︵ᠭᠤᠷᠪᠠ︶ ᠭᠤᠶᠢᠪᠠᠰᠢ ᠦᠬᠡᠢ ᠪᠠᠷ ᠬᠤᠳᠠ ᠬᠦᠳᠡᠭᠡ ᠶᠢᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ | ᠠᠬᠢᠭᠤᠯᠵᠤ᠂ ᠬᠠᠮᠳᠤ ᠪᠠᠷ ᠪᠠᠶᠢᠭᠤᠯᠤᠨ ᠬᠠᠮᠳᠤ ᠪᠠᠷ ᠡᠳ᠋ᠯᠡᠬᠦ ᠳᠡᠭᠡᠷ᠎ᠡ ᠰᠢᠨ᠎ᠡ ᠰᠢᠪᠲᠤᠯᠤᠯᠲᠠ ᠲᠠᠢ ᠪᠤᠯᠤᠨ᠎ᠠ | ︽ᠴᠣᠭᠯᠠᠭᠤᠯᠣᠨ ᠰᠢᠯᠵᠢᠭᠦᠯᠵᠦ᠂ ᠲᠦᠪᠯᠡᠷᠡᠭᠦᠯᠦᠨ ᠬᠦᠭᠵᠢᠭᠦᠯᠬᠦ︾ ᠠᠵᠢᠯ ᠤᠨ ᠰᠡᠳᠬᠢᠴᠡ ᠶᠢ | ᠪᠠᠷᠢᠮᠳᠠᠯᠠᠵᠦ᠂ ᠬᠤᠳᠠ ᠬᠦᠳᠡᠭᠡ ᠶᠢ ᠨᠢᠭᠡᠳᠦᠯᠲᠠᠢ ᠲᠦᠯᠦᠪᠯᠡᠬᠦ ᠪᠠᠷ ᠭᠤᠣᠯ ᠣᠳᠣᠷᠢᠳᠣᠮᠵᠢ ᠪᠣᠯᠭᠠᠵᠦ᠂ | ᠪᠠᠶᠢᠭᠤᠯᠣᠮᠵᠢ ᠶᠢᠨ ᠲᠦᠷᠢᠮ ᠤᠨ ᠪᠠᠯᠭᠠᠰᠦ ᠪᠠᠷ ᠲᠦᠪ ᠪᠣᠯᠭᠠᠵᠦ᠂ ᠠᠵᠤ ᠦᠢᠯᠡᠰ ᠤᠨ ᠲᠦᠪᠯᠡᠷᠡᠯ ᠢ ᠣᠯᠠᠮ ᠨᠢᠭᠡ | ᠠᠯᠬᠤᠮ ᠣᠳᠣᠷᠢᠳᠴᠦ᠂ ᠬᠦᠮᠦᠨ ᠠᠮᠠ ᠶᠢᠨ ᠲᠦᠪᠯᠡᠷᠡᠯ ᠢ ᠠᠬᠢᠭᠤᠯᠣᠨ᠂ ᠬᠤᠳᠠ ᠪᠠᠯᠭᠠᠰᠣᠴᠢᠯᠠᠯᠳᠠ ᠪᠠ ᠰᠢᠨ᠎ᠡ | ᠮᠠᠶ᠋ᠢᠭ ᠤᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠬᠤᠳᠠ ᠪᠠᠯᠭᠠᠰᠣᠴᠢᠯᠠᠯᠳᠠ ᠶᠢᠨ ᠠᠬᠢᠴᠠ ᠶᠢ ᠲᠦᠷᠭᠡᠳᠬᠡᠨ ᠠᠬᠢᠭᠤᠯᠣᠨ᠎ᠠ᠃ ᠲᠠᠯ᠎ᠠ ᠨᠣᠳᠤᠭ ᠤᠨ ᠠᠮᠢ | ᠠᠬᠤᠢ ᠶᠢᠨ ᠪᠠᠭ᠎ᠠ ᠬᠤᠳᠠ ᠪᠠᠯᠭᠠᠰᠣ ᠶᠢ ᠪᠦᠬᠦ ᠬᠦᠴᠦᠨ ᠢᠶᠠᠷ ᠪᠠᠶᠢᠭᠤᠯᠵᠦ᠂ 3314 ᠲᠦᠮᠡᠨ ᠲᠦᠭᠦᠷᠢᠭ ᠤᠨ | ᠪᠡᠯᠡ ᠣᠷᠣᠭᠤᠯᠵᠦ᠂ ᠬᠤᠶᠠᠷᠰᠣᠮᠣ ᠵᠠᠮ ᠢ ᠪᠦᠳᠦᠭᠡᠨ ᠪᠠᠶᠢᠭᠤᠯᠵᠦ᠂ ᠵᠡᠭᠡᠯᠢ ᠶᠢ 1 ᠲᠦᠮᠡᠨ ᠲᠡᠭᠰᠢ ᠲᠦᠷᠪᠡᠯᠵᠢᠨ | ᠮᠧᠲᠷ ᠨᠣᠭᠤᠭᠠᠷᠠᠭᠤᠯᠵᠦ᠂ ᠲᠦᠭᠡᠭᠡᠯ ᠣᠰᠣᠨ ᠬᠤᠭᠤᠯᠠᠢ ᠶᠢᠨ ᠲᠣᠣᠷ ᠢ 10 ᠺᠢᠯᠣᠮᠧᠲᠷ ᠲᠡᠪᠢᠰᠴᠦ᠂ ᠪᠤᠬᠢᠷᠳᠣᠯ | ᠣᠰᠣᠨ ᠤ ᠬᠤᠭᠤᠯᠠᠢ ᠶᠢ 10.4 ᠺᠢᠯᠣᠮᠧᠲᠷ ᠲᠡᠪᠢᠰᠦᠨ᠎ᠡ᠃ ᠡᠳᠦᠷ ᠲᠤ 90 ᠲᠣᠨ ᠠᠮᠢᠳᠣᠷᠠᠯ ᠤᠨ ᠬᠤᠭ | ᠨᠣᠪᠰᠢ ᠶᠢ ᠬᠤᠣᠷᠠᠳᠠᠯ ᠦᠭᠡᠢ ᠪᠠᠷ ᠰᠶᠢᠳᠪᠦᠷᠢᠯᠡᠬᠦ ᠪᠠ ᠨᠠᠨᠳᠢᠨ ᠣᠰᠣ ᠣᠰᠣ ᠴᠡᠪᠡᠷᠰᠢᠭᠦᠯᠬᠦ ᠲᠦᠪ ᠢ ᠦᠷᠭᠡᠳᠬᠡᠨ | ᠪᠠᠶᠢᠭᠤᠯᠬᠤ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠤᠨ ᠢᠨᠵᠧᠨᠧᠷᠢᠩ ᠤᠨ ᠲᠦᠷᠦᠯ ᠵᠦᠢᠯ ᠢ | ᠴᠢᠳᠠᠬᠤ ᠶᠢᠨ ᠬᠢᠷᠢ ᠪᠠᠷ ᠠᠵᠢᠯ ᠡᠬᠢᠯᠡᠬᠦᠯᠦᠨ ᠪᠦᠳᠦᠭᠡᠨ ᠪᠠᠶᠢᠭᠤᠯᠵᠦ᠂ ᠣᠰᠣ ᠴᠡᠪᠡᠷᠰᠢᠭᠦᠯᠬᠦ ᠲᠦᠪ ᠤᠨᠣᠰᠣ ᠶᠢ | ᠲᠠᠬᠢᠨ ᠬᠡᠷᠡᠭᠯᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠣᠨ᠎ᠠ᠃ ᠬᠠᠭᠤᠴᠢᠨ ᠬᠤᠳᠠ ᠶᠢ | ᠦᠭᠡᠷᠡᠴᠢᠯᠡᠨ ᠰᠢᠨᠡᠳᠬᠡᠬᠦ ᠡᠷᠴᠢᠮ ᠢᠶᠠᠨ ᠨᠡᠮᠡᠭᠳᠡᠭᠦᠯᠵᠦ᠂ ᠭᠡᠷ ᠬᠦᠷᠦᠩᠭᠡ ᠶᠢᠨ ᠨᠡᠬᠡᠭᠡᠯᠳᠡ ᠶᠢ 10 ᠲᠦᠮᠡᠨ ᠲᠡᠭᠰᠢ | ᠲᠦᠷᠪᠡᠯᠵᠢᠨ ᠮᠧᠲᠷ ᠢ ᠪᠡᠶᠡᠯᠡᠭᠦᠯᠦᠨ᠎ᠡ᠃ 1.45 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠵᠦᠩ | ᠶᠣᠸᠠᠨ ᠲᠦᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠵᠢᠯ ᠳᠤ᠂ ︽ᠢᠯᠴᠢ ᠴᠠᠬᠢᠯᠭᠠᠨ | ᠬᠠᠮᠳᠣ ᠶᠢᠨ ᠦᠢᠯᠡᠳᠪᠦᠷᠢᠯᠡᠯ︾ ᠶᠢ ᠪᠡᠶᠡᠯᠡᠭᠦᠯᠵᠦ᠂ ᠢᠯᠴᠢ ᠬᠠᠩᠭᠠᠬᠤ ᠴᠢᠳᠠᠪᠣᠷᠢ ᠶᠢ 345 ᠲᠦᠮᠡᠨ ᠲᠡᠭᠰᠢ | ᠲᠦᠷᠪᠡᠯᠵᠢᠨ ᠮᠧᠲᠷ ᠲᠤ ᠬᠦᠷᠭᠡᠨ᠎ᠡ᠃ ᠬᠤᠳᠠ ᠪᠠᠯᠭᠠᠰᠣᠨ ᠤ ᠬᠤᠳᠠᠯᠳᠣᠭᠠᠨ ᠤ ᠲᠦᠪ ᠤᠨ ᠪᠠᠶᠢᠭᠤᠯᠣᠯᠳᠠ ᠶᠢ | ᠴᠢᠩᠭᠠᠳᠬᠠᠨ᠂ ᠲᠣᠮᠣ ᠬᠡᠯᠪᠡᠷᠢ ᠶᠢᠨ ᠶᠡᠷᠥᠩᠬᠡᠶᠢᠯᠡᠭᠰᠡᠨ ᠬᠤᠳᠠᠯᠳᠣᠭᠠᠨ ᠤ ᠭᠠᠵᠠᠷ ᠢ ᠨᠢᠭᠡ ᠪᠠᠶᠢᠭᠤᠯᠣᠨ᠎ᠠ᠃ | ᠪᠦᠳᠦᠭᠡᠨ ᠪᠠᠶᠢᠭᠤᠯᠣᠨ ᠬᠠᠮᠢᠶᠠᠷᠬᠤ ᠶᠢ ᠬᠠᠮᠳᠣ ᠳᠤ ᠨᠢ ᠴᠢᠬᠤᠯᠠᠴᠢᠯᠠᠵᠣ᠂ ᠬᠠᠮᠢᠶᠠᠷᠣᠯᠳᠠ ᠲᠡᠷᠢᠭᠦᠨ ᠪᠠᠶᠢᠬᠤ ᠶᠢ | ᠪᠠᠷᠢᠮᠳᠠᠯᠠᠵᠦ᠂ ᠬᠤᠳᠠ ᠪᠠᠯᠭᠠᠰᠦᠨ ᠤ ᠣᠷᠴᠢᠨ ᠲᠣᠭᠤᠷᠢᠨ ᠤ ᠲᠣᠰᠬᠠᠢ ᠵᠠᠰᠠᠨ ᠴᠡᠭᠴᠡᠯᠡᠯᠳᠡ ᠶᠢᠨ ᠠᠵᠢᠯᠯᠠᠭᠠᠨ ᠢ | ᠦᠷᠭᠦᠯᠵᠢᠯᠡᠨ ᠦᠷᠨᠢᠭᠦᠯᠵᠦ᠂ ᠣᠯᠠᠨ ᠲᠦᠮᠡᠨ ᠤ ᠢᠯᠡᠷᠡᠭᠦᠯᠵᠦ ᠪᠠᠶᠢᠭ᠎ᠠ ᠨᠡᠶᠢᠭᠡᠮ ᠲᠤᠭᠤᠷᠢᠭ ᠤᠨ ᠬᠠᠮᠢᠶᠠᠷᠤᠯᠲᠠ᠂ | ᠭᠤᠳᠤᠮᠵᠢ ᠶᠢᠨ ᠡᠷᠡᠭᠦᠯ ᠬᠠᠮᠠᠭᠠᠯᠠᠯ᠂ ᠵᠠᠮ ᠢ ᠡᠵᠡᠯᠡᠨ ᠡᠵᠡᠩᠨᠡᠬᠦ᠂ ᠵᠠᠮ ᠬᠠᠷᠢᠯᠴᠠᠭ᠎ᠠ ᠪᠦᠭᠯᠡᠷᠡᠬᠦ᠂ ᠲᠤᠷ᠎ᠠ ᠪᠠᠷ | ᠬᠠᠶᠠᠬᠤ ᠵᠡᠷᠭᠡ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠡ᠃ ᠬᠤᠳᠠ ᠶᠢᠨ ᠬᠠᠮᠢᠶᠠᠷᠣᠯᠳᠠ ᠶᠢᠨ ᠠᠵᠢᠯ ᠤᠨ | ᠬᠦᠴᠦᠯᠡᠴᠡ ᠪᠠᠨ ᠨᠡᠮᠡᠭᠳᠡᠭᠦᠯᠵᠦ᠂ ᠬᠠᠥᠯᠢ ᠶᠢ ᠲᠦᠬᠡᠮᠡᠯᠵᠢᠭᠦᠯᠬᠦ ᠤᠬᠠᠭᠤᠯᠭ᠎ᠠ ᠪᠠ ᠬᠦᠮᠦᠵᠢᠯ ᠢ ᠰᠠᠶᠢᠳᠣᠷ ᠬᠢᠵᠦ᠂ | ᠡᠳᠦᠷ ᠲᠣᠳᠣᠮ ᠤᠨ ᠴᠠᠭᠳᠠᠨ ᠪᠠᠶᠢᠴᠠᠭᠠᠬᠤ ᠲᠣᠭᠳᠠᠴᠠ ᠶᠢ ᠪᠠᠶᠢᠭᠤᠯᠵᠣ᠂ ᠬᠠᠣᠯᠢ ᠪᠣᠰᠣ ᠪᠠᠷ ᠪᠠᠷᠢᠭᠰᠡᠨ ᠪᠠᠷᠢᠯᠭ᠎ᠠ | ᠶᠢ ᠬᠠᠣᠯᠢ ᠶᠣᠰᠣᠭᠠᠷ ᠨᠣᠷᠠᠭᠠᠨᠠ᠃ ᠭᠤᠤᠯᠳᠠᠯᠭ᠎ᠠ ᠲᠠᠢ ᠪᠠᠯᠭᠠᠰᠦᠨ ᠤ ᠪᠠᠶᠢᠭᠤᠯᠣᠯᠳᠠ ᠶᠢ ᠨᠢᠭᠡᠳᠦᠯᠲᠠᠢ | ᠲᠦᠯᠦᠪᠯᠡᠵᠦ᠂ ᠰᠠᠭᠤᠷᠢ ᠲᠦᠬᠦᠭᠡᠷᠦᠮᠵᠢ ᠶᠢᠨ ᠨᠦᠭᠦᠴᠡᠯ ᠢ ᠰᠠᠶᠢᠵᠢᠷᠠᠭᠤᠯᠵᠦ᠂ ᠣᠯᠠᠨ ᠨᠡᠶᠢᠳᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠣᠳᠣ ᠦᠶ᠎ᠡ ᠶᠢᠨ ᠦᠢᠯᠡᠴᠢᠯᠡᠭᠡᠨ ᠤᠨ ᠦᠢᠯᠡᠰ ᠢ | ᠬᠦᠭᠵᠢᠭᠦᠯᠦᠨ᠂ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ᠂ ᠬᠦᠳᠡᠯᠮᠦᠷᠢ ᠬᠦᠴᠦᠨ ᠢ ᠰᠢᠯᠵᠢᠭᠦᠯᠬᠦ᠂ ᠠᠵᠦ | ᠦᠢᠯᠡᠰ ᠢ ᠬᠦᠭᠵᠢᠭᠦᠯᠬᠦ᠂ ᠶᠠᠳᠠᠭᠤ ᠶᠢ ᠲᠡᠳᠭᠦᠨ ᠨᠡᠬᠡᠭᠡᠨ ᠬᠦᠭᠵᠢᠭᠦᠯᠬᠦ᠂ ᠬᠦᠮᠦᠵᠢᠯ ᠤᠨ ᠪᠣᠯᠪᠠᠰᠣᠷᠠᠭᠤᠯᠣᠯ ᠵᠡᠷᠭᠡ | ᠪᠠᠷ ᠳᠠᠶᠢᠴᠢᠯᠠᠨ ᠰᠢᠯᠵᠢᠭᠦᠯᠵᠤ᠂ ᠮᠠᠯᠴᠢᠨ ᠲᠠᠷᠢᠶᠠᠴᠢᠳ ᠢ ᠵᠢᠯᠥᠭᠤᠲᠥᠨ ᠬᠤᠳᠠ ᠪᠠᠯᠭᠠᠰᠣ ᠪᠠ ᠬᠤᠶᠠᠷ᠂ | ᠭᠤᠷᠪᠠᠳᠣᠭᠠᠷ ᠠᠵᠦ ᠦᠢᠯᠡᠰ ᠵᠦᠭ ᠰᠢᠯᠵᠢᠨ ᠲᠦᠪᠯᠡᠷᠡᠬᠦ ᠶᠢ ᠵᠣᠷᠢᠭᠵᠢᠭᠤᠯᠣᠨ᠎ᠠ᠃ ᠴᠢᠳᠠᠬᠤ ᠶᠢᠨ ᠬᠢᠷᠢ ᠪᠠᠷ ᠪᠦᠬᠦ | ᠵᠢᠯ ᠳᠤ ᠬᠦᠳᠡᠭᠡ ᠳᠣᠰᠬᠤᠨ ᠤ ᠬᠦᠳᠡᠯᠮᠦᠷᠢ ᠬᠦᠴᠦᠨ ᠢ 2 ᠲᠦᠮᠡᠨ ᠬᠦᠮᠦᠨ ᠠᠴᠠ ᠲᠡᠭᠡᠭᠰᠢ ᠰᠢᠯᠵᠢᠭᠦᠯᠵᠦ᠂ | ᠬᠦᠳᠡᠯᠮᠦᠷᠢ ᠬᠦᠴᠦᠨ ᠤ ᠠᠵᠦ ᠠᠬᠤᠢ ᠶᠢᠨ ᠣᠷᠣᠯᠭ᠎ᠠ ᠶᠢ 2 ᠳ᠋ᠦᠩᠰᠢᠭᠤᠷ ᠲᠦᠭᠦᠷᠢᠭ ᠠᠴᠠ ᠲᠡᠭᠡᠭᠰᠢ | ᠪᠡᠶᠡᠯᠡᠭᠦᠯᠦᠨ᠎ᠡ᠃ | ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ | ᠶᠠᠳᠠᠭᠤ ᠶᠢ ᠲᠡᠳᠭᠦᠨ ᠨᠡᠬᠡᠭᠡᠨ ᠬᠦᠭᠵᠢᠭᠦᠯᠬᠦ᠂ ᠨᠣᠷᠠᠬᠤ ᠠᠶᠣᠯ ᠲᠠᠢ ᠭᠡᠷ ᠪᠠᠶᠢᠰᠢᠩ ᠢ ᠵᠠᠰᠠᠨ ᠰᠢᠨᠡᠳᠬᠡᠬᠦ᠂ | ᠣᠣᠭᠤᠬᠤ ᠣᠰᠣᠨ ᠤ ᠠᠮᠣᠷ ᠲᠦᠪᠰᠢᠨ᠂ ᠰᠢᠨ᠎ᠡ ᠡᠨᠧᠷᠭᠢ ᠶᠢᠨ ᠰᠣᠷᠪᠣᠯᠵᠢ ᠪᠠ ᠨᠢᠭᠡ ᠶᠠᠪᠣᠳᠠᠯ ᠢ ᠨᠢᠭᠡ ᠵᠦᠪᠳᠡᠨ | ᠱᠠᠩᠨᠠᠨ ᠨᠦᠬᠦᠪᠦᠷᠢᠯᠡᠬᠦ ᠵᠡᠷᠭᠡ ᠲᠦᠷᠦ ᠶᠢᠨ ᠪᠣᠳᠣᠯᠭ᠎ᠠ ᠶᠢᠨ ᠪᠡᠯᠡ ᠮᠦᠩᠬᠦ ᠶᠢ ᠨᠢᠭᠡᠳᠬᠡᠵᠦ᠂ ᠣᠰᠣ᠂ ᠴᠠᠬᠢᠯᠭᠠᠨ᠂ | ᠵᠠᠮ᠂ ᠬᠡᠢ᠂ ᠭᠡᠷ ᠪᠠᠶᠢᠰᠢᠩ ᠪᠠ ᠣᠷᠴᠢᠨ ᠲᠣᠭᠤᠷᠢᠨ ᠢ ᠭᠤᠶᠥᠵᠢᠭᠤᠯᠬᠤ ︽ᠵᠢᠷᠭᠤᠭᠠᠨ ᠵᠦᠢᠯ ᠢᠶᠠᠷ ᠮᠠᠯᠴᠢᠨ | ᠲᠠᠷᠢᠶᠠᠴᠢᠨ ᠡᠷᠦᠬᠡ ᠳᠤ ᠣᠷᠣᠬᠤ︾ ᠢᠨᠵᠧᠨᠧᠷᠢᠩ ᠢ ᠬᠡᠷᠡᠭᠵᠢᠭᠦᠯᠵᠦ᠂ 2 — 3 ᠨᠦᠭᠦᠴᠡᠯ ᠳᠤ ᠨᠡᠶᠢᠴᠡᠭᠰᠡᠨ | ᠭᠠᠴᠠᠭ᠎ᠠ ᠶᠢ ᠰᠣᠩᠭᠤᠵᠦ᠂ ᠲᠣᠷᠰᠢᠯᠳᠠ ᠶᠢᠨ ᠴᠡᠭ ᠪᠣᠯᠭᠠᠵᠦ᠂ ᠠᠵᠤ ᠦᠢᠯᠡᠰ ᠢ ᠪᠤᠶᠢᠵᠢᠭᠤᠯᠤᠨ᠂ ᠣᠷᠴᠢᠨ | ᠳᠤᠭᠤᠷᠢᠨ ᠢ ᠰᠢᠯᠢᠳᠡᠭᠵᠢᠭᠦᠯᠦᠨ᠂ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠵᠡᠷᠭᠡ ᠲᠠᠯ᠎ᠠ ᠶᠢᠨ | ︽ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ︾ ᠢ | ᠭᠤᠤᠯᠳᠠᠯᠭ᠎ᠠ ᠲᠠᠢ ᠠᠬᠢᠭᠤᠯᠵᠤ᠂ ᠵᠢᠯ ᠳᠤ᠂ ᠰᠣᠮᠣ ᠪᠠᠯᠭᠠᠰᠦᠨ ᠤ ᠪᠠᠴᠢᠮ ᠠᠪᠣᠷᠠᠬᠤ ᠦᠷᠲᠡᠭᠡ ᠶᠢ 4᠂ | ᠭᠤᠷᠪᠠᠨ ᠰᠣᠮᠣ ᠪᠠᠯᠭᠠᠰᠣᠨ ᠳᠤ 1000 ᠸᠠᠲ ᠶᠢᠨ ᠣᠳᠠᠰᠣ ᠦᠭᠡᠢ ᠰᠠᠴᠣᠷᠠᠭᠤᠯᠬᠤ ᠰᠣᠪᠣᠷᠭ᠎ᠠ ᠶᠢ ᠪᠠᠶᠢᠭᠤᠯᠵᠦ | ᠂ 20 ᠲᠠᠷᠢᠶᠠᠯᠠᠩ ᠤᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠤᠨ᠎ᠠ᠃ ᠣᠷᠳᠣᠰ | ᠬᠤᠳᠠ ᠠᠴᠠ ᠬᠠᠪᠰᠣᠷᠣᠨ ᠪᠠᠶᠢᠭᠤᠯᠬᠤ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠭᠡᠨ | ᠪᠠᠶᠢᠭᠤᠯᠣᠯᠳᠠ ᠶᠢᠨ ᠲᠡᠮᠵᠢᠬᠦ ᠲᠣᠷᠰᠢᠯᠳᠠ ᠶᠢᠨ ᠴᠡᠭ ᠤᠨ ᠠᠵᠢᠯ ᠢ ᠢᠳᠡᠪᠬᠢᠲᠠᠢ ᠠᠬᠢᠭᠤᠯᠵᠦ᠂ ᠴᠢᠳᠠᠬᠤ ᠶᠢᠨ | ᠬᠢᠷᠢ ᠪᠠᠷ ᠪᠣᠳᠠᠳᠣ ᠴᠢᠨᠠᠷᠲᠠᠢ ᠠᠬᠢᠴᠠ ᠲᠠᠢ ᠪᠣᠯᠭᠠᠨ᠎ᠠ᠃ 2400 ᠲᠦᠮᠡᠨ ᠲᠦᠭᠦᠷᠢᠭ ᠤᠨ ᠪᠡᠯᠡ ᠣᠷᠣᠭᠤᠯᠵᠦ᠂ | 11 ᠰᠣᠮᠣ ᠪᠠᠯᠭᠠᠰᠣ ᠶᠢᠨ 1 ᠲᠦᠮᠡᠨ ᠲᠡᠭᠰᠢ ᠲᠦᠷᠪᠡᠯᠵᠢᠨ ᠮᠧᠲᠷ ᠤᠨ ᠠᠵᠢᠯᠳᠠᠨ ᠤ ᠡᠭᠡᠯᠵᠢᠯᠳᠡ ᠶᠢᠨ ᠭᠡᠷ ᠢ | ᠪᠠᠶᠢᠭᠤᠯᠣᠨ᠎ᠠ᠃ ᠬᠦᠳᠡᠭᠡ ᠲᠣᠰᠬᠤᠨ ᠮᠠᠯᠵᠢᠬᠤ ᠣᠷᠣᠨ ᠤ ᠠᠷᠠᠯᠵᠢᠶᠠᠨ ᠤ ᠲᠣᠣᠷ ᠤᠨ ᠪᠠᠶᠢᠭᠤᠯᠣᠯᠳᠠ ᠶᠢ | ᠴᠢᠩᠭᠠᠳᠬᠠᠵᠦ᠂ ᠪᠠᠷᠠᠭᠠᠨ ᠤ ᠭᠦᠢᠯᠭᠡᠭᠡᠨ ᠤ ᠬᠦᠮᠦᠷᠭᠡ ᠶᠢᠨ ᠬᠠᠳᠠᠭᠠᠯᠠᠮᠵᠢ ᠶᠢᠨ ᠡᠷᠡᠭᠦᠯ ᠴᠢᠬᠢᠷᠠᠭ ᠢᠶᠠᠷ ᠬᠦᠭᠵᠢᠬᠦ | ᠶᠢ ᠠᠬᠢᠭᠤᠯᠣᠨ᠎ᠠ᠃ ᠮᠠᠯ ᠣᠨᠤᠭ᠎ᠠ ᠶᠢᠨ ᠠᠷᠠᠯᠵᠢᠶᠠᠨ ᠤ ᠵᠠᠬ᠎ᠠ ᠲᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ | ᠮᠠᠯ ᠣᠨᠤᠭ᠎ᠠ ᠶᠢᠨ ᠠᠷᠠᠯᠵᠢᠶᠠᠨ ᠤ ᠵᠠᠬ᠎ᠠ ᠲᠡᠯᠭᠡᠭᠦᠷ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠠᠢ | ᠠᠬᠢᠭᠤᠯᠵᠤ᠂ ᠲᠠᠷᠢᠶᠠᠯᠠᠩ ᠤᠨ ᠡᠳ᠋ ᠪᠠᠷᠠᠭᠠᠨ ᠤ ᠲᠡᠯᠭᠡᠭᠦᠷ ᠤᠨ 330 ᠡᠷᠦᠬᠡ ᠶᠢ ᠵᠠᠰᠠᠨ ᠰᠢᠨᠡᠳᠭᠡᠨ᠎ᠡ᠃ ︽ | ᠭᠤᠷᠪᠠᠨ ᠪᠡᠯᠡ︾ ᠶᠢ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠦᠳᠡᠭᠡ ᠲᠣᠰᠬᠤᠨ ᠮᠠᠯᠵᠢᠬᠤ | ᠣᠷᠣᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠲᠣᠭᠳᠠᠭᠤᠨ ᠲᠡᠭᠦᠯᠳᠡᠷᠵᠢᠭᠦᠯᠵᠦ᠂ ᠭᠠᠵᠠᠷ ᠰᠢᠷᠦᠢ ᠪᠠ | ᠨᠣᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠪᠦᠳᠦᠮᠵᠢᠲᠠᠢ ᠰᠢᠯᠵᠢᠭᠦᠯᠬᠦ ᠶᠢ ᠲᠦᠷᠭᠡᠳᠬᠡᠨ ᠠᠬᠢᠭᠤᠯᠵᠦ᠂ | ᠭᠠᠵᠠᠷ ᠰᠢᠷᠦᠢ ᠶᠢ ᠵᠣᠬᠢᠰᠲᠠᠢ ᠪᠠᠷ ᠬᠦᠷᠢᠶ᠎ᠡ ᠬᠡᠪᠴᠢᠶᠡᠵᠢᠯ ᠲᠠᠢ ᠡᠵᠡᠩᠨᠡᠬᠦ ᠶᠢ ᠠᠬᠢᠭᠤᠯᠣᠨ᠎ᠠ᠃ ᠡᠯ᠎ᠡ ᠲᠦᠷᠦᠯ ᠤᠨ | ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ | ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠡᠵᠡᠩᠨᠡᠯᠳᠡ ᠶᠢᠨ ᠴᠢᠨᠠᠷᠲᠠᠢ᠂ ᠡᠳ᠋ ᠤᠨ ᠵᠠᠰᠠᠭ ᠤᠨ | ᠴᠢᠨᠠᠷᠲᠠᠢ ᠪᠠ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ | ᠶᠠᠳᠠᠭᠤ ᠶᠢ ᠲᠡᠳᠭᠦᠨ ᠨᠡᠬᠡᠭᠡᠬᠦ ᠠᠵᠢᠯ ᠢ ᠪᠦᠬᠦ ᠬᠦᠴᠦᠨ ᠢᠶᠠᠷ ᠠᠬᠢᠭᠤᠯᠣᠨ᠎ᠠ᠃ ᠶᠠᠳᠠᠭᠤ ᠶᠢ ᠲᠡᠳᠭᠦᠨ ᠨᠡᠬᠡᠭᠡᠨ | ᠬᠦᠭᠵᠢᠭᠦᠯᠬᠦ ᠶᠢ ᠲᠡᠷᠢᠭᠦᠨ ᠤ ᠠᠷᠠᠳ ᠤᠨ ᠠᠮᠢᠳᠣᠷᠠᠯ ᠤᠨᠢᠨᠵᠧᠨᠧᠷᠢᠩ ᠪᠣᠯᠭᠠᠨ ᠠᠳᠬᠤᠵᠦ᠂ ᠣᠯᠣᠰ ᠪᠠ | ᠦᠪᠡᠷᠲᠡᠭᠡᠨ ᠵᠠᠰᠠᠬᠤ ᠣᠷᠣᠨ ᠤ ᠲᠡᠮᠵᠢᠬᠦ ᠲᠦᠷᠦ ᠶᠢᠨ ᠪᠣᠳᠣᠯᠭ᠎ᠠ ᠶᠢ ᠰᠠᠶᠢᠳᠣᠷ ᠬᠡᠷᠡᠭᠯᠡᠵᠦ᠂ ᠲᠦᠪᠯᠡᠷᠡᠭᠦᠯᠦᠨ | ᠨᠢᠭᠡᠳᠬᠡᠭᠰᠡᠨ ᠣᠨᠴᠠ ᠬᠦᠴᠢᠷᠳᠡᠯᠲᠠᠢ ᠭᠠᠵᠠᠷ ᠣᠷᠣᠨ ᠤ ᠶᠠᠳᠠᠭᠤ ᠶᠢ ᠲᠡᠳᠭᠦᠨ ᠨᠡᠬᠡᠭᠡᠬᠦ᠂ ᠪᠦᠬᠦᠶᠢᠯᠡ ᠲᠣᠰᠬᠤᠨ | ᠢ ᠠᠬᠢᠭᠤᠯᠬᠤ᠂ ᠪᠣᠰᠣᠳ ᠭᠠᠵᠠᠷ ᠣᠷᠣᠨ ᠳᠤ ᠰᠢᠯᠵᠢᠭᠦᠯᠦᠨ ᠨᠡᠭᠦᠯᠭᠡᠬᠦ ᠭᠤᠷᠪᠠᠨ ᠶᠡᠭᠡ ᠢᠨᠵᠧᠨᠧᠷᠢᠩ ᠢ ᠵᠣᠬᠢᠶᠠᠨ | ᠪᠠᠶᠢᠭᠤᠯᠣᠨ ᠰᠠᠶᠢᠳᠣᠷ ᠬᠡᠷᠡᠭᠵᠢᠭᠦᠯᠵᠦ᠂ ᠶᠠᠳᠠᠭᠤ ᠶᠢ ᠲᠡᠳᠭᠦᠬᠦ ᠰᠢᠪᠳᠣᠯᠣᠯᠳᠠ ᠶᠢᠨ ᠪᠠᠶᠢᠯᠳᠣᠭᠠᠨ ᠢ ᠪᠦᠬᠦ | ᠬᠦᠴᠦᠨ ᠢᠶᠠᠷ ᠰᠠᠶᠢᠳᠣᠷ ᠬᠢᠨ᠎ᠡ᠃ ᠶᠠᠳᠠᠭᠤ ᠶᠢ ᠲᠡᠳᠭᠦᠨ ᠨᠡᠬᠡᠭᠡᠨ ᠬᠦᠭᠵᠢᠭᠦᠯᠬᠦ ᠲᠦᠯᠦᠪᠵᠢᠭᠦᠯᠭᠡ ᠶᠢᠨ | ᠪᠠᠶᠢᠷᠢᠰᠢᠯ ᠢ ᠨᠠᠷᠢᠨ ᠬᠢᠨᠠᠮᠠᠭᠠᠢ ᠰᠠᠶᠢᠳᠣᠷ ᠬᠢᠵᠦ᠂ | ︽ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ ᠣᠷᠣᠨ ᠭᠠᠵᠠᠷ ᠤᠨ ᠬᠦᠭᠵᠢᠯᠳᠡ ᠬᠢᠭᠡᠳ ᠶᠠᠳᠠᠭᠤ ᠶᠢ | ᠲᠡᠳᠭᠦᠨ ᠨᠡᠬᠡᠭᠡᠨ ᠬᠦᠭᠵᠢᠭᠦᠯᠬᠦ ᠰᠢᠪᠳᠣᠯᠣᠯᠳᠠ ᠶᠢᠨ ᠲᠦᠯᠪᠵᠢᠭᠦᠯᠭᠡ ︵2011—2020︶︾ ᠶᠢ | ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠣᠨ ᠵᠣᠬᠢᠶᠠᠵᠦ᠂ ︽ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ | ︽ᠡᠮᠦᠨ᠎ᠡ ᠭᠤᠷᠪᠠᠨ ᠰᠣᠮᠣ︾ ᠶᠢᠨ ᠶᠠᠳᠠᠭᠤ ᠶᠢ ᠲᠡᠳᠬᠦᠭᠦ ᠰᠢᠪᠳᠣᠯᠣᠯᠳᠠ ᠶᠢ ᠬᠡᠷᠡᠭᠵᠢᠭᠦᠯᠬᠦ ᠲᠦᠯᠦᠪᠵᠢᠭᠦᠯᠭᠡ | ︵2011—2020 ᠣᠨ︶ ︾ ᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠡᠯ᠎ᠡ ᠲᠦᠷᠦᠯ ᠤᠨ ᠪᠡᠯᠡ ᠮᠦᠩᠬᠦ | ᠶᠢ ᠨᠢᠭᠡᠳᠬᠡᠵᠦ᠂ ᠭᠤᠤᠯᠳᠠᠯᠭ᠎ᠠ ᠲᠠᠢ ᠪᠠᠷ ︽ᠡᠮᠦᠨ᠎ᠡ ᠭᠤᠷᠪᠠᠨ ᠰᠣᠮᠣ︾ ᠳᠤ ᠬᠡᠯᠪᠡᠶᠢᠯᠭᠡᠵᠦ᠂ ᠪᠣᠰᠣᠳ ᠰᠣᠮᠣ | ᠪᠠᠯᠭᠠᠰᠣ ᠶᠢ ᠨᠢᠭᠡᠳᠦᠯᠲᠠᠢ ᠲᠦᠯᠦᠪᠯᠡᠨ ᠨᠡᠶᠢᠳᠡ ᠳᠤ ᠨᠢ ᠬᠠᠷᠠᠭᠠᠯᠵᠠᠵᠦ᠂ ᠠᠵᠦ ᠦᠢᠯᠡᠰ ᠤᠨ ᠲᠣᠭᠳᠠᠭᠤᠨ | ᠬᠦᠭᠵᠢᠯᠳᠡ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ ᠤᠨ ᠣᠷᠳᠣ ᠬᠤᠭᠤᠴᠠᠭᠠᠳᠣ | ᠪᠦᠳᠦᠮᠵᠢᠲᠠᠢ ᠲᠣᠭᠳᠠᠴᠠ ᠶᠢ ᠪᠠᠶᠢᠭᠤᠯᠣᠨ᠎ᠠ᠃ ᠦᠪᠡᠷᠲᠡᠭᠡᠨ ᠵᠠᠰᠠᠬᠤ ᠣᠷᠣᠨ ᠤ ᠴᠡᠭ ᠲᠣᠭᠳᠠᠭᠠᠨ ᠬᠠᠪᠰᠣᠷᠣᠨ | ᠲᠡᠳᠭᠦᠬᠦ ᠲᠢᠩᠭᠢᠮ ᠲᠣᠪᠴᠢᠶ᠎ᠠ ᠶᠢᠨ ᠶᠠᠳᠠᠭᠤ ᠶᠢ ᠲᠡᠳᠭᠦᠬᠦ ᠪᠠᠯᠡ ᠮᠦᠩᠬᠦ ᠵᠢᠨᠨᠠᠶᠢᠳᠠᠪᠣᠷᠢᠵᠢᠭᠤᠯᠬᠤ ᠬᠦᠴᠦᠯᠡᠴᠡ | ᠶᠢ ᠨᠡᠮᠡᠭᠳᠡᠭᠦᠯᠵᠦ᠂ ᠬᠠᠷᠢᠯᠴᠠᠨ ᠬᠠᠪᠰᠣᠷᠬᠤ ᠪᠡᠯᠡ ᠮᠦᠩᠬᠦ ᠶᠢ ᠦᠷᠭᠦᠯᠵᠢᠯᠡᠨ ᠲᠠᠯᠪᠢᠬᠤ ᠪᠠ ᠬᠤᠶᠠᠷ ᠵᠦᠢᠯ ᠤᠨ | ᠲᠦᠷᠢᠮ ᠤᠨ ᠪᠦᠳᠦᠮᠵᠢᠲᠠᠢ ᠨᠡᠶᠢᠯᠡᠯᠳᠡ ᠶᠢᠨ ᠠᠵᠢᠯ ᠢ ᠦᠷᠭᠦᠯᠵᠢᠯᠡᠨ ᠰᠠᠶᠢᠳᠣᠷ ᠬᠢᠵᠦ᠂ ᠨᠡᠩ ᠣᠯᠠᠨ ᠶᠠᠳᠠᠭᠤ | ᠬᠦᠴᠢᠷᠲᠡᠯᠳᠠᠢ ᠭᠠᠴᠠᠭ᠎ᠠ ᠪᠠ ᠶᠠᠳᠠᠭᠤ ᠬᠦᠴᠢᠷᠲᠡᠯᠳᠠᠢ ᠮᠠᠯᠴᠢᠨ ᠲᠠᠷᠢᠶᠠᠴᠢᠳ ᠲᠤ ᠲᠦᠷᠦᠯ ᠵᠦᠢᠯ ᠤᠨ ᠲᠡᠮᠵᠢᠯᠭᠡ | ᠶᠢ ᠦᠵᠡᠭᠦᠯᠦᠨ᠎ᠡ᠃ ᠵᠢᠯ ᠳᠤ᠂ ᠶᠠᠳᠠᠭᠤ ᠶᠢ ᠲᠡᠳᠭᠦᠬᠦ ᠪᠡᠯᠡ ᠮᠦᠩᠬᠦ ᠶᠢ 1 ᠳ᠋ᠦᠩᠰᠢᠭᠤᠷ ᠲᠦᠭᠦᠷᠢᠭ ᠠᠴᠠ | ᠲᠡᠭᠡᠭᠰᠢᠬᠢ ᠶᠢ ᠴᠢᠷᠮᠠᠶᠢᠨ ᠣᠯᠵᠦ᠂ ᠡᠯ᠎ᠡ ᠲᠦᠷᠦᠯ ᠤᠨ ᠪᠡᠯᠡ ᠮᠦᠩᠬᠦ ᠶᠢ 2 ᠳ᠋ᠦᠩᠰᠢᠭᠤᠷ ᠲᠦᠭᠦᠷᠢᠭ ᠠᠴᠠ | ᠲᠡᠭᠡᠭᠰᠢ ᠨᠢᠭᠡᠳᠬᠡᠵᠦ᠂ ᠣᠰᠣ ᠠᠷᠪᠢᠯᠠᠬᠤ ᠣᠰᠣᠯᠠᠯᠳᠠ᠂ ᠬᠠᠰᠢᠶᠠᠯᠠᠨ ᠲᠡᠵᠢᠬᠡᠬᠦ ᠬᠠᠭᠠᠰ ᠬᠠᠰᠢᠶᠠᠯᠠᠨ ᠲᠡᠵᠢᠭᠡᠬᠦ᠂ | ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠣᠯᠳᠠ ᠶᠢ ᠲᠦᠪᠯᠡᠷᠡᠭᠦᠯᠦᠨ ᠬᠦᠭᠵᠢᠭᠦᠯᠵᠦ᠂ 5 | — 8 ᠦᠢᠯᠡᠳᠪᠦᠷᠢᠯᠡᠯ ᠠᠮᠢᠳᠣᠷᠠᠯ ᠤᠨ ᠨᠦᠭᠦᠴᠡᠯ ᠮᠠᠭᠤ ᠭᠠᠴᠠᠭᠠᠨ ᠤ ᠠᠷᠠᠳ ᠢ ᠰᠢᠯᠵᠢᠭᠦᠯᠦᠨ ᠨᠡᠭᠦᠯᠬᠡᠭᠦ | ᠢᠨᠵᠧᠨᠧᠷᠢᠩ ᠢ ᠲᠦᠯᠦᠪᠵᠢᠭᠦᠯᠦᠨ ᠡᠬᠢᠯᠡᠭᠦᠯᠵᠦ᠂ 1.25 ᠲᠦᠮᠡᠨ ᠬᠦᠮᠦᠨ ᠠᠮᠠ ᠶᠢᠨ ᠲᠣᠭᠳᠠᠭᠤᠨ ᠢᠶᠠᠷ | ᠶᠠᠳᠠᠭᠤ ᠠᠴᠠ ᠠᠩᠵᠢᠷᠠᠬᠤ ᠶᠢ ᠪᠡᠶᠡᠯᠡᠭᠦᠯᠦᠨ᠎ᠡ᠃ | ︵ᠲᠦᠷᠪᠡ︶ ᠭᠤᠶᠢᠪᠠᠰᠢ ᠦᠬᠡᠢ ᠪᠠᠷ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢᠨ | ᠨᠦᠬᠦᠴᠡᠯ ᠢ ᠰᠠᠶᠢᠵᠢᠷᠠᠭᠤᠯᠵᠣ᠂ ᠠᠴᠢᠶᠠᠯᠠᠭᠴᠢ ᠶᠢᠨ ᠴᠢᠳᠠᠪᠦᠷᠢ ᠶᠢ ᠰᠢᠨ᠎ᠡ ᠰᠢᠪᠲᠤᠯᠤᠯᠲᠠ ᠲᠠᠢ ᠪᠣᠯᠭᠠᠨ᠎ᠠ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠬᠤ ᠪᠠᠷ ᠬᠤᠳᠠ ᠬᠦᠳᠡᠭᠡ ᠶᠢᠨ | ᠬᠦᠭᠵᠢᠯᠳᠡ ᠶᠢᠨ ᠵᠦᠷᠢᠶ᠎ᠡ ᠶᠢ ᠪᠠᠭᠠᠰᠬᠠᠬᠤ ᠴᠢᠬᠤᠯᠠ ᠠᠷᠭ᠎ᠠ ᠵᠠᠮ ᠪᠣᠯᠭᠠᠵᠦ᠂ ᠠᠮᠢ ᠠᠬᠤᠢ᠂ ᠵᠠᠮ ᠬᠠᠷᠢᠯᠴᠠᠭ᠎ᠠ᠂ | ᠣᠰᠣᠨ ᠠᠰᠢᠭᠯᠠᠯᠳᠠ᠂ ᠴᠠᠬᠢᠯᠭᠠᠨ ᠬᠦᠴᠦᠨ ᠵᠡᠷᠭᠡ ᠬᠦᠷᠢᠶᠡᠨ ᠤ ᠭᠤᠤᠯᠳᠠᠯᠭ᠎ᠠ ᠲᠠᠢ ᠲᠦᠷᠦᠯ ᠵᠦᠢᠯ ᠢ | ᠢᠳᠡᠪᠬᠢᠲᠠᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠣᠷᠠᠯ ᠤᠨ | ᠨᠦᠭᠦᠴᠡᠯ ᠢ ᠲᠠᠰᠣᠷᠠᠯᠳᠠ ᠦᠭᠡᠢ ᠰᠠᠶᠢᠵᠢᠷᠠᠭᠤᠯᠣᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠬᠦᠴᠦᠯᠡᠴᠡ ᠪᠠᠨ | ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠠᠶᠢᠭᠤᠯᠣᠯᠲᠠ ᠶᠢ ᠴᠢᠩᠭᠠᠳᠬᠠᠵᠣ᠂ | ᠬᠥᠮᠥᠨ ᠤ ᠬᠥᠴᠥᠨ ᠢᠶᠠᠷ 7.7 ᠲᠥᠮᠡᠨ ᠮᠥ ᠮᠣᠳᠣ ᠵᠠᠶᠢᠯᠠᠵᠣ᠂ ᠲᠠᠷᠢᠶᠠᠯᠠᠬᠤ ᠶᠢ ᠵᠣᠭᠰᠣᠭᠠᠵᠣ ᠣᠶᠢᠵᠢᠭᠤᠯᠬᠤ | ᠲᠠᠯᠠᠪᠠᠢ ᠶᠢ 1.5 ᠲᠥᠮᠡᠨ ᠮᠥ ᠳᠤ ᠬᠥᠷᠭᠡᠵᠥ᠂ ᠡᠭᠡᠷᠡᠮ᠎ᠡ ᠠᠭᠤᠯᠠᠨ ᠳᠤ 7.5ᠲᠥᠮᠡᠨ ᠮᠥ ᠮᠣᠳᠣ ᠶᠢ | ᠨᠥᠬᠦᠪᠥᠷᠢᠯᠡᠨ ᠵᠠᠶᠢᠯᠠᠨ᠎ᠠ᠃ ᠣᠰᠣ ᠰᠢᠷᠣᠢ ᠶᠢᠨ ᠢᠳᠡᠭᠳᠡᠯ ᠢ 5 ᠲᠦᠮᠡᠨ ᠮᠤ᠋ ᠵᠠᠰᠠᠵᠤ᠂ ᠲᠦᠷᠦᠯᠵᠢ ᠪᠠᠯᠭᠠᠰᠣᠨ ᠤ | ᠱᠤᠸᠠᠩ ᠶᠢᠨ ᠭᠠᠴᠠᠭ᠎ᠠ᠂ ᠲᠦᠯᠢᠶᠡᠮᠤᠳᠤ ᠪᠠᠯᠭᠠᠰᠤᠨ ᠤ ᠬᠠᠭ ᠶᠢᠨ ᠠᠮᠠᠰᠠᠷ ᠭᠠᠴᠠᠭ᠎ᠠ ᠵᠡᠷᠭᠡ ᠣᠰᠤ ᠰᠢᠷᠤᠢ ᠶᠢᠨ | ᠢᠳᠡᠭᠳᠡᠯ ᠬᠦᠨᠳᠦ ᠬᠡᠴᠡᠬᠦᠦ ᠭᠠᠵᠠᠷ ᠤᠷᠣᠨ ᠢ ᠳᠤᠰᠬᠠᠶᠢᠯᠠᠨ ᠵᠠᠰᠠᠨ᠎ᠠ᠃ ᠬᠥᠷᠢᠶᠡᠯᠡᠨ ᠣᠶᠢᠵᠢᠭᠤᠯᠬᠤ ᠶᠢ | ᠣᠶᠠᠯᠳᠣᠭᠤᠯᠵᠣ᠂ ᠬᠥᠷᠢᠶᠡᠯᠡᠬᠦ ᠪᠠᠷ ᠭᠤᠣᠯ ᠪᠣᠯᠭᠠᠭᠰᠠᠨ ᠴᠢᠭᠯᠡᠯᠲᠡ ᠶᠢ ᠪᠠᠷᠢᠮᠲᠠᠯᠠᠵᠣ᠂ ᠬᠠᠩᠭᠠᠯ ᠣᠰᠣᠨ | ᠴᠦᠬᠦᠷᠦᠮ ᠤᠨ ᠣᠶᠢᠷ᠎ᠠ ᠬᠠᠪᠢ᠂ ᠮᠣᠵᠢ ᠶᠢᠨ ᠳᠡᠰ ᠤᠨ ᠵᠠᠮ ᠤᠨ ᠬᠠᠵᠠᠭᠤ ᠳᠠᠬᠢ ᠡᠭᠡᠷᠡᠮ᠎ᠡ ᠠᠭᠤᠯᠠ ᠵᠡᠷᠭᠡ | ᠭᠠᠵᠠᠷ ᠤᠨ ᠠᠮᠢ ᠠᠬᠤᠢ ᠶᠢ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠨ᠎ᠠ᠃ ᠨᠢᠯᠬ᠎ᠠ ᠮᠣᠳᠣ | ᠣᠶᠢᠵᠢᠭᠤᠯᠬᠤ ᠰᠠᠭᠤᠷᠢᠨ ᠢ 800 ᠮᠤ᠋ ᠪᠠᠶᠢᠭᠤᠯᠵᠣ᠂ ᠪᠥᠬᠦ ᠬᠤᠰᠢᠭᠤᠨ ᠤ ᠬᠤᠲᠠ ᠪᠠᠯᠭᠠᠰᠣ ᠶᠢᠨ | ᠨᠣᠭᠤᠭᠠᠷᠠᠭᠤᠯᠣᠯᠲᠠ᠂ ᠡᠯᠡᠰᠥ ᠶᠢ ᠬᠤᠷᠢᠭᠯᠬᠤ ᠨᠢᠯᠬ᠎ᠠ ᠮᠣᠳᠣᠨ ᠤ ᠥᠪᠡᠷ ᠤᠨ ᠬᠠᠩᠭᠠᠯᠭ᠎ᠠ ᠶᠢ ᠴᠢᠷᠮᠠᠶᠢᠨ | ᠪᠡᠶᠡᠯᠡᠭᠦᠯᠥᠨ᠎ᠡ᠃ ᠬᠤᠵᠢᠷᠯᠢᠭ ᠭᠠᠵᠠᠷ ᠢ 2000 ᠮᠥ ᠰᠠᠶᠢᠵᠢᠷᠠᠭᠤᠯᠣᠨ᠎ᠠ᠃ ᠣᠢ ᠰᠢᠭᠤᠢ ᠶᠢᠨ ᠡᠬᠢ ᠪᠠᠶᠠᠯᠢᠭ | ᠤᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠠᠳᠬᠤᠵᠣ᠂ ᠪᠥᠬᠦ ᠬᠤᠰᠢᠭᠤᠨ ᠤ ᠣᠢ | ᠰᠢᠭᠤᠢ ᠶᠢᠨ ᠬᠤᠣᠷᠠᠲᠤ ᠠᠮᠢᠳᠣ ᠪᠣᠳᠠᠰ ᠢ ᠰᠡᠷᠭᠡᠶᠢᠯᠡᠨ ᠡᠵᠡᠮᠳᠡᠬᠦ ᠨᠣᠷᠮ᠎ᠠ ᠶᠢ 4‰ ᠶᠢᠨ ᠳᠣᠲᠣᠷ᠎ᠠ ᠬᠢᠵᠠᠭᠠᠷᠯᠠᠨ᠎ᠠ | ᠃ 2605 ᠲᠥᠮᠡᠨ ᠲᠥᠭᠦᠷᠢᠭ ᠤᠨ ᠪᠡᠯᠡ ᠣᠷᠣᠭᠤᠯᠵᠣ᠂ ᠪᠡᠯᠴᠢᠭᠡᠷᠯᠡᠭᠦᠯᠬᠦ ᠶᠢ ᠵᠣᠭᠰᠣᠭᠠᠵᠣ ᠡᠪᠡᠰᠥ ᠲᠠᠷᠢᠬᠤ | ᠢᠨᠵᠧᠨᠧᠷᠢᠩ ᠢ ᠬᠡᠷᠡᠭᠵᠢᠭᠦᠯᠵᠥ᠂ 65 ᠲᠥᠮᠡᠨ ᠮᠥ ᠶᠢ ᠬᠥᠷᠢᠶᠡᠯᠡᠵᠥ᠂ 6.55 ᠲᠥᠮᠡᠨ ᠮᠥ ᠡᠪᠡᠰᠥ ᠲᠠᠷᠢᠵᠣ᠂ | 25 ᠲᠥᠮᠡᠨ ᠮᠥ ᠡᠪᠡᠰᠦ ᠶᠢ ᠨᠥᠬᠦᠪᠥᠷᠢᠯᠡᠨ ᠲᠠᠷᠢᠨ᠎ᠠ᠃ ᠠᠮᠢᠳᠣ ᠪᠣᠳᠠᠰ ᠢᠶᠠᠷ ᠴᠠᠬᠢᠯᠭᠠᠨ ᠭᠠᠷᠭᠠᠬᠤ ᠲᠥᠷᠥᠯ | ᠵᠥᠢᠯ ᠤᠨ ᠲᠣᠭᠤᠷᠢᠨ ᠳᠤ᠂ ᠠᠯᠲᠠᠭᠠᠨ᠎ᠠ ᠶᠢᠨ ᠰᠠᠭᠤᠷᠢᠨ ᠢ 10 ᠲᠥᠮᠡᠨ ᠮᠥ ᠪᠥᠲᠥᠭᠡᠨ ᠪᠠᠶᠢᠭᠤᠯᠣᠨ᠎ᠠ᠃ | ᠣᠯᠣᠰ ᠤᠨ ᠵᠡᠬᠦᠨ ᠬᠡᠰᠡᠭ ᠤᠨ ᠭᠠᠵᠠᠷ ᠣᠷᠣᠨ ᠤ ᠴᠢᠬᠢᠭᠯᠢᠭ ᠭᠠᠵᠠᠷ ᠤᠨ ᠬᠢᠨᠡᠨ ᠬᠡᠮᠵᠢᠯᠲᠡ ᠶᠢᠨ ᠦᠷᠲᠡᠭᠡ ᠶᠢ | ᠴᠢᠳᠠᠬᠤ ᠶᠢᠨ ᠬᠢᠷᠢ ᠪᠠᠷ ᠠᠵᠢᠯ ᠡᠬᠢᠯᠡᠬᠦᠯᠦᠨ ᠪᠠᠶᠢᠭᠤᠯᠵᠤ᠂ ᠬᠤᠷᠴᠢᠨ ᠤ ᠬᠠᠮᠠᠭᠠᠯᠠᠯᠲᠠ ᠶᠢᠨ ᠤᠷᠤᠨ ᠤ | ᠴᠢᠳᠠᠪᠦᠷᠢ ᠶᠢᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭ᠎ᠠ᠂ ᠳᠤᠭᠤᠳᠠᠭ ᠤᠨ ᠦᠷᠡᠵᠢᠭᠦᠯᠬᠦ ᠰᠠᠭᠤᠷᠢᠨ ᠢ | ᠬᠠᠮᠠᠭᠠᠯᠠᠬᠤ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ ᠣᠢ ᠰᠢᠭᠤᠢ | ᠨᠣᠲᠤᠭ ᠪᠡᠯᠴᠢᠬᠡᠷ ᠤᠨ ᠭᠠᠯ ᠢ ᠰᠡᠷᠭᠡᠶᠢᠯᠡᠬᠦ ᠠᠵᠢᠯ ᠢ ᠪᠥᠬᠦ ᠬᠥᠴᠥᠨ ᠢᠶᠠᠷ ᠰᠠᠶᠢᠲᠣᠷ ᠬᠢᠵᠥ᠂ ᠵᠢᠯ ᠤᠨ ᠳᠣᠲᠣᠷ᠎ᠠ | ᠬᠥᠨᠳᠥ ᠶᠡᠭᠡ ᠣᠢ ᠰᠢᠭᠤᠢ ᠨᠣᠲᠤᠭ ᠪᠡᠯᠴᠢᠬᠡᠷ ᠤᠨ ᠭᠠᠮᠰᠢᠭ ᠡᠭᠦᠰᠬᠦ ᠥᠭᠡᠢ ᠶᠢ ᠪᠠᠲᠣᠯᠠᠨ᠎ᠠ᠃ ᠨᠣᠲᠤᠭ ᠪᠡᠯᠴᠢᠬᠡᠷ | ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠬᠠᠮᠤᠭ | ᠤᠨ ᠴᠢᠩᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠠᠪᠴᠠᠯ ᠢ ᠠᠪᠴᠣ᠂ ᠳᠤᠮᠳᠠ ᠡᠮᠦᠨ᠎ᠡ ᠬᠡᠰᠡᠭ ᠤᠨ ᠭᠠᠵᠠᠷ | ᠣᠷᠣᠨ ᠳᠤ ᠪᠦᠬᠦ ᠲᠠᠯ᠎ᠠ ᠪᠠᠷ ᠪᠡᠯᠴᠢᠭᠡᠷᠯᠡᠬᠦᠯᠬᠦ ᠶᠢ ᠴᠠᠭᠠᠵᠠᠯᠠᠵᠤ᠂ ᠤᠮᠠᠷᠠᠲᠤ ᠬᠡᠰᠡᠭ ᠤᠨ ᠭᠠᠵᠠᠷ ᠣᠷᠣᠨ ᠳᠤ | ᠡᠪᠡᠰᠥ ᠮᠠᠯ ᠤᠨ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠥᠨ᠎ᠡ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠶᠢᠨ ᠳᠤᠷ᠎ᠠ ᠪᠠᠷ ᠠᠳᠠᠷ ᠬᠠᠭᠠᠯᠪᠦᠷᠢᠯᠠᠬᠤ ᠶᠢ ᠵᠠᠰᠠᠨ ᠴᠡᠭᠴᠡᠯᠡᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ | ᠴᠢᠩᠭ᠎ᠠ ᠬᠡᠷᠡᠭᠵᠢᠬᠦᠯᠵᠤ᠂ ᠳᠣᠷ᠎ᠠ ᠪᠠᠷ ᠠᠲᠠᠷ ᠬᠠᠭᠠᠯᠪᠣᠷᠢᠯᠠᠬᠤ᠂ ᠬᠦᠷᠢᠶᠡᠯᠡᠭᠰᠡᠨ ᠲᠣᠣᠷ ᠢ ᠡᠪᠳᠡᠬᠦ ᠪᠠ ᠣᠯᠣᠰ | ᠤᠨ ᠭᠤᠣᠯᠳᠠᠯᠭᠠᠳᠣ ᠬᠠᠮᠳᠣ ᠶᠢᠨ ᠣᠢ ᠳᠣᠮᠳᠠ ᠮᠠᠯᠵᠢᠬᠤ ᠵᠡᠷᠭᠡ ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ | ᠲᠣᠭᠲᠠᠭᠰᠠᠨ ᠬᠤᠭᠤᠴᠠᠭᠠᠨ ᠳᠤ ᠣᠷᠭᠤᠮᠠᠯ ᠤᠨ ᠪᠦᠷᠬᠦᠴᠡ ᠶᠢ ᠰᠡᠷᠬᠦᠭᠡᠵᠤ᠂ ᠶᠠᠯᠠᠲᠤ ᠠᠵᠢᠯᠯᠠᠭ᠎ᠠ ᠪᠤᠯᠤᠭᠰᠠᠨ ᠳᠤ | ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠳᠤᠰᠢᠶᠠᠵᠤ᠂ ᠡᠷᠡᠬᠦᠦ ᠶᠢᠨ ᠶᠠᠪᠤᠳᠠᠯ ᠤᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ |