ᠪᠠᠶᠠᠵᠢᠨ᠎ᠠ ᠠᠵᠤ ᠦᠢᠯᠡᠳᠪᠦᠷᠢ ᠶᠢᠨ ᠣᠷᠣᠨ ᠲᠤᠭᠤᠷᠢᠭ ᠤᠨ ᠪᠠᠶᠢᠭᠤᠯᠦᠯᠲᠠ ᠶᠢ ᠴᠢᠩᠭᠠᠳᠬᠠᠨ᠎ᠠ᠃ ︽ | ᠨᠢᠭᠡ ᠣᠷᠣᠨ ᠬᠤᠶᠠᠷ ᠲᠣᠭᠤᠷᠢᠭ︾ ᠤᠨ ᠲᠦᠯᠦᠪᠵᠢᠭᠦᠯᠭᠡ ᠶᠢᠨ ᠪᠠᠶᠢᠷᠢᠰᠢᠯ ᠶᠣᠰᠣᠭᠠᠷ᠂ ᠣᠷᠣᠨ ᠲᠣᠭᠤᠷᠢᠭ ᠤᠨ | ᠵᠠᠮ ᠱᠣᠭᠤᠮ᠂ ᠣᠰᠣ ᠬᠠᠩᠭᠠᠬᠤ᠂ ᠴᠠᠬᠢᠯᠭᠠᠨ ᠭᠠᠷᠭᠠᠬᠤ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠦᠭᠡᠨ | ᠪᠠᠶᠢᠭᠤᠯᠣᠯᠳᠠ ᠶᠢ ᠲᠦᠷᠭᠡᠳᠬᠡᠨ ᠲᠡᠭᠦᠯᠳᠡᠷᠵᠢᠭᠦᠯᠦᠨ᠂ ᠠᠵᠦ ᠠᠬᠤᠶᠢᠯᠠᠯ ᠤᠨ ᠰᠠᠭᠤᠷᠢᠰᠢᠬᠤ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠡᠭᠦᠳᠦᠨ ᠪᠠᠶᠢᠭᠤᠯᠣᠨ᠎ᠠ᠃ ᠭᠠᠵᠠᠷ ᠰᠢᠷᠦᠢ ᠶᠢᠨ ᠡᠵᠡᠩᠨᠡᠯᠳᠡ᠂ ᠡᠳ᠋ ᠤᠨ ᠵᠠᠰᠠᠭ ᠤᠨ | ᠲᠡᠮᠵᠢᠯᠭᠡ᠂ ᠪᠠᠩᠬᠢ ᠶᠢᠨ ᠵᠢᠭᠡᠯᠡᠯᠭᠡ᠂ ᠬᠤᠪᠢ ᠣᠷᠣᠭᠤᠯᠣᠯᠳᠠ ᠶᠢᠨ ᠲᠣᠬᠢᠷᠠᠭᠤᠯᠣᠯᠳᠠ ᠵᠡᠷᠭᠡ ᠬᠡᠯᠪᠡᠷᠢ ᠪᠠᠷ | ᠲᠡᠮᠵᠢᠨ᠂ ᠣᠯᠠᠨ ᠠᠷᠭ᠎ᠠ ᠵᠠᠮ ᠢᠶᠠᠷ ᠪᠦᠳᠦᠭᠡᠨ ᠪᠠᠶᠢᠭᠤᠯᠣᠯᠳᠠ ᠶᠢᠨ ᠪᠡᠯᠡ ᠮᠦᠩᠬᠦ ᠶᠢ ᠬᠤᠷᠠᠮᠳᠤᠭᠤᠯᠤᠨ᠎ᠠ᠃ 3. | 2 ᠺᠢᠯᠣᠮᠧᠲᠷ ᠤᠨ ᠪᠠᠶᠠᠵᠢᠨ᠎ᠠ ᠬᠢᠮᠢ ᠶᠢᠨ ᠠᠵᠦ ᠦᠢᠯᠡᠳᠪᠦᠷᠢ ᠵᠢᠴᠢ ᠪᠣᠯᠪᠠᠰᠣᠷᠠᠭᠤᠯᠬᠤ A ᠲᠣᠭᠤᠷᠢᠭ ᠤᠨ ᠭᠤᠣᠯ | ᠵᠠᠮ ᠱᠣᠭᠤᠮ ᠢ ᠡᠬᠢᠯᠡᠨ ᠪᠦᠳᠦᠭᠡᠨ ᠪᠠᠶᠢᠭᠤᠯᠵᠦ᠂ ᠡᠳᠦᠷ ᠲᠤ 10 ᠲᠦᠮᠡᠨ ᠲᠣᠨ ᠣᠰᠣ ᠬᠠᠩᠭᠠᠬᠤ | ᠦᠢᠯᠡᠳᠪᠦᠷᠢ ᠪᠠ ᠲᠡᠮᠦᠷ ᠵᠠᠮ ᠤᠨ ᠲᠣᠰᠬᠠᠢ ᠬᠡᠷᠡᠭᠯᠡᠬᠦ ᠱᠣᠭᠤᠮ᠂ 220 ᠺᠢᠯᠣᠸᠣᠯᠲ ᠤᠨ ᠬᠦᠴᠦᠳᠡᠯ | ᠦᠭᠡᠷᠡᠴᠢᠯᠡᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠣᠨ᠎ᠠ᠃ ᠬᠠᠷᠠᠨᠢᠭᠤᠷ ᠨᠡᠭᠦᠷᠡᠰᠦᠨ | ᠤ ᠬᠢᠮᠢ ᠶᠢᠨ ᠠᠵᠦ ᠦᠢᠯᠡᠳᠪᠦᠷᠢ ᠶᠢᠨ ᠣᠷᠣᠨ ᠲᠣᠭᠤᠷᠢᠭ ᠤᠨ 66 ᠺᠢᠯᠣᠸᠣᠯᠲ ᠤᠨ ᠬᠦᠴᠦᠳᠡᠯ ᠦᠭᠡᠷᠡᠴᠢᠯᠡᠬᠦ | ᠲᠦᠷᠦᠯ ᠵᠦᠢᠯ ᠤᠨ ᠢᠨᠵᠧᠨᠧᠷᠢᠩ ᠢ ᠠᠵᠢᠯ ᠡᠬᠢᠯᠡᠬᠦᠯᠦᠨ ᠪᠦᠳᠦᠭᠡᠨ ᠪᠠᠶᠢᠭᠤᠯᠣᠨ᠎ᠠ᠃ ︽ᠬᠤᠣᠰ ᠵᠠᠭᠤᠨ | ᠳ᠋ᠦᠩᠰᠢᠭᠤᠷ ᠲᠦᠭᠦᠷᠢᠭ ᠤᠨᠢᠨᠵᠧᠨᠧᠷᠢᠩ︾ ᠢ ᠬᠡᠷᠡᠭᠵᠢᠭᠦᠯᠬᠦ ᠲᠠᠢ ᠣᠶᠠᠯᠳᠣᠭᠤᠯᠵᠦ᠂ ᠳᠠᠪᠠᠭᠤᠯᠢᠭ ᠠᠵᠦ | ᠦᠢᠯᠡᠰ ᠢ ᠣᠷᠣᠨ ᠲᠣᠭᠤᠷᠢᠭ ᠲᠤ ᠲᠦᠪᠯᠡᠷᠡᠭᠦᠯᠦᠨ᠂ ᠲᠠᠪᠠᠭᠤᠯᠢᠭ ᠡᠬᠢ ᠪᠠᠶᠠᠯᠢᠭ ᠢ ᠭᠤᠤᠯᠲᠠᠯᠭᠠᠲᠤ ᠠᠵᠦ | ᠠᠬᠤᠶᠢᠯᠠᠯ ᠳᠤ ᠲᠦᠪᠯᠡᠷᠡᠭᠦᠯᠬᠦ ᠶᠢ ᠠᠬᠢᠭᠤᠯᠣᠨ᠎ᠠ᠃ ᠦᠷᠭᠦᠯᠵᠢᠯᠡᠨ ᠬᠦᠭᠵᠢᠬᠦ ᠴᠢᠲᠠᠪᠦᠷᠢ ᠲᠠᠢ ᠠᠵᠦ ᠠᠬᠤᠶᠢᠯᠠᠯ ᠢ | ᠣᠷᠣᠭᠤᠯᠬᠤ ᠪᠠᠷ ᠭᠤᠣᠯᠳᠠᠯᠭ᠎ᠠ ᠪᠣᠯᠭᠠᠵᠦ᠂ ᠲᠣᠮᠣ ᠠᠵᠦ ᠠᠬᠤᠶᠢᠯᠠᠯ᠂ ᠲᠣᠮᠣ ᠲᠦᠷᠦᠯ ᠵᠦᠢᠯ ᠢ ᠣᠷᠢᠵᠦ᠂ | ᠣᠷᠣᠨ ᠲᠣᠭᠤᠷᠢᠭ ᠤᠨ ᠬᠡᠪᠴᠢᠶᠡᠵᠢᠯᠡᠯᠳᠡ ᠲᠦᠪᠯᠡᠷᠡᠯ ᠤᠨ ᠦᠢᠯᠡᠳᠦᠯ ᠢ ᠪᠣᠢ ᠪᠣᠯᠭᠠᠨ᠎ᠠ᠃ ᠣᠳᠣ ᠶᠢᠨ ᠪᠠᠶᠢᠭ᠎ᠠ | ᠠᠵᠦ ᠠᠬᠤᠶᠢᠯᠠᠯ ᠤᠨ ᠠᠵᠦ ᠦᠢᠯᠡᠰ ᠤᠨ ᠬᠡᠯᠬᠢᠶᠡᠨ ᠤ ᠣᠷᠳᠣᠳᠬᠠᠯ ᠢ ᠶᠡᠬᠡᠪᠡᠷ ᠠᠬᠢᠭᠤᠯᠵᠦ᠂ ᠭᠠᠭᠴᠠ ᠴᠣᠯᠭᠤᠢ | ᠲᠦᠷᠦᠯ ᠵᠦᠢᠯ ᠢ ᠶᠡᠷᠦᠩᠬᠡᠶᠢᠯᠡᠭᠰᠡᠨ ᠲᠦᠷᠦᠯ ᠵᠦᠢᠯ ᠦᠭᠡᠳᠡ ᠣᠷᠳᠣᠳᠬᠠᠵᠦ᠂ ᠭᠠᠭᠴᠠ ᠴᠣᠯᠭᠤᠢ | ᠪᠦᠳᠦᠭᠡᠭᠳᠡᠬᠦᠨ ᠢ ᠲᠡᠭᠡᠷ᠎ᠡ ᠲᠣᠣᠷ᠎ᠠ ᠣᠷᠣᠰᠬᠠᠯ ᠤᠨ ᠪᠦᠳᠦᠭᠡᠭᠳᠡᠬᠦᠨ ᠵᠦᠭ ᠣᠷᠳᠣᠳᠬᠠᠨ᠎ᠠ᠃ ᠪᠠᠶᠢᠭᠤᠯᠵᠦ | ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠪᠠ ᠲᠠᠭᠠᠯᠳᠠ ᠲᠦᠷᠦᠯ ᠵᠦᠢᠯ ᠤᠨ ᠰᠠᠭᠤᠷᠢᠰᠢᠬᠤ ᠶᠢ | ᠪᠦᠬᠦ ᠬᠦᠴᠦᠨ ᠢᠶᠠᠷ ᠰᠠᠶᠢᠳᠣᠷ ᠠᠳᠬᠤᠵᠦ᠂ ᠵᠢᠯ ᠤᠨ ᠳᠤᠳᠣᠷ᠎ᠠ᠂ ᠴᠢᠳᠠᠬᠤ ᠶᠢᠨ ᠬᠢᠷᠢ ᠪᠠᠷ ᠳ᠋ᠦᠩᠰᠢᠭᠤᠷ | ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠢ 6—8 ᠣᠷᠣᠭᠤᠯᠣᠨ ᠰᠢᠨ᠎ᠡ ᠪᠠᠷ ᠠᠵᠢᠯ ᠡᠬᠢᠯᠡᠬᠦᠯᠦᠨ | ᠪᠦᠲᠦᠭᠡᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠬᠢᠷᠠᠭᠤᠯᠤᠯᠲᠠ ᠶᠢ ᠰᠠᠶᠢᠳᠤᠷ ᠠᠳᠬᠤᠨ᠎ᠠ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢᠨ ᠳᠣᠭᠳᠠᠴᠠ ᠶᠢ ᠳᠡᠭᠦᠯᠳᠡᠷᠵᠢᠬᠦᠯᠵᠤ᠂ | ᠺᠧ ᠶᠢᠤ ᠵᠦᠩ 1×33 ᠲᠦᠮᠡᠨ ᠺᠢᠯᠣᠸᠠᠲ ᠤᠨ ᠴᠠᠬᠢᠯᠭᠠᠨ ᠤ ᠦᠢᠯᠡᠳᠪᠦᠷᠢ᠂ ᠬᠤᠸᠠ ᠨᠧᠩ ᠰᠠᠯᠬᠢᠨ | ᠬᠦᠴᠦᠨ ᠤ ᠴᠠᠬᠢᠯᠭᠠᠨ᠂ ᠰᠢᠩ ᠲᠦᠩ ᠨᠡᠬᠦᠷᠡᠰᠤᠨ ᠠᠭᠤᠷᠬᠠᠢ᠂ ᠠᠨ ᠰᠢᠩ ᠰᠢᠨᠵᠢᠯᠡᠭᠡ ᠮᠡᠷᠭᠡᠵᠢᠯ ᠵᠡᠷᠭᠡ | ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠬᠢᠷᠠᠭᠤᠯᠤᠯᠲᠠ ᠶᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠤᠨ | ︽ᠨᠢᠬᠡ ᠢᠵᠢ ᠬᠦᠰᠦᠨᠦᠭᠲᠦ︾ ᠳᠤᠭ᠎ᠠ ᠪᠦᠷᠢᠳᠭᠡᠯ ᠤᠨ ᠦᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ | ᠬᠡᠷᠡᠭᠵᠢᠬᠦᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭᠠᠨ ᠳᠣᠮᠳᠠᠬᠢ | ᠬᠡᠨᠡᠳᠲᠡ ᠪᠠᠶᠢᠳᠠᠯ ᠴᠢᠬᠤᠯᠠ ᠪᠠᠶᠢᠳᠠᠯ ᠢ ᠴᠠᠭ ᠳᠤᠬᠠᠢ ᠳᠤ ᠨᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠶᠠᠪᠣᠴᠠ ᠳᠤᠮᠳᠠᠬᠢ ᠪᠤᠳᠠᠳᠤ ᠬᠦᠴᠢᠷᠳᠠᠯ ᠪᠠ ᠠᠰᠠᠭᠤᠳᠠᠯ ᠢ ᠬᠠᠪᠰᠤᠷᠤᠨ | ᠰᠢᠢᠳᠪᠦᠷᠢᠯᠡᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠤ ᠳᠣᠭᠳᠠᠭᠤᠨ ᠴᠢᠨᠡᠷ ᠪᠠ | ᠵᠤᠬᠢᠴᠠᠭᠤᠯᠬᠤ ᠴᠢᠨᠠᠷ ᠢ ᠲᠡᠭᠡᠭᠰᠢᠯᠡᠭᠦᠯᠦᠨ᠂ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠨ ᠬᠦᠷᠢᠶᠡᠨ ᠳᠤ ᠲᠦᠷᠭᠡᠨ ᠤᠷᠤᠭᠤᠯᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠵᠢᠯ ᠳᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠢᠳᠠᠬᠤ ᠶᠢᠨ ᠬᠢᠷᠢ ᠪᠠᠷ 21 ᠡᠷᠦᠬᠡ ᠪᠣᠯᠭᠠᠨ᠎ᠠ᠃ | ᠠᠭᠤᠷᠬᠠᠢ ᠶᠢᠨ ᠡᠬᠢ ᠪᠠᠶᠠᠯᠢᠭ ᠢ ᠬᠠᠶᠢᠨ ᠬᠡᠮᠵᠢᠬᠦ ᠪᠠ ᠨᠡᠭᠡᠭᠡᠨ ᠠᠰᠢᠭᠯᠠᠬᠤ ᠶᠢ ᠬᠦᠴᠦᠯᠡᠨ ᠠᠬᠢᠭᠤᠯᠤᠨ᠎ᠠ᠃ | ᠣᠯᠣᠰ ᠪᠠ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠡᠬᠢ ᠪᠠᠶᠠᠯᠢᠭ ᠢ ᠬᠠᠶᠢᠨ ᠬᠡᠮᠵᠢᠬᠦ ᠲᠦᠷᠦᠯ ᠵᠦᠢᠯ ᠢ | ᠢᠳᠡᠪᠬᠢᠲᠡᠢ ᠲᠡᠮᠡᠴᠡᠨ ᠤᠯᠵᠤ᠂ ᠡᠬᠢ ᠪᠠᠶᠠᠯᠢᠭ ᠤᠨ ᠪᠠᠶᠢᠳᠠᠯ ᠢ ᠤᠶᠢᠯᠠᠭᠠᠨ᠎ᠠ᠃ ᠰᠢᠩ ᠲᠦᠩ ᠨᠡᠬᠦᠷᠡᠰᠤᠨ | ᠠᠭᠤᠷᠬᠠᠢ᠂ ᠶᠦᠸᠧ ᠱᠧᠩ ᠨᠡᠬᠦᠷᠡᠰᠤᠨ ᠠᠭᠤᠷᠬᠠᠢ ᠶᠢᠨ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠡᠳᠭᠡᠬᠦ ᠶᠢ | ᠶᠡᠬᠡᠪᠡᠷ ᠳᠡᠮᠵᠢᠵᠤ᠂ ᠵᠢᠯ ᠤᠨ ᠦᠢᠯᠡᠳᠪᠦᠷᠢᠯᠡᠯ ᠤᠨ ᠴᠢᠳᠠᠪᠦᠷᠢ ᠶᠢ 150 ᠲᠦᠮᠡᠨ ᠲᠤᠨ ᠳᠤ ᠬᠦᠷᠭᠡᠨ᠎ᠡ᠃ ᠵᠢᠩ | ᠴᠧᠩ ᠠᠭᠤᠷᠬᠠᠢ ᠶᠢᠨ ᠦᠢᠯᠡᠰ ᠤᠨ ᠮᠠᠯᠳᠠᠨ ᠰᠤᠩᠭᠤᠵᠤ ᠶᠡᠷᠦᠩᠬᠡᠶᠢᠯᠡᠨ ᠠᠰᠢᠬᠯᠠᠬᠤ ᠨᠤᠷᠮ᠎ᠠ ᠶᠢ ᠤᠯᠠᠮ ᠨᠢᠬᠡ | ᠠᠯᠬᠤᠮ ᠳᠡᠭᠡᠭᠰᠢᠯᠡᠬᠦᠯᠵᠤ᠂ ᠴᠢᠳᠠᠬᠤ ᠶᠢᠨ ᠬᠢᠷᠢ ᠪᠠᠷ ᠡᠳᠦᠷ ᠲᠤ 2000 ᠲᠤᠨ ᠠᠭᠤᠷᠬᠠᠢ ᠶᠢᠨ ᠴᠢᠯᠠᠭᠤᠯᠢᠭ ᠢ | ᠰᠢᠢᠳᠪᠦᠷᠢᠯᠡᠬᠦ ᠴᠢᠳᠠᠪᠦᠷᠢ ᠲᠠᠢ ᠪᠤᠯᠭᠠᠨ᠎ᠠ᠃ ᠠᠭᠤᠷᠬᠠᠢ ᠶᠢᠨ ᠡᠬᠢ ᠪᠠᠶ᠋ᠯᠢᠭ ᠢ ᠬᠠᠶᠢᠨ ᠬᠡᠮᠵᠢᠵᠤ ᠨᠡᠭᠡᠭᠡᠨ | ᠠᠰᠢᠭᠯᠠᠬᠤ ᠡᠮᠬᠢ ᠲᠢᠭᠯᠢᠮ ᠢ ᠲᠦᠷᠢᠮᠵᠢᠬᠦᠯᠵᠤ᠂ ᠠᠭᠤᠷᠬᠠᠢ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢ | ᠴᠢᠩᠭᠠᠳᠬᠠᠵᠤ᠂ ᠦᠨᠡᠮᠯᠡᠯ ᠦᠬᠡᠢ ᠪᠠᠷ ᠮᠠᠯᠳᠠᠬᠤ᠂ ᠮᠠᠯᠳᠠᠬᠤ ᠪᠠᠷ ᠬᠠᠶᠢᠨ ᠬᠡᠮᠵᠢᠬᠦ ᠶᠢ ᠣᠷᠣᠯᠠᠬᠤ ᠵᠡᠷᠭᠡ ᠬᠠᠤᠯᠢ | ᠪᠤᠰᠤ ᠠᠵᠢᠯᠯᠠᠭ᠎ᠠ ᠳᠤ ᠴᠤᠬᠢᠯᠲᠠ ᠦᠭᠴᠦ᠂ ᠡᠬᠢ ᠪᠠᠶᠠᠯᠢᠭ ᠢ ᠬᠠᠶᠢᠨ ᠬᠡᠮᠵᠢᠵᠤ ᠮᠠᠯᠳᠠᠬᠤ ᠡᠮᠬᠢ ᠲᠢᠭᠯᠢᠮ ᠢ | ᠬᠠᠮᠠᠭᠠᠯᠠᠨ᠎ᠠ᠃ | ᠲᠤᠮᠲᠠ ᠪᠠᠭ᠎ᠠ ᠠᠵᠦ ᠠᠬᠤᠶᠢᠯᠠᠯ ᠢ ᠶᠡᠬᠡᠪᠡᠷ ᠬᠦᠭᠵᠢᠬᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠮᠢᠩᠭᠠᠨ | ᠡᠷᠦᠬᠡ ᠪᠣᠶᠢᠵᠢᠯᠳᠠ ᠶᠢᠨ ᠬᠡᠯᠪᠡᠷᠢ ᠶᠢᠨ ᠲᠣᠮᠳᠠ ᠪᠠᠭ᠎ᠠ ᠠᠵᠦ ᠠᠬᠤᠶᠢᠯᠠᠯ ᠢ ᠲᠡᠮᠵᠢᠬᠦ ᠲᠦᠷᠦ ᠶᠢᠨ ᠪᠣᠳᠥᠯᠭᠠ ᠪᠠ | ᠠᠶᠢᠮᠠᠭ ᠠᠴᠠ ᠲᠣᠭᠳᠠᠭᠠᠭᠰᠡᠨ 70 ᠡᠷᠦᠬᠡ ᠠᠶᠢᠮᠠᠭ ᠤᠨ ᠲᠡᠰ ᠤᠨ ᠭᠤᠣᠯᠳᠠᠯᠭᠠᠲᠠᠢ ᠲᠣᠮᠳᠠ ᠪᠠᠭ᠎ᠠ ᠠᠵᠦ | ᠠᠬᠤᠶᠢᠯᠠᠯ ᠢ ᠲᠡᠮᠵᠢᠬᠦ ᠲᠣᠬᠢᠶᠠᠯ ᠢ ᠴᠢᠩᠭ᠎ᠠ ᠠᠳᠬᠤᠵᠦ᠂ ᠪᠠᠭ᠎ᠠ ᠠᠵᠦ ᠠᠬᠤᠶᠢᠯᠠᠯ ᠣᠨᠴᠠᠭᠠᠶᠢᠯᠠᠨ ᠣᠷᠣᠨ | ᠨᠣᠳᠤᠭ ᠤᠨ ᠦᠨᠳᠦᠰᠦᠲᠡᠨ ᠤ ᠠᠵᠤ ᠠᠬᠤᠶᠢᠯᠠᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠳᠠ ᠪᠠ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠣᠯᠳᠠ ᠵᠡᠷᠭᠡ ᠬᠤᠶᠠᠷ ᠵᠦᠢᠯ ᠤᠨ ᠦᠨᠳᠦᠰᠦᠨ ᠠᠵᠢᠯ ᠢ ᠰᠠᠶᠢᠳᠣᠷ | ᠬᠢᠵᠦ᠂ ᠲᠣᠭᠳᠠᠭᠤᠨ ᠠᠵᠢᠯ ᠣᠯᠭᠤᠬᠤ ᠪᠠᠶᠢᠷᠢᠨ ᠢ ᠬᠠᠩᠭᠠᠬᠤ᠂ ᠬᠥᠮᠥᠨ ᠠᠮᠠ ᠶᠢᠨ ᠠᠵᠢᠯ ᠣᠯᠭᠤᠨ ᠰᠢᠯᠵᠢᠬᠦ | ᠶᠢ ᠲᠥᠷᠭᠡᠳᠭᠡᠬᠦ ᠲᠠᠯ᠎ᠠ ᠪᠠᠷ ᠬᠤᠪᠢ ᠨᠡᠮᠡᠷᠢ ᠥᠵᠡᠭᠦᠯᠥᠭᠰᠡᠨ ᠠᠵᠣ ᠠᠬᠤᠶᠢᠯᠠᠯ ᠳᠤ ᠭᠠᠶᠢᠯᠢ ᠣᠷᠣᠯᠭ᠎ᠠ᠂ ᠮᠥᠩᠭᠦᠨ | ᠭᠥᠢᠯᠭᠡᠭᠡ᠂ ᠠᠵᠢᠯᠴᠢᠨ ᠣᠷᠢᠬᠤ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ | ᠣᠳᠣ ᠶᠢᠨ ᠪᠠᠶᠢᠭ᠎ᠠ ᠠᠵᠢᠯ ᠮᠡᠷᠭᠡᠵᠢᠯ ᠤᠨ ᠬᠥᠮᠥᠵᠢᠯ ᠤᠨ ᠪᠣᠯᠪᠠᠰᠣᠷᠠᠭᠤᠯᠣᠯ ᠤᠨ ᠲᠠᠪᠴᠠᠩ ᠳᠤ ᠲᠥᠰᠢᠭᠯᠡᠵᠥ᠂ | ᠠᠵᠢᠯ ᠣᠯᠭᠤᠨ ᠥᠢᠯᠡᠰ ᠪᠥᠲᠥᠭᠡᠬᠦ᠂ ᠠᠵᠣ ᠠᠬᠤᠶᠢᠯᠠᠯ ᠤᠨ ᠠᠵᠢᠯᠲᠠᠳ ᠤᠨ ᠮᠡᠷᠭᠡᠵᠢᠯ ᠤᠨ ᠪᠣᠯᠪᠠᠰᠣᠷᠠᠭᠤᠯᠣᠯ | ᠤᠨ ᠠᠵᠢᠯᠯᠠᠭᠠᠨ ᠢ ᠥᠷᠨᠢᠭᠦᠯᠵᠥ᠂ ᠵᠢᠯ ᠤᠨ ᠳᠣᠲᠣᠷ᠎ᠠ 2000 ᠬᠥᠮᠥᠨ ᠠᠴᠠ ᠳᠡᠭᠡᠭᠰᠢ ᠪᠣᠯᠪᠠᠰᠣᠷᠠᠭᠤᠯᠣᠨ᠎ᠠ᠃ | ᠮᠡᠷᠭᠡᠵᠢᠯ ᠢ ᠰᠠᠶᠢᠵᠢᠷᠠᠭᠤᠯᠣᠨ ᠴᠢᠳᠠᠪᠣᠷᠢ ᠶᠢ ᠥᠷᠭᠡᠳᠭᠡᠬᠦ᠂ ᠪᠡᠯᠡ ᠨᠡᠶᠢᠯᠡᠭᠦᠯᠥᠨ ᠬᠤᠷᠰᠢᠬᠤ ᠵᠡᠷᠭᠡ ᠬᠡᠯᠪᠡᠷᠢ ᠶᠢ | ᠠᠪᠴᠣ᠂ ᠣᠳᠣ ᠶᠢᠨ ᠪᠠᠶᠢᠭ᠎ᠠ ᠠᠵᠣ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ | ᠪᠦᠬᠦ ᠬᠦᠴᠦᠨ ᠢᠶᠠᠷ ᠢᠶᠠᠨ ᠤᠳᠤ ᠶᠢᠨ ᠪᠠᠶᠢᠭ᠎ᠠ ᠠᠵᠤ ᠠᠬᠤᠶᠢᠯᠠᠯ ᠢ ᠳᠡᠮᠵᠢᠨ᠎ᠡ᠃ ᠵᠢᠯ ᠳᠤ ᠂ ᠠᠵᠤ | ᠦᠢᠯᠡᠰᠴᠢᠯᠡᠯᠲᠡ ᠶᠢᠨ ᠳᠣᠯᠤᠭᠠᠶᠢᠯᠠᠭᠴᠢ ᠠᠵᠤ ᠠᠬᠤᠶᠢᠯᠠᠯ ᠳᠤ ᠲᠠᠮ ᠬᠦᠣ ᠲᠠᠢ ᠵᠢᠭᠡᠯᠡᠯᠭᠡ ᠶᠢ 264 ᠲᠦᠮᠡᠨ | ᠲᠦᠭᠦᠷᠢᠭ ᠵᠤᠬᠢᠴᠠᠭᠤᠯᠵᠣ᠂ ᠠᠵᠤ ᠠᠬᠤᠶᠢᠯᠠᠯ ᠤᠨ ᠬᠦᠭᠵᠢᠯᠲᠡ ᠶᠢᠨ ᠪᠡᠯᠡ ᠮᠦᠩᠬᠦᠨ ᠤ ᠳᠣᠳᠠᠭᠳᠠᠬᠤ | ᠠᠰᠠᠭᠤᠳᠠᠯ ᠢ ᠰᠢᠢᠳᠪᠦᠷᠢᠯᠡᠨ᠎ᠡ᠃ ᠣᠯᠠᠨ ᠠᠷᠭ᠎ᠠ ᠵᠠᠮ ᠢᠶᠠᠷ ᠲᠣᠮᠳᠠ ᠪᠠᠭ᠎ᠠ ᠠᠵᠣ ᠠᠬᠤᠶᠢᠯᠠᠯ ᠢ ᠬᠦᠮᠦᠵᠢᠭᠦᠯᠬᠦ | ᠬᠦᠴᠦᠯᠡᠴᠡ ᠪᠠᠨ ᠴᠢᠩᠭᠠᠷᠠᠭᠤᠯᠵᠦ᠂ ᠬᠤᠪᠢ ᠶᠢᠨ ᠦᠮᠴᠢᠯᠡᠯᠳᠣ ᠠᠵᠣ ᠠᠬᠤᠢ ᠶᠢᠨ ᠶᠡᠷᠦᠩᠬᠡᠢ ᠬᠡᠮᠵᠢᠶ᠎ᠡ ᠶᠢ | ᠦᠷᠭᠡᠳᠬᠡᠨ᠎ᠡ᠃ ᠵᠠᠰᠠᠭ ᠤᠨ ᠣᠷᠳᠤᠨ ᠪᠠᠩᠬᠢ ᠠᠵᠤ ᠠᠬᠤᠶᠢᠯᠠᠯ ᠤᠨ ᠬᠠᠮᠵᠢᠯᠴᠠᠭᠠᠨ ᠤ ᠳᠣᠭᠳᠠᠴᠠ ᠶᠢ | ᠪᠠᠶᠢᠭᠤᠯᠤᠨ ᠪᠦᠷᠢᠨᠰᠢᠬᠦᠯᠵᠤ᠂ ᠨᠡᠭᠡᠭᠡᠯᠲᠡ ᠶᠢᠨ ᠪᠠᠩᠬᠢ ᠵᠡᠷᠭᠡ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ | ᠬᠠᠮᠵᠢᠯᠴᠠᠭ᠎ᠠ ᠶᠢ ᠨᠢᠭᠳᠠᠷᠠᠭᠤᠯᠵᠤ᠂ ᠰᠣᠷᠠᠭ ᠴᠢᠮᠡᠭᠡ ᠪᠠᠨ ᠰᠤᠯᠢᠯᠴᠠᠨ᠂ ᠦᠷᠭᠡᠨ ᠬᠡᠪᠴᠢᠶ᠎ᠡ ᠣᠯᠠᠨ ᠳᠠᠪᠬᠤᠷᠭ᠎ᠠ | ᠪᠠᠷ ᠪᠠᠩᠬᠢ ᠠᠵᠦ ᠠᠬᠤᠶᠢᠯᠠᠯ ᠤᠨ ᠨᠡᠶᠢᠯᠡᠯᠲᠡ ᠶᠢᠨ ᠠᠵᠢᠯᠯᠠᠭᠠᠨ ᠢ ᠦᠷᠨᠢᠬᠦᠯᠵᠤ᠂ ᠮᠦᠩᠬᠦᠨ ᠬᠦᠢᠯᠭᠡᠭᠡᠨ ᠤ | ᠪᠠᠶᠢᠭᠤᠯᠤᠮᠵᠢ ᠶᠢᠨ ᠪᠠᠭ᠎ᠠ ᠠᠵᠤ ᠠᠬᠤᠶᠢᠯᠠᠯ ᠳᠤ ᠪᠡᠯᠡ ᠮᠦᠩᠬᠦᠨ ᠤ ᠳᠡᠮᠵᠢᠯᠭᠡ ᠬᠦᠷᠲᠡᠭᠡᠬᠦ ᠶᠢ ᠵᠢᠯᠤᠭᠤᠳᠤᠨ | ᠵᠤᠷᠢᠭᠵᠢᠭᠤᠯᠤᠨ᠎ᠠ᠃ ᠥᠢᠯᠡᠳᠪᠥᠷᠢᠯᠡᠨ ᠥᠢᠯᠡᠴᠢᠯᠡᠬᠦ ᠬᠢᠭᠡᠳ ᠠᠮᠢᠳᠣᠷᠠᠯ ᠤᠨ ᠥᠢᠯᠡᠴᠢᠯᠡᠭᠡᠨ ᠤ ᠥᠢᠯᠡᠰ ᠢ | ᠬᠠᠮᠲᠣ ᠪᠠᠷ ᠴᠢᠬᠤᠯᠠᠴᠢᠯᠠᠬᠤ ᠶᠢ ᠪᠠᠷᠢᠮᠲᠠᠯᠠᠵᠣ᠂ ᠣᠯᠠᠮᠵᠢᠯᠠᠯᠲᠣ ᠥᠢᠯᠡᠴᠢᠯᠡᠭᠡᠨ ᠤ ᠥᠢᠯᠡᠰ ᠢ ᠵᠠᠰᠠᠨ | ᠳᠡᠭᠡᠭᠰᠢᠯᠡᠭᠦᠯᠵᠥ᠂ ᠬᠤᠪᠢ ᠶᠢᠨ ᠡᠵᠡᠩᠨᠡᠯᠲᠡ ᠶᠢᠨ ᠠᠵᠣ ᠠᠬᠤᠢ ᠶᠢᠨ ᠬᠥᠭᠵᠢᠯᠲᠡ ᠶᠢ ᠲᠥᠷᠭᠡᠳᠭᠡᠵᠥ᠂ ᠬᠤᠪᠢ | ᠶᠢᠨ ᠡᠵᠡᠩᠨᠡᠯᠲᠡ ᠶᠢᠨ ᠠᠵᠣ ᠠᠬᠤᠢ ᠶᠢᠨ ᠬᠥᠷᠢᠶ᠎ᠡ ᠬᠡᠪᠴᠢᠶ᠎ᠡ ᠶᠢ 7000 ᠡᠷᠥᠬᠡ ᠠᠴᠠ ᠳᠡᠭᠡᠭᠰᠢ ᠪᠤᠯᠭᠠᠨ᠎ᠠ᠃ | ᠠᠷᠠᠯᠵᠢᠶᠠᠴᠢᠨ ᠣᠷᠢᠵᠣ ᠪᠡᠯᠡ ᠣᠷᠣᠭᠤᠯᠬᠤ ᠶᠢ ᠬᠥᠴᠥᠨ ᠢᠶᠠᠨ ᠲᠥᠪᠯᠡᠷᠡᠭᠦᠯᠥᠨ ᠰᠠᠶᠢᠲᠣᠷ ᠬᠢᠨ᠎ᠠ᠃ | ᠣᠷᠣᠨ᠂ ᠠᠶᠢᠮᠠᠭ ᠤᠨ ᠰᠢᠨ᠎ᠡ ᠠᠵᠣ ᠦᠢᠯᠡᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠲᠡᠮᠡᠴᠡᠨ ᠣᠯᠵᠣ᠂ ᠨᠡᠭᠦᠷᠡᠰᠥᠨ ᠤ ᠡᠬᠢ ᠪᠠᠶᠠᠯᠢᠭ ᠤᠨ ᠲᠣᠬᠢᠷᠠᠭᠤᠯᠣᠯᠲᠠ ᠶᠢ ᠰᠠᠶᠢᠲᠣᠷ ᠨᠠᠶᠢᠳᠠᠪᠣᠷᠢᠵᠢᠭᠤᠯᠵᠣ᠂ | ᠲᠥᠷᠥᠯ ᠵᠥᠢᠯ ᠤᠨ ᠰᠠᠭᠤᠷᠢᠰᠢᠬᠤ ᠪᠠ ᠪᠥᠲᠥᠭᠡᠨ ᠪᠠᠶᠢᠭᠤᠯᠣᠯᠲᠠ ᠶᠢ ᠲᠥᠷᠭᠡᠳᠭᠡᠨ ᠠᠬᠢᠭᠤᠯᠣᠨ᠎ᠠ᠃ ᠵᠠᠰᠠᠭ | ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠥᠷᠭᠦᠯᠵᠢᠯᠡᠨ ᠠᠬᠢᠭᠤᠯᠵᠣ᠂ ᠶᠠᠪᠣᠳᠠᠯ | ᠡᠷᠬᠢᠯᠡᠬᠦ ᠶᠠᠪᠣᠴᠠ ᠶᠢ ᠣᠯᠠᠮ ᠨᠢᠭᠡ ᠠᠯᠬᠤᠮ ᠰᠢᠯᠢᠳᠡᠭᠵᠢᠭᠦᠯᠵᠥ᠂ ᠥᠢᠯᠡᠴᠢᠯᠡᠭᠡᠨ ᠤ ᠶᠠᠰᠣ ᠴᠢᠨᠠᠷ ᠪᠠ ᠥᠷ᠎ᠡ | ᠠᠰᠢᠭ ᠢ ᠳᠡᠭᠡᠭᠰᠢᠯᠡᠭᠦᠯᠥᠨ᠎ᠡ᠃ ᠰᠢᠨ᠎ᠡ ᠬᠥᠭᠵᠢᠯᠲᠡ ᠶᠢᠨ ᠲᠣᠬᠢᠶᠠᠯ ᠢ ᠴᠢᠩᠭ᠎ᠠ ᠠᠳᠬᠤᠵᠣ᠂ ᠨᠢᠭᠡ ᠪᠥᠯᠥᠭ | ᠣᠯᠣᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠣᠯᠣᠰ ᠤᠨ ᠬᠤᠷᠸ᠎ᠠ ᠲᠣᠬᠢᠷᠠᠭᠤᠯᠣᠯᠲᠠ ᠶᠢᠨ ᠴᠢᠭᠯᠡᠯ ᠲᠠᠢ | ᠨᠡᠶᠢᠴᠡᠵᠥ᠂ ᠪᠥᠬᠦ ᠬᠤᠰᠢᠭᠤᠨ ᠤ ᠣᠷᠲᠣ ᠬᠤᠭᠤᠴᠠᠭᠠᠨ ᠤ ᠬᠥᠭᠵᠢᠯᠲᠡ ᠲᠠᠢ ᠬᠤᠯᠪᠣᠭᠳᠠᠭᠰᠠᠨ ᠲᠣᠮᠣ ᠲᠥᠷᠥᠯ | ᠵᠥᠢᠯ᠂ ᠰᠠᠶᠢᠨ ᠲᠥᠷᠥᠯ ᠵᠥᠢᠯ ᠢ ᠢᠳᠡᠪᠬᠢᠲᠡᠢ ᠰᠥᠪᠡᠭᠴᠢᠯᠡᠵᠥ᠂ ᠲᠥᠷᠥᠯ ᠵᠥᠢᠯ ᠤᠨ ᠬᠥᠮᠥᠷᠭᠡ ᠶᠢ ᠲᠠᠰᠣᠷᠠᠯᠲᠠ | ᠥᠭᠡᠢ ᠰᠢᠨᠡᠳᠭᠡᠨ᠂ ᠭᠤᠣᠯᠳᠠᠯᠭ᠎ᠠ ᠲᠠᠢ ᠲᠥᠷᠥᠯ ᠵᠥᠢᠯ ᠤᠨ ᠪᠥᠲᠥᠭᠡᠨ ᠪᠠᠶᠢᠭᠤᠯᠣᠯᠲᠠ ᠶᠢᠨ ︽ᠳᠥᠷᠪᠡᠨ ᠨᠢᠭᠡ︾ | ᠶᠢᠨ ᠣᠷᠲᠣ ᠬᠤᠭᠤᠴᠠᠭᠠᠲᠣ ᠪᠥᠲᠥᠮᠵᠢᠲᠥ ᠲᠣᠭᠲᠠᠴᠠ ᠶᠢ ᠲᠡᠭᠦᠯᠳᠡᠷᠵᠢᠭᠦᠯᠵᠥ᠂ ᠠᠷᠭ᠎ᠠ ᠪᠥᠬᠦᠨ ᠢ ᠰᠥᠪᠡᠭᠴᠢᠯᠡᠨ | ᠮᠠᠨ ᠤ ᠬᠤᠰᠢᠭᠤᠨ ᠤ ᠨᠡᠩ ᠣᠯᠠᠨ ᠲᠦᠷᠦᠯ ᠵᠦᠢᠯ ᠤᠨ ᠣᠯᠣᠰ᠂ ᠥᠪᠡᠷᠲᠡᠭᠡᠨ ᠵᠠᠰᠠᠬᠤ ᠣᠷᠣᠨ ᠲᠦᠯᠦᠪᠯᠡᠭᠡ | ᠶᠢᠨ ᠬᠡᠪᠴᠢᠶᠡᠨ ᠳᠤ ᠣᠷᠣᠭᠤᠯᠣᠨ᠎ᠠ᠃ ᠳᠠᠯᠠᠢ ᠳᠠᠭᠠᠣ ᠣᠷᠣᠨ ᠤ ᠬᠥᠭᠵᠢᠭᠰᠡᠨ ᠭᠠᠵᠠᠷ ᠣᠷᠣᠨ ᠤ ᠠᠵᠣ ᠥᠢᠯᠡᠰ | ᠤᠨ ᠣᠮᠠᠷᠠᠰᠢ ᠭᠠᠷᠴᠣ ᠪᠠᠷᠠᠭᠤᠨᠰᠢ ᠰᠢᠯᠵᠢᠬᠦ ᠠᠰᠢᠭᠲᠠᠢ ᠲᠣᠬᠢᠶᠠᠯ ᠢ ᠠᠳᠬᠤᠵᠣ᠂ ᠺᠠᠳ᠋ᠷ ᠢ ᠲᠣᠮᠢᠯᠠᠨ ᠣᠷᠳᠣᠰ | ᠬᠤᠲᠠ ᠶᠢᠨ ᠭᠠᠳᠠᠨ᠎ᠠ ᠰᠠᠭᠤᠷᠢᠰᠢᠵᠣ ᠠᠷᠠᠯᠵᠢᠶᠠᠴᠢᠨ ᠣᠷᠢᠬᠤ ᠪᠦᠯᠬᠦᠮ ᠢ ᠲᠠᠭᠠᠵᠦ᠂ ᠬᠦᠬᠡ ᠮᠦᠷᠡᠨ ᠤ | ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ ᠬᠦᠴᠦᠨ ᠢ | ᠵᠢᠭᠡᠯᠡᠨ ᠠᠷᠠᠯᠵᠢᠶᠠᠴᠢᠨ ᠣᠷᠢᠨ᠎ᠠ᠃ ᠬᠠᠨᠳᠣᠯᠭᠠᠲᠣ ᠴᠢᠨᠠᠷ ᠲᠠᠢ ᠪᠠᠷ 3 — 5 ᠬᠥᠨᠳᠥ ᠶᠡᠭᠡ ᠲᠥᠷᠥᠯ ᠵᠥᠢᠯ ᠢ | ᠲᠣᠭᠲᠠᠭᠠᠵᠣ᠂ ᠭᠤᠣᠯᠳᠠᠯᠭ᠎ᠠ ᠲᠠᠢ ᠪᠠᠷ ᠠᠷᠠᠯᠵᠢᠶᠠᠴᠢᠨ ᠣᠷᠢᠵᠣ᠂ ᠬᠦᠷᠢᠶ᠎ᠡ ᠬᠡᠪᠴᠢᠶ᠎ᠡ ᠶᠡᠭᠡ᠂ ᠳᠠᠶᠢᠴᠢᠯᠠᠬᠤ | ᠬᠦᠴᠦᠨ ᠴᠢᠩᠭ᠎ᠠ ᠳᠤᠮᠤ ᠲᠦᠷᠦᠯ ᠵᠦᠢᠯ ᠢ ᠣᠷᠢᠬᠤ ᠶᠢ ᠲᠡᠮᠡᠴᠡᠨ ᠤᠯᠤᠨ᠎ᠠ᠃ | ︵ᠬᠤᠶᠠᠷ︶ ᠭᠤᠶᠢᠪᠠᠰᠢ ᠦᠬᠡᠢ ᠪᠠᠷ ᠣᠳᠣᠬᠢᠴᠢᠯᠠᠭᠰᠡᠨ ᠲᠠᠷᠢᠶᠠᠯᠠᠩ ᠮᠠᠯ ᠠᠵᠣ ᠠᠬᠤᠢ ᠶᠢ ᠬᠦᠭᠵᠢᠬᠦᠯᠵᠤ᠂ | ᠲᠠᠷᠢᠶᠠᠯᠠᠩ ᠶᠢ ᠬᠦᠴᠦᠷᠬᠡᠭᠵᠢᠬᠦᠯᠵᠤ ᠠᠷᠠᠳ ᠢᠶᠠᠨ ᠪᠠᠶᠠᠵᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠣᠯᠣᠨ᠎ᠠ | ᠣᠳᠣᠬᠢᠴᠢᠯᠠᠭᠰᠡᠨ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠬᠤ ᠪᠠᠷ ᠴᠢᠭᠯᠡᠯ ᠢᠶᠠᠨ ᠪᠤᠯᠭᠠᠵᠤ᠂ | ᠣᠰᠣᠨ ᠠᠰᠢᠭᠯᠠᠯᠲᠠ ᠪᠠᠷ ᠭᠤᠤᠯᠳᠠᠯᠭ᠎ᠠ ᠪᠣᠯᠭᠠᠭᠰᠠᠨ ᠲᠠᠷᠢᠶᠠᠯᠠᠩ ᠤᠨ ᠥᠨᠳᠥᠰᠥᠨ ᠪᠥᠲᠥᠭᠡᠨ ᠪᠠᠶᠢᠭᠤᠯᠣᠯᠲᠠ ᠶᠢ | ᠴᠢᠩᠭᠠᠳᠬᠠᠵᠣ᠂ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠲᠡ ᠶᠢᠨ ᠬᠤᠪᠢᠷᠠᠯᠳᠠ ᠶᠢ ᠲᠦᠷᠭᠡᠳᠬᠡᠵᠦ᠂ | ᠲᠠᠷᠢᠶᠠᠯᠠᠩ ᠮᠠᠯ ᠠᠵᠣ ᠠᠬᠤᠢ ᠶᠢᠨ ᠪᠥᠲᠥᠴᠡ ᠶᠢ ᠰᠢᠯᠢᠳᠡᠭᠵᠢᠭᠦᠯᠵᠥ᠂ ᠲᠠᠷᠢᠶᠠᠯᠠᠩ ᠮᠠᠯ ᠠᠵᠣ ᠠᠬᠤᠢ ᠶᠢᠨ | ᠶᠡᠷᠥᠩᠬᠡᠶᠢᠯᠡᠭᠰᠡᠨ ᠥᠢᠯᠡᠳᠪᠥᠷᠢᠯᠡᠯ ᠪᠠ ᠲᠥᠭᠰᠢᠭᠦᠷᠢ ᠶᠢ ᠡᠰᠡᠷᠭᠦᠴᠡᠬᠦ ᠴᠢᠳᠠᠪᠣᠷᠢ ᠶᠢ ᠴᠢᠩᠭᠠᠳᠬᠠᠨ᠎ᠠ᠃ | ᠣᠰᠣ ᠠᠷᠪᠢᠯᠠᠬᠤ ᠥᠨᠳᠥᠷ ᠠᠰᠢᠭᠲᠣ ᠲᠠᠷᠢᠶᠠᠯᠠᠩ ᠢ ᠪᠥᠲᠥᠭᠡᠨ ᠪᠠᠶᠢᠭᠤᠯᠣᠨ᠎ᠠ᠃ ᠲᠣᠬᠠᠢ ᠶᠢᠨ ᠭᠠᠵᠠᠷ ᠤᠨ | ᠪᠠᠶᠢᠳᠠᠯ ᠳᠤ ᠵᠣᠬᠢᠴᠠᠭᠤᠯᠬᠤ᠂ ᠲᠥᠯᠥᠪᠵᠢᠭᠦᠯᠭᠡ ᠲᠡᠷᠢᠭᠦᠴᠢᠯᠡᠬᠦ᠂ ᠵᠣᠬᠢᠰᠲᠠᠢ ᠪᠠᠶᠢᠷᠢᠰᠢᠭᠤᠯᠬᠤ᠂ ᠪᠡᠯᠡ ᠮᠥᠩᠭᠦ ᠶᠢ | ᠨᠢᠭᠡᠳᠬᠡᠬᠦ᠂ ᠬᠡᠰᠡᠭᠴᠢᠯᠡᠨ ᠪᠥᠲᠥᠭᠡᠨ ᠪᠠᠶᠢᠭᠤᠯᠬᠤ ᠶᠢ ᠪᠠᠷᠢᠮᠳᠠᠯᠠᠨ᠂ ᠣᠰᠣ ᠠᠷᠪᠢᠯᠠᠬᠤ ᠣᠰᠣᠯᠠᠯᠲᠠ ᠶᠢᠨ | ᠢᠨᠵᠧᠨᠧᠷᠢᠩ ᠢ ᠭᠤᠣᠯᠳᠠᠯᠭ᠎ᠠ ᠲᠠᠢ ᠲᠡᠮᠡᠴᠡᠨ ᠣᠯᠬᠤ ᠮᠦᠷᠲᠡᠭᠡᠨ ᠬᠡᠷᠡᠭᠵᠢᠭᠦᠯᠥᠨ᠎ᠡ᠃ 1.2 ᠳ᠋ᠥᠩᠰᠢᠭᠤᠷ | ᠲᠥᠭᠦᠷᠢᠭ ᠤᠨ ᠪᠡᠯᠡ ᠣᠷᠣᠭᠤᠯᠵᠣ᠂ ᠥᠨᠳᠥᠷ ᠪᠠᠷᠢᠮᠵᠢᠶᠠᠲᠣ ᠬᠠᠭᠤᠷᠠᠢ ᠥᠨᠳᠥᠰᠥᠨ ᠲᠠᠷᠢᠶ᠎ᠠ ᠶᠢ 1.28 ᠲᠥᠮᠡᠨ | ᠮᠥ᠂ ᠥᠨᠳᠥᠷ ᠪᠠᠷᠢᠮᠵᠢᠶᠠᠲᠣ ᠲᠠᠷᠢᠶᠠᠯᠠᠩ ᠤᠨ ᠵᠢᠱᠢᠶ᠎ᠠ ᠥᠵᠡᠭᠦᠯᠬᠦ ᠰᠠᠭᠤᠷᠢᠨ ᠢ 1 ᠲᠥᠮᠡᠨ ᠮᠥ᠂ ᠬᠠᠭᠤᠷᠠᠢ | ᠲᠠᠷᠢᠶᠠᠯᠠᠩ ᠤᠨ ᠵᠢᠱᠢᠶ᠎ᠡ ᠦᠵᠡᠬᠦᠯᠬᠦ ᠰᠠᠭᠤᠷᠢᠨ ᠢ 1 ᠲᠦᠮᠡᠨ ᠮᠤ᠋᠂ ᠥᠨᠳᠥᠰᠥᠨ ᠬᠦᠨᠡᠰᠦᠨ ᠠᠮᠣ ᠶᠢᠨ ᠲᠠᠷᠢᠶ᠎ᠠ | 1.5 ᠲᠥᠮᠡᠨ ᠮᠥ᠂ ᠥᠨᠳᠥᠷ ᠤᠨᠠᠯᠲᠠ ᠶᠢ ᠡᠭᠦᠳᠥᠨ ᠪᠠᠶᠢᠭᠤᠯᠬᠤ ᠵᠢᠱᠢᠶ᠎ᠡ ᠥᠵᠡᠭᠦᠯᠬᠦ ᠢᠨᠵᠧᠨᠧᠷᠢᠩ ᠶᠢ 15 | ᠲᠥᠮᠡᠨ ᠮᠥ ᠪᠥᠲᠥᠭᠡᠨ ᠪᠠᠶᠢᠭᠤᠯᠵᠣ᠂ ᠥᠨᠳᠥᠰᠥᠨ ᠲᠠᠷᠢᠶᠠᠨ ᠭᠠᠵᠠᠷ ᠢ 7.5 ᠲᠥᠮᠡᠨ ᠮᠥ᠂ ᠲᠠᠷᠢᠶᠠᠨ ᠭᠠᠵᠠᠷ | ᠤᠨ ᠬᠤᠭᠤᠷᠤᠨᠳᠤᠬᠢ ᠣᠰᠣ ᠠᠷᠪᠢᠯᠠᠬᠤ ᠢᠨᠵᠧᠨᠧᠷᠢᠩ ᠢ 2.4 ᠲᠥᠮᠡᠨ ᠮᠥ ᠲᠡᠭᠰᠢᠯᠡᠨ᠎ᠡ᠃ ᠳᠤᠮᠲᠠ ᠬᠤᠶᠢᠳᠣ | ᠬᠡᠰᠡᠭ ᠤᠨ ᠭᠠᠵᠠᠷ ᠣᠷᠣᠨ ᠤ ᠮᠦᠨᠳᠦᠷ ᠢ ᠰᠡᠷᠭᠡᠶᠢᠯᠡᠬᠦ ᠰᠠᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ | ᠲᠠᠷᠢᠶᠠᠯᠠᠩ ᠤᠨ ᠭᠠᠮᠰᠢᠭ ᠢ ᠡᠰᠡᠷᠭᠦᠴᠡᠨ ᠭᠠᠮᠰᠢᠭ ᠠᠴᠠ ᠵᠠᠶᠢᠯᠠᠬᠤ ᠴᠢᠳᠠᠪᠦᠷᠢ ᠶᠢ ᠳᠠᠰᠤᠷᠠᠯᠲᠠ ᠦᠬᠡᠢ | ᠴᠢᠩᠭᠠᠳᠬᠠᠨ᠎ᠠ᠃ ᠶᠡᠷᠦᠩᠬᠡᠢ ᠪᠡᠯᠡ ᠣᠷᠣᠭᠤᠯᠣᠯᠳᠠ ᠨᠢ 2.4 ᠳ᠋ᠥᠩᠰᠢᠭᠤᠷ ᠲᠥᠭᠦᠷᠢᠭ᠂ ᠪᠥᠲᠥᠭᠡᠨ | ᠪᠠᠶᠢᠭᠤᠯᠣᠯᠲᠠ ᠶᠢᠨ ᠬᠡᠪᠴᠢᠶ᠎ᠡ ᠨᠢ 23 ᠲᠥᠮᠡᠨ ᠮᠥ ᠶᠢᠨ ᠣᠯᠣᠰ ᠤᠨ ︽ᠣᠰᠣ ᠠᠷᠪᠢᠯᠠᠨ ᠠᠮᠣ ᠪᠣᠳᠠᠭᠠᠨ ᠤ | ᠣᠨᠠᠯᠲᠠ ᠶᠢ ᠨᠡᠮᠡᠭᠳᠡᠭᠦᠯᠬᠦ ᠠᠵᠢᠯᠯᠠᠭᠠᠨ︾ ᠤ ᠲᠥᠷᠥᠯ ᠵᠥᠢᠯ ᠢ ᠢᠳᠡᠪᠬᠢᠲᠡᠢ ᠲᠡᠮᠡᠴᠡᠨ ᠣᠯᠣᠨ᠎ᠠ᠃ ᠪᠥᠬᠦ | ᠬᠤᠰᠢᠭᠤᠨ ᠤ ᠠᠮᠣ ᠪᠣᠳᠠᠭᠠᠨ ᠤ ᠣᠨᠠᠯᠲᠠ ᠶᠢᠨ ᠬᠡᠮᠵᠢᠶ᠎ᠡ ᠶᠢ 10 ᠳ᠋ᠥᠩᠰᠢᠭᠤᠷ ᠵᠢᠩ ᠠᠴᠠ ᠳᠡᠭᠡᠭᠰᠢᠬᠢ | ᠬᠡᠮᠵᠢᠶᠡᠨ ᠳᠤ ᠪᠠᠶᠢᠯᠭᠠᠨ᠎ᠠ᠃ ᠬᠦᠴᠦᠯᠡᠴᠡ ᠪᠠᠨ ᠨᠡᠮᠡᠭᠳᠡᠭᠦᠯᠵᠤ᠂ ︽ᠬᠦᠷᠢᠶᠡᠨ ᠠᠵᠤ ᠠᠬᠤᠢ︾ ᠶᠢ ᠳᠡᠮᠵᠢᠨ | ᠬᠦᠭᠵᠢᠬᠦᠯᠵᠤ᠂ ᠢᠳᠡᠰᠢᠨ ᠨᠤᠭᠤᠭᠠᠨ ᠤ ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ | ᠪᠦᠳᠦᠭᠡᠨ ᠪᠠᠶᠢᠭᠤᠯᠬᠤ ᠮᠠᠶ᠋ᠢᠭ ᠤᠨ ᠮᠠᠯ ᠠᠵᠣ ᠠᠬᠤᠢ ᠶᠢ ᠬᠥᠭᠵᠢᠭᠦᠯᠥᠨ᠎ᠡ᠃ ᠮᠠᠯ ᠠᠵᠣ ᠠᠬᠤᠢ ᠶᠢᠨ | ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠵᠣ᠂ ᠪᠦᠳᠦᠭᠡᠨ ᠪᠠᠶᠢᠭᠤᠯᠬᠤ ᠮᠠᠶ᠋ᠢᠭ ᠤᠨ ᠮᠠᠯ ᠠᠵᠣ ᠠᠬᠤᠢ ᠶᠢᠨ ᠵᠠᠮ | ᠢᠶᠠᠷ ᠵᠠᠮᠨᠠᠨ᠎ᠠ᠃ 1450 ᠲᠥᠮᠡᠨ ᠲᠥᠭᠦᠷᠢᠭ ᠤᠨ ᠪᠡᠯᠡ ᠣᠷᠣᠭᠤᠯᠵᠣ᠂ ᠮᠠᠯ ᠠᠵᠣ ᠠᠬᠤᠢ ᠶᠢᠨ ᠡᠭᠦᠯᠳᠡᠷ ᠢ | ᠰᠠᠶᠢᠵᠢᠷᠠᠭᠤᠯᠬᠤ ᠨᠥᠬᠦᠪᠥᠷᠢ᠂ ᠰᠦᠷᠡᠯ ᠢᠶᠠᠷ ᠮᠠᠯ ᠣᠨᠤᠭ᠎ᠠ ᠲᠡᠵᠢᠭᠡᠨ᠂ ᠵᠢᠱᠢᠶ᠎ᠡ ᠥᠵᠡᠭᠦᠯᠬᠦ᠂ ᠲᠠᠷᠢᠶᠠᠯᠠᠬᠤ ᠶᠢ | ᠵᠣᠭᠰᠠᠭᠠᠵᠣ ᠣᠶᠢᠵᠢᠭᠤᠯᠬᠤ ᠥᠷ᠎ᠡ ᠪᠥᠲᠥᠭᠡᠯ ᠤᠨ ᠳᠠᠭᠠᠯᠲᠠ ᠠᠵᠣ ᠥᠢᠯᠡᠰ᠂ ᠰᠠᠶᠢᠨ ᠡᠭᠦᠯᠳᠡᠷ ᠢ ᠥᠷᠡᠵᠢᠭᠦᠯᠬᠦ | ᠬᠢᠭᠡᠳ ᠳᠠᠪᠠᠭᠤᠯᠢᠭ ᠣᠨᠴᠠᠯᠢᠭᠲᠣ ᠵᠢᠱᠢᠶ᠎ᠡ ᠥᠵᠡᠭᠦᠯᠬᠦ ᠵᠡᠷᠭᠡ ᠲᠥᠷᠥᠯ ᠵᠥᠢᠯ ᠢ ᠬᠡᠷᠡᠭᠵᠢᠭᠦᠯᠵᠥ᠂ ᠬᠠᠰᠢᠶ᠎ᠠ | ᠰᠠᠷᠠᠪᠴᠢ 300 ᠰᠠᠭᠤᠷᠢ ᠪᠠᠶᠢᠭᠤᠯᠵᠤ᠂ ᠰᠢᠯᠢᠳᠡᠭ ᠡᠭᠦᠯᠲᠡᠷ ᠤᠨ ᠦᠷ᠎ᠡ ᠶᠢᠨ ᠬᠤᠨᠢ 7895 ᠲᠣᠯᠣᠭᠠᠢ ᠪᠠ | ᠠᠯᠠᠰᠢᠨ ᠦᠬᠡᠷ ᠤᠨ ᠡᠬᠡ ᠮᠠᠯ 5.86 ᠲᠦᠮᠡᠨ ᠲᠣᠯᠣᠭᠠᠢ ᠳᠤ ᠨᠦᠬᠦᠪᠦᠷᠢ ᠦᠭᠴᠦ᠂ ᠪᠣᠳᠠ ᠮᠠᠯ᠂ ᠰᠢᠯᠢᠳᠡᠭ | ᠡᠭᠦᠯᠲᠡᠷ ᠤᠨ ᠮᠠᠯ ᠤᠨ ᠬᠠᠷᠢᠴᠠᠯ ᠢ ᠲᠡᠭᠡᠭᠰᠢᠯᠡᠭᠦᠯᠵᠦ᠂ ᠮᠠᠯ ᠣᠨᠣᠭᠠᠨ ᠤ ᠶᠠᠰᠣ ᠴᠢᠨᠠᠷ᠂ ᠦᠷ᠎ᠡ ᠠᠰᠢᠭ ᠤᠨ | ᠨᠡᠮᠡᠭᠳᠡᠯ ᠢ ᠲᠡᠭᠡᠭᠰᠢᠯᠡᠭᠦᠯᠦᠨ᠎ᠡ᠃ ᠪᠦᠬᠦ ᠬᠤᠰᠢᠭᠤᠨ ᠤ ᠭᠡᠷ ᠤᠨ ᠲᠡᠵᠢᠭᠡᠪᠦᠷᠢ ᠶᠢᠨ ᠶᠡᠷᠦᠩᠬᠡᠢ ᠲᠤᠭ᠎ᠠ ᠶᠢ 200 | ᠲᠦᠮᠡᠨ ᠲᠣᠯᠣᠭᠠᠢ ᠣᠷᠴᠢᠮ ᠳᠤ ᠲᠣᠭᠳᠠᠭᠤᠨ ᠪᠠᠶᠢᠯᠭᠠᠨ᠎ᠠ᠃ ᠣᠰᠣᠯᠠᠯᠳᠠ ᠶᠢᠨ ᠴᠠᠷᠭᠠᠰᠣ ᠶᠢ ᠲᠠᠷᠢᠬᠤ ᠶᠢ | ᠶᠡᠬᠡᠪᠡᠷ ᠲᠡᠯᠭᠡᠷᠡᠭᠦᠯᠵᠦ᠂ ᠰᠤᠮᠤ ᠪᠠᠯᠭᠠᠰᠤ ᠪᠦᠷᠢ ᠳᠤ 2 ᠭᠠᠴᠠᠭ᠎ᠠ ᠶᠢ ᠳᠤᠭᠳᠠᠭᠠᠨ ᠴᠠᠷᠭᠠᠰᠤ ᠲᠠᠷᠢᠬᠤ ᠵᠢᠱᠢᠶ᠎ᠡ | ᠦᠵᠡᠭᠦᠯᠬᠦ ᠰᠠᠭᠤᠷᠢᠨ ᠢ ᠪᠠᠶᠢᠭᠤᠯᠵᠤ᠂ ᠭᠠᠴᠠᠭ᠎ᠠ ᠪᠦᠷᠢ ᠳᠤ ᠲᠠᠷᠢᠯᠭ᠎ᠠ ᠶᠢᠨ ᠵᠢᠱᠢᠶ᠎ᠡ ᠦᠵᠡᠬᠦᠯᠬᠦ ᠡᠷᠦᠬᠡ ᠶᠢ 10 | ᠬᠦᠭᠵᠢᠬᠦᠯᠵᠤ᠂ ᠵᠢᠱᠢᠶ᠎ᠡ ᠦᠵᠡᠬᠦᠯᠬᠦ ᠰᠠᠭᠤᠷᠢᠨ ᠤ ᠲᠠᠯᠠᠪᠠᠢ ᠶᠢ 30 ᠲᠦᠮᠡᠨ ᠮᠤ᠋ ᠳᠤ ᠬᠦᠷᠭᠡᠨ᠎ᠡ᠃ ᠣᠳᠣ ᠶᠢᠨ | ᠪᠠᠶᠢᠭ᠎ᠠ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠤᠨ ᠣᠷᠣᠵᠦ ᠰᠠᠭᠤᠷᠢᠰᠢᠬᠤ ᠨᠣᠷᠮ᠎ᠠ ᠶᠢ | ᠲᠡᠭᠡᠭᠰᠢᠯᠡᠭᠦᠯᠵᠦ᠂ ᠵᠢᠱᠢᠶᠡᠴᠢᠯᠡᠨ ᠲᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠹᠷᠣᠽᠸᠧᠯ ᠡᠪᠡᠳᠴᠢᠨ | ᠤ ᠤᠭ ᠡᠬᠢ ᠶᠢ ᠳᠠᠰᠤᠯᠬᠤ ᠠᠵᠢᠯ ᠢ ᠪᠦᠬᠦ ᠬᠦᠴᠦᠨ ᠢᠶᠠᠷ ᠦᠷᠨᠢᠬᠦᠯᠵᠤ᠂ ᠮᠠᠯ ᠣᠨᠣᠭᠠᠨ ᠤ ᠱᠦᠯᠬᠦᠭᠡ | ᠡᠪᠡᠳᠴᠢᠨ᠂ ᠵᠢᠬᠦᠷᠲᠡᠨ ᠤ ᠬᠢᠮᠤᠷᠠᠭ᠎ᠠ ᠪᠠᠷ ᠭᠤᠤᠯ ᠪᠣᠯᠭᠠᠭᠰᠡᠨ ᠠᠮᠢᠳᠠᠨ ᠤ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠳᠣᠷ ᠬᠢᠵᠦ᠂ ᠬᠢᠵᠢᠭ ᠢ ᠰᠡᠷᠭᠡᠶᠢᠯᠡᠬᠦ ᠨᠢᠭᠲᠠᠴᠠ ᠶᠢ 100% ᠳᠤ ᠬᠦᠷᠭᠡᠨ᠎ᠡ᠃ | ᠲᠠᠷᠢᠶᠠᠯᠠᠩ ᠮᠠᠯ ᠠᠵᠣ ᠠᠬᠤᠢ ᠶᠢᠨ ᠠᠵᠦ ᠦᠢᠯᠡᠰᠴᠢᠯᠡᠯᠳᠡ ᠶᠢ ᠪᠠᠳᠣᠲᠠᠢ ᠠᠬᠢᠭᠤᠯᠣᠨ᠎ᠠ᠃ ᠣᠷᠭᠠᠨᠢᠭ᠂ | ᠪᠤᠬᠢᠷᠳᠤᠯ ᠦᠭᠡᠢ᠂ ᠠᠮᠢ ᠠᠬᠤᠢ᠂ ᠣᠨᠴᠠᠯᠢᠭᠳᠣ ᠲᠡᠮᠳᠡᠭ ᠢᠶᠠᠷ ᠭᠤᠣᠯ ᠪᠤᠯᠭᠠᠵᠤ᠂ ᠣᠷᠭᠠᠨᠢᠭ᠂ ᠪᠤᠬᠢᠷᠳᠤᠯ ᠦᠭᠡᠢ | ᠲᠦᠭᠦᠬᠡᠢ ᠮᠠᠲ᠋ᠧᠷᠢᠶᠠᠯ ᠤᠨ ᠰᠠᠭᠤᠷᠢᠨ ᠤ ᠪᠠᠶᠢᠭᠤᠯᠣᠯᠳᠠ ᠶᠢᠨ ᠬᠡᠪᠴᠢᠶ᠎ᠡ ᠶᠢ ᠦᠷᠭᠡᠳᠬᠡᠵᠦ᠂ ᠣᠷᠭᠠᠨᠢᠭ | ᠨᠠᠷᠠᠨᠬᠤᠸᠠᠷ ᠤᠨ ᠰᠠᠭᠤᠷᠢᠨ ᠢ 10 ᠲᠦᠮᠡᠨ ᠮᠣ᠋ ᠭᠡᠷᠡᠴᠢᠯᠡᠵᠦ᠂ ᠣᠷᠭᠠᠨᠢᠭ ᠣᠰᠣᠨ ᠲᠣᠳᠣᠷᠭ᠎ᠠ ᠶᠢᠨ ᠪᠠᠷᠢᠮᠵᠢᠶᠠᠳᠦ | ᠵᠢᠱᠢᠶ᠎ᠡ ᠦᠵᠡᠭᠦᠯᠬᠦ ᠰᠠᠭᠤᠷᠢᠨ ᠢ 1 ᠲᠦᠮᠡᠨ ᠮᠣ᠋᠂ ᠪᠠᠷᠢᠮᠵᠢᠶᠠᠳᠣ ᠣᠷᠭᠠᠨᠢᠭ ᠨᠣᠭᠤᠭᠠᠨ ᠪᠣᠷᠴᠠᠭ ᠤᠨ ᠵᠢᠱᠢᠶ᠎ᠡ | ᠦᠵᠡᠭᠦᠯᠬᠦ ᠰᠠᠭᠤᠷᠢᠨ ᠢ 1 ᠲᠦᠮᠡᠨ ᠮᠣ᠋ ᠪᠦᠳᠦᠭᠡᠨ ᠪᠠᠶᠢᠭᠤᠯᠵᠦ᠂ ᠪᠤᠬᠢᠷᠳᠤᠯ ᠦᠭᠡᠢ ᠢᠳᠡᠭᠡᠨ ᠤ ᠲᠦᠭᠦᠬᠡᠢ | ᠮᠠᠲ᠋ᠧᠷᠢᠶᠠᠯ ᠤᠨ ᠰᠠᠭᠤᠷᠢᠨ ᠢ 100 ᠲᠦᠮᠡᠨ ᠮᠣ᠋ ᠭᠤᠶᠣᠴᠢᠯᠠᠨ ᠮᠡᠳᠡᠭᠦᠯᠵᠦ᠂ 30 ᠲᠦᠮᠡᠨ ᠲᠣᠯᠣᠭᠠᠢ ᠣᠷᠭᠠᠨᠢᠭ | ᠠᠯᠠᠰᠢᠨ ᠬᠤᠨᠢ᠂ 5 ᠲᠦᠮᠡᠨ ᠲᠣᠯᠣᠭᠠᠢ ᠣᠷᠭᠠᠨᠢᠭ ᠠᠯᠠᠰᠢᠨ ᠦᠭᠡᠷ ᠶᠢ ᠭᠡᠷᠡᠴᠢᠯᠡᠬᠦ ᠠᠵᠢᠯ ᠢ ᠦᠷᠭᠦᠯᠵᠢᠯᠡᠨ | ᠠᠬᠢᠭᠤᠯᠣᠨ᠎ᠠ᠃ ᠲᠠᠷᠢᠶᠠᠯᠠᠩ ᠮᠠᠯ ᠠᠵᠦ ᠠᠬᠤᠢ ᠶᠢᠨ ᠦᠢᠯᠡᠳᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠬᠢᠨᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠲᠡᠭᠦᠯᠲᠡᠷᠵᠢᠭᠦᠯᠦᠨ᠎ᠡ᠃ ᠶᠡᠷᠦᠩᠬᠡᠢ ᠪᠡᠯᠡ | ᠤᠷᠤᠭᠤᠯᠤᠯᠲᠠ ᠨᠢ 10 ᠳ᠋ᠦᠩᠰᠢᠭᠤᠷ ᠲᠦᠭᠦᠷᠢᠭ ᠤᠨ ᠳ᠋ᠦᠩ ᠳ᠋ᠠ ᠮᠤᠩᠭᠤᠯ ᠸᠠᠩ ᠪᠦᠯᠦᠭᠯᠡᠯ ᠤᠨ ᠬᠠᠯᠢᠭᠤ | ᠳᠡᠵᠢᠬᠡᠨ ᠦᠷᠡᠵᠢᠬᠦᠯᠬᠦ ᠲᠦᠷᠦᠯ ᠵᠦᠢᠯ ᠢ ᠢᠳᠡᠪᠬᠢᠲᠡᠢ ᠳᠠᠳᠠᠨ ᠣᠷᠣᠭᠤᠯᠵᠣ᠂ ᠣᠨᠴᠠᠯᠢᠭᠳᠦ ᠲᠡᠵᠢᠬᠡᠨ | ᠦᠷᠡᠵᠢᠬᠦᠯᠬᠦ ᠦᠢᠯᠡᠰ ᠢ ᠬᠦᠭᠵᠢᠬᠦᠯᠦᠨ᠎ᠡ᠃ ᠣᠯᠣᠰ ᠤᠨ ᠲᠡᠰ ᠤᠨ ᠲᠣᠯᠣᠭᠠᠶᠢᠯᠠᠭᠴᠢ ᠠᠵᠦ ᠠᠬᠤᠶᠢᠯᠠᠯ ᠢ 1 | ᠡᠷᠦᠬᠡ᠂ ᠣᠷᠣᠨ ᠤ ᠲᠡᠰ ᠤᠨ ᠲᠣᠯᠣᠭᠠᠶᠢᠯᠠᠭᠴᠢ ᠠᠵᠦ ᠠᠬᠤᠶᠢᠯᠠᠯ ᠢ 2 ᠡᠷᠦᠬᠡ᠂ ᠠᠶᠢᠮᠠᠭ ᠤᠨ ᠲᠡᠰ ᠤᠨ | ᠲᠣᠯᠣᠭᠠᠶᠢᠯᠠᠭᠴᠢ ᠠᠵᠦ ᠠᠬᠤᠶᠢᠯᠠᠯ ᠢ 4 ᠡᠷᠦᠬᠡ ᠭᠤᠶᠣᠴᠢᠯᠠᠨ ᠮᠡᠳᠡᠭᠦᠯᠵᠦ᠂ ᠮᠠᠯᠴᠢᠨ ᠲᠠᠷᠢᠶᠠᠴᠢᠨ ᠡᠷᠦᠬᠡ ᠶᠢ 1 | ᠲᠦᠮᠡᠨ ᠡᠷᠦᠬᠡ᠂ 4.6 ᠲᠦᠮᠡᠨ ᠬᠦᠮᠦᠨ ᠶᠢ ᠲᠠᠶᠢᠴᠢᠯᠠᠵᠦ᠂ ᠬᠦᠮᠦᠨ ᠪᠦᠷᠢ ᠶᠢᠨ ᠲᠣᠮᠳᠠᠴᠢ ᠣᠷᠣᠯᠭ᠎ᠠ ᠶᠢ | 1000 ᠲᠦᠭᠦᠷᠢᠭ ᠠᠴᠠ ᠲᠡᠭᠡᠭᠰᠢ ᠨᠡᠮᠡᠭᠳᠡᠭᠦᠯᠦᠨ᠎ᠡ᠃ ︽ᠡᠯ ᠯᠦᠩ ᠲᠦᠨ ᠰᠢᠷᠢᠰ ᠠᠮᠣ ᠪᠣᠳᠠᠭ᠎ᠠ︾ ᠶᠢᠨ | ᠨᠡᠷᠡᠳᠦ ᠲᠡᠮᠲᠡᠭ ᠢ ᠡᠭᠦᠳᠦᠨ ᠪᠠᠶᠢᠭᠤᠯᠵᠦ᠂ 3 ᠵᠦᠢᠯ ᠤᠨ ᠲᠣᠰᠬᠠᠢ ᠠᠰᠢᠭ ᠤᠨ ᠪᠦᠳᠦᠭᠡᠭᠳᠡᠭᠦᠨ ᠢ ᠭᠤᠶᠣᠴᠢᠯᠠᠨ | ᠮᠡᠳᠡᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠣ ᠦᠢᠯᠡᠰᠴᠢᠯᠡᠯᠳᠡ ᠶᠢᠨ ᠪᠦᠳᠦᠭᠡᠭᠳᠡᠭᠦᠨ ᠢ 40 ᠲᠦᠷᠦᠯ | 100 ᠵᠦᠢᠯ ᠪᠣᠯᠭᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠬᠦᠯᠦᠨ᠎ᠡ᠃ ᠰᠢᠨᠵᠢᠯᠡᠭᠡ ᠮᠡᠷᠭᠡᠵᠢᠯ ᠤᠨ ᠶᠠᠰᠦ ᠴᠢᠨᠡᠷ᠂ ᠡᠵᠡᠩᠨᠡᠬᠦ ᠴᠢᠳᠠᠪᠦᠷᠢ ᠶᠢ ᠳᠡᠭᠡᠭᠰᠢᠯᠡᠬᠦᠯᠬᠦ ᠪᠠᠷ | ᠭᠤᠤᠯ ᠪᠤᠯᠭᠠᠵᠤ᠂ ᠬᠦᠳᠡᠭᠡ ᠲᠣᠰᠬᠤᠨ ᠮᠠᠯᠵᠢᠬᠤ ᠤᠷᠤᠨ ᠤ ᠬᠡᠷᠡᠭᠴᠡᠭᠡᠲᠤ ᠴᠢᠳᠠᠪᠣᠷᠢᠳᠠᠨ ᠤ ᠪᠤᠯᠪᠠᠰᠤᠷᠠᠭᠤᠯᠤᠯ ᠢ | ᠶᠡᠬᠡᠪᠡᠷ ᠦᠷᠨᠢᠬᠦᠯᠵᠤ᠂ ᠵᠢᠯ ᠤᠨ ᠳᠣᠳᠣᠷ᠎ᠠ ᠮᠠᠯᠴᠢᠨ ᠲᠠᠷᠢᠶᠠᠴᠢᠨ ᠢ 5 ᠲᠦᠮᠡᠨ ᠬᠦᠮᠦᠨ ︵ᠤᠳᠠᠭ᠎ᠠ︶ ᠠᠴᠠ | ᠳᠡᠭᠡᠭᠰᠢ ᠪᠤᠯᠪᠠᠰᠤᠷᠠᠭᠤᠯᠣᠨᠠ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠠᠬᠢᠴᠠ ᠶᠢ | ᠲᠦᠷᠭᠡᠳᠭᠡᠵᠤ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠨᠦᠬᠦᠪᠦᠷᠢ ᠳᠤ ᠲᠦᠰᠢᠭᠯᠡᠵᠤ᠂ ᠲᠠᠷᠢᠶᠠᠯᠠᠩ ᠤᠨ | ᠮᠠᠰᠢᠨ ᠢ ᠲᠡᠯᠬᠡᠷᠡᠭᠦᠯᠬᠦ ᠬᠦᠴᠦᠯᠡᠴᠡ ᠶᠢ ᠨᠡᠮᠡᠭᠳᠡᠬᠦᠯᠦᠨ᠂ ᠲᠠᠷᠢᠵᠤ ᠲᠡᠵᠢᠬᠡᠬᠦ ᠶᠡᠭᠡ ᠡᠷᠦᠬᠡ᠂ ᠲᠠᠷᠢᠶᠠᠯᠠᠩ ᠤᠨ | ᠮᠠᠰᠢᠨ ᠤ ᠶᠡᠭᠡ ᠡᠷᠦᠬᠡ ᠶᠢ ᠵᠤᠷᠢᠭᠵᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶᠠᠵᠢᠯ ᠢ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ᠂ ᠬᠡᠪᠴᠢᠶᠡᠵᠢᠯᠡᠯᠳᠡ ᠡᠵᠡᠩᠨᠡᠯᠲᠡ ᠶᠢ ᠠᠬᠢᠭᠤᠯᠤᠨ᠎ᠠ᠃ | ᠲᠠᠷᠢᠶᠠᠯᠠᠩ ᠤᠨ ᠮᠠᠰᠢᠨ ᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠪᠠ ᠠᠮᠣᠷ ᠲᠦᠪᠰᠢᠨ ᠤ ᠬᠢᠨᠠᠨ | ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠨ᠎ᠠ᠃ ᠰᠢᠨᠵᠢᠯᠡᠭᠡ ᠮᠡᠷᠭᠡᠵᠢᠯ ᠤᠨ ᠪᠣᠯᠪᠠᠰᠣᠷᠠᠭᠤᠯᠣᠯ ᠪᠡ | ᠰᠢᠨᠵᠢᠯᠡᠭᠡ ᠮᠡᠷᠭᠡᠵᠢᠯ ᠢ ᠲᠦᠭᠡᠮᠡᠯᠵᠢᠬᠦᠯᠬᠦ ᠤᠬᠠᠭᠤᠯᠭ᠎ᠠ ᠶᠢᠨ ᠠᠵᠢᠯᠯᠠᠭᠠᠨ ᠢ ᠦᠷᠬᠦᠯᠵᠢᠯᠡᠨ ᠦᠷᠨᠢᠬᠦᠯᠵᠤ᠂ | ᠰᠢᠨᠵᠢᠯᠡᠭᠡ ᠮᠡᠷᠭᠡᠵᠢᠯ ᠤᠨ ᠤᠨᠴᠠ ᠲᠤᠮᠢᠯᠠᠭᠴᠢ ᠶᠢ ᠰᠣᠩᠭᠤᠨ ᠲᠣᠮᠢᠯᠠᠵᠤ ᠦᠨᠳᠦᠰᠦᠨ ᠱᠠᠳᠣᠨ ᠳᠤ | ᠬᠦᠨᠵᠡᠭᠡᠶᠢᠷᠡᠬᠦᠯᠦᠨ ᠮᠡᠷᠭᠡᠵᠢᠯ ᠤᠨ ᠦᠢᠯᠡᠴᠢᠯᠡᠭᠡ ᠶᠢ ᠦᠷᠨᠢᠬᠦᠯᠵᠤ᠂ ᠰᠢᠨ᠎ᠡ ᠮᠡᠷᠭᠡᠵᠢᠯ ᠢ 15 ᠲᠦᠷᠦᠯ᠂ ᠰᠢᠨ᠎ᠡ | ᠡᠬᠦᠯᠲᠡᠷ ᠢ 70 ᠵᠦᠢᠯ ᠣᠷᠣᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ | ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠭᠦᠯᠦᠨ᠎ᠡ᠃ | |