| ᠵᠠᠰᠠᠭ ᠤᠨ ᠣᠷᠳᠣᠨ ᠤ ᠠᠵᠢᠯ ᠤᠨ ᠢᠯᠡᠳᠬᠡᠯ | | ———2012 ᠣᠨ ᠤ 2 ᠳ᠋ᠣᠭᠠᠷ ᠰᠠᠷ᠎ᠠ ᠶᠢᠨ 11 ᠤ ᠡᠳᠦᠷ ᠬᠤᠰᠢᠭᠤᠨ ᠤ ᠠᠷᠪᠡᠨ | ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠣᠳᠠᠭᠠᠨ | ᠤ ᠬᠤᠷᠠᠯ ᠲᠡᠭᠡᠷ᠎ᠡ | | ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠲᠠᠷᠤᠭ᠎ᠠ ᠵᠠᠩ ᠪᠢᠩ ᠢᠦᠢ | ᠲᠦᠯᠦᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠥ᠂ ᠡᠯ᠎ᠡ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠠ | ᠬᠤᠷᠠᠯ ᠳᠤ ᠰᠣᠯᠠ ᠣᠷᠣᠯᠴᠠᠭᠰᠡᠳ ᠰᠠᠨᠠᠯ ᠢᠶᠠᠨ ᠲᠣᠷᠠᠳᠬᠤ ᠪᠣᠯᠪᠠᠥ ᠃ | ᠨᠢᠭᠡ᠂ 2011 ᠣᠨ ᠤ ᠠᠵᠢᠯ ᠤᠨ ᠲᠣᠪᠴᠢ ᠡᠷᠭᠢᠴᠡᠭᠦᠯᠦᠯ | 2011 ᠣᠨ ᠪᠣᠯ ︽ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠦᠪᠵᠢᠬᠦᠯᠬᠡ ᠶᠢᠨ ᠡᠬᠢᠯᠡᠯᠳᠡ ᠶᠢᠨ | ᠵᠢᠯ᠂ ᠮᠦᠨ ᠴᠦ ᠪᠢᠳᠡᠨ ᠤ ᠣᠷᠭᠢᠯᠣᠮ᠎ᠠ ᠬᠠᠯᠠᠭᠤᠨ ᠰᠡᠳᠬᠢᠯᠭᠡ ᠪᠠᠷ ᠪᠦᠬᠦ ᠬᠤᠰᠢᠭᠤᠨ ᠤ ᠠᠵᠣ ᠠᠬᠤᠢ ᠨᠡᠶᠢᠭᠡᠮ | ᠤᠨ ᠲᠦᠷᠭᠡᠨ ᠬᠦᠭᠵᠢᠯᠳᠡ ᠶᠢ ᠠᠬᠢᠭᠤᠯᠣᠭᠰᠡᠨ ᠵᠢᠯ ᠪᠣᠯᠣᠨ᠎ᠠ᠃ ᠨᠢᠭᠡ ᠵᠢᠯ ᠤᠨ ᠲᠣᠷᠰᠢ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠲᠠᠢ ᠣᠳᠣᠷᠢᠳᠤᠯᠭ᠎ᠠ ᠳᠤᠤᠷ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ | ᠪᠠ ᠲᠡᠮᠵᠢᠯᠭᠡ ᠳᠤᠤᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠨ ᠲᠠᠶᠢᠴᠢᠯᠠᠵᠦ᠂ ︽ᠲᠦᠷᠪᠡᠨ ᠶᠡᠭᠡ ᠬᠤᠪᠢᠷᠠᠯᠳᠠ︾ ᠶᠢ | ᠲᠦᠷᠭᠡᠳᠬᠡᠨ ᠠᠬᠢᠭᠤᠯᠵᠦ᠂ ︽ᠲᠦᠷᠪᠡᠨ ᠶᠡᠭᠡ ᠰᠠᠭᠤᠷᠢᠨ ᠭᠠᠵᠠᠷ︾ ᠢ ᠬᠦᠴᠦᠯᠡᠨ ᠪᠠᠶᠢᠭᠤᠯᠵᠣ᠂ ᠪᠦᠬᠦ ᠬᠦᠴᠦᠨ | ᠢᠶᠠᠷ ᠢᠶᠠᠨ ᠨᠡᠮᠡᠭᠳᠡᠯ᠂ ᠠᠷᠠᠳ ᠤᠨ ᠠᠮᠢᠳᠣᠷᠠᠯ᠂ ᠠᠮᠣᠷ ᠲᠣᠭᠳᠠᠭᠤᠨ ᠢ ᠪᠠᠳᠣᠯᠠᠨ᠂ ᠪᠦᠬᠦ ᠵᠢᠯ ᠤᠨ ᠡᠯ᠎ᠡ ᠵᠦᠢᠯ | ᠤᠨ ᠡᠭᠦᠷᠬᠡ ᠬᠠᠷᠠᠯᠳᠠ ᠪᠠᠨ ᠣᠷᠣᠭᠰᠢᠲᠠᠢ ᠪᠡᠶᠡᠯᠡᠭᠦᠯᠵᠠᠢ᠃ ᠪᠦᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠥᠩᠬᠡᠢ ᠦᠷᠲᠡᠭ 38.3 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ23.2% ᠢᠶᠠᠷ ᠨᠡᠮᠡᠭᠳᠡᠵᠠᠢ᠃ ᠭᠤᠷᠪᠠᠨ ᠠᠵᠣ ᠦᠢᠯᠡᠰ ᠤᠨ ᠬᠠᠷᠢᠴᠠᠯ ᠢ 2010 ᠣᠨ | ᠤ 40.4᠄ 26.1᠄ 33.5 ᠠᠴᠠ 2011ᠣᠨ ᠤ 36.6᠄ 32.6᠄ 30.8 ᠪᠣᠯᠭᠠᠵᠦ᠂ ᠠᠵᠣ ᠦᠢᠯᠡᠰ | ᠤᠨ ᠪᠦᠳᠦᠴᠡ ᠣᠯᠠᠮ ᠨᠢᠭᠡ ᠠᠯᠬᠤᠮ ᠰᠢᠯᠢᠳᠡᠭᠵᠢᠵᠠᠢ᠃ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ | ᠣᠷᠣᠭᠤᠯᠣᠯᠳᠠ 59.3 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36. | 8% ᠪᠠᠷ ᠨᠡᠮᠡᠭᠳᠡᠵᠠᠢ᠃ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠡᠨ ᠶᠡᠷᠥᠩᠬᠡᠢ ᠲᠤᠭ᠎ᠠ | 15 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠵᠠᠢ᠃ | ᠠᠷᠠᠯᠵᠢᠶᠠᠴᠢᠨ ᠣᠷᠢᠵᠤ ᠪᠡᠯᠡ ᠤᠷᠤᠭᠤᠯᠤᠭᠰᠠᠨ ᠲᠤᠭ᠎ᠠ 31.97 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 28% ᠪᠠᠷ ᠨᠡᠮᠡᠭᠳᠡᠵᠠᠢ᠃ ᠡᠳ᠋ ᠤᠨ ᠵᠠᠰᠠᠭ ᠤᠨ ᠣᠷᠣᠯᠭ᠎ᠠ 2.3 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39.4% ᠪᠠᠷ ᠨᠡᠮᠡᠭᠳᠡᠵᠠᠢ᠃ | ᠬᠤᠳᠠ ᠪᠠᠯᠭᠠᠰᠥᠨ ᠤ ᠰᠠᠭᠤᠭᠠᠯᠢ ᠠᠷᠠᠳ ᠤᠨ ᠬᠦᠮᠦᠨ ᠪᠥᠷᠢ ᠶᠢᠨ ᠡᠵᠡᠮᠳᠡᠵᠥ ᠪᠣᠯᠬᠤᠶᠢᠴᠠ ᠣᠷᠣᠯᠭ᠎ᠠ ᠪᠠ | ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠲᠣᠮᠳᠠᠴᠢ ᠴᠡᠪᠡᠷ ᠣᠷᠣᠯᠭ᠎ᠠ ᠲᠣᠰ ᠪᠦᠷᠢ 11906 ᠲᠦᠭᠦᠷᠢᠭ | ᠪᠠ 4013 ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3% ᠪᠠ 12.2% ᠢᠶᠠᠷ | ᠨᠡᠮᠡᠭᠳᠡᠵᠠᠢ᠃ | ︵ᠨᠢᠭᠡ︶ ᠠᠵᠦ ᠦᠢᠯᠡᠳᠪᠦᠷᠢ ᠶᠢᠨ ᠠᠵᠦ ᠠᠬᠤᠢ ᠲᠦᠷᠭᠡᠨ ᠢᠶᠠᠷ ᠬᠦᠭᠵᠢᠵᠦ᠂ ᠬᠦᠭᠵᠢᠯᠳᠡ ᠶᠢᠨ | ᠨᠦᠭᠡᠴᠡ ᠬᠦᠴᠦᠨ ᠦᠷᠭᠦᠯᠵᠢᠯᠡᠨ ᠴᠢᠩᠭᠠᠷᠠᠵᠠᠢ᠃ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 8.66 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 67.7% ᠪᠠᠷ ᠨᠡᠮᠡᠭᠳᠡᠵᠠᠢ᠃ | ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 12 ᠡᠷᠦᠬᠡ ᠪᠤᠯᠵᠤ᠂ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ 6.36 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ | ᠤ ᠬᠢ ᠠᠴᠠ 110.2% ᠢᠶᠠᠷ ᠨᠡᠮᠡᠭᠳᠡᠵᠠᠢ᠃ 16 ᠠᠵᠦ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ | ᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠵᠤ᠂ ᠶᠡᠷᠥᠩᠬᠡᠢ ᠪᠡᠯᠡ ᠣᠷᠣᠭᠤᠯᠣᠯᠳᠠ ᠨᠢ 60.9 ᠳ᠋ᠦᠩᠰᠢᠭᠤᠷ | ᠲᠦᠭᠦᠷᠢᠭ ᠲᠣᠯᠵᠦ᠂ ᠳᠤᠬᠠᠢ ᠶᠢᠨ ᠵᠢᠯ ᠳᠤ 36.9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ | ᠪᠡᠶᠡᠯᠡᠭᠦᠯᠵᠦ᠂ ᠪᠦᠬᠦ ᠨᠡᠶᠢᠭᠡᠮ ᠤᠨ ᠳᠤᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢᠨ 62.2% ᠢ | ᠡᠵᠡᠯᠡᠵᠡᠢ᠃ ᠪᠦᠬᠦ ᠵᠢᠯ ᠳᠤ ᠠᠷᠪᠠᠨ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠲᠦᠷᠦᠯ ᠵᠦᠢᠯ ᠢ 5 ᠶᠢ | ᠠᠬᠢᠭᠤᠯᠵᠤ᠂ ᠡᠬᠦᠨ ᠳᠤ᠂ ᠪᠦᠸᠧ ᠶᠣᠸᠠᠨ 10 ᠲᠦᠮᠡᠨ ᠲᠣᠨ ᠴᠠᠶᠢᠷ ᠬᠠᠶᠢᠯᠣᠭᠤᠯᠬᠤ ᠲᠦᠷᠦᠯ ᠵᠦᠢᠯ 7 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠤ᠂ ᠳ᠋ᠦ᠋ ᠯᠢᠩ ᠨᠡᠬᠦᠷᠡᠰᠦᠨ ᠤ ᠬᠢᠮᠢ ᠶᠢᠨ ᠠᠵᠤ | ᠦᠢᠯᠡᠳᠪᠦᠷᠢ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠣᠷᠣᠭᠰᠢᠲᠠᠢ᠃ 9 | ᠨᠢᠭᠡ ᠳ᠋ᠦᠩᠰᠢᠭᠤᠷ ᠲᠦᠭᠦᠷᠢᠭ ᠠᠴᠠ ᠲᠡᠭᠡᠭᠰᠢ 10 ᠳ᠋ᠦᠩᠰᠢᠭᠤᠷ ᠲᠦᠭᠦᠷᠢᠭ ᠠᠴᠠ ᠳᠣᠷᠣᠭᠰᠢᠬᠢ ᠲᠦᠷᠦᠯ ᠵᠦᠢᠯ | ᠢ ᠠᠬᠢᠭᠤᠯᠵᠠᠢ᠃ ᠡᠬᠦᠨ ᠳᠤ᠂ ᠠᠨ ᠰᠢᠩ ᠰᠢᠨᠵᠢᠯᠡᠭᠡ ᠮᠡᠷᠭᠡᠵᠢᠯ᠂ ᠱᠧᠩ ᠶᠠᠩ ᠮᠢᠬᠠᠨ ᠤ ᠦᠢᠯᠡᠰ ᠠᠰᠢᠭᠯᠠᠯᠲᠠ | ᠳᠤ ᠤᠷᠤᠵᠤ᠂ ᠱᠧᠨ ᠨᠧᠩ᠂ ᠵᠢᠩ ᠨᠧᠩ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠪᠦᠬᠦ | ᠪᠡᠯᠡ ᠤᠷᠤᠭᠤᠯᠤᠯᠲᠠ ᠪᠠᠨ ᠪᠡᠶᠡᠯᠡᠬᠦᠯᠵᠡᠢ᠃ ᠰᠢᠨ ᠰᠢᠨ ᠠᠷᠠᠯᠵᠢᠶᠠᠨ ᠤ ᠪᠧᠲ᠋ᠤᠨ ᠢ ᠵᠢᠭᠤᠷᠠᠬᠤ ᠦᠷᠲᠡᠭᠡ ᠵᠡᠷᠭᠡ | 2 ᠮᠢᠩᠭᠠᠨ ᠲᠦᠮᠡᠨ ᠲᠦᠭᠦᠷᠢᠭ ᠠᠴᠠ ᠳᠡᠭᠡᠭᠰᠢᠬᠢ ᠪᠡᠯᠡ ᠣᠷᠣᠭᠤᠯᠣᠯᠳᠠ ᠶᠢᠨ ᠲᠦᠷᠦᠯ ᠵᠦᠢᠯ ᠠᠰᠢᠭᠯᠠᠯᠲᠠ ᠳᠤ | ᠤᠷᠤᠵᠤ ᠦᠷ᠎ᠡ ᠠᠰᠢᠭ ᠣᠯᠵᠠᠢ᠃ ᠪᠠᠶᠠᠵᠢᠨ᠎ᠠ ᠠᠵᠦ ᠦᠢᠯᠡᠳᠪᠦᠷᠢ ᠶᠢᠨ ᠠᠵᠤ ᠠᠬᠤᠢ ᠶᠢᠨ ᠣᠷᠣᠨ ᠲᠣᠭᠤᠷᠢᠭ | ᠤᠨ ᠴᠤᠭᠯᠠᠷᠠᠯ ᠦᠷ᠎ᠡ ᠠᠰᠢᠭ ᠠᠩᠬ᠎ᠠ ᠠᠯᠬᠤᠮ ᠢᠯᠡᠷᠡᠵᠤ᠂ ᠶᠡᠷᠦᠩᠬᠡᠢ ᠴᠣᠭᠴᠠ ᠶᠢᠨ ᠲᠦᠯᠦᠪᠵᠢᠬᠦᠯᠬᠡ | ᠲᠣᠰᠬᠠᠢ ᠮᠡᠷᠭᠡᠵᠢᠯᠲᠡᠳ ᠤᠨ ᠦᠨᠡᠯᠡᠯᠲᠡ ᠶᠢ ᠦᠩᠭᠡᠷᠡᠭᠡᠵᠤ᠂ ᠶᠡᠷᠦᠩᠬᠡᠢ ᠲᠦᠯᠦᠪᠵᠢᠭᠦᠯᠭᠡ ᠶᠢᠨ ᠣᠷᠴᠢᠨ | ᠲᠣᠭᠤᠷᠢᠨ ᠤ ᠦᠨᠡᠯᠡᠯᠳᠡ ᠦᠪᠡᠷᠲᠡᠭᠡᠨ ᠵᠠᠰᠠᠬᠤ ᠣᠷᠣᠨ ᠤ ᠬᠢᠨᠠᠯᠳᠠ ᠶᠢ ᠦᠩᠭᠡᠷᠡᠭᠡᠵᠡᠢ᠃ ᠦᠪᠡᠷᠲᠡᠭᠡᠨ ᠵᠠᠰᠠᠬᠤ | ᠣᠷᠣᠨ ᠤ ᠲᠡᠰ ᠤᠨ ᠠᠵᠦ ᠦᠢᠯᠡᠳᠪᠦᠷᠢ ᠶᠢᠨ ᠣᠷᠣᠨ ᠲᠣᠭᠤᠷᠢᠭ ᠢᠶᠠᠷ ᠳᠤᠭᠳᠠᠭᠠᠭᠳᠠᠵᠤ᠂ ᠰᠠᠭᠤᠷᠢᠰᠢᠭᠰᠡᠨ | ᠠᠵᠦ ᠠᠬᠤᠶᠢᠯᠠᠯ 12 ᠡᠷᠦᠬᠡ ᠳᠤ ᠲᠣᠯᠵᠦ᠂ ᠦᠢᠯᠡᠳᠪᠦᠷᠢᠯᠡᠯ ᠤᠨ ᠦᠷᠳᠡᠭ 5.85 ᠳ᠋ᠦᠩᠰᠢᠭᠤᠷ ᠲᠦᠬᠦᠷᠢᠭ ᠢ | ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 108.9% ᠪᠠᠷ ᠨᠡᠮᠡᠭᠳᠡᠵᠠᠢ᠃ | ︵ᠬᠤᠶᠠᠷ︶ ᠲᠠᠷᠢᠶᠠᠯᠠᠩ ᠮᠠᠯ ᠠᠵᠣ ᠠᠬᠤᠢ ᠦᠷᠭᠦᠯᠵᠢᠯᠡᠨ ᠬᠦᠭᠵᠢᠵᠦ᠂ ᠬᠦᠭᠵᠢᠯᠳᠡ ᠶᠢᠨ ᠰᠠᠭᠤᠷᠢ | ᠲᠠᠰᠣᠷᠠᠯᠳᠠ ᠦᠭᠡᠢ ᠪᠠᠬᠢᠵᠢᠵᠠᠢ᠃ 1.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠦᠨᠳᠦᠷ | ᠪᠠᠷᠢᠮᠵᠢᠶᠠᠳᠣ ᠬᠠᠭᠤᠷᠠᠢ ᠦᠨᠳᠦᠰᠦᠨ ᠲᠠᠷᠢᠶᠠᠨ ᠭᠠᠵᠠᠷ 13.73 ᠲᠦᠮᠡᠨ ᠮᠣ᠋᠂ ᠦᠨᠳᠦᠷ ᠪᠠᠷᠢᠮᠵᠢᠶᠠᠳᠦ ᠣᠰᠣ | ᠠᠷᠪᠢᠯᠠᠬᠤ ᠲᠠᠷᠢᠶᠠᠨ ᠭᠠᠵᠠᠷ 11.5 ᠲᠦᠮᠡᠨ ᠮᠣ᠋᠂ ᠣᠰᠣᠯᠠᠯᠳᠠ ᠶᠢᠨ ᠡᠪᠡᠰᠦᠨ ᠭᠠᠵᠠᠷ 0.8 ᠲᠦᠮᠡᠨ ᠮᠣ᠋ ᠶᠢ | ᠰᠢᠨ᠎ᠡ ᠪᠠᠷ ᠨᠡᠮᠡᠭᠳᠡᠭᠦᠯᠵᠡᠢ᠃ 4 ᠣᠯᠣᠰ ᠤᠨ ᠲᠡᠰ ᠤᠨ ᠠᠮᠣ ᠪᠣᠳᠠᠭᠠᠨ ᠤ ᠦᠨᠳᠦᠷ ᠣᠨᠠᠯᠳᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠰᠢᠨ᠎ᠡ ᠪᠠᠷ ᠪᠠᠶᠢᠭᠤᠯᠵᠦ᠂ 15 ᠲᠦᠮᠡᠨ ᠮᠣ᠋ ᠳᠤ ᠰᠠᠴᠣᠷᠠᠭ | ᠦᠢᠯᠡᠳᠦᠯ ᠦᠵᠡᠭᠦᠯᠵᠠᠢ᠃ ︽ᠮᠣ᠋ ᠪᠦᠷᠢ ᠶᠢᠨ ᠣᠷᠣᠯᠭ᠎ᠠ ᠮᠢᠩᠭᠠᠨ ᠲᠦᠭᠦᠷᠢᠭ ᠤᠨ ᠦᠷ᠎ᠡ ᠠᠰᠢᠭᠳᠣ | ᠢᠨᠵᠧᠨᠧᠷᠢᠩ ︾ ᠢ 17.25 ᠲᠦᠮᠡᠨ ᠮᠣ᠋᠂ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ | ᠤᠨ ᠵᠢᠱᠢᠶ᠎ᠡ ᠦᠵᠡᠭᠦᠯᠬᠦ ᠣᠷᠣᠨ ᠲᠣᠭᠤᠷᠢᠭ ᠢ 4 ᠪᠠᠶᠢᠭᠤᠯᠵᠠᠢ᠃ ᠪᠦᠬᠦ ᠬᠤᠰᠢᠭᠤᠨ ᠤ ᠠᠮᠣ ᠪᠣᠳᠠᠭᠠᠨ ᠤ | ᠶᠡᠷᠦᠩᠬᠡᠢ ᠣᠨᠠᠯᠳᠠ 10.3 ᠳ᠋ᠦᠩᠰᠢᠭᠤᠷ ᠵᠢᠩ ᠳᠤ ᠬᠦᠷᠴᠠᠢ᠃ ᠭᠡᠷ ᠤᠨ ᠲᠡᠵᠢᠭᠡᠪᠦᠷᠢ ᠶᠢᠨ ᠡᠭᠦᠯᠲᠡᠷ | ᠰᠠᠶᠢᠵᠢᠷᠠᠭᠤᠯᠣᠭᠰᠡᠨ ᠲᠤᠭ᠎ᠠ 95.58 ᠲᠦᠮᠡᠨ ᠲᠣᠯᠣᠭᠠᠢ᠂ ᠭᠡᠷ ᠤᠨ ᠲᠡᠵᠢᠭᠡᠪᠦᠷᠢ ᠶᠢᠨ ᠶᠡᠷᠦᠩᠬᠡᠢ ᠲᠤᠭ᠎ᠠ 196. | 4 ᠲᠦᠮᠡᠨ ᠲᠣᠯᠣᠭᠠᠢ ᠳᠤ ᠬᠦᠷᠴᠠᠢ᠃ ᠠᠮᠢᠳᠠᠨ ᠤ ᠬᠢᠵᠢᠭ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠨᠡᠮᠡᠭᠳᠡᠭᠦᠯᠵᠦ᠂ | ᠪᠦᠬᠦ ᠵᠢᠯ ᠳᠤ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠭᠠᠷᠣᠭᠰᠡᠨ ᠦᠭᠡᠢ᠃ ᠲᠠᠷᠢᠶᠠᠯᠠᠩ ᠮᠠᠯ ᠠᠵᠦ | ᠠᠬᠤᠢ ᠶᠢᠨ ᠠᠵᠦ ᠦᠢᠯᠡᠰᠴᠢᠯᠡᠯᠳᠡ ᠶᠢᠨ ᠠᠬᠢᠴᠠ ᠶᠢ ᠲᠦᠷᠭᠡᠳᠬᠡᠵᠦ᠂ ᠪᠤᠬᠢᠷᠳᠣᠯ ᠦᠭᠡᠢ ᠲᠠᠷᠢᠶᠠᠯᠠᠩ 16.1 | ᠲᠦᠮᠡᠨ ᠮᠣ᠋᠂ ᠣᠨᠴᠠᠯᠢᠭᠳᠦ ᠲᠠᠷᠢᠮᠠᠯ ᠤᠨ ᠵᠦᠢᠯᠡᠰ ᠢ 4.1 ᠲᠦᠮᠡᠨ ᠮᠣ᠋ ᠰᠢᠨ᠎ᠡ ᠪᠠᠷ ᠬᠦᠭᠵᠢᠭᠦᠯᠵᠦ᠂ ᠠᠯᠠᠰᠢᠨ | ᠦᠬᠡᠷ᠂ ᠠᠯᠠᠰᠢᠨ ᠬᠤᠨᠢᠨ ᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠢ 10 ᠪᠠᠶᠢᠭᠤᠯᠵᠠᠢ᠃ | ᠪᠦᠬᠦ ᠬᠤᠰᠢᠭᠤᠨ ᠤ ᠪᠣᠷᠣᠯᠠᠭᠤᠯᠣᠯᠳᠠ ᠶᠢᠨ ᠣᠷᠣᠯᠭ᠎ᠠ ᠨᠢ 100 ᠲᠦᠮᠡᠨ ᠲᠦᠭᠦᠷᠢᠭ ᠢ ᠲᠠᠪᠠᠭᠰᠡᠨ ᠲᠠᠷᠢᠶᠠᠯᠠᠩ | ᠮᠠᠯ ᠠᠵᠦ ᠦᠢᠯᠡᠰᠴᠢᠯᠡᠯᠳᠡ ᠶᠢᠨ ᠠᠵᠦ ᠠᠬᠤᠶᠢᠯᠠᠯ ᠬᠦᠭᠵᠢᠭᠡᠳ 20 ᠪᠣᠯᠵᠣ᠂ ᠣᠷᠭᠠᠨᠢᠭ ᠢᠳᠡᠭᠡᠨ ᠢ | ᠦᠢᠯᠡᠳᠪᠦᠷᠢᠯᠡᠬᠦ ᠴᠢᠳᠠᠪᠦᠷᠢ 12 ᠲᠦᠮᠡᠨ ᠲᠣᠨ ᠢ ᠲᠠᠪᠠᠵᠠᠢ᠃ ᠲᠣᠮᠳᠠᠳᠣ ᠣᠯᠣᠰ ᠤᠨ ᠣᠷᠭᠠᠨᠢᠭ ᠠᠵᠣ | ᠦᠢᠯᠡᠰ ᠤᠨ ᠬᠤᠯᠪᠣᠭᠠᠨ ᠠᠴᠠ ᠮᠠᠨ ᠤ ᠬᠤᠰᠢᠭᠤ ᠶᠢ ︽ᠲᠣᠮᠳᠠᠳᠣ ᠣᠯᠣᠰ ᠤᠨ ᠣᠷᠭᠠᠨᠢᠭ ᠢᠳᠡᠭᠡᠨ ᠤ ᠨᠣᠳᠤᠭ︾ | ᠪᠡ ︽ᠳᠤᠮᠳᠠᠳᠤ ᠤᠯᠤᠰ ᠤᠨ ᠣᠷᠴᠢᠯ ᠠᠵᠤ ᠠᠬᠤᠢ ᠶᠢᠨ ᠤᠨᠴᠠᠯᠢᠭᠲᠤ ᠦᠢᠯᠡᠳᠬᠦᠨ ᠤ ᠵᠢᠱᠢᠶ᠎ᠡ ᠦᠵᠡᠭᠦᠯᠬᠦ | ᠰᠠᠭᠤᠷᠢᠨ︾ ᠢᠶᠠᠷ ᠦᠨᠡᠯᠡᠵᠡᠢ᠃ | ︵ᠭᠤᠷᠪᠠ︶ ᠬᠤᠳᠠ ᠬᠦᠳᠡᠭᠡ ᠶᠢ ᠨᠢᠭᠡᠳᠦᠯᠳᠠᠢ ᠲᠦᠯᠦᠪᠯᠡᠨ ᠰᠢᠨᠵᠢᠯᠡᠬᠦ ᠣᠬᠠᠭᠠᠨᠴᠢ ᠪᠠᠷ ᠬᠦᠭᠵᠢᠭᠦᠯᠵᠦ᠂ | ᠬᠦᠭᠵᠢᠯᠳᠡ ᠶᠢᠨ ᠨᠦᠭᠦᠴᠡᠯ ᠠᠭᠠᠵᠢᠮ ᠢᠶᠠᠷ ᠰᠠᠶᠢᠵᠢᠷᠠᠵᠠᠢ᠃ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ | ᠳᠤ 3.55 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠵᠠᠮ ᠵᠡᠭᠡᠯᠢ ᠶᠢ 5.77 ᠲᠦᠮᠡᠨ ᠲᠡᠭᠰᠢ | ᠲᠦᠷᠪᠡᠯᠵᠢᠨ ᠮᠧᠲᠷ ᠬᠠᠳᠠᠭᠤᠷᠠᠭᠤᠯᠵᠤ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠣᠯᠳᠠ ᠶᠢᠨ ᠲᠠᠯᠠᠪᠠᠢ 2 | ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠭᠡᠷ ᠬᠦᠷᠦᠩᠭᠡ ᠶᠢᠨ ᠨᠡᠬᠡᠭᠡᠯᠳᠡ | ᠶᠢᠨ ᠲᠠᠯᠠᠪᠠᠢ 13.7 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠠᠢ᠃ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠳᠤ 8000 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠲᠣᠰᠬᠤᠨ ᠳᠤ ᠨᠡᠪᠳᠡᠷᠡᠬᠦ ᠱᠦᠢᠨᠢ | ᠶᠢᠨ ᠵᠠᠮ ᠢ 75 ᠺᠢᠯᠣᠮᠧᠲᠷ ᠪᠦᠳᠦᠭᠡᠨ ᠪᠠᠶᠢᠭᠤᠯᠵᠤ᠂ 2 ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠦᠬᠦᠷᠭᠡ ᠂ | 7 ᠰᠠᠭᠤᠷᠢ ᠨᠣᠷᠠᠬᠤ ᠠᠶᠣᠯ ᠲᠠᠢ ᠬᠦᠭᠦᠷᠭᠡ ᠶᠢ ᠵᠠᠰᠠᠨ ᠰᠢᠨᠡᠳᠬᠡᠵᠡᠢ᠃ ᠰᠢᠩ ᠲᠦᠩ ᠲᠡᠮᠦᠷ ᠵᠠᠮ ᠤᠨ ᠲᠣᠰᠬᠠᠢ | ᠬᠡᠷᠡᠭᠯᠡᠬᠦ ᠱᠣᠭᠤᠮ ᠤᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠪᠠᠳᠣᠲᠠᠢ ᠠᠬᠢᠭᠤᠯᠵᠤ᠂ 6000 | ᠲᠦᠮᠡᠨ ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠵᠠᠢ᠃ ᠭᠤᠤᠯᠳᠠᠯᠭ᠎ᠠ ᠲᠠᠢ ᠣᠰᠣᠨ ᠠᠰᠢᠭᠯᠠᠯᠲᠠ | ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠣᠯᠳᠠ 1.27 ᠳ᠋ᠦᠩᠰᠢᠭᠤᠷ ᠲᠦᠭᠦᠷᠢᠭ᠂ ᠬᠠᠩᠭᠠᠯ ᠣᠰᠣᠨ | ᠴᠦᠬᠦᠷᠦᠮ ᠤᠨ ᠢᠵᠢ ᠪᠦᠷᠢᠳᠦᠭᠦᠯᠬᠦ ᠢᠨᠵᠧᠨᠧᠷᠢᠩ ᠪᠠ ᠱᠣᠸᠠᠩ ᠢᠣᠢ ᠱᠣ᠋ ᠣᠰᠣᠨ ᠴᠦᠬᠦᠷᠥᠮ ᠤᠨ | ᠲᠦᠭᠰᠢᠭᠦᠷᠢ ᠶᠢ ᠦᠭᠡᠶᠢᠰᠬᠡᠵᠦ ᠪᠠᠬᠢᠵᠢᠭᠦᠯᠬᠦ ᠢᠨᠵᠧᠨᠧᠷᠢᠩ ᠨᠢ ᠲᠣᠰᠪᠣᠷᠢ ᠪᠦᠬᠦ ᠠᠵᠢᠯ ᠤᠨ ᠬᠡᠮᠵᠢᠶ᠎ᠡ ᠶᠢᠨ ᠢᠶᠠᠨ | 80% ᠪᠠ 50% ᠶᠢ ᠪᠡᠶᠡᠯᠡᠬᠦᠯᠵᠤ᠂ ᠬᠤᠣᠯᠢᠨ ᠭᠤᠣᠯ ᠤᠨ ᠲᠣᠮᠳᠠ ᠬᠡᠯᠪᠡᠷᠢ ᠶᠢᠨ ᠣᠰᠣᠯᠠᠯᠳᠠ ᠶᠢᠨ ᠣᠷᠣᠨ | ᠤ ᠣᠰᠣ ᠠᠷᠪᠢᠯᠠᠬᠤ ᠢᠵᠢ ᠪᠦᠷᠢᠳᠦᠭᠦᠯᠵᠦ ᠵᠠᠰᠠᠨ ᠰᠢᠨᠡᠳᠬᠡᠬᠦ ᠢᠨᠵᠧᠨᠧᠷᠢᠩ ᠪᠠ ᠬᠦᠨᠳᠡᠯᠡᠨ ᠭᠤᠣᠯ ᠤᠨ | ᠨᠢᠭᠡᠳᠦᠭᠡᠷ ᠬᠤᠭᠤᠴᠠᠭᠠᠨ ᠤ ᠵᠠᠰᠠᠯᠳᠠ ᠶᠢᠨ ᠢᠨᠵᠧᠨᠧᠷᠢᠩ ᠢ ᠠᠵᠢᠯ ᠲᠠᠭᠤᠰᠬᠠᠵᠠᠢ᠃ ᠴᠠᠬᠢᠯᠭᠠᠨ ᠬᠦᠴᠦᠨ ᠤ | ᠲᠣᠣᠷ ᠢ ᠵᠠᠰᠠᠨ ᠰᠢᠨᠡᠳᠭᠡᠵᠤ ᠳᠡᠰ ᠳᠡᠪᠰᠢᠬᠦᠯᠬᠦ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠣᠯᠳᠠ 1.21 | ᠳ᠋ᠦᠩᠰᠢᠭᠤᠷ ᠲᠦᠭᠦᠷᠢᠭ᠂ ᠬᠤᠶᠠᠷ 66 ᠺᠢᠯᠣᠸᠣᠯᠲ ᠤᠨ ᠬᠦᠴᠦᠳᠡᠯ ᠦᠭᠡᠷᠡᠴᠢᠯᠡᠭᠴᠢ ᠪᠠ ᠬᠤᠳᠠ ᠬᠦᠲᠡᠭᠡ ᠶᠢᠨ | 10ᠺᠢᠯᠣᠸᠣᠯᠲ ᠵᠢᠴᠢ ᠲᠣᠷᠣᠭᠰᠢᠬᠢ ᠱᠣᠭᠤᠮ ᠢ ᠵᠠᠰᠠᠨ ᠰᠢᠨᠡᠳᠬᠡᠬᠦ ᠢᠨᠵᠧᠨᠧᠷᠢᠩ ᠢ ᠠᠵᠢᠯ ᠡᠬᠢᠯᠡᠭᠦᠯᠦᠨ | ᠪᠦᠳᠦᠭᠡᠨ ᠪᠠᠶᠢᠭᠤᠯᠵᠠᠢ᠃ ᠠᠮᠢ ᠠᠬᠤᠢ ᠶᠢ ᠬᠠᠮᠠᠭᠠᠯᠠᠬᠤ ᠬᠢᠭᠡᠳ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ | ᠨᠤᠳᠤᠭ ᠪᠡᠯᠴᠢᠭᠡᠷ ᠢ 255 ᠲᠦᠮᠡᠨ ᠮᠤ᠋ ᠬᠦᠷᠢᠶᠡᠯᠡᠵᠤ᠂ ᠡᠮᠦᠨ᠎ᠡ ᠬᠡᠳᠦᠨ ᠵᠢᠯ ᠤᠨ ᠲᠠᠷᠢᠶᠠᠯᠠᠬᠤ ᠶᠢ ᠵᠣᠭᠰᠣᠭᠠᠵᠦ | ᠤᠶᠢᠵᠢᠭᠤᠯᠬᠤ ᠢᠨᠵᠧᠨᠧᠷᠢᠩ ᠲᠤ 7 ᠲᠦᠮᠡᠨ ᠮᠤ᠋ ᠶᠢ ᠨᠦᠬᠦᠪᠦᠷᠢᠯᠡᠨ ᠵᠠᠶᠢᠯᠠᠵᠤ᠂ ᠬᠦᠮᠦᠨ ᠤ ᠬᠦᠴᠦᠨ ᠢᠶᠠᠷ 12. | 95 ᠲᠦᠮᠡᠨ ᠮᠤ᠋ ᠣᠶᠢᠵᠢᠭᠤᠯᠵᠠᠢ᠃ ᠬᠢᠷ᠎ᠠ ᠲᠠᠷᠢᠶᠠᠨ ᠭᠠᠵᠠᠷ ᠤᠨ ᠣᠰᠣ ᠰᠢᠷᠦᠢ ᠶᠢᠨ ᠢᠳᠡᠭᠳᠡᠯ ᠢ 1.25 | ᠲᠦᠮᠡᠨ ᠮᠣ᠋ ᠵᠠᠰᠠᠵᠠᠢ᠃ ᠨᠣᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠣᠭᠲᠠᠴᠠ ᠶᠢ | ᠳᠣᠭᠳᠠᠭᠤᠨ ᠠᠬᠢᠭᠤᠯᠵᠤ᠂ ᠨᠠᠶᠢᠳᠠᠪᠦᠷᠢᠵᠢᠭᠤᠯᠤᠭᠰᠠᠨ ᠨᠦᠬᠦᠪᠦᠷᠢᠯᠡᠵᠦ ᠱᠠᠩᠨᠠᠬᠤ ᠲᠠᠯᠠᠪᠠᠢ 1012 ᠲᠦᠮᠡᠨ ᠮᠣ᠋ | ᠳᠤ ᠬᠦᠷᠴᠡᠢ᠃ ᠶᠠᠳᠠᠭᠤ ᠶᠢ ᠳᠡᠳᠭᠦᠨ ᠨᠡᠬᠡᠭᠡᠨ ᠬᠦᠭᠵᠢᠭᠦᠯᠬᠦ ᠬᠦᠴᠦᠯᠡᠴᠡ ᠪᠠᠨ ᠨᠡᠮᠡᠭᠳᠡᠭᠦᠯᠵᠤ᠂ 1.36 | ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠠᠢ᠃ 31 | ᠶᠠᠳᠠᠭᠤ ᠶᠢ ᠲᠡᠳᠭᠦᠨ ᠨᠡᠭᠡᠬᠡᠨ ᠬᠦᠭᠵᠢᠭᠦᠯᠬᠦ ᠲᠦᠷᠦᠯ ᠵᠦᠢᠯ ᠢ ᠢᠳᠡᠪᠬᠢᠲᠠᠢ ᠲᠡᠮᠡᠴᠡᠵᠦ᠂ 1576.58 | ᠲᠦᠮᠡᠨ ᠲᠦᠭᠦᠷᠢᠭ ᠢ ᠤᠯᠵᠠᠢ᠃ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤᠨ ᠤ ᠶᠠᠳᠠᠭᠤ ᠶᠢ ᠲᠡᠳᠭᠦᠭᠦ | ᠨᠢᠭᠡᠴᠡ ᠠᠴᠠ 2738 ᠲᠦᠮᠡᠨ ᠲᠦᠭᠦᠷᠢᠭ ᠪᠡᠯᠡ ᠮᠦᠩᠭᠦ ᠣᠷᠣᠭᠤᠯᠵᠠᠢ᠃ ᠬᠦᠳᠡᠯᠮᠦᠷᠢ ᠬᠦᠴᠦᠨ ᠢ 1.98 | ᠲᠦᠮᠡᠨ ᠬᠦᠮᠦᠨ ᠰᠢᠯᠵᠢᠭᠦᠯᠵᠦ᠂ ᠬᠦᠳᠡᠯᠮᠦᠷᠢ ᠶᠢᠨ ᠣᠷᠣᠯᠭ᠎ᠠ 2.4 ᠳ᠋ᠦᠩᠰᠢᠭᠤᠷ ᠲᠦᠭᠦᠷᠢᠭ ᠢ ᠪᠡᠶᠡᠯᠡᠭᠦᠯᠵᠠᠢ᠃ |