ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠢᠳᠡ ᠰᠢᠨᠵᠢᠯᠡᠬᠦ ᠤᠬᠠᠭᠠᠨᠴᠢ | ᠬᠦᠭᠵᠢᠯᠲᠡ ᠶᠢᠨ ᠣᠶᠢᠯᠠᠭᠠᠭᠳᠠᠬᠤᠨ ᠢᠶᠠᠷ ᠨᠢᠭᠡᠳᠦᠯᠲᠡᠢ ᠲᠦᠯᠦᠪᠯᠡᠨ ᠨᠡᠶᠢᠲᠡ ᠳᠤ ᠨᠢ ᠬᠠᠷᠠᠭᠠᠯᠵᠠᠵᠤ᠂ ᠡᠶ᠎ᠡ | ᠵᠤᠬᠢᠴᠠᠩᠭᠤᠢ ᠶᠢ ᠠᠬᠢᠭᠤᠯᠤᠨ᠂ ︽ᠠᠷᠪᠠᠨ ᠬᠤᠶᠠᠳᠣᠭᠠᠷ ᠳᠠᠪᠤᠨ ᠵᠢᠯ︾ ᠤᠨ ᠲᠦᠯᠦᠪᠵᠢᠭᠦᠯᠭᠡ ᠶᠢᠨ ᠰᠠᠶᠢᠨ | ᠰᠠᠶᠢᠬᠠᠨ ᠡᠬᠢᠯᠡᠯᠲᠡ ᠶᠢ ᠪᠡᠶᠡᠯᠡᠬᠦᠯᠵᠡᠢ᠃ ᠡᠨᠡ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ | ᠤ ᠨᠠᠮ ᠤᠨ ᠬᠤᠷᠢᠶᠠᠨ ᠠᠴᠠ ᠪᠦᠬᠦ ᠲᠠᠯ᠎ᠠ ᠶᠢ ᠡᠵᠡᠮᠳᠡᠨ᠂ ᠵᠦᠪ ᠤᠨᠤᠪᠴᠢᠲᠠᠢ ᠤᠲᠥᠷᠢᠲᠥᠨᠨᠰᠠᠨ ᠤ ᠦᠷ᠎ᠡ ᠳ᠋ᠦᠩ | ᠪᠣᠯᠣᠨ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ | ᠵᠢᠴᠢ ᠨᠡᠶᠢᠭᠡᠮ ᠤᠨ ᠡᠯ᠎ᠡ ᠡᠳᠡᠭᠡᠳ ᠤᠨ ᠪᠦᠳᠦᠮᠵᠢᠲᠠᠢ ᠬᠢᠨᠠᠯᠳᠠ ᠲᠠᠯᠪᠢᠵᠥ᠂ ᠪᠦᠬᠦ ᠬᠦᠴᠦᠨ ᠢᠶᠠᠷ ᠲᠡᠮᠵᠢᠭᠰᠡᠨ | ᠦᠷ᠎ᠡ ᠳ᠋ᠦᠩ ᠪᠣᠯᠣᠨ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠡᠨ | ᠲᠡᠮᠡᠴᠡᠵᠦ ᠴᠢᠷᠮᠠᠶᠢᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠢ ᠲᠦᠯᠦᠭᠡᠯᠡᠵᠦ᠂ ᠡᠯ᠎ᠡ ᠠᠷᠠᠳ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ | ᠬᠤᠰᠢᠭᠤᠨ ᠳᠤ ᠰᠠᠭᠤᠭ᠎ᠠ ᠴᠡᠷᠢᠭ ᠠᠩᠬᠢ᠂ ᠰᠢᠷᠭᠠᠭᠤ ᠬᠠᠳᠠᠭᠤᠵᠢᠯᠳᠠᠢ ᠠᠵᠢᠯᠯᠠᠵᠦ ᠪᠠᠶᠢᠭ᠎ᠠ ᠡᠯ᠎ᠡ ᠠᠵᠢᠯ | ᠲᠦᠷᠦᠯ ᠤᠨ ᠺᠠᠳ᠋ᠷ ᠣᠯᠠᠨ᠂ ᠠᠯᠢᠪᠠ ᠲᠣᠮᠳᠠᠳᠣ ᠬᠤᠰᠢᠭᠤᠨ ᠤ ᠪᠦᠳᠦᠭᠡᠨ ᠪᠠᠶᠢᠭᠤᠯᠣᠯᠳᠠ ᠪᠠ ᠬᠦᠭᠵᠢᠯᠳᠡ ᠳᠤ | ᠣᠷᠣᠯᠴᠠᠨ ᠲᠡᠮᠵᠢᠵᠦ ᠬᠠᠯᠠᠮᠵᠢᠯᠠᠵᠦ ᠪᠠᠶᠢᠭ᠎ᠠ ᠡᠯ᠎ᠡ ᠡᠳᠡᠭᠡᠳ ᠤᠨ ᠨᠦᠬᠦᠳ ᠲᠤ ᠴᠢᠩ ᠰᠡᠳᠬᠢᠯ ᠤᠨ ᠲᠠᠯᠠᠷᠬᠠᠯ ᠪᠠ | ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠭᠦᠯᠦᠶ᠎ᠡ︕ | ᠬᠤᠶᠠᠷ᠂ 2012 ᠣᠨ ᠤ ᠠᠵᠢᠯ ᠤᠨ ᠲᠣᠬᠢᠷᠠᠭᠤᠯᠣᠯᠳᠠ | 2012 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ ᠴᠣᠭᠴᠠ | ᠶᠢᠨ ᠰᠡᠳᠬᠢᠴᠠ ᠪᠣᠯ᠄ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ︵ | ᠦᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ | ᠬᠦᠭᠵᠢᠯᠳᠡ ᠶᠢ ᠲᠦᠷᠭᠡᠳᠬᠡᠬᠦ ᠪᠠᠷ ᠲᠡᠷᠢᠭᠦᠨ ᠤ ᠴᠢᠬᠤᠯᠠ ᠶᠠᠪᠣᠳᠠᠯ ᠪᠤᠯᠭᠠᠨ᠂ ᠠᠷᠠᠳ ᠤᠨ ᠠᠮᠢᠳᠣᠷᠠᠯ ᠢ | ᠰᠠᠶᠢᠵᠢᠷᠠᠭᠤᠯᠬᠤ ᠪᠠᠷ ᠲᠡᠷᠢᠭᠦᠨ ᠤ ᠬᠠᠷᠠᠯᠳᠠ ᠪᠤᠯᠭᠠᠵᠤ᠂ ᠨᠡᠶᠢᠭᠡᠮ ᠤᠨ ᠳᠣᠭᠳᠠᠭᠤᠨ ᠢ ᠬᠠᠮᠠᠭᠠᠯᠠᠬᠤ ᠪᠠᠷ ᠲᠡᠷᠢᠭᠦᠨ | ᠤ ᠬᠠᠷᠢᠭᠤᠴᠠᠯᠭ᠎ᠠ ᠪᠤᠯᠭᠠᠨ᠂ ︽ᠲᠦᠷᠪᠡᠨ ᠶᠡᠭᠡ ᠬᠤᠪᠢᠷᠠᠯᠳᠠ ︾ ᠶᠢ ᠠᠬᠢᠭᠤᠯᠵᠤ᠂ ︽ᠲᠦᠷᠪᠡᠨ ᠶᠡᠭᠡ | ᠰᠠᠭᠤᠷᠢᠨ ᠭᠠᠵᠠᠷ︾ ᠢ ᠪᠦᠳᠦᠭᠡᠨ ᠪᠠᠶᠢᠭᠤᠯᠤᠨ᠂ ︽ᠭᠤᠷᠪᠠᠨ ᠠᠬᠢᠴᠠ ᠶᠢ ᠠᠬᠢᠭᠤᠯᠵᠦ᠂ ᠲᠠᠪᠣᠨ ᠰᠢᠪᠳᠣᠯᠣᠯᠳᠠ | ᠶᠢ ᠪᠡᠶᠡᠯᠡᠭᠦᠯᠬᠦ︾ ᠶᠢ ᠲᠦᠯᠬᠢᠨ ᠠᠬᠢᠭᠤᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠠᠬᠢᠭᠤᠯᠵᠦ᠂ ᠪᠦᠳᠦᠴᠡ | ᠶᠢ ᠲᠣᠬᠢᠷᠠᠭᠤᠯᠵᠦ᠂ ᠲᠣᠭᠳᠠᠭᠤᠨ ᠲᠣᠮᠳᠠ ᠲᠠᠪᠰᠢᠵᠦ᠂ ᠰᠠᠶᠢᠨ ᠲᠣᠮᠳᠠ ᠲᠦᠷᠭᠡᠳᠬᠡᠵᠦ᠂ ︽ᠠᠷᠠᠳ ᠢᠶᠠᠨ | ᠪᠠᠶᠠᠵᠢᠭᠤᠯᠣᠨ ᠬᠤᠰᠢᠭᠤ ᠪᠠᠨ ᠬᠦᠴᠦᠷᠬᠡᠭᠵᠢᠭᠦᠯᠬᠦ︾ ᠠᠬᠢᠴᠠ ᠶᠢ ᠪᠡᠶᠡᠯᠡᠭᠦᠯᠬᠦ ᠳᠤ ᠪᠠᠳᠣ ᠪᠠᠬᠢ ᠰᠠᠭᠤᠷᠢ ᠶᠢ | ᠲᠠᠯᠪᠢᠨ᠎ᠠ᠃ | ᠣᠷᠢᠳᠴᠢᠯᠠᠭᠰᠡᠨ ᠭᠤᠣᠯ ᠬᠠᠷᠠᠯᠳᠠ ᠪᠣᠯ᠄ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠥᠩᠬᠡᠢ ᠦᠷᠲᠡᠭ ᠢ 48 ᠳ᠋ᠦᠩᠰᠢᠭᠤᠷ ᠲᠦᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ | 25% ᠪᠠᠷ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠢ 9. | 5 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠭᠦᠯᠦᠨ᠎ᠡ᠃ | ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 77 ᠳ᠋ᠦᠩᠰᠢᠭᠤᠷ ᠲᠦᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ | ᠣᠷᠣᠯᠭ᠎ᠠ ᠶᠢ 3.06 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33% ᠪᠠᠷ | ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠲᠣᠮᠳᠠᠴᠢ ᠴᠡᠪᠡᠷ ᠣᠷᠣᠯᠭ᠎ᠠ ᠶᠢ 4700 | ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠭᠦᠯᠦᠨ᠎ᠡ᠃ ᠬᠤᠳᠠ | ᠪᠠᠯᠭᠠᠰᠣᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠣᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢ | 14050 ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠭᠦᠯᠦᠨ᠎ᠡ᠃ | ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 16.5 ᠳ᠋ᠦᠩᠰᠢᠭᠤᠷ | ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠦᠨ᠎ᠡ᠃ | ᠲᠡᠭᠡᠷᠡᠬᠢ ᠬᠠᠷᠠᠯᠳᠠ ᠶᠢ ᠪᠡᠶᠡᠯᠡᠭᠦᠯᠬᠦ ᠶᠢᠨ ᠲᠣᠰᠠᠳᠠ᠂ ᠬᠤᠰᠢᠭᠤᠨ ᠤ ᠵᠠᠰᠠᠭ ᠤᠨ ᠣᠷᠳᠣᠨ ᠲᠣᠣᠷᠠᠬᠢ | ᠲᠣᠯᠣᠭᠠᠨ ᠲᠠᠯ᠎ᠠ ᠶᠢᠨ ᠠᠵᠢᠯ ᠢ ᠰᠠᠶᠢᠳᠣᠷ ᠬᠢᠨ᠎ᠡ᠄ | ︵ᠨᠢᠭᠡ︶ ᠭᠤᠶᠢᠪᠠᠰᠢ ᠦᠭᠡᠢ ᠪᠠᠷ ᠶᠡᠭᠡ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠣᠬᠤ ᠪᠤᠳᠣᠯᠭ᠎ᠠ ᠪᠠᠷ | ᠵᠠᠮᠨᠠᠵᠤ᠂ ᠪᠡᠯᠡ ᠣᠷᠣᠭᠤᠯᠣᠯᠳᠠ ᠪᠠᠷ ᠳᠠᠳᠠᠬᠤ ᠳᠡᠭᠡᠷ᠎ᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ | ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠡᠯᠳᠡ ᠪᠠᠷ ᠬᠦᠭᠵᠢᠯᠳᠡ ᠶᠢᠨ ᠬᠠᠷᠠᠯᠲᠠ ᠪᠤᠯᠭᠠᠨ᠂ ᠦᠪᠡᠷᠲᠡᠭᠡᠨ | ᠵᠠᠰᠠᠬᠤ ᠣᠷᠣᠨ ᠤ ᠬᠡᠷᠡᠭᠵᠢᠭᠦᠯᠦᠭᠰᠡᠨ ︽ᠬᠤᠣᠰ ᠵᠠᠭᠤᠨ ᠳ᠋ᠦᠩᠰᠢᠭᠤᠷ ᠲᠦᠭᠦᠷᠢᠭ ᠤᠨ ᠢᠨᠵᠢᠨᠧᠷᠢᠩ︾ ᠢᠶᠠᠷ | ᠲᠣᠬᠢᠶᠠᠯ ᠪᠣᠯᠭᠠᠵᠦ᠂ ᠡᠯᠪᠡᠭ ᠣᠰᠤᠨ ᠠᠰᠢᠭᠯᠠᠯᠲᠠ᠂ ᠭᠠᠵᠠᠷ ᠰᠢᠷᠤᠢ᠂ ᠠᠭᠤᠷᠬᠠᠢ ᠶᠢᠨ ᠡᠬᠢ ᠪᠠᠶᠠᠯᠢᠭ ᠪᠠ ᠰᠠᠶᠢᠨ | ᠰᠠᠶᠢᠬᠠᠨ ᠪᠡᠯᠡ ᠣᠷᠣᠭᠤᠯᠣᠯᠳᠠ ᠶᠢᠨ ᠣᠷᠴᠢᠨ ᠲᠣᠭᠤᠷᠢᠨ ᠢ ᠭᠦᠢᠴᠡᠳ ᠠᠰᠢᠭᠯᠠᠵᠦ᠂ ᠡᠨᠧᠷᠭᠢ ᠶᠢᠨ ᠰᠣᠷᠪᠣᠯᠵᠢ᠂ | ᠨᠡᠭᠦᠷᠡᠰᠦᠨ ᠤ ᠬᠢᠮᠢ ᠶᠢᠨ ᠠᠵᠦ ᠦᠢᠯᠡᠳᠪᠦᠷᠢ᠂ ᠠᠭᠤᠷᠬᠠᠢ ᠶᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠦ ᠠᠬᠤᠢ | ᠶᠢᠨ ᠦᠢᠯᠡᠳᠭᠦᠨ ᠢ ᠪᠣᠯᠪᠠᠰᠣᠷᠠᠭᠤᠯᠬᠤ ᠲᠦᠷᠪᠡᠨ ᠶᠡᠭᠡ ᠭᠤᠣᠯ ᠣᠳᠣᠷᠢᠳᠣᠮᠵᠢ ᠶᠢᠨ ᠠᠵᠦ ᠦᠢᠯᠡᠰ ᠢ | ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠣᠨ᠎ᠠ᠃ ᠠᠵᠦ | ᠦᠢᠯᠡᠳᠪᠦᠷᠢ ᠶᠢᠨ ᠶᠡᠭᠡ ᠲᠦᠷᠦᠯ ᠵᠦᠢᠯ ᠳᠤᠭᠳᠠᠭᠰᠠᠨ ᠬᠤᠭᠤᠴᠠᠭᠠᠨ ᠳᠤ ᠠᠵᠢᠯ ᠡᠬᠢᠯᠡᠬᠦᠯᠬᠦ ᠪᠡ ᠠᠰᠢᠭᠯᠠᠯᠲᠠ | ᠳᠤ ᠣᠷᠣᠬᠤ ᠡᠰᠡᠬᠦ ᠪᠣᠯ ᠪᠦᠬᠦ ᠬᠤᠰᠢᠭᠤᠨ ᠤ ︽ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠦᠪᠵᠢᠭᠦᠯᠬᠡ | ᠶᠢᠨ ᠬᠠᠷᠠᠯᠳᠠ ᠶᠢ ᠪᠡᠶᠡᠯᠡᠭᠦᠯᠬᠦ ᠶᠢᠨ ᠵᠠᠩᠬᠢᠯᠠᠭ᠎ᠠ ᠪᠣᠯᠣᠨ᠎ᠠ᠃ ᠡᠶᠢᠮᠦ ᠠᠴᠠ᠂ ᠪᠢᠳᠡ ᠬᠦᠴᠦᠨ ᠢᠶᠠᠨ | ᠲᠦᠪᠯᠡᠷᠡᠭᠦᠯᠦᠨ ᠶᠡᠭᠡ ᠲᠦᠷᠦᠯ ᠵᠦᠢᠯ ᠢ ᠠᠬᠢᠭᠤᠯᠵᠦ᠂ ᠶᠡᠭᠡ ᠪᠡᠯᠡ ᠣᠷᠣᠭᠤᠯᠣᠯᠳᠠ ᠶᠢ ᠪᠡᠶᠡᠯᠡᠭᠦᠯᠦᠨ᠎ᠡ᠃ ᠡᠨᠡ | ᠵᠢᠯ᠂ 199 ᠳ᠋ᠦᠩᠰᠢᠭᠤᠷ ᠲᠦᠭᠦᠷᠢᠭ ᠪᠡᠯᠡ ᠣᠷᠣᠭᠤᠯᠬᠤ ᠪᠠᠷ ᠲᠦᠯᠦᠪᠯᠡᠵᠤ᠂ ᠳ᠋ᠦᠩᠰᠢᠭᠤᠷ ᠲᠦᠭᠦᠷᠢᠭ ᠠᠴᠠ | ᠲᠡᠭᠡᠭᠰᠢᠬᠢ ᠲᠦᠷᠦᠯ ᠵᠦᠢᠯ 20 ᠬᠡᠷᠡᠭᠵᠢᠬᠦᠯᠦᠨ᠎ᠡ᠃ ᠡᠬᠦᠨ ᠳᠤ᠂ 10 ᠳ᠋ᠦᠩᠰᠢᠭᠤᠷ ᠲᠦᠭᠦᠷᠢᠭ ᠠᠴᠠ | ᠲᠡᠭᠡᠭᠰᠢᠬᠢ ᠶᠡᠭᠡ ᠲᠦᠷᠦᠯ ᠵᠦᠢᠯ 5 ᠪᠠᠶᠢᠵᠦ᠂ ᠶᠡᠷᠦᠩᠬᠡᠢ ᠪᠡᠯᠡ ᠣᠷᠣᠭᠤᠯᠣᠯᠳᠠ ᠨᠢ 138.6 ᠳ᠋ᠦᠩᠰᠢᠭᠤᠷ | ᠲᠦᠭᠦᠷᠢᠭ ᠪᠠᠶᠢᠵᠤ᠂ ᠦᠷᠬᠦᠯᠵᠢᠯᠡᠨ ᠪᠠᠶᠢᠭᠤᠯᠵᠤ ᠪᠠᠶᠢᠭ᠎ᠠ ᠪᠦᠸᠧ ᠶᠤᠸᠠᠨ ᠵᠢᠯ ᠳᠤ 10 ᠲᠦᠮᠡᠨ ᠲᠤᠨ ᠴᠠᠶᠢᠷ ᠢ | ᠬᠠᠶᠢᠯᠣᠭᠤᠯᠬᠤ᠂ ᠴᠧᠨ ᠯᠦᠩ ᠬᠤᠶᠠᠳᠣᠭᠠᠷ ᠬᠤᠭᠤᠴᠠᠭᠠᠨ ᠤ 200 ᠲᠦᠮᠡᠨ ᠲᠣᠨ ᠤ ᠨᠡᠭᠦᠷᠡᠰᠦ ᠶᠢ | ᠴᠡᠪᠡᠷᠰᠢᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠶᠡᠷᠦᠩᠬᠡᠢ | ᠪᠡᠯᠡ ᠣᠷᠣᠭᠤᠯᠣᠯᠳᠠ 28.9 ᠳ᠋ᠦᠩᠰᠢᠭᠤᠷ ᠲᠦᠭᠦᠷᠢᠭ ᠤᠨ ᠳ᠋ᠦ᠋ ᠯᠢᠩ 1100 ᠲᠦᠮᠡᠨ ᠲᠣᠨ ᠤ ᠬᠦᠷᠡᠩ | ᠨᠡᠭᠦᠷᠡᠰᠦᠨ ᠤ ᠢᠯᠴᠢ ᠢᠯᠭᠠᠷᠠᠭᠤᠯᠬᠤ᠂ ᠶᠡᠷᠦᠩᠬᠡᠢ ᠪᠡᠯᠡ ᠣᠷᠣᠭᠤᠯᠣᠯᠳᠠ 34.76 ᠳ᠋ᠦᠩᠰᠢᠭᠤᠷ ᠲᠦᠭᠦᠷᠢᠭ | ᠤᠨ ᠺᠧ ᠵᠢᠶᠧ ᠨᠢᠭᠡᠳᠦᠭᠡᠷ ᠬᠤᠭᠤᠴᠠᠭᠠᠨ ᠤ 500 ᠲᠦᠮᠡᠨ ᠲᠣᠨ ᠬᠦᠷᠡᠩ ᠨᠡᠭᠦᠷᠡᠰᠦ ᠶᠢ ᠦᠨᠳᠦᠷ ᠪᠦᠳᠦᠮᠵᠢᠲᠠᠢ | ᠪᠠᠷ ᠬᠤᠪᠢᠷᠠᠭᠤᠯᠣᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠠᠵᠢᠯ ᠡᠬᠢᠯᠡᠭᠦᠯᠦᠭᠡᠳ ᠪᠦᠳᠦᠭᠡᠨ | ᠪᠠᠶᠢᠭᠤᠯᠤᠨ᠎ᠠ᠃ ᠶᠡᠷᠦᠩᠬᠡᠢ ᠪᠡᠯᠡ ᠣᠷᠣᠭᠤᠯᠣᠯᠳᠠ 50 ᠳ᠋ᠦᠩᠰᠢᠭᠤᠷ ᠲᠦᠭᠦᠷᠢᠭ ᠤᠨ ᠺᠧ ᠶᠢᠤ ᠵᠦᠩ 2 × | 60 ᠲᠦᠮᠡᠨ ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠢ | ᠴᠢᠳᠠᠬᠤ ᠶᠢᠨ ᠬᠢᠷᠢ ᠪᠠᠷ ᠵᠢᠯ ᠳᠤ ᠵᠦᠪᠰᠢᠶᠡᠷᠡᠭᠦᠯᠦᠭᠡᠳ ᠰᠡᠳᠦᠪ ᠲᠣᠭᠳᠠᠭᠠᠨ᠎ᠠ᠃ ᠳ᠋ᠦᠩᠰᠢᠭᠤᠷ ᠲᠦᠭᠦᠷᠢᠭ ᠠᠴᠠ | ᠳᠡᠭᠡᠭᠰᠢᠬᠢ 10 ᠳ᠋ᠦᠩᠰᠢᠭᠤᠷ ᠲᠦᠭᠦᠷᠢᠭ ᠠᠴᠠ ᠳᠣᠷᠣᠭᠰᠢᠬᠢ ᠲᠦᠷᠦᠯ ᠵᠦᠢᠯ 16 ᠪᠠᠶᠢᠵᠤ᠂ 60.41 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠤ᠂ ᠶᠡᠷᠦᠩᠬᠡᠢ ᠪᠡᠯᠡ ᠣᠷᠣᠭᠤᠯᠣᠯᠳᠠ 5.88 | ᠳ᠋ᠦᠩᠰᠢᠭᠤᠷ ᠲᠦᠭᠦᠷᠢᠭ ᠤᠨ ᠵᠠᠮᠴᠢᠨ ᠴᠠᠶᠢᠷ ᠳᠤᠭᠤᠯᠭ᠎ᠠ ᠶᠢᠨ ᠠᠭᠤᠷᠬᠠᠢ ᠶᠢᠨ ᠡᠳᠦᠷ ᠲᠤ 5000 ᠲᠤᠨ ᠬᠦᠳᠡᠷ | ᠰᠢᠯᠢᠬᠦ᠂ ᠶᠡᠷᠦᠩᠬᠡᠢ ᠪᠡᠯᠡ ᠣᠷᠣᠭᠤᠯᠣᠯᠳᠠ 1.2 ᠳ᠋ᠦᠩᠰᠢᠭᠤᠷ ᠲᠦᠭᠦᠷᠢᠭ ᠤᠨ ᠱᠠᠨ ᠱᠦᠢ ᠪᠦᠯᠦᠭᠯᠡᠯ ᠤᠨ | ᠱᠦᠢᠨᠢ ᠶᠢᠨ ᠨᠣᠨᠳᠠᠭ ᠤᠨ ᠦᠷᠲᠡᠭᠡ᠂ ᠶᠡᠷᠦᠩᠬᠡᠢ ᠪᠡᠯᠡ ᠣᠷᠣᠭᠤᠯᠣᠯᠳᠠ 1.2 ᠳ᠋ᠦᠩᠰᠢᠭᠤᠷ ᠲᠦᠭᠦᠷᠢᠭ ᠤᠨ | ᠵᠦᠩ ᠶᠠᠩ ᠲᠠᠷᠢᠶᠠᠯᠠᠩ ᠤᠨ ᠢᠳᠡᠭᠡᠨ ᠤ ᠨᠠᠷᠠᠨᠬᠤᠸᠠᠷ ᠢ ᠦᠢᠯᠡᠳᠪᠦᠷᠢᠯᠡᠬᠦ᠂ ᠶᠡᠷᠦᠩᠬᠡᠢ ᠪᠡᠯᠡ ᠣᠷᠣᠭᠤᠯᠣᠯᠳᠠ | 20 ᠳ᠋ᠦᠩᠰᠢᠭᠤᠷ ᠲᠦᠭᠦᠷᠢᠭ ᠤᠨ ᠯᠦᠩ ᠶᠤᠸᠠᠨ ᠬᠤᠶᠠᠳᠤᠭᠠᠷ ᠬᠤᠭᠤᠴᠠᠭᠠᠨ ᠤ 5 ᠲᠦᠮᠡᠨ ᠺᠢᠯᠣᠸᠠᠲ᠂ ᠳ᠋ᠠ | ᠲᠠᠩ ᠬᠤᠶᠠᠷᠰᠣᠮᠣ ᠶᠢᠨ 5 ᠲᠦᠮᠡᠨ ᠺᠢᠯᠣᠸᠠᠲ᠂ ᠳ᠋ᠠ ᠲᠠᠩ ᠨᠠᠢᠮᠠᠨ ᠲᠣᠪᠤ ᠶᠢᠨ 5 ᠲᠦᠮᠡᠨ ᠺᠢᠯᠣᠸᠠᠲ ᠂ U | ᠨᠧᠩ ᠨᠢᠭᠡᠳᠦᠭᠡᠷ ᠬᠤᠭᠤᠴᠠᠭᠠᠨ ᠤ 5 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠣᠯᠳᠠ 2.7 ᠳ᠋ᠦᠩᠰᠢᠭᠤᠷ | ᠲᠦᠭᠦᠷᠢᠭ ᠤᠨ ᠮᠤᠤᠨ᠋ᠤᠰᠤ ᠠᠮᠢᠳᠤ ᠪᠤᠳᠠᠰ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠣᠨᠤᠭ | ᠲᠦᠭᠦᠬᠡᠷᠦᠮᠵᠢ ᠣᠭᠰᠠᠷᠠᠭᠤᠯᠬᠤ᠂ ᠲᠠᠩ ᠮᠠᠰᠢᠨ ᠲᠣᠷᠰᠢᠨ ᠡᠷᠬᠢᠯᠡᠨ᠎ᠡ᠃ ᠶᠡᠷᠦᠩᠬᠡᠢ ᠪᠡᠯᠡ ᠣᠷᠣᠭᠤᠯᠣᠯᠳᠠ ᠨᠢ 2. | 5 ᠳ᠋ᠦᠩᠰᠢᠭᠤᠷ ᠲᠦᠭᠦᠷᠢᠭ ᠤᠨ ᠰᠢᠩ ᠲᠦᠩ ᠲᠡᠮᠦᠷ ᠵᠠᠮ ᠤᠨ ᠲᠣᠰᠬᠠᠢ ᠱᠣᠭᠤᠮ ᠤᠨ ᠪᠦᠳᠦᠭᠡᠨ ᠪᠠᠶᠢᠭᠤᠯᠣᠯᠳᠠ | ᠶᠢ ᠲᠦᠷᠭᠡᠳᠭᠡᠨ᠂ ᠲᠦᠩᠯᠢᠶᠣᠣ ᠠᠴᠠ ᠬᠤᠣᠯᠢᠨᠭᠤᠣᠯ ᠬᠦᠷᠬᠦ ᠲᠡᠮᠦᠷ ᠵᠠᠮ ᠲᠡᠭᠡᠷ᠎ᠡ 400 ᠲᠦᠮᠡᠨ ᠲᠣᠨ | ᠣᠷᠣᠭᠤᠯᠵᠦ ᠭᠠᠷᠭᠠᠬᠤ ᠴᠢᠳᠠᠪᠣᠷᠢᠲᠠᠢ ᠨᠡᠭᠦᠷᠡᠰᠦ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠦᠪ ᠢ ᠪᠠᠶᠢᠭᠤᠯᠣᠨ᠎ᠠ᠃ | ᠶᠡᠷᠥᠩᠬᠡᠢ ᠪᠡᠯᠡ ᠣᠷᠣᠭᠤᠯᠣᠯᠳᠠ ᠨᠢ 9.9 ᠳ᠋ᠦᠩᠰᠢᠭᠤᠷ ᠲᠦᠭᠦᠷᠢᠭ ᠤᠨ ᠲᠢᠶᠠᠨ ᠼᠧ ᠵᠢᠯ ᠳᠤ 220 ᠲᠦᠮᠡᠨ | ᠲᠤᠨ ᠨᠡᠬᠦᠷᠡᠰᠦ ᠶᠢ ᠴᠡᠪᠡᠷᠰᠢᠬᠦᠯᠬᠦ᠂ ᠶᠡᠷᠦᠩᠬᠡᠢ ᠪᠡᠯᠡ ᠣᠷᠣᠭᠤᠯᠣᠯᠳᠠ 5 ᠳ᠋ᠦᠩᠰᠢᠭᠤᠷ ᠲᠦᠭᠦᠷᠢᠭ ᠤᠨ ᠲᠢᠶᠠᠨ | ᠶᠢᠣ 5 ᠲᠦᠮᠡᠨ ᠺᠢᠯᠣᠸᠠᠲ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ᠶᠡᠷᠥᠩᠬᠡᠢ ᠪᠡᠯᠡ ᠣᠷᠣᠭᠤᠯᠣᠯᠳᠠ | 4.5 ᠳ᠋ᠦᠩᠰᠢᠭᠤᠷ ᠲᠦᠭᠦᠷᠢᠭ ᠤᠨ ᠶᠣᠸᠠᠨ ᠶᠣᠸᠠᠨ ᠪᠦᠯᠦᠭᠯᠡᠯ ᠤᠨ 10 ᠲᠦᠮᠡᠨ ᠲᠣᠨ ᠠᠵᠣ ᠦᠢᠯᠡᠳᠪᠦᠷᠢ ᠶᠢᠨ | ᠴᠠᠬᠢᠭᠤᠷ᠂ ᠶᠡᠷᠥᠩᠬᠡᠢ ᠪᠡᠯᠡ ᠣᠷᠣᠭᠤᠯᠣᠯᠳᠠ 3.15 ᠳ᠋ᠦᠩᠰᠢᠭᠤᠷ ᠲᠦᠭᠦᠷᠢᠭ ᠤᠨ ᠠᠨ ᠰᠢᠩ ᠰᠢᠨᠵᠢᠯᠡᠬᠦ | ᠮᠡᠷᠭᠡᠵᠢᠯ ᠤᠨ ᠮᠡᠷᠭᠡᠵᠢᠯ ᠢ ᠰᠠᠶᠢᠵᠢᠷᠠᠭᠤᠯᠬᠤ ᠣᠷᠴᠢᠯ ᠠᠵᠤ ᠠᠬᠤᠢ᠂ ᠶᠡᠷᠥᠩᠬᠡᠢ ᠪᠡᠯᠡ ᠣᠷᠣᠭᠤᠯᠣᠯᠳᠠ 1.5 | ᠳ᠋ᠦᠩᠰᠢᠭᠤᠷ ᠲᠦᠭᠦᠷᠢᠭ ᠤᠨ ᠺᠦᠨ ᠱᠠᠨ ᠴᠠᠩ ᠯᠢᠣᠢ ᠵᠢᠯ ᠳᠤ 200 ᠲᠦᠮᠡᠨ ᠺᠦᠪ ᠮᠧᠲᠷ ᠰᠣᠪᠣᠳᠯᠢᠭ | ᠴᠢᠯᠠᠭᠤᠯᠢᠭ ᠤᠨ ᠭᠠᠳᠠᠨ᠎ᠠ ᠬᠡᠷᠡᠮ ᠤᠨ ᠲᠣᠯᠠᠭᠠᠨ ᠢ ᠬᠠᠳᠠᠭᠠᠯᠠᠬᠤ ᠮᠠᠲ᠋ᠧᠷᠢᠶᠠᠯ᠂ ᠶᠡᠷᠥᠩᠬᠡᠢ ᠪᠡᠯᠡ ᠣᠷᠣᠭᠤᠯᠣᠯᠳᠠ | 1.8 ᠳ᠋ᠦᠩᠰᠢᠭᠤᠷ ᠲᠦᠭᠦᠷᠢᠭ ᠤᠨ ᠵᠢᠩ ᠴᠧᠩ ᠠᠭᠤᠷᠬᠠᠢ ᠶᠢᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ᠂ | ᠶᠡᠷᠥᠩᠬᠡᠢ ᠪᠡᠯᠡ ᠣᠷᠣᠭᠤᠯᠣᠯᠳᠠ 1 ᠳ᠋ᠦᠩᠰᠢᠭᠤᠷ ᠲᠦᠭᠦᠷᠢᠭ ᠤᠨ ᠺᠧ ᠶᠢᠣ ᠵᠦᠩ 1 × 33 ᠲᠦᠮᠡᠨ | ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢᠨ ᠮᠠᠰᠢᠨ ᠴᠣᠭᠴᠠᠯᠠᠪᠣᠷᠢ ᠶᠢᠨ ᠮᠡᠷᠭᠡᠵᠢᠯ ᠢ ᠰᠠᠶᠢᠵᠢᠷᠠᠭᠤᠯᠬᠤ | ᠴᠢᠳᠠᠪᠦᠷᠢ ᠶᠢ ᠦᠷᠭᠡᠳᠭᠡᠬᠦ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ ︽ | ᠬᠤᠷᠴᠢᠨ ᠪᠠᠷᠠᠭᠤᠨ ᠭᠠᠷᠥᠨ ᠳᠣᠮᠳᠠᠳᠤ ᠬᠤᠰᠢᠭᠤᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠲᠦᠯᠦᠪᠵᠢᠬᠦᠯᠬᠡ︾ ᠶᠢ ᠮᠡᠳᠡᠭᠦᠯᠦᠨ ᠵᠦᠪᠰᠢᠶᠡᠷᠡᠬᠦᠯᠬᠦ ᠠᠵᠢᠯ ᠢ ᠪᠤᠳᠠᠳᠤ ᠴᠢᠨᠠᠷ ᠲᠠᠢ ᠰᠢᠪᠲᠤᠯᠤᠯᠲᠠ ᠣᠯᠣᠨ᠎ᠠ᠃ |