠷᠰᠢᠭᠰᠡᠨ ᠡᠮ ᠡᠮᠨᠡᠯᠭᠡ ᠶᠢᠨ ᠨᠢᠬᠡ ᠺᠠᠷᠲ ᠨᠡᠪᠲᠡᠷᠡᠬᠦ ᠶᠢ ᠬᠡᠷᠡᠭᠵᠢᠬᠦᠯᠦᠨ᠎ᠡ᠃  ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠮᠤᠩᠭᠤᠯ ᠡᠮ ᠡᠮᠨᠡᠯᠭᠡ ᠶᠢᠨ ᠰᠣᠳᠣᠯᠤᠯᠲᠠ ᠶᠢᠨ ᠦᠷ᠎ᠡ ᠪᠦᠲᠦᠭᠡᠯ ᠢ ᠳᠤᠰᠬᠠᠢ ᠠᠰᠢᠭ ᠤᠨ ᠡᠷᠬᠡ ᠶᠢ ᠭᠤᠶᠤᠴᠢᠯᠠᠨ ᠮᠡᠳᠡᠬᠦᠯᠬᠦ ᠶᠢ ᠴᠢᠩᠭᠠᠳᠬᠠᠵᠤ᠂ ᠰᠢᠶᠠᠩᠭᠠᠩ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠶᠠᠳᠠᠭᠤ ᠶᠢ ᠳᠡᠳᠬᠦᠬᠦ ᠡᠮᠨᠡᠯᠬᠡ ᠶᠢᠨ ᠬᠤᠷᠢᠶᠠᠨ ᠤ ᠳᠠᠷᠣᠭᠠᠰᠤ ᠶᠢ ᠬᠦᠩᠭᠡᠷᠡᠬᠦᠯᠬᠦ ᠲᠦᠷᠦᠯ ᠵᠦᠢᠯ ᠢ ᠲᠡᠮᠡᠴᠡᠵᠦ᠂ ᠡᠷᠡᠬᠦᠯ ᠬᠠᠮᠠᠭᠠᠯᠠᠯ ᠤᠨ ᠬᠢᠨᠠᠯᠲᠠ ᠳᠠᠯᠪᠢᠬᠤ ᠰᠠᠯᠪᠣᠷᠢ ᠶᠢᠨ ᠬᠢᠨᠠᠨ ᠪᠠᠶᠢᠴᠠᠭᠠᠬᠤ ᠨᠦᠬᠦᠴᠡᠯ ᠢ ᠰᠠᠶᠢᠵᠢᠷᠠᠭᠤᠯᠵᠤ᠂ ᠭᠤᠤᠯ ᠤᠨ ᠪᠠᠶᠢᠰᠢᠩ ᠪᠠᠯᠭᠠᠰᠤ᠂ ᠲᠦᠷᠦᠯᠵᠢ ᠪᠠᠯᠭᠠᠰᠤᠨ ᠤ ᠭᠤᠤᠯ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠡᠪᠡᠳᠴᠢᠨ ᠤ ᠳᠠᠰᠤᠭ ᠤᠨ ᠠᠰᠠᠷ ᠢ ᠦᠷᠬᠡᠳᠭᠡᠨ ᠪᠠᠶᠢᠭᠤᠯᠤᠨ᠎ᠠ᠃ ᠭᠤᠷᠪᠠᠨ ᠳᠡᠰ ᠤᠨ ᠡᠷᠡᠬᠦᠯ ᠬᠠᠮᠠᠭᠠᠯᠠᠯ ᠤᠨ ᠴᠢᠳᠠᠪᠦᠷᠢᠳᠠᠨ ᠢ ᠬᠦᠮᠦᠵᠢᠬᠦᠯᠬᠦ ᠶᠢ ᠴᠢᠩᠭᠠᠳᠬᠠᠵᠤ᠂ ᠡᠮ ᠬᠦᠷᠭᠡᠬᠦ᠂ ᠴᠢᠳᠠᠪᠦᠷᠢᠳᠠᠨ ᠬᠦᠷᠭᠡᠬᠦ ᠦᠨᠳᠦᠰᠦᠨ ᠱᠠᠳᠤᠨ ᠳᠤ ᠪᠠᠭᠤᠬᠤ ᠠᠵᠢᠯᠯᠠᠭᠠᠨ ᠢ ᠦᠷᠨᠢᠬᠦᠯᠦᠨ᠎ᠡ᠃ ᠣᠷᠢᠳᠴᠢᠯᠠᠨ ᠰᠡᠷᠭᠡᠶᠢᠯᠡᠬᠦ ᠡᠷᠡᠭᠦᠯᠵᠢᠯ ᠢ ᠨᠠᠷᠢᠨ ᠬᠢᠨᠠᠮᠠᠭᠠᠢ ᠰᠠᠶᠢᠳᠣᠷ ᠬᠢᠵᠦ᠂ ᠬᠤᠳᠠ ᠬᠦᠳᠡᠭᠡ  ᠶᠢᠨ ᠰᠠᠭᠤᠭᠠᠯᠢ ᠠᠷᠠᠳ ᠤᠨ ᠡᠷᠡᠭᠦᠯ ᠴᠢᠬᠢᠷᠠᠭ ᠤᠨ ᠳᠠᠩᠰᠠ ᠡᠪᠬᠡᠮᠡᠯ ᠢ ᠪᠠᠶᠢᠭᠤᠯᠣᠭᠰᠡᠨ ᠨᠣᠷᠮ᠎ᠠ ᠶᠢ 100%  ᠳᠤ  ᠬᠦᠷᠭᠡᠨ᠎ᠡ᠃ ᠬᠦᠮᠦᠨ ᠠᠮᠠ ᠶᠢᠨ ᠬᠠᠷᠠᠯᠳᠠᠳᠣ ᠬᠠᠷᠢᠭᠤᠴᠠᠯᠭ᠎ᠠ ᠶᠢᠨ ᠬᠠᠮᠢᠶᠠᠷᠦᠯᠳᠠ ᠶᠢ ᠴᠢᠩᠭᠠᠷᠠᠭᠤᠯᠵᠦ᠂ ᠲᠦᠯᠦᠪᠯᠡᠭᠡᠳᠦ ᠦᠷᠡᠵᠢᠯ ᠤᠨ ᠠᠰᠢᠭ ᠲᠣᠰᠠ ᠶᠢᠨ ᠣᠳᠣᠷᠢᠳᠣᠮᠵᠢ ᠶᠢᠨ ᠲᠣᠭᠳᠠᠴᠠ ᠶᠢ ᠪᠦᠷᠢᠨᠰᠢᠭᠦᠯᠵᠦ᠂ ᠲᠦᠯᠦᠪᠯᠡᠭᠡᠳᠦ ᠦᠷᠡᠵᠢᠯ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠦᠷᠭᠦᠯᠵᠢᠯᠡᠨ ᠦᠷᠨᠢᠭᠦᠯᠵᠦ᠂ ᠲᠣᠣᠷ᠎ᠠ ᠦᠷᠡᠵᠢᠯ ᠤᠨ ᠬᠢᠷᠢ ᠲᠦᠪᠰᠢᠨ ᠢ ᠲᠣᠭᠳᠠᠭᠤᠨ ᠪᠠᠶᠢᠯᠭᠠᠨ᠎ᠠ᠃ ᠵᠢᠯ ᠳᠤ᠂ 4 ᠰᠠᠭᠤᠷᠢ ᠰᠣᠮᠣ ᠪᠠᠯᠭᠠᠰᠣᠨ  ᠤ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠦᠷᠲᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ  ᠢ ᠲᠡᠮᠡᠴᠡᠨ ᠣᠯᠵᠣ ᠬᠡᠷᠡᠭᠵᠢᠭᠦᠯᠦᠨ᠂ ᠬᠦᠮᠦᠨ ᠠᠮᠠ ᠶᠢᠨ ᠠᠶᠠᠨᠳᠠᠭᠠᠨ ᠤ ᠦᠰᠦᠯᠳᠡ ᠶᠢ 7‰ ᠶᠢᠨ ᠲᠣᠳᠣᠷ᠎ᠠ ᠬᠢᠵᠠᠭᠠᠷᠯᠠᠨ᠎ᠠ᠃     ᠬᠤᠳᠠ ᠬᠦᠳᠡᠭᠡ ᠶᠢᠨ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮᠵᠢ ᠶᠢ ᠲᠡᠭᠦᠯᠲᠡᠷᠵᠢᠭᠦᠯᠦᠨ᠎ᠡ᠃ ᠨᠡᠶᠢᠭᠡᠮ ᠤᠨ ᠠᠵᠢᠯ ᠣᠯᠭᠤᠯᠳᠠ ᠶᠢᠨ ᠠᠵᠢᠯ ᠢ ᠰᠠᠶᠢᠳᠣᠷ ᠬᠢᠵᠦ᠂ ᠲᠡᠭᠡᠳᠦ ᠲᠣᠮᠳᠠ ᠰᠣᠷᠭᠠᠭᠤᠯᠢ ᠠᠴᠠ ᠲᠡᠭᠦᠰᠦᠭᠰᠡᠨ ᠣᠶᠣᠳᠠᠳ᠂ ᠶᠠᠳᠠᠭᠤ ᠬᠦᠴᠢᠷᠳᠡᠯᠲᠠᠢ ᠠᠵᠢᠯ ᠠᠯᠳᠠᠭᠰᠡᠨ ᠠᠵᠢᠯᠳᠠᠳ᠂ ᠣᠨᠴᠠᠭᠠᠶᠢᠯᠠᠨ ᠠᠵᠢᠯ ᠣᠯᠭᠤᠬᠤ ᠴᠢᠳᠠᠪᠦᠷᠢ ᠲᠠᠢ ᠭᠡᠷ ᠡᠷᠦᠬᠡ ᠶᠢᠨ ᠠᠵᠢᠯ ᠣᠯᠭᠤᠬᠤ ᠶᠢ ᠵᠢᠯᠦᠭᠤᠳᠬᠤ ᠪᠠ ᠦᠢᠯᠡᠴᠢᠯᠡᠬᠦ ᠶᠢ ᠴᠢᠩᠭᠠᠳᠬᠠᠵᠦ᠂  ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠦᠷᠭᠡᠳᠭᠡᠨ᠎ᠡ᠃ ᠨᠠᠰᠣᠵᠢᠯ᠂ ᠡᠮ ᠡᠮᠨᠡᠯᠭᠡ᠂ ᠠᠵᠢᠯ ᠠᠯᠳᠠᠬᠤ᠂ ᠠᠵᠢᠯ ᠤᠨ ᠰᠢᠷᠬᠠᠳᠤᠯ᠂ ᠦᠷᠡᠵᠢᠯ ᠤᠨ ᠲᠠᠭᠠᠳᠬᠠᠯ ᠤᠨ ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠦᠷᠭᠡᠳᠬᠡᠵᠦ᠂ ᠨᠢᠭᠡᠳᠦᠯᠲᠠᠢ ᠲᠦᠯᠦᠪᠯᠡᠨ ᠪᠠᠳᠣᠯᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ᠃ ᠬᠦᠳᠡᠯᠮᠦᠷᠢ ᠶᠢᠨ ᠪᠠᠳᠥᠯᠠᠭ᠎ᠠ ᠶᠢᠨ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠪᠦᠷᠢᠨᠰᠢᠭᠦᠯᠦᠨ᠂ ᠬᠦᠳᠡᠯᠮᠦᠷᠢ ᠶᠢᠨ ᠪᠠᠳᠣᠯᠠᠭ᠎ᠠ ᠶᠢᠨ ᠬᠢᠨᠠᠨ ᠪᠠᠶᠢᠴᠠᠭᠠᠵᠦ ᠬᠠᠥᠯᠢ ᠶᠢ ᠬᠡᠷᠡᠭᠵᠢᠭᠦᠯᠬᠦ ᠬᠦᠴᠦᠯᠡᠴᠡ ᠶᠢ ᠨᠡᠮᠡᠭᠳᠡᠭᠦᠯᠵᠦ᠂ ᠠᠵᠦ ᠠᠬᠤᠶᠢᠯᠠᠯ ᠤᠨ ᠠᠵᠢᠯᠳᠠᠨ᠂ ᠬᠦᠯᠦᠰᠦᠨ ᠲᠠᠷᠢᠶᠠᠴᠢᠨ ᠤ ᠬᠠᠥᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃     ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠦᠷᠢ ᠪᠠᠨ ᠴᠢᠩᠭᠠᠳᠬᠠᠨ᠎ᠠ᠃ ᠭᠤᠤᠯᠳᠠᠯᠭ᠎ᠠ ᠲᠠᠢ ᠠᠵᠤ ᠦᠢᠯᠡᠰ ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠭᠤᠷᠢᠨ ᠳᠤ᠂ ᠲᠤᠯᠭᠠᠭᠤᠷᠢᠯᠠᠬᠤ ᠡᠳ᠋ ᠤᠨ ᠵᠠᠰᠠᠭ ᠤᠨ ᠢᠷᠡᠯᠲᠡ ᠶᠢ ᠪᠠᠬᠢᠵᠢᠬᠦᠯᠵᠤ᠂ ᠳᠠᠭᠠᠯᠲᠠ ᠡᠳ᠋ ᠤᠨ ᠵᠠᠰᠠᠭ ᠤᠨ ᠢᠷᠡᠯᠲᠡ ᠶᠢ ᠪᠤᠶᠢᠵᠢᠭᠤᠯᠤᠨ᠎ᠠ᠃ ᠳᠠᠳᠠᠪᠦᠷᠢᠯᠠᠨ ᠬᠠᠮᠢᠶᠠᠷᠬᠤ ᠠᠷᠭ᠎ᠠ ᠠᠪᠴᠠᠯ ᠢᠶᠠᠷ ᠡᠳ᠋ ᠤᠨ ᠵᠠᠰᠠᠭ ᠤᠨ ᠢᠷᠡᠯᠲᠡ ᠶᠢᠨ ᠬᠢᠨᠠᠨ ᠬᠠᠮᠢᠶᠠᠷᠣᠯᠲᠠ ᠶᠢ ᠴᠢᠩᠭᠠᠷᠠᠭᠤᠯᠵᠤ᠂ ᠡᠳ᠋ ᠤᠨ ᠵᠠᠰᠠᠭ ᠤᠨ ᠢᠷᠡᠯᠲᠡ ᠶᠢᠨ ᠨᠢᠭᠤᠭᠳᠠᠮᠠᠯ ᠬᠦᠴᠦᠨ ᠢ ᠠᠭᠤᠳᠠᠯᠯᠠᠵᠤ᠂ ᠳᠠᠳᠠᠪᠦᠷᠢᠯᠠᠨ ᠬᠤᠷᠢᠶᠠᠬᠤ ᠠᠷᠭ᠎ᠠ ᠵᠠᠮ ᠢ ᠦᠷᠭᠡᠳᠭᠡᠵᠤ᠂ ᠪᠦᠲᠦᠮᠵᠢᠲᠠᠢ ᠠᠷᠭ᠎ᠠ ᠠᠪᠴᠠᠯ ᠢ ᠠᠪᠴᠦ᠂ ᠤᠷᠤᠯᠭ᠎ᠠ ᠶᠢᠨ ᠨᠡᠮᠡᠭᠳᠡᠯ ᠢ ᠪᠦᠭᠯᠡᠵᠤ᠂ ᠤᠷᠤᠯᠭ᠎ᠠ  ᠶᠢᠨ ᠪᠦᠷᠢᠨ ᠪᠦᠲᠦᠨ ᠢ ᠪᠡᠶᠡᠯᠡᠬᠦᠯᠦᠨ᠎ᠡ᠃ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠶᠢ ᠰᠢᠯᠢᠳᠡᠭᠵᠢᠬᠦᠯᠵᠤ ᠂ ᠭᠠᠶᠢᠯᠢ ᠶᠢᠨ ᠣᠷᠣᠯᠭ᠎ᠠ ᠪᠠ ᠭᠠᠶᠢᠯᠢ ᠶᠢᠨ ᠪᠤᠰᠤ ᠤᠷᠤᠯᠭ᠎ᠠ ᠶᠢᠨ ᠬᠠᠷᠢᠴᠠᠯ ᠢ ᠳᠤᠬᠢᠷᠠᠭᠤᠯᠵᠤ᠂ ᠭᠠᠶᠢᠯᠢ ᠶᠢᠨ ᠣᠷᠣᠯᠭ᠎ᠠ᠂ ᠡᠳ᠋ ᠤᠨ ᠵᠠᠰᠠᠭ ᠤᠨ ᠣᠷᠣᠯᠭ᠎ᠠ ᠶᠢᠨ80% ᠠᠴᠠ ᠲᠡᠭᠡᠭᠰᠢ ᠡᠵᠡᠯᠡᠬᠦ ᠶᠢ ᠪᠠᠳᠣᠯᠠᠨ᠎ᠠ᠃ ᠡᠳ᠋ ᠤᠨ ᠵᠠᠰᠠᠭ ᠤᠨ ᠬᠠᠮᠢᠶᠠᠷᠣᠯᠲᠠ ᠶᠢᠨ ᠬᠦᠴᠦᠨ ᠢ ᠪᠦᠬᠦ ᠲᠠᠯ᠎ᠠ ᠪᠠᠷ ᠨᠡᠮᠡᠭᠳᠡᠭᠦᠯᠵᠤ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠬᠦᠯᠵᠤ᠂ ᠣᠯᠤᠰ ᠤᠨ ᠬᠦᠮᠦᠷᠭᠡ ᠠᠴᠠ ᠲᠦᠪᠯᠡᠷᠡᠬᠦᠯᠦᠨ ᠦᠭᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠴᠢᠩᠭᠠᠳᠬᠠᠵᠤ᠂ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠢ ᠳᠦᠷᠢᠮᠵᠢᠬᠦᠯᠵᠤ᠂ ︽ᠭᠤᠷᠪᠠᠨ ᠠᠯᠪᠠᠨ︾ ᠵᠡᠷᠭᠡ ᠡᠩ ᠤᠨ ᠴᠢᠨᠠᠷ ᠲᠠᠢ ᠡᠳ᠋ ᠤᠨ ᠵᠠᠰᠠᠭ ᠤᠨ ᠵᠠᠷᠣᠳᠠᠯ ᠢ ᠪᠠᠭᠠᠰᠬᠠᠵᠤ᠂ ᠯᠠᠷᠵᠠ ᠳᠠᠳᠠᠵᠤ ᠪᠦᠷᠢᠯᠭᠡᠨ ᠰᠦᠢᠳᠬᠡᠬᠦ ᠶᠢ ᠴᠠᠭᠠᠵᠠᠯᠠᠵᠤ᠂ ᠵᠠᠰᠠᠭ ᠵᠠᠬᠢᠷᠭᠠᠨ ᠤ ᠵᠠᠷᠣᠳᠠᠯ ᠢ ᠪᠠᠭᠤᠷᠠᠭᠤᠯᠵᠤ᠂ ᠪᠡᠯᠡ ᠮᠦᠩᠬᠦ ᠶᠢ ᠲᠦᠪᠯᠡᠷᠡᠭᠦᠯᠦᠨ ᠭᠤᠤᠯᠳᠠᠯᠭ᠎ᠠ  ᠲᠠᠢ ᠵᠠᠷᠤᠳᠠᠯ ᠶᠢ ᠪᠠᠳᠣᠯᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠬᠦᠯᠦᠨ᠎ᠡ᠃      ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠨ᠎ᠠ᠃ ᠣᠳᠣᠷᠢᠳᠣᠯᠭ᠎ᠠ ᠺᠠᠳ᠋ᠷ ᠤᠨ ︽ᠡᠭᠦᠳᠡ ᠪᠠᠨ ᠨᠡᠬᠡᠭᠡᠵᠦ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠬᠦ︾ ᠠᠵᠢᠯᠯᠠᠭᠠᠨ ᠢ ᠬᠦᠨᠵᠡᠭᠡᠢ ᠦᠷᠨᠢᠭᠦᠯᠵᠦ᠂ ᠲᠦᠷᠦ ᠶᠢᠨ ᠪᠣᠳᠣᠯᠭ᠎ᠠ ᠳᠤ ᠨᠡᠶᠢᠴᠡᠭᠰᠡᠨ ᠵᠣᠬᠢᠰᠲᠠᠢ ᠵᠠᠬᠢᠳᠠᠯ ᠰᠣᠷᠪᠣᠯᠵᠢᠯᠠᠭ᠎ᠠ ᠶᠢ ᠵᠣᠬᠢᠰᠲᠠᠢ ᠰᠢᠢᠳᠪᠦᠷᠢᠯᠡᠨ᠎ᠡ᠃ ᠶᠣᠰᠣ ᠦᠭᠡᠢ ᠪᠠᠷ ᠰᠣᠷᠪᠣᠯᠵᠢᠯᠠᠭ᠎ᠠ ᠬᠢᠭᠰᠡᠳ ᠲᠤ ᠲᠡᠰ ᠲᠠᠷᠠᠭ᠎ᠠ ᠪᠠᠷ ᠣᠬᠤᠷᠢᠬᠤ ᠲᠣᠭᠳᠠᠴᠠ ᠶᠣᠰᠣᠭᠠᠷ ᠵᠠᠬᠢᠲᠠᠯ ᠰᠣᠷᠪᠣᠯᠵᠢᠯᠠᠭ᠎ᠠ ᠶᠢ ᠲᠡᠭᠦᠰᠭᠡᠬᠦ ᠶᠢ ᠬᠡᠷᠡᠭᠵᠢᠭᠦᠯᠦᠨ᠎ᠡ᠃ ᠣᠷᠳᠣ ᠬᠤᠭᠤᠴᠠᠭ᠎ᠠ ᠪᠠᠷ ᠶᠣᠰᠣ ᠦᠭᠡᠢ ᠪᠠᠷ ᠵᠢᠭᠤᠷᠠᠯᠳᠣᠨ ᠵᠠᠬᠢᠳᠠᠯ ᠰᠣᠷᠪᠣᠯᠵᠢᠯᠠᠭ᠎ᠠ ᠬᠢᠬᠦ᠂ ᠵᠠᠬᠢᠳᠠᠯ ᠰᠣᠷᠪᠣᠯᠵᠢᠯᠠᠭ᠎ᠠ ᠶᠢ ᠦᠳᠦᠭᠡᠬᠦ ᠪᠠ ᠱᠠᠳᠣ ᠠᠯᠣᠰᠯᠠᠨ‌ᠵᠠᠬᠢᠳᠠᠯ ᠰᠣᠷᠪᠣᠯᠵᠢᠯᠠᠭ᠎ᠠ ᠬᠢᠭᠰᠡᠳ ᠢ ᠬᠠᠥᠯᠢ ᠶᠣᠰᠣᠭᠠᠷ ᠰᠢᠢᠳᠪᠦᠷᠢᠯᠡᠨ᠎ᠡ᠃ ︽ᠵᠢᠷᠭᠤᠳᠣᠭᠠᠷ ᠲᠠᠪᠤ︾ ᠶᠢᠨ ᠬᠠᠥᠯᠢ ᠶᠢ ᠲᠦᠬᠡᠮᠡᠯᠵᠢᠭᠦᠯᠬᠦ ᠣᠬᠠᠭᠤᠯᠭ᠎ᠠ ᠬᠦᠮᠦᠵᠢᠯ ᠢ ᠦᠨᠡᠨᠬᠦ ᠰᠠᠶᠢᠳᠣᠷ ᠬᠢᠵᠦ᠂ ᠬᠠᠥᠯᠢ ᠴᠠᠭᠠᠵᠠ ᠶᠢᠨ ᠲᠡᠮᠵᠢᠯᠭᠡ ᠦᠵᠡᠭᠦᠯᠬᠦ ᠵᠠᠮ ᠢ ᠰᠠᠭᠠᠳ ᠦᠭᠡᠢ ᠪᠣᠯᠭᠠᠵᠦ᠂ ᠬᠠᠥᠯᠢ ᠴᠠᠭᠠᠵᠠ ᠶᠢᠨ ᠦᠭᠡᠷ᠎ᠡ ᠭᠠᠵᠠᠷ ᠲᠡᠮᠵᠢᠯᠭᠡ ᠦᠵᠡᠭᠦᠯᠵᠦ ᠵᠣᠬᠢᠴᠠᠭᠤᠯᠬᠤ ᠲᠣᠭᠳᠠᠴᠠ ᠶᠢ ᠪᠠᠶᠢᠭᠤᠯᠣᠨ ᠲᠡᠭᠦᠯᠲᠡᠷᠵᠢᠭᠦᠯᠬᠦ ᠶᠢ ᠰᠦᠪᠡᠭᠴᠢᠯᠡᠨ᠎ᠡ᠃ ᠨᠡᠶᠢᠭᠡᠮ ᠤᠨ ᠠᠮᠣᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠠᠪᠴᠠᠯ ᠢ ᠢᠳᠡᠪᠬᠢᠲᠠᠢ ᠨᠠᠶᠢᠳᠠᠪᠣᠷᠢᠵᠢᠭᠤᠯᠵᠦ᠂ ᠡᠷᠡᠭᠦᠣ ᠶᠢᠨ ᠬᠡᠷᠡᠭ ᠤᠨ ᠶᠠᠯ᠎ᠠ ᠳᠤ ᠬᠦᠨᠳᠦ ᠴᠣᠬᠢᠯᠳᠠ ᠦᠭᠴᠦ᠂ ᠲᠣᠣᠷ ᠰᠦᠯᠵᠢᠶᠡᠨ ᠤ ᠶᠡᠷᠢᠶ᠎ᠠ ᠬᠡᠯᠡᠯᠴᠡᠭᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠦᠨᠳᠣᠰᠦᠨ ᠱᠠᠳᠣᠨ ᠤ ᠠᠮᠣᠷ ᠲᠠᠶᠢᠪᠣᠩ ᠢ ᠡᠭᠦᠳᠦᠨ ᠪᠠᠶᠢᠭᠤᠯᠬᠤ ᠶᠢ ᠪᠠᠳᠣᠲᠠᠢ ᠦᠷᠨᠢᠬᠦᠯᠵᠤ᠂ ︽ᠬᠤᠷᠯᠣ ᠪᠢᠰᠢᠯᠭᠠᠯ︾ ᠵᠡᠷᠭᠡ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠣᠯᠳᠠ ᠳᠤ ᠬᠦᠨᠳᠦ ᠲᠠᠷᠣᠭᠠᠰᠦ ᠦᠭᠬᠦ ᠪᠠᠶᠢᠳᠠᠯ ᠢ ᠦᠷᠭᠦᠯᠵᠢᠯᠡᠨ ᠪᠠᠳᠣᠯᠠᠵᠦ᠂  ᠬᠠᠥᠯᠢ ᠳᠤ ᠨᠡᠶᠢᠴᠡᠬᠦ ᠱᠠᠰᠢᠨ ᠰᠣᠷᠳᠣᠬᠤᠨ ᠤ ᠬᠦᠳᠡᠯᠭᠡᠭᠡᠨ ᠢ ᠬᠠᠮᠠᠭᠠᠯᠠᠵᠦ᠂ ᠬᠠᠥᠯᠢ ᠪᠣᠰᠣ ᠱᠠᠰᠢᠨ ᠰᠣᠷᠳᠠᠬᠤᠨ ᠤ ᠠᠵᠢᠯᠯᠠᠯᠭᠠᠨ ᠳᠤ ᠡᠷᠡᠰ ᠴᠣᠬᠢᠯᠳᠠ ᠦᠭᠭᠦᠨ᠎ᠡ᠃  ᠰᠣᠶᠤᠯ ᠤᠨ ᠵᠠᠬ᠎ᠠ ᠳᠡᠯᠭᠡᠭᠦᠷ ᠤᠨ ᠳᠣᠰᠬᠠᠢ ᠵᠦᠢᠯ ᠤᠨ ᠵᠠᠰᠠᠨ ᠴᠡᠭᠴᠡᠯᠯᠡᠲᠡ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠡᠷᠡᠬᠦᠯ ᠴᠢᠬᠢᠷᠠᠭ ᠡᠮᠬᠢ ᠲᠢᠭᠯᠢᠮ ᠲᠠᠢ ᠠᠮᠤᠷ ᠲᠦᠪᠰᠢᠨ ᠰᠣᠶᠤᠯ ᠤᠨ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ ᠪᠤᠢ ᠪᠤᠯᠭᠠᠨ᠎ᠠ᠃ ᠠᠶᠣᠯᠭᠦᠢ ᠦᠢᠯᠡᠳᠪᠦᠷᠢᠯᠡᠯ ᠤᠨ ᠣᠷᠳᠣ ᠬᠤᠭᠤᠴᠠᠭᠠᠳᠣ ᠪᠦᠳᠦᠮᠵᠢᠳᠦ ᠲᠣᠭᠳᠠᠴᠠ ᠶᠢ ᠪᠦᠷᠢᠨᠰᠢᠭᠦᠯᠵᠦ᠂ ᠵᠠᠮ ᠬᠠᠷᠢᠯᠴᠠᠭ᠎ᠠ᠂ ᠭᠠᠯ ᠢ ᠰᠡᠷᠭᠡᠶᠢᠯᠡᠬᠦ᠂ ᠢᠳᠡᠭᠡᠨ ᠡᠮ ᠤᠨ ᠵᠦᠢᠯ ᠵᠡᠷᠭᠡ ᠬᠡᠪᠴᠢᠶᠡᠨ ᠤ ᠪᠠᠶᠢᠴᠠᠭᠠᠨ ᠴᠡᠭᠴᠡᠯᠡᠯᠳᠡ ᠶᠢ ᠭᠦᠨᠵᠡᠭᠡᠶᠢᠷᠡᠭᠦᠯᠵᠦ᠂ ᠬᠦᠨᠳᠦ ᠣᠨᠴᠠ ᠶᠡᠭᠡ ᠬᠡᠷᠡᠭ ᠶᠠᠪᠣᠳᠠᠯ ᠤᠨ ᠡᠭᠦᠰᠬᠦ ᠶᠢ ᠡᠷᠡᠰ ᠬᠤᠷᠢᠭᠯᠠᠨ᠎ᠠ᠃ᠣᠯᠣᠰ ᠤᠨ ᠪᠠᠳᠣᠯᠠᠨ ᠬᠠᠮᠠᠭᠠᠯᠠᠯᠲᠠ ᠶᠢᠨ ᠪᠡᠯᠡᠳᠬᠡᠯ ᠠᠯᠪᠠ ᠶᠢᠨ ᠪᠠᠶᠢᠭᠤᠯᠣᠯᠳᠠ ᠶᠢ ᠦᠷᠭᠦᠯᠵᠢᠯᠡᠨ ᠴᠢᠩᠭᠠᠳᠬᠠᠵᠦ ᠂ ︽ᠬᠤᠶᠠᠷ ᠢ ᠬᠦᠷᠢᠶᠡᠯᠡᠵᠦ ᠬᠤᠶᠠᠷ ᠢ ᠪᠣᠯᠭᠤᠭᠠᠬᠤ︾ ᠠᠵᠢᠯᠯᠠᠭᠠᠨ ᠢ ᠪᠠᠳᠣᠲᠠᠢ ᠦᠷᠨᠢᠭᠦᠯᠦᠨ᠎ᠡ᠃ ᠦᠨᠳᠦᠰᠦᠲᠡᠨ ᠤ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠶᠢ ᠬᠡᠷᠡᠭᠯᠡᠬᠦ ᠶᠢ ᠲᠦᠷᠢᠮᠵᠢᠬᠦᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ᠃ ᠨᠠᠰᠣᠳᠠᠶᠢᠴᠣᠳ᠂ ᠡᠮᠡᠭᠳᠠᠶᠢᠴᠦᠳ᠂ ᠬᠡᠦᠬᠡᠳ ᠪᠠᠭᠠᠴᠣᠳ ᠪᠠ ᠵᠡᠮᠳᠡᠭᠴᠦᠳ ᠤᠨ ᠬᠠᠥᠯᠢ ᠶᠣᠰᠣᠨ ᠤ ᠡᠷᠬᠡ ᠶᠢ ᠬᠠᠮᠠᠭᠠᠯᠠᠵᠦ᠂ ᠲᠠᠩᠰᠠ ᠡᠪᠬᠡᠮᠡᠯ ᠤᠨ ᠬᠠᠮᠢᠶᠠᠷᠣᠯᠳᠠ ᠶᠢᠨ ᠠᠵᠢᠯ ᠢ ᠦᠨᠡᠨᠬᠦ ᠴᠢᠩᠭᠠᠳᠬᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠣᠯᠠᠭᠠᠨ ᠵᠠᠭᠠᠯᠠᠮᠠᠶᠢᠳᠠᠨ ᠤ ᠠᠵᠢᠯ ᠦᠢᠯᠡᠰ ᠢ ᠶᠡᠬᠡᠪᠡᠷ ᠬᠦᠭᠵᠢᠭᠦᠯᠵᠦ᠂ ᠲᠤᠭ᠎ᠠ ᠪᠦᠷᠢᠳᠬᠡᠯ᠂ ᠬᠢᠨᠠᠨ ᠪᠣᠳᠣᠯᠳᠠ᠂ ᠦᠢᠯᠡᠳᠪᠦᠷᠢ ᠬᠤᠳᠠᠯᠳᠤᠭ᠎ᠠ᠂ ᠶᠠᠰᠣ ᠴᠢᠨᠠᠷ ᠲᠤ ᠬᠢᠨᠠᠯᠳᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠢ ᠣᠯᠠᠮ ᠨᠢᠭᠡ ᠠᠯᠬᠤᠮ ᠰᠠᠶᠢᠳᠣᠷ ᠬᠢᠨ᠎ᠠ᠃     ᠡᠨᠡ ᠵᠢᠯ ᠡᠳ᠋ ᠤᠨ ᠵᠠᠰᠠᠭ ᠲᠤᠶᠢᠯ ᠤᠨ ᠬᠦᠴᠢᠷᠳᠡᠯᠲᠡᠢ ᠪᠠᠶᠢᠳᠠᠯ ᠳᠣᠣᠷ᠎ᠠ᠂ ᠪᠢᠳᠡ ᠦᠨᠳᠦᠷ ᠬᠠᠷᠢᠭᠤᠴᠠᠯᠭᠠᠲᠤ ᠰᠡᠳᠬᠢᠯᠭᠡ ᠪᠠᠷ ︽ᠠᠷᠪᠠᠨ ᠪᠣᠳᠠᠳᠤ ᠶᠠᠪᠤᠳᠠᠯ︾ ᠬᠢᠨ᠎ᠡ᠃     ᠨᠢᠬᠡ ᠳᠤ᠂ 6000 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠬᠢᠮᠳᠠ ᠲᠦᠷᠢᠶᠡᠰᠦᠨ ᠣᠷᠣᠨ ᠰᠠᠭᠤᠴᠠ ᠶᠢ 3 ᠲᠦᠮᠡᠨ ᠲᠡᠭᠰᠢ ᠲᠦᠷᠪᠡᠯᠵᠢᠨ ᠮᠧᠲᠷ ᠪᠦᠲᠦᠭᠡᠨ ᠪᠠᠶᠢᠭᠤᠯᠤᠨ᠎ᠠ᠃     ᠬᠤᠶᠠᠷ ᠲᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠦᠷᠢᠮ   ᠢ ᠪᠦᠬᠦ ᠲᠠᠯ᠎ᠠ ᠪᠠᠷ ᠬᠡᠷᠡᠭᠵᠢᠬᠦᠯᠵᠤ᠂ ᠴᠢᠳᠠᠬᠤ ᠶᠢᠨ ᠬᠢᠷᠢ ᠪᠠᠷ ᠳᠠᠭᠠᠳᠬᠠᠯ ᠳᠤ ᠣᠷᠣᠯᠴᠠᠭᠰᠠᠨ ᠬᠦᠮᠦᠨ ᠤ ᠳᠤᠭ᠎ᠠ  ᠶᠢ 10 ᠲᠦᠮᠡᠨ ᠬᠦᠮᠦᠨ ᠠᠴᠠ  ᠳᠡᠭᠡᠭᠰᠢ ᠪᠠᠶᠢᠯᠭᠠᠨ᠎ᠠ᠃     ᠭᠤᠷᠪᠠ ᠳᠤ᠂ ᠪᠠᠭ᠎ᠠ ᠳᠣᠭᠠᠨ ᠤ ᠵᠢᠭᠡᠯᠡᠯᠬᠡ ᠶᠢ 2500 ᠲᠦᠮᠡᠨ ᠲᠦᠭᠦᠷᠢᠭ ᠠᠴᠠ ᠲᠡᠭᠡᠭᠰᠢ ᠳᠠᠯᠪᠢᠵᠤ᠂ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠡᠨ ᠬᠦᠮᠦᠨ ᠢ 2500 ᠬᠦᠮᠦᠨ ᠠᠴᠠ ᠳᠡᠭᠡᠭᠰᠢ ᠪᠠᠶᠢᠯᠭᠠᠨ᠎ᠠ᠃     ᠲᠦᠷᠪᠡ ᠳᠤ᠂ 1000 ᠲᠦᠮᠡᠨ ᠲᠦᠬᠦᠷᠢᠭ ᠤᠨ ᠪᠡᠯᠡ ᠤᠷᠤᠭᠤᠯᠵᠤ  ᠂ ᠬᠤᠣᠷᠠᠳᠠᠯ ᠦᠬᠡᠢ ᠡᠷᠡᠬᠦᠯ ᠬᠠᠮᠠᠭᠠᠯᠠᠯ ᠤᠨ ᠵᠤᠷᠯᠤᠩ ᠢ 2500 ᠰᠠᠭᠤᠷᠢ ᠪᠠᠶᠢᠭᠤᠯᠵᠤ᠂ ᠨᠠᠮᠤᠭ ᠤᠨ ᠬᠡᠢ ᠶᠢᠨ ᠵᠤᠭᠤᠷᠢ ᠶᠢ 2000 ᠰᠠᠭᠤᠷᠢ ᠪᠠᠶᠢᠭᠤᠯᠵᠤ᠂ ᠨᠠᠷᠠᠨ ᠡᠨᠧᠷᠬᠢ ᠶᠢᠨ ᠵᠤᠤᠬ᠎ᠠ ᠶᠢ 5000 ᠣᠭᠰᠠᠷᠠᠭᠤᠯᠤᠨ᠎ᠠ᠃     ᠳᠠᠪᠤ ᠳᠤ᠂ 4500 ᠲᠦᠮᠡᠨ ᠲᠦᠭᠦᠷᠢᠭ ᠤᠨ ᠪᠡᠯᠡ ᠣᠷᠣᠭᠤᠯᠵᠦ᠂ 1.2 ᠲᠦᠮᠡᠨ ᠲᠡᠭᠰᠢ ᠲᠦᠷᠪᠡᠯᠵᠢᠨ ᠮᠧᠲᠷ ᠤᠨ ᠮᠣᠩᠭᠤᠯ ᠡᠮᠨᠡᠯᠭᠡ ᠶᠢᠨ ᠬᠤᠷᠢᠶᠠᠨ ᠤ ᠣᠯᠠᠮᠵᠢᠯᠠᠯᠳᠣ ᠵᠠᠰᠠᠯᠳᠠ ᠶᠢᠨ ᠠᠰᠠᠷ ᠢ ᠪᠦᠳᠦᠭᠡᠨ ᠪᠠᠶᠢᠭᠤᠯᠣᠨ᠎ᠠ     ᠵᠢᠷᠭᠤᠭ᠎ᠠ ᠳᠤ᠂ 2000 ᠲᠦᠮᠡᠨ ᠲᠦᠭᠦᠷᠢᠭ ᠤᠨ ᠪᠡᠯᠡ ᠣᠷᠣᠭᠤᠯᠵᠦ᠂ 2.3 ᠲᠦᠮᠡᠨ ᠬᠦᠮᠦᠨ ᠠᠮᠠ ᠶᠢᠨ ᠤᠤᠭᠤᠬᠤ ᠣᠰᠣᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃     ᠳᠤᠯᠤᠭ᠎ᠠ ᠳᠤ᠂ 1000 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠪᠠᠶᠠᠨᠬᠤᠰᠢᠭᠤ ᠪᠠᠯᠭᠠᠰᠤᠨ ᠤ ᠬᠦᠬᠦᠷᠭᠡ ᠶᠢᠨ ᠡᠮᠦᠨᠡᠬᠢ ᠬᠡᠤᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠤᠨ᠎ᠠ᠃     ᠨᠠᠢᠮᠠ ᠳᠤ᠂ ᠳᠠᠷᠢᠮᠠᠯ ᠤᠨ ᠵᠦᠢᠯᠡᠰ ᠤᠨ ᠳᠠᠭᠠᠳᠬᠠᠯ ᠤᠨ ᠪᠦᠷᠬᠦᠴᠡ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠲᠠᠭᠠᠭᠠᠯᠳᠠ ᠬᠢᠭᠰᠡᠨ ᠲᠠᠯᠠᠪᠠᠢ ᠶᠢ 200 ᠲᠦᠮᠡᠨ ᠮᠤ᠋ ᠳᠤ ᠬᠦᠷᠭᠡᠨ᠎ᠡ᠃     ᠶᠢᠰᠤ ᠳᠤ᠂ 3 ᠰᠤᠮᠤ ᠪᠠᠯᠭᠠᠰᠤᠨ ᠤ ᠰᠤᠶᠤᠯ ᠤᠨ ᠦᠷᠲᠡᠭᠡᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠬᠦᠯᠵᠤ᠂ ᠰᠣᠮᠤ ᠪᠠᠯᠭᠠᠰᠤ ᠪᠦᠷᠢ ᠳᠤ ᠰᠤᠶᠤᠯ ᠤᠨ ᠶᠡᠭᠡ ᠬᠦᠷᠢᠶ᠎ᠡ ᠶᠢ 2 — 3 ᠪᠠᠶᠢᠭᠤᠯᠤᠨ᠎ᠠ᠃     ᠠᠷᠪᠠ ᠳᠤ᠂ 600 ᠲᠦᠮᠡᠨ ᠲᠦᠭᠦᠷᠢᠭ ᠤᠨ ᠪᠡᠯᠡ ᠣᠷᠣᠭᠤᠯᠵᠤ᠂ 4800 ᠳᠡᠭᠰᠢ ᠳᠦᠷᠪᠡᠯᠵᠢᠨ ᠮᠧᠲᠷ  ᠤᠨ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠶᠢ ᠪᠦᠲᠦᠭᠡᠨ ᠪᠠᠶᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号