ᠵᠠᠰᠠᠭ ᠤᠨ ᠤᠷᠳᠤᠨ ᠤ ᠠᠵᠢᠯ ᠤᠨ ᠢᠯᠡᠳᠭᠡᠯ ︵2012 ᠤᠨ︶ ︵5︶
ᠨᠡᠶᠢᠲᠡᠯᠡᠭᠰᠡᠨ ᠴᠠᠭ᠄
2018/1/23
    ᠰᠠᠭᠤᠷᠢ ᠲᠥᠬᠦᠭᠡᠷᠥᠮᠵᠢ ᠶᠢᠨ ᠪᠥᠲᠥᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠣᠰᠣᠨ ᠠᠰᠢᠭᠯᠠᠯᠲᠠ ᠶᠢᠨ ᠲᠠᠯ᠎ᠠ ᠪᠠᠷ᠂ ᠠᠭᠤᠯᠠ ᠶᠢᠨ ᠥᠶᠡᠷ ᠪᠠᠭᠤᠬᠤ ᠭᠠᠮᠰᠢᠭ ᠲᠠᠢ ᠰᠢᠶᠠᠨ ᠤ ᠳᠡᠰ ᠤᠨ ᠢᠨᠵᠧᠨᠧᠷᠢᠩ ᠤᠨ ᠪᠣᠰᠣ ᠠᠷᠭ᠎ᠠ ᠠᠪᠴᠠᠯ ᠤᠨ ᠪᠥᠲᠥᠭᠡᠨ ᠪᠠᠶᠢᠭᠤᠯᠣᠯᠲᠠ ᠶᠢᠨ ᠲᠥᠷᠥᠯ ᠵᠥᠢᠯ ᠪᠠ ᠴᠠᠭᠠᠨᠴᠡᠴᠡᠭ ᠣᠰᠣᠨ ᠴᠦᠬᠦᠷᠦᠮ ᠤᠨ ᠲᠥᠭᠰᠢᠭᠦᠷᠢ ᠶᠢ ᠥᠭᠡᠶᠢᠰᠭᠡᠵᠥ ᠪᠠᠬᠢᠵᠢᠭᠦᠯᠬᠦ ᠲᠥᠷᠥᠯ ᠵᠥᠢᠯ ᠢ ᠡᠬᠢᠯᠡᠭᠦᠯᠥᠨ ᠬᠡᠷᠡᠭᠵᠢᠭᠦᠯᠵᠥ᠂ ᠬᠠᠩᠭᠠᠯ ᠣᠰᠣᠨ ᠴᠦᠬᠦᠷᠦᠮ ᠤᠨ ᠢᠵᠢ ᠪᠥᠷᠢᠳᠥᠭᠦᠯᠬᠦ ᠢᠨᠵᠧᠨᠧᠷᠢᠩ ᠪᠠ ᠱᠣᠸᠠᠩ ᠢᠥᠢ ᠱᠥ ᠣᠰᠣᠨ ᠴᠦᠬᠦᠷᠦᠮ ᠤᠨ ᠲᠥᠭᠰᠢᠭᠦᠷᠢ ᠶᠢ ᠥᠭᠡᠶᠢᠰᠭᠡᠵᠥ ᠪᠠᠬᠢᠵᠢᠭᠦᠯᠬᠦ ᠢᠨᠵᠧᠨᠧᠷᠢᠩ ᠢ ᠳᠠᠭᠤᠰᠬᠠᠵᠣ᠂ ᠬᠤᠣᠯᠢᠨ ᠭᠤᠣᠯ ᠢ ᠶᠡᠷᠥᠩᠬᠡᠶᠢᠯᠡᠨ ᠵᠠᠰᠠᠬᠤ᠂ ᠡᠮᠲᠥ ᠶᠢᠨ ᠭᠤᠣᠯ ᠤᠨ ᠨᠢᠭᠡᠳᠥᠭᠡᠷ ᠬᠤᠭᠤᠴᠠᠭᠠᠨ ᠤ ᠵᠠᠰᠠᠯᠲᠠ᠂ ᠴᠣᠬᠤᠷᠳᠣ ᠣᠰᠣᠨ ᠴᠦᠬᠦᠷᠦᠮ ᠤᠨ ᠲᠥᠭᠰᠢᠭᠦᠷᠢ ᠶᠢ ᠥᠭᠡᠶᠢᠰᠭᠡᠵᠥ ᠪᠠᠬᠢᠵᠢᠭᠦᠯᠬᠦ᠂ ᠭᠤᠣᠯᠳᠠᠯᠭ᠎ᠠ ᠲᠠᠢ ᠠᠭᠤᠯᠠ ᠶᠢᠨ ᠥᠶᠡᠷ ᠤᠨ ᠭᠤᠣ ᠶᠢ ᠵᠠᠰᠠᠬᠤ᠂ ᠵᠠᠮᠲᠥ ᠪᠠ ᠬᠥᠨᠳᠡᠯᠡᠨ ᠣᠰᠣᠯᠠᠯᠲᠠ ᠶᠢᠨ ᠣᠷᠣᠨ ᠤ ᠣᠰᠣ ᠠᠷᠪᠢᠯᠠᠬᠤ ᠶᠢ ᠵᠠᠰᠠᠨ ᠥᠭᠡᠷᠡᠴᠢᠯᠡᠬᠦ ᠵᠡᠷᠭᠡ ᠲᠥᠷᠥᠯ ᠵᠥᠢᠯ ᠤᠨ ᠡᠮᠥᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠪᠠᠶᠠᠨᠬᠤᠸᠠ ᠤᠰᠤᠨ ᠴᠦᠬᠦᠷᠦᠮ ᠢ ᠴᠢᠳᠠᠬᠤ ᠶᠢᠨ ᠬᠢᠷᠢ ᠪᠠᠷ ᠣᠯᠤᠰ ᠤᠨ ︽ᠠᠷᠪᠠᠨ ᠬᠤᠶᠠᠳᠣᠭᠠᠷ ᠳᠠᠪᠣᠨ ᠵᠢᠯ︾ ᠤᠨ ᠲᠦᠯᠦᠪᠵᠢᠬᠦᠯᠭᠡ ᠳᠤ ᠤᠷᠤᠭᠤᠯᠤᠨ᠎ᠠ᠃ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠤᠨ᠂ ᠲᠦᠰᠦᠪ ᠢᠶᠠᠨ ᠲᠡᠭᠦᠯᠳᠡᠷᠵᠢᠬᠦᠯᠵᠤ᠂ ᠦᠶᠡᠷ ᠢ ᠰᠡᠷᠭᠡᠶᠢᠯᠡᠬᠦ ᠲᠦᠭᠦᠭᠡᠷᠦᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠢᠶᠠᠷ ᠦᠶᠡᠷ ᠢ ᠦᠩᠭᠡᠷᠡᠭᠡᠬᠦ ᠶᠢ ᠪᠠᠳᠤᠯᠠᠨ᠎ᠠ᠃ ᠥᠨᠳᠥᠷ ᠪᠠᠷᠢᠮᠵᠢᠶ᠎ᠠ ᠪᠠᠷ ᠪᠥᠬᠦ ᠣᠯᠣᠰ ᠤᠨ ᠨᠢᠭᠡᠳᠥᠭᠡᠷ ᠣᠳᠠᠭᠠᠨ ᠤ ᠣᠰᠣᠨ ᠠᠰᠢᠭᠯᠠᠯᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠥᠨ᠎ᠡ᠃ ᠵᠠᠮ ᠱᠣᠭᠤᠮ ᠤᠨ ᠲᠣᠣᠷ ᠤᠨ ᠲᠠᠯ᠎ᠠ  ᠪᠠᠷ᠂  ᠲᠣᠰᠬᠤᠨ ᠳᠤ ᠨᠡᠪᠲᠡᠷᠡᠬᠦ ᠱᠥᠢᠨᠢ ᠶᠢᠨ ᠵᠠᠮ ᠢ 15 ᠵᠣᠷᠪᠣᠰ᠂ 156 ᠺᠢᠯᠣᠮᠧᠲᠷ ᠪᠠᠶᠢᠭᠤᠯᠵᠣ᠂ ᠨᠣᠷᠠᠬᠤ ᠠᠶᠣᠯ ᠲᠠᠢ ᠬᠥᠭᠦᠷᠭᠡ ᠶᠢ 6 ᠰᠠᠭᠤᠷᠢ ᠵᠠᠰᠠᠨ ᠰᠢᠨᠡᠳᠭᠡᠨ᠎ᠡ᠃ ᠵᠠᠮ ᠱᠣᠭᠤᠮ ᠤᠨ ᠠᠷᠠᠴᠢᠯᠠᠨ ᠬᠠᠮᠠᠭᠠᠯᠠᠬᠤ ᠠᠵᠢᠯ  ᠢ ᠴᠢᠩᠭᠠᠳᠬᠠᠵᠣ᠂ ᠰᠣᠮᠣ ᠪᠠᠯᠭᠠᠰᠣᠨ ᠤ ᠠᠷᠠᠴᠢᠯᠠᠨ ᠬᠠᠮᠠᠭᠠᠯᠠᠬᠤ ᠥᠷᠲᠡᠭᠡ ᠶᠢ ᠪᠠᠶᠢᠭᠤᠯᠵᠣ᠂ ᠣᠯᠣᠰ ᠤᠨ ᠵᠠᠮ 111 ᠱᠣᠭᠤᠮ ᠠᠴᠠ ᠭᠤᠣᠯ ᠤᠨ ᠪᠠᠶᠢᠰᠢᠩ ᠬᠥᠷᠬᠦ ᠵᠠᠮ ᠤᠨ ᠢᠨᠵᠧᠨᠧᠷᠢᠩ᠂ ᠳᠠᠶᠢᠴᠢᠨᠲᠠᠯ᠎ᠠ ᠠᠴᠠ ᠬᠤᠣᠯᠢᠨᠭᠤᠣᠯ ᠬᠥᠷᠬᠦ  ᠱᠣᠭᠤᠮ ᠨᠥᠬᠦᠪᠥᠷᠢᠯᠡᠨ ᠵᠠᠰᠠᠬᠤ ᠢᠨᠵᠧᠨᠧᠷᠢᠩ ᠪᠠ ᠠᠮᠣᠷ ᠲᠦᠪᠰᠢᠨ ᠢ ᠪᠠᠳᠣᠯᠠᠬᠤ ᠢᠨᠵᠧᠨᠧᠷᠢᠩ᠂ ᠪᠠᠶᠠᠨᠬᠤᠰᠢᠭᠤ ᠠᠴᠠ ᠯᠥᠪᠧᠢ ᠬᠥᠷᠬᠦ ᠱᠣᠭᠤᠮ ᠤᠨ ᠨᠢᠭᠤᠷ ᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠣᠯᠲᠠ ᠶᠢ ᠪᠡᠶᠡᠯᠡᠭᠦᠯᠥᠨ᠎ᠡ᠃ 78 ᠺᠢᠯᠤᠮᠧᠲᠷ ᠤᠨ ᠬᠤᠣᠯᠢᠨᠭᠤᠣᠯ ᠠᠴᠠ ᠠᠯᠳᠠᠷ ᠬᠥᠷᠬᠦ ᠨᠢᠭᠡᠳᠥᠭᠡᠷ ᠳᠡᠰ ᠤᠨ ᠵᠠᠰᠠᠮᠠᠯ ᠵᠠᠮ ᠤᠨ ᠳᠤᠮᠳᠠᠳᠤ ᠬᠤᠰᠢᠭᠤᠨ ᠤ ᠬᠡᠰᠡᠭ ᠢ ᠠᠵᠢᠯ ᠡᠬᠢᠯᠡᠬᠦᠯᠦᠨ ᠪᠠᠶᠢᠭᠤᠯᠵᠤ᠂ ᠰᠢᠯᠢᠨᠬᠤᠳᠠ ᠠᠴᠠ ᠣᠯᠠᠭᠠᠨᠬᠤᠲᠠ ᠬᠥᠷᠬᠦ ᠲᠡᠮᠥᠷ ᠵᠠᠮ ᠤᠨ ᠪᠥᠲᠥᠭᠡᠨ ᠪᠠᠶᠢᠭᠤᠯᠣᠯᠲᠠ ᠶᠢᠨ ᠢᠨᠵᠧᠨᠧᠷᠢᠩ ᠲᠠᠢ ᠬᠠᠮᠵᠢᠯᠴᠠᠨ ᠰᠠᠶᠢᠲᠣᠷ ᠬᠢᠵᠥ᠂ ᠣᠯᠣᠰ ᠤᠨ ᠵᠠᠮ 111 ᠱᠣᠭᠤᠮ ᠬᠠᠭ ᠤᠨ ᠰᠥᠮ᠎ᠡ ᠠᠴᠠ ᠪᠠᠶᠠᠨᠬᠤᠰᠢᠭᠤ ᠬᠥᠷᠬᠦ ᠬᠡᠰᠡᠭ ᠤᠨ ᠨᠢᠭᠡᠳᠥᠭᠡᠷ ᠳᠡᠰ ᠤᠨ ᠨᠦᠭᠦᠭᠡ ᠲᠠᠯ᠎ᠠ ᠶᠢᠨ ᠵᠠᠰᠠᠨ ᠥᠷᠭᠡᠳᠭᠡᠬᠦ ᠪᠠᠶᠢᠭᠤᠯᠣᠯᠲᠠ ᠶᠢᠨ ᠢᠨᠵᠧᠨᠧᠷᠢᠩ ᠪᠠ ᠪᠠᠶᠠᠨᠬᠤᠰᠢᠭᠤ ᠠᠴᠠ ᠺᠠᠢ ᠲᠥᠩ ᠬᠥᠷᠬᠦ ᠳᠣᠮᠳᠠᠳᠣ ᠬᠤᠰᠢᠭᠤᠨ ᠤ ᠬᠡᠰᠡᠭ ᠤᠨ ᠨᠢᠭᠡᠳᠥᠭᠡᠷ ᠳᠡᠰ ᠤᠨ ᠵᠠᠰᠠᠮᠠᠯ ᠵᠠᠮ  ᠤᠨ ᠡᠮᠥᠨᠡᠬᠢ ᠬᠤᠭᠤᠴᠠᠭᠠᠨ ᠤ ᠠᠵᠢᠯ ᠢ ᠥᠷᠨᠢᠭᠦᠯᠥᠨ᠎ᠡ᠃ ᠴᠠᠬᠢᠯᠭᠠᠨ ᠬᠥᠴᠥᠨ ᠤ ᠲᠣᠣᠷ ᠤᠨ ᠲᠠᠯ᠎ᠠ ᠪᠠᠷ᠂ ᠰᠢᠨᠡᠵᠠᠮ ᠵᠡᠷᠭᠡ ᠳᠥᠷᠪᠡᠨ 66 ᠺᠢᠯᠣᠸᠣᠯᠲ ᠶᠢᠨ ᠬᠥᠴᠥᠳᠡᠯ ᠥᠭᠡᠷᠡᠴᠢᠯᠡᠭᠴᠢ ᠶᠢᠨ ᠢᠨᠵᠧᠨᠧᠷᠢᠩ ᠪᠠ 10 ᠺᠢᠯᠣᠸᠣᠯᠲ ᠤᠨ ᠱᠣᠭᠤᠮ ᠢ ᠵᠠᠰᠠᠨ ᠰᠢᠨᠡᠳᠭᠡᠬᠦ ᠢᠨᠵᠧᠨᠧᠷᠢᠩ ᠤᠨ ᠪᠠᠶᠢᠭᠤᠯᠣᠯᠲᠠ ᠶᠢ ᠪᠡᠶᠡᠯᠡᠬᠦᠯᠵᠤ᠂  ᠶᠡᠷᠦᠩᠬᠡᠢ ᠪᠡᠯᠡ ᠤᠷᠤᠭᠤᠯᠤᠯᠲᠠ ᠨᠢ 8000 ᠲᠦᠮᠡᠨ ᠲᠦᠭᠦᠷᠢᠭ ᠤᠨ ᠴᠠᠬᠢᠯᠭᠠᠨ ᠬᠥᠴᠥᠨ ᠤ ᠢᠨᠵᠧᠨᠧᠷᠢᠩ ᠤᠨ ᠲᠦᠷᠦᠯ ᠵᠦᠢᠯ ᠢ ᠴᠢᠳᠠᠬᠤ ᠶᠢᠨ ᠬᠢᠷᠢ ᠪᠠᠷ ᠬᠢᠨᠠᠨ ᠪᠠᠶᠢᠴᠠᠭᠠᠯᠲᠠ ᠶᠢ ᠦᠩᠭᠡᠷᠡᠭᠡᠵᠤ᠂ ᠴᠠᠬᠢᠯᠭᠠᠨ ᠬᠦᠴᠦᠨ ᠤ ᠲᠣᠣᠷ ᠤᠨ ᠣᠶᠣᠨ ᠴᠢᠳᠠᠪᠤᠷᠢᠵᠢᠭᠰᠠᠨ ᠵᠠᠰᠠᠨ ᠰᠢᠨᠡᠳᠭᠡᠯᠲᠡ ᠶᠢ ᠲᠣᠭᠲᠠᠭᠤᠨ ᠠᠬᠢᠭᠤᠯᠵᠣ᠂ ᠴᠠᠬᠢᠯᠭᠠᠨ ᠬᠥᠴᠥᠨ ᠤ ᠲᠣᠣᠷ  ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ᠃      ︵ᠲᠠᠪᠤ︶ ᠭᠤᠶᠢᠪᠠᠰᠢ ᠦᠬᠡᠢ ᠪᠠᠷ ᠰᠣᠶᠣᠯ ᠵᠢᠭᠤᠯᠴᠢᠯᠠᠯ ᠤᠨ ᠬᠦᠴᠦᠷᠭᠡᠭ ᠬᠤᠰᠢᠭᠤᠨ ᠤ ᠪᠠᠶᠢᠭᠤᠯᠤᠯᠲᠠ  ᠶᠢ ᠠᠬᠢᠭᠤᠯᠵᠤ᠂ ᠠᠮᠢᠳᠤᠯᠢᠭ ᠬᠦᠴᠦᠨ ᠢ ᠨᠡᠮᠡᠭᠳᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠲᠠᠢ ᠪᠤᠯᠤᠨ᠎ᠠ      ︽ᠭᠤᠤᠯᠳᠠᠯᠭ᠎ᠠ ᠶᠢ ᠳᠤᠪᠤᠶᠢᠯᠭᠠᠵᠤ᠂ ᠦᠨᠳᠦᠰᠦᠨ ᠱᠠᠳᠤᠨ ᠳᠤ ᠬᠠᠨᠳᠤᠭᠤᠯᠵᠤ᠂ ᠤᠯᠠᠨ ᠲᠦᠮᠡᠨ ᠳᠤ ᠦᠢᠯᠡᠴᠢᠯᠡᠬᠦ︾ ᠰᠡᠳᠬᠢᠴᠡ ᠶᠤᠰᠤᠭᠠᠷ᠂ ᠦᠨᠳᠦᠰᠦᠳᠡᠨ ᠤ ᠰᠤᠶᠤᠯ ᠢᠶᠠᠨ ᠪᠠᠳᠠᠷᠠᠭᠤᠯᠵᠤ᠂ ᠦᠨᠳᠦᠰᠦᠳᠡᠨ ᠤ ᠰᠤᠶᠤᠯ ᠪᠡᠶ᠎ᠡ ᠲᠠᠮᠢᠷ ᠤᠨ ᠰᠢᠯᠢᠳᠡᠭ ᠵᠦᠢᠯ ᠤᠨ ᠢᠨᠵᠧᠨᠧᠷᠢᠩ ᠢ ᠪᠤᠢ ᠪᠤᠯᠭᠠᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠡᠯᠪᠡᠭᠵᠢᠬᠦᠯᠦᠨ᠂ ᠬᠤᠷᠴᠢᠨ ᠰᠣᠶᠣᠯ ᠵᠢᠭᠤᠯᠴᠢᠯᠠᠯ ᠤᠨ ᠬᠥᠴᠥᠷᠬᠡᠭ ᠬᠤᠰᠢᠭᠤᠨ ᠤ ᠪᠥᠲᠥᠭᠡᠨ ᠪᠠᠶᠢᠭᠤᠯᠣᠯᠲᠠ ᠶᠢ ᠠᠬᠢᠭᠤᠯᠣᠨ᠎ᠠ᠃     ᠰᠤᠶᠤᠯ ᠪᠡᠶ᠎ᠡ ᠲᠠᠮᠢᠷ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠦᠽᠸᠢ᠂ ᠰᠤᠶᠤᠯ ᠤᠨ ᠣᠷᠳᠤᠨ᠂ ᠨᠤᠮ ᠤᠨ ᠰᠠᠩ᠂ ᠠᠷᠠᠳ ᠤᠨ ᠵᠠᠩ ᠰᠣᠷᠳᠠᠬᠤᠨ ᠤ ᠦᠵᠡᠬᠦᠯᠦᠯᠭᠡ ᠶᠢᠨ ᠤᠷᠳᠤᠨ ᠵᠡᠷᠭᠡ ᠤᠯᠠᠨ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠨᠢᠭᠡᠴᠡ ᠶᠢᠨ ᠳᠡᠰ ᠳᠡᠪᠰᠢᠭᠦᠯᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠡ᠃ ᠲᠦᠰᠢᠶᠡᠲᠦ ᠮᠣᠷᠢᠨ ᠤᠷᠤᠯᠳᠣᠭᠠᠨ ᠤ ᠳᠠᠯᠠᠪᠦᠷ ᠤᠨ ᠢᠵᠢ ᠪᠦᠷᠢᠳᠦᠬᠦᠯᠬᠦ ᠲᠦᠭᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠬᠦᠯᠦᠨ᠎ᠡ᠃ 1166 ᠲᠡᠭᠰᠢ ᠳᠥᠷᠪᠡᠯᠵᠢᠨ ᠮᠧᠲᠷ ᠤᠨ ᠲᠣᠣᠷ ᠪᠥᠮᠪᠦᠭᠡ ᠶᠢᠨ ᠣᠷᠳᠣᠨ᠂ ᠪᠥᠬᠦ ᠠᠷᠠᠳ ᠤᠨ ᠪᠡᠶ᠎ᠡ  ᠴᠢᠬᠢᠷᠠᠭᠵᠢᠭᠤᠯᠬᠤ ᠬᠥᠳᠡᠯᠭᠡᠭᠡᠨ ᠤ ᠲᠥᠪ ᠤᠨ ᠭᠡᠷ ᠤᠨ ᠭᠠᠳᠠᠨᠠᠬᠢ ᠲᠠᠯᠠᠪᠦᠷ ᠵᠢᠴᠢ ᠬᠤᠶᠠᠷ ᠰᠣᠮᠤ ᠪᠠᠯᠭᠠᠰᠤᠨ ᠤ ᠪᠡᠶ᠎ᠡ ᠪᠠᠨ ᠴᠢᠬᠢᠷᠠᠭᠵᠢᠭᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠬᠦᠯᠦᠨ᠎ᠡ᠃ ︽ᠴᠦᠬᠡᠨ ᠳᠤᠭᠠᠳᠤ ᠦᠨᠳᠦᠰᠦᠳᠡᠨ ᠤ ᠣᠨᠴᠠᠯᠢᠭᠲᠦ ᠳᠤᠰᠬᠤᠨ ᠢ ᠬᠠᠮᠠᠭᠠᠯᠠᠬᠤ ᠬᠢᠭᠡᠳ ᠬᠦᠭᠵᠢᠬᠦᠯᠬᠦ︾ ᠲᠦᠷᠦᠯ ᠵᠦᠢᠯ ᠢ ᠬᠡᠷᠡᠭᠵᠢᠬᠦᠯᠵᠤ᠂ ᠴᠢᠳᠠᠬᠤ ᠶᠢᠨ ᠬᠢᠷᠢ ᠪᠠᠷ ᠰᠤᠶᠤᠯ ᠤᠨ ᠠᠵᠤ ᠦᠢᠯᠡᠰ ᠤᠨ ᠬᠦᠭᠵᠢᠯᠲᠡ ᠳᠡᠭᠡᠷ᠎ᠡ ᠰᠢᠨ᠎ᠡ ᠰᠢᠪᠲᠤᠯᠤᠯᠲᠠ ᠶᠢ ᠪᠡᠶᠡᠯᠡᠬᠦᠯᠦᠨ᠎ᠡ᠃ ᠬᠢᠩᠭᠠᠨ ᠤ ᠰᠣᠪᠠᠭ᠂ ᠳᠤᠮᠳᠠᠳᠤ ᠬᠤᠰᠢᠭᠤᠨ ᠤ ᠲᠧᠯᠸᠢᠰ ᠤᠨ ᠪᠦᠷᠬᠦᠴᠡ ᠶᠢ ᠦᠷᠭᠡᠳᠭᠡᠵᠤ᠂ ᠪᠦᠬᠦ ᠬᠤᠰᠢᠭᠤᠨ ᠤ ᠴᠠᠬᠢᠯᠭᠠᠨ ᠨᠡᠪᠲᠡᠷᠡᠭᠰᠡᠨ ᠠᠶᠢᠯ ᠳᠣᠰᠬᠤᠨ᠂ ᠳᠤᠪᠤ ᠳᠤ ᠲᠧᠯᠸᠢᠰ ᠤᠨ ︽ᠡᠷᠦᠬᠡ ᠪᠦᠷᠢ ᠳᠤ ᠨᠡᠪᠲᠡᠷᠡᠬᠦ︾ ᠶᠢ ᠪᠡᠶᠡᠯᠡᠬᠦᠯᠦᠨ᠎ᠡ᠃     ᠦᠨᠳᠦᠰᠦᠳᠡᠨ ᠤ ᠰᠤᠶᠤᠯ ᠪᠡᠶ᠎ᠡ ᠲᠠᠮᠢᠷ ᠤᠨ ᠰᠢᠯᠢᠳᠡᠭ ᠵᠦᠢᠯ ᠤᠨ ᠢᠨᠵᠧᠨᠧᠷᠢᠩ ᠢ ᠪᠤᠢ ᠪᠤᠯᠭᠠᠨ᠎ᠠ᠃ ᠰᠤᠶᠤᠯ ᠤᠨ ᠡᠬᠢ ᠪᠠᠶᠠᠯᠢᠭ ᠢ ᠬᠦᠢᠴᠡᠳ ᠠᠰᠢᠭᠯᠠᠵᠤ᠂ ᠨᠢᠭᠡ ᠪᠦᠯᠦᠭ ᠦᠵᠡᠯ ᠰᠠᠨᠠᠭᠠᠨ ᠤ ᠠᠭᠤᠯᠬᠤᠨ ᠡᠯᠪᠡᠭ᠂ ᠣᠷᠠᠯᠢᠭ ᠤᠨ ᠶᠠᠰᠤ ᠴᠢᠨᠠᠷ ᠰᠠᠶᠢᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠣᠷᠠᠲᠠᠢ ᠬᠤᠷᠴᠢᠨ ᠰᠣᠶᠤᠯ ᠤᠨ ᠰᠢᠯᠢᠳᠡᠭ ᠪᠦᠲᠦᠭᠡᠭᠳᠡᠭᠦᠨ ᠢ ᠡᠭᠦᠳᠦᠨ ᠪᠦᠲᠦᠭᠡᠨ᠎ᠡ᠃ ᠵᠢᠯ ᠤᠨ ᠳᠣᠳᠣᠷ᠎ᠠ᠂ ᠥᠯᠢᠭᠡᠷᠲᠥ ᠵᠥᠴᠥᠭᠡ ︽ᠱᠢ ᠱᠥᠸᠧ ᠶᠧ ᠰᠢᠶᠥ᠋ᠨ ᠫᠠᠢ︾ ᠶᠢ ᠡᠭᠦᠳᠥᠨ ᠵᠣᠬᠢᠶᠠᠵᠣ᠂ ᠨᠢᠬᠡ ᠢᠵᠢ ᠭᠠᠳᠠᠭᠰᠢ ᠣᠬᠠᠭᠤᠯᠬᠤ ᠹᠢᠯᠢᠮ ᠪᠠ ᠲᠡᠤᠬᠡ  ᠶᠢᠨ ᠣᠬᠤᠷ ᠹᠢᠯᠢᠮ ᠢ ᠵᠣᠬᠢᠶᠠᠵᠦ᠂ ᠮᠤᠩᠭᠤᠯ ᠦᠨᠳᠦᠰᠦᠲᠡᠨ ᠤ ᠦᠢᠯᠡᠳᠪᠦᠷᠢᠯᠡᠯ ᠠᠮᠢᠳᠣᠷᠠᠯ ᠢ ᠲᠣᠰᠬᠠᠭᠰᠡᠨ ᠪᠦᠵᠢᠭ ᠢ ᠡᠮᠬᠢᠯᠡᠨ ᠵᠢᠭᠰᠠᠭᠠᠵᠤ᠂ ᠨᠢᠭᠡ ᠪᠠᠳᠠᠭ ᠬᠤᠷᠴᠢᠨ ᠤ ᠣᠨᠴᠠᠯᠢᠭᠳᠣ ᠳᠠᠭᠤᠤ ᠶᠢ ᠡᠬᠦᠳᠦᠨ ᠪᠦᠲᠦᠭᠡᠵᠤ᠂ ᠨᠢᠭᠡ ᠲᠡᠪᠲᠡᠷ ᠦᠨᠳᠦᠰᠦᠳᠡᠨ ᠤ ᠰᠤᠶᠤᠯ ᠤᠨ ᠨᠣᠮ ᠳᠡᠪᠲᠡᠷ ᠢ ᠨᠠᠶᠢᠷᠠᠭᠤᠯᠤᠨ ᠵᠤᠬᠢᠶᠠᠵᠤ᠂ ᠬᠤᠷᠴᠢᠨ ᠰᠤᠶᠤᠯ  ᠤᠨ ᠦᠬᠦᠯᠡᠯ ᠤᠨ ᠳᠠᠪᠴᠠᠩ ᠢ ᠡᠷᠬᠢᠯᠡᠵᠤ᠂ ᠣᠷᠤᠨ ᠤ ᠳᠤᠳᠤᠨ᠎ᠠ ᠭᠠᠳᠠᠨᠠᠬᠢ ᠰᠤᠶᠤᠯ ᠤᠨ ᠰᠤᠯᠢᠯᠴᠠᠭ᠎ᠠ ᠶᠢ ᠴᠢᠩᠭᠠᠳᠬᠠᠵᠤ᠂ ᠭᠠᠳᠠᠭᠠᠳᠤ ᠳᠠᠬᠢ ᠤᠬᠠᠭᠤᠯᠭ᠎ᠠ ᠪᠠᠨ ᠦᠷᠭᠡᠳᠭᠡᠵᠤ᠂ ᠮᠠᠨ ᠤ ᠬᠤᠰᠢᠭᠤᠨ ᠤ ᠠᠯᠳᠠᠷᠰᠢᠯ ᠢᠶᠠᠨ ᠳᠡᠭᠡᠭᠰᠢᠯᠡᠬᠦᠯᠦᠨ᠎ᠡ᠃ ᠭᠤᠤᠯᠳᠠᠯᠭ᠎ᠠ ᠲᠠᠢ ᠰᠣᠨᠢᠨ ᠮᠡᠳᠡᠭᠡᠨ ᠤ ᠲᠤᠤᠷ ᠰᠦᠯᠵᠢᠶ᠎ᠡ ᠶᠢᠨ ᠦᠷᠲᠡᠭᠡ ᠶᠢᠨ ᠪᠠᠶᠢᠭᠤᠯᠤᠯᠲᠠ ᠤᠨ ᠢᠨᠵᠧᠨᠧᠷᠢᠩ ᠢ ᠬᠡᠷᠡᠭᠵᠢᠬᠦᠯᠵᠤ᠂ ᠣᠳᠣ ᠶᠢᠨ ᠪᠠᠶᠢᠭ᠎ᠠ ᠲᠤᠤᠷ ᠰᠦᠯᠵᠢᠶ᠎ᠡ ᠶᠢ ᠵᠠᠰᠠᠨ ᠰᠢᠨᠡᠳᠭᠡᠵᠤ᠂ ᠭᠠᠳᠠᠭᠠᠲᠤ ᠤᠬᠠᠭᠤᠯᠭ᠎ᠠ ᠶᠢᠨ ᠳᠠᠪᠴᠠᠩ ᠢᠶᠠᠨ ᠰᠢᠯᠢᠳᠡᠭᠵᠢᠬᠦᠯᠦᠨ ᠳᠡᠭᠡᠭᠰᠢᠯᠡᠬᠦᠯᠦᠨ᠎ᠡ᠃ ᠬᠤᠷᠴᠢᠨ  ᠤ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠪᠠᠳᠣᠴᠠᠭᠠᠨ ᠤ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠬᠠᠩᠭᠠᠯ ᠴᠦᠬᠦᠷᠦᠮ᠂ ᠮᠦᠽᠸᠢ᠂ ᠮᠦᠩᠬᠡ ᠬᠠᠨ ᠠᠭᠤᠯᠠ ᠵᠡᠷᠭᠡ ᠦᠵᠡᠮᠵᠢ ᠶᠢᠨ ᠴᠡᠭ ᠤᠨA ᠶᠢ ᠡᠭᠦᠳᠦᠨ ᠪᠦᠳᠦᠬᠡᠭᠦ ᠠᠵᠢᠯ ᠪᠠ ᠵᠢᠶᠦ᠋ᠨ ᠶᠦᠸᠧ ᠪᠠᠭᠤᠳᠠᠯ᠂ ᠪᠠᠳᠣᠴᠠᠭᠠᠨ ᠪᠠᠭᠤᠳᠠᠯ᠂ ᠹᠧᠩ ᠵᠢᠩ ᠪᠠᠭᠤᠳᠠᠯ ᠵᠡᠷᠭᠡ ᠪᠠᠭᠤᠳᠠᠯ ᠤᠨ ᠣᠳᠣᠨ ᠲᠡᠰ ᠳᠤ ᠬᠦᠷᠬᠦ ᠠᠵᠢᠯ ᠢ ᠰᠠᠶᠢᠳᠣᠷ ᠬᠢᠨ᠎ᠡ᠃ ︽ᠪᠥᠬᠦ ᠣᠯᠣᠰ  ᠤᠨ ᠰᠣᠶᠣᠯ ᠤᠨ ᠲᠡᠷᠢᠭᠦᠨ ᠤ ᠬᠤᠰᠢᠭᠤ ︵ᠰᠢᠶᠠᠨ︶  ︾᠂  ︽ᠪᠦᠬᠦ ᠣᠯᠤᠰ ᠤᠨ ᠮᠤᠷᠢᠨ ᠤᠷᠤᠯᠳᠤᠭᠠᠨ ᠤ ᠨᠤᠳᠤᠭ︾᠂ ︽ᠪᠦᠬᠦ ᠤᠷᠤᠨ ᠤ ᠣᠨᠴᠠᠯᠢᠭᠳᠤ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ︾ ︽ᠪᠦᠬᠦ ᠣᠯᠣᠰ ᠤᠨ ᠪᠡᠶ᠎ᠡ ᠲᠠᠮᠢᠷ ᠤᠨ ᠲᠡᠷᠢᠬᠦᠨ ᠤ ᠬᠤᠰᠢᠭᠤ ︵ᠰᠢᠶᠠᠨ︶︾᠂ ︽ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠨᠣᠲᠤᠭ︾  ᠂ ︽ᠪᠦᠬᠦ ᠣᠯᠣᠰ ᠤᠨ ᠣᠷᠣᠯᠳᠣᠭᠠᠨ ᠤ ᠮᠤᠷᠢ ᠶᠢ ᠪᠤᠯᠪᠠᠰᠤᠷᠠᠭᠤᠯᠬᠤ ᠰᠠᠭᠤᠷᠢᠨ︾᠂ ︽ᠪᠦᠬᠦ ᠣᠷᠣᠨ ᠤ ᠬᠤᠯᠠ ᠳᠣᠮᠳᠠ ᠭᠦᠶᠥᠯᠳᠡ ᠶᠢᠨ ᠰᠠᠭᠤᠷᠢᠨ︾ ᠢ ᠡᠬᠦᠳᠦᠨ ᠪᠠᠶᠢᠭᠤᠯᠤᠨ᠎ᠠ᠃     ᠦᠨᠳᠦᠰᠦᠳᠡᠨ ᠤ ᠰᠣᠶᠤᠯ ᠢᠶᠠᠨ ᠬᠠᠮᠠᠭᠠᠯᠠᠨ ᠤᠯᠠᠮᠵᠢᠯᠠᠨ᠎ᠠ᠃ ᠪᠣᠳᠠᠰ ᠤᠨ ᠪᠣᠰᠣ ᠰᠣᠶᠣᠯ ᠤᠨ ᠦᠪ ᠤᠨ ᠲᠥᠷᠥᠯ ᠵᠥᠢᠯ ᠵᠢᠴᠢ ᠲᠡᠥᠬᠡ ᠶᠢᠨ ᠳᠣᠷᠠᠰᠬᠠᠯᠲᠣ ᠵᠥᠢᠯ ᠢ ᠬᠠᠮᠠᠭᠠᠯᠠᠬᠤ ᠨᠢᠭᠡᠴᠡ ᠶᠢ ᠭᠤᠶᠣᠴᠢᠯᠠᠨ ᠮᠡᠳᠡᠭᠦᠯᠵᠥ ᠲᠡᠰ ᠳᠡᠪᠰᠢᠭᠦᠯᠬᠦ ᠠᠵᠢᠯ ᠢ ᠥᠷᠭᠦᠯᠵᠢᠯᠡᠨ ᠰᠠᠶᠢᠲᠣᠷ ᠬᠢᠵᠥ᠂ ᠬᠤᠷᠴᠢᠨ ᠠᠷᠠᠳ ᠤᠨ ᠳᠠᠭᠤᠣ ᠶᠢ ᠣᠯᠣᠰ ᠤᠨ ᠳᠡᠰ ᠤᠨ ᠪᠣᠳᠠᠰ ᠤᠨ ᠪᠣᠰᠣ ᠰᠣᠶᠣᠯ ‍ᠣᠨ‌ᠦᠪ ᠤᠨ ᠰᠤᠩᠭᠤᠯᠲᠠ ᠶᠢᠨ ᠭᠠᠷᠴᠠᠭ ᠲᠤ ᠭᠤᠶᠤᠴᠢᠯᠠᠨ ᠮᠡᠳᠡᠭᠦᠯᠬᠦ ᠶᠢ ᠲᠡᠮᠡᠴᠡᠨ ᠣᠯᠵᠤ᠂ ᠮᠤᠩᠭᠤᠯ ᠡᠮ ᠨᠠᠶᠢᠷᠠᠭᠤᠯᠬᠤ ᠪᠠ ᠮᠣᠷᠢ ᠪᠣᠶᠢᠵᠢᠭᠤᠯᠵᠦ ᠰᠣᠷᠭᠠᠬᠤ ᠮᠡᠷᠭᠡᠵᠢᠯ ᠢ ᠦᠪᠡᠷᠲᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠦᠪ ᠳᠤ ᠭᠤᠶᠤᠴᠢᠯᠠᠨ ᠮᠡᠳᠡᠭᠦᠯᠦᠨ᠎ᠡ᠃ ᠪᠡᠯᠡ ᠮᠦᠩᠬᠦ ᠶᠢ ᠢᠳᠡᠪᠬᠢᠲᠡᠢ ᠬᠤᠷᠠᠮᠳᠤᠭᠤᠯᠵᠤ᠂ ︽ᠲᠦᠰᠢᠶᠡᠲᠤ ᠶᠢᠨ ᠬᠤᠭᠤᠷᠴᠢ 300 ᠬᠦᠮᠦᠨ︾ ᠵᠡᠷᠭᠡ ᠰᠢᠷᠢᠰ ᠨᠤᠮ ᠳᠡᠪᠲᠡᠷ  ᠢ ᠬᠡᠪᠯᠡᠨ ᠲᠠᠷᠬᠠᠭᠠᠨ᠎ᠠ᠃ ᠠᠯᠳᠠᠨ ᠣᠯᠣᠰ ᠤᠨ ᠣᠷᠳᠣ ᠴᠠᠭᠠᠨ ᠬᠡᠷᠡᠮ᠂ ᠪᠤᠭᠳᠠ ᠶᠢᠨ ᠣᠷᠳᠣ᠂ ᠨᠤᠨ ᠠᠷᠪᠠᠨ ᠬᠤᠰᠢᠭᠤᠨ ᠤ ᠴᠢᠭᠤᠯᠭᠠᠨ ᠵᠡᠷᠭᠡ ᠬᠠᠮᠠᠭᠠᠯᠠᠬᠤ ᠨᠢᠭᠡᠴᠡ ᠶᠢ ᠵᠠᠰᠠᠨ ᠰᠢᠨᠡᠳᠭᠡᠬᠦ ᠢᠨᠵᠧᠨᠧᠷᠢᠩ ᠢ ᠰᠠᠶᠢᠳᠦᠷ ᠬᠢᠨ᠎ᠡ᠃ ᠪᠤᠭᠳᠠ ᠶᠢᠨ ᠣᠷᠳᠣ ᠪᠠ ᠲᠦᠯᠢᠶᠡᠮᠣᠳᠣ ᠬᠠᠭᠤᠴᠢᠨ ᠬᠤᠳᠠ ᠢ ᠳᠤᠰ ᠪᠦᠷᠢ ᠤᠯᠤᠰ ᠤᠨ ᠳᠡᠰ ᠤᠨ ᠲᠡᠤᠬᠡ ᠶᠢᠨ ᠳᠣᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ ᠪᠠ ᠦᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠣᠷᠠᠰᠬᠠᠯᠲᠤ ᠵᠦᠢᠯᠡᠰ ᠢ ᠬᠠᠮᠠᠭᠠᠯᠠᠬᠤ ᠨᠢᠬᠡᠴᠡ ᠪᠤᠯᠭᠠᠨ ᠳᠡᠪᠰᠢᠬᠦᠯᠦᠨ᠎ᠡ᠃ ᠲᠥᠰᠢᠶᠡᠲᠥ ᠸᠠᠩ ᠤᠨ ᠣᠷᠳᠣᠨ ᠢ ᠵᠠᠰᠠᠨ ᠪᠠᠶᠢᠭᠤᠯᠬᠤ ᠲᠥᠷᠥᠯ ᠵᠥᠢᠯ ᠤᠨ ᠪᠠᠶᠢᠭᠤᠯᠤᠯᠲᠠ ᠶᠢ ᠲᠦᠷᠭᠡᠳᠭᠡᠨ ᠪᠠᠶᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ᠂ ᠪᠦᠬᠦ ᠣᠯᠣᠰ ᠤᠨ ᠬᠠᠮᠤᠭ ᠲᠡᠷᠢᠬᠦᠨ ᠤ ᠮᠤᠷᠢ ᠪᠤᠶᠢᠵᠢᠭᠤᠯᠬᠤ᠂ ᠪᠤᠯᠪᠠᠰᠤᠷᠠᠭᠤᠯᠤᠯ ᠬᠢᠬᠦ᠂ ᠠᠷᠠᠯᠵᠢᠶᠠᠯᠠᠬᠤ ᠪᠠᠷ ᠨᠢᠭᠡ ᠴᠣᠭᠴᠠᠵᠢᠯᠠᠭᠰᠠᠨ ᠬᠤᠷᠴᠢᠨ ᠪᠠᠷᠠᠭᠤᠨ ᠭᠠᠷᠣᠨ ᠳᠤᠮᠳᠠᠳᠤ ᠬᠤᠰᠢᠭᠤᠨ ᠤ ᠯᠠᠢ ᠳ᠋ᠧ ᠮᠤᠷᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ  ᠳᠡᠰ ᠳᠡᠪᠰᠢᠬᠦᠯᠬᠦ ᠳᠤ ᠨᠦᠬᠦᠴᠡᠯ ᠪᠤᠢ ᠪᠤᠯᠭᠠᠵᠤ ᠦᠭᠬᠦᠨ᠎ᠡ᠃ ᠦᠨᠳᠦᠰᠦᠲᠡᠨ ᠤ ᠰᠣᠶᠤᠯ ᠤᠨ ᠴᠢᠳᠠᠪᠦᠷᠢᠳᠠᠨ ᠤ ᠡᠩᠨᠡᠭᠡ ᠶᠢᠨ ᠪᠠᠶᠢᠭᠤᠯᠤᠯᠲᠠ   ᠶᠢᠨ ᠢᠨᠵᠧᠨᠧᠷᠢᠩ ᠢ ᠬᠡᠷᠡᠭᠵᠢᠬᠦᠯᠵᠤ᠂ ᠦᠨᠳᠦᠰᠦᠨ ᠱᠠᠳᠤᠨ ᠤ ᠤᠬᠠᠭᠤᠯᠭ᠎ᠠ ᠰᠣᠶᠤᠯ ᠤᠨ ᠭᠤᠤᠯ ᠬᠦᠴᠦᠨ᠂ ᠠᠷᠠᠳ ᠠᠴᠠ ᠡᠵᠡᠩᠨᠡᠭᠰᠡᠨ ᠰᠣᠶᠤᠯ ᠤᠨ ᠠᠵᠤ ᠠᠬᠤᠶᠢᠯᠠᠯ ᠪᠠ ᠠᠷᠠᠳ ᠤᠨ ᠰᠣᠶᠤᠯ ᠤᠨ ᠴᠢᠳᠠᠪᠦᠷᠢᠳᠠᠨ ᠢ ᠬᠦᠮᠦᠵᠢᠬᠦᠯᠬᠦ ᠠᠵᠢᠯ ᠢ ᠴᠢᠩᠭᠠᠳᠬᠠᠨ᠎ᠠ᠃ ᠠᠷᠠᠳ ᠤᠨ ᠤᠯᠠᠯᠮᠵᠢᠯᠠᠯᠲᠤ ᠨᠠᠭᠠᠳᠤᠮ ᠤᠨ ᠬᠤᠷᠠᠯ ᠡᠷᠬᠢᠯᠡᠬᠦ ᠶᠢ ᠵᠤᠷᠢᠭᠵᠢᠭᠤᠯᠵᠤ᠂ ᠤᠨᠴᠠᠯᠢᠭᠳᠤ ᠦᠨᠳᠦᠰᠦᠲᠡᠨ ᠤ ᠢᠳᠡᠭᠡᠨ ᠤᠮᠳᠠᠭᠠᠨ᠂ ᠠᠷᠠᠳ ᠤᠨ ᠵᠠᠩ ᠠᠷᠠᠨᠰᠢᠨ᠂ ᠦᠨᠳᠦᠰᠦᠲᠡᠨ ᠤ ᠳᠠᠭᠤᠤ ᠬᠦᠭᠵᠢᠮ ᠪᠠ ᠦᠨᠳᠦᠰᠦᠲᠡᠨ ᠤ ᠬᠤᠪᠴᠠᠰᠤ ᠵᠠᠰᠠᠯ ᠦᠢᠯᠡᠳᠬᠦ ᠵᠡᠷᠭᠡ ᠤᠯᠠᠮᠵᠢᠯᠠᠯᠲᠤ ᠦᠨᠳᠦᠰᠦᠲᠡᠨ ᠤ ᠠᠵᠤ ᠦᠢᠯᠡᠰ ᠢ  ᠪᠤᠶᠢᠵᠢᠭᠤᠯᠤᠨ᠎ᠠ᠃     ᠣᠯᠠᠨ ᠲᠦᠮᠡᠨ ᠤ ᠰᠤᠶᠤᠯ ᠤᠨ ᠠᠮᠢᠳᠤᠷᠠᠯ ᠢ ᠡᠯᠪᠡᠭᠵᠢᠬᠦᠯᠦᠨ᠎ᠡ᠃ ᠰᠣᠶᠤᠯ ᠢ ᠬᠦᠳᠡᠭᠡ ᠪᠠᠭᠤᠯᠭᠠᠬᠤ ᠠᠵᠢᠯᠯᠠᠭᠠᠨ ᠢ ᠦᠷᠨᠢᠬᠦᠯᠵᠤ᠂ ᠰᠣᠮᠣ ᠪᠠᠯᠭᠠᠰᠣᠨ ᠤ ᠰᠣᠶᠣᠯ ᠤᠨ ᠦᠷᠲᠡᠭᠡ ᠪᠠᠷ  ᠲᠡᠪᠴᠡᠩ ᠪᠤᠯᠭᠠᠵᠥ᠂ ᠳᠤᠰᠬᠠᠢ ᠮᠡᠷᠭᠡᠵᠢᠯ ᠤᠨ ᠰᠤᠶᠣᠯ ᠤᠨ ᠡᠩᠨᠡᠬᠡᠨ ᠤ ᠪᠤᠯᠪᠠᠰᠤᠷᠠᠭᠤᠯᠤᠯ᠂ ᠦᠢᠯᠡᠴᠢᠯᠡᠭᠡᠨ ᠤ ᠡᠬᠦᠷᠭᠡ ᠴᠢᠳᠠᠪᠦᠷᠢ ᠶᠢ ᠪᠠᠳᠠᠷᠠᠭᠤᠯᠵᠤ᠂ ᠭᠠᠴᠠᠭᠠᠨ ᠳᠡᠰ ᠤᠨ ᠰᠤᠶᠤᠯ ᠪᠡᠶ᠎ᠡ ᠲᠠᠮᠢᠷ ᠤᠨ ᠠᠵᠢᠯᠯᠠᠭᠠᠨ ᠢ ᠬᠠᠪᠰᠤᠷᠤᠨ ᠡᠷᠬᠢᠯᠡᠵᠤ᠂ ᠠᠷᠠᠳ  ᠤᠨ ᠬᠠᠷᠢᠯᠴᠠᠨ ᠬᠦᠳᠡᠯᠦᠯᠴᠡᠬᠦ᠂ ᠰᠤᠶᠤᠯ ᠤᠨ ᠠᠵᠢᠯᠯᠠᠭᠠᠨ ᠤ ᠪᠠᠶᠢᠳᠠᠯ ᠢ ᠪᠤᠢ ᠪᠤᠯᠭᠠᠨ᠎ᠠ᠃ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠬᠦᠯᠵᠤ᠂ ᠡᠯ᠎ᠡ ᠰᠤᠮᠤ ᠪᠠᠯᠭᠠᠰᠤᠨ ᠤ ᠣᠯᠠᠨ ᠨᠡᠶᠢᠲᠡ ᠶᠢᠨ ᠪᠤᠯᠪᠠᠰᠤᠨ ᠤ ᠵᠢᠭᠠᠯᠲᠠ ᠲᠤᠭ᠎ᠠ ᠶᠢᠨ ᠬᠡᠮᠵᠢᠯᠲᠡ ᠶᠢᠨ ᠠᠵᠢᠯ ᠦᠷᠨᠢᠬᠦᠯᠦᠨ᠎ᠡ᠃ ᠬᠦᠳᠡᠭᠡ ᠳᠣᠰᠬᠤᠨ ᠮᠠᠯᠵᠢᠬᠤ ᠤᠷᠣᠨ ᠤ ᠺᠢᠨᠤ᠋ ᠶᠢᠨ ︽2131︾ ᠢᠨᠵᠧᠨᠧᠷᠢᠩ ᠢ ᠭᠡᠷᠡᠭᠵᠢᠬᠦᠯᠵᠤ᠂ ᠲᠠᠪᠣᠳᠣᠭᠠᠷ ᠬᠤᠭᠤᠴᠠᠭᠠᠨ ᠤ ᠪᠥᠬᠦ ᠣᠯᠣᠰ ᠤᠨ ᠳᠣᠮᠳᠠᠳᠣ ᠶᠢᠨ ᠬᠤᠷᠳᠣᠨ ᠮᠣᠷᠢᠨ ᠤ ᠣᠷᠣᠯᠳᠣᠭᠠᠨ ᠢ ᠳᠠᠭᠠᠭᠠᠴᠢᠯᠠᠨ ᠡᠷᠬᠢᠯᠡᠵᠥ᠂ ᠭᠤᠷᠪᠠᠳᠣᠭᠠᠷ ᠬᠤᠭᠤᠴᠠᠭᠠᠨ ᠤ ᠳᠣᠮᠳᠠᠳᠣ ᠣᠯᠣᠰ᠂ ᠬᠤᠷᠴᠢᠨ ᠠᠷᠠᠳ ᠤᠨ ᠰᠣᠶᠣᠯ ᠣᠷᠠᠯᠢᠭ ᠤᠨ ᠨᠠᠶᠢᠷ ᠪᠠ ᠬᠤᠶᠠᠳᠣᠭᠠᠷ ᠬᠤᠭᠤᠴᠠᠭᠠᠨ ᠤ ᠪᠦᠬᠦ ᠬᠤᠰᠢᠭᠤᠨ ᠤ ᠲᠠᠯᠠᠪᠠᠢ ᠶᠢᠨ ᠰᠤᠶᠤᠯ ᠤᠨ ᠨᠠᠶᠢᠷ᠂ ᠬᠤᠷᠴᠢᠨ ᠠᠷᠠᠳ ᠤᠨ ᠣᠯᠠᠮᠵᠢᠯᠠᠯᠳᠣ  ᠢᠳᠡᠭᠡᠨ ᠤ ᠰᠣᠶᠣᠯ ᠤᠨ ᠠᠮᠳᠠᠯᠠᠵᠣ ᠰᠣᠨᠢᠷᠬᠠᠬᠤ ᠨᠠᠶᠢᠷ᠂ ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤᠨ ᠤ ᠪᠣᠳᠠᠰ ᠤᠨ ᠪᠣᠰᠣ ᠰᠣᠶᠣᠯ ‍ᠣᠨ‌ᠦᠪ ᠤᠨ ᠥᠷ᠎ᠡ ᠪᠥᠲᠥᠭᠡᠯ ᠤᠨ ᠥᠵᠡᠭᠦᠯᠥᠯᠭᠡ᠂ ᠳᠥᠷᠪᠡᠳᠥᠭᠡᠷ ᠬᠤᠭᠤᠴᠠᠭᠠᠨ ᠤ ᠬᠤᠷᠴᠢᠨ ᠤ ᠪᠠᠲᠣᠴᠠᠭᠠᠨ ᠤ ᠵᠢᠭᠤᠯᠴᠢᠯᠠᠯ ᠰᠣᠶᠣᠯ ᠣᠷᠠᠯᠢᠭ ᠤᠨ ᠨᠠᠶᠢᠷ᠂ ᠳᠤᠯᠤᠳᠤᠭᠠᠷ ᠬᠤᠭᠤᠴᠠᠭᠠᠨ ᠤ ᠬᠤᠷᠴᠢᠨ ᠪᠠᠷᠠᠭᠤᠨ ᠭᠠᠷᠣᠨ ᠳᠤᠮᠳᠠᠳᠤ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠣᠯᠠᠮᠵᠢᠯᠠᠯᠲᠣ ᠨᠠᠶᠢᠷ ᠤᠨ ᠠᠵᠢᠯᠯᠠᠭᠠᠨ ᠢ ᠡᠷᠬᠢᠯᠡᠨ᠎ᠡ᠃       ︵ᠵᠢᠷᠭᠤᠭ᠎ᠠ︶  ᠭᠤᠶᠢᠪᠠᠰᠢ ᠦᠬᠡᠢ ᠪᠠᠷ ᠠᠷᠠᠳ ᠤᠨ ᠠᠮᠢᠳᠣᠷᠠᠯ ᠤᠨ ᠪᠠᠲᠣᠯᠠᠭ᠎ᠠ   ᠶᠢᠨ ᠳᠣᠭᠳᠠᠴᠠ ᠶᠢ ᠰᠠᠶᠢᠵᠢᠷᠠᠭᠤᠯᠵᠤ᠂ ᠡᠶ᠎ᠡ ᠵᠣᠬᠢᠴᠠᠩᠭᠤᠢ ᠶᠢ ᠬᠦᠭᠵᠢᠬᠦᠯᠬᠦ ᠳᠡᠭᠡᠷ᠎ᠡ ᠰᠢᠪᠲᠤᠯᠤᠯᠲᠠ ᠲᠠᠢ ᠪᠤᠯᠤᠨ᠎ᠠ       ᠨᠡᠶᠢᠭᠡᠮ ᠤᠨ ᠡᠯ᠎ᠡ ᠵᠥᠢᠯ ᠤᠨ ᠠᠵᠢᠯ ᠥᠢᠯᠡᠰ ᠢ ᠨᠢᠭᠡᠳᠥᠯᠲᠡᠢ ᠲᠥᠯᠥᠪᠯᠡᠨ ᠬᠥᠭᠵᠢᠭᠦᠯᠵᠥ᠂ ᠨᠡᠶᠢᠭᠡᠮ ᠤᠨ ᠣᠯᠠᠨ ᠨᠡᠶᠢᠲᠡ ᠶᠢᠨ ᠥᠢᠯᠡᠴᠢᠯᠡᠭᠡᠨ ᠤ ᠴᠢᠳᠠᠪᠣᠷᠢ ᠶᠢ ᠲᠠᠰᠣᠷᠠᠯᠲᠠ ᠥᠭᠡᠢ ᠳᠡᠭᠡᠭᠰᠢᠯᠡᠭᠦᠯᠵᠥ᠂ ᠥᠷᠭᠡᠨ ᠣᠯᠠᠨ ᠠᠷᠠᠳ ᠲᠥᠮᠡᠨ ᠳᠤ ᠬᠥᠭᠵᠢᠯᠲᠡ ᠶᠢᠨ ᠥᠷ᠎ᠡ ᠪᠥᠲᠥᠭᠡᠯ ᠢ ᠴᠢᠷᠮᠠᠶᠢᠨ ᠡᠳ᠋ᠯᠡᠭᠦᠯᠥᠨ᠎ᠡ᠃       ᠰᠣᠷᠭᠠᠨ ᠬᠥᠮᠥᠵᠢᠯ ᠤᠨ ᠠᠵᠢᠯ ᠥᠢᠯᠡᠰ ᠢ ᠲᠡᠷᠢᠭᠦᠨ ᠳᠤ ᠬᠥᠭᠵᠢᠭᠦᠯᠥᠨ᠎ᠡ᠃ ᠡᠯ᠎ᠡ ᠱᠠᠳᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠢ ᠲᠡᠩᠴᠡᠬᠦᠷᠢᠲᠡᠢ ᠬᠦᠭᠵᠢᠬᠦᠯᠵᠤ᠂ ᠰᠣᠷᠭᠠᠨ ᠬᠦᠮᠦᠵᠢᠯ ᠤᠨ ᠶᠠᠰᠣ ᠴᠢᠨᠠᠷ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠠᠯᠪᠠᠨ ᠵᠢᠷᠣᠮ ᠤᠨ ᠰᠣᠷᠭᠠᠨ ᠬᠥᠮᠥᠵᠢᠯ ᠤᠨ ᠱᠠᠲᠣᠨ ᠤ ᠰᠣᠷᠭᠠᠭᠤᠯᠢ ᠶᠢᠨ ᠪᠠᠷᠢᠮᠵᠢᠶᠠᠲᠣ ᠪᠠᠶᠢᠭᠤᠯᠣᠯᠲᠠ ᠶᠢ ᠲᠥᠯᠬᠢᠨ ᠠᠬᠢᠭᠤᠯᠵᠤ᠂ ᠳᠣᠮᠳᠠᠳᠣ ᠪᠠᠭ᠎ᠠ ᠰᠣᠷᠭᠠᠭᠤᠯᠢ ᠶᠢᠨ ᠪᠠᠶᠢᠷᠢ ᠶᠢᠨ ᠠᠮᠣᠷ ᠲᠥᠪᠰᠢᠨ ᠤ ᠢᠨᠵᠧᠨᠧᠷᠢᠩ ᠢ ᠨᠢᠭᠡᠳᠥᠯᠲᠡᠢ ᠲᠥᠯᠥᠪᠯᠡᠨ ᠬᠡᠷᠡᠭᠵᠢᠬᠦᠯᠦᠨ᠎ᠡ᠃ ᠰᠣᠷᠬᠤ ᠨᠠᠰᠣᠨ ᠠᠴᠠ ᠡᠮᠥᠨᠡᠬᠢ ᠰᠣᠷᠭᠠᠨ ᠬᠥᠮᠥᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠬᠦᠴᠦᠨ ᠢᠶᠠᠷ ᠬᠡᠷᠡᠭᠵᠢᠬᠦᠯᠵᠤ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠢ ᠶᠡᠬᠡᠪᠡᠷ ᠬᠦᠭᠵᠢᠬᠦᠯᠦᠨ᠎ᠡ᠃ ᠵᠢᠯ ᠤᠨ ᠳᠣᠲᠣᠷ᠎ᠠ᠂ 2 ᠰᠠᠭᠤᠷᠢ ᠰᠣᠮᠤ ᠪᠠᠯᠭᠠᠰᠤᠨ ᠤ ᠭᠤᠤᠯ ᠬᠡᠥᠬᠡᠳ ᠤᠨ ᠴᠡᠴᠡᠷᠯᠢᠭ ᠢ  ᠪᠠᠶᠢᠭᠤᠯᠵᠤ᠂ 3 ᠰᠠᠭᠤᠷᠢ ᠭᠠᠴᠠᠭᠠᠨ ᠳᠡᠰ  ᠤᠨ ᠬᠡᠥᠬᠡᠳ ᠤᠨ ᠴᠡᠴᠡᠷᠯᠢᠭ ᠢ ᠵᠠᠰᠠᠨ ᠰᠢᠨᠡᠳᠬᠡᠨ᠎ᠡ᠃ ᠰᠣᠷᠣᠭᠴᠢ ᠶᠢᠨ ᠠᠮᠢᠳᠣᠷᠠᠯ ᠤᠨ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠥᠨᠳᠥᠷ ᠳᠣᠮᠳᠠᠳᠣ ᠶᠢᠨ ᠱᠠᠲᠣᠨ ᠤ ᠰᠥᠢᠳᠭᠡᠯ ᠬᠤᠷᠢᠶᠠᠬᠤ ᠥᠭᠡᠢ ᠰᠣᠷᠭᠠᠨ ᠬᠥᠮᠥᠵᠢᠯ ᠢ ᠪᠥᠬᠦ ᠲᠠᠯ᠎ᠠ ᠪᠠᠷ ᠬᠡᠷᠡᠭᠵᠢᠭᠦᠯᠵᠥ᠂ ᠬᠥᠳᠡᠭᠡ ᠲᠣᠰᠬᠤᠨ ᠮᠠᠯᠵᠢᠬᠤ ᠣᠷᠣᠨ ᠤ ᠠᠯᠪᠠᠨ ᠵᠢᠷᠣᠮ ᠤᠨ ᠰᠣᠷᠭᠠᠨ ᠬᠥᠮᠥᠵᠢᠯ ᠤᠨ ᠱᠠᠲᠣᠨ ᠤ ᠰᠣᠷᠣᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠰᠠᠶᠢᠲᠣᠷ ᠬᠡᠷᠡᠭᠵᠢᠭᠦᠯᠥᠨ᠎ᠡ᠃ ᠣᠯᠠᠨ ᠠᠷᠭ᠎ᠠ ᠵᠠᠮ ᠢᠶᠠᠷ ᠡᠯ᠎ᠡ ᠵᠥᠢᠯ ᠤᠨ ᠨᠡᠶᠢᠭᠡᠮ ᠤᠨ ᠪᠡᠯᠡ ᠮᠥᠩᠭᠦ ᠶᠢ ᠲᠡᠮᠡᠴᠡᠨ ᠣᠯᠵᠣ᠂ ᠶᠠᠳᠠᠭᠤ ᠬᠥᠴᠢᠷᠳᠡᠯᠲᠡᠢ ᠰᠣᠷᠣᠭᠴᠢᠳ ᠢ ᠳᠡᠮᠵᠢᠬᠦ ᠲᠣᠭᠲᠠᠴᠠ  ᠶᠢ ᠲᠡᠭᠦᠯᠳᠡᠷᠵᠢᠭᠦᠯᠥᠨ᠎ᠡ᠃  ᠦᠨᠳᠦᠰᠦᠳᠡᠨ ᠤ ᠰᠣᠷᠭᠠᠨ ᠬᠦᠮᠦᠵᠢᠯ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ  ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠦᠨᠳᠦᠰᠦᠳᠡᠨ ᠤ ᠰᠣᠭᠠᠭᠤᠯᠢ ᠶᠢᠨ ᠰᠣᠷᠭᠠᠭᠤᠯᠢ ᠡᠷᠬᠢᠯᠡᠬᠦ ᠨᠦᠬᠦᠴᠡᠯ  ᠢ ᠰᠠᠶᠢᠵᠢᠷᠠᠭᠤᠯᠵᠤ᠂ ᠦᠨᠳᠦᠰᠦᠳᠡᠨ ᠤ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠣᠷᠭᠠᠭᠤᠯᠢ ᠶᠢᠨ ᠬᠥᠷᠢᠶᠡᠨ ᠤ ᠠᠮᠣᠷ ᠲᠥᠪᠰᠢᠨ ᠢ ᠲᠣᠪᠣᠶᠢᠮ᠎ᠠ ᠪᠠᠶᠢᠷᠢᠨ ᠳᠤ ᠲᠠᠯᠪᠢᠵᠣ᠂ ᠠᠮᠣᠷ ᠲᠥᠪᠰᠢᠨ ᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠢᠳᠡᠭᠡᠨ ᠵᠡᠷᠭᠡ ᠭᠤᠭᠴᠤᠭ᠎ᠠ ᠶᠢᠨ ᠬᠠᠮᠢᠶᠠᠷᠣᠯᠲᠠ ᠶᠢ ᠴᠢᠩᠭᠠᠳᠬᠠᠵᠣ᠂ ᠰᠤᠷᠤᠭᠴᠢ ᠳᠤᠰᠴᠤ ᠬᠦᠷᠭᠡᠬᠦ ᠲᠡᠷᠬᠡ ᠶᠢᠨ ᠨᠢᠭᠡᠲᠦᠯᠲᠡᠢ ᠬᠠᠮᠢᠶᠠᠷᠤᠯᠲᠠ ᠶᠢ ᠴᠢᠩᠭᠠᠷᠠᠭᠤᠯᠵᠤ᠂ ᠠᠮᠣᠷ ᠲᠥᠪᠰᠢᠨ ᠡᠶ᠎ᠡ ᠵᠣᠬᠢᠴᠠᠩᠭᠤᠢ ᠰᠣᠷᠭᠠᠭᠤᠯᠢ ᠶᠢᠨ ᠬᠥᠷᠢᠶᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ ᠪᠠᠶᠠᠨᠬᠤᠰᠢᠭᠤ ᠨᠢᠭᠡᠳᠦᠭᠡᠷ ᠲᠣᠮᠳᠠᠳᠣ ᠰᠣᠷᠭᠠᠭᠤᠯᠢ ᠶᠢᠨ ᠰᠣᠷᠭᠠᠭᠤᠯᠢ ᠪᠠᠶᠢᠭᠤᠯᠣᠭᠳᠠᠭᠰᠡᠨ 60 ᠵᠢᠯ ᠤᠨ ᠣᠢ ᠶᠢ ᠪᠡᠯᠭᠡᠯᠡᠬᠦ ᠠᠵᠢᠯᠯᠠᠭᠠᠨ ᠶᠢ ᠰᠠᠶᠢᠳᠣᠷ ᠵᠣᠬᠢᠶᠠᠨ ᠪᠠᠶᠢᠭᠤᠯᠣᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号