︵ᠳᠦᠷᠪᠡ︶ ᠰᠤᠶᠤᠯ ᠵᠢᠭᠤᠯᠴᠢᠯᠠᠯ ᠤᠨ ᠦᠢᠯᠡᠰ ᠲᠦᠷᠭᠡᠨ ᠬᠦᠭᠵᠢᠵᠦ᠂ ᠬᠦᠭᠵᠢᠯᠲᠡ ᠶᠢᠨ ᠢᠳᠡᠪᠬᠢ | ᠬᠦᠴᠦᠨ ᠡᠳᠦᠷ ᠢᠷᠡᠬᠦᠶ᠎ᠡ ᠲᠣᠳᠣᠷᠠᠵᠠᠢ᠃ ︽ᠪᠦᠬᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠠᠯᠠᠪᠠᠢ ᠶᠢᠨ | ᠰᠤᠶᠤᠯ ᠤᠨ ᠨᠠᠶᠢᠷ︾᠂ ︽ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠳᠤᠮᠳᠠᠳᠤ ᠶᠢᠨ ᠬᠤᠷᠳᠤᠨ ᠮᠤᠷᠢᠨ | ᠤ ᠤᠷᠤᠯᠳᠤᠭᠠᠨ︾᠂ ︽ᠭᠤᠷᠪᠠᠳᠤᠭᠠᠷ ᠬᠤᠭᠤᠴᠠᠭᠠᠨ ᠤ ᠪᠠᠲᠤᠴᠠᠭᠠᠨ ᠵᠢᠭᠤᠯᠴᠢᠯᠠᠯ ᠰᠤᠶᠤᠯ ᠤᠨ ᠨᠠᠶᠢᠷ︾ ᠂ | ︽ᠬᠤᠷᠴᠢᠨ ᠤ ᠭᠠᠵᠠᠷ ᠤᠷᠤᠨ ᠤ ᠨᠠᠰᠤᠲᠠᠶᠢᠴᠤᠳ ᠤᠨ ᠡᠭᠦᠳᠡᠨ ᠪᠦᠮᠪᠦᠭᠡ ᠶᠢᠨ ᠣᠷᠢᠯᠭᠠᠳᠣ ᠤᠷᠤᠯᠳᠤᠭᠠᠨ︾᠂ | ︽ᠵᠢᠷᠭᠤᠳᠣᠭᠠᠷ ᠬᠤᠭᠤᠴᠠᠭᠠᠨ ᠤ ᠴᠠᠭᠠᠨ ᠰᠠᠷ᠎ᠠ ᠶᠢᠨ ᠦᠳᠡᠰᠢᠯᠡᠭᠡ︾ ᠵᠡᠷᠭᠡ ᠰᠢᠷᠢᠰ ᠰᠤᠶᠤᠯ ᠲᠠᠮᠢᠷ ᠤᠨ | ᠬᠦᠳᠡᠯᠭᠡᠭᠡᠨ ᠢ ᠦᠷᠨᠢᠭᠦᠯᠵᠦ᠂ ᠦᠵᠡᠵᠤ ᠣᠷᠣᠯᠴᠠᠭᠰᠡᠳ 25 ᠲᠦᠮᠡᠨ ᠬᠦᠮᠦᠨ ᠠᠴᠠ ᠳᠡᠭᠡᠭᠰᠢ ᠬᠦᠷᠴᠡᠢ᠃ | ᠬᠤᠷᠴᠢᠨ ᠤ ᠮᠤᠷᠢᠨ ᠮᠡᠷᠭᠡᠵᠢᠯ ᠤᠨ ᠺᠯᠦ᠋ᠪ ᠦᠪᠡᠷᠲᠡᠭᠡᠨ ᠵᠠᠰᠠᠬᠤ ᠤᠷᠤᠨ ᠢ ᠲᠦᠯᠦᠭᠡᠯᠡᠨ ︽ᠶᠢᠰᠦᠳᠦᠭᠡᠷ | ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ | ᠤᠷᠤᠯᠳᠤᠭᠠᠨ︾ ᠳᠤ ᠣᠷᠣᠯᠴᠠᠭᠠᠳ᠂ 2 ᠠᠯᠲᠡᠨ ᠮᠧᠲᠯ᠂ 2 ᠮᠦᠩᠭᠦᠨ ᠮᠧᠲᠯ᠂ 3 ᠬᠦᠷᠡᠯ ᠮᠧᠲᠯ ᠤᠨ | ᠰᠢᠯᠢᠳᠡᠭ ᠬᠢᠷᠢ ᠪᠦᠲᠦᠮᠵᠢ ᠤᠯᠵᠠᠢ᠃ ᠮᠤᠩᠭᠤᠯ ᠦᠨᠳᠦᠰᠦᠲᠡᠨ ᠤ ᠬᠤᠭᠤᠷᠳᠠᠬᠤ ᠬᠦᠭᠵᠢᠮ ᠢ ᠦᠢᠯᠡᠳᠬᠦ ᠣᠷᠠᠯᠠᠯ | ᠢ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠷᠭᠡᠳᠭᠡᠭᠰᠡᠨ ᠨᠡᠷᠡᠰ ᠲᠤ ᠤᠷᠤᠭᠤᠯᠵᠤ᠂ ︽ | ᠮᠠᠩᠭᠤᠰ ᠤᠨ ᠦᠯᠢᠭᠡᠷ︾ ᠵᠡᠷᠭᠡ 3 ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ ᠪᠦᠯᠦᠭ | ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠷᠦᠯ ᠵᠦᠢᠯ ᠳᠤ ᠤᠷᠤᠭᠤᠯᠵᠠᠢ᠃ ︽ᠬᠤᠷᠴᠢᠨ ᠤ | ᠥᠨᠳᠥᠰᠥᠲᠡᠨ ᠤ ᠰᠣᠶᠣᠯ ᠤᠨ ᠢᠵᠠᠭᠤᠷ ᠣᠷᠠᠯᠢᠭ ᠢ ᠣᠷᠣᠨ︾ ᠵᠡᠷᠭᠡ 5 ᠬᠠᠮᠠᠭᠠᠯᠠᠬᠤ ᠲᠦᠷᠦᠯ ᠵᠦᠢᠯ ᠢ | ᠭᠤᠶᠣᠴᠢᠯᠠᠨ ᠮᠡᠳᠡᠬᠦᠯᠵᠡᠢ᠃ ︽ᠲᠦᠰᠢᠶᠡᠲᠦ ᠶᠢᠨ ᠳᠤᠮᠤᠭ ︵ᠮᠤᠩᠭᠤᠯ ᠬᠡᠪᠯᠡᠯ︶︾ ᠵᠡᠷᠭᠡ ᠨᠣᠮ ᠳᠡᠪᠲᠡᠷ ᠢ | ᠬᠡᠪᠯᠡᠨ ᠲᠠᠷᠬᠠᠭᠠᠵᠠᠢ᠃ ︽ᠬᠥᠳᠡᠭᠡ ᠲᠣᠰᠬᠤᠨ ᠤ ᠰᠣᠶᠣᠯ ᠤᠨ ᠲᠣᠷᠰᠢᠯᠲᠠ ᠶᠢᠨ ᠴᠡᠭ ᠤᠨ ᠬᠤᠰᠢᠭᠤ︾ ᠶᠢᠨ | ᠢᠨᠵᠧᠨᠧᠷᠢᠩ ᠢ ᠬᠡᠷᠡᠭᠵᠢᠭᠦᠯᠵᠡᠢ᠃ ︽ᠪᠦᠬᠦ ᠠᠶᠢᠮᠠᠭ ᠤᠨ ᠤᠬᠠᠭᠤᠯᠭ᠎ᠠ ᠰᠤᠶᠤᠯ ᠤᠨ ᠠᠵᠢᠯ ᠤᠨ ᠳᠤᠬᠠᠢ ᠶᠢᠨ | ᠭᠠᠵᠠᠷ ᠤᠨ ᠬᠤᠷᠠᠯ︾ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠡᠢ᠃ ᠵᠢᠭᠤᠯᠴᠢᠯᠠᠯ ᠶᠢᠨ ᠦᠵᠡᠮᠵᠢ ᠶᠢᠨ ᠣᠷᠣᠨ | ᠴᠡᠭ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠦ᠂ ᠵᠢᠯ ᠳᠤ᠂ ᠵᠢᠭᠤᠯᠴᠢᠯᠠᠭᠰᠠᠳ ᠢ | 28.9 ᠲᠥᠮᠡᠨ ᠬᠥᠮᠥᠨ ︵ᠣᠳᠠᠭ᠎ᠠ︶ ᠣᠭᠳᠤᠨ᠂ ᠵᠢᠭᠤᠯᠴᠢᠯᠠᠯ ᠤᠨ ᠦᠢᠯᠡᠰ ᠤᠨ ᠣᠷᠣᠯᠭ᠎ᠠ 2.21ᠳ᠋ᠥᠩᠰᠢᠭᠤᠷ | ᠲᠥᠭᠦᠷᠢᠭ ᠢ ᠪᠡᠶᠡᠯᠡᠭᠦᠯᠵᠡᠢ᠃ ᠮᠠᠨ ᠤ ᠬᠤᠰᠢᠭᠤ ᠶᠢ ᠰᠤᠶᠤᠯ ᠤᠨ ᠶᠠᠮᠤᠨ ᠠᠴᠠ ︽ᠦᠯᠢᠭᠡᠷ ᠤᠨ ᠨᠤᠳᠤᠭ︾ | ᠢᠶᠠᠷ ᠨᠡᠷᠡᠶᠢᠳᠴᠦ᠂ ᠦᠪᠡᠷᠲᠡᠭᠡᠨ ᠵᠠᠰᠠᠬᠤ ᠣᠷᠣᠨ ᠤ ᠰᠤᠶᠤᠯ ᠤᠨ ᠲᠢᠩᠬᠢᠮ ᠠᠴᠠ ︽ᠪᠦᠬᠦ ᠣᠷᠣᠨ ᠤ ᠲᠡᠷᠢᠬᠦᠨ | ᠤ ᠰᠤᠶᠤᠯ ᠤᠨ ᠬᠤᠰᠢᠭᠤ︾᠂ ︽ᠬᠤᠷᠴᠢᠨ ᠠᠷᠠᠳ ᠤᠨ ᠳᠠᠭᠤᠣ ᠶᠢᠨ ᠨᠣᠲᠤᠭ︾ ᠢᠶᠠᠷ ᠨᠡᠷᠡᠶᠢᠳᠪᠡ᠃ | ︵ᠲᠠᠪᠤ︶ ᠠᠷᠠᠳ ᠤᠨ ᠠᠮᠢᠳᠣᠷᠠᠯ ᠤᠨ ᠪᠠᠲᠣᠯᠠᠭ᠎ᠠ ᠶᠢ ᠲᠡᠷᠢᠭᠦᠨ ᠢᠶᠠᠷ ᠬᠥᠭᠵᠢᠭᠦᠯᠵᠥ᠂ ᠬᠥᠭᠵᠢᠯᠲᠡ ᠶᠢᠨ | ᠥᠷ᠎ᠡ ᠪᠥᠲᠥᠭᠡᠯ ᠢ ᠣᠯᠠᠨ ᠲᠥᠮᠡᠨ ᠳᠤ ᠡᠳ᠋ᠯᠡᠭᠦᠯᠵᠡᠢ᠃ ᠠᠷᠠᠳ ᠤᠨ ᠠᠮᠢᠳᠣᠷᠠᠯ ᠤᠨ ᠲᠠᠯ᠎ᠠ ᠳᠤ 13.6 | ᠳ᠋ᠥᠩᠰᠢᠭᠤᠷ ᠲᠥᠭᠦᠷᠢᠭ ᠣᠷᠣᠭᠤᠯᠵᠣ᠂ ᠡᠳ᠋ ᠤᠨ ᠵᠠᠰᠠᠭ ᠤᠨ ᠶᠡᠷᠦᠩᠬᠡᠢ ᠵᠠᠷᠣᠯᠭ᠎ᠠ ᠶᠢᠨ 79.3% ᠶᠢ ᠡᠵᠡᠯᠡᠵᠡᠢ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠠᠯᠳᠤᠭᠰᠠᠨ ᠠᠷᠠᠳ ᠲᠤ ᠬᠢᠬᠦ ︽ᠠᠷᠪᠠᠨ ᠪᠣᠳᠠᠲᠣ | ᠶᠠᠪᠣᠳᠠᠯ︾ ᠢ ᠪᠥᠬᠦᠨ ᠢ ᠪᠡᠶᠡᠯᠡᠭᠦᠯᠵᠡᠢ᠃ ᠬᠢᠮᠳᠠ ᠲᠥᠷᠢᠶᠡᠰᠥᠨ ᠣᠷᠣᠨ ᠰᠠᠭᠤᠴᠠ᠂ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ᠂ ᠬᠥᠳᠡᠭᠡ ᠲᠣᠰᠬᠤᠨ ᠮᠠᠯᠵᠢᠬᠤ ᠣᠷᠣᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠵᠠᠰᠠᠨ | ᠰᠢᠨᠡᠳᠭᠡᠬᠦ᠂ ᠤᠯᠤᠰ ᠤᠨ ᠦᠮᠴᠢᠯᠡᠯᠳᠣ ᠦᠢᠯᠡᠳᠪᠦᠷᠢ ᠠᠭᠤᠷᠬᠠᠢ ᠪᠠ ᠣᠶᠢᠲᠤ ᠣᠷᠣᠨ ᠤ ᠪᠦᠷᠭᠡ ᠰᠠᠭᠤᠴᠠ ᠶᠢ | ᠵᠠᠰᠠᠨ ᠰᠢᠨᠡᠳᠭᠡᠬᠦ ᠵᠡᠷᠭᠡ ᠪᠠᠲᠣᠯᠠᠭ᠎ᠠ ᠶᠢᠨ ᠴᠢᠨᠠᠷ ᠲᠠᠢ ᠠᠮᠣᠷ ᠲᠥᠪᠰᠢᠨ ᠣᠷᠣᠨ ᠰᠠᠭᠤᠴᠠ ᠶᠢᠨ ᠢᠨᠵᠧᠨᠧᠷᠢᠩ ᠢ | ᠬᠡᠷᠡᠭᠵᠢᠭᠦᠯᠵᠡᠢ᠃ ᠪᠠᠭ᠎ᠠ ᠲᠣᠭᠠᠨ ᠤ ᠲᠠᠭᠠᠭᠠᠯᠳᠠᠳᠣ ᠵᠢᠭᠡᠯᠡᠯᠭᠡ᠂ ᠶᠠᠳᠠᠭᠤ ᠶᠢ ᠳᠡᠳᠭᠦᠬᠦ ᠬᠠᠷᠢᠯᠴᠠᠨ ᠲᠣᠰᠠᠯᠠᠯᠴᠠᠬᠤ | ᠮᠦᠩᠬᠦ᠂ ᠡᠮᠡᠭᠳᠡᠶᠢᠴᠣᠳ ᠤᠨ ᠪᠠᠭ᠎ᠠ ᠲᠣᠭᠠᠨ ᠤ ᠵᠢᠭᠡᠯᠡᠯᠭᠡ ᠶᠢ 5000 ᠭᠠᠷᠤᠢ ᠲᠦᠮᠡᠨ ᠲᠦᠭᠦᠷᠢᠭ ᠳᠠᠯᠪᠢᠵᠤ᠂ | ᠠᠵᠢᠯ ᠤᠯᠭᠤᠵᠤ ᠦᠢᠯᠡᠰ ᠪᠦᠲᠦᠭᠡᠬᠦ ᠶᠢ ᠠᠬᠢᠭᠤᠯᠵᠤ᠂ ᠬᠤᠳᠠ ᠪᠠᠯᠭᠠᠰᠤᠨ ᠤ ᠠᠵᠢᠯ ᠠᠯᠳᠠᠭᠰᠠᠨ ᠨᠣᠷᠮ᠎ᠠ ᠶᠢ 3. | 8% ᠶᠢᠨ ᠳᠣᠳᠣᠷ᠎ᠠ ᠬᠢᠵᠠᠭᠠᠷᠯᠠᠵᠠᠢ᠃ ︽ᠲᠠᠪᠢᠨ ᠳᠣᠯᠣᠭᠠᠨ ᠣᠨ ᠠᠴᠠ ᠡᠮᠦᠨᠡᠬᠢ ᠠᠵᠢᠯᠲᠠᠨ︾ ᠤ ᠲᠥᠷᠥ ᠶᠢᠨ | ᠪᠣᠳᠣᠯᠭ᠎ᠠ ᠶᠢ ᠨᠠᠶᠢᠳᠠᠪᠣᠷᠢᠵᠢᠭᠤᠯᠵᠣ᠂ 1172 ᠬᠥᠮᠥᠨ ᠠᠰᠢᠭ ᠬᠥᠷᠲᠡᠵᠡᠢ᠃ ᠲᠦᠷᠦ ᠶᠢᠨ ᠪᠤᠳᠤᠯᠭ᠎ᠠ ᠶᠢ | ᠢᠳᠡᠪᠬᠢᠲᠡᠢ ᠲᠡᠮᠡᠴᠡᠨ ᠤᠯᠵᠤ᠂ ᠰᠠᠶᠢᠨ ᠡᠬᠦᠯᠳᠡᠷ ᠤᠨ ᠦᠷ᠎ᠡ ᠶᠢᠨ ᠳᠠᠯᠠᠪᠠᠢ᠂ ᠦᠷ᠎ᠡ ᠮᠠᠯ ᠤᠨ ᠳᠠᠯᠠᠪᠤᠷ᠂ ᠵᠢᠮᠢᠰ | ᠤᠨ ᠮᠤᠳᠤᠨ ᠤ ᠬᠦᠷᠢᠶᠡᠯᠡᠩ᠂ ᠡᠪᠡᠰᠤᠨ ᠦᠷ᠎ᠡ ᠶᠢᠨ ᠲᠠᠯᠠᠪᠠᠢ ᠶᠢᠨ 720 ᠨᠡᠷᠡᠰ ᠠᠵᠢᠯᠳᠠᠨ ᠤ ᠨᠠᠰᠤᠵᠢᠯ ᠤᠨ | ᠲᠠᠭᠠᠳᠬᠠᠯ ᠤᠨ ᠠᠰᠠᠭᠤᠳᠠᠯ ᠢ ᠰᠢᠢᠳᠪᠦᠷᠢᠯᠡᠵᠡᠢ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ᠂ | ᠨᠦᠬᠦᠪᠦᠷᠢ ᠶᠢᠨ ᠪᠠᠷᠢᠮᠵᠢᠶ᠎ᠠ ᠪᠠ ᠳᠠᠪᠣᠨ ᠪᠠᠳᠤᠯᠠᠭᠠᠳᠤ ᠡᠷᠦᠬᠡ᠂ ᠬᠤᠳᠠ ᠪᠠᠯᠭᠠᠰᠤᠨ ᠤ ︽ᠭᠤᠷᠪᠠ ᠦᠬᠡᠢ︾ | ᠬᠦᠮᠦᠰ᠂ ᠦᠨᠦᠴᠢᠨ ᠬᠡᠤᠬᠡᠳ ᠢ ᠠᠰᠠᠷᠠᠬᠤ ᠪᠠᠷᠢᠮᠵᠢᠶ᠎ᠠ ᠶᠢ ᠶᠡᠬᠡᠪᠡᠷ ᠲᠡᠭᠡᠭᠰᠢᠯᠡᠭᠦᠯᠵᠦ᠂ ᠪᠦᠬᠦ ᠵᠢᠯ ᠳᠤ᠂ | ᠪᠠᠳᠤᠯᠠᠭ᠎ᠠ ᠶᠢᠨ ᠮᠦᠩᠬᠦ ᠶᠢ 6434 ᠲᠦᠮᠡᠨ ᠲᠦᠭᠦᠷᠢᠭ ᠳᠠᠷᠬᠠᠭᠠᠵᠠᠢ᠃ ᠡᠯ᠎ᠡ ᠲᠥᠷᠥᠯ ᠤᠨ ᠮᠠᠯᠴᠢᠨ | ᠲᠠᠷᠢᠶᠠᠴᠢᠳ ᠲᠤ ᠠᠰᠢᠭ ᠬᠥᠷᠲᠡᠭᠡᠬᠦ ᠨᠥᠬᠦᠪᠥᠷᠢ ᠶᠢ 2.53 ᠳ᠋ᠥᠩᠰᠢᠭᠤᠷ ᠲᠥᠭᠦᠷᠢᠭ ᠲᠠᠷᠬᠠᠭᠠᠵᠠᠢ᠃ 2.8 | ᠲᠦᠮᠡᠨ ᠬᠦᠮᠦᠨ ᠤ ᠤᠤᠭᠤᠬᠤ ᠣᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠡᠢ᠃ ᠳᠠᠯ᠎ᠠ ᠨᠣᠳᠤᠭ | ᠤᠨ ᠨᠣᠮ ᠤᠨ ᠦᠷᠦᠬᠡ ᠶᠢ 63 ᠪᠠᠶᠢᠭᠤᠯᠵᠠᠢ᠃ 4.1 ᠲᠦᠮᠡᠨ ᠢᠵᠢ ᠳᠠᠭᠠᠭᠤᠯᠢ ᠣᠳᠣᠨ ᠤ ᠲᠣᠬᠢᠶ᠎ᠠ ᠶᠢ | ᠬᠦᠯᠢᠶᠡᠨ ᠠᠪᠬᠤ ᠲᠦᠭᠦᠭᠡᠷᠦᠮᠵᠢ ᠶᠢ ᠳᠠᠷᠬᠠᠭᠠᠵᠤ᠂ ᠪᠦᠬᠦ ᠬᠤᠰᠢᠭᠤᠨ ᠤ ᠷᠠᠳᠢᠤ᠋ ᠲᠧᠯᠸᠢᠰ ᠤᠨ ᠪᠦᠷᠬᠦᠴᠡ | 100% ᠳᠤ ᠬᠦᠷᠴᠡᠢ᠃ ᠷᠠᠳᠢᠤ᠋ ᠲᠧᠯᠸᠢᠰ ᠤᠨ ︽ᠳᠤᠰᠬᠤᠨ ᠪᠦᠷᠢ ᠳᠤ ᠨᠡᠪᠲᠡᠷᠡᠬᠦ︾ ᠠᠴᠠ ︽ᠡᠷᠦᠬᠡ ᠪᠦᠷᠢ | ᠳᠤ ᠨᠡᠪᠲᠡᠷᠡᠬᠦ︾ ᠳᠡᠰᠢ ᠬᠤᠪᠢᠷᠠᠬᠤ ᠶᠢ ᠪᠡᠶᠡᠯᠡᠬᠦᠯᠵᠡᠢ᠃ ᠬᠤᠤᠷᠠᠳᠤᠯ ᠦᠬᠡᠢ ᠡᠷᠡᠬᠦᠯ ᠬᠠᠮᠠᠭᠠᠯᠠᠯ ᠤᠨ ᠵᠤᠷᠯᠤᠩ ᠢ | 2500 ᠰᠠᠭᠤᠷᠢ ᠪᠠᠶᠢᠭᠤᠯᠵᠠᠢ᠃ ᠮᠠᠯᠴᠢᠨ ᠳᠠᠷᠢᠶᠠᠴᠢᠳ ᠤᠨ ᠳᠤᠰᠬᠠᠢ ᠬᠤᠷᠰᠢᠶᠠᠵᠢᠯ ᠢ 76 ᠰᠢᠨ᠎ᠡ ᠪᠠᠷ | ᠬᠦᠭᠵᠢᠬᠦᠯᠵᠡᠢ᠃ ᠬᠦᠳᠡᠭᠡ ᠲᠣᠰᠬᠤᠨ ᠤ ᠳᠡᠯᠬᠡᠬᠦᠷ ᠢ 70 ᠡᠷᠦᠬᠡ᠂ ᠳᠤᠬᠢᠷᠠᠭᠤᠯᠤᠨ ᠬᠦᠷᠭᠡᠬᠦ ᠲᠦᠪ 1 ᠡᠷᠦᠬᠡ | ᠂ ᠲᠠᠷᠢᠶᠠᠯᠠᠩ ᠤᠨ ᠡᠳ᠋ ᠪᠠᠷᠠᠭᠠᠨ ᠤ ᠠᠷᠠᠯᠵᠢᠶᠠᠨ ᠤ ᠵᠠᠬ᠎ᠠ ᠳᠡᠯᠭᠡᠬᠦᠷ ᠢ 1 ᠡᠷᠦᠬᠡ ᠰᠢᠨ᠎ᠡ ᠪᠠᠷ ᠪᠠᠶᠢᠭᠤᠯᠵᠤ᠂ | ᠬᠦᠳᠡᠭᠡ ᠲᠣᠰᠬᠤᠨ ᠤ ᠳᠡᠯᠬᠡᠭᠦᠷ ᠢ 46 ᠡᠷᠦᠬᠡ ᠵᠠᠰᠠᠨ ᠰᠢᠨᠡᠳᠭᠡᠵᠡᠢ᠃ ᠰᠣᠷᠭᠠᠭᠤᠯᠢ ᠶᠢᠨ ᠭᠡᠷ ᠪᠠᠷᠢᠯᠭ᠎ᠠ ᠶᠢᠨ | ᠠᠮᠣᠷ ᠲᠥᠪᠰᠢᠨ ᠤ ᠢᠨᠵᠧᠨᠧᠷᠢᠩ ᠤᠨ ᠭᠤᠷᠪᠠᠨ ᠵᠢᠯ ᠤᠨ ᠶᠡᠷᠦᠩᠬᠡᠢ ᠬᠡᠮᠵᠢᠶ᠎ᠡ ᠶᠢᠨ 96% ᠠᠴᠠ ᠲᠡᠭᠡᠭᠰᠢᠬᠢ ᠶᠢ | ᠪᠡᠶᠡᠯᠡᠭᠦᠯᠵᠥ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠶᠠᠰᠣ ᠴᠢᠨᠠᠷ ᠪᠥᠬᠦ ᠣᠷᠣᠨ ᠤ ᠡᠮᠦᠨᠡᠬᠢ ᠡᠩᠨᠡᠭᠡᠨ | ᠳᠤ ᠣᠷᠣᠵᠣ ᠪᠠᠶᠢᠨ᠎ᠠ᠃ 6755 ᠲᠡᠭᠰᠢ ᠳᠥᠷᠪᠡᠯᠵᠢᠨ ᠮᠧᠲᠷ ᠤᠨ ᠪᠠᠭᠰᠢ ᠨᠠᠷ ᠤᠨ ᠡᠭᠡᠯᠵᠢᠯᠡᠯᠳᠡ ᠶᠢᠨ ᠤᠷᠤᠨ | ᠰᠠᠭᠤᠴᠠ ᠪᠠ ᠣᠷᠳᠣᠰ ᠠᠴᠠ ᠬᠠᠪᠰᠣᠷᠣᠨ ᠪᠠᠶᠢᠭᠤᠯᠣᠭᠰᠡᠨ ᠮᠣᠩᠭᠤᠯ ᠥᠨᠳᠥᠰᠥᠲᠡᠨ ᠤ ᠬᠡᠥᠬᠡᠳ ᠤᠨ ᠴᠡᠴᠡᠷᠯᠢᠭ | ᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠥ᠂ 7 ᠰᠣᠮᠣ ᠪᠠᠯᠭᠠᠰᠦᠨ ᠤ ᠬᠡᠥᠬᠡᠳ ᠤᠨ ᠴᠡᠴᠡᠷᠯᠢᠭ ᠪᠠ | 4 ᠨᠢᠯᠬ᠎ᠠ ᠬᠡᠥᠬᠡᠳ ᠤᠨ ᠰᠣᠷᠭᠠᠨ ᠬᠦᠮᠦᠵᠢᠭᠦᠯᠬᠦ ᠴᠡᠭ ᠤᠨ ᠰᠣᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠠᠢ | ᠃ ᠢᠯᠡ ᠪᠠᠷ ᠣᠷᠢᠨ ᠬᠡᠷᠡᠭᠯᠡᠬᠦ ᠪᠠᠷ ᠳᠠᠮᠵᠢᠨ᠂ 195 ᠨᠡᠷᠡᠰ ᠪᠠᠭᠰᠢ ᠶᠢ ᠣᠷᠢᠨ ᠬᠡᠷᠡᠭᠯᠡᠵᠡᠢ᠃ ᠰᠣᠷᠭᠠᠨ | ᠬᠥᠮᠥᠵᠢᠯ ᠤᠨ ᠠᠷᠠᠳ ᠲᠤ ᠠᠰᠢᠭ ᠬᠥᠷᠲᠡᠭᠡᠬᠦ ᠪᠡᠯᠡ ᠮᠥᠩᠭᠦ ᠶᠢ 4100 ᠲᠥᠮᠡᠨ ᠲᠥᠭᠦᠷᠢᠭ | ᠨᠠᠶᠢᠳᠠᠪᠣᠷᠢᠵᠢᠭᠤᠯᠵᠣ᠂ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠ ᠠᠮᠢᠳᠣᠷᠠᠯ ᠨᠢ ᠬᠥᠴᠢᠷᠳᠡᠯᠲᠡᠢ ᠥᠨᠳᠥᠷ ᠵᠡᠷᠭᠡ | ᠶᠢᠨ ᠳᠣᠮᠳᠠᠳᠣ ᠰᠣᠷᠭᠠᠭᠤᠯᠢ ᠳᠤ ᠪᠠᠶᠢᠭ᠎ᠠ ᠰᠣᠷᠣᠭᠴᠢ ᠶᠢᠨ ᠰᠣᠷᠣᠯᠭ᠎ᠠ ᠶᠢᠨ ᠰᠥᠢᠳᠭᠡᠯ᠂ ᠨᠤᠮ ᠳᠡᠪᠲᠡᠷ ᠤᠨ | ᠰᠦᠢᠳᠭᠡᠯ ᠪᠠ ᠪᠠᠶᠢᠷᠢ ᠶᠢᠨ ᠰᠦᠢᠳᠭᠡᠯ ᠢ ᠬᠡᠯᠲᠥᠷᠢᠭᠦᠯᠵᠡᠢ᠃ ︽ᠪᠦᠬᠦ ᠠᠶᠢᠮᠠᠭ ᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠳᠣᠬᠠᠢ ᠶᠢᠨ ᠭᠠᠵᠠᠷ ᠤᠨ ᠦᠵᠡᠬᠦᠯᠦᠯᠭᠡ ᠶᠢᠨ ᠬᠤᠷᠠᠯ︾ ᠢ ᠠᠮᠵᠢᠯᠲᠠ ᠲᠠᠢ ᠡᠷᠬᠢᠯᠡᠵᠤ᠂ ︽ | ᠪᠦᠬᠦ ᠤᠷᠤᠨ ᠤ ᠰᠤᠷᠭᠠᠭᠤᠯᠢ ᠶᠢᠨ ᠬᠠᠮᠢᠶᠠᠷᠤᠯᠲᠠ ᠶᠢᠨ ᠲᠡᠷᠢᠬᠦᠨ ᠤ ᠬᠤᠰᠢᠭᠤ︾ ᠶᠢ ᠡᠭᠦᠳᠦᠨ ᠪᠠᠶᠢᠭᠤᠯᠬᠤ | ᠠᠵᠢᠯᠯᠠᠭᠠᠨ ᠢ ᠦᠷᠨᠢᠬᠦᠯᠵᠡᠢ᠃ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠮᠠᠯᠵᠢᠬᠤ ᠣᠷᠣᠨ ᠤ ᠬᠤᠷᠰᠢᠭᠰᠠᠨ ᠡᠮ | ᠡᠮᠨᠡᠯᠭᠡ ᠶᠢᠨ ᠬᠥᠮᠥᠨ ᠳᠣᠮᠳᠠᠴᠢ ᠪᠠᠷ ᠶᠡᠷᠥᠩᠬᠡᠢ ᠪᠡᠯᠡ ᠬᠤᠷᠠᠮᠳᠣᠭᠤᠯᠬᠤ ᠬᠢᠷᠢ ᠲᠥᠪᠰᠢᠨ ᠢ 90 ᠲᠥᠭᠦᠷᠢᠭ | ᠳᠡᠭᠡᠭᠰᠢᠯᠡᠭᠦᠯᠵᠥ᠂ ᠪᠥᠬᠦ ᠵᠢᠯ ᠳᠤ ᠡᠮ ᠡᠮᠨᠡᠯᠭᠡ ᠶᠢᠨ ᠰᠥᠢᠳᠭᠡᠯ ᠢ 3450 ᠲᠥᠮᠡᠨ ᠲᠥᠭᠦᠷᠢᠭ ᠳᠠᠩᠰᠠ | ᠳᠠᠶᠢᠯᠠᠵᠣ᠂ ᠬᠦᠮᠦᠨ ᠪᠦᠷᠢ 2201 ᠲᠦᠭᠦᠷᠢᠭ ᠤᠨ ᠳᠠᠩᠰᠠ ᠲᠠᠶᠢᠯᠠᠵᠤ᠂ ᠳᠠᠷᠣᠭᠠᠰᠣ ᠶᠢ ᠬᠥᠩᠭᠡᠷᠡᠭᠦᠯᠥᠭᠰᠡᠨ | ᠨᠣᠷᠮ᠎ᠠ 56.5% ᠳᠤ ᠬᠥᠷᠴᠡᠢ᠃ ᠶᠡᠷᠥᠩᠬᠡᠢ ᠪᠡᠯᠡ ᠣᠷᠣᠭᠤᠯᠣᠯᠳᠠ ᠨᠢ 3600 ᠲᠥᠮᠡᠨ ᠲᠥᠭᠦᠷᠢᠭ ᠤᠨ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠠᠰᠠᠷ ᠢ ᠠᠵᠢᠯ ᠡᠬᠢᠯᠡᠭᠦᠯᠥᠨ | ᠪᠠᠶᠢᠭᠤᠯᠵᠠᠢ᠃ ᠴᠠᠭᠠᠨ ᠬᠠᠷᠠᠩ ᠤᠨ ᠮᠡᠰᠡ ᠵᠠᠰᠠᠯ ᠢ 183 ᠬᠢᠵᠤ᠂ ᠰᠤᠬᠤᠷ ᠠᠴᠠ ᠰᠠᠯᠤᠭᠰᠠᠨ ᠨᠤᠷᠮ᠎ᠠ | 98% ᠳᠤ ᠬᠥᠷᠴᠡᠢ᠃ ᠬᠥᠳᠡᠭᠡ ᠲᠣᠰᠬᠤᠨ ᠤ ᠡᠮᠴᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠥ᠂ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠦᠷᠦᠭᠡ ᠶᠢᠨ ᠨᠥᠬᠦᠪᠥᠷᠢ ᠮᠥᠩᠭᠦ ᠶᠢ 126 ᠲᠥᠮᠡᠨ | ᠲᠥᠭᠦᠷᠢᠭ ᠨᠠᠶᠢᠳᠠᠪᠣᠷᠢᠵᠢᠭᠤᠯᠵᠠᠢ᠃ ᠥᠨᠳᠥᠰᠥᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ | ᠵᠠᠷᠣᠳᠠᠯ ᠤᠨ ᠪᠠᠷᠢᠮᠵᠢᠶ᠎ᠠ ᠶᠢ ᠲᠡᠭᠡᠭᠰᠢᠯᠡᠭᠦᠯᠦᠭᠡᠳ 25 ᠲᠥᠭᠦᠷᠢᠭ ᠪᠤᠯᠭᠠᠵᠠᠢ᠃ ᠰᠢᠯᠢᠳᠡᠭ ᠲᠦᠷᠦᠵᠤ ᠰᠢᠯᠢᠳᠡᠭ | ᠦᠰᠭᠡᠬᠦ ᠢᠨᠵᠧᠨᠧᠷᠢᠩ ᠢ ᠬᠡᠷᠡᠭᠵᠢᠬᠦᠯᠵᠤ᠂ ᠬᠦᠮᠦᠨ ᠠᠮᠠ ᠶᠢᠨ ᠠᠶᠠᠨᠳᠠᠭᠠᠨ ᠤ ᠦᠰᠦᠯᠲᠡ ᠶᠢᠨ ᠨᠤᠷᠮ᠎ᠠ 4. | 59‰ ᠳᠤ ᠬᠦᠷᠴᠡᠢ᠃ | ᠨᠠᠮ ᠤᠨ ᠥᠨᠳᠥᠰᠥᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠥᠨᠳᠥᠰᠥᠲᠡᠨ | ᠤ ᠪᠥᠯᠬᠦᠮᠳᠡᠯ ᠢ ᠬᠠᠮᠠᠭᠠᠯᠠᠵᠠᠢ᠃ ᠣᠯᠣᠰ ᠤᠨ ᠪᠠᠲᠣᠯᠠᠨ ᠬᠠᠮᠠᠭᠠᠯᠠᠯᠲᠠ ᠪᠠ ᠡᠷᠥᠬᠡ ᠶᠢᠨ ᠴᠡᠷᠢᠭ ᠤᠨ | ᠪᠠᠶᠢᠭᠤᠯᠣᠯᠲᠠ ᠶᠢ ᠬᠠᠯᠠᠮᠵᠢᠯᠠᠵᠣ᠂ ᠨᠠᠰᠣᠲᠠᠶᠢᠴᠣᠳ᠂ ᠡᠮᠡᠭᠲᠡᠶᠢᠴᠥᠳ᠂ ᠬᠡᠥᠬᠡᠳ ᠪᠠᠭᠠᠴᠣᠳ ᠪᠠ ᠵᠡᠮᠳᠡᠭᠴᠥᠳ | ᠤᠨ ᠠᠵᠢᠯ ᠥᠢᠯᠡᠰ ᠢ ᠶᠡᠬᠡᠪᠡᠷ ᠳᠡᠮᠵᠢᠵᠥ᠂ ᠣᠯᠠᠭᠠᠨ ᠵᠠᠭᠠᠯᠮᠠᠶᠢᠲᠠᠨ᠂ ᠱᠠᠰᠢᠨ ᠰᠣᠷᠲᠠᠬᠤᠨ᠂ ᠣᠶᠢᠯᠠᠯᠭ᠎ᠠ᠂ ᠳᠠᠩᠰᠠ | ᠡᠪᠬᠡᠮᠡᠯ᠂ ᠲᠤᠭ᠎ᠠ ᠪᠥᠷᠢᠳᠭᠡᠯ᠂ ᠠᠭᠠᠷ ᠤᠨ ᠰᠡᠷᠭᠡᠶᠢᠯᠡᠯᠲᠡ᠂ ᠴᠠᠭ ᠠᠭᠤᠷ ᠵᠡᠷᠭᠡ ᠡᠯ᠎ᠡ ᠵᠥᠢᠯ ᠤᠨ ᠠᠵᠢᠯ ᠥᠢᠯᠡᠰ | ᠤᠨ ᠰᠢᠨ᠎ᠡ ᠬᠥᠭᠵᠢᠯᠲᠡ ᠶᠢ ᠪᠡᠶᠡᠯᠡᠭᠦᠯᠵᠡᠢ᠃ | ︵ᠵᠢᠷᠭᠤᠭ᠎ᠠ︶ ᠵᠠᠰᠠᠭ ᠤᠨ ᠣᠷᠳᠣᠨ ᠤ ᠴᠢᠳᠠᠪᠦᠷᠢ ᠶᠢᠨ ᠪᠠᠶᠢᠭᠤᠯᠣᠯᠲᠠ ᠶᠢ ᠪᠦᠬᠦ ᠲᠠᠯ᠎ᠠ ᠪᠠᠷ ᠬᠦᠭᠵᠢᠬᠦᠯᠵᠤ | ᠂ ᠬᠥᠭᠵᠢᠯᠲᠡ ᠶᠢᠨ ᠴᠢᠳᠠᠪᠣᠷᠢ ᠮᠡᠳᠡᠭᠳᠡᠮ᠎ᠡ ᠳᠡᠭᠡᠭᠰᠢᠯᠡᠵᠡᠢ᠃ ᠭᠤᠣᠯᠳᠠᠯᠭ᠎ᠠ ᠲᠠᠢ ᠬᠡᠪᠴᠢᠶᠡᠨ ᠤ ᠥᠭᠡᠷᠡᠴᠢᠯᠡᠯᠲᠡ ᠶᠢ | ᠲᠣᠭᠲᠠᠭᠤᠨ ᠠᠬᠢᠭᠤᠯᠵᠠᠢ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠥ᠂ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠢ ᠴᠣᠮᠬᠠᠳᠬᠠᠭᠠᠳ 25 ᠪᠣᠯᠭᠠᠵᠠᠢ᠃ ᠬᠠᠮᠲᠣ ᠶᠢᠨ ᠣᠢ | ᠰᠢᠭᠤᠢ ᠶᠢᠨ ᠡᠷᠬᠡ ᠶᠢᠨ ᠳᠥᠷᠢᠮ ᠤᠨ ᠭᠤᠣᠯ ᠴᠣᠭᠴᠠ ᠶᠢᠨ ᠥᠭᠡᠷᠡᠴᠢᠯᠡᠯᠲᠡ ᠠᠶᠢᠮᠠᠭ ᠤᠨ ᠳᠡᠰ ᠤᠨ ᠰᠢᠯᠭᠠᠨ | ᠬᠤᠷᠢᠶᠠᠯᠲᠠ ᠶᠢ ᠣᠷᠣᠭᠰᠢᠲᠠᠢ ᠦᠩᠭᠡᠷᠡᠭᠡᠵᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠯ ᠤᠨ | ᠥᠭᠡᠷᠡᠴᠢᠯᠡᠯᠲᠡ ᠶᠢ ᠲᠠᠰᠣᠷᠠᠯᠲᠠ ᠥᠭᠡᠢ ᠭᠥᠨᠵᠡᠭᠡᠶᠢᠷᠡᠬᠦᠯᠵᠥ᠂ ᠣᠯᠣᠰ ᠤᠨ ᠥᠨᠳᠥᠰᠥᠨ ᠡᠮ ᠡᠮᠨᠡᠯᠭᠡ ᠶᠢᠨ | ᠳᠥᠷᠢᠮ ᠢ ᠬᠡᠷᠡᠭᠵᠢᠭᠦᠯᠵᠥ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ | ᠲᠣᠷᠰᠢᠯᠲᠠ ᠶᠢᠨ ᠴᠡᠭ ᠤᠨ ᠠᠵᠢᠯ ᠢ ᠲᠣᠭᠲᠠᠭᠤᠨ ᠠᠬᠢᠭᠤᠯᠵᠤ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ᠂ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠦᠷᠦᠭᠡ ᠶᠢᠨ ᠨᠢᠭᠡ ᠴᠣᠭᠴᠠᠵᠢᠯᠠᠯᠲᠠ ᠶᠢᠨ ᠬᠠᠮᠢᠶᠠᠷᠤᠯᠲᠠ ᠶᠢ | ᠪᠡᠶᠡᠯᠡᠬᠦᠯᠵᠡᠢ᠃ ᠬᠤᠰᠢᠭᠤᠨ ᠤ ᠨᠢᠭᠲᠠᠯᠠᠨ ᠲᠣᠭᠠᠴᠠᠭ᠎ᠠ ᠬᠢᠬᠦ ᠲᠥᠪ ᠢ ᠥᠭᠡᠶᠢᠰᠭᠡᠵᠥ᠂ ᠰᠠᠯᠠᠭ᠎ᠠ ᠮᠥᠴᠢᠷ ᠤᠨ | ᠲᠥᠰᠥᠪ ᠪᠠ ᠣᠯᠣᠰ ᠤᠨ ᠬᠥᠮᠥᠷᠭᠡ ᠠᠴᠠ ᠲᠥᠪᠯᠡᠷᠡᠭᠦᠯᠥᠨ ᠥᠭᠬᠦ ᠶᠢ ᠴᠢᠩᠭᠠᠷᠠᠭᠤᠯᠵᠣ᠂ ᠣᠯᠣᠰ ᠤᠨ | ᠥᠮᠴᠢᠯᠡᠯᠲᠥ ᠡᠳ᠋ ᠬᠥᠷᠥᠩᠭᠡ ᠶᠢᠨ ᠬᠠᠮᠢᠶᠠᠷᠣᠯᠲᠠ ᠶᠢ ᠪᠦᠬᠦ ᠳᠠᠯ᠎ᠠ ᠪᠠᠷ ᠴᠢᠩᠭᠠᠳᠬᠠᠵᠠᠢ᠃ ᠨᠡᠶᠢᠭᠡᠮ ᠤᠨ | ᠬᠠᠮᠢᠶᠠᠷᠣᠯᠲᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠡᠢ᠃ ᠬᠤᠰᠢᠭᠤᠨ ᠤ ᠳᠡᠰ ᠤᠨ ᠤᠳᠤᠷᠢᠳᠤᠯᠭ᠎ᠠ ᠶᠢᠨ | ᠵᠠᠬᠢᠳᠠᠯ ᠰᠣᠷᠪᠤᠯᠵᠢᠯᠠᠭ᠎ᠠ ᠶᠢ ᠬᠦᠯᠢᠶᠡᠬᠦ᠂ ᠺᠠᠳ᠋ᠷ ᠳᠤᠷᠤᠭᠰᠢ ᠪᠠᠭᠤᠵᠤ ᠰᠤᠷᠪᠤᠯᠵᠢᠯᠠᠭ᠎ᠠ ᠬᠦᠯᠢᠶᠡᠬᠦ ᠠᠵᠢᠯᠯᠠᠭᠠᠨ ᠢ | ᠦᠷᠨᠢᠬᠦᠯᠵᠤ᠂ ᠵᠠᠬᠢᠳᠠᠯ ᠰᠣᠷᠪᠣᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠭᠡᠢ ᠪᠣᠯᠭᠠᠵᠣ᠂ | ᠵᠠᠬᠢᠳᠠᠯ ᠰᠣᠷᠪᠣᠯᠵᠢᠯᠠᠭ᠎ᠠ ᠶᠢᠨ ᠶᠡᠷᠥᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 49.4% ᠪᠠᠷ ᠪᠠᠭᠤᠷᠠᠵᠠᠢ | ᠃ ︽ᠠᠮᠣᠷ ᠲᠠᠶᠢᠪᠣᠩ ᠳᠣᠮᠳᠠᠳᠣ ᠬᠤᠰᠢᠭᠤ︾ ᠶᠢ ᠡᠭᠦᠳᠥᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠥ᠂ | ᠬᠥᠨᠳᠥ ᠶᠡᠭᠡ ᠨᠡᠶᠢᠭᠡᠮ ᠤᠨ ᠠᠮᠣᠷ ᠲᠥᠪᠰᠢᠨ ᠤ ᠶᠠᠪᠣᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ | ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠥ᠂ ᠨᠡᠶᠢᠭᠡᠮ ᠤᠨ ᠠᠮᠣᠷ ᠲᠦᠪᠰᠢᠨ ᠢ ᠬᠠᠮᠠᠭᠠᠯᠠᠨ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ︽ᠬᠤᠷᠯᠣ ᠪᠢᠰᠢᠯᠭᠠᠯ︾ ᠵᠡᠷᠭᠡ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠲᠠ ᠲᠠᠢ | ᠲᠡᠮᠡᠴᠡᠬᠦ ᠶᠢ ᠪᠠᠷᠢᠮᠲᠠᠯᠠᠵᠤ᠂ ᠨᠡᠶᠢᠭᠡᠮ ᠤᠨ ᠣᠯᠣᠰ ᠲᠦᠷᠦ ᠡᠶ᠎ᠡ ᠲᠤᠭᠳᠠᠭᠤᠨ᠃ ︽ᠵᠢᠷᠭᠤᠳᠣᠭᠠᠷ ᠲᠠᠪᠤ︾ ᠶᠢᠨ | ᠬᠠᠥᠯᠢ ᠶᠢ ᠲᠦᠭᠡᠮᠡᠯᠵᠢᠭᠦᠯᠬᠦ ᠠᠵᠢᠯ ᠤᠨ ᠠᠬᠢᠴᠠ ᠶᠢ ᠨᠠᠷᠢᠨ ᠬᠢᠨᠠᠮᠠᠭᠠᠢ ᠦᠷᠨᠢᠭᠦᠯᠵᠦ᠂ ᠬᠠᠥᠯᠢ ᠪᠠᠷ ᠬᠤᠰᠢᠭᠤ ᠪᠠᠨ | ᠵᠠᠰᠠᠬᠤ ᠠᠬᠢᠴᠠ ᠶᠢ ᠪᠦᠬᠦ ᠲᠠᠯ᠎ᠠ ᠪᠠᠷ ᠠᠬᠢᠭᠤᠯᠵᠠᠢ᠃ ᠠᠷᠠᠳ ᠤᠨ ᠡᠶᠡᠲᠡᠬᠦᠯᠬᠦ ᠠᠵᠢᠯ ᠢ ᠦᠷᠨᠢᠬᠦᠯᠵᠤ᠂ ᠪᠦᠬᠦ | ᠠᠶᠢᠮᠠᠭ ᠲᠤ ᠬᠠᠮᠤᠭ ᠲᠡᠷᠢᠬᠦᠨ ᠤ ᠵᠠᠮ ᠬᠠᠷᠢᠯᠴᠠᠭᠠᠨ ᠤ ᠭᠡᠨᠡᠳᠡᠯ ᠤᠨ ᠠᠷᠠᠳ ᠤᠨ ᠡᠶᠡᠲᠡᠬᠦᠯᠬᠦ ᠵᠦᠪᠯᠡᠯ ᠢ | ᠪᠠᠶᠢᠭᠤᠯᠵᠠᠢ᠃ ᠠᠶᠣᠯᠭᠦᠢ ᠪᠠᠷ ᠦᠢᠯᠡᠳᠪᠦᠷᠢᠯᠡᠬᠦ ᠶᠢ ᠴᠢᠩᠭᠠᠳᠬᠠᠵᠦ᠂ ᠠᠭᠤᠷᠬᠠᠢ ᠶᠢᠨ ᠠᠵᠤ ᠠᠬᠤᠶᠢᠯᠠᠯ ᠤᠨ | ᠬᠢᠨᠠᠨ ᠬᠠᠮᠢᠶᠠᠷᠣᠯᠲᠠ ᠶᠢ ᠴᠢᠩᠭᠠᠳᠬᠠᠵᠤ᠂ ᠪᠠᠭ᠎ᠠ ᠬᠡᠯᠪᠡᠷᠢ ᠶᠢᠨ ᠲᠡᠮᠦᠷ ᠬᠠᠶᠢᠯᠣᠭᠤᠯᠬᠤ᠂ ᠣᠷᠬᠢᠭᠳᠠᠭᠰᠡᠨ | ᠠᠭᠤᠷᠬᠠᠢ ᠶᠢᠨ ᠬᠤᠳᠳᠤᠭ ᠲᠤ ᠬᠠᠥᠯᠢ ᠶᠤᠰᠥᠭᠠᠷ ᠳᠡᠯᠪᠡᠷᠡᠯᠲᠡ ᠬᠢᠵᠤ ᠪᠦᠭᠯᠡᠵᠡᠢ᠃ ᠪᠦᠬᠦ ᠬᠤᠰᠢᠭᠤᠨ ᠤ | ᠠᠶᠣᠯᠭᠦᠢ ᠪᠠᠷ ᠦᠢᠯᠡᠳᠪᠦᠷᠢᠯᠡᠬᠦ ᠶᠡᠷᠦᠩᠬᠡᠢ ᠪᠠᠶᠢᠳᠠᠯ ᠠᠮᠣᠷ ᠲᠣᠭᠳᠠᠭᠤᠨ᠂ ᠢᠳᠡᠭᠡᠨ ᠡᠮ ᠤᠨ ᠵᠦᠢᠯ ᠠᠮᠤᠷ | ᠲᠦᠪᠰᠢᠨ ᠤ ᠲᠤᠰᠬᠠᠢ ᠵᠦᠢᠯ ᠤᠨ ᠵᠠᠰᠠᠨ ᠴᠡᠭᠴᠡᠯᠡᠯᠲᠠ ᠶᠢᠨ ᠠᠵᠢᠯ ᠤᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ | ᠵᠠᠬ᠎ᠠ ᠳᠡᠯᠭᠡᠭᠦᠷ ᠤᠨ ᠡᠮᠬᠢ ᠳᠢᠭᠯᠢᠮ ᠲᠦᠷᠢᠮᠵᠢᠯ ᠲᠠᠢ ᠪᠤᠯᠵᠠᠢ᠃ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠠᠢ᠃ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠡᠭᠦᠳᠦᠨ | ᠪᠠᠶᠢᠭᠤᠯᠬᠤ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠰᠤᠮᠤ ᠪᠠᠯᠭᠠᠰᠤᠨ ᠤ ᠠᠷᠠᠳ ᠲᠤ ᠳᠦᠭᠦᠮ ᠦᠵᠡᠭᠦᠯᠬᠦ | ᠦᠢᠯᠡᠴᠢᠯᠡᠭᠡᠨ ᠤ ᠲᠦᠪ ᠢ 6᠂ ᠭᠠᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠲᠡᠭᠡ ᠶᠢ 48᠂ ᠤᠷᠤᠯᠠᠨ | ᠡᠷᠬᠢᠯᠡᠬᠦ ᠴᠡᠭ ᠶᠢ 123 ᠪᠠᠶᠢᠭᠤᠯᠵᠤ᠂ ᠤᠯᠠᠨ ᠲᠦᠮᠨᠨ ᠳᠤ ᠳᠦᠭᠦᠮ ᠦᠵᠡᠬᠦᠯᠵᠡᠢ᠃ ᠬᠦᠳᠡᠭᠡ ᠳᠣᠰᠬᠤᠨ | ᠮᠠᠯᠵᠢᠬᠤ ᠣᠷᠣᠨ ᠤ ︽ᠭᠤᠷᠪᠠᠨ ᠪᠡᠯᠡ︾ ᠶᠢ ᠴᠡᠭᠴᠡᠯᠡᠬᠦ ᠠᠵᠢᠯ ᠢ ᠢᠳᠡᠪᠬᠢᠲᠡᠢ ᠠᠬᠢᠭᠤᠯᠵᠢ᠃ ᠡᠯᠧᠺᠲᠷᠤᠨ | ᠵᠠᠰᠠᠭ ᠤᠨ ᠶᠠᠪᠤᠳᠠᠯ ᠤᠨ ᠭᠤᠣᠯᠳᠠᠯᠭᠠᠳᠣ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠤᠷᠳᠤᠨ ᠤ | ᠲᠤᠤᠷ ᠰᠦᠯᠵᠢᠶᠡᠨ ᠤ ᠵᠠᠰᠠᠭ ᠤᠨ ᠶᠠᠪᠣᠳᠠᠯ ᠢ ᠢᠯᠡ ᠪᠤᠯᠭᠠᠬᠤ ᠲᠠᠪᠴᠠᠩ ᠤᠨ ᠦᠢᠯᠡᠳᠦᠯ ᠲᠠᠰᠤᠷᠠᠯᠲᠠ ᠦᠭᠡᠢ | ᠢᠯᠡᠷᠡᠵᠦ ᠪᠠᠶᠢᠨ᠎ᠠ᠃ ᠬᠠᠥᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠠᠵᠢᠯ ᠤᠨ | ᠮᠡᠲᠡᠯᠡᠭᠦᠯᠥᠯᠲᠡ ᠬᠢᠵᠥ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠵᠦᠪᠯᠡᠯᠭᠡᠨ ᠲᠠᠢ ᠬᠠᠷᠢᠯᠴᠠᠵᠤ᠂ | ᠨᠡᠶᠢᠭᠡᠮ ᠤᠨ ᠡᠯ᠎ᠡ ᠡᠳᠡᠭᠡᠳ ᠤᠨ ᠬᠢᠨᠠᠯᠲᠠ ᠶᠢ ᠦᠷᠭᠡᠨ ᠢᠶᠠᠷ ᠬᠦᠯᠢᠶᠡᠵᠦ᠂ ᠪᠦᠬᠦ ᠵᠢᠯ ᠳᠤ ᠠᠷᠠᠳ ᠤᠨ | ᠲᠦᠯᠦᠭᠡᠯᠡᠭᠴᠢᠳ ᠤᠨ ᠵᠦᠪᠯᠡᠯᠭᠡ᠂ ᠰᠠᠨᠠᠭᠤᠯᠭ᠎ᠠ ᠶᠢ 21᠂ ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ | 47 ᠶᠢ ᠭᠦᠢᠴᠡᠳᠭᠡᠵᠦ᠂ ᠭᠦᠢᠴᠡᠳᠭᠡᠭᠰᠡᠨ ᠨᠤᠷᠮ᠎ᠠ 100% ᠳᠤ ᠬᠦᠷᠴᠡᠢ᠃ ︽ᠭᠤᠷᠪᠠᠨ ᠴᠢᠬᠤᠯᠠ ᠨᠢᠭᠡ | ᠶᠡᠭᠡ︾ ᠵᠡᠷᠭᠡ ᠶᠢᠨ ᠬᠤᠯᠪᠤᠭᠳᠠᠯ ᠪᠦᠬᠦᠢ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ | ᠶᠠᠪᠤᠳᠠᠯ ᠢ ᠭᠡᠷᠡᠴᠢᠯᠡᠬᠦ᠂ ᠠᠰᠠᠭᠤᠨ ᠰᠤᠷᠠᠭᠯᠠᠬᠤ ᠳᠦᠷᠢᠮ ᠢ ᠲᠡᠭᠦᠯᠳᠡᠷᠵᠢᠭᠦᠯᠦᠨ᠂ ᠢᠨᠵᠢᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠲᠤᠪᠤᠶᠢᠮ᠎ᠠ ᠠᠰᠠᠭᠤᠳᠠᠯ ᠤᠨ ᠲᠤᠰᠬᠠᠢ ᠵᠦᠢᠯ ᠤᠨ ᠵᠠᠰᠠᠨ ᠴᠡᠭᠴᠡᠯᠡᠯᠲᠡ ᠶᠢ | ᠢᠳᠡᠪᠬᠢᠲᠡᠢ ᠦᠷᠨᠢᠭᠦᠯᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠪᠡᠯᠡ | ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ᠂ ᠠᠷᠠᠳᠴᠢᠯᠠᠯ ᠢᠶᠠᠷ | ᠵᠠᠰᠠᠭ ᠪᠠᠷᠢᠬᠤ᠂ ᠰᠢᠨᠵᠢᠯᠡᠬᠦ ᠤᠬᠠᠭᠠᠨᠴᠢ ᠪᠠᠷ ᠵᠠᠰᠠᠭ ᠪᠠᠷᠢᠬᠤ ᠬᠢᠷᠢ ᠲᠦᠪᠰᠢᠨ ᠢ ᠤᠯᠠᠮ ᠨᠢᠭᠡ ᠠᠯᠬᠤᠮ | ᠲᠡᠭᠡᠭᠰᠢᠯᠡᠭᠦᠯᠵᠡᠢ᠃ |