| ᠵᠠᠰᠠᠭ ᠤᠨ ᠣᠷᠳᠣᠨ ᠤ ᠠᠵᠢᠯ ᠤᠨ ᠢᠯᠡᠳᠬᠡᠯ | | 2018 ᠣᠨ ᠤ 1 ᠰᠠᠷ᠎ᠠ ᠶᠢᠨ 6 ᠤ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠡᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ | ᠣᠳᠠᠭᠠᠨ ᠤ ᠬᠤᠷᠠᠯᠳᠤᠭᠠᠨ ᠲᠡᠭᠡᠷ᠎ᠡ | ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠲᠠᠷᠤᠭ᠎ᠠ ᠭᠥᠸᠧ ᠳᠠᠩ | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠃ ᠬᠢᠨᠠᠨ ᠵᠦᠪᠯᠡᠬᠦ ᠪᠤᠯᠪᠠᠤ︕ ᠬᠠᠮᠳᠣ ᠳᠤᠨᠢ ᠡᠯ᠎ᠡ ᠣᠯᠣᠰ ᠲᠦᠷᠦ ᠶᠢᠨ ᠵᠦᠪᠯᠡᠯᠭᠡᠨ ᠤ | ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠲᠤᠷᠠᠳᠬᠤ ᠪᠤᠯᠪᠠᠣ︕ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠦᠯ | ᠦᠩᠭᠡᠷᠡᠭᠰᠡᠨ ᠲᠠᠪᠤᠨ ᠵᠢᠯ ᠪᠤᠯ ᠮᠠᠨ ᠤ ᠬᠤᠰᠢᠭᠤ ᠬᠦᠴᠢᠷᠳᠡᠯ ᠢ ᠲᠠᠰᠪᠤᠷᠢᠯᠠᠨ ᠰᠢᠪᠳᠣᠯᠣᠯᠲᠠ ᠬᠢᠵᠦ᠂ | ᠡᠷᠡᠮᠡᠭᠡᠶᠢᠯᠡᠨ ᠲᠡᠮᠡᠴᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ | ᠤᠨ ᠣᠷᠳᠣᠨ᠂ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠲᠠᠢ ᠣᠳᠣᠷᠢᠳᠣᠯᠭ᠎ᠠ ᠲᠤᠤᠷ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠬᠢᠨᠠᠯᠳᠠ ᠪᠤᠯᠤᠨ ᠲᠡᠮᠵᠢᠯᠭᠡ ᠲᠤᠤᠷ᠎ᠠ᠂ ᠣᠷᠣᠭᠰᠢ ᠲᠠᠪᠰᠢᠨ ᠵᠢᠳᠬᠦᠨ ᠴᠢᠷᠮᠠᠶᠢᠵᠤ᠂ ᠪᠤᠳᠠᠳᠠᠢ | ᠠᠵᠢᠯᠯᠠᠨ᠂ ᠲᠤᠭᠳᠠᠭᠤᠨ ᠨᠡᠮᠡᠭᠳᠡᠯ ᠲᠠᠢ᠂ ᠦᠭᠡᠷᠡᠴᠢᠯᠡᠯᠲᠡ ᠶᠢ ᠠᠬᠢᠭᠤᠯᠤᠨ᠂ ᠪᠦᠲᠦᠴᠡ ᠶᠢ ᠲᠤᠬᠢᠷᠠᠭᠤᠯᠵᠤ᠂ | ᠠᠷᠠᠳ ᠤᠨ ᠠᠮᠢᠳᠣᠷᠠᠯ ᠳᠤ ᠠᠰᠢᠭ ᠬᠦᠷᠳᠡᠭᠡᠵᠦ᠂ ᠠᠶᠤᠯ ᠲᠦᠭᠰᠢᠬᠦᠷᠢ ᠠᠴᠠ ᠰᠡᠷᠭᠡᠶᠢᠯᠡᠬᠦ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠳᠦᠯᠦᠪᠯᠡᠵᠤ᠂ ︽ᠠᠷᠪᠠᠨ ᠬᠤᠶᠠᠳᠣᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠡᠯ᠎ᠡ | ᠬᠠᠷᠠᠯᠳᠠ ᠡᠭᠦᠷᠭᠡ ᠶᠢ ᠠᠮᠵᠢᠯᠳᠠ ᠲᠠᠢ ᠪᠡᠶᠡᠯᠡᠬᠦᠯᠵᠤ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ | ᠲᠦᠯᠦᠪᠵᠢᠬᠦᠯᠭᠡ ᠶᠢ ᠣᠷᠣᠭᠰᠢᠳᠠᠢ ᠡᠬᠢᠯᠡᠬᠦᠯᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ | ᠳᠤ ᠪᠠᠳᠣ ᠪᠠᠬᠢ ᠰᠠᠭᠤᠷᠢ ᠶᠢ ᠲᠠᠯᠪᠢᠪᠠ᠃ | ᠠᠵᠤ ᠠᠬᠤᠢ ᠲᠤᠭᠳᠠᠭᠤᠨ ᠡᠷᠡᠬᠦᠯ ᠴᠢᠬᠢᠷᠠᠭ ᠬᠦᠭᠵᠢᠯᠲᠡ ᠲᠠᠢ ᠪᠤᠯᠪᠠ᠃ ᠪᠦᠬᠦ ᠬᠤᠰᠢᠭᠤᠨ ᠤ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 2012 ᠤᠨ ᠤ 42.3 ᠳ᠋ᠦᠩᠰᠢᠭᠤᠷ ᠲᠦᠭᠦᠷᠢᠭ ᠠᠴᠠ | ᠨᠡᠮᠡᠭᠳᠡᠨ 54.5 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠲᠤᠮᠳᠠᠴᠢ ᠪᠠᠷ 5% ᠪᠠᠷ ᠨᠡᠮᠡᠭᠳᠡᠪᠡ᠃ ᠣᠷᠣᠨ | ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠪᠠ ᠤᠯᠠᠨ ᠨᠡᠶᠢᠲᠡ ᠶᠢᠨ ᠳᠦᠰᠦᠪ ᠤᠨ ᠤᠷᠤᠯᠭ᠎ᠠ ᠶᠢ | ᠲᠤᠰ ᠪᠦᠷᠢ 17.2 ᠳ᠋ᠦᠩᠰᠢᠭᠤᠷ ᠲᠦᠭᠦᠷᠢᠭ ᠪᠠ 8.8 ᠳ᠋ᠦᠩᠰᠢᠭᠤᠷ ᠲᠦᠭᠦᠷᠢᠭ ᠢ ᠪᠡᠶᠡᠯᠡᠬᠦᠯᠦᠨ᠂ ᠲᠡᠭᠡᠷ᠎ᠡ | ᠲᠠᠪᠤᠨ ᠵᠢᠯ ᠤᠨ 1.8 ᠲᠠᠬᠢᠨ ᠪᠠ 1.6 ᠲᠠᠬᠢᠨ ᠢᠶᠠᠷ ᠨᠡᠮᠡᠭᠳᠡᠪᠡ᠃ ᠪᠦᠬᠦ ᠨᠡᠶᠢᠭᠡᠮ ᠤᠨ ᠳᠤᠭᠳᠠᠮᠠᠯ ᠬᠦᠷᠦᠩᠭᠡ | ᠶᠢᠨ ᠪᠡᠯᠡ ᠤᠷᠤᠭᠤᠯᠤᠯᠳᠠ 405 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ᠲᠡᠭᠡᠷ᠎ᠡ ᠲᠠᠪᠤᠨ ᠵᠢᠯ ᠳᠤ | ᠲᠦᠯᠦᠪᠯᠡᠭᠡ ᠶᠢᠨ 1.7 ᠲᠠᠬᠢᠨ ᠪᠤᠯᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ | ᠶᠡᠷᠦᠩᠬᠡᠢ ᠲᠤᠭ᠎ᠠ 2012 ᠤᠨ ᠤ 13.5 ᠳ᠋ᠦᠩᠰᠢᠭᠤᠷ ᠲᠦᠭᠦᠷᠢᠭ ᠠᠴᠠ ᠨᠡᠮᠡᠭᠳᠡᠨ 22 ᠳ᠋ᠦᠩᠰᠢᠭᠤᠷ | ᠲᠦᠭᠦᠷᠢᠭ ᠪᠤᠯᠵᠤ᠂ ᠵᠢᠯ ᠲᠤᠮᠳᠠᠴᠢ ᠪᠠᠷ 10.3% ᠪᠠᠷ ᠨᠡᠮᠡᠭᠳᠡᠪᠡ᠃ ᠬᠤᠳᠠ ᠬᠦᠳᠡᠭᠡ ᠶᠢᠨ ᠨᠡᠶᠢᠳᠡᠮ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 2012 ᠤᠨ ᠤ 13501 | ᠲᠦᠭᠦᠷᠢᠭ ᠠᠴᠠ ᠨᠡᠮᠡᠭᠳᠡᠨ 23650 ᠲᠦᠭᠦᠷᠢᠭ ᠪᠤᠯᠵᠤ᠂ ᠵᠢᠯ ᠲᠤᠮᠳᠠᠴᠢ ᠪᠠᠷ 11.9% ᠪᠠᠷ ᠨᠡᠮᠡᠭᠳᠡᠪᠡ᠃ | ᠬᠦᠳᠡᠭᠡ ᠲᠤᠰᠬᠤᠨ ᠮᠠᠯᠵᠢᠬᠤ ᠤᠷᠤᠨ ᠤ ᠨᠡᠶᠢᠳᠡᠮ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠡᠵᠡᠮᠳᠡᠵᠦ ᠪᠤᠯᠬᠤ ᠤᠷᠤᠯᠭ᠎ᠠ 2012 ᠤᠨ ᠤ 4709 ᠲᠦᠭᠦᠷᠢᠭ ᠠᠴᠠ ᠨᠡᠮᠡᠭᠳᠡᠨ 8650 ᠲᠦᠭᠦᠷᠢᠭ ᠪᠤᠯᠵᠤ᠂ | ᠵᠢᠯ ᠲᠤᠮᠳᠠᠴᠢ ᠪᠠᠷ 12.9% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠲᠡᠭᠡᠭᠰᠢᠯᠡᠨ᠂ ᠲᠤᠭ᠎ᠠ ᠬᠡᠮᠵᠢᠶ᠎ᠡ ᠨᠡᠮᠡᠭᠳᠡᠪᠡ᠃ | ᠤᠳᠤ ᠶᠢᠨ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠦᠷᠭᠡᠳᠭᠡᠬᠦ ᠶᠢᠨ ᠲᠠᠭᠠᠤ ᠰᠢᠨ᠎ᠡ | ᠪᠠᠷ ᠨᠡᠮᠡᠭᠳᠡᠭᠰᠡᠨ ᠭᠤᠤᠯᠳᠠᠯᠭᠠᠳᠣ ᠠᠵᠤ ᠦᠢᠯᠡᠳᠪᠦᠷᠢ ᠶᠢᠨ ᠲᠦᠷᠦᠯ ᠵᠦᠢᠯ 63 ᠪᠤᠯᠪᠠ᠃ ᠪᠦᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 21 ᠡᠷᠦᠬᠡ ᠰᠢᠨ᠎ᠡ ᠪᠠᠷ ᠨᠡᠮᠡᠭᠳᠡᠵᠤ᠂ ᠬᠦᠭᠵᠢᠭᠡᠳ 42 ᠡᠷᠦᠬᠡ | ᠪᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 2012 ᠤᠨ ᠤ 3.8 | ᠳ᠋ᠦᠩᠰᠢᠭᠤᠷ ᠲᠦᠭᠦᠷᠢᠭ ᠠᠴᠠ ᠨᠡᠮᠡᠭᠳᠡᠨ 2017 ᠤᠨ ᠳᠤ 4.9 ᠳ᠋ᠦᠩᠰᠢᠭᠤᠷ ᠳᠦᠬᠦᠷᠢᠭ ᠲᠤ ᠬᠦᠷᠴᠦ᠂ ᠵᠢᠯ | ᠲᠤᠮᠳᠠᠴᠢ ᠪᠠᠷ 5.2% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠠᠳᠠᠭᠠᠯᠠᠮᠵᠢ ᠶᠢᠨ | ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠵᠡᠷᠭᠡᠪᠡᠷ ᠨᠡᠮᠡᠭᠳᠡᠪᠡ᠃ | ᠣᠳᠣ ᠦᠶ᠎ᠡ ᠶᠢᠨ ᠲᠠᠷᠢᠶᠠᠯᠠᠩ ᠤᠨ ᠶᠠᠰᠣ ᠴᠢᠨᠠᠷ ᠲᠡᠭᠡᠭᠰᠢᠯᠡᠨ᠂ ᠦᠷ᠎ᠡ ᠠᠰᠢᠭ ᠨᠡᠮᠡᠭᠳᠡᠪᠡ᠃ ᠲᠠᠷᠢᠶᠠᠨ | ᠭᠠᠵᠠᠷ ᠤᠨ ᠣᠰᠣᠨ ᠠᠰᠢᠭᠯᠠᠯᠲᠠ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠭᠤᠤᠯᠳᠠᠯᠭ᠎ᠠ ᠪᠤᠯᠭᠠᠨ᠂ ᠦᠨᠳᠦᠷ | ᠪᠠᠷᠢᠮᠵᠢᠶᠠᠳᠣ ᠲᠠᠷᠢᠶᠠᠨ ᠭᠠᠵᠠᠷ ᠢ 82 ᠲᠦᠮᠡᠨ ᠮᠦ ᠪᠠᠶᠢᠭᠤᠯᠤᠨ᠂ ᠪᠦᠬᠦ ᠬᠤᠰᠢᠭᠤᠨ ᠤ ᠦᠨᠳᠦᠷ ᠪᠠᠷᠢᠮᠵᠢᠶᠠᠳᠣ | ᠲᠠᠷᠢᠶᠠᠨ ᠭᠠᠵᠠᠷ 108 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠶᠡᠷᠦᠩᠬᠡᠢ ᠤᠨᠠᠯᠳᠠ 11 ᠳ᠋ᠦᠩᠰᠢᠭᠤᠷ | ᠵᠢᠩ ᠠᠴᠠ ᠲᠡᠭᠡᠭᠰᠢ ᠪᠠᠶᠢᠬᠤ ᠶᠢ ᠲᠤᠭᠳᠠᠭᠤᠨ ᠪᠠᠶᠢᠯᠭᠠᠪᠠ᠃ ᠡᠷᠳᠡᠨᠢ ᠰᠢᠰᠢ ᠶᠢᠨ ︽ᠭᠠᠭᠴᠠᠭᠠᠷ ᠡᠵᠡᠷᠬᠡᠬᠦ︾ | ᠪᠠᠶᠢᠳᠠᠯ ᠢ ᠪᠦᠲᠦᠮᠵᠢᠲᠡᠢ ᠬᠤᠪᠢᠷᠠᠭᠤᠯᠤᠨ᠂ ᠣᠰᠣᠨ ᠲᠤᠳᠣᠷᠭᠠ᠂ ᠪᠤᠷᠳᠣᠭᠤᠷ ᠵᠡᠷᠭᠡ ᠲᠠᠷᠢᠮᠠᠯ ᠤᠨ ᠲᠠᠯᠠᠪᠠᠢ ᠵᠢᠯ | ᠲᠠᠷᠠᠭᠠᠯᠠᠨ ᠦᠷᠭᠡᠳᠴᠦ᠂ ᠲᠠᠷᠢᠮᠠᠯ ᠤᠨ ᠵᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠮᠠᠯ | ᠲᠡᠵᠢᠭᠡᠪᠦᠷᠢ ᠶᠢᠨ ᠡᠬᠦᠯᠳᠡᠷ ᠢ ᠰᠠᠶᠢᠵᠢᠷᠠᠭᠤᠯᠬᠤ ᠠᠯᠬᠤᠴᠠ ᠪᠠᠨ ᠳᠦᠷᠭᠡᠳᠭᠡᠵᠤ᠂ ᠫᠧᠩ ᠰᠠᠷᠪᠴᠢ ᠳᠤ ᠠᠷᠠᠴᠢᠯᠠᠨ | ᠲᠡᠵᠢᠭᠡᠬᠦ ᠶᠢ ᠪᠦᠷᠢᠯᠳᠦᠬᠦᠯᠵᠤ᠂ ᠠᠮᠢ ᠠᠬᠤᠢ ᠶᠢᠨ ᠦᠷ᠎ᠡ ᠪᠦᠲᠦᠮᠵᠢᠳᠦ ᠬᠡᠯᠪᠡᠷᠢ ᠶᠢᠨ ᠮᠠᠯ ᠠᠵᠤ ᠠᠬᠤᠢ ᠶᠢᠨ | ᠦᠷ᠎ᠡ ᠠᠰᠢᠭ ᠲᠤᠪᠤᠶᠢᠮ᠎ᠠ ᠪᠠᠶᠢᠵᠤ᠂ ᠮᠠᠯ ᠲᠡᠵᠢᠭᠡᠪᠦᠷᠢ ᠶᠢᠨ ᠲᠡᠵᠢᠭᠡᠵᠦ ᠪᠠᠶᠢᠭ᠎ᠠ ᠲᠤᠭ᠎ᠠ 2012 ᠤᠨ ᠤ 224 | ᠲᠦᠮᠡᠨ ᠲᠤᠯᠤᠭᠠᠢ ᠠᠴᠠ ᠨᠡᠮᠡᠭᠳᠡᠨ 319 ᠲᠦᠮᠡᠨ ᠲᠤᠯᠤᠭᠠᠢ ᠳᠤ ᠬᠦᠷᠪᠡ᠃ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰᠵᠢᠯᠲᠡ ᠶᠢᠨ ᠠᠯᠬᠤᠴᠠ ᠶᠢ ᠲᠦᠷᠭᠡᠳᠭᠡᠨ᠂ ᠦᠪᠡᠷᠳᠡᠭᠡᠨ ᠵᠠᠰᠠᠬᠤ ᠣᠷᠣᠨ ᠤ ᠳᠡᠰ ᠤᠨ | ᠲᠤᠯᠤᠭᠠᠶᠢᠯᠠᠭᠴᠢ ᠠᠵᠤ ᠠᠬᠤᠶᠢᠯᠠᠯ 7 ᠡᠷᠦᠬᠡ ᠪᠤᠯᠪᠠ᠃ | ᠭᠤᠷᠪᠠᠳᠣᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ ᠠᠷᠠᠯᠵᠢᠶ᠎ᠠ ᠬᠤᠳᠠᠯᠳᠣᠭᠠᠨ ᠤ | ᠬᠦᠢᠯᠭᠡᠭᠡᠨ ᠤ ᠰᠢᠰᠲ᠋ᠧᠮᠵᠢ ᠤᠯᠠᠮ ᠨᠢᠭᠡ ᠠᠯᠬᠤᠮ ᠲᠡᠭᠦᠯᠳᠡᠷᠵᠢᠵᠦ ᠂ ᠰᠣᠮᠣ ᠪᠠᠯᠭᠠᠰᠣ ᠶᠢᠨ ᠠᠷᠢᠯᠵᠢᠶ᠎ᠠ | ᠬᠤᠳᠠᠯᠳᠣᠭᠠᠨ ᠤ ᠵᠠᠬ᠎ᠠ ᠲᠡᠯᠭᠡᠭᠦᠷ 11᠂ ᠠᠷᠠᠳ ᠲᠤ ᠲᠦᠭᠦᠮ ᠦᠵᠡᠬᠦᠯᠬᠦ ᠴᠢᠯᠦᠭᠡᠳᠦ ᠲᠡᠯᠭᠡᠭᠦᠷ 310 ᠡᠷᠦᠬᠡ᠂ | ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠠᠵᠤ ᠠᠬᠤᠶᠢᠯᠠᠯ ᠤᠨ ᠬᠦᠷᠢᠶᠡᠯᠡᠩ 1᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪ ᠢ 1 ᠪᠠᠶᠢᠭᠤᠯᠵᠤ᠂ ᠮᠠᠨ ᠤ ᠬᠤᠰᠢᠭᠤ ︽ᠪᠦᠬᠦ ᠤᠯᠤᠰ ᠤᠨ ᠡᠯᠧᠺᠲᠷᠤᠨ ᠬᠤᠳᠠᠯᠳᠣᠭᠠᠨ | ᠤ ᠶᠠᠪᠤᠳᠠᠯ ᠤᠨ ᠬᠦᠳᠡᠭᠡ ᠲᠤᠰᠬᠤᠨ ᠳᠤ ᠬᠦᠨᠵᠡᠭᠡᠶᠢᠷᠡᠭᠰᠡᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ︾ | ᠪᠠᠷ ᠨᠡᠷᠡᠶᠢᠳᠦᠭᠳᠡᠪᠡ᠃ ᠰᠣᠶᠣᠯ ᠪᠡᠶ᠎ᠡ ᠲᠠᠮᠢᠷ ᠵᠢᠭᠤᠯᠴᠢᠯᠠᠯ ᠢ ᠠᠭᠤᠰᠣᠯᠴᠠᠭᠤᠯᠤᠨ᠂ ᠤᠯᠤᠰ ᠪᠤᠯᠤᠨ ᠦᠪᠡᠷᠳᠡᠭᠡᠨ | ᠵᠠᠰᠠᠬᠤ ᠣᠷᠣᠨ ᠤ ᠳᠡᠰ ᠤᠨ ᠪᠤᠳᠠᠰ ᠤᠨ ᠪᠤᠰᠣ ᠰᠣᠶᠤᠯ ᠤᠨ ᠦᠪ ᠬᠦᠷᠦᠩᠭᠡ ᠶᠢᠨ ᠲᠦᠯᠦᠭᠡᠯᠡᠭᠴᠢ ᠲᠦᠷᠦᠯ | ᠵᠦᠢᠯ ᠲᠤᠰ ᠪᠦᠷᠢ 2 ᠲᠦᠷᠦᠯ ᠨᠡᠮᠡᠭᠳᠡᠵᠤ᠂ ᠲᠦᠯᠢᠶᠡᠮᠤᠳᠣ ᠶᠢᠨ ᠬᠠᠭᠤᠴᠢᠨ ᠬᠤᠳᠠ ᠶᠢᠨ ᠪᠠᠭᠤᠷᠢ ᠣᠯᠣᠰ ᠤᠨ | ᠳᠡᠰ ᠤᠨ ᠲᠡᠦᠬᠡ ᠶᠢᠨ ᠲᠤᠷᠠᠰᠬᠠᠯᠳᠣ ᠵᠦᠢᠯ ᠢ ᠬᠠᠮᠠᠭᠠᠯᠠᠬᠤ ᠰᠠᠯᠠᠭ᠎ᠠ ᠮᠦᠴᠢᠷ ᠪᠤᠯᠭᠠᠨ᠂ ᠦᠯᠢᠭᠡᠷ ᠤᠨ ᠲᠢᠩᠬᠢᠮ | ᠠᠰᠢᠭᠯᠠᠯᠲᠠ ᠳᠤ ᠤᠷᠤᠵᠤ᠂ ᠬᠤᠰᠢᠭᠤᠨ ᠤ ᠤᠯᠠᠭᠠᠨᠮᠦ᠋ᠴᠢᠷ ᠪᠦᠬᠦ ᠤᠷᠤᠨ ᠤ ︽ᠠᠷᠪᠠᠨ ᠰᠣᠳᠣᠨ ᠤᠯᠠᠭᠠᠨᠮᠦ᠋ᠴᠢᠷ | ︾ ᠤᠨ ᠠᠯᠳᠠᠷ ᠴᠣᠯᠠ ᠶᠢ ᠤᠯᠭᠤᠵᠤ᠂ ᠨᠤᠮ ᠤᠨ ᠰᠠᠩ ︽ᠤᠯᠤᠰ ᠤᠨ ᠨᠢᠭᠡᠳᠦᠭᠡᠷ ᠳᠡᠰ ᠤᠨ ᠨᠤᠮ ᠤᠨ ᠰᠠᠩ︾ | ᠢᠶᠠᠷ ᠦᠨᠡᠯᠡᠭᠳᠡᠵᠤ᠂ ᠮᠠᠨ ᠤ ᠬᠤᠰᠢᠭᠤ ︽ᠮᠤᠩᠭᠤᠯ ᠤᠷᠠᠨ ᠪᠢᠴᠢᠯᠭᠡ ᠶᠢᠨ ᠨᠤᠳᠤᠭ︾᠂ ︽ᠪᠦᠬᠦ ᠤᠯᠤᠰ ᠤᠨ | ᠰᠣᠶᠣᠯ ᠤᠨ ᠲᠡᠷᠢᠬᠦᠨ ᠤ ᠬᠤᠰᠢᠭᠤ︾ ᠶᠢᠨ ᠠᠯᠳᠠᠷ ᠢ ᠤᠯᠭᠤᠪᠠ᠃ ᠲᠦᠰᠢᠶᠡᠳᠦ ᠮᠤᠷᠢᠨ ᠤᠷᠤᠯᠳᠤᠭᠠᠨ ᠤ | ᠲᠠᠯᠠᠪᠤᠷ ᠪᠤᠯᠤᠨ ᠬᠦᠯ ᠪᠦᠮᠪᠦᠭᠡ ᠪᠤᠯᠪᠠᠰᠣᠷᠠᠬᠤ ᠰᠠᠭᠤᠷᠢᠨ ᠭᠠᠵᠠᠷ ᠠᠰᠢᠭᠯᠠᠯᠲᠠ ᠳᠤ ᠤᠷᠤᠵᠤ᠂ ᠤᠯᠠᠨ ᠣᠯᠣᠰ | ᠤᠨ ᠮᠣᠷᠢ ᠣᠷᠣᠯᠳᠣᠬᠤ ᠰᠣᠶᠣᠯ ᠵᠢᠭᠤᠯᠴᠢᠯᠠᠯ ᠤᠨ ᠠᠵᠢᠯᠯᠠᠭᠠᠨ᠂ ᠲᠤᠮᠳᠠᠳᠣ ᠣᠯᠣᠰ ᠤᠨ ᠬᠤᠷᠳᠣᠨ ᠮᠤᠷᠢᠨ ᠤ | ᠱᠠᠩᠨᠠᠯᠳᠣ ᠣᠷᠣᠯᠳᠣᠭᠠᠨ᠂ ᠦᠪᠦᠷ ᠮᠤᠩᠭᠤᠯ ᠤᠨ ᠲᠠᠯ᠎ᠠ ᠨᠤᠳᠤᠭ ᠤᠨ ᠰᠡᠯᠡᠭᠦᠴᠡᠯ ᠤᠨ ᠪᠡᠶ᠎ᠡ ᠲᠠᠮᠢᠷ ᠤᠨ | ᠨᠠᠭᠠᠳᠣᠮ ᠵᠡᠷᠭᠡ ᠣᠯᠠᠨ ᠣᠯᠣᠰ᠂ ᠣᠯᠣᠰ ᠤᠨ ᠨᠡᠷᠡᠳᠦ ᠲᠡᠮᠳᠡᠭ ᠤᠨ ᠣᠷᠣᠯᠳᠣᠭᠠᠨ ᠢ ᠠᠮᠵᠢᠯᠳᠠᠳᠠᠢ ᠦᠷᠨᠢᠬᠦᠯᠦᠨ | ᠂ ᠬᠤᠰᠢᠭᠤᠨ ᠤ ᠪᠡᠶ᠎ᠡ ᠲᠠᠮᠢᠷ ᠤᠨ ᠲᠤᠪᠴᠢᠶ᠎ᠠ ︽ᠪᠦᠬᠦ ᠤᠯᠤᠰ ᠤᠨ ᠪᠡᠶ᠎ᠡ ᠲᠠᠮᠢᠷ ᠤᠨ ᠰᠢᠰᠲ᠋ᠧᠮ ᠤᠨ ᠲᠡᠷᠢᠬᠦᠨ ᠤ | ᠨᠢᠭᠡᠴᠡ︾ ᠶᠢᠨ ᠢᠷᠡᠭᠤ ᠠᠯᠳᠠᠷ ᠢ ᠣᠯᠭᠤᠪᠠ᠃ ᠪᠦᠬᠦ ᠬᠢᠵᠠᠭᠠᠷ ᠤᠨ ᠵᠢᠭᠤᠯᠴᠢᠯᠠᠯ ᠤᠨ ᠬᠦᠭᠵᠢᠯᠲᠡ ᠶᠢ | ᠲᠦᠯᠦᠪᠯᠡᠨ ᠨᠠᠶᠢᠷᠠᠭᠤᠯᠬᠤ ᠠᠵᠢᠯ ᠢ ᠦᠨᠳᠦᠷ ᠪᠠᠷᠢᠮᠵᠢᠶ᠎ᠠ ᠪᠠᠷ ᠡᠬᠢᠯᠡᠬᠦᠯᠦᠨ᠂ ᠬᠠᠩᠭᠠᠯ ᠨᠠᠭᠤᠷ — ᠪᠠᠳᠤᠴᠠᠭᠠᠨ ᠤ | ᠰᠡᠯᠡᠬᠦᠴᠡᠨ ᠵᠤᠭᠠᠴᠠᠵᠤ ᠠᠮᠠᠷᠠᠬᠤ ᠤᠷᠤᠨ ᠳᠡᠰ ᠳᠡᠪᠰᠢᠭᠡᠳ ᠤᠯᠤᠰ ᠤᠨ 4A ᠳᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠪᠤᠯᠵᠤ᠂ ᠲᠦᠰᠢᠶᠡᠳᠦ ᠸᠠᠩ ᠤᠨ ᠣᠷᠳᠣᠨ ᠤ ᠦᠵᠡᠮᠵᠢ ᠶᠢᠨ ᠤᠷᠤᠨ ᠢ ᠴᠢᠯᠦᠭᠡᠳᠡᠢ | ᠨᠡᠭᠡᠭᠡᠵᠦ᠂ 17 ᠭᠠᠴᠠᠭ᠎ᠠ ᠶᠢ ︽ᠪᠦᠬᠦ ᠤᠯᠤᠰ ᠤᠨ ᠰᠢᠶᠠᠩ ᠳᠤᠰᠬᠤᠨ ᠤ ᠵᠢᠭᠤᠯᠴᠢᠯᠠᠯ ᠤᠨ ᠶᠠᠳᠠᠭᠤ ᠶᠢ | ᠳᠡᠳᠬᠦᠬᠦ ᠭᠤᠤᠯᠳᠠᠯᠭ᠎ᠠ ᠲᠠᠢ ᠳᠤᠰᠬᠤᠨ︾ ᠢᠶᠠᠷ ᠳᠤᠭᠳᠠᠭᠠᠪᠠ᠃ ᠪᠠᠳᠣᠴᠠᠭᠠᠨ ᠵᠢᠭᠤᠯᠴᠢᠯᠠᠯ ᠰᠣᠶᠣᠯ ᠣᠷᠠᠯᠢᠭ | ᠤᠨ ᠨᠠᠶᠢᠷ ᠢ ᠠᠶᠢᠮᠠᠭ ᠤᠨ ᠳᠡᠰ ᠤᠨ ᠨᠠᠶᠢᠷ ᠤᠨ ᠡᠳᠦᠷ ᠤᠨ ᠠᠵᠢᠯᠯᠠᠭᠠᠨ ᠪᠤᠯᠭᠠᠨ ᠳᠡᠭᠡᠭᠰᠢᠯᠡᠬᠦᠯᠵᠤ᠂ ᠵᠢᠭᠤᠯᠴᠢᠯᠠᠯ | ᠤᠨ ᠦᠢᠯᠡᠰ ᠨᠢ ᠮᠠᠨ ᠤᠨ ᠬᠤᠰᠢᠭᠤᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠤᠯᠪᠠ᠃ | ᠬᠤᠳᠠ ᠶᠢᠨ ᠴᠢᠨᠠᠷ ᠳᠡᠰ ᠦᠷᠬᠦᠯᠵᠢᠯᠡᠨ ᠳᠡᠭᠡᠭᠰᠢᠯᠡᠪᠡ᠃ ᠴᠢᠳᠠᠪᠬᠢ ᠪᠠᠨ ᠴᠢᠩᠭᠠᠳᠬᠠᠨ᠂ ᠲᠤᠳᠠᠭᠳᠠᠯ ᠢᠶᠠᠨ | ᠨᠦᠬᠦᠪᠦᠷᠢᠯᠡᠵᠦ᠂ ᠬᠠᠮᠢᠶᠠᠷᠣᠯᠳᠠ ᠪᠠᠨ ᠴᠢᠩᠭᠠᠷᠠᠭᠤᠯᠵᠤ᠂ ᠴᠢᠨᠠᠷ ᠳᠡᠰ ᠢᠶᠠᠨ ᠲᠡᠭᠡᠭᠰᠢᠯᠡᠬᠦᠯᠬᠦ ᠪᠠᠷ ᠭᠤᠤᠯᠳᠠᠯᠭ᠎ᠠ | ᠪᠤᠯᠭᠠᠵᠤ᠂ ᠨᠡᠶᠢᠲᠡ 5.5 ᠳ᠋ᠦᠩᠰᠢᠭᠤᠷ ᠲᠦᠭᠦᠷᠢᠭ ᠤᠨ ᠪᠡᠯᠡ ᠬᠤᠷᠠᠮᠳᠣᠭᠤᠯᠵᠤ᠂ ᠵᠠᠮ ᠬᠠᠷᠢᠯᠴᠠᠭ᠎ᠠ᠂ | ᠨᠤᠭᠤᠭᠠᠷᠠᠭᠤᠯᠬᠤ᠂ ᠭᠡᠷᠡᠯᠳᠦᠬᠦᠯᠭᠡ᠂ ᠣᠰᠣ ᠬᠠᠩᠭᠠᠬᠤ᠂ ᠢᠯᠴᠢ ᠬᠠᠩᠭᠠᠬᠤ ᠵᠡᠷᠭᠡ ᠨᠢᠭᠡ ᠪᠦᠯᠦᠭ ᠬᠤᠳᠠ | ᠪᠠᠯᠭᠠᠰᠣ ᠶᠢᠨ ᠰᠠᠭᠤᠷᠢ ᠲᠦᠭᠦᠭᠡᠷᠦᠮᠵᠢ ᠶᠢᠨ ᠢᠨᠵᠧᠨᠧᠷᠢᠩ ᠢ ᠬᠡᠷᠡᠭᠵᠢᠬᠦᠯᠵᠦ᠂ ᠬᠠᠭᠤᠴᠢᠨ ᠬᠤᠳᠠ ᠶᠢ | ᠦᠭᠡᠷᠡᠴᠢᠯᠡᠬᠦ ᠠᠯᠬᠤᠴᠠ ᠪᠠᠨ ᠲᠦᠷᠭᠡᠳᠭᠡᠨ᠂ ᠰᠠᠭᠤᠭᠠᠯᠢ ᠠᠷᠠᠳ ᠤᠨ ᠲᠤᠬᠢᠲᠠᠢ ᠠᠮᠢᠳᠣᠷᠠᠬᠤ ᠵᠢᠭᠠᠯᠳᠠ ᠲᠤᠭ᠎ᠠ | ᠮᠡᠳᠡᠭᠳᠡᠮ᠎ᠡ ᠲᠡᠭᠡᠭᠰᠢᠯᠡᠪᠡ᠃ ᠪᠦᠲᠦᠭᠦᠯᠢᠭ ᠣᠷᠣᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠶᠢ ᠬᠠᠤᠯᠢ ᠶᠤᠰᠣᠭᠠᠷ | ᠲᠦᠯᠬᠢᠨ ᠠᠬᠢᠭᠤᠯᠵᠤ᠂ ᠠᠵᠤ ᠠᠬᠤᠶᠢᠯᠠᠯ ᠠᠴᠠ ᠲᠠᠳᠠᠪᠤᠷᠢᠯᠠᠬᠤ ᠠᠴᠠ ᠵᠠᠰᠠᠭ ᠤᠨ ᠣᠷᠳᠣᠨ ᠲᠠᠳᠠᠪᠤᠷᠢᠯᠠᠬᠤ ᠲᠡᠰᠢ | ᠬᠤᠪᠢᠷᠠᠭᠤᠯᠤᠨ᠂ ᠲᠠᠳᠠᠪᠤᠷᠢᠯᠠᠬᠤ ᠶᠠᠪᠤᠴᠠ ᠶᠢ ᠲᠠᠰᠣᠷᠠᠯᠳᠠ ᠦᠭᠡᠢ ᠲᠦᠷᠢᠮᠵᠢᠬᠦᠯᠦᠨ᠂ ᠳᠠᠳᠠᠪᠦᠷᠢᠯᠠᠬᠤ | ᠬᠦᠴᠦᠯᠡᠴᠡ ᠳᠠᠰᠤᠷᠠᠯᠳᠠ ᠦᠬᠡᠢ ᠨᠡᠮᠡᠭᠳᠡᠵᠤ᠂ ᠳᠠᠳᠠᠪᠦᠷᠢᠯᠠᠬᠤ ᠠᠵᠢᠯ ᠠᠭᠠᠵᠢᠮ ᠢᠶᠠᠷ ᠳᠦᠯᠦᠪᠰᠢᠷᠡᠵᠤ᠂ 4224 | ᠡᠷᠦᠬᠡ ᠪᠦᠲᠦᠭᠦᠯᠢᠭ ᠣᠷᠣᠨ ᠰᠠᠭᠤᠴᠠ ᠶᠢ ᠦᠭᠡᠷᠡᠴᠢᠯᠡᠨ ᠪᠠᠶᠢᠭᠤᠯᠵᠤ᠂ ᠤᠯᠠᠨ ᠲᠦᠮᠡᠨ ᠤ ᠣᠷᠣᠨ ᠰᠠᠭᠤᠴᠠ | ᠶᠢᠨ ᠨᠦᠬᠦᠴᠡᠯ ᠮᠡᠳᠡᠭᠳᠡᠮ᠎ᠡ ᠰᠠᠶᠢᠵᠢᠷᠠᠪᠠ᠃ ᠠᠷᠠᠳ ᠲᠦᠮᠡᠨ ᠤ ᠠᠮᠤᠷ ᠲᠦᠪᠰᠢᠨ ᠣᠷᠣᠨ ᠰᠠᠭᠤᠴᠠ ᠶᠢᠨ | ᠢᠨᠵᠧᠨᠧᠷᠢᠩ ᠤᠨ ᠠᠬᠢᠴᠠ ᠶᠢ ᠲᠦᠷᠭᠡᠳᠭᠡᠨ᠂ ᠬᠢᠮᠳᠠ ᠲᠦᠷᠢᠶᠡᠰᠦᠨ ᠭᠡᠷ ᠪᠠᠶᠢᠰᠢᠩ ᠪᠤᠯᠤᠨ ᠣᠯᠠᠨ ᠨᠡᠶᠢᠳᠡ ᠶᠢᠨ | ᠲᠦᠷᠢᠶᠡᠰᠦᠨ ᠭᠡᠷ ᠪᠠᠶᠢᠰᠢᠩ ᠢ ᠨᠡᠶᠢᠳᠡ 1830 ᠢᠵᠢ᠂ 10 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ | ᠂ ᠭᠡᠷ ᠪᠠᠶᠢᠰᠢᠩ ᠢ ᠨᠡᠭᠡᠭᠡᠨ ᠬᠦᠭᠵᠢᠬᠦᠯᠬᠦ ᠲᠠᠯᠠᠪᠠᠢ 66.7 ᠲᠦᠮᠡᠨ ᠲᠡᠭᠰᠢ ᠲᠦᠷᠪᠡᠯᠵᠢᠨ ᠮᠧᠲᠷ ᠪᠦᠲᠦᠭᠡᠨ | ᠪᠠᠶᠢᠭᠤᠯᠪᠠ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡᠨ ᠤ ᠠᠷᠭ᠎ᠠ ᠠᠪᠴᠠᠯ ᠢᠶᠠᠷ ᠲᠠᠮᠵᠢᠨ᠂ | ᠣᠮᠠᠷᠠᠳᠣ ᠶᠢᠨ ᠪᠡᠯᠡ ᠤᠷᠤᠭᠤᠯᠤᠭᠰᠠᠨ ᠣᠰᠣᠨ ᠤ ᠶᠠᠪᠤᠳᠠᠯ ᠤᠨ ᠪᠦᠯᠦᠭᠯᠡᠯ ᠢ ᠣᠷᠢᠨ ᠣᠷᠣᠭᠤᠯᠵᠤ᠂ ᠬᠤᠳᠠ | ᠶᠢᠨ ᠲᠦᠷᠢ ᠲᠦᠷᠬᠦ ᠣᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠢ | ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠬᠦᠯᠬᠦ ᠲᠤᠪᠴᠢᠶ᠎ᠠ ᠶᠢ ᠪᠠᠶᠢᠭᠤᠯᠵᠤ᠂ ᠬᠤᠳᠠ ᠪᠠᠯᠭᠠᠰᠣ ᠶᠢᠨ ᠬᠠᠮᠢᠶᠠᠷᠤᠯᠳᠠ | ᠶᠢᠨ ᠲᠦᠪᠰᠢᠨ ᠲᠤᠪᠤᠶᠢᠮ᠎ᠠ ᠲᠡᠭᠡᠭᠰᠢᠯᠡᠪᠡ᠃ | ᠬᠦᠳᠡᠭᠡ ᠲᠤᠰᠬᠤᠨ ᠤ ᠲᠦᠷᠢ ᠲᠦᠷᠭᠦ ᠪᠦᠬᠦ ᠲᠠᠯ᠎ᠠ ᠪᠠᠷ ᠰᠠᠶᠢᠵᠢᠷᠠᠪᠠ᠃ ᠨᠤᠷᠠᠬᠤ ᠠᠶᠤᠯᠳᠠᠢ ᠭᠡᠷ ᠪᠠᠶᠢᠰᠢᠩ | ᠢ ᠨᠡᠶᠢᠲᠡ 3.98 ᠲᠦᠮᠡᠨ ᠡᠷᠦᠬᠡ ᠦᠭᠡᠷᠡᠴᠢᠯᠡᠨ ᠪᠠᠶᠢᠭᠤᠯᠵᠤ᠂ 4.88 ᠲᠦᠮᠡᠨ ᠬᠦᠮᠦᠨ ᠠᠮᠠ ᠶᠢᠨ ᠠᠮᠤᠷ | ᠲᠦᠪᠰᠢᠨ ᠤᠤᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠨ᠂ ᠰᠢᠨ᠎ᠡ ᠪᠠᠷ ᠪᠠᠶᠢᠭᠤᠯᠤᠭᠰᠠᠨ ᠰᠣᠷᠭᠠᠭᠤᠯᠢ ᠶᠢᠨ | ᠪᠠᠶᠢᠷᠢ 47 ᠰᠠᠭᠤᠷᠢ᠂ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ 168 ᠰᠠᠭᠤᠷᠢ᠂ ᠰᠢᠨ᠎ᠡ ᠪᠠᠷ ︵ | ᠦᠷᠭᠡᠳᠭᠡᠨ︶ ᠪᠠᠶᠢᠭᠤᠯᠤᠭᠰᠠᠨ ᠭᠠᠴᠠᠭᠠᠨ ᠤ ᠰᠣᠶᠣᠯ ᠤᠨ ᠠᠵᠢᠯᠯᠠᠭᠠᠨ ᠤ ᠲᠠᠰᠤᠭ 50 ᠰᠠᠭᠤᠷᠢ ᠪᠦᠲᠦᠭᠡᠨ | ᠪᠠᠶᠢᠭᠤᠯᠵᠤ᠂ ᠷᠠᠳᠢᠤ᠋ ᠲᠧᠯᠸᠢᠰ ᠤᠨ ︽ᠡᠷᠦᠬᠡ ᠪᠦᠷᠢ ᠳᠤ ᠨᠡᠪᠳᠡᠷᠡᠬᠦ︾ ᠶᠢ ᠪᠦᠬᠦᠨ ᠢ ᠪᠦᠷᠬᠦᠬᠦᠯᠵᠦ᠂ ᠬᠦᠳᠡᠭᠡ | ᠲᠤᠰᠬᠤᠨ ᠮᠠᠯᠵᠢᠬᠤ ᠣᠷᠣᠨ ᠤ ᠤᠷᠣᠨ ᠰᠠᠭᠤᠴᠠ ᠰᠢᠨ᠎ᠡ ᠲᠦᠷᠢ ᠲᠦᠷᠭᠦ ᠲᠠᠢ ᠪᠤᠯᠪᠠ᠃ ᠪᠠᠶᠠᠨ ᠤᠪᠤᠭ᠎ᠠ | ᠭᠠᠴᠠᠭ᠎ᠠ ᠶᠢ ︽ᠪᠦᠬᠦ ᠤᠯᠤᠰ ᠤᠨ ᠪᠤᠯᠪᠠᠰᠣᠨ ᠲᠤᠰᠬᠤᠨ︾ ᠢᠶᠠᠷ ᠦᠨᠡᠯᠡᠪᠡ᠃ ᠭᠠᠴᠠᠭ᠎ᠠ ᠲᠤᠰᠬᠤᠨ ᠤ ᠬᠠᠮᠳᠣ | ᠨᠡᠶᠢᠳᠡ ᠶᠢᠨ ᠠᠵᠤ ᠠᠬᠤᠢ ᠶᠢᠨ ︽ᠦᠷᠢ ᠰᠢᠷᠢ ᠶᠢ ᠠᠷᠢᠯᠭᠠᠨ ᠡᠳ᠋ ᠬᠦᠷᠦᠩᠭᠡ ᠶᠢ ᠨᠡᠮᠡᠭᠳᠡᠬᠦᠯᠬᠦ︾ ᠲᠦᠯᠦᠪᠯᠡᠭᠡ | ᠶᠢ ᠬᠡᠷᠡᠭᠵᠢᠬᠦᠯᠦᠨ᠂ ᠭᠠᠴᠠᠭ᠎ᠠ ᠪᠦᠷᠢ ᠳᠤ ᠲᠤᠭᠳᠠᠭᠰᠠᠨ ᠬᠡᠪᠴᠢᠶ᠎ᠡ ᠲᠠᠢ᠂ ᠲᠤᠭᠳᠠᠭᠤᠨ ᠬᠠᠮᠳᠣ ᠨᠡᠶᠢᠲᠡ ᠶᠢᠨ | ᠠᠵᠤ ᠠᠬᠤᠢ ᠶᠢᠨ ᠣᠷᠣᠯᠭ᠎ᠠ ᠲᠠᠢ ᠪᠤᠯᠪᠠ᠃ ᠬᠦᠳᠡᠭᠡ ᠲᠤᠰᠬᠤᠨ ᠤ ᠵᠠᠰᠠᠮᠠᠯ ᠵᠠᠮ ᠢ ᠦᠭᠡᠷᠡᠴᠢᠯᠡᠬᠦ ᠪᠤᠯᠤᠨ ᠵᠡᠭᠡᠯᠢ | ᠭᠤᠳᠣᠮᠵᠢ ᠶᠢ ᠬᠠᠳᠠᠭᠤᠷᠠᠭᠤᠯᠬᠤ ᠢᠨᠵᠧᠨ᠋ᠸᠡᠷᠢᠩ ᠢ ᠬᠡᠷᠡᠭᠵᠢᠬᠦᠯᠦᠨ᠂ ᠭᠠᠴᠠᠭᠠᠨ ᠤ ᠵᠠᠰᠠᠮᠠᠯ ᠵᠠᠮ ᠢ ᠪᠦᠬᠦᠨ ᠢ | ᠨᠡᠪᠳᠡᠷᠡᠬᠦᠯᠵᠤ᠂ ᠣᠯᠣᠰ ᠤᠨ ᠳᠡᠰ ᠤᠨ ᠵᠠᠰᠠᠮᠠᠯ ᠵᠠᠮ 111 ᠱᠣᠭᠤᠮ᠂ 334 ᠱᠣᠭᠤᠮ ᠪᠤᠯᠤᠨ ᠮᠤᠵᠢ ᠶᠢᠨ | ᠳᠡᠰ ᠤᠨ ᠵᠠᠰᠠᠮᠠᠯ ᠵᠠᠮ 101 ᠱᠣᠭᠤᠮ ᠵᠡᠷᠭᠡ ᠵᠠᠮ ᠬᠠᠷᠢᠯᠴᠠᠭᠠᠨ ᠤ ︽ᠰᠣᠳᠠᠯ︾ ᠢ ᠪᠠᠶᠢᠭᠤᠯᠤᠨ ᠲᠡᠷᠭᠡ | ᠨᠡᠪᠳᠡᠷᠡᠬᠦᠯᠵᠦ᠂ ᠤᠯᠠᠨ ᠨᠠᠶᠢᠲᠡ ᠶᠢᠨ ᠭᠠᠳᠠᠭᠰᠢ ᠶᠠᠪᠤᠬᠤ ᠨᠦᠬᠦᠴᠡᠯ ᠢ ᠪᠦᠲᠦᠮᠵᠢᠲᠡᠢ ᠰᠠᠶᠢᠵᠢᠷᠠᠭᠤᠯᠪᠠ᠃ | ᠬᠦᠳᠡᠭᠡ ᠲᠤᠰᠬᠤᠨ ᠤ ᠴᠠᠬᠢᠯᠭᠠᠨ ᠤ ᠲᠤᠤᠷ ᠢ ᠦᠭᠡᠷᠡᠴᠢᠯᠡᠬᠦ ᠢᠨᠵᠧᠨᠧᠷᠢᠩ ᠢ ᠭᠡᠷᠡᠭᠵᠢᠬᠦᠯᠵᠤ᠂ ᠰᠢᠨ᠎ᠡ ᠪᠠᠷ | ᠨᠡᠮᠡᠭᠳᠡᠭᠰᠡᠨ ᠴᠠᠬᠢᠯᠭᠠᠨ 2321 ᠺᠢᠯᠤᠮᠧᠲᠷ ᠲᠤ ᠬᠦᠷᠴᠦ᠂ 77 ᠭᠠᠴᠠᠭ᠎ᠠ ᠶᠢ ᠪᠦᠷᠬᠦᠨ᠂ ᠬᠦᠳᠡᠭᠡ ᠲᠤᠰᠬᠤᠨ | ᠮᠠᠯᠵᠢᠬᠤ ᠣᠷᠣᠨ ᠤ ᠴᠠᠬᠢᠯᠭᠠᠨ ᠲᠤᠤᠷ ᠰᠦᠯᠵᠢᠶᠡᠨ ᠤ ᠨᠦᠬᠦᠴᠡᠯ ᠢ ᠪᠦᠲᠦᠮᠵᠢᠲᠡᠢ ᠰᠠᠶᠢᠵᠢᠷᠠᠭᠤᠯᠪᠠ᠃ | ᠠᠮᠢ ᠠᠬᠤᠢ ᠶᠢᠨ ᠣᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ 103 ᠲᠦᠮᠡᠨ ᠮᠦ ᠭᠠᠵᠠᠷ ᠲᠤ | ᠤᠶᠢᠵᠢᠭᠤᠯᠤᠯᠲᠠ ᠬᠢᠵᠦ᠂ 35 ᠲᠦᠮᠡᠨ ᠮᠦ ᠭᠠᠵᠠᠷ ᠲᠤ ᠡᠪᠡᠰᠦ ᠲᠠᠷᠢᠵᠤ᠂ ᠣᠢ ᠰᠢᠭᠤᠢ ᠶᠢᠨ ᠪᠦᠷᠬᠦᠴᠡ ᠶᠢᠨ | ᠨᠤᠷᠮ᠎ᠠ 17.48% ᠳᠤ ᠬᠦᠷᠴᠦ᠂ ᠤᠷᠭᠤᠮᠠᠯ ᠤᠨ ᠪᠦᠷᠬᠦᠴᠡ 67.4% ᠳᠤ ᠬᠦᠷᠴᠦ᠂ ᠲᠤᠰ ᠲᠤᠰ 2012 | ᠤᠨ ᠤ ᠬᠢ ᠠᠴᠠ 2.32 ᠪᠤᠯᠤᠨ 5.1 ᠵᠠᠭᠤᠨ ᠤ ᠬᠤᠪᠢ ᠶᠢᠨ ᠴᠡᠭ ᠲᠡᠭᠡᠭᠰᠢᠯᠡᠵᠦ᠂ ᠬᠤᠰᠢᠭᠤᠨ ᠤ ᠣᠢ | ᠰᠢᠭᠤᠢ ᠶᠢᠨ ᠲᠤᠪᠴᠢᠶ᠎ᠠ ︽ᠪᠦᠬᠦ ᠤᠯᠤᠰ ᠤᠨ ᠡᠯᠡᠰᠦ ᠶᠢ ᠰᠡᠷᠭᠡᠶᠢᠯᠡᠨ᠂ ᠡᠯᠡᠰᠦ ᠶᠢ ᠵᠠᠰᠠᠪᠤᠷᠢᠯᠠᠬᠤ ᠲᠡᠷᠢᠬᠦᠨ ᠤ | ᠬᠠᠮᠳᠣ ᠨᠢᠭᠡᠴᠡ︾ ᠶᠢᠨ ᠠᠯᠳᠠᠷ ᠢ ᠬᠦᠷᠳᠡᠪᠡ᠃ ᠬᠢᠷ᠎ᠠ ᠭᠠᠵᠠᠷ ᠲᠠᠷᠢᠶ᠎ᠠ ᠲᠠᠷᠢᠬᠤ᠂ ᠪᠠᠭ᠎ᠠ ᠣᠷᠤᠰᠬᠠᠯ ᠢ | ᠵᠠᠰᠠᠪᠤᠷᠢᠯᠠᠬᠤ ᠵᠡᠷᠭᠡ ᠣᠰᠣ ᠰᠢᠷᠤᠢ ᠶᠢ ᠪᠠᠳᠤᠯᠠᠬᠤ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠦᠨ᠂ ᠨᠡᠶᠢᠲᠡ | 96 ᠲᠡᠭᠰᠢ ᠲᠦᠷᠪᠡᠯᠵᠢᠨ ᠮᠧᠲᠷ ᠵᠠᠰᠠᠪᠠ᠃ ᠮᠠᠯᠵᠢᠬᠤ ᠶᠢ ᠬᠤᠷᠢᠭᠯᠠᠬᠤ᠂ ᠠᠳᠠᠷ ᠬᠠᠭᠠᠯᠪᠤᠷᠢᠯᠠᠬᠤ ᠶᠢ ᠬᠤᠷᠢᠭᠯᠠᠬᠤ | ᠂ ᠤᠭᠳᠣᠯᠠᠬᠤ ᠶᠢ ᠬᠤᠷᠢᠭᠯᠠᠬᠤ ᠬᠦᠴᠦᠯᠡᠴᠡ ᠶᠢ ᠦᠨᠡᠨᠬᠦ ᠴᠢᠩᠭᠠᠳᠬᠠᠨ᠂ ᠣᠷᠭᠤᠮᠠᠯ ᠤᠨ ᠪᠦᠷᠬᠦᠴᠡ ᠮᠡᠳᠡᠭᠳᠡᠮ᠎ᠡ | ᠰᠠᠶᠢᠵᠢᠷᠠᠵᠤ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠲᠤᠪᠤᠶᠢᠮ᠎ᠠ ᠠᠮᠵᠢᠯᠲᠠ ᠤᠯᠪᠠ᠃ ᠭᠤᠤᠯ | ᠮᠦᠷᠡᠨ ᠢ ᠵᠠᠰᠠᠬᠤ ᠲᠦᠷᠢᠮ ᠢ ᠬᠡᠷᠡᠭᠵᠢᠬᠦᠯᠦᠨ᠂ ᠭᠤᠤᠯ ᠴᠦᠬᠦᠷᠦᠮ ᠤᠨ ᠬᠠᠮᠢᠶᠠᠷᠤᠯᠳᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠪᠠ᠃ ᠤᠷᠴᠢᠨ ᠲᠤᠭᠤᠷᠢᠨ ᠢ ᠵᠠᠰᠠᠪᠤᠷᠢᠯᠠᠬᠤ ᠬᠦᠴᠦᠯᠡᠴᠡ ᠶᠢ ᠲᠠᠰᠣᠷᠠᠯᠳᠠ ᠦᠭᠡᠢ | ᠦᠷᠭᠡᠳᠭᠡᠨ᠂ ᠵᠢᠩ ᠺᠧ ᠴᠠᠬᠢᠯᠭᠠᠨ ᠤ ᠲᠠᠯᠠᠪᠤᠷ ᠤᠨ ᠱᠠᠦ ᠦᠬᠡᠶᠢᠳᠡᠬᠦᠯᠵᠦ ᠪᠤᠬᠢᠷᠳᠣᠯ ᠢ ᠭᠠᠳᠠᠭᠰᠢᠯᠠᠭᠤᠯᠵᠤ᠂ | ᠡᠳᠦᠷ ᠲᠤ 90 ᠲᠤᠨ ᠠᠮᠢᠳᠣᠷᠠᠯ ᠤᠨ ᠬᠤᠭ ᠨᠤᠪᠰᠢ ᠶᠢ ᠬᠤᠤᠷᠳᠠᠯ ᠦᠭᠡᠢ ᠪᠠᠷ ᠠᠷᠢᠯᠭᠠᠨ᠂ ᠪᠠᠶᠠᠨᠬᠤᠰᠢᠭᠤ | ᠪᠠᠯᠭᠠᠰᠣ ᠶᠢᠨ ᠪᠤᠵᠠᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠵᠡᠷᠭᠡ | ᠣᠷᠴᠢᠨ ᠲᠤᠭᠤᠷᠢᠨ ᠢ ᠬᠠᠮᠠᠭᠠᠯᠠᠬᠤ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠡᠯ᠎ᠡ | ᠱᠠᠳᠣᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠭᠰᠠᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢᠨ ᠠᠵᠤ ᠠᠬᠤᠶᠢᠯᠠᠯ ᠢ | ᠲᠦᠪᠯᠡᠷᠡᠬᠦᠯᠦᠨ ᠵᠠᠰᠠᠵᠤ᠂ ᠬᠤᠤᠯᠢᠨ ᠭᠤᠤᠯ ᠤᠨ ᠭᠤᠤᠯ ᠤᠨ ᠪᠠᠶᠢᠰᠢᠩ ᠤᠨ ᠬᠡᠰᠡᠭ ᠤᠨ ᠣᠰᠣᠨ ᠤ ᠴᠢᠨᠠᠷ | ᠴᠢᠨᠰᠠᠭ᠎ᠠ ᠪᠠᠷᠢᠮᠵᠢᠶᠠᠨ ᠳᠤ ᠬᠦᠷᠪᠡ᠃ | ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ᠦᠷ᠎ᠡ ᠪᠦᠲᠦᠮᠵᠢ ᠢᠯᠡᠷᠡᠬᠡᠢ ᠪᠤᠯᠪᠠ᠃ | ︽ᠵᠢᠷᠭᠤᠭᠠᠨ ᠤᠨᠤᠪᠴᠢᠲᠠᠢ︾᠂ ︽ᠲᠠᠪᠤᠨ ᠨᠢᠭᠡ ᠪᠦᠯᠦᠭ︾ ᠤᠨ ᠤᠨᠢᠨ ᠲᠡᠭᠡᠷ᠎ᠡ ᠨᠢ ᠶᠠᠳᠠᠭᠤ ᠶᠢ ᠲᠡᠳᠭᠦᠬᠦ | ᠶᠠᠳᠠᠭᠤ ᠠᠴᠠ ᠠᠩᠭᠢᠵᠢᠷᠠᠭᠤᠯᠬᠤ ᠪᠠᠶᠢᠯᠳᠣᠬᠤ ᠪᠤᠳᠣᠯᠭ᠎ᠠ ᠤᠨ ᠶᠤᠰᠣᠭᠠᠷ᠂ ︽ᠬᠤᠶᠠᠷ ᠤᠨ ᠲᠦᠯᠦᠭᠡ ᠵᠤᠪᠠᠭ᠋ᠤ | ᠦᠭᠡᠢ᠂ ᠭᠤᠷᠪᠠᠨ ᠪᠠᠳᠣᠯᠠᠭ᠎ᠠ ᠲᠠᠢ︾ ᠶᠢᠨ ᠲᠤᠭᠤᠷᠢᠨ ᠳᠤ᠂ ᠶᠠᠳᠠᠭᠤ ᠶᠢ ᠲᠡᠳᠬᠦᠬᠦ ᠠᠵᠢᠯ ᠤᠨ ᠬᠦᠴᠦᠯᠡᠴᠡ | ᠪᠠᠨ ᠨᠡᠮᠡᠭᠳᠡᠬᠦᠯᠪᠡ᠃ ᠲᠠᠪᠤᠨ ᠵᠢᠯ ᠤᠨ ᠲᠤᠷᠰᠢ᠂ ᠡᠯ᠎ᠡ ᠵᠦᠢᠯ ᠤᠨ ᠶᠠᠳᠠᠭᠤ ᠶᠢ ᠲᠡᠳᠭᠦᠬᠦ ᠪᠡᠯᠡ ᠮᠦᠩᠭᠦ ᠨᠡᠶᠢᠲᠡ | 38.4 ᠳ᠋ᠦᠩᠰᠢᠭᠤᠷ ᠲᠦᠭᠦᠷᠢᠭ ᠲᠤ ᠬᠦᠷᠴᠦ᠂ ᠡᠬᠦᠨ ᠳᠤ᠂ ᠶᠠᠳᠠᠭᠤ ᠶᠢ ᠲᠡᠳᠭᠦᠬᠦ ᠠᠵᠤ ᠦᠢᠯᠡᠰ ᠲᠤ | ᠬᠡᠷᠡᠭᠯᠡᠭᠰᠡᠨ ᠪᠡᠯᠡ ᠮᠦᠩᠭᠦ 11 ᠳ᠋ᠦᠩᠰᠢᠭᠤᠷ ᠲᠦᠭᠦᠷᠢᠭ ᠲᠤ ᠬᠦᠷᠴᠦ᠂ ︽ᠲᠤᠯᠤᠭᠠᠶᠢᠯᠠᠭᠴᠢ ᠠᠵᠤ ᠠᠬᠤᠶᠢᠯᠠᠯ | + ᠲᠤᠰᠬᠠᠢ ᠬᠤᠷᠰᠢᠶᠠᠵᠢᠯ + ᠲᠠᠩᠰᠠ ᠡᠪᠬᠡᠮᠡᠯ ᠺᠠᠷᠲ ᠵᠤᠬᠢᠶᠠᠭᠳᠠᠭᠰᠠᠨ ᠶᠠᠳᠠᠭᠤ ᠬᠦᠴᠢᠷᠳᠡᠯᠲᠡᠢ ᠡᠷᠦᠬᠡ︾ ᠶᠢᠨ | ᠭᠤᠷᠪᠠᠨ ᠲᠠᠯ᠎ᠠ ᠶᠢᠨ ᠠᠰᠢᠭ ᠲᠤᠰᠠ ᠶᠢᠨ ᠪᠠᠶᠢᠭᠤᠯᠤᠮᠵᠢ ᠶᠢ ᠨᠢᠭᠳᠠᠷᠠᠭᠤᠯᠵᠤ᠂ ᠲᠠᠩᠰᠠ ᠡᠪᠬᠡᠮᠡᠯ ᠺᠠᠷᠲ | ᠵᠤᠬᠢᠶᠠᠭᠳᠠᠭᠰᠠᠨ ᠶᠠᠳᠠᠭᠤ ᠬᠦᠴᠢᠷᠳᠡᠯᠲᠡᠢ ᠡᠷᠦᠬᠡ ᠪᠦᠷᠢ ᠶᠢᠨ ᠬᠦᠮᠦᠨ ᠠᠮᠠ ᠨᠢᠭᠡᠪᠦᠷᠢ ᠳᠤ 9000 — | 10000 ᠲᠦᠭᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠪᠡᠯᠡ ᠮᠦᠩᠭᠦ ᠶᠢ ᠣᠯᠭᠤᠵᠤ᠂ ᠲᠠᠩᠰᠠ | ᠡᠪᠬᠡᠮᠡᠯ ᠺᠠᠷᠲ ᠵᠤᠬᠢᠶᠠᠭᠳᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠠᠬᠤᠶᠢᠯᠠᠯ ᠤᠨ ᠪᠦᠬᠦᠨ ᠢ ᠪᠦᠷᠬᠦᠬᠦ | ᠶᠢ ᠪᠡᠶᠡᠯᠡᠬᠦᠯᠵᠤ᠂ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ | ᠲᠦᠷᠭᠡᠳᠭᠡᠨ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠬᠦᠯ ᠴᠢᠭᠢᠷᠠᠭ ᠢᠶᠠᠷ ᠶᠠᠳᠠᠭᠤ ᠶᠢ ᠲᠡᠳᠭᠦᠬᠦ | ᠪᠤᠯᠤᠨ ᠠᠮᠢᠳᠣᠷᠠᠯ ᠤᠨ ᠠᠪᠤᠷᠠᠨ ᠳᠤᠰᠠᠯᠠᠬᠤ ᠵᠡᠷᠭᠡ ᠡᠯ᠎ᠡ ᠵᠦᠢᠯ ᠤᠨ ᠲᠦᠷᠦ ᠶᠢᠨ ᠪᠤᠳᠣᠯᠭ᠎ᠠ ᠶᠢ ᠬᠢᠨᠠᠮᠠᠭᠠᠢ | ᠬᠡᠷᠡᠭᠵᠢᠬᠦᠯᠦᠨ᠂ ︽ᠨᠢᠭᠡ ᠲᠠᠭᠠᠭᠤᠯᠤᠨ᠂ ᠬᠤᠶᠠᠷ ᠢ ᠬᠤᠪᠢᠷᠠᠭᠤᠯᠤᠨ᠂ ᠭᠤᠷᠪᠠ ᠶᠢ ᠦᠭᠡᠷᠡᠴᠢᠯᠡᠬᠦ︾ ᠪᠠᠷ ᠭᠤᠤᠯ | ᠠᠭᠤᠯᠭ᠎ᠠ ᠪᠤᠯᠭᠠᠭᠰᠠᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠢᠨᠵᠧᠨᠧᠷᠢᠩ ᠢ | ᠬᠡᠷᠡᠭᠵᠢᠬᠦᠯᠦᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ | ᠮᠡᠳᠡᠭᠳᠡᠮ᠎ᠡ ᠰᠠᠶᠢᠵᠢᠷᠠᠪᠠ᠃ ᠪᠦᠬᠦ ᠬᠤᠰᠢᠭᠤᠨ ᠤ ᠶᠠᠳᠠᠭᠤ ᠬᠦᠴᠢᠷᠳᠡᠯᠲᠡᠢ ᠪᠠᠶᠢᠳᠠᠯ ᠡᠭᠦᠰᠬᠦ ᠨᠤᠷᠮ᠎ᠠ 2012 ᠤᠨ | ᠤ ᠵᠢᠯ ᠤᠨ ᠡᠴᠦᠰ ᠤᠨ 17% ᠠᠴᠠ 2017 ᠣᠨ ᠤ ᠰᠡᠬᠦᠯᠴᠢ ᠶᠢᠨ 4.3% ᠪᠤᠯᠵᠤ ᠪᠠᠭᠠᠰᠪᠠ᠃ ᠨᠡᠶᠢᠲᠡ | 2.3 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠠᠳᠠᠭᠤ ᠠᠴᠠ ᠠᠩᠭᠢᠵᠢᠷᠠᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠳᠣᠯᠣᠯᠲᠠ ᠬᠢᠬᠦ ᠳᠤ ᠪᠠᠳᠣ ᠪᠠᠬᠢ ᠢᠯᠡᠯᠳᠡ ᠤᠯᠬᠤ ᠳᠤ ᠰᠠᠭᠤᠷᠢ ᠶᠢ ᠲᠠᠯᠪᠢᠪᠠ᠃ | ᠠᠷᠠᠳ ᠤᠨ ᠠᠮᠢᠳᠣᠷᠠᠯ ᠤᠨ ᠪᠠᠳᠣᠯᠠᠭ᠎ᠠ ᠳᠠᠰᠤᠷᠠᠯᠳᠠ ᠦᠬᠡᠢ ᠴᠢᠩᠭᠠᠷᠠᠪᠠ᠃ ᠶᠠᠳᠠᠭᠤ ᠬᠦᠴᠢᠷᠳᠡᠯᠲᠡᠢ ᠬᠦᠮᠦᠰ | ᠢ ᠠᠪᠤᠷᠠᠨ ᠲᠡᠮᠵᠢᠬᠦ ᠪᠤᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠳᠣᠯᠠᠭ᠎ᠠ ᠶᠢᠨ | ᠲᠦᠪᠰᠢᠨ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠭᠰᠠᠨ ᠲᠦᠷᠦ ᠶᠢᠨ ᠪᠤᠳᠣᠯᠭ᠎ᠠ ᠶᠢᠨ ᠴᠢᠨᠠᠷᠲᠠᠢ ᠬᠠᠶᠢᠷ᠎ᠠ | ᠬᠠᠯᠠᠮᠵᠢ ᠶᠢᠨ ᠢᠨᠵᠧᠨᠧᠷᠢᠩ ᠢ ᠬᠡᠷᠡᠭᠵᠢᠬᠦᠯᠦᠨ᠂ ᠠᠷᠠᠳ ᠤᠨ ᠠᠮᠢᠳᠣᠷᠠᠯ ᠤᠨ ᠬᠦᠷᠢᠶᠡᠨ ᠤ ᠵᠠᠷᠤᠯᠭ᠎ᠠ ᠡᠳ᠋ ᠤᠨ | ᠵᠠᠰᠠᠭ ᠤᠨ ᠲᠦᠰᠦᠪ ᠤᠨ ᠵᠠᠷᠤᠯᠭ᠎ᠠ ᠶᠢᠨ 75% ᠠᠴᠠ ᠲᠡᠭᠡᠭᠰᠢ ᠶᠢ ᠡᠵᠡᠯᠡᠪᠡ᠃ ᠨᠡᠶᠢᠲᠡ 1.3 ᠳ᠋ᠦᠩᠰᠢᠭᠤᠷ | ᠲᠦᠭᠦᠷᠢᠭ ᠤᠨ ᠪᠠᠭ᠎ᠠ ᠲᠤᠭᠠᠨ ᠤ ᠲᠠᠭᠠᠭᠠᠯᠳᠠ ᠬᠢᠬᠦ ᠵᠢᠭᠡᠯᠡᠯᠭᠡ ᠶᠢᠨ ᠮᠦᠩᠭᠦ ᠶᠢ ᠳᠠᠷᠬᠠᠭᠠᠵᠤ᠂ 2600 ᠬᠦᠮᠦᠨ | ᠢ ᠲᠡᠮᠵᠢᠨ ᠠᠵᠢᠯ ᠦᠢᠯᠡᠰ ᠪᠤᠰᠬᠠᠪᠠ᠃ ᠶᠠᠳᠠᠭᠤ ᠬᠦᠴᠢᠷᠳᠡᠯᠲᠡᠢ ᠤᠶᠤᠳᠠᠳ ᠤᠨ ᠨᠦᠬᠦᠪᠦᠷᠢ ᠶᠢᠨ ᠮᠦᠩᠭᠦ | 4592 ᠲᠦᠮᠡᠨ ᠲᠦᠭᠦᠷᠢᠭ ᠢ ᠲᠠᠷᠬᠠᠭᠠᠨ᠂ 1523 ᠨᠡᠷᠡᠰ ᠶᠡᠭᠡ ᠰᠣᠷᠭᠠᠭᠤᠯᠢ ᠶᠢᠨ ᠤᠶᠤᠳᠠᠨ ᠠᠰᠢᠭ | ᠬᠦᠷᠳᠡᠪᠡ᠃ ᠨᠠᠰᠣᠳᠠᠶᠢᠴᠤᠳ ᠲᠤ ᠠᠰᠢᠭ ᠬᠦᠷᠳᠡᠭᠡᠬᠦ ᠲᠦᠷᠦ ᠶᠢᠨ ᠪᠤᠳᠣᠯᠭ᠎ᠠ ᠶᠢ ᠭᠡᠷᠡᠭᠵᠢᠬᠦᠯᠦᠨ᠂ ᠡᠷᠡᠬᠦᠯ | ᠬᠠᠮᠠᠭᠠᠯᠠᠯ ᠡᠷᠡᠬᠦᠯᠵᠢᠯ᠂ ᠵᠠᠮ ᠬᠠᠷᠢᠯᠴᠠᠭ᠎ᠠ ᠭᠠᠳᠠᠭᠰᠢ ᠭᠠᠷᠬᠤ ᠵᠡᠷᠭᠡ ᠵᠢᠷᠭᠤᠭᠠᠨ ᠲᠠᠯ᠎ᠠ ᠪᠠᠷ ᠲᠦᠭᠦᠮ ᠦᠵᠡᠬᠦᠯᠪᠡ | ᠃ ᠶᠡᠷᠦᠩᠬᠡᠶᠢᠯᠡᠭᠰᠡᠨ ᠠᠰᠠᠷᠠᠮᠵᠢ ᠶᠢᠨ ᠲᠦᠪ᠂ ᠲᠦᠯᠢᠶᠡᠮᠤᠳᠣ ᠶᠢᠨ ᠤᠷᠤᠨ ᠪᠠᠶᠢᠷᠢᠰᠢᠯ ᠤᠨ ᠴᠢᠨᠠᠷ ᠲᠠᠢ ᠨᠠᠰᠣᠳᠠᠨ | ᠢ ᠠᠰᠠᠷᠠᠬᠤ ᠬᠦᠷᠢᠶᠡᠯᠡᠩ ᠪᠤᠯᠤᠨ ᠵᠡᠮᠳᠡᠭᠴᠦᠳ ᠤᠨ ᠡᠷᠡᠬᠦᠯᠵᠢᠯ ᠤᠨ ᠲᠦᠪ ᠢ ᠠᠰᠢᠭᠯᠠᠯᠲᠠ ᠳᠤ ᠣᠷᠣᠭᠤᠯᠵᠤ᠂ | ᠬᠠᠷᠢᠯᠴᠠᠨ ᠬᠠᠪᠰᠣᠷᠣᠯᠴᠠᠬᠤ ᠨᠠᠰᠣᠳᠠᠨ ᠢ ᠠᠰᠠᠷᠠᠬᠤ ᠬᠦᠷᠢᠶᠡᠯᠡᠩ ᠢ 7 ᠪᠠᠶᠢᠭᠤᠯᠪᠠ᠃ ᠰᠣᠷᠭᠠᠨ ᠬᠦᠮᠦᠵᠢᠯ ᠢ | ᠲᠡᠷᠢᠬᠦᠨ ᠪᠠᠶᠢᠷᠢᠨ ᠳᠤ ᠲᠠᠯᠪᠢᠬᠤ ᠪᠠᠶᠢᠯᠳᠣᠬᠤ ᠪᠤᠳᠣᠯᠭ᠎ᠠ ᠶᠢ ᠪᠠᠷᠢᠮᠳᠠᠯᠠᠨ᠂ ᠨᠡᠶᠢᠲᠡ 6.3 ᠳ᠋ᠦᠩᠰᠢᠭᠤᠷ | ᠲᠦᠭᠦᠷᠢᠭ ᠪᠡᠯᠡ ᠣᠷᠣᠭᠤᠯᠤᠨ᠂ ᠲᠤᠮᠳᠠ ᠪᠠᠭ᠎ᠠ ᠰᠣᠷᠭᠠᠭᠤᠯᠢ ᠵᠢᠴᠢ ᠬᠡᠦᠬᠡᠳ ᠤᠨ ᠴᠡᠴᠡᠷᠯᠢᠭ ᠢ 97 ᠰᠠᠭᠤᠷᠢ᠂ | 31 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠤᠨ᠂ ᠲᠤᠮᠳᠠ ᠡᠮᠦᠨ᠎ᠡ ᠤᠷᠤᠨ ᠤ ᠰᠣᠮᠣ ᠪᠠᠯᠭᠠᠰᠣᠨ ᠤ | ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ ᠰᠣᠷᠭᠠᠭᠤᠯᠢ ᠳᠤ ᠰᠣᠷᠭᠠᠭᠤᠯᠢ ᠶᠢᠨ ᠮᠠᠰᠢᠨ ᠲᠡᠷᠭᠡ | ᠬᠤᠳᠠᠯᠳᠣᠨ ᠠᠪᠴᠤ ᠦᠭᠬᠦᠨ᠂ ᠤᠯᠤᠰ ᠤᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠭᠦᠷᠢᠲᠡᠢ | ᠬᠦᠭᠵᠢᠯᠲᠡ ᠶᠢᠨ ᠬᠢᠨᠠᠨ ᠵᠢᠯᠤᠭᠤᠳᠣᠯᠭ᠎ᠠ ᠶᠢᠨ ᠰᠢᠯᠭᠠᠨ ᠬᠤᠷᠢᠶᠠᠯᠳᠠ ᠶᠢ ᠦᠩᠭᠡᠷᠭᠡᠪᠡ᠃ ᠮᠤᠩᠭᠤᠯ ᠡᠮᠨᠡᠯᠭᠡ ᠶᠢᠨ | ᠬᠤᠷᠢᠶᠠᠨ ᠤ ᠰᠢᠨ᠎ᠡ ᠣᠷᠤᠨ ᠰᠠᠭᠤᠴᠠ᠂ ᠶᠠᠳᠠᠭᠤ ᠶᠢ ᠲᠡᠳᠬᠦᠬᠦ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠠᠰᠠᠷ᠂ ᠬᠤᠷᠴᠢᠨ ᠤ ᠮᠤᠩᠭᠤᠯ ᠡᠮ ᠡᠮᠨᠡᠯᠭᠡ ᠶᠢᠨ ᠤᠬᠢᠶᠠᠯᠭ᠎ᠠ ᠶᠢᠨ ᠤᠯᠠᠮᠵᠢᠯᠠᠬᠤ ᠲᠦᠪ ᠵᠡᠷᠭᠡ ᠲᠦᠷᠦᠯ ᠵᠦᠢᠯ | ᠤᠨ ᠪᠦᠲᠦᠭᠡᠨ ᠪᠠᠶᠢᠭᠤᠯᠤᠯᠲᠠ ᠶᠢ ᠡᠬᠢᠯᠡᠬᠦᠯᠦᠨ᠂ 12 ᠰᠣᠮᠣ ᠪᠠᠯᠭᠠᠰᠣ ᠶᠢᠨ ᠡᠷᠡᠬᠦᠯ ᠬᠠᠮᠠᠭᠠᠯᠠᠯ ᠤᠨ ᠬᠤᠷᠢᠶ᠎ᠠ | ᠶᠢᠨ ᠦᠷᠭᠡᠳᠭᠡᠨ ᠪᠠᠶᠢᠭᠤᠯᠬᠤ ᠡᠭᠦᠷᠭᠡ ᠶᠢ ᠪᠡᠶᠡᠯᠡᠬᠦᠯᠵᠦ᠂ ᠡᠮ ᠢ ᠲᠡᠭ ᠵᠦᠷᠢᠶ᠎ᠡ ᠪᠠᠷ ᠪᠤᠷᠤᠯᠠᠭᠤᠯᠬᠤ ᠶᠢ | ᠬᠡᠷᠡᠭᠵᠢᠬᠦᠯᠦᠨ᠂ ᠬᠤᠳᠠ ᠬᠦᠳᠡᠭᠡ ᠶᠢᠨ ᠠᠷᠠᠳ ᠲᠦᠮᠡᠨ ᠤ ᠡᠪᠡᠳᠴᠢᠨ ᠦᠵᠡᠬᠦᠯᠬᠦ ᠲᠠᠷᠤᠭᠠᠰᠣ ᠶᠢ ᠤᠯᠠᠮ ᠨᠢᠭᠡ | ᠠᠯᠬᠤᠮ ᠬᠦᠩᠭᠡᠷᠡᠬᠦᠯᠪᠡ᠃ ᠲᠦᠯᠦᠪᠯᠡᠭᠡᠳᠦ ᠦᠷᠡᠵᠢᠯ ᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ | ᠠᠬᠢᠭᠤᠯᠤᠨ᠂ ︽ᠬᠤᠶᠠᠷ ᠬᠡᠦᠬᠡᠳ ᠤᠨ ᠲᠦᠷᠦ ᠶᠢᠨ ᠪᠤᠳᠣᠯᠭ᠎ᠠ︾ ᠶᠢ ᠤᠷᠤᠭᠰᠢᠲᠠᠢ ᠬᠡᠷᠡᠭᠵᠢᠬᠦᠯᠪᠡ᠃ ᠵᠢᠩ ᠭᠧ | ᠯᠧ ᠢᠳᠡᠭᠡᠨ ᠤ ᠬᠢᠵᠠᠭᠠᠷᠳᠣ ᠺᠤᠮᠫᠠᠨᠢ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ | ᠪᠠᠶᠢᠭᠤᠯᠤᠨ᠂ ᠦᠢᠯᠡᠳᠪᠦᠷᠢᠯᠡᠬᠦ᠂ ᠰᠣᠷᠣᠯᠴᠠᠬᠤ᠂ ᠰᠣᠳᠣᠯᠬᠤ ᠶᠢ ᠬᠠᠮᠳᠣᠷᠭᠠᠭᠰᠠᠨ ᠱᠠᠳᠣᠴᠢ ᠴᠢᠨᠠᠷ ᠲᠠᠢ ᠰᠢᠨ᠎ᠡ | ᠦᠰᠦᠷᠡᠯᠲᠡ ᠶᠢ ᠪᠡᠶᠡᠯᠡᠬᠦᠯᠪᠡ᠃ ᠦᠨᠳᠦᠰᠦᠲᠡᠨ ᠤ ᠱᠠᠰᠢᠨ ᠰᠣᠷᠳᠠᠬᠤᠨ ᠤ ᠲᠦᠷᠦ ᠶᠢᠨ ᠪᠤᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠮᠠᠨ ᠤ ᠬᠤᠰᠢᠭᠤ ᠶᠢ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ | ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ︾ ᠪᠠᠷ ᠨᠡᠷᠡᠶᠢᠳᠦᠪᠡ᠃ ᠠᠮᠤᠷ ᠲᠦᠪᠰᠢᠨ ᠦᠢᠯᠡᠳᠪᠦᠷᠢᠡᠯᠡᠯ ᠤᠨ ᠠᠵᠢᠯ | ᠢ ᠲᠠᠰᠣᠷᠠᠯᠳᠠ ᠦᠭᠡᠢ ᠴᠢᠩᠭᠠᠷᠠᠭᠤᠯᠤᠨ᠂ ᠢᠳᠡᠭᠡᠨ ᠤᠮᠳᠠᠭᠠᠨ ᠡᠮ ᠤᠨ ᠠᠮᠤᠷ ᠲᠦᠪᠰᠢᠨ ᠢ ᠴᠢᠩᠭ᠎ᠠ ᠠᠳᠬᠤᠵᠤ᠂ | ᠨᠡᠶᠢᠭᠡᠮ ᠤᠨ ᠬᠠᠮᠢᠶᠠᠷᠣᠯᠳᠠ ᠶᠢ ᠴᠢᠩᠭᠠᠳᠬᠠᠬᠤ ᠪᠠ ᠰᠢᠨᠡᠴᠢᠯᠡᠨ᠂ ᠵᠦᠷᠢᠴᠡᠯ ᠮᠠᠷᠭᠤᠯᠳᠣᠭᠠᠨ ᠢ ᠰᠢᠢᠳᠪᠦᠷᠢᠯᠡᠬᠦ | ᠠᠵᠢᠯ ᠢ ᠯᠠᠪᠳᠠᠭᠤᠨ ᠠᠬᠢᠭᠤᠯᠵᠤ᠂ ᠬᠠᠤᠯᠢ ᠶᠢ ᠵᠦᠷᠢᠴᠡᠭᠰᠡᠨ ᠠᠵᠢᠯ ᠳᠤ ᠴᠢᠩᠭ᠎ᠠ ᠴᠤᠬᠢᠯᠳᠠ ᠦᠭᠬᠦ ᠶᠢ | ᠪᠠᠷᠢᠮᠳᠠᠯᠠᠵᠤ᠂ ᠠᠷᠠᠳ ᠲᠦᠮᠡᠨ ᠤ ᠠᠮᠤᠷ ᠲᠦᠪᠰᠢᠨ ᠤ ᠰᠡᠳᠬᠢᠯᠭᠡ ᠲᠤᠭᠳᠠᠭᠤᠨ ᠢᠶᠠᠷ ᠲᠡᠭᠡᠭᠰᠢᠯᠡᠪᠡ᠃ | ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢ ︽ᠪᠦᠬᠦ ᠣᠯᠣᠰ ᠤᠨ ᠰᠢᠯᠢᠳᠡᠭ | ᠲᠤᠳᠣᠭᠠᠳᠣ ᠶᠢ ᠬᠠᠮᠠᠭᠠᠯᠠᠬᠤ ᠦᠨᠳᠦᠰᠦᠨ ᠱᠠᠳᠣᠨ ᠤ ᠨᠢᠭᠡᠴᠡ︾ ᠪᠠᠷ ᠦᠨᠡᠯᠡᠪᠡ᠃ ᠪᠠᠭᠠᠴᠤᠤᠳ ᠵᠠᠯᠠᠭᠤᠴᠤᠳ᠂ | ᠡᠮᠡᠭᠳᠡᠶᠢᠴᠦᠳ᠂ ᠵᠡᠮᠳᠡᠭᠴᠦᠳ ᠤᠨ ᠠᠰᠢᠭ ᠲᠤᠰᠠ ᠪᠦᠲᠦᠮᠵᠢᠲᠡᠢ ᠪᠠᠳᠣᠯᠠᠭ᠎ᠠ ᠲᠠᠢ ᠪᠤᠯᠪᠠ᠃ ᠲᠡᠦᠬᠡ ᠤᠶᠢᠯᠠᠯᠭ᠎ᠠ ᠂ | ᠲᠠᠩᠰᠠ ᠡᠪᠬᠡᠮᠡᠯ᠂ ᠠᠵᠢᠯᠲᠠᠨ ᠤ ᠡᠪᠯᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠤᠯᠠᠭᠠᠨ | ᠵᠠᠭᠠᠯᠮᠠᠶᠢᠳᠠᠨ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠬᠦᠭᠵᠢᠯᠲᠡ ᠶᠢ ᠪᠡᠶᠡᠯᠡᠬᠦᠯᠪᠡ᠃ | ᠡᠯ᠎ᠡ ᠵᠦᠢᠯ ᠤᠨ ᠦᠭᠡᠷᠡᠴᠢᠯᠡᠯᠡᠲᠡ ᠬᠦᠨᠵᠡᠭᠡᠢ ᠠᠬᠢᠯᠳᠠ ᠲᠠᠢ ᠪᠤᠯᠪᠠ᠃ ᠵᠠᠬ᠎ᠠ ᠲᠡᠯᠭᠡᠭᠦᠷ ᠤᠨ ᠬᠢᠨᠠᠨ | ᠬᠠᠮᠢᠶᠠᠷᠣᠯᠳᠠ ᠶᠢᠨ ᠲᠤᠪᠴᠢᠶ᠎ᠠ ᠶᠢ ᠵᠤᠬᠢᠶᠠᠨ ᠪᠠᠶᠢᠭᠤᠯᠤᠨ᠂ ᠲᠤᠭᠳᠠᠮᠠᠯ ᠬᠦᠷᠦᠩᠭᠡ ᠶᠢ ᠲᠠᠩᠰᠠᠯᠠᠨ ᠬᠠᠮᠢᠶᠠᠷᠬᠤ | ᠲᠤᠪᠴᠢᠶ᠎ᠠ ᠶᠢ ᠪᠠᠶᠢᠭᠤᠯᠵᠤ᠂ ᠵᠠᠰᠠᠭ ᠤᠨ ᠣᠷᠳᠣᠨ ᠤ ᠪᠦᠷᠢᠯᠳᠦᠭᠰᠡᠨ ᠰᠠᠯᠠᠭ᠎ᠠ ᠮᠦᠴᠢᠷ 27 ᠠᠴᠠ ᠪᠠᠭᠠᠰᠴᠦ | 24 ᠪᠤᠯᠪᠠ᠃ ᠡᠷᠬᠡ ᠬᠠᠷᠢᠭᠤᠴᠠᠯᠭ᠎ᠠ ᠶᠢᠨ ᠲᠦᠷᠢᠮ ᠢ ᠡᠷᠡᠰ ᠶᠠᠪᠤᠭᠳᠠᠭᠤᠯᠵᠤ᠂ ᠬᠢᠨᠠᠨ ᠵᠦᠪᠰᠢᠶᠡᠷᠬᠦ ᠵᠦᠢᠯᠡᠰ ᠢ | 19 ᠵᠦᠢᠯ᠂ ᠵᠠᠷᠤᠳᠠᠯ ᠬᠤᠷᠢᠶᠠᠬᠤ ᠵᠦᠢᠯᠡᠰ ᠢ 20 ᠵᠦᠢᠯ ᠦᠭᠡᠶᠢᠰᠭᠡᠪᠡ᠃ ︽ᠲᠤᠷ᠎ᠠ ᠪᠠᠷ ᠪᠠᠶᠢᠴᠠᠭᠠᠬᠤ | ᠡᠳᠡᠭᠡᠳ ᠢ ᠭᠠᠷᠭᠠᠬᠤ᠂ ᠲᠤᠷ᠎ᠠ ᠪᠠᠷ ᠬᠠᠤᠯᠢ ᠬᠡᠷᠡᠭᠵᠢᠬᠦᠯᠬᠦ ᠬᠦᠮᠦᠰ ᠢ ᠲᠤᠮᠢᠯᠠᠬᠤ᠂ ᠨᠡᠶᠢᠭᠡᠮ ᠳᠤ ᠢᠯᠡ ᠪᠤᠯᠭᠠᠬᠤ︾ | ᠬᠢᠨᠠᠨ ᠬᠠᠮᠢᠶᠠᠷᠤᠯᠳᠠ ᠶᠢᠨ ᠬᠡᠪ ᠵᠠᠭᠪᠤᠷ ᠢ ᠪᠦᠬᠦ ᠲᠠᠯ᠎ᠠ ᠪᠠᠷ ᠡᠬᠢᠯᠡᠬᠦᠯᠦᠨ᠂ ᠬᠤᠳᠠᠯᠳᠣᠭᠠᠨ ᠤ ᠶᠠᠪᠤᠳᠠᠯ ᠢ | ᠶᠠᠷᠢᠯᠴᠠᠬᠤ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ᠂ ︽ᠵᠠᠬ᠎ᠠ ᠲᠡᠯᠭᠡᠭᠦᠷ ᠤᠨ ᠭᠤᠤᠯ ᠴᠤᠭᠴᠠ | ᠶᠢ ᠲᠠᠩᠰᠠᠯᠠᠬᠤ᠂ ᠤᠯᠠᠨ ᠦᠨᠡᠮᠯᠡᠯ ᠢ ᠨᠢᠭᠡᠳᠭᠡᠬᠦ᠂ ᠨᠢᠭᠡ ᠪᠠᠳᠣᠯᠠᠪᠤᠷᠢ ᠪᠢᠴᠢᠭ ᠨᠢᠭᠡ ᠨᠤᠮᠧᠷ︾ ᠢ ᠬᠡᠷᠡᠭᠵᠢᠬᠦᠯᠪᠡ᠃ | ︽ᠵᠢᠷᠭᠤᠭ᠎ᠠ ᠲᠠᠪᠤ︾ ᠶᠢᠨ ᠬᠠᠤᠯᠢ ᠶᠢ ᠲᠦᠭᠡᠮᠡᠯᠵᠢᠬᠦᠯᠬᠦ ᠡᠯ᠎ᠡ ᠵᠦᠢᠯ ᠤᠨ ᠠᠭᠤᠯᠭ᠎ᠠ ᠶᠢ ᠪᠡᠶᠡᠯᠡᠬᠦᠯᠵᠦ᠂ ᠵᠠᠰᠠᠭ | ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠂ ᠬᠤᠰᠢᠭᠤ | ᠂ ᠰᠣᠮᠣ ᠪᠠᠯᠭᠠᠰᠣ᠂ ᠭᠠᠴᠠᠭ᠎ᠠ ᠶᠢ ᠪᠦᠬᠦᠨ ᠢ ᠪᠦᠷᠬᠦᠪᠡ᠃ ᠭᠤᠤᠯᠳᠠᠯᠭ᠎ᠠ ᠲᠠᠢ ᠪᠡᠯᠡ ᠤᠷᠤᠭᠤᠯᠤᠯᠳᠠ ᠲᠠᠢ | ᠳᠦᠷᠦᠯ ᠵᠦᠢᠯ ᠪᠠ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠡᠯᠡ ᠮᠦᠩᠬᠦ ᠶᠢᠨ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠳᠠ ᠪᠠ ᠬᠢᠨᠠᠨ ᠪᠤᠳᠤᠯᠳᠠ ᠶᠢ ᠴᠢᠩᠭᠠᠳᠬᠠᠵᠤ᠂ ᠬᠢᠵᠠᠭᠠᠷᠳᠠᠢ ᠪᠡᠯᠡ ᠮᠦᠩᠭᠦ ᠶᠢ ᠠᠷᠠᠳ ᠤᠨ ᠠᠮᠢᠳᠣᠷᠠᠯ | ᠢ ᠰᠠᠶᠢᠵᠢᠷᠠᠭᠤᠯᠬᠤ ᠲᠡᠭᠡᠷ᠎ᠡ ᠭᠡᠷᠡᠭᠯᠡᠪᠡ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠮᠠᠰᠢᠨ ᠲᠡᠷᠭᠡ | ᠶᠢᠨ ᠲᠦᠷᠢᠮ ᠲᠤᠭᠳᠠᠭᠠᠯ ᠤᠨ ᠦᠭᠡᠷᠡᠴᠢᠯᠡᠯᠲᠡ ᠶᠢ ᠪᠡᠶᠡᠯᠡᠬᠦᠯᠦᠨ᠂ ᠠᠯᠪᠠᠨ ᠳᠤ ᠬᠡᠷᠡᠭᠯᠡᠬᠦ ᠭᠡᠷ ᠤᠨ ᠲᠤᠰᠬᠠᠢ | ᠵᠠᠰᠠᠯᠳᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃ | ᠳᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠢ ᠡᠷᠬᠢᠴᠡᠬᠦᠯᠬᠦ ᠳᠤ᠂ ᠤᠯᠤᠭᠰᠠᠨ ᠬᠢᠷᠢ ᠪᠦᠲᠦᠮᠵᠢ | ᠬᠢᠯᠪᠡᠷ ᠪᠤᠰᠤ ᠶᠤᠮ᠃ ᠡᠨᠡ ᠪᠤᠯ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠣᠷᠢᠳᠣᠯᠭ᠎ᠠ ᠶᠢᠨ | ᠦᠷ᠎ᠡ ᠪᠦᠲᠦᠬᠡᠯ ᠮᠦᠨ᠂ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ | ᠵᠦᠪᠯᠡᠯᠬᠡᠨ ᠵᠢᠴᠢ ᠨᠡᠶᠢᠬᠡᠮ ᠤᠨ ᠡᠯ᠎ᠡ ᠡᠳᠡᠭᠡᠳ ᠤᠨ ᠪᠦᠲᠦᠮᠵᠢᠲᠡᠢ ᠬᠢᠨᠠᠯᠳᠠ ᠳᠠᠯᠪᠢᠯᠳᠠ᠂ ᠶᠡᠭᠡ ᠬᠦᠴᠦᠨ ᠢᠶᠠᠷ | ᠳᠡᠮᠵᠢᠭᠰᠡᠨ ᠤ ᠦᠷ᠎ᠡ ᠪᠦᠲᠦᠭᠡᠯ ᠮᠦᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠪᠠ | ᠦᠷᠭᠡᠨ ᠤᠯᠠᠨ ᠺᠠᠳ᠋ᠷ ᠤᠨ ᠬᠠᠮᠳᠣ ᠪᠠᠷ ᠪᠦᠯᠬᠦᠮᠳᠡᠭᠰᠡᠨ ᠤ ᠦᠷ᠎ᠡ ᠪᠦᠲᠦᠭᠡᠯ ᠮᠦᠨ᠃ ᠡᠬᠦᠨ ᠳᠤ᠂ ᠪᠢ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠬᠡᠯᠡᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠺᠠᠳ᠋ᠷ ᠤᠯᠠᠨ ᠲᠦᠮᠡᠨ᠂ ᠡᠯ᠎ᠡ ᠠᠷᠠᠳ ᠤᠨ ᠳᠦᠯᠦᠬᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠬᠡᠰᠢᠬᠦᠳ᠂ | ᠠᠯᠢᠪᠠ ᠮᠠᠨ ᠤ ᠬᠤᠰᠢᠭᠤᠨ ᠤ ᠬᠦᠭᠵᠢᠯᠲᠡ ᠶᠢ ᠬᠠᠯᠠᠮᠵᠢᠯᠠᠵᠤ᠂ ᠳᠡᠮᠵᠢᠵᠤ ᠪᠠᠶᠢᠭ᠎ᠠ ᠪᠠ ᠮᠠᠨ ᠤ ᠬᠤᠰᠢᠭᠤᠨ ᠤ | ᠠᠵᠤ ᠠᠬᠤᠢ ᠨᠡᠶᠢᠬᠡᠮ ᠤᠨ ᠪᠦᠲᠦᠭᠡᠨ ᠪᠠᠶᠢᠭᠤᠯᠤᠯᠳᠠ ᠳᠤ ᠤᠷᠤᠯᠴᠠᠵᠤ ᠪᠠᠶᠢᠭ᠎ᠠ ᠡᠯ᠎ᠡ ᠡᠳᠡᠭᠡᠳ ᠤᠨ ᠬᠦᠮᠦᠰ ᠲᠤ | ᠡᠷᠬᠢᠮ ᠬᠦᠨᠳᠦᠳᠭᠡᠯ ᠪᠤᠯᠤᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ | ᠬᠢᠷᠢ ᠪᠦᠲᠦᠮᠵᠢ ᠪᠠᠨ ᠳ᠋ᠦᠩᠨᠡᠬᠦ ᠶᠢᠨ ᠳᠠᠭᠠᠤ ᠪᠢᠳᠡ ᠪᠠᠰᠠ ᠰᠡᠷᠭᠡᠭ ᠢᠶᠠᠷ ᠳᠠᠨᠢᠵᠤ ᠤᠯᠤᠭᠰᠠᠨ ᠨᠢ᠂ ᠮᠠᠨ ᠤᠨ | ᠬᠤᠰᠢᠭᠤ ᠮᠦᠨ ᠰᠦᠷᠡᠬᠡᠢ ᠶᠠᠳᠠᠭᠤ ᠬᠦᠴᠢᠷᠳᠡᠯᠲᠡᠢ ᠪᠠᠶᠢᠳᠠᠯ ᠳᠤ ᠪᠠᠶᠢᠵᠤ᠂ ᠬᠦᠭᠵᠢᠭᠰᠡᠨ ᠦᠬᠡᠢ ᠦᠨᠳᠦᠰᠦᠨ | ᠪᠠᠶᠢᠳᠠᠯ ᠢ ᠬᠤᠪᠢᠷᠠᠭᠤᠯᠵᠤ ᠲᠡᠶᠢᠯᠦᠭᠡᠳᠦᠢ ᠪᠠᠶᠢᠵᠤ᠂ ᠬᠦᠭᠵᠢᠯᠲᠡ ᠲᠡᠩᠴᠡᠭᠦᠷᠢ ᠦᠭᠡᠢ᠂ ᠬᠦᠢᠴᠡᠳ ᠪᠤᠰᠣ | ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ | ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠬᠠᠨᠤᠭᠠᠵᠤ ᠲᠡᠶᠢᠯᠦᠭᠡ ᠦᠭᠡᠢ ᠪᠠᠶᠢᠨ᠎ᠠ᠃ ᠭᠤᠤᠯ ᠢᠯᠡᠷᠡᠯ ᠨᠢ᠄ ᠠᠵᠤ | ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠪᠦᠲᠦᠭᠦᠯᠢᠭ ᠪᠠᠶᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷ ᠲᠠᠢ ᠦᠭᠡᠷᠡᠴᠢᠯᠡᠯᠲᠡ ᠬᠦᠢᠴᠡᠳ ᠪᠤᠰᠣ᠂ ᠬᠦᠭᠵᠢᠯᠲᠡ ᠶᠢᠨ ᠶᠠᠰᠣ ᠴᠢᠨᠠᠷ ᠪᠤᠯᠤᠨ ᠦᠷ᠎ᠡ ᠪᠦᠲᠦᠮᠵᠢ | ᠦᠨᠳᠦᠷ ᠪᠢᠰᠢ᠂ ᠠᠵᠤ ᠠᠬᠤᠢ ᠶᠢᠨ ᠲᠤᠷᠤᠭᠰᠢᠯᠠᠬᠤ ᠲᠠᠷᠤᠭᠭᠠᠰᠣ ᠨᠡᠯᠢᠶᠡᠳ ᠶᠡᠭᠡ᠂ ᠠᠵᠤ ᠦᠢᠯᠡᠰ ᠵᠢᠴᠢ | ᠤᠷᠤᠨ ᠲᠤᠭᠤᠷᠢᠭ ᠤᠨ ᠲᠤᠮᠤ ᠠᠵᠤ ᠠᠬᠤᠶᠢᠯᠠᠯ᠂ ᠶᠡᠭᠡ ᠲᠦᠷᠦᠯ ᠵᠦᠢᠯ ᠤᠨ ᠲᠤᠯᠭᠠᠭᠤᠷᠢᠯᠠᠯ ᠢᠶᠠᠷ ᠲᠤᠳᠠᠮᠠᠭ᠂ | ᠬᠦᠭᠵᠢᠯᠲᠡ ᠶᠢᠨ ᠲᠠᠯᠳᠠ ᠬᠦᠴᠦᠨ ᠲᠤᠳᠠᠮᠠᠭ ᠪᠠᠶᠢᠨ᠎ᠠ᠃ ᠪᠡᠯᠡ ᠮᠦᠩᠭᠦ᠂ ᠭᠠᠵᠠᠷ ᠰᠢᠷᠣᠢ᠂ ᠤᠷᠴᠢᠨ ᠲᠤᠭᠤᠷᠢᠨ | ᠵᠡᠷᠭᠡ ᠡᠯᠧᠮᠧᠨ᠋ᠲ ᠤᠨ ᠬᠢᠵᠠᠭᠠᠷᠯᠠᠯ ᠴᠢᠩᠭ᠎ᠠ᠂ ᠬᠦᠭᠵᠢᠬᠦ ᠣᠷᠴᠢᠨ ᠲᠤᠭᠤᠷᠢᠨ᠂ ᠬᠤᠳᠠᠯᠳᠤᠭ᠎ᠠ ᠡᠵᠡᠩᠨᠡᠬᠦ ᠣᠷᠴᠢᠨ | ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠬᠢᠬᠦ | ᠡᠭᠦᠷᠭᠡ ᠬᠦᠨᠳᠦ ᠴᠢᠬᠤᠯᠠ ᠪᠠᠶᠢᠵᠤ᠂ ᠠᠷᠠᠳ ᠤᠨ ᠠᠮᠢᠳᠣᠷᠠᠯ ᠤᠨ ᠬᠡᠪᠴᠢᠶᠡᠨ ᠳᠤ ᠨᠡᠯᠢᠶᠡᠳ ᠤᠯᠠᠨ ᠲᠤᠳᠠᠮᠠᠭ | ᠲᠠᠯ᠎ᠠ ᠪᠠᠶᠢᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ | ᠬᠡᠷᠡᠭᠴᠡᠭᠡ ᠶᠢ ᠬᠠᠩᠭᠠᠵᠤ ᠲᠡᠶᠢᠯᠬᠦ ᠦᠭᠡᠢ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ | ᠤᠳᠠᠭᠠᠰᠢᠷᠠᠵᠤ᠂ ᠵᠠᠷᠣᠯᠭ᠎ᠠ ᠲᠠᠷᠠᠭᠠᠯᠠᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ | ᠱᠢᠷᠦᠬᠦᠰᠴᠦ᠂ ᠭᠠᠵᠠᠷ ᠣᠷᠣᠨ ᠤ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠦᠷᠢᠯᠡᠬᠦ ᠡᠭᠦᠷᠭᠡ ᠶᠢᠨ | ᠲᠠᠷᠤᠭᠠᠰᠣ ᠬᠦᠨᠳᠦ ᠪᠠᠶᠢᠵᠤ᠂ ᠬᠡᠰᠡᠭ ᠭᠠᠵᠠᠷ ᠣᠷᠣᠨ ᠪᠤᠯᠤᠨ ᠰᠠᠯᠠᠭ᠎ᠠ ᠮᠦᠴᠢᠷ ᠬᠠᠤᠯᠢ ᠶᠤᠰᠣᠨ ᠤ ᠵᠠᠰᠠᠭ | ᠵᠠᠬᠢᠷᠭᠠᠨ ᠤ ᠴᠢᠳᠠᠪᠤᠷᠢ ᠪᠠᠭᠤᠷᠠᠢ ᠪᠠᠶᠢᠵᠤ᠂ ᠠᠵᠢᠯᠯᠠᠭ᠎ᠠ ᠦᠭᠡᠢ᠂ ᠲᠤᠷᠠᠪᠡᠷ ᠠᠵᠢᠯᠯᠠᠬᠤ ᠵᠡᠷᠭᠡ ᠦᠵᠡᠭᠳᠡᠯ | ᠣᠷᠣᠰᠢᠵᠤ ᠪᠠᠶᠢᠨ᠎ᠠ᠃ ᠡᠶᠢᠮᠤ ᠠᠴᠠ᠂ ᠪᠢᠳᠡ ᠳᠦᠭᠰᠢᠬᠦᠷᠢ ᠳᠤ ᠰᠠᠨᠠᠭᠠᠰᠢᠷᠠᠬᠤ ᠦᠵᠡᠯ ᠤᠬᠠᠮᠰᠠᠷ ᠪᠠ | ᠬᠠᠷᠢᠭᠤᠴᠯᠠᠭ᠎ᠠ ᠶᠢ ᠳᠠᠭᠠᠭᠠᠨ ᠡᠬᠦᠷᠭᠡᠯᠡᠬᠦ ᠦᠵᠡᠯ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠤ᠂ | ᠠᠰᠠᠭᠤᠳᠠᠯ ᠳᠤ ᠨᠢᠭᠤᠷᠳᠠᠵᠤ᠂ ᠠᠰᠠᠭᠤᠳᠠᠯ ᠢ ᠰᠢᠢᠳᠪᠦᠷᠢᠯᠡᠨ᠂ ᠵᠠᠰᠠᠭ ᠤᠨ ᠤᠷᠳᠤᠨ ᠤ ᠠᠵᠢᠯ ᠢ ᠤᠶᠤᠨ ᠴᠢᠳᠠᠯ | ᠢᠶᠠᠨ ᠰᠢᠪᠬᠠᠨ ᠨᠠᠷᠢᠨ ᠬᠢᠨᠠᠮᠠᠭᠠᠢ ᠰᠠᠶᠢᠳᠦᠷ ᠰᠢᠢᠳᠪᠦᠷᠢᠯᠡᠬᠦ ᠭᠡᠷᠡᠭᠲᠡᠢ ᠪᠠᠶᠢᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ | ᠲᠦᠯᠦᠭᠡᠯᠡᠭᠴᠢᠳ ᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠳᠤᠭᠳᠠᠭᠠᠵᠤ᠂ | ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠠᠴᠠ ᠨᠡᠶᠢᠭᠡᠮ ᠵᠢᠷᠦᠮᠳᠦ ᠤᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠬᠦᠯᠬᠦ᠂ ᠲᠠᠬᠢᠨ ᠨᠡᠶᠢᠭᠡᠮ ᠵᠢᠷᠦᠮᠳᠦ ᠣᠳᠣᠬᠢᠴᠢᠯᠠᠭᠰᠠᠨ ᠬᠦᠴᠦᠷᠭᠡᠭ ᠶᠡᠭᠡ ᠣᠯᠣᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠠᠷᠠᠯᠳᠠ ᠶᠢ ᠪᠡᠶᠡᠯᠡᠬᠦᠯᠬᠦ ᠶᠢ ᠲᠤᠷᠠᠳᠣᠪᠠ᠃ ︽ᠲᠦᠷᠪᠡᠨ | ᠣᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ᠰᠢ ᠶᠢᠨ ᠫᠢᠩ ᠨᠦᠬᠦᠷ ᠤᠨ ᠰᠢᠨ᠎ᠡ ᠴᠠᠭ ᠦᠶ᠎ᠡ ᠶᠢᠨ | ᠲᠤᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠣᠭᠤᠯᠵᠤ᠂ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠠᠴᠠ ᠦᠪᠦᠷ ᠮᠤᠩᠭᠤᠯ ᠳᠠᠬᠢ ᠱᠠᠭᠠᠷᠳᠠᠯᠭ᠎ᠠ ᠶᠢ ᠨᠡᠩ ᠪᠠᠳᠣ ᠪᠠᠬᠢ | ᠤᠬᠠᠮᠰᠠᠷ ᠠᠴᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡᠪᠰᠢ ᠬᠦᠭᠵᠢᠯᠲᠡ ᠶᠢ ᠮᠠᠨ ᠤ ᠬᠤᠰᠢᠭᠤᠨ ᠤ | ᠠᠯᠢᠪᠠ ᠠᠰᠠᠭᠤᠳᠠᠯ ᠶᠢ ᠰᠢᠢᠳᠪᠦᠷᠢᠯᠡᠬᠦ ᠰᠠᠭᠤᠷᠢ ᠪᠤᠯᠤᠨ ᠵᠠᠩᠭᠢᠯᠠᠭ᠎ᠠ ᠪᠠᠷ ᠦᠵᠡᠵᠦ᠂ ᠬᠦᠭᠵᠢᠯᠲᠡ ᠪᠤᠯ ᠨᠢᠭᠡᠳᠦᠭᠡᠷ | ᠴᠢᠬᠤᠯᠠ ᠶᠠᠪᠤᠳᠠᠯ ᠪᠤᠯᠬᠤ ᠶᠢ ᠭᠤᠶᠢᠪᠠᠰᠢ ᠦᠭᠡᠢ ᠪᠠᠷᠢᠮᠳᠠᠯᠠᠵᠤ᠂ ᠰᠢᠨ᠎ᠡ ᠶᠢ ᠡᠭᠦᠳᠬᠦ᠂ ᠡᠶ᠎ᠡ ᠵᠤᠬᠢᠴᠠᠩᠭᠤᠢ᠂ | ᠪᠤᠬᠢᠷᠳᠣᠯ ᠦᠭᠡᠢ᠂ ᠨᠡᠭᠡᠭᠡᠯᠳᠡᠳᠦ᠂ ᠬᠠᠮᠳᠣᠪᠠᠷ ᠡᠳ᠋ᠯᠡᠬᠦ ᠬᠦᠭᠵᠢᠯᠲᠡ ᠶᠢᠨ ᠤᠶᠢᠯᠠᠭᠠᠭᠳᠠᠬᠤᠨ ᠢ ᠭᠤᠶᠢᠪᠠᠰᠢ ᠦᠭᠡᠢ | ᠲᠣᠣᠱᠯᠠᠭᠤᠯᠤᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠲᠠ᠂ ᠬᠤᠳᠠ | ᠪᠠᠯᠭᠠᠰᠣᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠣᠬᠢᠴᠢᠯᠠᠯᠲᠠ ᠶᠢᠨ ᠬᠦᠭᠵᠢᠯᠲᠡ ᠶᠢ ᠲᠦᠯᠬᠢᠨ | ᠠᠬᠢᠭᠤᠯᠵᠤ᠂ ᠠᠷᠢᠭᠤᠨ ᠴᠡᠪᠡᠷ ᠡᠨᠧᠷᠬᠢ ᠶᠢ ᠦᠢᠯᠡᠳᠪᠦᠷᠢᠯᠡᠨ ᠭᠠᠷᠭᠠᠬᠤ ᠰᠠᠭᠤᠷᠢᠨ᠂ ᠪᠤᠬᠢᠷᠳᠣᠯ ᠦᠭᠡᠢ ᠮᠠᠯ ᠤᠨ | ᠠᠰᠢᠭ ᠰᠢᠮ᠎ᠡ ᠶᠢᠨ ᠦᠢᠯᠡᠳᠭᠦᠨ ᠢ ᠨᠠᠷᠢᠨ ᠪᠤᠯᠪᠠᠰᠣᠷᠠᠭᠤᠯᠬᠤ ᠰᠠᠭᠤᠷᠢᠨ᠂ ᠦᠨᠳᠦᠰᠦᠲᠡᠨ ᠤ ᠰᠣᠶᠣᠯ | ᠵᠢᠭᠤᠯᠴᠢᠯᠠᠯ ᠤᠨ ᠰᠡᠯᠡᠭᠦᠴᠡᠨ ᠠᠮᠠᠷᠠᠬᠤ ᠰᠠᠭᠤᠷᠢᠨ ᠢ ᠲᠦᠷᠭᠡᠳᠭᠡᠨ ᠪᠠᠶᠢᠭᠤᠯᠵᠤ᠂ ᠠᠵᠤ ᠠᠬᠤᠢ ᠶᠢᠨ ᠬᠡᠯᠪᠡᠷᠢ ᠢ | ᠬᠤᠪᠢᠷᠠᠭᠤᠯᠤᠨ ᠳᠡᠰ ᠲᠡᠭᠡᠭᠰᠢᠯᠡᠬᠦ ᠶᠢ ᠲᠦᠷᠭᠡᠳᠭᠡᠨ ᠪᠡᠶᠡᠯᠡᠬᠦᠯᠵᠦ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠨ᠎ᠠ᠃ | ᠲᠦᠯᠦᠭᠡᠯᠡᠭᠴᠢᠳ ᠡ᠂ ᠬᠤᠶᠢᠰᠢᠲᠠ ᠶᠢᠨ ᠲᠠᠪᠤᠨ ᠵᠢᠯ ᠪᠤᠯ ᠮᠠᠨ ᠤ ᠤᠯᠤᠰ ᠤᠨ ᠪᠦᠬᠦ ᠲᠠᠯ᠎ᠠ ᠪᠠᠷ | ᠴᠢᠨᠡᠭᠡᠯᠢᠭ ᠨᠡᠶᠢᠭᠡᠮ ᠢ ᠪᠠᠶᠢᠭᠤᠯᠬᠤ ᠰᠢᠢᠳᠪᠦᠷᠢᠳᠦ ᠢᠯᠠᠯᠲᠠ ᠣᠯᠬᠤ ᠬᠤᠭᠤᠴᠠᠭ᠎ᠠ ᠪᠠᠶᠢᠵᠤ᠂ ︽ᠬᠤᠤᠰ ᠵᠠᠭᠤᠨ | ᠵᠢᠯ︾ ᠤᠨ ᠲᠡᠮᠡᠴᠡᠬᠦ ᠬᠠᠷᠠᠯᠳᠠ ᠶᠢᠨ ᠲᠡᠦᠬᠡ ᠶᠢᠨ ᠠᠭᠤᠯᠵᠠᠭᠤᠷ ᠬᠤᠭᠤᠴᠠᠭ᠎ᠠ ᠪᠠᠶᠢᠵᠤ᠂ ᠨᠡᠶᠢᠭᠡᠮ ᠵᠢᠷᠦᠮᠳᠦ | ᠨᠡᠶᠢᠭᠡᠮ ᠤᠨ ᠤᠳᠣᠬᠢᠴᠢᠯᠠᠭᠰᠠᠨ ᠰᠢᠨ᠎ᠡ ᠠᠶᠠᠨ ᠵᠠᠮ ᠤᠨ ᠴᠢᠬᠤᠯᠠ ᠲᠡᠦᠬᠡ ᠶᠢᠨ ᠱᠠᠳᠣ ᠦᠶ᠎ᠡ ᠪᠤᠯᠤᠨ᠎ᠠ᠃ ᠡᠭᠦᠨ | ᠠᠴᠠ ᠬᠤᠶᠢᠨᠠᠬᠢ ᠲᠠᠪᠤᠨ ᠵᠢᠯ ᠤᠨ ᠠᠵᠢᠯ ᠢ ᠰᠠᠶᠢᠳᠣᠷ ᠬᠢᠬᠦ ᠨᠢ᠂ ᠬᠠᠷᠢᠴᠠᠭ᠎ᠠ ᠬᠤᠯᠪᠤᠭ᠎ᠠ ᠴᠢᠬᠤᠯᠠ᠂ ᠣᠳᠬ᠎ᠠ | ᠠᠭᠤᠯᠭ᠎ᠠ ᠬᠦᠨᠵᠡᠭᠡᠢ ᠪᠠᠶᠢᠵᠤ᠂ ᠢᠷᠡᠬᠦ ᠲᠠᠪᠤᠨ ᠵᠢᠯ ᠳᠤ ᠪᠢᠳᠡ ᠲᠤᠤᠷᠠᠬᠢ ᠠᠵᠢᠯ ᠢ ᠰᠠᠶᠢᠳᠣᠷ ᠬᠢᠨ᠎ᠡ᠄ | —— ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠭᠡᠨ᠎ᠡ᠃ ᠠᠵᠤ | ᠦᠢᠯᠡᠳᠪᠦᠷᠢ ᠶᠢᠨ ᠣᠷᠣᠨ ᠲᠤᠭᠤᠷᠢᠭ ᠢᠶᠠᠷ ᠠᠴᠢᠶᠠᠯᠠᠪᠤᠷᠢ ᠪᠤᠯᠭᠠᠨ᠂ ᠬᠠᠳᠠᠭᠠᠯᠠᠬᠤ ᠬᠡᠮᠵᠢᠶ᠎ᠡ ᠪᠤᠯᠤᠨ ᠰᠢᠯᠢᠳᠡᠭ ᠢ | ᠵᠤᠬᠢᠶᠠᠬᠤ ᠬᠡᠮᠵᠢᠶ᠎ᠡ ᠶᠢ ᠨᠡᠮᠡᠭᠳᠡᠬᠦᠯᠬᠦ ᠬᠤᠶᠠᠷ ᠢ ᠲᠤᠬᠢᠷᠠᠭᠤᠯᠬᠤ ᠶᠢ ᠪᠠᠷᠢᠮᠳᠠᠯᠠᠵᠤ᠂ ᠠᠷᠢᠭᠤᠨ ᠴᠡᠪᠡᠷ ᠡᠨᠧᠷᠬᠢ ᠢ | ᠦᠢᠯᠡᠳᠪᠦᠷᠢᠯᠡᠨ ᠭᠠᠷᠭᠠᠬᠤ ᠰᠠᠭᠤᠷᠢᠨ᠂ ᠪᠤᠬᠢᠷᠳᠣᠯ ᠦᠭᠡᠢ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠨᠠᠷᠢᠯᠢᠭ | ᠪᠤᠯᠪᠠᠰᠣᠷᠠᠭᠤᠯᠬᠤ ᠰᠠᠭᠤᠷᠢᠨ ᠪᠠᠷ ᠭᠤᠤᠯᠳᠠᠯᠭ᠎ᠠ ᠪᠤᠯᠭᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ᠂ 2020 ᠣᠨ ᠪᠤᠯᠳᠠᠯ᠎ᠠ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 8.3 ᠳ᠋ᠦᠩᠰᠢᠭᠤᠷ ᠲᠦᠭᠦᠷᠢᠭ ᠪᠡᠶᠡᠯᠡᠬᠦᠯᠦᠨ᠂ ᠵᠢᠯ ᠲᠤᠮᠳᠠᠴᠢ ᠪᠠᠷ | 11% ᠣᠷᠴᠢᠮ ᠨᠡᠮᠡᠭᠳᠡᠬᠦᠯᠦᠨ᠎ᠡ᠃ ᠠᠷᠢᠭᠤᠨ ᠴᠡᠪᠡᠷ ᠡᠨᠧᠷᠺᠢ ᠢ ᠦᠢᠯᠡᠳᠪᠦᠷᠢᠯᠡᠨ ᠭᠠᠷᠭᠠᠬᠤ ᠰᠠᠭᠤᠷᠢᠨ ᠢ ᠪᠦᠬᠦ | ᠬᠦᠴᠦᠨ ᠢᠶᠠᠷ ᠪᠠᠶᠢᠭᠤᠯᠤᠨ᠂ ᠨᠠᠷᠠᠨ ᠤ ᠡᠨᠧᠷᠭᠢ᠂ ᠠᠮᠢᠳᠣ ᠪᠤᠳᠠᠰ ᠤᠨ ᠡᠨᠧᠷᠭᠢ ᠵᠡᠷᠭᠡ ᠠᠷᠢᠭᠤᠨ ᠴᠡᠪᠡᠷ ᠡᠨᠧᠷᠭᠢ | ᠶᠢᠨ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠶᠢ ᠲᠦᠯᠬᠢᠨ ᠠᠬᠢᠭᠤᠯᠵᠤ᠂ 2022 ᠤᠨ ᠪᠤᠯᠳᠠᠯ᠎ᠠ᠂ ᠪᠦᠬᠦ | ᠬᠤᠰᠢᠭᠤᠨ ᠤ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ 270 ᠲᠦᠮᠡᠨ ᠺᠢᠯᠤᠸᠠᠲ ᠢ ᠲᠠᠪᠠᠵᠤ᠂ ᠨᠡᠭᠦᠷᠡᠰᠦ | ᠪᠠᠷ ᠦᠢᠯᠡᠳᠬᠦ ᠪᠠᠶᠢᠭᠠᠯᠢ ᠶᠢᠨ ᠰᠢᠲᠠᠮᠠᠬᠠᠢ ᠬᠡᠢ ᠶᠢ 40 ᠳ᠋ᠦᠩᠰᠢᠭᠤᠷ ᠲᠡᠭᠰᠢ ᠲᠦᠷᠪᠡᠯᠵᠢᠨ ᠮᠧᠲᠷ ᠲᠤ ᠬᠦᠷᠭᠡᠨ᠎ᠡ | ᠃ ᠪᠤᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠣᠷᠣᠭᠤᠯᠵᠤ | ᠭᠠᠷᠭᠠᠬᠤ ᠰᠠᠭᠤᠷᠢᠨ ᠢ ᠪᠦᠬᠦ ᠬᠦᠴᠦᠨ ᠢᠶᠠᠷ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ | ᠤᠨ ᠲᠠᠪᠠᠭᠤᠯᠢᠭ ᠲᠤ ᠪᠠᠨ ᠳᠦᠰᠢᠭᠯᠡᠵᠤ᠂ ᠦᠬᠡᠷ ᠤᠨ ᠮᠢᠬ᠎ᠠ᠂ ᠬᠤᠨᠢᠨ ᠮᠢᠬ᠎ᠠ᠂ ᠡᠯᠳᠡᠪ ᠠᠮᠤ ᠪᠤᠷᠴᠠᠭ ᠵᠡᠷᠭᠡ | ᠠᠷᠠᠴᠢᠯᠠᠨ ᠲᠡᠵᠢᠭᠡᠵᠦ ᠪᠤᠯᠪᠠᠰᠣᠷᠠᠭᠤᠯᠬᠤ ᠠᠵᠤ ᠦᠢᠯᠡᠳᠪᠦᠷᠢ ᠶᠢ ᠲᠦᠷᠭᠡᠳᠭᠡᠨ ᠬᠦᠭᠵᠢᠬᠦᠯᠵᠦ᠂ 2022 ᠤᠨ | ᠪᠤᠯᠳᠠᠯ᠎ᠠ᠂ ᠪᠦᠬᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠭᠦᠨ ᠢ | ᠪᠤᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠶᠢ 65% ᠠᠴᠠ ᠲᠡᠭᠡᠭᠰᠢ ᠳᠤ ᠬᠦᠷᠭᠡᠨ᠎ᠡ᠃ ᠣᠷᠣᠨ ᠲᠤᠭᠤᠷᠢᠭ | ᠤᠨ ᠠᠴᠢᠶᠠᠯᠠᠬᠤ ᠬᠦᠴᠦᠨ ᠢ ᠲᠡᠭᠡᠭᠰᠢᠯᠡᠬᠦᠯᠦᠨ᠂ ᠪᠠᠶᠠᠵᠢᠨ᠎ᠠ ᠠᠵᠤ ᠦᠢᠯᠡᠳᠪᠦᠷᠢ ᠶᠢᠨ ᠲᠤᠭᠤᠷᠢᠭ ᠤᠨ ︽ | ᠲᠤᠯᠤᠭ᠎ᠠ ᠨᠡᠪᠳᠡᠷᠡᠬᠦ᠂ ᠨᠢᠭᠡ ᠶᠢ ᠲᠡᠭᠰᠢᠯᠡᠬᠦ︾ ᠵᠡᠷᠭᠡ ᠢᠵᠢ ᠪᠦᠷᠢᠳᠦᠬᠦᠯᠦᠭᠰᠡᠨ ᠰᠠᠭᠤᠷᠢ ᠲᠦᠭᠦᠭᠡᠷᠦᠮᠵᠢ ᠶᠢ | ᠲᠡᠭᠦᠯᠳᠡᠷᠵᠢᠬᠦᠯᠵᠦ᠂ ᠣᠷᠣᠨ ᠲᠤᠭᠤᠷᠢᠭ ᠢ ᠭᠤᠤᠯᠯᠠᠭᠴᠢ ᠠᠵᠤ ᠠᠬᠤᠶᠢᠯᠠᠯ ᠲᠦᠪᠯᠡᠷᠡᠨ ᠬᠦᠭᠵᠢᠭᠰᠡᠨ ᠴᠢᠬᠤᠯᠠ | ᠲᠠᠪᠴᠠᠩ ᠪᠤᠯᠭᠠᠨ᠎ᠠ᠃ | —— ᠰᠢᠶᠠᠩ ᠲᠤᠰᠬᠤᠨ ᠢ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠶᠡᠬᠡᠪᠡᠷ ᠬᠡᠷᠡᠭᠵᠢᠬᠦᠯᠦᠨ᠎ᠡ᠃ | ᠠᠵᠤ ᠦᠢᠯᠡᠰ ᠬᠦᠭᠵᠢᠭᠰᠡᠨ᠂ ᠠᠮᠢ ᠠᠬᠤᠢ ᠲᠤᠬᠢᠲᠠᠢ᠂ ᠠᠶᠢᠯ ᠤᠨ ᠰᠣᠷᠳᠠᠯ ᠪᠤᠯᠪᠠᠰᠣᠨ᠂ ᠵᠠᠰᠠᠯᠳᠠ ᠪᠦᠲᠦᠮᠵᠢᠲᠡᠢ | ᠂ ᠠᠮᠢᠳᠣᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠣᠭᠠᠷ᠂ ᠣᠳᠣᠬᠢᠴᠢᠯᠠᠭᠰᠠᠨ ᠲᠠᠷᠢᠶᠠᠯᠠᠩ ᠮᠠᠯ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠰᠢᠨ᠎ᠡ ᠬᠦᠳᠡᠭᠡ ᠲᠤᠰᠬᠤᠨ ᠰᠢᠨ᠎ᠡ ᠮᠠᠯᠵᠢᠬᠤ | ᠤᠷᠤᠨ ᠢ ᠪᠦᠬᠦ ᠬᠦᠴᠦᠨ ᠪᠠᠷ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠤᠳᠣᠬᠢᠴᠢᠯᠠᠯᠲᠠ | ᠶᠢᠨ ᠠᠬᠢᠴᠠ ᠶᠢ ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷ ᠲᠠᠢ ᠦᠭᠡᠷᠡᠴᠢᠯᠡᠯᠡᠲᠡ ᠶᠢ ᠬᠦᠨᠵᠡᠭᠡᠢ ᠲᠦᠯᠬᠢᠨ ᠠᠬᠢᠭᠤᠯᠵᠤ᠂ ᠶᠠᠰᠣ ᠴᠢᠨᠠᠷ ᠢᠶᠠᠷ ᠲᠠᠷᠢᠶᠠᠯᠠᠩ ᠢ | ᠬᠦᠭᠵᠢᠬᠦᠯᠵᠦ᠂ ᠪᠤᠬᠢᠷᠳᠣᠯ ᠦᠭᠡᠢ ᠦᠢᠯᠡᠳᠬᠦᠨ ᠢᠶᠠᠷ ᠲᠠᠷᠢᠶᠠᠯᠠᠩ ᠢ ᠬᠦᠭᠵᠢᠬᠦᠯᠬᠦ ᠶᠢ ᠪᠠᠷᠢᠮᠳᠠᠯᠠᠵᠤ᠂ ᠬᠤᠷᠢᠶᠠᠯᠳᠠ | ᠶᠢ ᠨᠡᠮᠡᠭᠳᠡᠬᠦᠯᠬᠦ ᠣᠳᠣᠷᠢᠳᠣᠮᠵᠢ ᠠᠴᠠ ᠶᠠᠰᠣ ᠴᠢᠨᠠᠷ ᠢ ᠲᠡᠭᠡᠭᠰᠢᠯᠡᠬᠦᠯᠬᠦ ᠤᠳᠤᠷᠢᠳᠤᠮᠵᠢ ᠶᠢᠨ ᠵᠦᠭ ᠬᠤᠪᠢᠷᠠᠭᠤᠯᠬᠤ | ᠶᠢ ᠳᠦᠷᠭᠡᠳᠭᠡᠨ ᠠᠬᠢᠭᠤᠯᠤᠨ᠎ᠠ᠃ ᠡᠮᠦᠨ᠎ᠡ ᠬᠡᠰᠡᠭ ᠤᠨ ᠰᠣᠮᠣ ᠪᠠᠯᠭᠠᠰᠣ ᠳᠤ ︽ᠬᠤᠨᠢᠨ ᠤ ᠲᠤᠭ᠎ᠠ ᠶᠢ ᠪᠠᠭᠠᠰᠬᠠᠨ | ᠂ ᠦᠬᠡᠷ ᠤᠨ ᠲᠤᠭ᠎ᠠ ᠶᠢ ᠨᠡᠮᠡᠭᠳᠡᠬᠦᠯᠬᠦ︾ ᠶᠢ ᠪᠠᠷᠢᠮᠳᠠᠯᠠᠨ᠂ ᠡᠪᠡᠰᠦ ᠪᠤᠷᠳᠣᠭᠠᠨ ᠤ ᠦᠢᠯᠡᠰ ᠢ ᠶᠡᠭᠡ ᠬᠦᠴᠦᠨ ᠢᠶᠠᠷ | ᠬᠦᠭᠵᠢᠬᠦᠯᠵᠦ᠂ ᠰᠢᠯᠢᠳᠡᠭ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ᠂ ᠮᠣᠷᠢᠨ ᠦᠢᠯᠡᠰ ᠢ ᠬᠦᠭᠵᠢᠬᠦᠯᠦᠨ᠂ | ᠦᠬᠡᠷ ᠤᠨ ᠮᠢᠬ᠎ᠠ᠂ ᠬᠤᠨᠢᠨ ᠮᠢᠬ᠎ᠠ ᠶᠢᠨ ᠴᠢᠨᠠᠷ ᠢ ᠰᠠᠶᠢᠵᠢᠷᠠᠭᠤᠯᠬᠤ᠂ ᠫᠧᠩ ᠰᠠᠷᠪᠴᠢ ᠳᠤ ᠪᠤᠷᠳᠣᠬᠤ ᠪᠤᠯᠤᠨ | ᠲᠠᠤᠯᠠᠢ ᠲᠡᠵᠢᠬᠡᠬᠦ ᠠᠵᠤ ᠦᠢᠯᠡᠰ ᠢ ᠠᠬᠢᠭᠤᠯᠤᠨ᠎ᠠ᠃ ᠲᠤᠮᠳᠠ ᠬᠡᠰᠡᠭ ᠤᠨ ᠰᠣᠮᠣ ᠪᠠᠯᠭᠠᠰᠣᠨ ᠳᠤ ︽ᠵᠢᠯ ᠢᠶᠠᠷ | ᠪᠤᠷᠳᠣᠬᠤ᠂ ᠲᠦᠷᠪᠡᠨ ᠤᠯᠠᠷᠢᠯ ᠢᠶᠠᠷ ᠬᠤᠳᠠᠯᠳᠣᠬᠤ︾ ᠬᠡᠪ ᠵᠠᠭᠪᠤᠷ ᠢ ᠪᠤᠢ ᠪᠤᠯᠭᠠᠵᠤ᠂ ᠣᠰᠣᠨ ᠲᠤᠳᠣᠷᠭᠠ᠂ | ᠢᠳᠡᠰᠢᠨ ᠮᠦᠬᠦ᠂ ᠬᠢᠳᠡᠳ ᠡᠮ ᠤᠨ ᠮᠠᠲ᠋ᠧᠷᠢᠶᠠᠯ ᠪᠤᠯᠤᠨ ᠲᠦᠭᠦᠭᠡᠷᠦᠮᠵᠢᠳᠦ ᠲᠠᠷᠢᠶᠠᠯᠠᠩ ᠤᠨ ᠬᠦᠭᠵᠢᠯᠲᠡ ᠶᠢ | ᠲᠦᠯᠬᠢᠨ ᠠᠬᠢᠭᠤᠯᠤᠨ᠎ᠠ᠃ ᠬᠤᠶᠢᠳᠣ ᠬᠡᠰᠡᠭ ᠤᠨ ᠰᠣᠮᠣ ᠪᠠᠯᠭᠠᠰᠣ ᠳᠤ ︽ᠬᠤᠨᠢᠨ ᠤ ᠲᠤᠭ᠎ᠠ ᠶᠢ ᠲᠤᠭᠳᠠᠭᠤᠨ | ᠪᠠᠶᠢᠯᠭᠠᠵᠤ᠂ ᠦᠬᠡᠷ ᠤᠨ ᠲᠤᠭ᠎ᠠ ᠶᠢ ᠨᠡᠮᠡᠭᠳᠡᠬᠦᠯᠬᠦ︾᠂ ︽ᠠᠮᠤ ᠪᠤᠳᠠᠭ᠎ᠠ ᠶᠢ ᠪᠤᠷᠳᠤᠭ᠎ᠠ ᠪᠤᠯᠭᠠᠨ ᠬᠤᠪᠢᠷᠠᠭᠤᠯᠬᠤ | ᠂ ᠠᠮᠤ ᠪᠤᠳᠠᠭᠠᠨ ᠤ ᠲᠠᠷᠢᠮᠠᠯ ᠠᠴᠠ ᠠᠵᠤ ᠠᠬᠤᠢ ᠶᠢᠨ ᠲᠠᠷᠢᠮᠠᠯ ᠲᠡᠰᠢ ᠦᠭᠡᠷᠡᠴᠢᠯᠡᠬᠦ︾ ᠶᠢ ᠪᠠᠷᠢᠮᠳᠠᠯᠠᠨ᠂ ᠠᠯᠠᠰᠢᠨ | ᠬᠤᠨᠢ ᠲᠡᠵᠢᠭᠡᠬᠦ ᠲᠠᠪᠠᠭᠤᠯᠢᠭ ᠢ ᠪᠠᠳᠣᠯᠠᠬᠤ ᠰᠠᠭᠤᠷᠢᠨ ᠲᠡᠭᠡᠷ᠎ᠡ᠂ ᠪᠤᠳᠠ ᠮᠠᠯ᠂ ᠡᠯᠵᠢᠭᠡ ᠠᠷᠠᠴᠢᠯᠠᠨ ᠲᠡᠵᠢᠭᠡᠬᠦ | ᠠᠵᠤ ᠠᠬᠤᠶᠢᠯᠠᠯ ᠢ ᠦᠷᠭᠡᠳᠭᠡᠨ᠂ ᠡᠯᠳᠡᠪ ᠠᠮᠤ ᠪᠤᠷᠴᠠᠭ᠂ ᠰᠢᠯᠢᠮᠳᠡᠭ᠂ ᠨᠠᠷᠠᠨ ᠬᠤᠸᠠᠷ ᠵᠡᠷᠭᠡ ᠲᠠᠪᠠᠭᠤᠯᠢᠭ ᠠᠵᠤ | ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ 2022 ᠤᠨ ᠪᠤᠯᠳᠠᠯ᠎ᠠ᠂ ᠲᠠᠷᠢᠶᠠᠨ ᠭᠠᠵᠠᠷ ᠤᠨ ᠲᠠᠯᠠᠪᠠᠢ ᠶᠢ | 450 ᠲᠦᠮᠡᠨ ᠮᠦ ᠪᠠᠶᠢᠯᠭᠠᠵᠤ᠂ ᠡᠬᠦᠨ ᠤ ᠲᠤᠳᠣᠷ᠎ᠠ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 260 | ᠲᠦᠮᠡᠨ ᠮᠦ ᠳᠤ ᠲᠤᠭᠳᠠᠭᠤᠨ ᠪᠠᠶᠢᠯᠭᠠᠵᠤ᠂ ᠠᠵᠤ ᠠᠬᠤᠢ ᠶᠢᠨ ᠲᠠᠷᠢᠮᠠᠯ ᠪᠤᠯᠤᠨ ᠪᠤᠷᠳᠣᠭᠤᠷ ᠤᠨ ᠲᠠᠯᠠᠪᠠᠢ ᠶᠢ | 190 ᠲᠦᠮᠡᠨ ᠮᠦ ᠪᠠᠶᠢᠯᠭᠠᠵᠤ᠂ ᠠᠮᠤ ᠪᠤᠳᠠᠭᠠᠨ ᠤ ᠬᠤᠷᠢᠶᠠᠯᠳᠠ ᠶᠢ 20 ᠳ᠋ᠦᠩᠰᠢᠭᠤᠷ ᠵᠢᠩ ᠠᠴᠠ ᠲᠡᠭᠡᠭᠰᠢ | ᠪᠠᠶᠢᠯᠭᠠᠵᠤ᠂ ᠦᠢᠯᠡᠳᠭᠦᠨ ᠤ ᠬᠡᠮᠵᠢᠶ᠎ᠡ ᠨᠢ ᠳᠡᠰ ᠠᠴᠠ ᠲᠠᠪᠠᠭᠰᠠᠨ ᠶᠡᠭᠡ ᠰᠢᠶᠠᠨ ᠤ ᠡᠩᠨᠡᠭᠡ ᠳᠤ ᠤᠷᠤᠭᠤᠯᠤᠨ᠎ᠠ᠃ | ᠮᠠᠯ ᠤᠨ ᠡᠭᠦᠯᠳᠡᠷ ᠰᠠᠶᠢᠵᠢᠷᠠᠭᠤᠯᠬᠤ ᠨᠤᠷᠮ᠎ᠠ ᠶᠢ 98% ᠠᠴᠠ ᠲᠡᠭᠡᠭᠰᠢ ᠳᠤ ᠬᠦᠷᠭᠡᠵᠦ᠂ ᠬᠤᠳᠠᠯᠳᠣᠭᠠᠳᠣᠢ ᠮᠠᠯ | ᠤᠨ ᠲᠤᠭ᠎ᠠ ᠶᠢ 340 ᠲᠦᠮᠡᠨ ᠲᠤᠯᠤᠭᠠᠢ ᠪᠠᠶᠢᠯᠭᠠᠵᠤ᠂ ᠣᠳᠣᠬᠢᠴᠢᠯᠠᠭᠰᠠᠨ ᠮᠠᠯᠵᠢᠬᠤ ᠦᠢᠯᠡᠰ ᠤᠨ ᠶᠡᠭᠡ | ᠬᠤᠰᠢᠭᠤᠨ ᠤ ᠡᠩᠨᠡᠭᠡᠨ ᠳᠤ ᠣᠷᠣᠭᠤᠯᠤᠨ᠎ᠠ᠃ ᠠᠮᠢ ᠠᠬᠤᠢ ᠶᠢᠨ ᠣᠷᠴᠢᠨ ᠲᠤᠭᠤᠷᠢᠨ ᠲᠤᠬᠢᠲᠠᠢ᠂ | ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠰᠠᠭᠤᠷᠢ ᠲᠦᠭᠦᠭᠡᠷᠦᠮᠵᠢ ᠲᠦᠭᠦᠮ | ᠲᠦᠲᠡ᠂ ᠠᠮᠢ ᠠᠬᠤᠢ ᠣᠷᠴᠢᠨ ᠲᠤᠭᠤᠷᠢᠨ ᠭᠤᠶᠤ ᠰᠠᠶᠢᠬᠠᠨ᠂ ᠰᠠᠭᠤᠷᠢᠰᠢᠬᠤ ᠳᠤ ᠲᠤᠬᠢᠲᠠᠢ ᠵᠤᠭᠠᠴᠠᠬᠤ ᠳᠤ | ᠲᠠᠭᠠᠳᠠᠢ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠳᠠ ᠪᠤᠯᠭᠠᠨ᠂ | ᠬᠦᠳᠡᠭᠡ ᠲᠤᠰᠬᠤᠨ ᠮᠠᠯᠵᠢᠬᠤ ᠤᠷᠤᠨ ᠤ ᠠᠮᠢᠳᠣᠷᠠᠯ ᠤᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ︽ᠵᠤᠷᠯᠤᠩ ᠤᠨ ᠬᠤᠪᠢᠰᠬᠠᠯ︾ ᠢ ᠲᠦᠯᠬᠢᠨ ᠠᠬᠢᠭᠤᠯᠵᠤ᠂ ᠪᠤᠵᠠᠷ ᠣᠰᠣ᠂ ᠬᠤᠭ ᠨᠤᠪᠰᠢ ᠶᠢ ᠰᠢᠢᠳᠪᠦᠷᠢᠯᠡᠬᠦ | ᠵᠡᠷᠭᠡ ᠲᠤᠨᠤᠭ ᠲᠦᠭᠦᠭᠡᠷᠦᠮᠵᠢ ᠶᠢ ᠬᠤᠳᠠ ᠪᠠᠯᠭᠠᠰᠣ ᠬᠠᠮᠢᠶᠠᠷᠬᠤ ᠠᠴᠠ ᠪᠣᠰᠣᠳ ᠰᠣᠮᠣ ᠪᠠᠯᠭᠠᠰᠣ ᠪᠤᠯᠤᠨ ᠬᠦᠳᠡᠭᠡ | ᠲᠤᠰᠬᠤᠨ ᠮᠠᠯᠵᠢᠬᠤ ᠤᠷᠤᠨ ᠵᠦᠭ ᠬᠦᠨᠵᠡᠭᠡᠶᠢᠷᠡᠬᠦᠯᠵᠦ᠂ ᠤᠯᠠᠨ ᠲᠦᠮᠡᠨ ᠤ ᠠᠮᠢᠳᠣᠷᠠᠯ ᠤᠨ ᠶᠠᠰᠣ ᠴᠢᠨᠠᠷ ᠤᠨ | ᠪᠠᠭᠤᠷᠠᠢ ᠲᠠᠯ᠎ᠠ ᠶᠢ ᠴᠢᠷᠮᠠᠶᠢᠨ ᠨᠦᠬᠦᠪᠦᠷᠢᠯᠡᠨ᠎ᠡ᠃ ᠡᠯ᠎ᠡ ᠵᠦᠢᠯ ᠤᠨ ᠬᠡᠯᠪᠡᠷᠢ ᠶᠢᠨ ᠲᠤᠭᠳᠠᠭᠰᠠᠨ ᠬᠡᠪᠴᠢᠶᠡᠨ ᠤ | ᠡᠵᠡᠩᠨᠡᠯᠳᠡ ᠶᠢ ᠬᠦᠭᠵᠢᠬᠦᠯᠦᠨ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠠᠷᠢᠵᠤ ᠲᠡᠵᠢᠭᠡᠬᠦ ᠲᠤᠮᠤ ᠡᠷᠦᠬᠡ᠂ | ᠬᠤᠷᠰᠢᠶᠠᠵᠢᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠳᠠᠷᠢᠶᠠᠯᠠᠩ | ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠢᠳᠡᠪᠬᠢᠲᠡᠢ ᠪᠤᠶᠢᠵᠢᠭᠤᠯᠵᠤ᠂ ᠭᠠᠵᠠᠷ ᠰᠢᠷᠤᠢ ᠶᠢ | ᠬᠤᠪᠢ ᠤᠷᠤᠬᠤ᠂ ᠭᠠᠵᠠᠷ ᠰᠢᠷᠤᠢ ᠶᠢ ᠰᠢᠯᠵᠢᠬᠦᠯᠬᠦ᠂ ᠭᠠᠵᠠᠷ ᠰᠢᠷᠤᠢ ᠶᠢ ᠨᠠᠶᠢᠳᠠᠨ ᠬᠠᠮᠢᠶᠠᠷᠭᠤᠯᠬᠤ᠂ ᠬᠠᠮᠳᠣᠷᠠᠨ | ᠲᠡᠷᠢᠬᠤ ᠵᠡᠷᠭᠡ ᠤᠯᠠᠨ ᠵᠦᠢᠯ ᠤᠨ ᠡᠵᠡᠩᠨᠡᠯᠳᠡ ᠶᠢᠨ ᠠᠷᠭ᠎ᠠ ᠠᠪᠴᠠᠯ ᠢ ᠲᠦᠯᠬᠢᠨ ᠠᠬᠢᠭᠤᠯᠵᠤ᠂ ᠲᠠᠷᠢᠶᠠᠯᠠᠩ ᠮᠠᠯ | ᠠᠵᠤ ᠠᠬᠤᠢ ᠶᠢᠨ ᠲᠤᠭᠳᠠᠭᠰᠠᠨ ᠬᠡᠪᠴᠢᠶᠡᠨ ᠳᠤ ᠡᠵᠡᠩᠨᠡᠯᠳᠡ ᠶᠢᠨ ᠲᠦᠪᠰᠢᠨ ᠢ ᠲᠡᠭᠡᠭᠰᠢᠯᠡᠬᠦᠯᠦᠨ᠎ᠡ᠃ ᠬᠦᠳᠡᠭᠡ | ᠲᠤᠰᠬᠤᠨ ᠮᠠᠯᠵᠢᠬᠤ ᠣᠷᠣᠨ ᠤ ᠨᠤᠳᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠲᠦᠷᠢᠮ ᠲᠤᠭᠳᠠᠭᠠᠯ | ᠪᠤᠯᠤᠨ ᠬᠠᠮᠳᠣ ᠨᠡᠶᠢᠲᠡ ᠶᠢᠨ ᠦᠮᠴᠢᠯᠡᠯ ᠤᠨ ᠡᠷᠬᠡ ᠶᠢᠨ ᠲᠦᠷᠢᠮ ᠢ ᠬᠦᠨᠵᠡᠭᠡᠶᠢᠷᠡᠬᠦᠯᠦᠨ᠂ ᠪᠠᠯᠭᠠᠰᠤ᠂ ᠬᠦᠳᠡᠭᠡ | ᠲᠤᠰᠬᠤᠨ᠂ ᠲᠤᠭᠤᠶᠢᠯᠠᠩ ᠭᠤᠷᠪᠠᠨ ᠳᠡᠰ ᠤᠨ ᠤᠯᠠᠨ ᠨᠡᠶᠢᠲᠡ ᠶᠢᠨ ᠡᠳ᠋ ᠬᠦᠷᠦᠩᠭᠡ ᠶᠢ ᠢᠯᠭᠠᠷᠠᠭᠤᠯᠤᠨ | ᠲᠤᠭᠳᠠᠭᠠᠬᠤ ᠠᠵᠢᠯ ᠢ ᠰᠠᠶᠢᠳᠣᠷ ᠬᠢᠨ᠎ᠡ᠃ | —— ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠳᠦᠷᠭᠡᠳᠭᠡᠨ᠎ᠡ᠃ ᠪᠦᠬᠦ | ᠣᠷᠣᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠠᠵᠤ ᠠᠬᠤᠢ ᠶᠢᠨ ᠪᠦᠲᠦᠴᠡ ᠶᠢ ᠰᠢᠯᠢᠳᠡᠭᠵᠢᠬᠦᠯᠬᠦ᠂ | ᠣᠳᠣ ᠦᠶ᠎ᠡ ᠶᠢᠨ ᠦᠢᠯᠡᠴᠢᠯᠡᠭᠡᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠴᠢᠬᠤᠯᠠ ᠭᠠᠷᠳᠠᠯ ᠪᠤᠯᠤᠨ | ᠠᠵᠤ ᠠᠬᠤᠢ ᠶᠢᠨ ᠦᠰᠦᠯᠲᠡ ᠶᠢᠨ ᠴᠢᠬᠤᠯᠠ ᠬᠦᠳᠡᠯᠭᠡᠭᠦᠷ ᠪᠤᠯᠭᠠᠨ ᠠᠳᠬᠤᠨ᠎ᠠ᠃ ᠣᠷᠣᠨ ᠤ ᠲᠤᠳᠣᠨᠠ | ᠭᠠᠳᠠᠨᠠᠬᠢ ᠨᠡᠷᠡᠳᠡᠢ ᠵᠢᠭᠤᠯᠴᠢᠯᠠᠯ ᠤᠨ ᠭᠠᠵᠠᠷ ᠪᠤᠯᠭᠠᠨ ᠪᠠᠶᠢᠭᠤᠯᠬᠤ ᠪᠠᠶᠢᠯᠳᠣᠬᠤ ᠪᠤᠳᠣᠯᠭ᠎ᠠ ᠶᠢᠨ ᠲᠤᠭᠤᠷᠢᠨ ᠳᠤ᠂ | ᠣᠯᠠᠨ ᠴᠡᠭ ᠬᠠᠮᠳᠣᠷᠠᠨ ᠬᠦᠳᠡᠯᠬᠦ᠂ ᠰᠣᠶᠣᠯ ᠢᠶᠠᠷ ᠰᠦᠨᠡᠰᠦ ᠪᠤᠯᠭᠠᠬᠤ᠂ ᠠᠵᠢᠯ ᠤᠨ ᠣᠬᠠᠮᠰᠠᠷ ᠲᠦᠪᠯᠡᠷᠡᠩᠬᠦᠢ | ᠰᠡᠳᠬᠢᠮᠵᠢ ᠶᠤᠰᠣᠭᠠᠷ᠂ ︽ᠰᠡᠶᠢᠷᠡᠭ ᠤᠶᠢᠳᠣ ᠲᠠᠯ᠎ᠠ ᠨᠤᠳᠤᠭ ᠪᠠᠳᠣᠴᠠᠭᠠᠨ ᠤ ᠰᠡᠳᠬᠢᠯᠭᠡᠲᠦ ᠠᠳᠤᠭᠤᠳᠤ ᠪᠠᠯᠭᠠᠰᠣ | ︾ ᠶᠢᠨ ᠭᠠᠵᠠᠷ ᠣᠷᠣᠨ ᠤ ᠨᠡᠷᠡᠳᠦ ᠲᠡᠮᠳᠡᠭ ᠤᠨ ᠲᠦᠷᠢ ᠲᠦᠷᠬᠦ ᠶᠢ ᠲᠡᠭᠡᠭᠰᠢᠯᠡᠬᠦᠯᠦᠨ᠂ ᠬᠤᠷᠴᠢᠨ ᠰᠣᠶᠣᠯ ᠪᠠᠷ | ᠠᠴᠢᠶᠠᠯᠠᠪᠤᠷᠢ ᠪᠤᠯᠭᠠᠨ᠂ ᠬᠠᠩᠭᠠᠯ ᠨᠠᠭᠤᠷ — ᠪᠠᠳᠣᠴᠠᠭᠠᠨ 4A ᠳᠡᠰ ᠤᠨ ᠵᠢᠭᠤᠯᠴᠢᠯᠠᠯ ᠤᠨ ᠣᠷᠣᠨ ᠢ 5A | ᠳᠡᠰ ᠤᠨ ᠵᠢᠭᠤᠯᠴᠢᠯᠠᠯ ᠤᠨ ᠣᠷᠣᠨ ᠪᠤᠯᠭᠠᠨ ᠡᠬᠦᠳᠦᠨ ᠪᠠᠶᠢᠭᠤᠯᠬᠤ ᠠᠵᠢᠯ ᠢ ᠶᠡᠬᠡᠪᠡᠷ ᠠᠬᠢᠭᠤᠯᠵᠤ᠂ ︽ᠰᠡᠶᠢᠷᠡᠭ | ᠤᠶᠢᠲᠦ ᠳᠠᠯ᠎ᠠ ᠨᠤᠳᠤᠭ᠂ ᠪᠠᠳᠤᠴᠠᠭᠠᠨ ᠤ ᠰᠡᠳᠬᠢᠯᠭᠡᠲᠦ ᠠᠳᠤᠭᠤᠳᠦ ᠪᠠᠯᠭᠠᠰᠤ︾ ᠶᠢᠨ ᠤᠷᠤᠨ ᠪᠠᠶᠢᠷᠢᠰᠢᠯ ᠤᠨ | ᠳᠦᠷᠢ ᠳᠦᠷᠬᠦ ᠶᠢ ᠪᠦᠬᠦ ᠬᠦᠴᠦᠨ ᠢᠶᠠᠷ ᠳᠡᠭᠡᠭᠰᠢᠯᠡᠬᠦᠯᠵᠤ᠂ ᠨᠢᠭᠡᠨᠳᠡ ᠪᠠᠶᠢᠭ᠎ᠠ ᠵᠢᠭᠤᠯᠴᠢᠯᠠᠯ ᠤᠨ ᠣᠷᠣᠨ ᠤ | ᠪᠦᠲᠦᠭᠡᠨ ᠪᠠᠶᠢᠭᠤᠯᠤᠯᠲᠠ ᠪᠤᠯᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠠᠨ ᠳᠦᠷᠭᠡᠳᠭᠡᠵᠤ᠂ ᠵᠢᠭᠤᠯᠴᠢᠯᠠᠯ | ᠤᠨ ᠦᠢᠯᠡᠰ ᠤᠨ ᠬᠦᠭᠵᠢᠯᠲᠡ ᠶᠢ ᠴᠢᠷᠮᠠᠶᠢᠨ ᠪᠤᠵᠠᠭᠠᠶᠢᠷᠠᠭᠤᠯᠤᠨ᠎ᠠ᠃ ︽ᠨᠢᠭᠡ ᠣᠷᠣᠨ᠂ ᠬᠤᠶᠠᠷ ᠬᠠᠵᠠᠭᠤ᠂ | ᠲᠦᠷᠪᠡᠨ ᠪᠠᠯᠭᠠᠰᠣ︾ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠬᠠᠩᠭᠠᠯ ᠨᠠᠭᠤᠷ — | ᠪᠠᠳᠣᠴᠠᠭᠠᠨ 4A ᠳᠡᠰ ᠤᠨ ᠵᠢᠭᠤᠯᠴᠢᠯᠠᠯ ᠤᠨ ᠭᠠᠵᠠᠷ ᠬᠦᠷᠬᠦ ᠴᠢᠬᠤᠯᠠ ᠬᠦᠭᠵᠢᠯᠲᠡ ᠶᠢᠨ ᠤᠷᠤᠨ ᠪᠤᠯᠭᠠᠨ᠂ | ᠬᠤᠷᠴᠢᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠮᠦᠩᠭᠡ ᠬᠠᠨ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢᠶᠠᠷ ᠬᠤᠶᠠᠷ ᠬᠠᠵᠠᠭᠤ ᠪᠤᠯᠭᠠᠨ᠂ ᠲᠠᠶᠢᠴᠢᠨᠳᠠᠯ᠎ᠠ᠂ ᠲᠦᠯᠢᠶᠡᠮᠤᠳᠣ᠂ ᠭᠤᠤᠯ ᠤᠨ | ᠪᠠᠶᠢᠰᠢᠩ᠂ ᠪᠠᠷᠠᠭᠤᠨ ᠵᠢᠷᠢᠮ ᠵᠡᠷᠭᠡ ᠰᠤᠮᠤ ᠪᠠᠯᠭᠠᠰᠤᠨ ᠤ ᠤᠨᠴᠠᠯᠢᠭᠳᠣ ᠪᠠᠯᠭᠠᠰᠣ ᠶᠢᠨ ᠪᠦᠲᠦᠭᠡᠨ ᠪᠠᠶᠢᠭᠤᠯᠤᠯᠲᠠ | ᠶᠢ ᠠᠬᠢᠭᠤᠯᠤᠨ᠂ ᠪᠠᠶᠠᠨ ᠤᠪᠤᠭ᠎ᠠ᠂ ᠰᠢᠶᠠᠨ ᠭᠤᠸᠠᠩ ᠵᠡᠷᠭᠡ ᠭᠠᠴᠠᠭ᠎ᠠ ᠶᠢ ᠪᠠᠶᠢᠭᠤᠯᠤᠨ᠂ ᠬᠦᠳᠡᠭᠡ ᠨᠤᠳᠤᠭ ᠤᠨ | ᠶᠡᠷᠦᠩᠬᠡᠢ ᠴᠤᠭᠴᠠ ᠪᠤᠯᠭᠠᠨ ᠪᠦᠲᠦᠭᠡᠨ ᠪᠠᠶᠢᠭᠤᠯᠬᠤ ᠶᠢ ᠲᠡᠮᠵᠢᠨ᠂ ᠵᠢᠭᠤᠯᠴᠢᠯᠠᠯ ᠤᠨ ᠦᠢᠯᠡᠰ ᠤᠨ ᠪᠦᠬᠦ ᠤᠷᠤᠨ᠂ | ᠪᠦᠬᠦ ᠭᠤᠭᠴᠤᠭ᠎ᠠ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ ᠶᠢ ᠠᠬᠢᠭᠤᠯᠤᠨ᠎ᠠ᠃ | —— ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠶᠢ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠠ ᠠᠷᠠᠳ ᠤᠨ | ᠠᠮᠢᠳᠣᠷᠠᠯ ᠤᠨ ᠲᠡᠷᠢᠬᠦᠨ ᠤ ᠢᠨᠵᠧᠨᠧᠷᠢᠩ ᠪᠤᠯᠭᠠᠨ᠂ ︽ᠬᠤᠶᠠᠷ ᠤᠨ ᠲᠦᠯᠦᠭᠡ ᠵᠤᠪᠠᠭ᠋ᠤ ᠦᠭᠡᠢ᠂ ᠭᠤᠷᠪᠠᠨ | ᠪᠠᠳᠣᠯᠠᠭ᠎ᠠ ᠲᠠᠢ︾ ᠪᠠᠶᠢᠯᠭᠠᠵᠤ᠂ ᠡᠬᠦᠨ ᠤ ᠲᠤᠭᠤᠷᠢᠨ ᠳᠤ ᠣᠨᠢᠨ ᠲᠡᠭᠡᠷ᠎ᠡ ᠨᠢ ᠶᠠᠳᠠᠭᠤ ᠶᠢ ᠲᠡᠳᠭᠦᠬᠦ ᠶᠢ | ᠰᠠᠶᠢᠳᠣᠷ ᠬᠢᠵᠦ᠂ ᠤᠳᠣᠬᠢ ᠬᠡᠷᠡᠭᠵᠢᠬᠦᠯᠵᠦ ᠪᠠᠶᠢᠭ᠎ᠠ ᠪᠠᠷᠢᠮᠵᠢᠶᠠᠨ ᠲᠤᠤᠷ᠎ᠠ ᠶᠠᠳᠠᠭᠤ ᠠᠴᠠ ᠠᠩᠭᠢᠵᠢᠷᠠᠭᠤᠯᠬᠤ ᠶᠠᠰᠣ | ᠴᠢᠨᠠᠷ ᠢ ᠪᠠᠳᠣᠯᠠᠨ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠪᠠᠶᠢᠳᠠᠯ ᠲᠤᠤᠷ᠎ᠠ ᠲᠤᠭᠳᠠᠭᠰᠠᠨ ᠶᠠᠳᠠᠭᠤ | ᠬᠦᠴᠢᠷᠳᠡᠯᠲᠡᠢ ᠤᠯᠠᠨ ᠲᠦᠮᠡᠨ ᠢ ᠣᠨᠢᠨ ᠲᠡᠭᠡᠷ᠎ᠡ ᠨᠢ ᠬᠠᠪᠰᠣᠷᠣᠨ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠢ | ᠣᠷᠣᠨ᠂ ᠶᠠᠳᠠᠭᠤ ᠬᠦᠴᠢᠷᠳᠡᠯᠲᠡᠢ ᠭᠠᠴᠠᠭ᠎ᠠ ᠳᠤ ᠬᠦᠴᠦᠨ ᠢᠶᠠᠨ ᠲᠦᠪᠯᠡᠷᠡᠭᠦᠯᠦᠨ᠂ ᠡᠷᠦᠬᠡ ᠳᠤ ᠬᠠᠨᠳᠤᠭᠤᠯᠤᠨ | ᠳᠦᠷᠦ ᠶᠢᠨ ᠪᠤᠳᠤᠯᠭ᠎ᠠ ᠶᠢ ᠭᠡᠷᠡᠭᠵᠢᠬᠦᠯᠬᠦ᠂ ᠬᠦᠮᠦᠨ ᠳᠤ ᠬᠠᠨᠳᠤᠭᠤᠯᠤᠨ ᠳᠦᠷᠦ ᠶᠢᠨ ᠪᠤᠳᠤᠯᠭ᠎ᠠ ᠶᠢ ᠭᠡᠷᠡᠭᠵᠢᠬᠦᠯᠬᠦ | ᠵᠠᠷᠴᠢᠮ ᠶᠤᠰᠤᠭᠠᠷ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠶᠠᠳᠠᠭᠤ ᠠᠴᠠ ᠠᠩᠵᠢᠷᠠᠬᠤ ᠬᠠᠮᠤᠭ ᠤᠨ | ᠭᠡᠷᠡᠭᠴᠡᠭᠡ ᠲᠠᠢ ᠱᠠᠭᠠᠷᠳᠠᠭᠳᠠᠵᠤ ᠪᠠᠶᠢᠭ᠎ᠠ ᠳᠤᠪᠤᠶᠢᠮ᠎ᠠ ᠠᠰᠠᠭᠤᠳᠠᠯ ᠳᠤ ᠳᠦᠪᠯᠡᠷᠡᠬᠦᠯᠵᠤ᠂ ᠬᠠᠪᠰᠤᠷᠤᠨ ᠳᠡᠳᠬᠦᠬᠦ | ᠳᠦᠷᠦ ᠶᠢᠨ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠬᠡᠪ ᠴᠢᠨᠠᠷ | ᠢ ᠲᠡᠭᠡᠭᠰᠢᠯᠡᠬᠦᠯᠬᠦ ᠢᠨᠵᠧᠨᠧᠷᠢᠩ ᠢ ᠦᠷᠬᠦᠯᠵᠢᠯᠡᠨ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ | ᠶᠢᠨ ᠢᠳᠡᠪᠬᠢᠵᠢᠯ ᠢ ᠲᠠᠶᠢᠴᠢᠯᠠᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ︽ᠶᠠᠳᠠᠭᠤ ᠬᠦᠴᠢᠷᠳᠡᠯᠲᠡᠢ ᠬᠦᠮᠦᠰ | ᠶᠠᠳᠠᠭᠤ ᠠᠴᠠ ᠠᠩᠭᠢᠵᠢᠷᠠᠨ᠂ ᠶᠠᠳᠠᠭᠤ ᠬᠦᠴᠢᠷᠳᠡᠢ ᠰᠢᠶᠠᠨ ᠤ ᠶᠠᠳᠠᠭᠤ ᠬᠦᠴᠢᠷᠳᠡᠯᠲᠡᠢ ᠪᠠᠶᠢᠬᠤ ᠮᠠᠯᠠᠭᠠᠢ ᠪᠠᠨ | ᠠᠪᠴᠤ ᠬᠠᠶᠠᠬᠤ︾ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠦᠨ᠂ ᠶᠠᠳᠠᠭᠤ ᠠᠴᠠ ᠠᠩᠭᠢᠵᠢᠷᠠᠭᠤᠯᠬᠤ | ᠰᠢᠪᠳᠣᠯᠣᠯᠲᠡ ᠶᠢ ᠡᠷᠬᠡᠪᠰᠢ ᠢᠯᠠᠬᠤ ᠬᠡᠷᠡᠭᠳᠡᠢ᠃ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ | ᠬᠦᠭᠵᠢᠯᠲᠡ ᠶᠢ ᠠᠬᠢᠭᠤᠯᠤᠨ᠂ ᠰᠣᠷᠭᠠᠨ ᠬᠦᠮᠦᠵᠢᠯ᠂ ᠰᠢᠨᠵᠢᠯᠡᠭᠡ ᠮᠡᠷᠭᠡᠵᠢᠯ᠂ ᠠᠵᠢᠯ ᠤᠯᠭᠤᠬᠤ᠂ ᠡᠮ ᠡᠮᠨᠡᠯᠭᠡ | ᠡᠷᠡᠬᠦᠯ ᠬᠠᠮᠠᠭᠠᠯᠠᠯ᠂ ᠰᠣᠶᠣᠯ ᠪᠡᠶ᠎ᠡ ᠲᠠᠮᠢᠷ᠂ ᠨᠡᠶᠢᠭᠡᠮ ᠤᠨ ᠪᠠᠳᠤᠯᠠᠭ᠎ᠠ᠂ ᠡᠨᠧᠷᠭᠢ ᠠᠷᠪᠢᠯᠠᠨ ᠤᠷᠴᠢᠨ ᠲᠤᠭᠤᠷᠢᠨ ᠢ | ᠬᠠᠮᠠᠭᠠᠯᠠᠬᠤ ᠵᠡᠷᠭᠡ ᠠᠷᠠᠳ ᠤᠨ ᠠᠮᠢᠳᠣᠷᠠᠯ ᠤᠨ ᠬᠦᠷᠢᠶᠡᠨ ᠳᠠᠬᠢ ᠪᠡᠯᠡ ᠤᠷᠤᠭᠤᠯᠤᠯᠲᠠ ᠪᠠᠨ ᠦᠷᠬᠦᠯᠵᠢᠯᠡᠨ | ᠦᠷᠭᠡᠳᠭᠡᠨ᠂ ᠬᠠᠮᠳᠣᠪᠠᠷ ᠪᠠᠶᠢᠭᠤᠯᠬᠤ᠂ ᠬᠠᠮᠳᠣᠪᠠᠷ ᠵᠠᠰᠠᠬᠤ᠂ ᠬᠠᠮᠳᠣᠪᠠᠷ ᠡᠳ᠋ᠯᠡᠬᠦ ᠨᠡᠶᠢᠭᠡᠮ ᠤᠨ ᠵᠠᠰᠠᠯᠳᠠ ᠶᠢᠨ | ᠲᠤᠭᠲᠠᠴᠠ ᠶᠢ ᠬᠦᠴᠦᠯᠡᠨ ᠪᠠᠶᠢᠭᠤᠯᠵᠤ᠂ ᠣᠯᠠᠨ ᠲᠦᠮᠡᠨ ᠤ ᠤᠯᠭᠤᠮᠵᠢ ᠶᠢᠨ ᠰᠡᠳᠬᠢᠯᠭᠡ᠂ ᠵᠤᠯ ᠵᠢᠷᠭᠠᠯᠳᠣ | ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠶᠢ ᠨᠡᠩ ᠬᠦᠢᠴᠡᠳ᠂ ᠨᠡᠩ ᠪᠠᠳᠣᠯᠠᠭ᠎ᠠ ᠲᠠᠢ᠂ ᠨᠡᠩ | ᠦᠷᠬᠦᠯᠵᠢᠬᠦᠶᠢᠴᠡ ᠲᠠᠢ ᠪᠤᠯᠭᠠᠨ᠎ᠠ᠃ | —— ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠦᠬᠡᠮᠳᠡᠭ ᠠᠭᠤᠯᠠ | ᠴᠡᠩᠬᠡᠭ ᠣᠰᠣ ᠪᠤᠯ ᠡᠳ᠋ ᠡᠷᠳᠡᠨᠢᠰ ᠭᠡᠳᠡᠭ ᠤᠶᠢᠯᠠᠭᠠᠨᠳᠠᠬᠤᠨ ᠢ ᠪᠠᠳᠣ ᠪᠠᠬᠢ ᠪᠤᠯᠭᠠᠬᠤ ᠶᠢ ᠴᠢᠩᠭᠠᠳᠬᠠᠨ᠂ | ᠠᠭᠤᠯᠠ ᠣᠰᠣ ᠣᠢ ᠰᠢᠭᠤᠢ ᠲᠠᠷᠢᠶᠠᠨ ᠭᠠᠵᠠᠷ ᠭᠤᠤᠯ ᠭᠤᠷᠤᠬ᠎ᠠ ᠶᠢᠨ ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠢ | ᠬᠠᠮᠢᠶᠠᠷᠤᠨ᠂ ᠠᠮᠢ ᠠᠬᠤᠢ ᠪᠤᠯᠪᠠᠰᠣᠨ ᠦᠵᠡᠰᠭᠦᠯᠡᠩᠳᠦ ᠰᠠᠶᠢᠬᠠᠨ ᠲᠤᠮᠳᠠᠳᠣ ᠬᠤᠰᠢᠭᠤ ᠶᠢ ᠪᠠᠶᠢᠭᠤᠯᠤᠨ᠎ᠠ᠃ | ᠬᠠᠮᠤᠭ ᠤᠨ ᠴᠢᠩᠭ᠎ᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠣᠭᠤᠮ᠂ ᠦᠨᠢᠳᠡ ᠶᠢᠨ ᠰᠠᠭᠤᠷᠢ | ᠲᠠᠷᠢᠶᠠᠨ ᠭᠠᠵᠠᠷ ᠪᠤᠯᠤᠨ ᠬᠤᠳᠠ ᠪᠠᠯᠭᠠᠰᠣ ᠶᠢᠨ ᠨᠡᠭᠡᠭᠡᠨ ᠠᠰᠢᠭᠯᠠᠬᠤ ᠬᠢᠯᠢ ᠬᠢᠵᠠᠭᠠᠷ ᠤᠨ ᠭᠤᠷᠪᠠᠨ ᠵᠣᠷᠪᠤᠰ | ᠬᠤᠷᠢᠭ᠎ᠠ ᠱᠣᠭᠤᠮ ᠢ ᠵᠢᠷᠤᠵᠤ᠂ ︽ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠴᠤᠭᠴᠠ ᠶᠢᠨ ᠲᠦᠯᠦᠪᠵᠢᠬᠦᠯᠭᠡ︾ ︽ᠬᠤᠷᠴᠢᠨ ᠪᠠᠷᠠᠭᠤᠨ ᠭᠠᠷᠤᠨ | ᠲᠤᠮᠳᠠᠳᠣ ᠬᠤᠰᠢᠭᠤᠨ ᠤ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ︾ | ᠶᠢ ᠴᠢᠩᠭ᠎ᠠ ᠬᠡᠷᠡᠭᠵᠢᠬᠦᠯᠵᠦ᠂ ︽ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠡᠪᠡᠰᠦ ᠪᠡᠯᠴᠢᠭᠡᠷ ᠤᠨ | ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ︾ ᠶᠢ ᠨᠠᠶᠢᠷᠠᠭᠤᠯᠵᠤ ᠲᠠᠭᠤᠰᠬᠠᠨ᠂ ᠠᠮᠢ ᠠᠬᠤᠢ ᠶᠢᠨ | ᠤᠷᠴᠢᠨ ᠲᠤᠭᠤᠷᠢᠨ ᠢ ᠡᠪᠳᠡᠵᠦ ᠪᠠᠶᠢᠭ᠎ᠠ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠲᠤᠮᠳᠠ ᠡᠮᠦᠨ᠎ᠡ | ᠬᠡᠰᠡᠭ ᠤᠨ ᠣᠷᠣᠨ ᠤ ᠠᠮᠢ ᠠᠬᠤᠢ ᠪᠠᠭᠤᠷᠠᠢ ᠪᠠᠶᠢᠳᠠᠯ ᠢ ᠰᠢᠢᠳᠪᠦᠷᠢᠯᠡᠨ᠂ ︽ᠬᠤᠵᠢᠷᠯᠢᠭ ᠭᠠᠵᠠᠷ ᠢ | ᠬᠤᠪᠢᠷᠠᠭᠤᠯᠤᠨ ᠡᠪᠡᠰᠦ ᠲᠠᠷᠢᠨ ᠮᠠᠯᠵᠢᠬᠤ ᠦᠢᠯᠡᠰ ᠢ ᠬᠦᠭᠵᠢᠬᠦᠯᠬᠦ︾ ᠵᠢᠱᠢᠶ᠎ᠡ ᠦᠵᠡᠬᠦᠯᠬᠦ ᠢᠨᠵᠧᠨᠧᠷᠢᠩ᠂ ᠭᠤᠤᠯ | ᠴᠦᠬᠦᠷᠦᠮ ᠬᠠᠷᠢᠯᠴᠠᠨ ᠨᠡᠪᠳᠡᠷᠡᠬᠦ ᠢᠨᠵᠧᠨᠧᠷᠢᠩ ᠢ ᠬᠡᠷᠡᠭᠵᠢᠬᠦᠯᠦᠨ᠂ ᠬᠤᠷᠴᠢᠨ ᠤ ᠡᠯᠡᠰᠦ ᠰᠢᠷᠤᠢ ᠶᠢ ᠵᠠᠰᠠᠬᠤ | ᠲᠦᠷᠦᠯ ᠵᠦᠢᠯ ᠢ ᠣᠯᠣᠰ ᠤᠨ ᠲᠦᠷᠦᠯ ᠵᠦᠢᠯ ᠤᠨ ᠲᠦᠯᠦᠪᠯᠡᠭᠡ ᠳᠤ ᠤᠷᠤᠭᠤᠯᠬᠤ ᠪᠠᠷ ᠴᠢᠷᠮᠠᠶᠢᠨ᠎ᠠ᠃ ᠤᠮᠠᠷᠠᠳᠣ | ᠣᠷᠣᠨ ᠤ ᠠᠮᠢ ᠠᠬᠤᠢ ᠶᠢᠨ ᠦᠷᠭᠦᠯᠵᠢᠲᠡ ᠶᠢᠨ ᠬᠠᠮᠠᠭᠠᠯᠠᠯᠲᠠ ᠲᠠᠢ ᠪᠠᠶᠢᠬᠤ ᠶᠢ ᠪᠠᠳᠣᠯᠠᠨ᠂ ᠬᠤᠤᠯᠢᠨ ᠭᠤᠤᠯ | ᠤᠨ ᠬᠠᠰᠢᠯᠭ᠎ᠠ᠂ ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠪᠤᠯᠤᠨ ᠪᠠᠭ᠎ᠠ ᠣᠷᠣᠰᠬᠠᠯ ᠤᠨ ᠣᠰᠣ ᠰᠢᠷᠤᠢ ᠶᠢᠨ | ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ ᠬᠦᠨᠳᠦ ᠨᠤᠴᠢᠲᠠᠢ ᠡᠯᠡᠰᠦᠷᠬᠡᠭᠵᠢᠭᠰᠡᠨ | ᠭᠠᠵᠠᠷ ᠪᠤᠯᠤᠨ 25 ᠭᠷᠠᠳᠦ᠋ᠰ ᠠᠴᠠ ᠲᠡᠭᠡᠭᠰᠢ ᠬᠦᠳᠦᠯ ᠭᠠᠵᠠᠷ ᠢ ᠪᠦᠬᠦᠨ ᠢ ᠠᠳᠠᠷᠯᠠᠬᠤ ᠪᠠᠨ ᠵᠤᠭᠰᠣᠵᠤ ᠡᠪᠡᠰᠦ | ᠲᠠᠷᠢᠨ᠂ ᠣᠢ ᠰᠢᠭᠤᠢ ᠶᠢᠨ ᠪᠦᠷᠬᠦᠴᠡ ᠶᠢᠨ ᠬᠡᠮᠵᠢᠶ᠎ᠡ 21% ᠳᠤ ᠬᠦᠷᠭᠡᠨ᠎ᠡ᠃ ︽ᠣᠰᠣᠨ ᠤ ᠠᠷᠪᠠᠨ ᠵᠤᠷᠪᠤᠰ︾ | ᠢ ᠬᠦᠨᠵᠡᠭᠡᠢ ᠬᠡᠷᠡᠭᠵᠢᠬᠦᠯᠦᠨ᠂ ︽ᠭᠠᠵᠠᠷ ᠰᠢᠷᠤᠢ ᠶᠢᠨ ᠠᠷᠪᠠᠨ ᠵᠤᠷᠪᠤᠰ︾ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ | ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠲᠦᠪ ᠤᠨ ᠣᠷᠴᠢᠨ | ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠳᠠ᠂ ᠲᠤᠭᠤᠷᠢᠨ ᠪᠠᠶᠢᠴᠠᠭᠠᠯᠳᠠ ᠶᠢᠨ ᠲᠤᠮᠳᠠ ᠢᠯᠡᠷᠡᠭᠦᠯᠦᠭᠰᠡᠨ | ᠠᠰᠠᠭᠤᠳᠠᠯ ᠤᠨ ᠵᠠᠰᠠᠨ ᠴᠡᠭᠴᠡᠯᠡᠯᠲᠡ ᠪᠠᠨ ᠴᠢᠩᠭ᠎ᠠ ᠠᠳᠬᠤᠨ᠎ᠠ᠃ ᠮᠠᠯ ᠲᠡᠵᠢᠭᠡᠪᠦᠷᠢ ᠵᠢᠭᠦᠷᠳᠡᠨ ᠤ ᠬᠤᠮᠤᠯ ᠤᠨ | ᠡᠬᠢ ᠪᠠᠶᠠᠯᠢᠭ ᠤᠨ ᠴᠢᠨᠠᠷᠳᠠᠢ ᠠᠰᠢᠭᠯᠠᠬᠤ᠂ ᠪᠤᠷᠳᠣᠭᠤᠷ ᠲᠠᠷᠢᠶᠠᠨ ᠡᠮ ᠲᠡᠭ ᠦᠰᠦᠯᠲᠡ ᠲᠠᠢ᠂ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠵᠤᠯᠤᠮ᠎ᠠ ᠶᠢ ᠬᠤᠷᠢᠶᠠᠨ ᠠᠪᠬᠤ ᠵᠡᠷᠭᠡ ᠠᠵᠢᠯᠯᠠᠭ᠎ᠠ ᠶᠢ ᠶᠡᠭᠡ | ᠬᠦᠴᠦᠨ ᠢᠶᠠᠷ ᠲᠦᠯᠬᠢᠨ ᠠᠬᠢᠭᠤᠯᠤᠨ᠎ᠠ᠃ ᠬᠤᠳᠠ ᠬᠦᠳᠡᠭᠡ ᠶᠢᠨ ᠲᠦᠪᠯᠡᠷᠡᠭᠰᠡᠨ ᠣᠣᠭᠤᠬᠤ ᠣᠰᠣᠨ ᠤ ᠡᠬᠢ | ᠪᠠᠶᠠᠯᠢᠭ ᠤᠨ ᠬᠠᠮᠠᠭᠠᠯᠠᠯᠲᠠ᠂ ᠬᠠᠤᠯᠢ ᠶᠤᠰᠣᠨ ᠤ ᠬᠠᠮᠢᠶᠠᠷᠣᠯᠳᠠ ᠶᠢ ᠪᠡᠶᠡᠯᠡᠬᠦᠯᠦᠨ᠎ᠡ᠃ ᠪᠤᠵᠠᠷ ᠣᠰᠣ ᠶᠢ | ᠰᠢᠢᠳᠪᠦᠷᠢᠯᠡᠬᠦ ᠦᠢᠯᠡᠳᠪᠦᠷᠢᠯᠡᠯ ᠤᠨ ᠣᠰᠣ ᠶᠢ ᠲᠠᠬᠢᠨ ᠬᠡᠷᠡᠭᠯᠡᠬᠦ᠂ ᠪᠤᠵᠠᠷ ᠰᠢᠷᠤᠢ ᠢ ᠠᠷᠢᠯᠭᠠᠬᠤ ᠢᠵᠢ | ᠪᠦᠷᠢᠳᠦᠬᠦᠯᠬᠦ ᠢᠨᠵᠧᠨᠧᠷᠢᠩ ᠢ ᠪᠡᠶᠡᠯᠡᠬᠦᠯᠦᠨ᠎ᠡ᠃ | —— ᠬᠤᠳᠠ ᠶᠢᠨ ᠴᠢᠳᠠᠮᠵᠢ ᠪᠤᠯᠤᠨ ᠴᠢᠨᠠᠷ ᠳᠡᠰ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠤᠳᠠ ᠶᠢ | ᠵᠠᠰᠠᠨ ᠨᠦᠬᠦᠪᠦᠷᠢᠯᠡᠬᠦ᠂ ᠠᠮᠢ ᠠᠬᠤᠢ ᠶᠢ ᠰᠠᠶᠢᠵᠢᠷᠠᠭᠤᠯᠬᠤ᠂ ᠬᠠᠭᠤᠴᠢᠨ ᠲᠤᠭᠤᠷᠢᠭ ᠢ ᠵᠠᠰᠠᠪᠤᠷᠢᠯᠠᠬᠤ ᠪᠤᠯᠤᠨ | ᠪᠤᠷᠤ ᠪᠦᠲᠦᠭᠦᠯᠢᠭ ᠭᠡᠷ ᠪᠠᠶᠢᠰᠢᠩ ᠢ ᠦᠭᠡᠷᠡᠴᠢᠯᠡᠨ ᠵᠠᠰᠠᠬᠤ ᠢ ᠲᠦᠷᠭᠡᠳᠭᠡᠨ᠂ ᠬᠦᠬᠡ ᠠᠭᠤᠯᠠ ᠴᠡᠩᠬᠡᠭ ᠣᠰᠣ᠂ | ᠭᠤᠶᠤ ᠰᠠᠶᠢᠬᠠᠨ ᠦᠩᠭᠡ ᠦᠵᠡᠮᠵᠢ ᠶᠢ ᠬᠤᠳᠠ ᠳᠤ ᠨᠡᠪᠳᠡᠷᠡᠬᠦᠯᠦᠨ᠂ ᠪᠠᠶᠠᠨᠬᠤᠰᠢᠭᠤ ᠪᠠᠯᠭᠠᠰᠣ ᠶᠢᠨ ᠴᠢᠨᠠᠷ ᠳᠡᠰ ᠢ | ᠲᠡᠭᠡᠭᠰᠢᠯᠡᠬᠦᠯᠦᠨ᠎ᠡ᠃ ︽ᠣᠰᠣᠨ ᠰᠢᠰᠲ᠋ᠧᠮ᠂ ᠬᠦᠬᠡ ᠠᠭᠤᠯᠠ᠂ ᠨᠤᠭᠤᠭᠠᠨ ᠬᠦᠷᠦᠰᠦ︾ ᠶᠢᠨ ᠠᠮᠢ ᠠᠬᠤᠢ ᠶᠢ | ᠰᠡᠷᠭᠦᠭᠡᠬᠦ ᠪᠤᠯᠤᠨ ᠶᠡᠷᠦᠩᠬᠡᠶᠢᠯᠡᠭᠰᠡᠨ ᠵᠠᠰᠠᠯᠳᠠ ᠶᠢᠨ ᠲᠤᠭᠤᠷᠢᠨ ᠳᠤ᠂ ᠬᠤᠤᠯᠢᠨ ᠭᠤᠤᠯ ᠤᠨ ᠦᠵᠡᠮᠵᠢ ᠶᠢᠨ ᠴᠡᠭ᠂ | ᠬᠤᠶᠢᠳᠣ ᠠᠭᠤᠯᠠ ᠶᠢᠨ ᠴᠡᠴᠡᠷᠯᠢᠭ ᠪᠤᠯᠤᠨ ᠴᠢᠨᠳᠠᠮᠤᠨᠢ ᠠᠭᠤᠯᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ | ᠬᠤᠳᠠ ᠪᠠᠯᠭᠠᠰᠣ ᠶᠢ ᠨᠤᠭᠤᠭᠠᠷᠠᠭᠤᠯᠬᠤ᠂ ᠭᠤᠶᠤᠵᠢᠭᠤᠯᠬᠤ᠂ ᠬᠡᠷᠡᠯᠳᠦᠬᠦᠯᠬᠦ ᠵᠡᠷᠭᠡ ᠢᠨᠵᠧᠨᠧᠷᠢᠩ ᠢ | ᠬᠡᠷᠡᠭᠵᠢᠬᠦᠯᠦᠨ᠂ ︽ᠦᠪᠡᠷᠳᠡᠭᠡᠨ ᠵᠠᠰᠠᠬᠤ ᠤᠷᠤᠨ ᠤ ᠴᠡᠴᠡᠷᠯᠢᠭ ᠤᠨ ᠬᠤᠳᠠ︾᠂ ︽ᠦᠪᠡᠷᠳᠡᠭᠡᠨ ᠵᠠᠰᠠᠬᠤ | ᠤᠷᠤᠨ ᠤ ᠠᠮᠢ ᠠᠬᠤᠢ ᠲᠤᠬᠢᠲᠠᠢ ᠬᠤᠳᠠ ᠶᠢᠨ ᠵᠢᠱᠢᠶ᠎ᠡ ᠦᠵᠡᠬᠦᠯᠬᠦ ᠬᠤᠰᠢᠭᠤ︾ ᠪᠤᠯᠭᠠᠨ ᠪᠠᠶᠢᠭᠤᠯᠬᠤ ᠠᠵᠢᠯ ᠢ | ᠡᠬᠢᠯᠡᠬᠦᠯᠵᠤ᠂ ᠪᠠᠶᠠᠨᠬᠤᠰᠢᠭᠤ ᠪᠠᠯᠭᠠᠰᠤᠨ ᠤ ᠬᠤᠳᠠ ᠶᠢᠨ ᠴᠢᠨᠠᠷ ᠳᠡᠰ ᠢ ᠪᠦᠬᠦᠶᠢᠯᠡ ᠴᠤᠭᠴᠠ ᠪᠠᠷ | ᠳᠡᠭᠡᠭᠰᠢᠯᠡᠬᠦᠯᠦᠨ᠎ᠡ᠃ ᠦᠩᠭᠡ ᠪᠤᠳᠤᠭ ᠲᠠᠢ᠂ ᠳᠡᠰ ᠲᠠᠪᠬᠤᠷᠭ᠎ᠠ ᠲᠠᠢ᠂ ︽ᠠᠭᠤᠯᠠ᠂ ᠣᠢ᠂ ᠣᠰᠣ᠂ ᠡᠪᠡᠰᠦ︾ | ᠲᠠᠢ ᠠᠮᠢ ᠠᠬᠤᠢ ᠶᠢᠨ ᠦᠵᠡᠮᠵᠢ ᠶᠢᠨ ᠭᠤᠳᠣᠮᠵᠢ ᠪᠤᠯᠭᠠᠨ ᠪᠠᠶᠢᠭᠤᠯᠵᠤ᠂ ᠠᠮᠢ ᠠᠬᠤᠢ ᠲᠡᠩᠴᠡᠭᠦᠷᠢᠲᠡᠢ᠂ ᠦᠩᠭᠡ | ᠬᠡᠷᠡᠯ ᠲᠠᠢ ᠰᠢᠨ᠎ᠡ ᠪᠠᠶᠠᠨᠬᠤᠰᠢᠭᠤ ᠪᠠᠯᠭᠠᠰᠣ ᠶᠢ ᠪᠦᠲᠦᠭᠡᠨ ᠪᠠᠶᠢᠭᠤᠯᠤᠨ᠎ᠠ᠃ ᠰᠢᠨ᠎ᠡ ᠡᠬᠡᠯᠵᠢ ᠶᠢᠨ ᠪᠦᠲᠦᠭᠦᠯᠢᠭ | ᠣᠷᠣᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠲᠦᠷᠦ ᠶᠢᠨ ᠪᠤᠳᠣᠯᠭ᠎ᠠ ᠶᠢᠨ ᠵᠠᠪᠰᠢᠶᠠᠨ ᠢ ᠴᠢᠩᠭ᠎ᠠ ᠠᠳᠬᠤᠵᠤ᠂ | ᠣᠯᠠᠨ ᠲᠦᠮᠡᠨ ᠤ ᠣᠷᠣᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠬᠤ ᠪᠠᠷ ᠵᠤᠭᠰᠣᠴᠠ ᠪᠤᠯᠭᠠᠨ᠂ ᠭᠡᠷ | ᠪᠠᠶᠢᠰᠢᠩ ᠢ ᠲᠠᠳᠠᠪᠤᠷᠢᠯᠠᠨ ᠠᠪᠬᠤ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠭᠡᠷ ᠪᠠᠶᠢᠰᠢᠩ ᠢ | ᠲᠠᠳᠠᠪᠤᠷᠢᠯᠠᠨ ᠠᠪᠬᠤ ᠨᠦᠬᠦᠪᠦᠷᠢ ᠶᠢᠨ ᠪᠠᠷᠢᠮᠵᠢᠶ᠎ᠠ ᠪᠠᠨ ᠲᠦᠷᠢᠮᠵᠢᠬᠦᠯᠦᠨ᠂ ᠰᠠᠭᠤᠭᠠᠯᠢ ᠠᠷᠠᠳ ᠤᠨ ᠭᠡᠷ | ᠬᠤᠳᠠᠯᠳᠣᠨ ᠠᠪᠬᠤ ᠦᠷᠳᠡᠭ ᠢ ᠪᠠᠭᠤᠷᠠᠭᠤᠯᠤᠨ᠂ ᠬᠡᠰᠡᠭ ᠦᠷᠬᠦᠯᠵᠢᠯᠡᠭᠰᠡᠨ ᠶᠡᠷᠦᠩᠬᠡᠶᠢᠯᠡᠭᠰᠡᠨ ᠴᠢᠨᠠᠷᠳᠠᠢ ᠲᠦᠷᠦᠯ | ᠵᠦᠢᠯ ᠢ ᠲᠦᠯᠦᠪᠯᠡᠨ᠂ ᠬᠦᠷᠦᠩᠭᠡ ᠢᠳᠡᠭᠡᠮᠵᠢ ᠪᠤᠯᠤᠨ ᠲᠠᠸᠠᠷ ᠤᠨ ᠲᠠᠪᠠᠭᠤᠯᠢᠭ ᠲᠠᠢ ᠨᠡᠭᠡᠭᠡᠨ ᠬᠦᠭᠵᠢᠭᠦᠯᠬᠦ ᠠᠵᠤ | ᠠᠬᠤᠶᠢᠯᠠᠯ ᠢ ᠣᠷᠢᠨ ᠤᠷᠤᠭᠤᠯᠵᠤ᠂ ᠪᠦᠲᠦᠭᠦᠯᠢᠭ ᠭᠡᠷ ᠪᠠᠶᠢᠰᠢᠩ ᠤᠨ ᠦᠭᠡᠷᠡᠴᠢᠯᠡᠯᠲᠡ ᠳᠤ ᠤᠷᠤᠯᠴᠠᠭᠤᠯᠵᠤ᠂ | ᠨᠡᠭᠡᠭᠡᠨ ᠬᠦᠭᠵᠢᠬᠦᠯᠬᠦ ᠲᠦᠯᠦᠪᠯᠡᠭᠡ ᠶᠢᠨ ᠪᠠᠷᠢᠮᠵᠢᠶ᠎ᠠ ᠪᠠᠨ ᠲᠡᠭᠡᠭᠰᠢᠯᠡᠬᠦᠯᠦᠨ᠂ ᠨᠢᠭᠡ ᠬᠡᠰᠡᠭ ᠭᠠᠵᠠᠷ ᠢ | ᠦᠭᠡᠷᠡᠴᠢᠯᠡᠪᠡᠯ ᠨᠢᠭᠡ ᠬᠡᠰᠡᠭ ᠭᠠᠵᠠᠷ ᠢ ᠲᠠᠭᠠᠭᠤᠯᠤᠨ᠂ ᠲᠡᠭᠡᠭᠰᠢ ᠵᠡᠷᠭᠡ ᠲᠠᠪᠰᠢᠨ᠂ ᠬᠤᠳᠠ ᠪᠠᠯᠭᠠᠰᠣ ᠶᠢᠨ | ᠪᠦᠲᠦᠭᠦᠯᠢᠭ ᠭᠡᠷ ᠪᠠᠶᠢᠰᠢᠩ ᠢ ᠪᠠᠶᠢᠭᠤᠯᠬᠤ ᠶᠢ ᠶᠠᠰᠣ ᠴᠢᠨᠠᠷ ᠰᠢᠯᠢᠳᠡᠭ᠂ ᠴᠢᠳᠠᠮᠵᠢ ᠲᠤᠨᠤᠭ ᠲᠦᠭᠦᠭᠡᠷᠦᠮᠵᠢ | ᠪᠦᠷᠢᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠤᠭᠤᠷᠢᠨ ᠰᠠᠶᠢᠬᠠᠨ ᠲᠤᠬᠢᠲᠠᠢ ᠪᠠᠭ᠎ᠠ | ᠲᠤᠭᠤᠷᠢᠭ ᠪᠤᠯᠭᠠᠨ ᠪᠦᠲᠦᠭᠡᠨ ᠪᠠᠶᠢᠭᠤᠯᠤᠨ᠎ᠠ᠃ ᠬᠤᠳᠠ ᠪᠠᠯᠭᠠᠰᠣ ᠶᠢᠨ ᠵᠠᠮ ᠬᠠᠷᠢᠯᠴᠠᠭᠠᠨ ᠤ ᠪᠦᠲᠦᠴᠡ ᠪᠤᠯᠤᠨ | ᠵᠠᠮ ᠤᠨ ᠲᠤᠤᠷ ᠤᠨ ᠰᠢᠰᠲ᠋ᠧᠮ ᠢ ᠰᠢᠯᠢᠳᠡᠭᠵᠢᠬᠦᠯᠬᠦ ᠲᠤᠭᠤᠷᠢᠨ ᠳᠤ᠂ ᠲᠦᠭᠦᠮ᠂ ᠲᠦᠷᠭᠡᠨ ᠠᠮᠢᠳᠣᠷᠠᠯ ᠤᠨ | ᠲᠤᠭᠤᠷᠢᠭ ᠢ ᠪᠠᠶᠢᠭᠤᠯᠤᠨ᠂ ᠬᠤᠳᠠ ᠶᠢᠨ ᠵᠠᠮ ᠱᠣᠭᠤᠮ ᠢ ᠵᠤᠬᠢᠰᠳᠠᠢ ᠲᠤᠬᠢᠷᠠᠭᠤᠯᠤᠨ᠂ ᠪᠠᠶᠠᠨᠬᠤᠰᠢᠭᠤ ᠪᠠᠯᠭᠠᠰᠤᠨ | ᠤ ᠵᠡᠬᠦᠨ ᠬᠤᠶᠠᠳᠣᠭᠠᠷ ᠬᠦᠬᠦᠷᠭᠡ ᠪᠤᠯᠤᠨ ᠪᠠᠷᠠᠭᠤᠨ ᠭᠠᠷᠬᠤ ᠵᠠᠮ ᠤᠨ ᠬᠦᠬᠦᠷᠭᠡ ᠪᠠᠷ ᠭᠤᠭᠴᠤᠭ᠎ᠠ ᠪᠤᠯᠭᠠᠨ᠂ | ᠬᠤᠷᠳᠣᠨ ᠵᠠᠮ ᠢ ᠪᠠᠶᠢᠭᠤᠯᠤᠨ᠂ ᠭᠤᠤᠯ ᠳᠡᠳ᠋ ᠵᠠᠮ ᠱᠣᠭᠤᠮ ᠢ ᠲᠡᠭᠦᠯᠳᠡᠷᠵᠢᠬᠦᠯᠦᠨ᠂ ᠡᠬᠢ ᠦᠭᠡᠢ ᠵᠠᠮ ᠢ | ᠨᠡᠪᠳᠡᠷᠡᠬᠦᠯᠦᠨ᠂ ᠲᠦᠭᠵᠢᠷᠡᠭᠰᠡᠨ ᠵᠠᠮ ᠢ ᠨᠡᠪᠳᠡᠷᠡᠬᠦᠯᠵᠤ᠂ ︽ᠪᠢᠴᠢᠯ ᠡᠷᠬᠢᠯᠳᠦ︾ ᠵᠠᠮ ᠱᠣᠭᠤᠮ ᠢ ᠨᠡᠪᠳᠡᠷᠡᠬᠦᠯᠵᠦ᠂ | ᠵᠠᠮ ᠬᠠᠷᠢᠯᠴᠠᠭᠠᠨ ᠤ ᠨᠡᠪᠳᠡᠷᠡᠬᠦ ᠬᠡᠮᠵᠢᠶ᠎ᠡ ᠶᠢ ᠲᠡᠭᠡᠭᠰᠢᠯᠡᠬᠦᠯᠦᠨ᠎ᠡ᠃ | —— ᠰᠠᠭᠤᠷᠢ ᠲᠦᠭᠦᠭᠡᠷᠦᠮᠵᠢ ᠶᠢᠨ ᠪᠠᠳᠣᠯᠠᠭ᠎ᠠ ᠶᠢ ᠲᠡᠭᠡᠭᠰᠢᠯᠡᠬᠦᠯᠦᠨ᠎ᠡ᠃ ᠪᠦᠬᠦ ᠬᠦᠴᠦᠨ ᠢᠶᠠᠷ ᠬᠤᠳᠠ | ᠬᠦᠳᠡᠭᠡ ᠶᠢ ᠪᠦᠷᠬᠦᠬᠦ᠂ ᠪᠦᠬᠦ ᠭᠠᠵᠠᠷ ᠤᠷᠤᠨ ᠤ ᠪᠡᠶᠡᠳᠦ ᠴᠤᠭᠴᠠ ᠶᠢᠨ ᠵᠠᠮ ᠬᠠᠷᠢᠯᠴᠠᠭ᠎ᠠ ᠶᠢᠨ ᠰᠢᠰᠲ᠋ᠧᠮᠵᠢ ᠶᠢ | ᠨᠡᠪᠳᠡᠷᠡᠬᠦᠯᠵᠦ᠂ 35 ᠵᠠᠰᠠᠮᠡᠯ ᠵᠠᠮ ᠨᠡᠪᠳᠡᠷᠡᠭᠰᠡᠨ ᠦᠭᠡᠢ ᠠᠶᠢᠯ ᠳᠤ ᠬᠦᠳᠡᠭᠡ ᠲᠤᠰᠬᠤᠨ ᠤ ᠵᠠᠰᠠᠮᠡᠯ ᠵᠠᠮ ᠤᠨ | ᠲᠦᠷᠦᠯ ᠵᠦᠢᠯ ᠢ ᠬᠡᠷᠡᠭᠵᠢᠬᠦᠯᠵᠦ᠂ ᠪᠦᠬᠦ ᠬᠤᠰᠢᠭᠤᠨ ᠤ 464 ᠠᠶᠢᠯ ᠤᠨ ᠵᠠᠮ ᠬᠠᠷᠢᠯᠴᠠᠭ᠎ᠠ ᠰᠠᠭᠠᠳ ᠦᠭᠡᠢ | ᠨᠡᠪᠲᠡᠷᠡᠬᠦ ᠶᠢ ᠪᠦᠬᠦᠨ ᠢ ᠪᠡᠶᠡᠯᠡᠭᠦᠯᠵᠦ᠂ ᠪᠤᠶᠢᠲᠠ ᠪᠦᠭᠯᠡᠬᠦᠦ ᠭᠠᠵᠠᠷ ᠤᠷᠤᠨ ᠤ ᠵᠠᠰᠠᠮᠠᠯ ᠵᠠᠮ ᠨᠡᠪᠲᠡᠷᠡᠬᠦ ᠦᠭᠡᠢ | ᠠᠰᠠᠭᠤᠳᠡᠯ ᠢ ᠪᠦᠲᠦᠮᠵᠢᠲᠠᠢ ᠰᠢᠢᠳᠪᠦᠷᠢᠯᠡᠨ᠎ᠡ᠃ ᠮᠤᠵᠢ ᠶᠢᠨ ᠬᠤᠭᠤᠷᠤᠨᠳᠣᠬᠢ ᠵᠠᠰᠡᠮᠡᠯ ᠵᠠᠮ ᠢ ᠦᠨᠳᠦᠷ | ᠬᠤᠷᠳᠤᠴᠡᠳᠤ ᠵᠠᠰᠡᠮᠡᠯ ᠵᠠᠮ ᠪᠤᠯᠭᠠᠨ ᠦᠭᠡᠷᠡᠴᠢᠯᠡᠬᠦ᠂ ᠪᠠᠶᠠᠨᠬᠤᠰᠢᠭᠤ ᠠᠴᠠ ᠲᠥᠩ ᠢᠦᠢ ᠬᠦᠷᠬᠦ ᠦᠨᠳᠦᠷ | ᠬᠤᠷᠳᠤᠴᠡᠳᠤ ᠵᠠᠰᠡᠮᠡᠯ ᠵᠠᠮ᠂ ᠳ᠋ᠢ ᠭᠥᠩ ᠬᠤᠸᠠ ᠠᠴᠠ ᠲᠦᠴᠢᠦᠸᠠᠨ ᠬᠦᠷᠬᠦ ᠮᠤᠵᠢ ᠶᠢᠨ ᠳᠡᠰ ᠶᠢᠨ ᠵᠠᠰᠡᠮᠡᠯ ᠵᠠᠮ ᠢ | ᠪᠦᠳᠦᠭᠡᠨ ᠪᠠᠶᠢᠭᠤᠯᠤᠨ᠎ᠠ᠃ ᠮᠤᠵᠢ ᠶᠢᠨ ᠳᠡᠰ ᠶᠢᠨ ᠵᠠᠰᠡᠮᠡᠯ ᠵᠠᠮ ᠠᠴᠠ ᠬᠠᠯᠵᠢᠨ ᠮᠠᠩᠬ᠎ᠠ᠂ ᠮᠦᠩᠭᠡ ᠬᠠᠨ ᠠᠭᠤᠯᠠ | ᠠᠴᠠ ᠭᠢᠷᠢᠨ ᠮᠤᠵᠢ ᠶᠢᠨ ᠰᠢᠶᠠᠩ ᠬᠠᠢ ᠬᠦᠷᠬᠦ 2 ᠵᠤᠷᠪᠤᠰ ᠵᠢᠭᠤᠯᠴᠢᠯᠠᠯ ᠤᠨ ᠵᠠᠰᠡᠮᠡᠯ ᠵᠠᠮ ᠢ ᠪᠦᠲᠦᠭᠡᠨ | ᠪᠠᠶᠢᠭᠤᠯᠤᠨ᠎ᠠ᠃ ᠴᠠᠩ ᠴᠦᠨ ︵ᠺᠠᠢ ᠠᠨ︶ ᠠᠴᠠ ᠪᠠᠷᠠᠭᠤᠨ ᠪᠠᠶᠠᠨᠬᠤᠸᠠ ᠬᠦᠷᠬᠦ ᠬᠤᠷᠴᠢᠨ ᠪᠠᠷᠠᠭᠤᠨ ᠭᠠᠷᠤᠨ | ᠲᠤᠮᠳᠠᠳᠣ ᠬᠤᠰᠢᠭᠤᠨ ᠤ ᠬᠡᠰᠡᠭ ᠤᠨ ᠲᠡᠮᠦᠷ ᠵᠠᠮ ᠢ ᠪᠠᠶᠢᠭᠤᠯᠤᠨ ᠲᠡᠷᠭᠡ ᠨᠡᠪᠳᠡᠷᠡᠬᠦᠯᠦᠨ᠎ᠡ᠃ ᠰᠢᠨ᠎ᠡ ᠨᠢᠭᠡᠨ | ᠡᠬᠡᠯᠵᠢ ᠶᠢᠨ ᠬᠦᠳᠡᠭᠡ ᠲᠤᠰᠬᠤᠨ ᠤ ᠲᠤᠤᠷ ᠰᠦᠯᠵᠢᠶᠡᠨ ᠤ ᠳᠡᠰ ᠲᠡᠪᠰᠢᠬᠦ ᠠᠵᠢᠯ ᠢ ᠬᠡᠷᠡᠭᠵᠢᠭᠦᠯᠬᠦ ᠶᠢ | ᠲᠦᠷᠭᠡᠳᠭᠡᠵᠦ᠂ ᠬᠦᠳᠡᠭᠡ ᠲᠤᠰᠬᠤᠨ ᠤ ᠮᠠᠯᠵᠢᠬᠤ ᠤᠷᠤᠨ ᠤ ᠴᠠᠬᠢᠯᠭᠠᠨ ᠬᠦᠴᠦᠳᠡᠯ ᠳᠤᠤᠷ᠎ᠠ ᠪᠠᠶᠢᠬᠤ᠂ | ᠲᠠᠷᠢᠶᠠᠯᠠᠩ ᠤᠨ ᠮᠠᠰᠢᠨ ᠬᠤᠳᠳᠤᠭ᠂ ᠴᠠᠬᠢᠯᠭᠠᠨ ᠨᠡᠪᠲᠡᠷᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠨᠡᠶᠢᠲᠡ | ᠶᠢᠨ ᠰᠤᠶᠤᠯ ᠪᠤᠯᠪᠠᠰᠦᠷᠠᠯ ᠤᠨ ᠲᠤᠨᠤᠭ ᠲᠦᠭᠦᠭᠡᠷᠦᠮᠵᠢ ᠶᠢ ᠳᠡᠭᠡᠭᠰᠢᠯᠡᠭᠦᠯᠵᠦ᠂ ᠲᠦᠷᠭᠡᠨ ᠲᠠᠰᠢᠯᠲᠠ ᠶᠢᠨ ᠲᠠᠯᠠᠪᠦᠷ | ᠂ ᠬᠡᠦᠬᠡᠳ ᠪᠠᠭᠠᠴᠤᠳ ᠤᠨ ᠠᠵᠢᠯᠯᠠᠭᠠᠨ ᠤ ᠲᠦᠪ᠂ ᠲᠦᠰᠢᠶᠡᠳᠦ ᠰᠤᠶᠤᠯ ᠤᠨ ᠲᠦᠪ ᠢ ᠡᠬᠢᠯᠡᠨ ᠬᠡᠷᠡᠭᠵᠢᠭᠦᠯᠵᠦ᠂ | ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠬᠦ ᠰᠤᠶᠤᠯ ᠪᠤᠯᠪᠠᠰᠦᠷᠠᠯ ᠤᠨ ᠬᠡᠷᠡᠭᠴᠡᠭᠡ ᠶᠢ ᠬᠠᠩᠭᠠᠨ᠎ᠠ᠃ | ᠭᠤᠷᠪᠠ᠂ 2018 ᠤᠨ ᠤ ᠠᠵᠢᠯ ᠤᠨ ᠲᠤᠬᠢᠷᠠᠭᠤᠯᠤᠯᠲᠠ | ᠡᠨᠡ ᠵᠢᠯ ᠪᠤᠯ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠢᠶᠠᠷ | ᠳᠤᠤᠱᠯᠠᠭᠤᠯᠤᠨ ᠨᠠᠶᠢᠳᠠᠪᠦᠷᠢᠵᠢᠭᠤᠯᠬᠤ ᠡᠬᠢᠯᠡᠯᠳᠡ ᠤᠨ ᠵᠢᠯ ᠪᠠᠶᠢᠵᠤ᠂ ᠦᠭᠡᠷᠡᠴᠢᠯᠡᠯᠲᠡ ᠬᠢᠵᠦ ᠴᠢᠯᠦᠭᠡᠲᠡᠢ | ᠶᠠᠪᠤᠯᠴᠠᠭᠰᠠᠨ 40 ᠵᠢᠯ ᠤᠨ ᠣᠢ ᠪᠤᠯᠤᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠲᠠᠢ | ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠵᠢᠯ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠢᠳᠪᠦᠷᠢᠳᠦ ᠢᠯᠠᠯᠲᠠ ᠶᠢ ᠤᠯᠵᠤ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ | ᠲᠦᠯᠦᠪᠵᠢᠬᠦᠯᠭᠡ ᠶᠢ ᠬᠡᠷᠡᠭᠵᠢᠬᠦᠯᠬᠦ ᠵᠠᠩᠬᠢᠯᠭ᠎ᠠ ᠶᠢᠨ ᠵᠢᠯ ᠪᠤᠯᠤᠨ᠎ᠠ᠂ ᠮᠦᠨ ᠴᠦ ᠮᠠᠨ ᠤ ᠬᠤᠰᠢᠭᠤᠨ ᠤ ᠶᠠᠳᠠᠭᠤ | ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠣᠯᠠᠬᠤ ᠵᠠᠩᠭᠢᠯᠠᠭ᠎ᠠ ᠶᠢᠨ ᠵᠢᠯ ᠪᠤᠯᠤᠨ᠎ᠠ᠃ ᠡᠨᠡ ᠵᠢᠯ ᠤᠨ ᠠᠵᠢᠯ ᠤᠨ | ᠰᠡᠳᠬᠢᠴᠡ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠣᠷᠢᠳᠣᠯᠭ᠎ᠠ ᠳᠤᠤᠷ᠎ᠠ᠂ | ᠲᠤᠭᠲᠠᠭᠤᠨ ᠳᠤᠮᠳᠠ ᠳᠠᠪᠰᠢᠯᠳᠠ ᠲᠠᠢ ᠪᠠᠶᠢᠬᠤ ᠶᠡᠷᠤᠩᠬᠡᠢ ᠪᠠᠶᠢᠳᠠᠯ ᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ | ᠤᠶᠢᠯᠠᠭᠠᠭᠳᠠᠬᠤᠨ ᠢ ᠪᠠᠷᠢᠮᠳᠠᠯᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠤᠩᠬᠡᠢ ᠪᠠᠶᠢᠷᠢᠯᠠᠭᠤᠯᠤᠯᠳᠠ ᠶᠢ | ᠨᠢᠭᠡᠲᠦᠯᠲᠠᠢ ᠲᠦᠯᠦᠪᠵᠢᠭᠦᠯᠦᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠥᠯᠭ᠎ᠠ ᠶᠢᠨ | ᠪᠠᠶᠢᠷᠢᠯᠠᠭᠤᠯᠤᠯᠳᠠ ᠶᠢ ᠵᠤᠬᠢᠴᠠᠭᠤᠯᠥᠨ ᠠᠬᠢᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠲᠠᠢ | ᠦᠭᠡᠷᠡᠴᠢᠯᠡᠯᠲᠡ ᠪᠠᠷ ᠭᠤᠤᠯ ᠱᠣᠭᠤᠮ ᠪᠤᠯᠭᠠᠬᠤ ᠶᠢ ᠪᠠᠷᠢᠮᠳᠠᠯᠠᠵᠤ᠂ ᠬᠦᠭᠵᠢᠯᠳᠡ᠂ ᠠᠮᠢ ᠠᠬᠤᠢ ᠪᠤᠯᠤᠨ ᠠᠷᠠᠳ | ᠤᠨ ᠠᠮᠢᠳᠣᠷᠠᠯ ᠤᠨ ᠭᠤᠷᠪᠡᠨ ᠵᠤᠷᠪᠤᠰ ᠬᠤᠷᠢᠭ᠎ᠠ ᠱᠣᠭᠤᠮ ᠢ ᠡᠷᠡᠰ ᠰᠠᠬᠢᠵᠤ᠂ ᠭᠤᠤᠯᠳᠠᠯᠭ᠎ᠠ ᠶᠢ ᠪᠠᠷᠢᠵᠦ᠂ | ᠳᠤᠳᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠶᠢ ᠴᠢᠩᠭᠠᠳᠬᠠᠵᠤ᠂ ᠬᠦᠨᠳᠦ ᠴᠢᠬᠤᠯᠠ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ᠂ ᠪᠤᠬᠢᠷᠳᠣᠯ ᠢ ᠰᠡᠷᠭᠡᠶᠢᠯᠡᠬᠦ ᠭᠤᠷᠪᠡᠨ ᠶᠡᠭᠡ | ᠪᠠᠬᠢᠯᠡᠯᠳᠡ ᠶᠢᠨ ᠳᠠᠶᠢᠯᠠᠯᠳᠤᠭᠠᠨ ᠢ ᠰᠠᠶᠢᠳᠣᠷ ᠬᠢᠵᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠵᠦ᠂ ᠠᠵᠦ | ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠴᠢᠬᠢᠷᠠᠭ ᠬᠦᠭᠵᠢᠯᠲᠡ ᠶᠢ ᠠᠬᠢᠭᠤᠯᠤᠨ᠎ᠠ᠃ | ᠡᠨᠡ ᠵᠢᠯ ᠤᠨ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠣᠷᠢᠳᠴᠢᠯᠠᠭᠰᠠᠨ | ᠬᠠᠷᠠᠯᠳᠠ ᠪᠤᠯ᠄ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠲᠡᠭ ᠢ 8% | ᠤᠷᠴᠢᠮ ᠨᠡᠮᠡᠭᠳᠡᠬᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 12% | ᠤᠷᠴᠢᠮ ᠨᠡᠮᠡᠭᠳᠡᠬᠦᠯᠵᠦ᠂ ᠲᠤᠭᠲᠡᠮᠡᠯ ᠬᠦᠷᠦᠩᠭᠡ ᠶᠢᠨ ᠪᠡᠯᠡ ᠤᠷᠤᠭᠤᠯᠤᠯᠳᠠ᠂ ᠨᠡᠶᠢᠭᠡᠮ ᠤᠨ ᠬᠡᠷᠡᠭᠯᠡᠭᠡᠨ ᠤ ᠵᠦᠢᠯ | ᠢ ᠵᠢᠵᠢᠭᠯᠡᠨ ᠪᠤᠷᠤᠯᠠᠭᠤᠯᠬᠤ ᠶᠡᠷᠤᠩᠬᠡᠢ ᠲᠤᠭ᠎ᠠ᠂ ᠤᠯᠠᠨ ᠨᠡᠶᠢᠳᠡ ᠶᠢᠨ ᠲᠦᠰᠦᠪ ᠤᠨ ᠡᠳ᠋ ᠤᠨ ᠵᠠᠰᠠᠭ ᠤᠨ | ᠤᠷᠤᠯᠭ᠎ᠠ ᠶᠢᠨ ᠦᠰᠦᠯᠲᠡ ᠶᠢ ᠲᠤᠰ ᠪᠦᠷᠢ 10% ᠤᠷᠴᠢᠮ ᠨᠡᠮᠡᠭᠳᠡᠬᠦᠯᠵᠦ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠪᠦᠷᠢ ᠶᠢᠨ ᠡᠵᠡᠮᠰᠢᠵᠦ ᠪᠤᠯᠬᠤᠶᠢᠴᠠ ᠤᠷᠤᠯᠭ᠎ᠠ ᠶᠢᠨ ᠦᠰᠦᠯᠲᠡ ᠶᠢ ᠲᠤᠰ ᠪᠦᠷᠢ 9% | ᠪᠤᠯᠤᠨ 9.5% ᠤᠷᠴᠢᠮ ᠨᠡᠮᠡᠭᠳᠡᠬᠦᠯᠦᠨ᠎ᠡ᠃ | ᠳᠡᠭᠡᠷ᠎ᠡ ᠲᠤᠷᠠᠳᠣᠭᠰᠠᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠪᠢᠳᠡ ᠳᠤᠤᠷᠠᠬᠢ ᠬᠡᠳᠦᠨ ᠲᠠᠯ᠎ᠠ ᠶᠢᠨ | ᠠᠵᠢᠯ ᠢ ᠪᠦᠬᠦ ᠬᠦᠴᠦᠨ ᠢᠶᠠᠷ ᠰᠠᠶᠢᠳᠣᠷ ᠬᠢᠨ᠎ᠡ᠄ | ︵ᠨᠢᠭᠡ︶ ᠠᠰᠠᠭᠤᠳᠠᠯ ᠤᠨ ᠣᠳᠣᠷᠢᠳᠣᠮᠵᠢ ᠶᠢ ᠪᠠᠷᠢᠮᠳᠠᠯᠠᠬᠤ ᠶᠢ ᠨᠡᠩ ᠴᠢᠬᠤᠯᠠᠴᠢᠯᠠᠵᠤ᠂ ᠨᠡᠩ ᠪᠦᠲᠦᠮᠵᠢᠲᠡᠢ | ᠠᠷᠭ᠎ᠠ ᠠᠪᠴᠠᠯ ᠢ ᠠᠪᠴᠦ᠂ ᠲᠦᠷᠦ ᠶᠢᠨ ᠪᠤᠳᠤᠯᠭ᠎ᠠ ᠶᠢ ᠤᠨᠤᠪᠴᠢᠲᠠᠢ ᠬᠡᠷᠡᠭᠵᠢᠬᠦᠯᠬᠦ ᠶᠢ ᠠᠬᠢᠭᠤᠯᠵᠤ᠂ ᠶᠠᠳᠠᠭᠤ | ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠣᠯᠬᠤ ᠳᠠᠶᠢᠯᠠᠯᠳᠤᠭᠠᠨ ᠢ ᠰᠠᠶᠢᠳᠣᠷ ᠬᠢᠨ᠎ᠡ᠃ | ᠶᠠᠳᠠᠭᠤ ᠶᠢ ᠲᠡᠳᠭᠦᠬᠦ ᠲᠤᠭᠳᠠᠯᠴᠠᠭ᠎ᠠ ᠶᠢᠨ ᠦᠷᠭᠡᠨ ᠬᠡᠪᠴᠢᠶᠡᠨ ᠤ ᠨᠡᠶᠢᠯᠡᠮᠡᠯ ᠬᠦᠴᠦᠨ ᠪᠦᠷᠢᠯᠳᠦᠬᠦᠯᠬᠦ ᠶᠢ | ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠣᠯᠬᠤ ᠪᠠᠷ ᠪᠦᠬᠦ ᠲᠠᠯ᠎ᠠ ᠶᠢ ᠶᠡᠷᠤᠩᠬᠡᠶᠢᠯᠡᠨ | ᠵᠢᠯᠤᠭᠤᠳᠴᠤ᠂ ᠪᠦᠬᠦ ᠬᠤᠰᠢᠭᠤᠨ ᠤ ᠺᠠᠳ᠋ᠷ ᠤᠯᠡᠨ ᠲᠦᠮᠡᠨ ᠪᠠ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠦ᠂ | ᠶᠠᠳᠠᠭᠤ ᠬᠦᠴᠢᠷᠳᠡᠯᠲᠡᠢ ᠬᠦᠮᠦᠨ ᠠᠮᠠ ᠶᠢᠨ ︽ᠬᠤᠶᠠᠷ ᠤᠨ ᠲᠦᠯᠦᠭᠡ ᠵᠤᠪᠠᠭ᠋ᠤ ᠦᠭᠡᠢ᠂ ᠭᠤᠷᠪᠠᠨ ᠪᠠᠳᠣᠯᠠᠭ᠎ᠠ | ᠲᠠᠢ︾ ᠬᠠᠷᠠᠯᠳᠠ ᠲᠠᠢ ᠴᠢᠩᠭ᠎ᠠ ᠤᠶᠠᠯᠳᠣᠭᠤᠯᠤᠨ᠂ ᠶᠠᠳᠠᠭᠤ ᠬᠦᠴᠢᠷᠳᠡᠯᠲᠡᠢ ᠬᠤᠰᠢᠭᠤᠨ ᠠᠴᠠ ᠭᠠᠷᠬᠤ ᠬᠠᠷᠠᠯᠳᠠ | ᠲᠠᠢ ᠤᠶᠠᠯᠳᠣᠭᠤᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠪᠠ ᠤᠨᠢᠨ ᠲᠡᠭᠡᠷ᠎ᠡ ᠨᠢ ᠶᠠᠳᠠᠭᠤ ᠠᠴᠠ | ᠠᠩᠬᠢᠵᠢᠷᠠᠬᠤ ᠶᠢ ᠪᠠᠷᠢᠮᠳᠠᠯᠠᠵᠦ᠂ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠭᠡᠭᠰᠢᠯᠡᠭᠦᠯᠬᠦ ᠢᠨᠵᠧᠨᠧᠷᠢᠩ ᠢ | ᠭᠦᠨᠵᠡᠭᠡᠢ ᠠᠬᠢᠭᠤᠯᠵᠦ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠰᠤᠩᠭᠤᠨ ᠳᠤᠮᠢᠯᠠᠵᠤ | ᠬᠠᠮᠢᠶᠠᠷᠬᠤ ᠶᠢ ᠴᠢᠩᠭᠠᠳᠬᠠᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢᠨ ᠬᠢᠨᠠᠨ | ᠰᠢᠯᠭᠠᠯᠳᠠ ᠶᠢ ᠪᠠᠬᠢᠵᠢᠬᠦᠯᠵᠦ᠂ ᠲᠤᠰᠬᠤᠨ ᠳᠤ ᠰᠠᠭᠤᠬᠤ ᠠᠵᠢᠯ ᠤᠨ ᠪᠦᠯᠬᠦᠮ ᠤᠨ ᠵᠠᠷᠤᠳᠠᠯ ᠢ ᠪᠠᠳᠣᠯᠠᠵᠤ᠂ | ᠲᠦᠪ ᠤᠨ ᠤᠬᠠᠭᠤᠯᠬᠤ ᠬᠡᠯᠳᠡᠰ ᠤᠨ ᠬᠠᠪᠰᠤᠷᠤᠨ ᠲᠡᠳᠭᠦᠬᠦ ᠴᠡᠭ᠂ ᠪᠡᠭᠡᠵᠢᠩ ᠠᠴᠠ ᠦᠪᠦᠷ ᠮᠤᠩᠭᠤᠯ ᠳᠤ ᠠᠵᠢᠯ | ᠲᠦᠷᠦᠯ ᠢᠶᠠᠷ ᠲᠡᠳᠭᠦᠬᠦ᠂ ᠴᠠᠩ ᠱᠠ ᠰᠢᠶᠠᠨ ᠤ ᠬᠠᠪᠰᠣᠷᠣᠨ ᠲᠡᠳᠭᠦᠬᠦ ᠪᠠ ᠮᠤᠵᠢ ᠶᠢᠨ ᠳᠡᠰ ᠤᠨ ᠤᠳᠤᠷᠢᠳᠤᠯᠭ᠎ᠠ | ᠶᠢᠨ ᠬᠠᠪᠰᠣᠷᠣᠨ ᠲᠡᠳᠭᠦᠬᠦ᠂ ᠦᠪᠡᠷᠲᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠬᠠᠪᠰᠣᠷᠣᠨ ᠲᠡᠳᠭᠦᠬᠦ᠂ | ᠠᠶᠢᠮᠠᠭ ᠤᠨ ᠰᠢᠭᠤᠤᠨ ᠬᠠᠷᠢᠶ᠎ᠠ ᠪᠠᠶᠢᠭᠤᠯᠭ᠎ᠠ ᠶᠢᠨ ᠬᠠᠪᠰᠣᠷᠣᠨ ᠲᠡᠳᠭᠦᠬᠦ ᠶᠢ ᠰᠠᠶᠢᠳᠣᠷ ᠬᠦᠯᠢᠶᠡᠨ ᠠᠪᠴᠤ᠂ | ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠬᠠᠪᠰᠤᠷᠤᠨ ᠲᠡᠳᠭᠦᠬᠦ ᠳᠤ ᠤᠷᠤᠯᠴᠠᠬᠤ ᠶᠢ ᠦᠷᠭᠡᠨ ᠢᠶᠠᠷ | ᠲᠠᠶᠢᠴᠢᠯᠠᠵᠦ᠂ ᠲᠤᠰᠬᠠᠢ ᠵᠦᠢᠯ ᠢᠶᠠᠷ ᠶᠠᠳᠠᠭᠤ ᠶᠢ ᠲᠡᠳᠭᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠭᠦᠬᠦ᠂ | ᠨᠡᠶᠢᠭᠡᠮ ᠢᠶᠠᠷ ᠶᠠᠳᠠᠭᠤ ᠶᠢ ᠲᠡᠳᠭᠦᠬᠦ ᠬᠠᠷᠢᠯᠴᠠᠨ ᠨᠦᠬᠦᠪᠦᠷᠢᠯᠡᠬᠦ ᠶᠢ ︽ᠭᠤᠷᠪᠠ ᠶᠢ ᠨᠢᠭᠡ ᠴᠤᠭᠴᠠᠵᠢᠭᠤᠯᠬᠤ︾ | ᠶᠠᠳᠠᠭᠤ ᠶᠢ ᠲᠡᠳᠭᠦᠬᠦ ᠪᠠᠶᠢᠳᠠᠯ ᠢ ᠡᠬᠦᠳᠦᠨ ᠪᠠᠶᠢᠭᠤᠯᠵᠤ᠂ ︽ᠵᠢᠷᠭᠤᠭᠠᠨ ᠤᠨᠤᠪᠴᠢᠲᠠᠢ ᠪᠠᠶᠢᠬᠤ︾ ︽ᠲᠠᠪᠤᠨ | ᠨᠢᠭᠡ ᠪᠦᠯᠦᠭ︾ ᠢ ᠠᠬᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠣᠯᠬᠤ ᠶᠢ ᠢᠯᠠᠨ᠂ ᠶᠠᠳᠠᠭᠤ | ᠠᠴᠠ ᠦᠨᠡᠨᠬᠦ ᠠᠩᠭᠢᠵᠢᠷᠠᠬᠤ ᠶᠢ ᠪᠠᠳᠤᠯᠠᠵᠤ᠂ ᠴᠢᠨᠡᠭᠡᠯᠢᠭ ᠵᠠᠮ ᠲᠡᠭᠡᠷ᠎ᠡ ᠨᠢᠭᠡ ᠶᠢ ᠴᠤ ᠬᠤᠴᠤᠷᠭᠠᠬᠤ ᠦᠭᠡᠢ ᠶᠢ | ᠪᠠᠳᠣᠯᠠᠨ᠎ᠠ᠃ | ᠠᠵᠢᠯ ᠦᠢᠯᠡᠰ ᠤᠨ ᠤᠷᠤᠯᠭ᠎ᠠ ᠶᠢᠨ ᠨᠡᠮᠡᠭᠳᠡᠯ ᠪᠠ ᠤᠷᠤᠨ ᠰᠠᠭᠤᠴᠠ ᠶᠢᠨ ᠪᠠᠲᠤᠯᠭ᠎ᠠ ᠶᠢ ᠰᠠᠶᠢᠲᠤᠷ ᠬᠢᠨ᠎ᠡ᠃ | ᠠᠵᠢᠯ ᠦᠢᠯᠠᠰ ᠢᠶᠠᠷ ᠲᠡᠳᠭᠦᠬᠦ ᠪᠤᠯ ᠦᠨᠳᠦᠰᠦᠨ ᠠᠴᠠ ᠨᠢ ᠲᠡᠳᠭᠦᠵᠦ᠂ ᠤᠷᠲᠤ ᠤᠳᠠᠭᠠᠨ ᠲᠡᠳᠭᠦᠵᠦ᠂ ᠠᠵᠢᠯ | ᠦᠢᠯᠠᠰ ᠢ ᠬᠦᠭᠵᠢᠭᠦᠯᠪᠡᠯ ᠰᠠᠶ᠋ᠢ ᠶᠠᠳᠠᠭᠤ ᠪᠠᠶᠢᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠶᠠᠳᠠᠭᠤ ᠠᠴᠠ | ᠠᠩᠬᠢᠵᠢᠷᠠᠬᠤ ᠶᠢ ᠲᠤᠭᠲᠠᠪᠦᠷᠢᠲᠠᠢ ᠶᠠᠪᠤᠭᠳᠠᠭᠤᠯᠵᠦ ᠲᠡᠶᠢᠯᠤᠨ᠎ᠠ᠃ ᠲᠠᠷᠢᠶᠠᠯᠠᠬᠤ ᠪᠠ ᠮᠠᠯᠵᠢᠬᠤ ᠲᠠᠢ ᠬᠤᠯᠪᠤᠬᠳᠠᠬᠤ | ᠲᠦᠷᠦᠯ ᠵᠦᠢᠯ ᠤᠨ ᠵᠤᠭᠤᠰ ᠮᠦᠩᠬᠦ ᠶᠢ ᠨᠢᠭᠡᠳᠭᠡᠬᠦ ᠬᠦᠴᠦᠯᠡᠴᠡ ᠪᠠᠨ ᠨᠡᠮᠡᠭᠳᠡᠬᠦᠯᠵᠦ᠂ ᠶᠠᠳᠠᠭᠤ ᠬᠦᠴᠢᠷᠳᠡᠯᠲᠠᠢ | ᠬᠦᠮᠦᠨ ᠠᠮᠠ ᠶᠢᠨ ᠶᠠᠳᠠᠭᠤ ᠶᠢ ᠲᠡᠳᠭᠦᠬᠦ ᠠᠵᠤ ᠦᠢᠯᠡᠰ ᠤᠨ ᠪᠦᠬᠦᠨ ᠢ ᠪᠦᠷᠬᠦᠭᠦᠯᠬᠦ ᠶᠢ ᠪᠡᠶᠡᠯᠡᠬᠦᠯᠦᠭᠰᠡᠨ | ᠰᠠᠭᠤᠷᠢᠨ ᠲᠡᠭᠡᠷ᠎ᠡ᠂ ᠣᠳᠣᠬᠠᠨ ᠤ ᠲᠡᠩᠴᠡᠭᠦᠷᠢᠲᠠᠢ ᠲᠡᠳᠭᠦᠬᠦ ᠬᠡᠪ ᠵᠠᠭᠪᠦᠷ ᠢ ᠡᠪᠲᠡᠵᠦ᠂ ᠠᠵᠢᠯᠰᠠᠭ ᠢ ᠲᠡᠳᠭᠦᠬᠦ | ᠠᠴᠠ ᠪᠢᠰᠢ ᠵᠠᠯᠬᠠᠭᠤ ᠶᠢ ᠲᠡᠳᠭᠦᠬᠦ ᠦᠭᠡᠢ᠂ ᠶᠠᠳᠠᠭᠤ ᠶᠢ ᠲᠡᠳᠭᠦᠬᠦ ᠠᠵᠦ ᠦᠢᠯᠡᠰ ᠤᠨ ᠬᠦᠮᠦᠷᠭᠡ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠲᠤᠪᠶᠤᠭ ᠤᠨ ᠮᠠᠶ᠋ᠢᠭ ᠢᠶᠠᠷ ᠶᠠᠳᠠᠭᠤ ᠶᠢ ᠲᠡᠳᠭᠦᠬᠦ ᠶᠢ ᠶᠡᠬᠡᠪᠡᠷ ᠲᠦᠯᠬᠢᠨ | ᠠᠬᠢᠭᠤᠯᠵᠤ᠂ ᠢᠳᠡᠪᠬᠢᠲᠠᠢ ᠪᠠᠷ ᠶᠠᠳᠠᠭᠤ ᠬᠦᠴᠢᠷᠳᠡᠯᠳᠠᠢ ᠳᠠᠩᠰᠠ ᠡᠪᠬᠡᠮᠡᠯ ᠺᠠᠷᠲ ᠵᠤᠬᠢᠶᠠᠭᠳᠡᠬᠰᠡᠨ ᠡᠷᠤᠬᠡ ᠶᠢᠨ | ᠠᠵᠦ ᠦᠢᠯᠡᠰ ᠤᠨ ᠰᠠᠭᠤᠷᠢ ᠶᠢ ᠦᠷᠭᠡᠳᠭᠡᠬᠦ ᠶᠢ ᠵᠤᠷᠢᠭᠵᠢᠭᠤᠯᠵᠦ᠂ ᠪᠡᠶ᠎ᠡ ᠪᠠᠨ ᠳᠠᠭᠠᠭᠠᠵᠦ ᠦᠢᠯᠡᠰ ᠪᠦᠳᠦᠭᠡᠬᠦ᠂ | ᠪᠡᠶ᠎ᠡ ᠪᠠᠨ ᠳᠠᠭᠠᠭᠠᠵᠦ ᠦᠢᠯᠡᠳᠪᠦᠷᠢᠯᠡᠬᠦ᠂ ᠪᠡᠶ᠎ᠡ ᠪᠠᠨ ᠳᠠᠭᠠᠭᠠᠵᠦ ᠬᠦᠭᠵᠢᠬᠦ ᠶᠢ ᠲᠦᠯᠬᠢᠨ ᠠᠬᠢᠭᠤᠯᠤᠨ᠎ᠠ᠃ | ᠣᠳᠣᠬᠢ ᠪᠠᠶᠢᠭ᠎ᠠ ᠶᠠᠳᠠᠭᠤ ᠶᠢ ᠲᠡᠳᠭᠦᠬᠦ ᠠᠵᠢᠯ ᠦᠢᠯᠡᠰ ᠢ ᠡᠮᠬᠢᠳᠭᠡᠨ ᠲᠤᠬᠢᠷᠠᠭᠤᠯᠵᠦ᠂ ᠨᠢᠭᠡ ᠭᠠᠵᠠᠷ ᠤᠨ | ᠠᠮᠵᠢᠯᠳᠠ ᠶᠢᠨ ᠲᠤᠷᠰᠢᠯᠭ᠎ᠠ ᠪᠠᠷ ᠤᠯᠠᠨ ᠭᠠᠵᠠᠷ ᠤᠨ ᠠᠵᠢᠯ ᠢ ᠳᠠᠶᠢᠴᠢᠯᠡᠨ ᠲᠦᠪᠯᠡᠷᠡᠭᠦᠯᠦᠨ ᠬᠡᠰᠡᠭ | ᠵᠠᠯᠭᠠᠯᠳᠣᠭᠤᠯᠬᠤ ᠶᠢ ᠬᠡᠷᠡᠭᠵᠢᠭᠦᠯᠵᠦ᠂ ᠠᠵᠦ ᠦᠢᠯᠡᠰ ᠤᠨ ᠭᠦᠭᠵᠢᠯᠳᠠ ᠶᠢ ᠲᠡᠳᠭᠦᠬᠦ ᠪᠠᠷ ᠪᠦᠬᠦ ᠬᠤᠰᠢᠭᠤᠨ ᠤ | ᠠᠵᠦ ᠦᠢᠯᠡᠰ ᠢ ᠲᠠᠶᠢᠴᠢᠯᠡᠨ᠂ ᠨᠠᠩ ᠶᠡᠭᠡ ᠨᠠᠩ ᠬᠦᠴᠦᠷᠬᠡᠭ ᠪᠤᠯᠭᠠᠵᠦ᠂ ᠶᠠᠳᠠᠭᠤ ᠶᠢ ᠲᠡᠳᠭᠦᠬᠦ ᠠᠵᠦ ᠦᠢᠯᠡᠰ | ᠤᠨ ᠨᠢᠬᠳᠠᠷᠠᠯ ᠴᠤᠭᠯᠠᠷᠠᠯ ᠤᠨ ᠨᠦᠯᠦᠭᠡᠯᠡᠯ ᠪᠠ ᠬᠡᠰᠡᠭ ᠵᠠᠯᠭᠠᠯᠳᠣᠭᠤᠯᠤᠨ ᠲᠠᠶᠢᠴᠢᠯᠡᠨ ᠳᠠᠭᠠᠭᠤᠯᠬᠤ ᠦᠢᠯᠡᠳᠦᠯ ᠢ | ᠤᠯᠠᠮ ᠨᠢᠬᠡ ᠠᠯᠬᠤᠮ ᠪᠠᠳᠠᠷᠠᠭᠤᠯᠤᠨ᠎ᠠ᠃ ᠵᠢᠯ ᠤᠨ ᠲᠤᠳᠣᠷ᠎ᠠ᠂ ︽ᠨᠢᠭᠡ ᠲᠤᠰᠬᠤᠨ ᠳᠤ ᠨᠢᠭᠡ ᠲᠦᠷᠦᠯ ᠵᠦᠢᠯ | ᠪᠠᠶᠢᠬᠤ︾ ᠶᠠᠳᠠᠭᠤ ᠶᠢ ᠲᠡᠳᠭᠦᠬᠦ ᠠᠵᠢᠯ ᠦᠢᠯᠡᠰ ᠤᠨ ᠵᠢᠱᠢᠶ᠎ᠡ ᠦᠵᠡᠭᠦᠯᠬᠦ ᠭᠠᠴᠠᠭ᠎ᠠ ᠶᠢ ᠪᠠᠶᠢᠭᠤᠯᠤᠨ᠂ ᠨᠢᠭᠡ | ᠪᠦᠯᠦᠭ ︽ᠨᠢᠭᠡ ᠰᠢᠶᠠᠩ ᠨᠢᠭᠡ ᠠᠵᠢᠯ ᠦᠢᠯᠡᠰ ᠲᠠᠢ ᠪᠠᠶᠢᠬᠤ︾ ᠰᠤᠮᠤ ᠪᠠᠯᠭᠠᠰᠤ ᠶᠢᠨ ᠶᠠᠳᠠᠭᠤ ᠶᠢ ᠲᠡᠳᠭᠦᠬᠦ | ᠠᠵᠢᠯ ᠦᠢᠯᠡᠰ ᠤᠨ ᠪᠦᠰᠠ ᠶᠢ ᠪᠦᠷᠢᠯᠳᠦᠭᠦᠯᠦᠨ᠎ᠡ᠃ ᠶᠠᠳᠠᠭᠤ ᠶᠢ ᠲᠡᠳᠭᠦᠬᠦ ᠲᠦᠷᠦᠯ ᠵᠦᠢᠯ ᠤᠨ ᠬᠢᠨᠠᠨ | ᠬᠠᠮᠢᠶᠠᠷᠤᠯᠳᠠ ᠪᠠ ᠮᠦᠷᠳᠡᠨ ᠦᠢᠯᠡᠴᠢᠯᠡᠬᠦ ᠵᠢᠯᠤᠭᠤᠳᠣᠯᠭ᠎ᠠ ᠶᠢ ᠴᠢᠩᠭᠠᠳᠬᠠᠵᠦ᠂ ᠤᠯᠵᠠᠪᠤᠷᠢ ᠬᠤᠪᠢᠶᠠᠷᠢᠯᠠᠬᠤ | ᠲᠤᠭᠳᠠᠯᠴᠠᠭ᠎ᠠ ᠶᠢ ᠲᠡᠭᠦᠯᠳᠡᠷᠵᠢᠬᠦᠯᠵᠦ᠂ ᠶᠠᠳᠠᠭᠤ ᠶᠢ ᠲᠡᠳᠭᠦᠬᠦ ᠬᠦᠷᠦᠩᠭᠡ ᠶᠢᠨ ᠦᠷᠲᠡᠭ ᠤᠨ ᠨᠡᠮᠭᠳᠡᠯ ᠢ ᠪᠠᠳᠣᠯᠠᠨ | ᠂ ᠠᠰᠢᠭ ᠣᠯᠵᠠ ᠶᠢ ᠴᠠᠭ ᠲᠤᠬᠠᠢ ᠳᠤ ᠨᠢ ᠶᠠᠳᠠᠭᠤ ᠬᠦᠴᠢᠷᠳᠡᠯᠲᠡᠢ ᠡᠷᠦᠬᠡ ᠳᠤ ᠭᠠᠷᠳᠠᠭᠤᠯᠬᠤ ᠶᠢ ᠪᠠᠳᠤᠯᠠᠨ᠎ᠠ᠃ | ᠤᠷᠤᠨ ᠰᠠᠭᠤᠴᠠ ᠶᠢᠨ ᠪᠠᠳᠤᠯᠭ᠎ᠠ ᠶᠢᠨ ᠲᠠᠯ᠎ᠠ ᠪᠠᠷ᠂ 471 ᠡᠷᠦᠭᠡ ᠳᠠᠩᠰᠠ ᠡᠪᠬᠡᠮᠡᠯ ᠺᠠᠷᠲ ᠵᠤᠬᠢᠶᠠᠭᠳᠡᠬᠰᠡᠨ | ᠨᠤᠷᠠᠬᠤ ᠠᠶᠤᠯᠳᠠᠢ ᠭᠡᠷ ᠪᠠᠶᠢᠰᠢᠩ ᠪᠠ ᠭᠡᠷ ᠡᠷᠤᠬᠡ ᠦᠭᠡᠢ ᠳᠤ᠂ ᠨᠢᠭᠡ ᠪᠦᠯᠦᠭ ᠶᠢ ᠨᠢ ᠲᠤᠰ ᠭᠠᠵᠠᠷ ᠲᠤ ᠪᠠᠨ | ᠵᠠᠰᠠᠨ ᠦᠭᠡᠷᠡᠴᠢᠯᠡᠵᠦ᠂ ᠨᠢᠭᠡ ᠪᠦᠯᠦᠭ ᠢ ᠨᠢ ᠲᠦᠷᠦᠯ ᠰᠠᠳᠤᠨ ᠨᠠᠶᠢᠵᠠ ᠨᠦᠬᠦᠷ ᠢᠶᠠᠨ ᠲᠦᠰᠢᠭᠯᠡᠵᠦ᠂ ᠨᠢᠭᠡ | ᠪᠦᠯᠦᠭ ᠨᠢ ᠵᠢᠷᠭᠠᠯᠠᠩᠳᠤ ᠬᠦᠷᠢᠶᠡᠯᠠᠩ ᠳᠤ ᠰᠠᠭᠤᠵᠦ᠂ ᠨᠢᠭᠡ ᠪᠦᠯᠦᠭ ᠨᠢ ᠪᠤᠰᠣᠳ ᠭᠠᠵᠠᠷ ᠨᠡᠭᠦᠯᠭᠡᠨ ᠰᠢᠯᠵᠢᠬᠦᠯᠬᠦ | ᠬᠡᠯᠪᠡᠷᠢ ᠪᠠᠷ ᠲᠠᠮᠵᠢᠨ ᠤᠷᠤᠨ ᠰᠠᠭᠤᠴᠠ ᠶᠢᠨ ᠬᠡᠷᠡᠭᠴᠡᠭᠡ ᠶᠢ ᠪᠠᠳᠤᠯᠠᠨ᠎ᠠ᠃ ᠪᠤᠰᠣᠳ ᠭᠠᠵᠠᠷ ᠶᠠᠳᠠᠭᠤ ᠶᠢ | ᠲᠡᠳᠭᠦᠬᠦ ᠬᠦᠴᠦᠯᠡᠴᠡ ᠪᠠᠨ ᠨᠡᠮᠡᠭᠳᠡᠬᠦᠯᠵᠦ᠂ ᠲᠤᠭᠳᠡᠭᠤᠨ ᠢᠶᠠᠷ ᠶᠠᠳᠠᠭᠤ ᠠᠴᠠ ᠠᠩᠵᠢᠷᠠᠵᠤ ᠪᠠᠶᠠᠯᠢᠭᠵᠢᠬᠤ ᠶᠢ | ᠪᠠᠳᠣᠯᠠᠨ᠎ᠠ᠃ | ᠰᠣᠷᠭᠠᠨ ᠬᠦᠮᠦᠵᠢᠯ᠂ ᠡᠷᠡᠬᠦᠯ ᠴᠢᠬᠢᠷᠠᠭ᠂ ᠲᠡᠩᠭᠡᠷᠡᠬᠦᠯᠦᠨ ᠲᠤᠰᠠᠯᠠᠬᠤ ᠪᠠᠷ ᠶᠠᠳᠠᠭᠤ ᠶᠢ ᠲᠡᠳᠭᠦᠬᠦ ᠶᠢ | ᠲᠦᠯᠬᠢᠨ ᠠᠬᠢᠭᠤᠯᠤᠨ᠎ᠠ᠃ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠳᠣᠷ | ᠬᠡᠷᠡᠭᠵᠢᠬᠦᠯᠵᠦ᠂ 2115 ᠨᠡᠷᠡᠰ ᠲᠠᠩᠰᠠ ᠡᠪᠬᠡᠮᠡᠯ ᠺᠠᠷᠲ ᠵᠤᠬᠢᠶᠠᠭᠳᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ | ᠶᠢᠨ ᠰᠣᠷᠤᠭᠴᠢ ᠳᠤ᠂ ᠨᠡᠩ ᠪᠦᠲᠦᠮᠵᠢᠲᠡᠢ ᠠᠷᠭ᠎ᠠ ᠠᠪᠴᠠᠯ ᠠᠪᠴᠤ᠂ ᠲᠦᠪ ᠭᠤᠤᠯᠴᠢ ᠮᠦᠷᠳᠡᠭᠡᠨ ᠴᠢᠨᠠᠷ | ᠰᠠᠶᠢᠳᠠᠢ ᠰᠣᠷᠭᠠᠨ ᠬᠦᠮᠦᠵᠢᠯ ᠬᠦᠷᠳᠡᠬᠦ ᠶᠢ ᠪᠠᠳᠣᠯᠠᠨ᠎ᠠ᠃ ᠡᠷᠡᠬᠦᠯ ᠬᠠᠮᠠᠭᠠᠯᠠᠯ ᠢᠶᠠᠷ ᠶᠠᠳᠠᠭᠤ ᠶᠢ ᠲᠡᠳᠬᠦᠬᠦ | ᠢᠨᠵᠧᠨᠧᠷᠢᠩ ᠢ ᠰᠠᠶᠢᠳᠣᠷ ᠬᠡᠷᠡᠭᠵᠢᠬᠦᠯᠵᠦ᠂ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠡᠳᠡᠭᠡᠳ᠂ ᠶᠠᠳᠠᠭᠤ | ᠬᠦᠴᠢᠷᠳᠡᠯᠲᠡᠢ ᠬᠦᠮᠦᠨ᠂ ᠲᠠᠩᠰᠠ ᠡᠪᠬᠡᠮᠡᠯ ᠵᠤᠬᠢᠶᠠᠭᠳᠠᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠶᠢ | ᠲᠡᠩᠭᠡᠷᠡᠬᠦᠯᠦᠨ ᠲᠤᠰᠠᠯᠠᠵᠤ᠂ ᠡᠬᠢᠯᠡᠵᠦ ᠪᠤᠳᠣᠬᠤ ᠲᠤᠭ᠎ᠠ ᠶᠢ ᠦᠭᠡᠶᠢᠰᠭᠡᠨ᠂ ᠡᠪᠡᠳᠴᠢᠨ ᠠᠴᠠ ᠪᠤᠯᠵᠤ | ᠶᠠᠳᠠᠭᠤᠷᠠᠬᠤ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠶᠢ ᠴᠢᠷᠮᠠᠶᠢᠨ ᠬᠤᠷᠢᠭᠯᠠᠨ᠎ᠠ᠃ ᠬᠦᠳᠡᠭᠡ ᠲᠤᠰᠬᠤᠨ | ᠮᠠᠯᠵᠢᠬᠤ ᠤᠷᠤᠨ ᠤ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠲᠦᠷᠢᠮ ᠤᠨ ᠶᠠᠳᠠᠭᠤ ᠠᠴᠠ | ᠠᠩᠭᠢᠵᠢᠷᠠᠬᠤ ᠶᠢ ᠰᠠᠶᠢᠳᠣᠷ ᠬᠡᠷᠡᠭᠵᠢᠬᠦᠯᠦᠨ᠂ 2814 ᠡᠷᠦᠬᠡ ᠶᠢᠨ 6704 ᠨᠡᠷᠡᠰ ᠡᠪᠡᠳᠴᠢᠨ ᠠᠴᠠ ᠪᠤᠯᠵᠤ | ᠵᠡᠮᠳᠡᠭ ᠪᠤᠯᠤᠭᠰᠠᠨ ᠵᠢᠴᠢ ᠦᠨᠳᠦᠰᠦᠨ ᠳᠡᠭᠡᠨ ᠬᠦᠳᠡᠯᠮᠦᠷᠢ ᠬᠦᠴᠦᠨ ᠦᠭᠡᠢ ᠶᠠᠳᠠᠭᠤ ᠬᠦᠴᠢᠷᠳᠡᠯᠲᠡᠢ ᠬᠦᠮᠦᠨ ᠢ | ᠪᠦᠬᠦᠨ ᠢ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ | ᠶᠠᠳᠠᠭᠤ ᠠᠴᠠ ᠤᠬᠤᠷᠢᠨ ᠭᠠᠷᠠᠬᠤ ᠪᠠᠷᠢᠮᠵᠢᠶ᠎ᠠ ᠪᠠ ᠶᠠᠪᠤᠴᠠ ᠶᠢ ᠴᠢᠩᠭ᠎ᠠ ᠭᠡᠷᠡᠭᠵᠢᠬᠦᠯᠦᠨ᠎ᠡ᠃ ᠳᠦᠷᠦ ᠶᠢᠨ | ᠪᠤᠳᠤᠯᠭ᠎ᠠ ᠪᠠᠷ ᠶᠠᠳᠠᠭᠤ ᠠᠴᠠ ᠠᠩᠵᠢᠷᠠᠭᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠠᠬᠢᠭᠤᠯᠵᠤ᠂ ᠴᠢᠩᠭ᠎ᠠ | ᠪᠠᠷᠢᠮᠵᠢᠶ᠎ᠠ ᠪᠠᠷ ᠶᠠᠳᠠᠭᠤ ᠠᠴᠠ ᠠᠩᠵᠢᠷᠠᠭᠤᠯᠬᠤ ᠦᠷ᠎ᠡ ᠪᠦᠲᠦᠭᠡᠯ ᠤᠨ ᠰᠢᠯᠭᠠᠨ ᠬᠤᠷᠢᠶᠠᠯᠳᠠ ᠶᠢ ᠦᠩᠭᠡᠷᠡᠭᠡᠬᠦ ᠶᠢ | ᠪᠠᠳᠤᠯᠠᠨ᠎ᠠ᠃᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠨᠢᠬᠡ ᠬᠦᠮᠦᠨ ᠢ ᠴᠦ ᠤᠷᠬᠢᠭᠳᠠᠭᠤᠯᠬᠤ ᠦᠬᠡᠢ ᠪᠠᠶᠢᠵᠤ᠂ | ᠶᠠᠳᠠᠭᠤ ᠬᠦᠴᠢᠷᠳᠡᠯᠲᠡᠢ ᠪᠤᠰᠤ ᠬᠦᠮᠦᠨ ᠠᠮᠠ ᠶᠢ ᠨᠢᠬᠡ ᠬᠦᠮᠦᠨ ᠢ ᠴᠦ ᠤᠷᠤᠭᠤᠯᠬᠤ ᠦᠬᠡᠢ ᠪᠠᠶᠢᠵᠤ᠂ | ᠤᠷᠤᠭᠤᠯᠥᠬᠤ ᠴᠢᠬᠤᠯᠠ ᠲᠠᠢ ᠪᠠᠶᠢᠪᠠᠯ ᠴᠢᠳᠠᠬᠤ ᠶᠢᠨ ᠬᠢᠷᠢ ᠪᠠᠷ ᠤᠷᠤᠭᠤᠯᠤᠨ᠎ᠠ᠃ ᠶᠠᠳᠠᠭᠤ ᠠᠴᠠ ᠠᠩᠵᠢᠷᠠᠭᠤᠯᠬᠤ | ᠤᠬᠤᠷᠢᠨ ᠭᠠᠷᠬᠤ ᠶᠠᠪᠤᠴᠠ ᠶᠤᠰᠤᠭᠠᠷ᠂ ᠪᠦᠬᠦ ᠳᠠᠯ᠎ᠠ ᠪᠠᠷ ᠦᠨᠡᠯᠡᠯᠳᠡ ᠬᠢᠵᠤ᠂ ᠰᠢᠯᠭᠠᠨ ᠬᠤᠷᠢᠶᠠᠯᠳᠠ ᠶᠢ | ᠳᠦᠷᠢᠮᠵᠢᠬᠦᠯᠵᠤ᠂ ᠶᠠᠳᠠᠭᠤ ᠠᠴᠠ ᠤᠬᠤᠷᠢᠨ ᠭᠠᠷᠬᠤ ᠴᠢᠬᠤᠯᠠ ᠲᠠᠢ ᠪᠠᠶᠢᠪᠠᠯ ᠴᠢᠳᠠᠬᠤ ᠶᠢᠨ ᠬᠢᠷᠢ ᠪᠠᠷ ᠤᠬᠤᠷᠢᠨ | ᠭᠠᠷᠭᠠᠬᠤ ᠶᠢ ᠪᠠᠳᠤᠯᠠᠨ᠎ᠠ᠃ ︽ᠪᠤᠷᠤᠭᠤ ᠦᠨᠡᠯᠡᠬᠦ ᠨᠤᠷᠮ᠎ᠠ᠂ ᠤᠷᠬᠢᠭᠳᠠᠭᠤᠯᠤᠨ ᠦᠨᠡᠯᠡᠬᠦ ᠨᠤᠷᠮ᠎ᠠ᠂ ᠪᠤᠷᠤᠭᠤ ᠪᠠᠷ | ᠶᠠᠳᠠᠭᠤ ᠠᠴᠠ ᠤᠬᠤᠷᠢᠨ ᠭᠠᠷᠠᠭᠠᠬᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ︾ ᠶᠢᠨ ᠵᠢᠭᠠᠯᠳᠠ ᠳᠤᠭ᠎ᠠ ᠳᠤ | ᠬᠦᠴᠦᠨ ᠢᠶᠠᠷ ᠳᠦᠪᠯᠡᠷᠡᠬᠦᠯᠵᠤ᠂ ᠰᠤᠮᠤ ᠪᠠᠯᠭᠠᠰᠤᠨ ᠤ ᠬᠠᠷᠢᠶᠠᠲᠦ ᠤᠷᠤᠨ ᠤ ᠬᠠᠷᠢᠭᠤᠴᠯᠠᠭ᠎ᠠ ᠪᠠ ᠰᠠᠯᠠᠭ᠎ᠠ | ᠮᠦᠴᠢᠷ ᠠᠵᠢᠯ ᠳᠦᠷᠦᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠠᠵᠢᠯ ᠤᠨ ᠬᠠᠷᠠᠯᠳᠠ ᠡᠬᠦᠷᠭᠡ | ᠪᠠᠨ ᠨᠠᠷᠢᠯᠢᠭᠵᠢᠭᠤᠯᠤᠨ ᠳᠤᠳᠤᠷᠬᠠᠶᠢᠯᠠᠵᠤ᠂ ᠠᠶᠢᠯ ᠳᠤᠰᠬᠤᠨ ᠳᠤ ᠡᠷᠦᠬᠡ ᠶᠢ ᠤᠷᠬᠢᠭᠳᠠᠭᠤᠯᠬᠤ ᠦᠬᠡᠢ᠂ ᠡᠷᠦᠬᠡ | ᠪᠤᠯᠭᠠᠨ ᠳᠤ ᠬᠦᠮᠦᠨ ᠢ ᠤᠷᠬᠢᠭᠳᠠᠭᠤᠯᠬᠤ ᠦᠬᠡᠢ ᠶᠢ ᠰᠠᠶᠢᠳᠦᠷ ᠬᠢᠨ᠎ᠠ᠃ ᠶᠠᠳᠠᠭᠤ ᠠᠴᠠ ᠠᠩᠭᠢᠵᠢᠷᠠᠬᠤ ᠠᠴᠠ | ᠪᠢᠰᠢ ᠲᠦᠷᠦ ᠶᠢᠨ ᠪᠤᠳᠣᠯᠭ᠎ᠠ ᠠᠴᠠ ᠠᠩᠭᠢᠵᠢᠷᠠᠬᠤ ᠦᠭᠡᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠨᠢᠭᠡᠨᠳᠡ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠵᠤ ᠠᠬᠤᠶᠢᠯᠠᠯ ᠤᠨ ᠬᠤᠶᠢᠨᠠᠬᠢ ᠬᠤᠭᠤᠴᠠᠭᠠᠨ ᠤ | ᠦᠢᠯᠡᠴᠢᠯᠡᠭᠡ ᠶᠢ ᠬᠠᠩᠭᠠᠨ᠎ᠠ᠃ ᠶᠠᠳᠠᠭᠤ ᠶᠢ ᠳᠡᠳᠬᠦᠬᠦ ᠳᠤᠮᠤ ᠳᠤᠭ᠎ᠠ ᠪᠠᠷᠢᠮᠳᠠ ᠶᠢᠨ ᠳᠠᠪᠴᠠᠩ ᠤᠨ | ᠪᠠᠶᠢᠭᠤᠯᠤᠯᠳᠠ ᠶᠢᠨ ᠳᠤᠬᠢᠶᠠᠯ ᠢ ᠠᠰᠢᠭᠯᠠᠵᠤ᠂ ᠶᠠᠳᠠᠭᠤ ᠶᠢ ᠳᠡᠳᠬᠦᠬᠦ ᠠᠵᠢᠯ ᠤᠨ ᠨᠠᠷᠢᠯᠢᠭᠵᠢᠯᠳᠠ ᠪᠠ | ᠬᠦᠳᠡᠯᠦᠯᠲᠦ ᠬᠠᠮᠢᠶᠠᠷᠤᠯᠳᠠ ᠶᠢ ᠴᠢᠩᠭᠠᠳᠬᠠᠵᠤ᠂ ᠶᠠᠳᠠᠭᠤ ᠠᠴᠠ ᠠᠩᠵᠢᠷᠠᠭᠤᠯᠬᠤ ᠠᠵᠢᠯ ᠤᠨ ᠤᠨᠤᠪᠴᠢᠳᠠᠢ | ᠪᠠᠶᠢᠬᠤ ᠬᠡᠮᠵᠢᠶ᠎ᠡ ᠶᠢ ᠳᠡᠭᠡᠭᠰᠢᠯᠡᠬᠦᠯᠵᠤ᠂ ᠡᠷᠦᠬᠡ ᠳᠤ ᠬᠠᠨᠳᠤᠭᠤᠯᠵᠤ ᠳᠦᠷᠦ ᠶᠢᠨ ᠪᠤᠳᠤᠯᠭ᠎ᠠ ᠶᠢ ᠭᠡᠷᠡᠭᠵᠢᠬᠦᠯᠦᠨ᠂ | ᠬᠦᠮᠦᠨ ᠳᠤ ᠬᠠᠨᠳᠤᠭᠤᠯᠵᠤ ᠳᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠶᠢ ᠦᠨᠡᠨᠬᠦ ᠰᠠᠶᠢᠳᠦᠷ ᠬᠢᠵᠤ᠂ ᠳᠠᠩᠰᠠ | ᠡᠪᠬᠡᠮᠡᠯ ᠵᠤᠬᠢᠶᠠᠭᠳᠠᠭᠰᠠᠨ ᠡᠷᠦᠬᠡ ᠪᠦᠷᠢ ᠠᠴᠠ ᠪᠦᠷ ᠪᠦᠲᠦᠮᠵᠢᠲᠡᠢ ᠬᠠᠪᠰᠤᠷᠤᠯᠭ᠎ᠠ ᠳᠡᠮᠵᠢᠯᠬᠡ ᠬᠦᠷᠳᠡᠬᠦ ᠶᠢ | ᠪᠠᠳᠤᠯᠠᠨ᠎ᠠ᠃ | ︵ᠬᠤᠶᠠᠷ︶ ᠠᠵᠤ ᠦᠢᠯᠡᠳᠪᠦᠷᠢ ᠶᠢᠨ ᠭᠤᠤᠯ ᠤᠳᠤᠷᠢᠳᠤᠮᠵᠢ ᠶᠢᠨ ᠪᠠᠶᠢᠷᠢ ᠰᠠᠭᠤᠷᠢ ᠶᠢ ᠨᠡᠩ | ᠴᠢᠬᠤᠯᠠᠴᠢᠯᠠᠵᠤ᠂ ᠠᠴᠢᠶᠠᠯᠠᠭᠴᠢ ᠶᠢᠨ ᠪᠠᠶᠢᠭᠤᠯᠤᠯᠳᠠ ᠶᠢ ᠴᠢᠩᠭᠠᠷᠠᠭᠤᠯᠵᠤ᠂ ᠳᠠᠪᠠᠭᠤᠯᠢᠭ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠨᠦᠬᠡᠴᠡ ᠬᠦᠴᠦᠨ ᠢ | ᠴᠢᠩᠭᠠᠷᠠᠭᠤᠯᠤᠨ᠎ᠠ᠃ | ᠳᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠦᠷ ᠠᠳᠬᠤᠨ᠎ᠠ᠃ ᠡᠬᠢ ᠪᠠᠶᠠᠯᠢᠭ ᠤᠨ | ᠳᠠᠪᠠᠭᠤᠯᠢᠭ ᠲᠤ ᠪᠠᠨ ᠳᠦᠰᠢᠭᠯᠡᠵᠤ᠂ ᠤᠯᠠᠮᠵᠢᠯᠠᠯᠲᠦ ᠠᠵᠤ ᠦᠢᠯᠡᠰ ᠢ ᠰᠠᠶᠢᠳᠦᠷ ᠬᠢᠵᠤ ᠰᠢᠯᠢᠳᠡᠭᠵᠢᠬᠦᠯᠦᠨ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠠᠬᠢᠭᠤᠯᠵᠤ᠂ ᠨᠢᠬᠡ ᠪᠦᠯᠦᠭ ᠠᠮᠢ ᠠᠬᠤᠢ ᠶᠢᠨ ᠤᠷᠴᠢᠨ ᠳᠤᠭᠤᠷᠢᠨ ᠢ | ᠬᠠᠮᠠᠭᠠᠯᠠᠬᠤ᠂ ᠳᠠᠷᠢᠶᠠᠯᠠᠩ ᠢ ᠳᠡᠮᠵᠢᠬᠦ᠂ ᠡᠳ᠋ ᠤᠨ ᠬᠦᠴᠦᠨ ᠢ ᠪᠤᠵᠠᠭᠠᠶᠢᠷᠠᠭᠤᠯᠬᠤ ᠳᠠᠪᠠᠭᠤᠯᠢᠭ ᠤᠨᠴᠠᠯᠢᠭᠲᠦ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠳ᠋ᠦᠩᠰᠢᠭᠤᠷ ᠳᠦᠬᠦᠷᠢᠭ ᠠᠴᠠ ᠳᠡᠭᠡᠭᠰᠢᠬᠢ ᠴᠢᠬᠤᠯᠠ | ᠶᠡᠭᠡ ᠳᠦᠷᠦᠯ ᠵᠦᠢᠯ ᠢ 14 ᠭᠡᠷᠡᠭᠵᠢᠬᠦᠯᠬᠦ ᠪᠠᠷ ᠳᠦᠯᠦᠪᠯᠡᠵᠤ᠂ ᠶᠡᠷᠦᠩᠬᠡᠢ ᠪᠡᠯᠡ ᠤᠷᠤᠭᠤᠯᠤᠯᠳᠠ ᠨᠢ 85 | ᠳ᠋ᠦᠩᠰᠢᠭᠤᠷ ᠳᠦᠬᠦᠷᠢᠭ ᠲᠤ ᠬᠦᠷᠴᠦ᠂ ᠳᠤᠬᠠᠢ ᠶᠢᠨ ᠵᠢᠯ ᠳᠤ 40 ᠳ᠋ᠦᠩᠰᠢᠭᠤᠷ ᠳᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠦᠨ᠎ᠡ᠃ ᠵᠤᠬᠢᠴᠠᠭᠤᠯᠤᠨ ᠦᠢᠯᠡᠴᠢᠯᠡᠬᠦ ᠬᠦᠴᠦᠯᠡᠴᠡ ᠪᠠᠨ ᠤᠯᠠᠮ ᠨᠢᠭᠡ ᠠᠯᠬᠤᠮ | ᠨᠡᠮᠡᠭᠳᠡᠬᠦᠯᠵᠤ᠂ ᠳᠦᠷᠦᠯ ᠵᠦᠢᠯ ᠤᠨ ᠦᠮᠴᠢᠳᠡᠨ ᠳᠤ ᠢᠳᠡᠪᠬᠢᠲᠡᠢ ᠬᠠᠪᠰᠤᠷᠤᠯᠭ᠎ᠠ ᠦᠵᠡᠬᠦᠯᠵᠤ᠂ ᠪᠡᠯᠡ | ᠬᠤᠷᠠᠮᠳᠤᠭᠤᠯᠬᠤ ᠬᠦᠴᠢᠷᠳᠡᠯ ᠠᠰᠠᠭᠤᠳᠠᠯ ᠢ ᠨᠢ ᠰᠢᠢᠳᠪᠦᠷᠢᠯᠡᠵᠤ᠂ ᠳᠦᠷᠦᠯ ᠵᠦᠢᠯ ᠤᠨ ᠪᠦᠲᠦᠬᠡᠨ | ᠪᠠᠶᠢᠭᠤᠯᠤᠯᠳᠠ ᠶᠢᠨ ᠠᠬᠢᠴᠠ ᠶᠢ ᠳᠦᠷᠭᠡᠳᠭᠡᠨ᠎ᠡ᠃ ᠺᠧ ᠶᠧᠦ ᠵᠦᠩ 2× 66 ᠲᠦᠮᠡᠨ ᠺᠢᠯᠤᠸᠠᠲ ᠤᠨ | ᠴᠠᠬᠢᠯᠭᠠᠨ ᠤ ᠦᠢᠯᠡᠳᠪᠦᠷᠢ ᠶᠢᠨ ᠵᠢᠯ ᠳᠤ ᠴᠢᠳᠠᠬᠤ ᠶᠢᠨ ᠬᠢᠷᠢ ᠪᠠᠷ 20 ᠳ᠋ᠦᠩᠰᠢᠭᠤᠷ ᠳᠦᠬᠦᠷᠢᠭ ᠠᠴᠠ ᠳᠡᠭᠡᠭᠰᠢ | ᠪᠡᠯᠡ ᠤᠷᠤᠭᠤᠯᠤᠯᠳᠠ ᠶᠢ ᠪᠡᠶᠡᠯᠡᠬᠦᠯᠵᠤ᠂ ᠵᠢᠩ ᠺᠧ ᠬᠤᠶᠠᠳᠤᠭᠠᠷ 35 ᠲᠦᠮᠡᠨ ᠺᠢᠯᠤᠸᠠᠲ ᠤᠨ ᠴᠠᠬᠢᠯᠭᠠᠨ | ᠴᠤᠭᠴᠠᠯᠠᠪᠦᠷᠢ ᠶᠢᠨ ᠳᠦᠷᠦᠯ ᠵᠦᠢᠯ ᠵᠢᠯ ᠳᠤ ᠴᠢᠳᠠᠬᠤ ᠶᠢᠨ ᠬᠢᠷᠢ ᠪᠠᠷ10 ᠳ᠋ᠦᠩᠰᠢᠭᠤᠷ ᠳᠦᠬᠦᠷᠢᠭ ᠠᠴᠠ | ᠳᠡᠭᠡᠭᠰᠢ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ ᠶᠢᠨ ᠹᠧᠢ ᠮᠠ ᠵᠢᠯ ᠳᠤ 10 ᠲᠦᠮᠡᠨ ᠳᠤᠨ ᠫᠢᠵᠢᠤ ᠠᠷᠢᠬᠢ | ᠦᠢᠯᠡᠳᠬᠦ᠂ ᠰᠦᠵᠸᠤ ᠶᠢᠨ ᠰᠢᠶᠧ ᠰᠢᠨ ᠰᠢᠨ᠎ᠡ ᠡᠨᠧᠷᠬᠢ ᠶᠢᠨ ᠰᠤᠷᠪᠤᠯᠵᠢ ᠶᠢᠨ 3 ᠲᠦᠮᠡᠨ ᠺᠢᠯᠤᠸᠠᠲ ᠤᠨ ᠬᠡᠷᠡᠯ | ᠤᠨ ᠨᠡᠶᠢᠯᠡᠯᠭᠡ ᠪᠠᠷ ᠶᠠᠳᠠᠭᠤ ᠶᠢ ᠳᠡᠳᠬᠦᠬᠦ᠂ ᠤᠯᠠᠭᠠᠨᠬᠠᠳᠠ ᠶᠢᠨ ᠶᠤᠸᠠᠨ ᠢ ᠵᠢᠯ ᠳᠤ 1000 ᠲᠦᠮᠡᠨ ᠪᠤᠰᠤᠭ᠎ᠠ | ᠳᠦᠷᠪᠡᠯᠵᠢᠨ ᠮᠧᠲᠷ ᠡᠰᠢ ᠰᠦᠷᠡᠯ ᠢᠶᠠᠷ ᠰᠢᠳᠠᠮᠠᠬᠠᠢ ᠬᠡᠢ ᠦᠢᠯᠡᠳᠬᠦ᠂ 3 ᠲᠦᠮᠡᠨ ᠳᠤᠨ ᠤᠷᠭᠠᠨᠢᠭ ᠪᠤᠷᠳᠤᠭᠤᠷ᠂ | ᠰᠠᠢ ᠵᠢᠢ ᠵᠢᠯ ᠳᠤ 6 ᠲᠦᠮᠡᠨ ᠳᠤᠨ ᠠᠮᠢᠳᠦ ᠪᠤᠳᠠᠰ ᠢᠶᠠᠷ ᠰᠢᠳᠠᠮᠠᠬᠠᠢ ᠪᠤᠳᠠᠰ ᠦᠢᠯᠡᠳᠬᠦ᠂ ᠪᠡᠭᠡᠵᠢᠩ ᠤᠨ ᠰᠠᠨ | ᠵᠢᠦᠢ ᠤᠷᠴᠢᠨ ᠳᠤᠭᠤᠷᠢᠨ ᠢ ᠬᠠᠮᠠᠭᠠᠯᠠᠬᠤ ᠵᠢᠯ ᠳᠤ 5 ᠲᠦᠮᠡᠨ ᠳᠤᠨ ᠨᠡᠶᠢᠯᠡᠮᠡᠯ ᠪᠤᠷᠳᠤᠭᠤᠷ ᠦᠢᠯᠡᠳᠬᠦ᠂ ᠸᠧᠢ | ᠯᠠᠨ ᠳᠠᠷᠢᠶᠠᠯᠠᠩ ᠤᠨ ᠵᠢᠯ ᠳᠤ 1 ᠲᠦᠮᠡᠨ ᠳᠤᠨ ᠠᠮᠢᠳᠤ ᠪᠤᠳᠠᠰ ᠤᠨ ᠳᠤᠰᠤ ᠦᠢᠯᠡᠳᠬᠦ ᠵᠡᠷᠭᠡ ᠳᠦᠷᠦᠯ ᠵᠦᠢᠯ | ᠤᠨ ᠠᠵᠢᠯ ᠡᠬᠢᠯᠡᠬᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠦᠪᠦᠷ ᠮᠤᠩᠭᠤᠯ ᠤᠨ ᠠᠭᠤᠷᠬᠠᠢ ᠶᠢᠨ | ᠦᠢᠯᠡᠰ ᠤᠨ 40 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠨ ᠨᠡᠬᠦᠷᠡᠰᠦ ᠪᠠᠷ ᠰᠢᠳᠠᠮᠠᠬᠠᠢ ᠬᠡᠢ ᠦᠢᠯᠡᠳᠬᠦ | ᠳᠦᠷᠦᠯ ᠵᠦᠢᠯ ᠤᠨ ᠤᠷᠴᠢᠨ ᠳᠤᠭᠤᠷᠢᠨ ᠤ ᠦᠨᠡᠯᠡᠯᠲᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠳᠦᠷᠭᠡᠳᠭᠡᠨ | ᠠᠬᠢᠭᠤᠯᠵᠤ᠂ ᠴᠢᠳᠠᠬᠤ ᠶᠢᠨ ᠬᠢᠷᠢ ᠪᠠᠷ ᠵᠦᠪᠰᠢᠶᠡᠷᠡᠯ ᠢ ᠦᠩᠭᠡᠷᠡᠭᠡᠵᠤ᠂ ᠠᠵᠢᠯ ᠡᠬᠢᠯᠡᠬᠦᠯᠬᠦ ᠨᠦᠬᠦᠴᠡᠯ ᠲᠠᠢ | ᠪᠤᠯᠭᠠᠨ᠎ᠠ᠃ | ᠳᠠᠪᠠᠭᠤᠯᠢᠭ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ᠃ ᠪᠤᠶᠢᠵᠢᠯᠳᠠ ᠰᠠᠶᠢᠨ᠂ ᠦᠷ᠎ᠡ ᠠᠰᠢᠭ | ᠳᠤᠪᠤᠶᠢᠮ᠎ᠠ᠂ ᠬᠠᠮᠢᠶᠠᠷᠤᠯᠳᠠ ᠶᠢᠨ ᠬᠢᠷᠢ ᠲᠦᠪᠰᠢᠨ ᠨᠡᠯᠢᠶᠡᠳ ᠦᠨᠳᠦᠷ ᠰᠢᠯᠢᠳᠡᠭ ᠠᠵᠤ ᠠᠬᠤᠶᠢᠯᠠᠯ ᠤᠨ | ᠰᠢᠨᠵᠢᠯᠡᠭᠡ ᠮᠡᠷᠭᠡᠵᠢᠯ ᠤᠨ ᠰᠤᠳᠤᠯᠤᠯᠳᠠ᠂ ᠪᠦᠲᠦᠴᠡ ᠶᠢᠨ ᠬᠤᠪᠢᠷᠠᠯᠳᠠ᠂ ᠬᠡᠯᠬᠢᠶ᠎ᠡ ᠤᠷᠳᠤᠳᠬᠠᠬᠤ ᠶᠢ | ᠵᠤᠷᠢᠭᠵᠢᠭᠤᠯᠵᠤ᠂ ᠦᠢᠯᠡᠳᠬᠦᠨ ᠤ ᠳᠡᠰ ᠳᠠᠪᠬᠤᠷᠭ᠎ᠠ ᠪᠠ ᠨᠡᠮᠡᠯᠲᠡ ᠦᠷᠳᠡᠭ ᠢ ᠬᠦᠴᠦᠯᠡᠨ ᠳᠡᠭᠡᠭᠰᠢᠯᠡᠬᠦᠯᠵᠤ᠂ | ᠵᠠᠬ᠎ᠠ ᠳᠡᠯᠬᠡᠬᠦᠷ ᠤᠨ ᠦᠷᠢᠰᠦᠯᠳᠦᠬᠡᠨ ᠤ ᠬᠦᠴᠦᠨ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ | ᠬᠦᠭᠵᠢᠬᠦ ᠶᠢ ᠠᠬᠢᠭᠤᠯᠤᠨ᠎ᠠ᠃ ᠵᠢᠩ ᠺᠧ ᠴᠠᠬᠢᠯᠭᠠᠨ ᠤ ᠦᠢᠯᠡᠳᠪᠦᠷᠢ ᠶᠢᠨ ᠰᠲ᠋ᠤᠺ ᠲᠤ ᠭᠠᠷᠬᠤ ᠠᠵᠢᠯ ᠢ | ᠳᠡᠮᠵᠢᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ 15 ᠳ᠋ᠦᠩᠰᠢᠭᠤᠷ ᠺᠢᠯᠤᠸᠠᠲ ᠴᠠᠭ ᠠᠴᠠ ᠳᠡᠭᠡᠭᠰᠢ ᠪᠠᠶᠢᠬᠤ ᠶᠢ | ᠪᠡᠶᠡᠯᠡᠬᠦᠯᠵᠤ᠂ ᠠᠵᠤ ᠦᠢᠯᠡᠳᠪᠦᠷᠢ ᠶᠢᠨ ᠴᠠᠬᠢᠭᠤᠷ ᠢ 1.3 ᠳ᠋ᠦᠩᠰᠢᠭᠤᠷ ᠳᠤᠨ ᠦᠢᠯᠡᠳᠪᠦᠷᠢᠯᠡᠵᠤ᠂ ︽ᠨᠡᠬᠦᠷᠡᠰᠦ | ᠴᠠᠬᠢᠯᠭᠠᠨ ᠴᠠᠬᠢᠭᠤᠷ︾ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠦᠨ᠎ᠡ᠃ ᠱᠠᠨ ᠱᠦᠢ ᠱᠦᠢᠨᠢ ᠶᠢᠨ | ᠦᠢᠯᠡᠳᠪᠦᠷᠢ ᠶᠢᠨ ᠦᠢᠯᠡᠳᠬᠦᠨ ᠤ ᠬᠠᠩᠭᠠᠯᠭ᠎ᠠ ᠪᠠᠨ ᠦᠷᠭᠡᠳᠭᠡᠬᠦ ᠶᠢ ᠳᠡᠮᠵᠢᠵᠤ᠂ ᠴᠢᠳᠠᠬᠤ ᠶᠢᠨ ᠬᠢᠷᠢ ᠪᠠᠷ | ᠦᠢᠯᠡᠳᠬᠦᠨ ᠤ ᠬᠡᠮᠵᠢᠶ᠎ᠡ ᠶᠢ 50 ᠲᠦᠮᠡᠨ ᠳᠤᠨ ᠢ ᠰᠢᠪᠳᠤᠯᠤᠨ᠎ᠠ᠃ ᠡᠯ ᠯᠦᠩ ᠲᠦᠨ ᠠᠮᠤ ᠪᠤᠳᠠᠭᠠᠨ ᠤ | ᠦᠢᠯᠡᠰ ᠤᠨ ᠪᠤᠷᠤᠯᠠᠭᠤᠯᠬᠤ ᠠᠷᠭ᠎ᠠ ᠵᠠᠮ ᠢ ᠦᠷᠭᠡᠳᠭᠡᠵᠤ᠂ ᠦᠢᠯᠡᠳᠬᠦᠨ ᠤ ᠬᠡᠮᠵᠢᠶ᠎ᠡ ᠶᠢ 8 ᠲᠦᠮᠡᠨ ᠳᠤᠨ ᠠᠴᠠ | ᠳᠡᠭᠡᠭᠰᠢ ᠳᠤ ᠬᠦᠷᠭᠡᠨ᠎ᠡ᠃ ᠶᠢᠨ ᠭᠧ ᠯᠧ ᠢᠳᠡᠭᠡᠨ ᠤ ᠵᠦᠢᠯᠡᠰ ᠤᠨ ᠦᠢᠯᠡᠳᠬᠦᠨ ᠤ ᠪᠦᠲᠦᠴᠡ ᠶᠢᠨ | ᠳᠤᠬᠢᠷᠠᠭᠤᠯᠤᠯᠳᠠ ᠶᠢ ᠬᠦᠴᠦᠯᠡᠨ ᠠᠬᠢᠭᠤᠯᠵᠤ ᠦᠢᠯᠡᠳᠪᠦᠷᠢᠯᠡᠯ ᠤᠨ ᠬᠡᠮᠵᠢᠶ᠎ᠡ ᠶᠢ 1 ᠲᠦᠮᠡᠨ ᠳᠤᠨ ᠠᠴᠠ ᠳᠡᠭᠡᠭᠰᠢ | ᠳᠤ ᠬᠦᠷᠭᠡᠨ᠎ᠡ᠃ ᠰᠢᠩ ᠶᠧ ᠮᠢᠬᠠᠨ ᠤ ᠦᠢᠯᠡᠰ ᠤᠨ ᠦᠢᠯᠡᠳᠪᠦᠷᠢᠯᠡᠯ ᠢ ᠠᠬᠢᠭᠤᠯᠵᠤ᠂ ᠦᠢᠯᠡᠳᠪᠦᠷᠢᠯᠡᠯ ᠤᠨ | ᠬᠡᠮᠵᠢᠶ᠎ᠡ ᠶᠢ 5000 ᠳᠤᠨ ᠠᠴᠠ ᠳᠡᠭᠡᠭᠰᠢ ᠪᠠᠶᠢᠬᠤ ᠶᠢ ᠪᠡᠶᠡᠯᠡᠬᠦᠯᠦᠨ᠎ᠡ᠃ | ᠬᠠᠳᠠᠭᠠᠯᠠᠮᠵᠢ ᠶᠢᠨ ᠬᠡᠮᠵᠢᠶ᠎ᠡ ᠲᠠᠢ ᠠᠵᠤ ᠠᠬᠤᠶᠢᠯᠠᠯ ᠢ ᠬᠦᠴᠦᠯᠡᠨ ᠠᠮᠢᠳᠤᠯᠢᠭᠵᠢᠭᠤᠯᠤᠨ᠎ᠠ᠃ ᠦᠢᠯᠡᠳᠬᠦᠨ | ᠵᠠᠬ᠎ᠠ ᠳᠡᠯᠬᠡᠬᠦᠷ ᠲᠠᠢ᠂ ᠳᠦᠷ ᠴᠠᠭ ᠬᠦᠴᠢᠷᠳᠡᠯ ᠳᠤᠯᠭᠠᠷᠠᠭᠰᠠᠨ ᠠᠵᠤ ᠠᠬᠤᠶᠢᠯᠠᠯ ᠳᠤ ᠪᠡᠯᠡ ᠮᠦᠩᠬᠦ ᠶᠢ | ᠵᠤᠬᠢᠴᠠᠭᠤᠯᠬᠤ᠂ ᠳᠦᠷᠦ ᠶᠢᠨ ᠪᠤᠳᠤᠯᠭ᠎ᠠ ᠶᠢ ᠳᠡᠮᠡᠴᠡᠨ ᠤᠯᠬᠤ ᠵᠡᠷᠭᠡ ᠳᠠᠯ᠎ᠠ ᠪᠠᠷ ᠳᠡᠳᠬᠦᠨ ᠳᠡᠮᠵᠢᠬᠦ ᠬᠦᠴᠦᠯᠡᠴᠡ | ᠪᠠᠨ ᠨᠡᠮᠡᠭᠳᠡᠬᠦᠯᠵᠤ᠂ ᠦᠢᠯᠡᠳᠪᠦᠷᠢᠯᠡᠯ ᠢᠶᠠᠨ ᠵᠤᠭᠰᠤᠭᠠᠭᠰᠠᠨ ᠠᠵᠤ ᠠᠬᠤᠶᠢᠯᠠᠯ ᠤᠨ ᠠᠵᠢᠯ ᠢᠶᠠᠨ ᠰᠡᠷᠬᠦᠬᠡᠨ | ᠦᠢᠯᠡᠳᠪᠦᠷᠢᠯᠡᠯ ᠬᠢᠬᠦ ᠶᠢ ᠰᠠᠶᠢᠳᠦᠷ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠳᠤᠭᠤᠯᠠᠵᠤ᠂ | ᠠᠵᠤ ᠠᠬᠤᠢ ᠶᠢᠨ ᠬᠦᠭᠵᠢᠯᠲᠡ ᠪᠠ ᠠᠵᠢᠯ ᠤᠯᠭᠤᠬᠤ ᠶᠢ ᠨᠡᠮᠡᠭᠳᠡᠬᠦᠯᠬᠦ ᠶᠢ ᠠᠬᠢᠭᠤᠯᠤᠨ᠎ᠠ᠃ ᠠᠭᠤᠷᠬᠠᠢ ᠶᠢᠨ ᠵᠠᠬ᠎ᠠ | ᠳᠡᠯᠬᠡᠬᠦᠷ ᠤᠨ ᠳᠠᠰᠤᠷᠠᠯᠳᠠ ᠦᠬᠡᠢ ᠰᠠᠶᠢᠵᠢᠷᠠᠬᠤ ᠠᠰᠢᠭᠳᠠᠢ ᠳᠤᠬᠢᠶᠠᠯ ᠲᠠᠢ ᠤᠶᠠᠯᠳᠤᠭᠤᠯᠵᠤ᠂ ᠵᠢᠩ ᠴᠧᠩ | ᠳᠤᠭᠤᠯᠭ᠎ᠠ ᠶᠢᠨ ᠠᠭᠤᠷᠬᠠᠢ ᠶᠢᠨ ᠡᠷᠳᠡᠭᠡᠨ ᠦᠢᠯᠡᠳᠪᠦᠷᠢᠯᠡᠯ ᠢᠶᠠᠨ ᠰᠡᠷᠬᠦᠭᠡᠬᠦ ᠶᠢ ᠪᠠᠳᠤᠯᠠᠨ᠎ᠠ᠃ ᠱᠢ ᠵᠢᠶᠠ | ᠠᠭᠤᠷᠬᠠᠢ ᠶᠢᠨ ᠦᠢᠯᠡᠰ ᠤᠨ ᠨᠡᠶᠢᠯᠡᠯᠲᠡ ᠬᠢᠬᠦ ᠠᠵᠢᠯ ᠢ ᠳᠦᠷᠭᠡᠳᠭᠡᠵᠤ᠂ ᠠᠵᠤ ᠠᠬᠤᠶᠢᠯᠠᠯ ᠤᠨ ᠳᠦᠷᠭᠡᠬᠡᠨ | ᠦᠢᠯᠡᠳᠪᠦᠷᠢᠯᠡᠯ ᠢᠶᠠᠨ ᠰᠡᠷᠭᠦᠬᠡᠵᠤ ᠡᠵᠡᠩᠨᠡᠯᠲᠡ ᠬᠢᠯᠬᠡᠨ᠎ᠡ᠃ ᠵᠠᠷᠢᠮ ᠤᠷᠳᠤ ᠬᠤᠭᠤᠴᠠᠭ᠎ᠠ ᠪᠠᠷ ᠦᠢᠯᠡᠳᠪᠦᠷᠢᠯᠡᠯ | ᠢᠶᠠᠨ ᠵᠤᠭᠰᠤᠭᠠᠭᠰᠠᠨ᠂ ᠢᠳᠡᠭᠡᠮᠵᠢ ᠶᠢᠨ ᠬᠡᠮᠵᠢᠶ᠎ᠡ ᠳᠤᠤᠷ᠎ᠠ ᠪᠠᠶᠢᠬᠤ ᠦᠢᠯᠡᠳᠪᠦᠷᠢᠯᠡᠯ ᠦᠬᠡᠢ ᠵᠤᠭᠰᠣᠩᠭᠤᠶᠢᠷᠠᠭᠰᠠᠨ | ᠠᠵᠤ ᠠᠬᠤᠶᠢᠯᠠᠯ ᠢ ᠬᠦᠳᠦᠯᠦᠨ ᠳᠠᠭᠠᠭᠤᠯᠵᠤ ᠬᠠᠪᠰᠤᠷᠭᠠᠨ ᠨᠡᠶᠢᠯᠡᠯᠲᠡ ᠬᠢᠯᠬᠡᠬᠦ ᠵᠡᠷᠭᠡ ᠬᠡᠯᠪᠡᠷᠢ ᠪᠠᠷ ᠬᠠᠤᠯᠢ | ᠶᠤᠰᠤᠭᠠᠷ ᠪᠦᠲᠦᠮᠵᠢᠲᠡᠢ ᠰᠢᠢᠳᠪᠦᠷᠢᠯᠡᠨ᠎ᠡ᠃ | ᠭᠦᠭᠵᠢᠯᠲᠡ ᠶᠢᠨ ᠳᠠᠪᠴᠠᠩ ᠢ ᠬᠦᠴᠦᠯᠡᠨ ᠪᠠᠬᠢᠵᠢᠬᠦᠯᠦᠨ᠎ᠡ᠃ ᠪᠠᠶᠠᠵᠢᠨ᠎ᠠ ᠠᠵᠤ ᠦᠢᠯᠡᠳᠪᠦᠷᠢ ᠶᠢᠨ ᠤᠷᠤᠨ | ᠳᠤᠭᠤᠷᠢᠭ ᠤᠨ ᠠᠷᠠᠯᠵᠢᠶᠠᠴᠢᠨ ᠤᠷᠢᠵᠤ ᠳᠦᠷᠦᠯ ᠵᠦᠢᠯ ᠢ ᠨᠤᠳᠤᠭᠰᠢᠭᠤᠯᠬᠤ ᠭᠤᠤᠯ ᠳᠠᠪᠴᠠᠩ ᠪᠤᠯᠭᠠᠵᠤ᠂ | ᠤᠷᠤᠨ ᠳᠤᠭᠤᠷᠢᠭ ᠤᠨ ᠠᠴᠢᠶᠠᠯᠠᠭᠴᠢ ᠪᠠ ᠨᠡᠪᠴᠢᠯᠳᠡ ᠶᠢᠨ ᠴᠢᠳᠠᠪᠬᠢ ᠶᠢ ᠴᠢᠩᠭᠠᠷᠠᠭᠤᠯᠵᠤ᠂ ᠳᠦᠷᠦᠯ ᠵᠦᠢᠯ ᠤᠨ | ᠨᠤᠳᠤᠭᠰᠢᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠤᠷᠤᠨ ᠳᠤᠭᠤᠷᠢᠭ ᠤᠨ ᠨᠡᠬᠡᠬᠡᠨ ᠬᠦᠭᠵᠢᠬᠦᠯᠵᠤ ᠪᠦᠲᠦᠭᠡᠨ | ᠪᠠᠶᠢᠭᠤᠯᠬᠤ ᠺᠤᠮᠫᠠᠨᠢ ᠶᠢ ᠡᠬᠢᠯᠡᠬᠦᠯᠦᠨ ᠡᠵᠡᠩᠨᠡᠯᠲᠡ ᠬᠢᠯᠭᠡᠵᠤ᠂ ᠪᠡᠯᠡ ᠬᠤᠷᠠᠮᠳᠤᠭᠤᠯᠬᠤ ᠴᠢᠳᠠᠪᠦᠷᠢ᠂ ᠦᠷᠢ ᠰᠢᠷᠢ | ᠶᠢ ᠳᠦᠯᠦᠬᠦ ᠴᠢᠳᠠᠪᠦᠷᠢ ᠪᠠ ᠳᠦᠭᠰᠢᠬᠦᠷᠢ ᠶᠢ ᠡᠰᠡᠷᠬᠦᠴᠡᠬᠦ ᠴᠢᠳᠠᠪᠦᠷᠢ ᠶᠢ ᠳᠡᠭᠡᠭᠰᠢᠯᠡᠬᠦᠯᠵᠤ᠂ ᠤᠷᠤᠨ ᠳᠤᠭᠤᠷᠢᠭ | ᠤᠨ ᠪᠦᠲᠦᠮᠵᠢᠲᠡᠢ ᠡᠳ᠋ ᠬᠦᠷᠦᠩᠭᠡ ᠶᠢᠨ ᠦᠷᠳᠡᠭ ᠢ ᠪᠠᠳᠤᠯᠠᠨ ᠦᠷᠳᠡᠭ ᠢ ᠨᠡᠮᠡᠭᠳᠡᠬᠦᠯᠬᠦ ᠶᠢ ᠪᠡᠶᠡᠯᠡᠬᠦᠯᠦᠨ᠎ᠡ᠃ | ᠤᠰᠤ᠂ ᠴᠠᠬᠢᠯᠭᠠᠨ᠂ ᠵᠠᠮ ᠱᠤᠭᠤᠮ ᠵᠡᠷᠭᠡ ᠢᠵᠢ ᠪᠦᠷᠢᠳᠦᠬᠦᠯᠬᠦ ᠳᠦᠬᠦᠭᠡᠷᠦᠮᠵᠢ ᠵᠢᠴᠢ ᠪᠠᠷᠢᠮᠵᠢᠶᠠᠵᠢᠭᠰᠠᠨ | ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠶᠡᠷᠦᠩᠬᠡᠢ ᠪᠡᠯᠡ | ᠤᠷᠤᠭᠤᠯᠤᠯᠳᠠ ᠨᠢ 3.7 ᠳ᠋ᠦᠩᠰᠢᠭᠤᠷ ᠳᠦᠬᠦᠷᠢᠭ ᠤᠨ ᠪᠦᠷᠢᠶᠠᠳ ᠠᠵᠤ ᠦᠢᠯᠡᠰ ᠤᠨ ᠳᠤᠭᠤᠷᠢᠭ ᠤᠨ | ᠳᠦᠭᠰᠢᠬᠦᠷᠢᠲᠡᠢ ᠬᠠᠶᠠᠭᠳᠠᠮᠠᠯ ᠪᠤᠳᠠᠰ ᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠤᠪᠰᠢ ᠶᠢ ᠬᠤᠤᠷᠠᠳᠠᠯ ᠦᠬᠡᠢ | ᠪᠠᠷ ᠡᠬᠢ ᠪᠠᠶᠠᠯᠢᠭᠵᠢᠭᠤᠯᠤᠨ ᠰᠢᠢᠳᠪᠦᠷᠢᠯᠡᠬᠦ᠂ ᠪᠠᠷᠢᠯᠭ᠎ᠠ ᠶᠢᠨ ᠬᠤᠭᠤᠴᠠᠭᠠᠨ ᠤ ᠤᠰᠤ ᠴᠠᠬᠢᠯᠭᠠᠨ ᠬᠠᠩᠭᠠᠬᠤ ᠵᠡᠷᠭᠡ | ᠢᠨᠵᠧᠨᠧᠷᠢᠩ ᠤᠨ ᠠᠵᠢᠯ ᠡᠬᠢᠯᠡᠬᠦᠯᠬᠦ ᠨᠦᠬᠦᠴᠡᠯ ᠲᠠᠢ ᠪᠤᠯᠭᠠᠬᠤ ᠶᠢ ᠪᠠᠳᠤᠯᠠᠨ᠎ᠠ᠃ ᠤᠷᠤᠨ ᠳᠤᠭᠤᠷᠢᠭ ᠤᠨ | ᠳᠦᠯᠦᠪᠵᠢᠬᠦᠯᠭᠡ ᠶᠢ ᠳᠦᠷᠭᠡᠳᠭᠡᠨ ᠳᠡᠬᠦᠯᠳᠡᠷᠵᠢᠬᠦᠯᠵᠤ᠂ ᠶᠡᠷᠦᠩᠬᠡᠢ ᠴᠤᠭᠴᠠ ᠶᠢᠨ ᠳᠦᠯᠦᠪᠵᠢᠬᠦᠯᠭᠡ ᠶᠢᠨ | ᠳᠤᠬᠢᠷᠠᠭᠤᠯᠤᠯᠳᠠ᠂ ᠲᠦᠯᠦᠪᠵᠢᠬᠦᠯᠭᠡ ᠶᠢᠨ ᠤᠷᠴᠢᠨ ᠳᠤᠭᠤᠷᠢᠨ ᠤ ᠦᠨᠡᠯᠡᠯᠲᠡ ᠶᠢ ᠬᠢᠨᠠᠨ ᠪᠠᠶᠢᠴᠠᠭᠠᠬᠤ ᠠᠵᠢᠯ ᠢ | ᠪᠦᠬᠦ ᠳᠠᠯ᠎ᠠ ᠪᠠᠷ ᠪᠡᠶᠡᠯᠡᠬᠦᠯᠦᠨ᠎ᠡ᠃ ᠭᠠᠵᠠᠷ ᠰᠢᠷᠤᠢ ᠶᠢᠨ ᠨᠢᠭᠤᠭᠳᠠᠮᠠᠯ ᠬᠦᠴᠦᠨ ᠢ ᠠᠭᠤᠳᠠᠯᠯᠠᠬᠤ ᠬᠦᠴᠦᠯᠡᠴᠡ | ᠪᠠᠨ ᠨᠡᠮᠡᠭᠳᠡᠬᠦᠯᠵᠤ᠂ ᠭᠠᠵᠠᠷ ᠰᠢᠷᠤᠢ᠂ ᠡᠬᠢ ᠪᠠᠶᠠᠯᠢᠭ ᠢ ᠡᠵᠡᠯᠡᠨ ᠭᠡᠷᠡᠭᠯᠡᠬᠦ ᠦᠬᠡᠢ᠂ ᠳᠤᠤᠷ᠎ᠠ ᠦᠷ᠎ᠡ ᠪᠦᠲᠦᠮᠵᠢ | ᠪᠠᠷ ᠠᠰᠢᠭᠯᠠᠵᠤ ᠪᠠᠶᠢᠭ᠎ᠠ ᠶᠢ ᠬᠠᠤᠯᠢ ᠴᠠᠭᠠᠵᠠ ᠪᠠ ᠠᠵᠤ ᠠᠬᠤᠢ ᠶᠢᠨ ᠠᠷᠭ᠎ᠠ ᠠᠪᠴᠠᠯ ᠢᠶᠠᠷ ᠳᠠᠮᠵᠢᠨ | ᠳᠤᠬᠢᠷᠠᠭᠤᠯᠤᠨ ᠰᠢᠯᠢᠳᠡᠭᠵᠢᠬᠦᠯᠵᠤ᠂ ᠡᠬᠢ ᠪᠠᠶᠠᠯᠢᠭ ᠢ ᠰᠠᠶᠢᠳᠦᠷ ᠳᠤᠬᠢᠷᠠᠭᠤᠯᠬᠤ ᠶᠢ ᠴᠢᠷᠮᠠᠶᠢᠨ ᠪᠡᠶᠡᠯᠡᠬᠦᠯᠦᠨ᠎ᠡ᠃ | ︵ᠭᠤᠷᠪᠠ︶ ︽ᠳᠠᠷᠢᠶᠠᠯᠠᠩ ᠮᠠᠯ ᠠᠵᠤ ᠠᠬᠤᠢ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ | ᠠᠵᠢᠯ ᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠬᠦᠯᠵᠤ᠂ ᠳᠠᠷᠢᠶᠠᠯᠠᠩ ᠮᠠᠯ ᠠᠵᠤ | ᠠᠬᠤᠢ ᠶᠢᠨ ᠤᠨᠴᠠᠯᠢᠭᠲᠦ ᠠᠵᠤ ᠦᠢᠯᠡᠰ ᠢ ᠴᠢᠩᠭᠠᠷᠠᠭᠤᠯᠵᠤ᠂ ᠰᠢᠶᠠᠩ ᠳᠤᠰᠬᠤᠨ ᠢ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠳᠠᠷᠢᠶᠠᠯᠠᠩ ᠤᠨ ᠪᠦᠲᠦᠴᠡ ᠶᠢ ᠳᠤᠬᠢᠷᠠᠭᠤᠯᠬᠤ ᠬᠦᠴᠦᠯᠡᠴᠡ ᠪᠠᠨ ᠨᠡᠮᠡᠭᠳᠡᠬᠦᠯᠦᠨ᠎ᠡ᠃ ︽ᠳᠤᠭᠳᠠᠭᠤᠨ᠂ | ᠪᠠᠭᠠᠰᠬᠠᠬᠤ᠂ ᠦᠷᠭᠡᠳᠭᠡᠬᠦ᠂ ᠪᠤᠢ ᠪᠤᠯᠭᠠᠬᠤ︾ ᠳᠦᠷᠪᠡᠨ ᠦᠰᠦᠭ ᠢᠶᠠᠷ ᠤᠳᠤᠷᠢᠳᠤᠮᠵᠢ ᠪᠤᠯᠭᠠᠬᠤ ᠶᠢ | ᠳᠤᠪᠤᠶᠢᠯᠭᠠᠵᠤ᠂ ᠳᠠᠷᠤᠢ᠄ ᠤᠰᠤᠨ ᠲᠤᠳᠣᠷᠭᠠ ᠶᠢᠨ ᠳᠠᠯᠠᠪᠠᠢ ᠶᠢ ᠳᠤᠭᠳᠠᠭᠤᠨ ᠢᠶᠠᠷ ᠦᠷᠭᠡᠳᠭᠡᠵᠤ᠂ ᠡᠷᠳᠡᠨᠢ | ᠰᠢᠰᠢ ᠶᠢᠨ ᠳᠠᠯᠠᠪᠠᠢ ᠶᠢ ᠳᠤᠬᠢᠷᠠᠭᠤᠯᠤᠨ ᠪᠠᠭᠠᠰᠬᠠᠵᠤ᠂ ᠰᠢᠷ᠎ᠠ ᠪᠤᠷᠴᠠᠭ᠂ ᠬᠤᠯᠢᠮᠠᠭ ᠠᠮᠤ᠂ ᠳᠦᠮᠦᠰᠦ ᠶᠢᠨ ᠵᠦᠢᠯ | ᠪᠠ ᠡᠪᠡᠰᠦ ᠪᠤᠷᠳᠤᠭ᠎ᠠ ᠶᠢᠨ ᠳᠠᠯᠠᠪᠠᠢ ᠶᠢ ᠦᠷᠭᠡᠳᠭᠡᠵᠤ᠂ ᠰᠡᠯᠬᠦᠨ ᠳᠠᠷᠢᠬᠤ ᠳᠦᠷᠢᠮ ᠪᠠ ᠠᠮᠤ ᠪᠤᠳᠠᠭ᠎ᠠ ᠠᠵᠤ | ᠠᠬᠤᠢ ᠶᠢᠨ ᠳᠠᠷᠢᠮᠠᠯ ᠡᠪᠡᠰᠦ ᠪᠤᠷᠳᠤᠭ᠎ᠠ ᠶᠢ ᠨᠢᠬᠡᠳᠦᠯᠲᠡᠢ ᠳᠦᠯᠦᠪᠯᠡᠨ ᠬᠦᠭᠵᠢᠬᠦᠯᠬᠦ ᠪᠠᠶᠢᠳᠠᠯ ᠢ ᠪᠤᠢ ᠪᠤᠯᠭᠠᠨ᠎ᠠ᠃ | ᠪᠦᠬᠦ ᠬᠤᠰᠢᠭᠤᠨ ᠤ ᠠᠮᠤ ᠪᠤᠳᠠᠭᠠᠨ ᠤ ᠤᠨᠠᠯᠳᠠ ᠶᠢ 20 ᠳ᠋ᠦᠩᠰᠢᠭᠤᠷ ᠵᠢᠩ ᠠᠴᠠ ᠳᠡᠭᠡᠭᠰᠢ ᠳᠤ ᠳᠤᠭᠳᠠᠭᠤᠨ | ᠪᠠᠶᠢᠯᠭᠠᠨ᠎ᠠ᠃ ᠡᠷᠳᠡᠨᠢ ᠰᠢᠰᠢ ᠳᠠᠷᠢᠬᠤ ᠪᠦᠲᠦᠴᠡ ᠶᠢᠨ ᠳᠤᠬᠢᠷᠠᠭᠤᠯᠤᠯᠳᠠ ᠬᠢᠬᠦ ᠶᠢ ᠬᠦᠳᠦᠯᠦᠨ ᠳᠠᠭᠠᠭᠤᠯᠵᠤ᠂ ︽ | ᠳᠠᠷᠢᠵᠤ ᠳᠡᠵᠢᠬᠡᠬᠦ ᠶᠢ ᠤᠶᠠᠯᠳᠤᠭᠤᠯᠤᠨ᠂ ᠳᠠᠷᠢᠶᠠᠯᠠᠩ ᠮᠠᠯ ᠠᠵᠤ ᠠᠬᠤᠢ ᠤᠷᠴᠢᠯ ᠲᠠᠢ ᠪᠠᠶᠢᠬᠤ︾ ᠡᠷᠳᠡᠨᠢ ᠰᠢᠰᠢ | ᠦᠢᠯᠡᠳᠪᠦᠷᠢᠯᠡᠬᠦ ᠰᠢᠨ᠎ᠡ ᠬᠡᠪ ᠵᠠᠭᠪᠤᠷ ᠢ ᠪᠦᠷᠢᠯᠳᠦᠬᠦᠯᠵᠤ᠂ ᠳᠤᠮᠳᠠ ᠬᠤᠶᠢᠲᠦ ᠬᠡᠰᠡᠭ ᠤᠨ ᠭᠠᠵᠠᠷ ᠤᠷᠤᠨ ᠳᠤ | ᠠᠮᠤ ᠪᠤᠳᠠᠭ᠎ᠠ ᠡᠪᠡᠰᠦ ᠪᠤᠷᠳᠤᠭ᠎ᠠ ᠶᠢ ᠬᠠᠪᠰᠤᠷᠭᠠᠬᠤ ᠬᠡᠯᠪᠡᠷᠢ ᠶᠢᠨ ᠡᠷᠳᠡᠨᠢ ᠰᠢᠰᠢ ᠶᠢ 10 ᠲᠦᠮᠡᠨ ᠮᠤ᠋ ᠵᠢᠱᠢᠶ᠎ᠡ | ᠦᠵᠡᠬᠦᠯᠦᠨ ᠳᠡᠯᠬᠡᠷᠡᠬᠦᠯᠵᠤ᠂ ᠪᠦᠬᠦ ᠵᠢᠯ ᠳᠤ ᠮᠦᠬᠦᠯᠢᠭᠲᠦ ᠡᠷᠳᠡᠨᠢ ᠰᠢᠰᠢ ᠶᠢ 15 ᠲᠦᠮᠡᠨ ᠮᠤ᠋ ᠳᠤᠬᠢᠷᠠᠭᠤᠯᠤᠨ | ᠪᠠᠭᠠᠰᠬᠠᠨ᠎ᠠ᠃ ᠰᠢᠯᠢᠳᠡᠭ ᠤᠰᠤᠨ ᠳᠤᠳᠤᠷᠭ᠎ᠠ ᠶᠢᠨ ᠳᠠᠷᠢᠮᠠᠯ ᠤᠨ ᠳᠠᠯᠠᠪᠠᠢ ᠶᠢ ᠳᠤᠭᠳᠠᠭᠤᠨ ᠢᠶᠠᠷ ᠨᠡᠮᠡᠭᠳᠡᠬᠦᠯᠵᠤ᠂ | ᠤᠰᠤᠨ ᠳᠤᠳᠤᠷᠭ᠎ᠠ ᠶᠢᠨ ᠤᠰᠤᠯᠠᠯᠳᠠ ᠶᠢᠨ ᠬᠡᠯᠪᠡᠷᠢ ᠶᠢ ᠰᠠᠶᠢᠵᠢᠷᠠᠭᠤᠯᠵᠤ᠂ ᠤᠷᠤᠰᠬᠠᠯ ᠤᠰᠤ ᠪᠠᠷ ᠤᠰᠤᠯᠠᠬᠤ | ᠳᠠᠯᠠᠪᠠᠢ ᠶᠢ ᠦᠷᠭᠡᠳᠭᠡᠵᠦ᠂ ᠬᠤᠳᠳᠤᠭ ᠢᠶᠠᠷ ᠤᠰᠤᠯᠠᠬᠤ ᠳᠠᠯᠠᠪᠠᠢ ᠶᠢ ᠪᠠᠭᠠᠰᠬᠠᠵᠤ᠂ ᠭᠠᠵᠠᠷ ᠳᠤᠤᠷᠠᠬᠢ ᠤᠰᠤ ᠶᠢ | ᠬᠡᠷᠡᠭᠯᠡᠬᠦ ᠶᠢ ᠬᠤᠷᠢᠭᠯᠠᠵᠤ᠂ ᠬᠤᠤᠯᠢᠨ ᠭᠤᠤᠯ ᠤᠨ ᠤᠷᠤᠰᠬᠠᠯ ᠤᠨ ᠬᠤᠶᠠᠷ ᠡᠷᠬᠢ ᠳᠤ ᠤᠰᠤᠨ ᠳᠤᠳᠤᠷᠭ᠎ᠠ | ᠳᠠᠷᠢᠵᠤ ᠤᠷᠭᠤᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠳᠤᠮᠳᠠ ᠡᠮᠦᠨ᠎ᠡ ᠬᠡᠰᠡᠭ ᠤᠨ ᠭᠠᠵᠠᠷ ᠤᠷᠤᠨ ᠳᠤ | ᠴᠢᠬᠢ ᠪᠤᠶᠢᠵᠢᠭᠤᠯᠬᠤ ᠰᠠᠭᠤᠷᠢᠨ ᠢ 3 ᠪᠠᠶᠢᠭᠤᠯᠵᠤ᠂ ᠡᠬᠦᠯᠳᠡᠷ ᠢ ᠨᠢᠬᠡᠳᠭᠡᠵᠤ᠂ ᠨᠡᠷᠡᠲᠦ ᠳᠡᠮᠳᠡᠭ ᠤᠨ | ᠪᠠᠶᠢᠭᠤᠯᠤᠯᠳᠠ ᠶᠢ ᠠᠬᠢᠭᠤᠯᠵᠤ᠂ ᠴᠢᠳᠠᠬᠤ ᠶᠢᠨ ᠬᠢᠷᠢ ᠪᠠᠷ ᠵᠢᠯ ᠳᠤ ᠳᠠᠷᠢᠮᠠᠯ ᠤᠨ ᠳᠠᠯᠠᠪᠠᠢ ᠶᠢ 1 ᠲᠦᠮᠡᠨ ᠮᠤ᠋ | ᠰᠢᠨ᠎ᠡ ᠪᠠᠷ ᠨᠡᠮᠡᠭᠳᠡᠬᠦᠯᠵᠤ᠂ ᠶᠡᠷᠦᠩᠬᠡᠢ ᠳᠠᠯᠠᠪᠠᠢ ᠶᠢ 7.7 ᠲᠦᠮᠡᠨ ᠮᠤ᠋ ᠲᠤ ᠬᠦᠷᠭᠡᠨ᠎ᠡ᠃ ᠳᠠᠭᠠᠭᠤᠯᠤᠭᠴᠢ ᠠᠵᠤ | ᠠᠬᠤᠶᠢᠯᠠᠯ ᠪᠠ ᠳᠤᠰᠬᠠᠢ ᠬᠤᠷᠰᠢᠶᠠᠵᠢᠯ ᠳᠤ ᠳᠦᠰᠢᠭᠯᠡᠵᠤ᠂ ᠰᠢᠯᠢᠳᠡᠭ ᠠᠵᠤ ᠠᠬᠤᠢ ᠶᠢᠨ ᠳᠠᠷᠢᠮᠠᠯ ᠤᠨ ᠳᠠᠯᠠᠪᠠᠢ | ᠶᠢ ᠦᠷᠭᠡᠳᠭᠡᠵᠤ᠂ ᠵᠠᠬᠢᠶᠠᠯᠠᠭ᠎ᠠ ᠶᠢᠨ ᠳᠠᠷᠢᠶᠠᠯᠠᠩ ᠢ ᠶᠡᠬᠡᠪᠡᠷ ᠬᠦᠭᠵᠢᠬᠦᠯᠵᠤ᠂ ᠬᠤᠯᠢᠮᠠᠭ ᠠᠮᠤ ᠪᠤᠷᠴᠠᠭ᠂ | ᠳᠦᠮᠦᠰᠦ᠂ ᠯᠠᠩᠭᠤᠸᠠ ᠶᠢᠨ ᠦᠷ᠎ᠡ᠂ ᠶᠠᠮᠠ ᠤᠯᠤᠰᠤ ᠶᠢᠨ ᠦᠷ᠎ᠡ ᠵᠡᠷᠭᠡ ᠳᠠᠷᠢᠮᠠᠯ ᠤᠨ ᠳᠠᠯᠠᠪᠠᠢ ᠶᠢ | ᠨᠡᠮᠡᠭᠳᠡᠬᠦᠯᠦᠨ᠎ᠡ᠃ ︽ᠮᠠᠯᠵᠢᠬᠤ ᠶᠢᠨ ᠳᠦᠯᠦᠬᠡ ᠳᠠᠷᠢᠵᠤ᠂ ᠳᠡᠵᠢᠬᠡᠬᠦ ᠶᠢᠨ ᠳᠦᠯᠦᠬᠡ ᠳᠠᠷᠢᠬᠤ᠂ ᠡᠪᠡᠰᠦ ᠪᠤᠷᠳᠤᠭ᠎ᠠ | ᠶᠢ ᠳᠠᠷᠢᠶᠠᠨ ᠳᠤ ᠳᠠᠷᠢᠬᠤ︾ ᠰᠡᠳᠬᠢᠴᠡ ᠶᠤᠰᠤᠭᠠᠷ᠂ ᠡᠪᠡᠰᠦ ᠪᠤᠷᠳᠤᠭ᠎ᠠ᠂ ᠡᠪᠡᠰᠦᠨ ᠤ ᠠᠵᠤ ᠦᠢᠯᠡᠰ ᠤᠨ | ᠳᠦᠷᠭᠡᠨ ᠬᠦᠭᠵᠢᠯᠲᠡ ᠶᠢ ᠬᠦᠴᠦᠯᠡᠨ ᠠᠬᠢᠭᠤᠯᠵᠤ᠂ ᠦᠨᠳᠦᠷ ᠤᠨᠠᠯᠳᠠ ᠲᠠᠢ ᠪᠤᠷᠤ ᠬᠤᠰᠢᠶᠠᠩᠭᠤᠢ᠂ ᠰᠢᠨ᠎ᠡ | ᠨᠢᠬᠡᠨ ᠡᠬᠡᠯᠵᠢ ᠶᠢᠨ ᠳᠠᠷᠢᠶᠠᠯᠠᠬᠤ ᠶᠢ ᠵᠤᠭᠰᠤᠭᠠᠵᠤ ᠡᠪᠡᠰᠦ ᠳᠠᠷᠢᠵᠤ ᠤᠶᠢᠵᠢᠭᠤᠯᠤᠯᠳᠠ ᠬᠢᠬᠦ᠂ ᠡᠪᠡᠰᠦ ᠪᠤᠷᠳᠤᠭ᠎ᠠ | ᠮᠠᠯ ᠠᠵᠤ ᠠᠬᠤᠢ ᠶᠢᠨ ᠳᠤᠷᠰᠢᠯᠳᠠ ᠶᠢᠨ ᠴᠡᠭ ᠤᠨ ᠬᠤᠰᠢᠭᠤ ᠰᠢᠶᠠᠨ᠂ ᠨᠤᠳᠤᠭ ᠪᠡᠯᠴᠢᠭᠡᠷ ᠢ ᠨᠢᠬᠡᠨᠲᠡ | ᠬᠠᠭᠠᠯᠪᠦᠷᠢᠯᠠᠭᠰᠠᠨ ᠢ ᠵᠠᠰᠠᠨ ᠴᠡᠭᠴᠡᠯᠡᠬᠦ᠂ ᠤᠰᠤ ᠠᠷᠪᠢᠯᠠᠬᠤ ᠤᠰᠤᠯᠠᠯᠳᠠ ᠵᠡᠷᠭᠡ ᠳᠦᠷᠦᠯ ᠵᠦᠢᠯ ᠲᠠᠢ | ᠤᠶᠠᠯᠳᠤᠭᠤᠯᠵᠤ᠂ ᠭᠠᠵᠠᠷ ᠰᠢᠷᠤᠢ ᠶᠢ ᠰᠢᠯᠵᠢᠬᠦᠯᠬᠦ ᠠᠯᠬᠤᠴᠠ ᠪᠠᠨ ᠳᠦᠷᠭᠡᠳᠭᠡᠵᠤ᠂ ᠨᠤᠭᠤᠭᠠᠨ ᠳᠠᠷᠤᠰᠢ᠂ | ᠡᠷᠳᠡᠨᠢ ᠰᠢᠰᠢ᠂ ᠪᠤᠷᠤ ᠬᠤᠰᠢᠶᠠᠩᠭᠤᠢ᠂ ᠨᠤᠬᠠᠢ ᠶᠢᠨ ᠬᠤᠰᠢᠭᠤ ᠵᠡᠷᠭᠡ ᠰᠢᠯᠢᠳᠡᠭ ᠡᠪᠡᠰᠦ ᠪᠤᠷᠳᠤᠭ᠎ᠠ ᠳᠠᠷᠢᠬᠤ ᠶᠢ | ᠶᠡᠬᠡᠪᠡᠷ ᠳᠡᠯᠭᠡᠷᠡᠬᠦᠯᠦᠨ᠎ᠡ᠃ ᠵᠢᠯ ᠳᠤ᠂ ᠨᠤᠭᠤᠭᠠᠨ ᠳᠠᠷᠤᠰᠢ ᠡᠷᠳᠡᠨᠢ ᠰᠢᠰᠢ ᠶᠢᠨ ᠳᠠᠷᠢᠬᠤ ᠳᠠᠯᠠᠪᠠᠢ ᠶᠢ 20 | ᠲᠦᠮᠡᠨ ᠮᠤ᠋ ᠳᠤ ᠬᠦᠷᠭᠡᠵᠤ᠂ ᠪᠤᠷᠤ ᠬᠤᠰᠢᠶᠠᠩᠭᠤᠢ ᠶᠢ 12 ᠲᠦᠮᠡᠨ ᠮᠤ᠋ ᠳᠤ ᠬᠦᠷᠭᠡᠵᠤ᠂ ᠨᠤᠳᠤᠭ ᠪᠡᠯᠴᠢᠭᠡᠷ ᠢ | 3 ᠲᠦᠮᠡᠨ ᠮᠤ᠋ ᠰᠠᠶᠢᠵᠢᠷᠠᠭᠤᠯᠤᠨ᠎ᠠ᠃ ᠡᠪᠡᠰᠦ ᠪᠤᠷᠳᠤᠭ᠎ᠠ ᠮᠠᠯ ᠠᠵᠤ ᠠᠬᠤᠢ ᠶᠢ ᠤᠷᠳᠤᠳᠬᠠᠨ ᠪᠤᠯᠪᠠᠰᠤᠷᠠᠭᠤᠯᠬᠤ᠂ | ᠨᠦᠬᠡᠴᠡᠯᠡᠬᠦ᠂ ᠳᠡᠭᠡᠭᠡᠪᠦᠷᠢ ᠶᠢᠨ ᠠᠵᠤ ᠦᠢᠯᠡᠰ ᠢ ᠶᠡᠬᠡᠪᠡᠷ ᠬᠦᠭᠵᠢᠬᠦᠯᠵᠤ᠂ ᠡᠪᠡᠰᠦ ᠪᠤᠷᠳᠤᠭ᠎ᠠ ᠮᠠᠯ ᠠᠵᠤ ᠠᠬᠤᠢ | ᠶᠢᠨ ᠠᠵᠤ ᠦᠢᠯᠡᠰᠵᠢᠯᠲᠡ ᠶᠢᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠬᠦᠯᠬᠦ ᠠᠯᠬᠤᠴᠠ ᠪᠠᠨ ᠳᠦᠷᠭᠡᠳᠭᠡᠨ᠎ᠡ᠃ ᠪᠤᠳᠠ᠂ ᠪᠤᠭ | ᠮᠠᠯ ᠤᠨ ᠤᠯᠠᠮᠵᠢᠯᠠᠯᠲᠦ ᠳᠡᠵᠢᠬᠡᠨ ᠦᠷᠡᠵᠢᠬᠦᠯᠬᠦ ᠦᠢᠯᠡᠰ ᠤᠨ ᠡᠬᠦᠯᠳᠡᠷ ᠢ ᠰᠠᠶᠢᠵᠢᠷᠠᠭᠤᠯᠬᠤ ᠠᠯᠬᠤᠴᠠ ᠶᠢ | ᠭᠤᠤᠯᠳᠠᠯᠭ᠎ᠠ ᠲᠠᠢ ᠠᠳᠬᠤᠨ ᠠᠬᠢᠭᠤᠯᠵᠤ᠂ ︽ᠡᠮᠦᠨ᠎ᠡ ᠭᠤᠷᠪᠠᠨ ᠰᠤᠮᠤ︾ ᠶᠢᠨ ᠪᠤᠬ᠎ᠠ ᠦᠬᠡᠢ ᠪᠠᠷ ᠬᠡᠬᠡᠯᠳᠦᠯᠬᠡ | ᠬᠢᠵᠤ ᠡᠬᠦᠯᠳᠡᠷ ᠢ ᠰᠠᠶᠢᠵᠢᠷᠠᠭᠤᠯᠬᠤ ᠠᠵᠢᠯ ᠢ ᠪᠦᠬᠦ ᠳᠠᠯ᠎ᠠ ᠪᠠᠷ ᠰᠠᠶᠢᠳᠦᠷ ᠬᠢᠬᠦ ᠶᠢᠨ ᠳᠠᠭᠠᠤ ᠠᠭᠠᠵᠢᠮ ᠢᠶᠠᠷ | ᠳᠤᠮᠳᠠ ᠬᠤᠶᠢᠲᠦ ᠬᠡᠰᠡᠭ ᠤᠨ ᠭᠠᠵᠠᠷ ᠤᠷᠤᠨ ᠳᠡᠰᠢ ᠠᠬᠢᠭᠤᠯᠵᠤ᠂ ᠮᠢᠬᠠᠨ ᠤ ᠦᠭᠡᠷ ᠤᠨ ᠡᠬᠦᠯᠳᠡᠷ ᠢ | ᠰᠠᠶᠢᠵᠢᠷᠠᠭᠤᠯᠬᠤ ᠳᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢ ᠳᠤᠭᠳᠠᠭᠠᠨ ᠳᠡᠬᠦᠯᠳᠡᠷᠵᠢᠬᠦᠯᠵᠤ᠂ ᠮᠠᠯᠴᠢᠨ | ᠳᠠᠷᠢᠶᠠᠴᠢᠨ ᠡᠷᠦᠬᠡ ᠶᠢᠨ ᠮᠢᠬᠠᠨ ᠤ ᠦᠭᠡᠷ ᠤᠨ ᠡᠬᠦᠯᠳᠡᠷ ᠢ ᠰᠠᠶᠢᠵᠢᠷᠠᠭᠤᠯᠬᠤ ᠢᠳᠡᠪᠬᠢᠵᠢᠯ ᠢ ᠳᠡᠭᠡᠭᠰᠢᠯᠡᠬᠦᠯᠵᠤ᠂ | ᠵᠢᠯ ᠤᠨ ᠳᠤᠳᠤᠷ᠎ᠠ᠂ ᠡᠮᠦᠨ᠎ᠡ ᠭᠤᠷᠪᠠᠨ ᠰᠤᠮᠤ ᠳᠤ ᠮᠢᠬᠠᠨ ᠤ ᠦᠭᠡᠷ ᠤᠨ ᠡᠬᠦᠯᠳᠡᠷ ᠢ ᠰᠠᠶᠢᠵᠢᠷᠠᠭᠤᠯᠬᠤ ᠦᠷᠳᠡᠭᠡ | ᠶᠢ 2 ᠰᠠᠭᠤᠷᠢ ᠰᠢᠨ᠎ᠡ ᠪᠠᠷ ᠪᠠᠶᠢᠭᠤᠯᠵᠤ᠂ 3 ᠲᠦᠮᠡᠨ ᠳᠤᠯᠤᠭᠠᠢ ᠪᠤᠳᠠ ᠮᠠᠯ ᠳᠤ ᠬᠡᠬᠡᠯᠳᠦᠯᠬᠡ ᠬᠢᠵᠤ ᠡᠬᠦᠯᠳᠡᠷ ᠢ | ᠰᠠᠶᠢᠵᠢᠷᠠᠭᠤᠯᠬᠤ ᠶᠢ ᠪᠡᠶᠡᠯᠡᠬᠦᠯᠵᠤ᠂ ᠪᠦᠬᠦ ᠬᠤᠰᠢᠭᠤᠨ ᠤ ᠡᠬᠦᠯᠳᠡᠷ ᠢ ᠰᠠᠶᠢᠵᠢᠷᠠᠭᠤᠯᠤᠭᠰᠠᠨ ᠳᠤᠭ᠎ᠠ ᠳᠤᠯᠤᠭᠠᠢ ᠶᠢ | 6 ᠲᠦᠮᠡᠨ ᠳᠤᠯᠤᠭᠠᠢ ᠳᠤ ᠬᠦᠷᠭᠡᠨ᠎ᠡ᠃ ᠰᠠᠢ ᠨᠥᠸᠧ ᠬᠤᠨᠢᠨ ᠤ ᠦᠢᠯᠡᠰ ᠤᠨ ᠮᠡᠷᠭᠡᠵᠢᠯ ᠵᠢᠴᠢ ᠡᠬᠢ ᠪᠠᠶᠠᠯᠢᠭ | ᠲᠤ ᠳᠦᠰᠢᠭᠯᠡᠵᠤ᠂ ᠳ᠋ᠦ᠋ ᠪᠥᠸᠧ ᠬᠤᠨᠢᠨ ᠤ ᠬᠤᠴᠠ ᠶᠢᠨ ᠡᠬᠦᠯᠳᠡᠷ ᠢ ᠰᠠᠶᠢᠵᠢᠷᠠᠭᠤᠯᠬᠤ ᠶᠢ ᠶᠡᠬᠡᠪᠡᠷ ᠬᠦᠭᠵᠢᠬᠦᠯᠵᠤ | ᠂ ᠵᠢᠯ ᠳᠤ᠂ ᠳ᠋ᠦ᠋ ᠪᠥᠸᠧ ᠬᠤᠨᠢᠨ ᠤ ᠬᠤᠴᠠ ᠶᠢ 5000 ᠳᠤᠯᠤᠭᠠᠢ ᠳᠠᠷᠬᠠᠭᠠᠵᠤ᠂ ᠳ᠋ᠦ᠋ ᠪᠥᠸᠧ ᠬᠤᠨᠢᠨ ᠤ | ᠡᠬᠦᠯᠳᠡᠷ ᠢ 20 ᠲᠦᠮᠡᠨ ᠳᠤᠯᠤᠭᠠᠢ ᠰᠠᠶᠢᠵᠢᠷᠠᠭᠤᠯᠤᠨ᠎ᠠ᠃ ᠠᠳᠤᠭᠤ᠂ ᠳᠠᠤᠯᠠᠢ ᠶᠢᠨ ᠰᠢᠯᠢᠳᠡᠭ ᠤᠨᠴᠠᠯᠢᠭᠲᠦ ᠮᠠᠯ | ᠠᠵᠤ ᠠᠬᠤᠢ ᠶᠢ ᠪᠤᠵᠠᠭᠠᠶᠢᠷᠠᠭᠤᠯᠤᠨ᠂ ᠯᠠᠢ ᠳ᠋ᠧ ᠠᠳᠤᠭᠤᠨ ᠤ ᠦᠢᠯᠡᠰ ᠲᠤ ᠳᠦᠰᠢᠭᠯᠡᠵᠤ᠂ ᠬᠠᠮᠳᠤᠷᠠᠨ ᠳᠡᠵᠢᠬᠡᠨ | ᠠᠷᠠᠴᠢᠯᠠᠬᠤ᠂ ᠨᠠᠶᠢᠳᠠᠨ ᠤᠷᠤᠯᠠᠨ ᠳᠡᠵᠢᠬᠡᠯᠬᠡᠬᠦ ᠵᠡᠷᠭᠡ ᠬᠡᠯᠪᠡᠷᠢ ᠪᠠᠷ᠂ ᠵᠢᠯ ᠳᠤ 1 ᠲᠦᠮᠡᠨ ᠳᠤᠯᠤᠭᠠᠢ ᠠᠴᠠ | ᠲᠡᠭᠡᠭᠰᠢ ᠠᠳᠤᠭᠤ ᠶᠢᠨ ᠡᠭᠦᠯᠳᠡᠷ ᠰᠠᠶᠢᠵᠷᠠᠭᠤᠯᠵᠤ᠂ 6000 ᠮᠠᠯᠴᠢᠨ ᠲᠠᠷᠢᠶᠠᠴᠢᠨ ᠡᠷᠦᠭᠡ ᠶᠢ ᠲᠠᠶᠢᠴᠢᠯᠠᠨ᠎ᠠ︔ | ᠳ᠋ᠦᠩ ᠳ᠋ᠠ ᠪᠠᠶᠠᠯᠢᠭ ᠬᠤᠳᠠ ᠬᠦᠳᠡᠭᠡ ᠶᠢ ᠨᠢᠬᠡᠲᠦᠯᠲᠡᠢ ᠳᠦᠯᠦᠪᠯᠡᠬᠦ ᠲᠤᠭᠤᠷᠢᠭ ᠢᠶᠠᠷ ᠶᠠᠳᠠᠭᠤ ᠶᠢ ᠲᠡᠳᠭᠦᠭᠦ ᠠᠵᠤ | ᠦᠢᠯᠡᠰ ᠤᠨ ᠬᠦᠭᠵᠢᠯᠳᠡ ᠶᠢ ᠦᠷᠭᠦᠯᠵᠢᠯᠡᠭᠦᠯᠭᠦ ᠪᠦᠳᠦᠮᠵᠢᠳᠡᠢ ᠠᠴᠢᠶᠠᠯᠠᠪᠤᠷᠢ ᠪᠤᠯᠭᠠᠵᠤ᠂ ᠭᠠᠴᠠᠭ᠎ᠠ ᠲᠤᠰᠬᠤᠨ ᠤ | ᠬᠠᠮᠳᠤ ᠨᠡᠶᠢᠲᠡ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠢᠢᠷᠠᠭᠤᠯᠬᠤ ᠲᠠᠢ ᠤᠶᠠᠯᠳᠤᠭᠤᠯᠤᠨ᠂ ᠤᠷᠤᠨ | ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠵᠤ᠂ ᠲᠡᠵᠢᠭᠡᠪᠦᠷᠢ ᠶᠢᠨ ᠡᠷᠦᠭᠡ ᠶᠢᠨ | ᠤᠷᠤᠵᠤ ᠰᠠᠭᠤᠬᠤ ᠬᠦᠴᠦᠯᠡᠴᠡ ᠶᠢ ᠴᠢᠩᠭᠠᠳᠬᠠᠨ᠎ᠠ᠃ ᠵᠢᠯ ᠤᠨ ᠲᠤᠳᠤᠷ᠎ᠠ᠂ ᠡᠳ᠋ᠰᠢᠭᠦᠯᠦᠨ ᠪᠤᠯᠪᠠᠰᠤᠷᠠᠭᠤᠯᠬᠤ | ᠲᠤᠭᠤᠷᠢᠭ ᠤᠨ ᠪᠤᠷᠳᠤᠭᠠᠨ ᠤ ᠦᠢᠯᠡᠳᠪᠦᠷᠢ᠂ ᠠᠯᠠᠵᠤ ᠨᠢᠳᠤᠯᠬᠠᠤ ᠭᠠᠵᠠᠷ ᠤᠨ ᠪᠠᠷᠢᠯᠭ᠎ᠠ ᠶᠢ ᠲᠠᠭᠤᠰᠬᠠᠨ | ᠠᠰᠢᠬᠯᠠᠯᠳᠠ ᠳᠤ ᠤᠷᠤᠭᠤᠯᠵᠤ᠂ 500 ᠲᠡᠵᠢᠭᠡᠪᠦᠷᠢ ᠶᠢᠨ ᠡᠷᠦᠭᠡ ︵ᠡᠭᠦᠨ ᠳᠤ ᠶᠠᠳᠠᠭᠤ ᠬᠦᠴᠢᠷᠳᠡᠯᠳᠡᠢ | ᠡᠷᠦᠭᠡ ᠨᠢ 320 ᠪᠤᠯᠤᠨ᠎ᠠ︶ ᠶᠢ ᠤᠷᠤᠵᠤ ᠰᠠᠭᠤᠯᠭᠠᠵᠤ᠂ 10 ᠲᠦᠮᠡᠨ ᠳᠤᠯᠤᠭᠠᠢ ᠳᠠᠣᠯᠠᠢ ᠳᠡᠵᠢᠬᠡᠯᠬᠡᠵᠤ᠂ | ᠴᠢᠳᠠᠬᠤ ᠶᠢᠨ ᠬᠢᠷᠢ ᠪᠠᠷ 250 ᠲᠦᠮᠡᠨ ᠳᠤᠯᠤᠭᠠᠢ ᠲᠠᠤᠯᠢ ᠶᠢ ᠪᠤᠷᠤᠯᠠᠭᠤᠯᠤᠨ᠎ᠠ᠃ ᠬᠦᠷᠢᠶ᠎ᠠ ᠬᠠᠰᠢᠶᠠᠨ ᠤ ᠭᠠᠭ᠋ᠠᠢ | ᠳᠡᠵᠢᠬᠡᠬᠦ᠂ ᠵᠢᠭᠦᠷᠳᠡᠨ ᠳᠡᠵᠢᠬᠡᠵᠤ ᠬᠦᠭᠵᠢᠭᠦᠯᠭᠦ ᠶᠢ ᠬᠦᠳᠦᠯᠦᠨ ᠵᠢᠯᠤᠭᠤᠳᠴᠤ ᠵᠤᠷᠢᠬᠵᠢᠭᠤᠯᠤᠨ᠂ ᠪᠤᠬᠢᠷᠳᠤᠯ | ᠦᠭᠡᠢ ᠮᠠᠯ ᠵᠢᠭᠦᠷᠳᠡᠨ ᠳᠡᠵᠢᠬᠡᠨ ᠦᠷᠡᠵᠢᠬᠦᠯᠬᠦ ᠱᠠᠭᠠᠷᠳᠠᠯᠭ᠎ᠠ ᠶᠤᠰᠤᠭᠠᠷ᠂ ᠬᠦᠷᠢᠶ᠎ᠠ ᠬᠠᠰᠢᠶᠠᠨ ᠤ ᠲᠡᠵᠢᠭᠡᠪᠦᠷᠢ ᠪᠠᠷ | ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠭᠦᠯᠭᠦ ᠲᠤᠰᠠᠯᠠᠬᠤ ᠠᠵᠤ ᠦᠢᠯᠡᠰ ᠪᠤᠯᠭᠠᠵᠤ᠂ ᠮᠠᠯᠴᠢᠨ | ᠲᠠᠷᠢᠶᠠᠴᠢᠨ ᠤ ᠪᠡᠶ᠎ᠡ ᠪᠠᠨ ᠳᠠᠭᠠᠭᠠᠵᠤ ᠭᠠᠭ᠋ᠠᠢ᠂ ᠵᠢᠬᠦᠷᠳᠡᠨ ᠵᠡᠷᠭᠡ ᠲᠡᠵᠢᠭᠡᠪᠦᠷᠢ ᠶᠢᠨ ᠦᠢᠯᠡᠰ ᠢ ᠬᠦᠭᠵᠢᠭᠦᠯᠭᠦ ᠶᠢ | ᠠᠬᠢᠭᠤᠯᠵᠤ᠂ ᠡᠳᠦᠷ ᠲᠤᠳᠤᠮ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠨᠢ ᠬᠠᠩᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠶᠢ ᠬᠦᠨᠵᠡᠭᠡᠢ ᠠᠬᠢᠭᠤᠯᠤᠨ᠎ᠠ᠃ ᠭᠠᠵᠠᠷ ᠰᠢᠷᠤᠢ ᠶᠢᠨ | ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠨᠤᠳᠤᠭ ᠪᠡᠯᠴᠢᠭᠡᠷ ᠤᠨ ᠡᠷᠭᠡ ᠶᠢ ᠳᠤᠳᠤᠯᠠᠬᠤ ᠦᠷ᠎ᠠ | ᠪᠦᠳᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠤ᠂ ᠬᠦᠳᠡᠭᠡ ᠲᠤᠰᠬᠤᠨ ᠤ ᠭᠠᠵᠠᠷ ᠰᠢᠷᠤᠢ ᠲᠠᠭᠠᠭᠠᠴᠢᠯᠠᠬᠤ ᠡᠷᠭᠡ ᠶᠢ | ᠳᠤᠳᠤᠯᠠᠬᠤ ᠠᠵᠢᠯ ᠢ ᠪᠦᠲᠦᠮᠵᠢᠲᠡᠢ ᠪᠡᠶᠡᠯᠡᠭᠦᠯᠦᠨ᠎ᠠ᠃ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ | ᠬᠤᠷᠰᠢᠶ᠎ᠠ ᠬᠢᠭᠡᠳ ᠮᠠᠯᠴᠢᠨ ᠲᠠᠷᠢᠶᠠᠴᠢᠨ ᠤ ᠬᠤᠷᠰᠢᠶᠠᠵᠢᠯ ᠤᠨ ᠠᠭᠤᠰᠤᠯᠴᠠᠨ ᠬᠦᠭᠵᠢᠭᠦ ᠶᠢ ᠲᠦᠷᠭᠡᠳᠭᠡᠵᠤ᠂ | ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠢᠳᠡᠪᠬᠢᠳᠡᠢ ᠯᠠᠪᠳᠠᠭᠤᠨ | ᠠᠬᠢᠭᠤᠯᠵᠤ᠂ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶ᠎ᠠ ᠶᠢ 2 ᠬᠦᠭᠵᠢᠭᠦᠯᠦᠨ᠎ᠠ᠃ ᠭᠠᠴᠠᠭᠠᠨ ᠤ | ᠬᠠᠮᠳᠤ ᠶᠢᠨ ᠠᠵᠤ ᠠᠬᠤᠢ ᠶᠢᠨ ᠦᠷ᠎ᠡ ᠰᠢᠷᠢ ᠶᠢ ᠳᠦᠯᠦᠵᠤ ᠦᠷᠳᠡᠭ ᠢ ᠨᠡᠮᠡᠭᠳᠡᠬᠦᠯᠬᠦ ᠲᠦᠯᠦᠪᠯᠡᠭᠡ ᠶᠢ | ᠪᠠᠬᠢᠵᠢᠭᠦᠯᠵᠤ᠂ ᠭᠠᠴᠠᠭᠠᠨ ᠤ ᠬᠠᠮᠳᠤ ᠨᠡᠶᠢᠲᠡ ᠶᠢᠨ ᠠᠵᠤ ᠠᠬᠤᠢ ᠶᠢᠨ ᠤᠷᠤᠯᠭ᠎ᠠ ᠶᠢᠨ ᠲᠦᠪᠰᠢᠨ ᠢ ᠠᠭᠠᠵᠢᠮ ᠢᠶᠠᠷ | ᠲᠡᠭᠡᠭᠰᠢᠯᠡᠭᠦᠯᠦᠨ᠎ᠠ᠃ ᠲᠦᠷᠦ ᠶᠢᠨ ᠪᠤᠳᠤᠯᠭ᠎ᠠ ᠪᠠ ᠲᠦᠷᠦᠯ ᠵᠦᠢᠯ ᠤᠨ ᠬᠦᠳᠦᠯᠦᠨ ᠵᠢᠯᠤᠭᠤᠳᠬᠤ | ᠬᠦᠴᠦᠯᠡᠴᠡ ᠪᠠᠨ ᠴᠢᠩᠭᠠᠳᠬᠠᠵᠤ᠂ ᠭᠠᠵᠠᠷ ᠰᠢᠷᠤᠢ ᠨᠤᠳᠤᠭ ᠪᠡᠯᠴᠢᠭᠡᠷ ᠤᠨ ᠵᠤᠬᠢᠰᠳᠠᠢ ᠬᠡᠪᠴᠢᠶᠡᠵᠢᠯ ᠢᠶᠠᠷ | ᠡᠵᠡᠩᠨᠡᠭᠦ ᠶᠢ ᠠᠬᠢᠭᠤᠯᠵᠤ᠂ ᠡᠵᠡᠩᠨᠡᠯᠳᠡ ᠶᠢᠨ ᠡᠷᠭᠡ ᠶᠢ ᠰᠢᠯᠵᠢᠬᠦᠯᠬᠦ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠵᠤ᠂ ᠰᠢᠯᠵᠢᠭᠦᠯᠭᠦ ᠲᠠᠪᠴᠠᠩ ᠤᠨ ᠪᠠᠶᠢᠭᠤᠯᠤᠯᠳᠠ ᠶᠢ ᠰᠠᠶᠢᠳᠤᠷ ᠬᠢᠵᠤ᠂ ᠡᠷᠭᠡ ᠶᠢᠨ | ᠰᠢᠯᠵᠢᠯᠳᠡ ᠶᠢᠨ ᠵᠢᠷᠤᠮᠵᠢᠯ ᠲᠠᠢ ᠡᠮᠬᠢ ᠵᠢᠷᠤᠮ ᠲᠠᠢ ᠶᠠᠪᠤᠬᠳᠠᠬᠤ ᠶᠢ ᠪᠠᠳᠤᠯᠠᠨ᠎ᠠ᠃ ᠠᠵᠤ ᠦᠢᠯᠡᠰ ᠤᠨ | ᠠᠭᠤᠰᠤᠯᠴᠠᠨ ᠬᠦᠭᠵᠢᠭᠦ ᠶᠢ ᠬᠦᠴᠦᠯᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰᠵᠢᠯᠳᠡ ᠶᠢ ᠬᠦᠭᠵᠢᠭᠦᠯᠭᠦ ᠬᠠᠮᠳᠤᠷᠠᠬᠰᠠᠨ ᠴᠤᠬᠴᠠ ᠶᠢ ᠢᠳᠡᠪᠬᠢᠳᠡᠢ ᠪᠤᠶᠢᠵᠢᠭᠤᠯᠵᠤ᠂ ᠨᠠᠷᠢᠯᠢᠭ ᠬᠦᠨ | ᠪᠤᠯᠪᠠᠰᠤᠷᠠᠭᠤᠯᠬᠤ᠂ ᠲᠦᠷᠦᠯ ᠲᠡᠮᠳᠡᠭᠳᠦ ᠵᠠᠬ᠎ᠠ ᠲᠡᠯᠭᠡᠭᠦᠷ ᠢ ᠨᠡᠭᠡᠭᠡᠭᠦ ᠲᠠᠯ᠎ᠠ ᠪᠠᠷ ᠰᠢᠪᠳᠤᠯᠤᠯᠳᠠ ᠲᠠᠢ ᠪᠠᠶᠢᠬᠤ ᠶᠢ | ᠡᠷᠢᠯᠬᠢᠯᠡᠨ᠎ᠠ᠃ | ᠰᠢᠶᠠᠩ ᠲᠤᠰᠬᠤᠨ ᠤ ᠬᠦᠭᠵᠢᠯᠳᠡ ᠶᠢᠨ ᠲᠤᠳᠠᠭᠤᠳᠠᠯ ᠢᠶᠠᠨ ᠲᠦᠷᠭᠡᠳᠭᠡᠨ ᠨᠦᠬᠦᠪᠦᠷᠢᠯᠡᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠪᠠᠨ ᠪᠠᠳᠣᠳᠬᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ | ᠬᠦᠭᠵᠢᠭᠦᠯᠦᠯᠳᠡ᠂ ᠭᠠᠵᠠᠷ ᠰᠢᠷᠤᠢ ᠶᠢᠨ ᠴᠡᠭᠴᠡᠯᠡᠨ ᠵᠠᠰᠠᠯᠳᠠ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ | ᠲᠦᠷᠦᠯ ᠵᠦᠢᠯ ᠳᠤ ᠲᠦᠰᠢᠭᠯᠡᠨ᠂ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠢ 5.7 ᠲᠦᠮᠡᠨ ᠮᠦ ᠪᠠᠶᠢᠭᠤᠯᠦᠨ᠎ᠠ᠃ | ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ ᠵᠢᠷᠤᠭ ᠬᠠᠪᠰᠤᠷᠭᠠᠭᠰᠠᠨ | ᠬᠦᠮᠦᠷᠭᠡ ᠳᠤ ᠤᠷᠤᠭᠤᠯᠬᠤ ᠠᠵᠢᠯ ᠢ ᠡᠬᠢᠯᠡᠬᠦᠯᠦᠨ ᠬᠡᠷᠡᠭᠵᠢᠭᠦᠯᠦᠨ᠎ᠠ᠃ ᠲᠤᠮᠳᠠ ᠲᠤᠤᠷ᠎ᠠ ᠤᠨᠠᠯᠳᠠᠳᠤ ᠲᠠᠷᠢᠶᠠᠨ | ᠭᠠᠵᠠᠷ ᠢ ᠦᠭᠡᠷᠡᠴᠢᠯᠡᠬᠦ ᠶᠢ ᠲᠦᠷᠭᠡᠳᠭᠡᠵᠤ᠂ ᠬᠦᠷᠦᠰᠦ ᠰᠢᠷᠤᠢ ᠶᠢᠨ ᠪᠠᠶᠢᠳᠠᠯ ᠢ ᠬᠢᠨᠠᠨ ᠬᠡᠮᠵᠢᠵᠤ ᠪᠤᠷᠳᠤᠭᠤᠷ | ᠤᠷᠤᠭᠤᠯᠬᠤ᠂ ᠦᠨᠳᠦᠰᠦᠨ ᠱᠠᠳᠤᠨ ᠤ ᠲᠠᠷᠢᠶᠠᠯᠠᠩ ᠤᠨ ᠮᠡᠷᠭᠡᠵᠢᠯ ᠢ ᠲᠡᠯᠭᠡᠷᠡᠭᠦᠯᠭᠦ ᠰᠢᠰᠲ᠋ᠧᠮᠵᠢ ᠶᠢᠨ | ᠪᠠᠶᠢᠭᠤᠯᠤᠯᠳᠠ ᠶᠢ ᠢᠳᠡᠪᠬᠢᠳᠡᠢ ᠬᠡᠷᠡᠭᠵᠢᠭᠦᠯᠦᠨ᠎ᠠ᠃ ᠮᠠᠯᠵᠢᠬᠤ ᠤᠷᠤᠨ ᠤ ᠤᠰᠤ ᠠᠷᠪᠢᠯᠠᠬᠤ ᠤᠰᠤᠯᠠᠯᠳᠠ ᠶᠢᠨ | ᠢᠨᠵᠧᠨᠧᠷᠢᠩ ᠢ 1 ᠲᠦᠮᠡᠨ ᠮᠦ ᠪᠡᠶᠡᠯᠡᠭᠦᠯᠦᠨ᠎ᠠ᠃ ᠪᠠᠷᠢᠮᠵᠢᠶᠠᠵᠢᠬᠰᠠᠨ ᠮᠠᠯ ᠳᠡᠵᠢᠬᠡᠪᠦᠷᠢ ᠶᠢᠨ ᠬᠠᠰᠢᠶ᠎ᠠ ᠰᠠᠷᠠᠪᠴᠢ | ᠶᠢ 2000 ᠰᠠᠭᠤᠷᠢ᠂ 16 ᠲᠦᠮᠡᠨ ᠲᠡᠭᠰᠢ ᠲᠦᠷᠪᠡᠯᠵᠢᠨ ᠮᠧᠲᠷ ᠢ ᠰᠢᠨ᠎ᠡ ᠪᠠᠷ ᠪᠦᠲᠦᠭᠡᠨ ᠪᠠᠶᠢᠭᠤᠯᠤᠨ᠎ᠠ᠃ | ᠰᠤᠯᠠ ᠪᠠᠶᠢᠭ᠎ᠠ ᠲᠡᠵᠢᠭᠡᠨ ᠦᠷᠡᠵᠢᠭᠦᠯᠬᠦ ᠲᠤᠭᠤᠷᠢᠭ ᠤᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ | ᠦᠷ᠎ᠡ ᠠᠰᠢᠭ ᠢ ᠦᠨᠡᠨᠬᠦ ᠪᠠᠳᠠᠷᠠᠭᠤᠯᠤᠨ᠎ᠠ᠃ ᠠᠮᠢ ᠠᠬᠤᠢ ᠶᠢᠨ ᠨᠡᠬᠦᠳᠡᠯ ᠠᠷᠠᠳ ᠤᠨ ᠢᠨᠵᠧᠨᠧᠷᠢᠩ ᠤᠨ ᠲᠦᠷᠦᠯ | ᠵᠦᠢᠯ ᠳᠤ ᠲᠦᠰᠢᠭᠯᠡᠵᠤ᠂ ᠰᠢᠶᠠᠩ ᠲᠤᠰᠬᠤᠨ ᠤ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠠᠬᠢ | ᠬᠠᠮᠢᠶᠠᠷᠤᠯᠲᠠ ᠪᠠᠨ ᠴᠢᠩᠭᠠᠷᠠᠭᠤᠯᠵᠤ᠂ ᠴᠢᠳᠠᠬᠤ ᠶᠢᠨ ᠬᠢᠷᠢ ᠪᠠᠷ ᠬᠤᠶᠠᠷᠰᠤᠮᠤ᠂ ᠪᠠᠶᠠᠨᠨᠠᠭᠤᠷ᠂ ᠰᠢᠨᠡᠵᠠᠮ᠂ ᠭᠤᠤᠯ | ᠤᠨ ᠪᠠᠶᠢᠰᠢᠩ᠂ ᠲᠦᠷᠦᠯᠵᠢ᠂ ᠳᠠᠶᠢᠴᠨᠲᠠᠯᠠ᠂ ᠪᠠᠷᠠᠭᠤᠨ ᠵᠢᠷᠢᠮ ᠵᠡᠷᠭᠡ ᠰᠤᠮᠤ ᠪᠠᠯᠭᠠᠰᠤᠨ ᠤ ᠲᠦᠭᠦᠮ ᠪᠦᠲᠦᠴᠡᠲᠤ | ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠠᠵᠢᠯ ᠢ ᠴᠢᠷᠮᠠᠶᠢᠨ ᠡᠬᠢᠯᠡᠬᠦᠯᠦᠨ᠎ᠡ᠃ ᠬᠦᠳᠡᠭᠡ ᠲᠤᠰᠬᠤᠨ | ᠮᠠᠯᠵᠢᠬᠤ ᠤᠷᠤᠨ ᠤ ︽ᠲᠦᠷᠪᠡᠨ ᠲᠦᠷᠦᠯ ᠤᠨ ᠬᠦᠮᠦᠰ︾ ᠤᠨ ᠨᠤᠷᠠᠬᠤ ᠠᠶᠤᠯ ᠲᠠᠢ ᠭᠡᠷ ᠪᠠᠶᠢᠰᠢᠩ ᠢ | ᠦᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠲᠠᠭᠤᠰᠬᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠤᠷᠲᠤ ᠬᠤᠭᠤᠴᠠᠭᠠᠲᠤ ᠪᠦᠲᠦᠮᠵᠢᠲᠡᠢ ᠬᠠᠮᠢᠶᠠᠷᠤᠯᠲᠠ ᠶᠢᠨ ᠲᠦᠷᠢᠮ ᠢ | ᠳᠤᠭᠳᠠᠭᠠᠵᠤ᠂ ᠰᠤᠮᠤ ᠪᠠᠯᠭᠠᠰᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ ᠵᠠᠰᠠᠯᠲᠠ ᠶᠢ ᠪᠠᠬᠢᠵᠢᠭᠦᠯᠵᠦ᠂ ᠰᠤᠮᠤ ᠪᠠᠯᠭᠠᠰᠤᠨ ᠤ ᠲᠦᠷᠢ ᠲᠦᠷᠬᠦ ᠶᠢ | ᠦᠨᠡᠨᠬᠦ ᠳᠡᠭᠡᠭᠰᠢᠯᠡᠭᠦᠯᠦᠨ᠎ᠡ᠃ | ︵ᠲᠦᠷᠪᠡ︶ ᠰᠤᠶᠤᠯ ᠵᠢᠭᠤᠯᠴᠢᠯᠠᠯ ᠤᠨ ᠬᠦᠳᠡᠯᠭᠡᠬᠦ ᠬᠦᠴᠦᠨ ᠢ ᠨᠡᠩ ᠴᠢᠬᠤᠯᠠᠴᠢᠯᠠᠵᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ | ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠤᠨ᠎ᠠ᠃ | ᠰᠤᠶᠤᠯ ᠪᠡᠶ᠎ᠡ ᠲᠠᠮᠢᠷ ᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠬᠦᠨᠵᠡᠬᠡᠢ ᠬᠡᠷᠡᠭᠵᠢᠭᠦᠯᠦᠨ᠎ᠡ᠃ | ᠰᠢᠯᠢᠳᠡᠭ ᠦᠪ ᠰᠤᠶᠤᠯ ᠢᠶᠠᠨ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠨ᠂ ᠪᠤᠳᠠᠰ ᠤᠨ ᠪᠤᠰᠤ ᠰᠤᠶᠤᠯ ᠤᠨ ᠦᠪ | ᠢ ᠬᠠᠮᠠᠭᠠᠯᠠᠨ ᠵᠠᠯᠭᠠᠮᠵᠢᠯᠠᠬᠤ ᠠᠵᠢᠭᠯᠠᠬᠤ ᠴᠡᠭ ᠤᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠰᠠᠶᠢᠳᠤᠷ | ᠬᠢᠵᠦ᠂ ᠤᠯᠠᠭᠠᠨᠮᠦ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠤ ᠴᠡᠷᠢᠭ︾ ᠤᠨ | ᠦᠢᠯᠡᠳᠤᠯ ᠢ ᠪᠠᠳᠠᠷᠠᠭᠤᠯᠵᠤ᠂ ᠠᠷᠠᠳ ᠤᠯᠠᠨ ᠳᠤ ᠲᠤᠬᠢᠷᠠᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ | ᠨᠡᠩ ᠤᠯᠠᠨ ᠡᠭᠦᠳᠦᠨ ᠪᠦᠲᠦᠭᠡᠨ᠎ᠡ᠃ ᠮᠡᠷᠭᠡᠵᠢᠯ ᠤᠨ ᠵᠢᠯᠤᠭᠤᠳᠤᠯᠭ᠎ᠠ ᠪᠠ ᠵᠠᠬ᠎ᠠ ᠳᠡᠯᠭᠡᠭᠦᠷ ᠤᠨ ᠨᠡᠶᠢᠯᠡᠯᠲᠡ ᠶᠢ | ᠴᠢᠩᠭᠠᠳᠬᠠᠵᠤ᠂ ᠲᠦᠰᠢᠶᠡᠲᠤ ᠸᠠᠩ ᠤᠨ ᠤᠷᠳᠤᠨ ᠤ ᠬᠠᠳᠬᠤᠮᠠᠯ ᠤᠨ ᠦᠢᠯᠡᠰ ᠢ ᠬᠦᠭᠵᠢᠭᠦᠯᠦᠨ | ᠪᠤᠵᠠᠭᠠᠶᠢᠷᠠᠭᠤᠯᠤᠨ᠎ᠠ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠬᠦᠯᠵᠤ᠂ | ᠰᠤᠶᠤᠯ ᠤᠨ ᠤᠷᠳᠤᠨ᠂ ᠨᠤᠮ ᠤᠨ ᠰᠠᠩ ᠤᠨ ᠶᠡᠷᠤᠩᠬᠡᠢ ᠬᠤᠪᠢᠶᠠᠷᠢ ᠲᠦᠷᠢᠮ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ︽ᠠᠶᠢᠯ ᠲᠤᠰᠬᠤᠨ ᠪᠦᠬᠦᠨ ᠳᠤ ᠨᠡᠪᠲᠡᠷᠡᠬᠦ︾ | ᠂ ︽ᠡᠷᠦᠬᠡ ᠪᠦᠬᠦᠨ ᠳᠤ ᠨᠡᠪᠲᠡᠷᠡᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠂ ᠨᠡᠶᠢᠲᠡ ᠶᠢᠨ ᠪᠡᠶ᠎ᠡ ᠲᠠᠮᠢᠷ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ︽ | 10 ᠮᠢᠨᠦ᠋ᠲ ᠤᠨ ᠪᠡᠶ᠎ᠡ ᠪᠤᠯᠪᠠᠰᠤᠷᠠᠭᠤᠯᠤᠯᠲᠠ ᠶᠢᠨ ᠲᠤᠭᠤᠷᠢᠭ︾ ᠢ ᠪᠠᠶᠢᠭᠤᠯᠵᠤ᠂ ᠲᠦᠰᠢᠶᠡᠲᠤ ᠰᠤᠶᠤᠯ ᠪᠡᠶ᠎ᠡ | ᠲᠠᠮᠢᠷ ᠤᠨ ᠲᠦᠪ ᠤᠨ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠠᠬᠢᠭᠤᠯᠵᠤ᠂ ᠳᠤᠬᠠᠢ ᠶᠢᠨ ᠵᠢᠯ ᠳᠤ ᠠᠵᠢᠯ | ᠡᠬᠢᠯᠡᠬᠦᠯᠵᠦ ᠪᠠᠶᠢᠭᠤᠯᠬᠤ ᠪᠠᠷ ᠴᠢᠷᠮᠠᠶᠢᠨ᠎ᠠ᠃ ︽ᠮᠠᠯᠴᠢᠨ ᠲᠠᠷᠢᠶᠠᠴᠢᠨ ᠤ ᠪᠡᠶ᠎ᠡ ᠲᠠᠮᠢᠷ ᠤᠨ ᠪᠤᠯᠪᠠᠰᠤᠷᠠᠭᠤᠯᠤᠯᠲᠠ | ᠶᠢᠨ ᠢᠨᠵᠧᠨᠧᠷᠢᠩ︾ ᠢ ᠬᠡᠷᠡᠭᠵᠢᠭᠦᠯᠵᠦ᠂ ᠰᠤᠮᠤ ᠪᠠᠯᠭᠠᠰᠤᠨ ᠤ ᠵᠢᠵᠢᠭ ᠬᠡᠯᠪᠡᠷᠢ ᠶᠢᠨ ᠪᠦᠬᠦ ᠠᠷᠠᠳ ᠤᠨ ᠪᠡᠶ᠎ᠡ ᠪᠠᠨ | ᠪᠤᠯᠪᠠᠰᠤᠷᠠᠬᠤ ᠬᠦᠳᠡᠯᠭᠡᠭᠡᠨ ᠤ ᠲᠦᠪ ᠤᠨ ᠪᠠᠶᠢᠭᠤᠯᠤᠯᠳᠠ ᠶᠢᠨ ᠠᠬᠢᠴᠠ ᠶᠢ ᠳᠦᠷᠭᠡᠳᠭᠡᠵᠤ᠂ ᠡᠷᠳᠡ ᠡᠳᠦᠷ ᠰᠤᠮᠤ | ᠪᠠᠯᠭᠠᠰᠤᠨ ᠤ ᠪᠦᠷᠬᠦᠭᠦᠯᠦᠯᠲᠡ ᠶᠢ ᠪᠡᠶᠡᠯᠡᠭᠦᠯᠦᠨ᠎ᠡ᠃ | ᠵᠢᠭᠤᠯᠴᠢᠯᠠᠯ ᠤᠨ ᠦᠢᠯᠡᠰ ᠤᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦᠯᠬᠦ ᠶᠢ ᠠᠬᠢᠭᠤᠯᠤᠨ᠎ᠠ᠃ ︿︿ | ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠪᠦᠬᠦ ᠬᠢᠵᠠᠭᠠᠷ ᠤᠨ ᠵᠢᠭᠤᠯᠴᠢᠯᠠᠯ ᠤᠨ ᠬᠦᠭᠵᠢᠯᠲᠡ ᠶᠢᠨ | ᠲᠦᠯᠦᠪᠵᠢᠭᠦᠯᠭᠡ ︵2017 —2027 ᠤᠨ︶﹀﹀ ᠵᠢᠴᠢ ᠬᠠᠩᠭᠠᠯ ᠨᠠᠭᠤᠷ — ᠪᠠᠲᠤᠴᠠᠭᠠᠨ ᠤ ᠵᠢᠭᠤᠯᠴᠢᠯᠠᠯ | ᠤᠨ ᠰᠡᠯᠡᠬᠦᠴᠡᠨ ᠵᠤᠭᠠᠴᠠᠬᠤ ᠤᠷᠤᠨ ᠬᠦᠷᠬᠦ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠳᠦᠷᠭᠡᠭᠡᠨ ᠳᠠᠭᠤᠰᠬᠠᠵᠤ᠂ ᠦᠵᠡᠮᠵᠢ ᠶᠢᠨ ᠤᠷᠤᠨ ᠪᠠ | ᠦᠵᠡᠮᠵᠢ ᠶᠢᠨ ᠭᠠᠵᠠᠷ ᠤᠨ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠲᠤᠴᠠᠭᠠᠨ ᠤ ᠦᠵᠡᠮᠵᠢ ᠶᠢᠨ ᠤᠷᠤᠨ ᠤ | ᠵᠢᠭᠤᠯᠴᠢᠯᠠᠭᠴᠢᠳ ᠤᠨ ᠦᠢᠯᠡᠴᠢᠯᠡᠭᠡᠨ ᠤ ᠲᠦᠪ᠂ ᠠᠯᠬᠤᠨ ᠶᠠᠪᠤᠬᠤ ᠵᠦᠷᠢᠭ᠂ ᠦᠵᠡᠮᠵᠢ ᠶᠢᠨ ᠲᠠᠶᠢᠰᠠ ᠵᠡᠷᠭᠡ | ᠰᠠᠭᠤᠷᠢ ᠲᠦᠬᠦᠭᠡᠷᠦᠮᠵᠢ ᠶᠢ ᠠᠵᠢᠯ ᠡᠬᠢᠯᠡᠬᠦᠯᠦᠨ ᠪᠠᠶᠢᠭᠤᠯᠵᠤ᠂ ᠲᠦᠰᠢᠶᠡᠲᠤ ᠸᠠᠩ ᠤᠨ ᠤᠷᠳᠤᠨ ᠤ ᠡᠮᠦᠨ᠎ᠡ | ᠠᠭᠤᠳᠠᠮ ᠲᠠᠯᠠᠪᠠᠢ ᠶᠢᠨ ᠠᠵᠢᠯ ᠢ ᠡᠬᠢᠯᠡᠬᠦᠯᠵᠤ ᠪᠦᠲᠦᠭᠡᠨ ᠪᠠᠶᠢᠭᠤᠯᠤᠨ᠂ ᠲᠦᠰᠢᠶᠡᠲᠤ ᠮᠤᠷᠢᠨ ᠤᠷᠤᠯᠳᠤᠭᠠᠨ ᠤ | ᠲᠠᠯᠠᠪᠠᠢ᠂ ᠬᠠᠩᠭᠠᠯ ᠨᠠᠭᠤᠷ ᠤᠨ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ | ᠦᠷᠭᠡᠳᠭᠡᠵᠦ᠂ ᠨᠠᠭᠤᠷ ᠢ ᠲᠤᠭᠤᠷᠢᠭᠰᠠᠨ ᠤᠷᠤᠯᠳᠤᠭᠠᠨ ᠤ ᠵᠠᠮ᠂ ᠡᠯᠡᠰᠤᠨ ᠲᠠᠩ ᠤᠨ ᠤᠮᠪᠠᠯᠲᠠ ᠶᠢᠨ ᠭᠠᠵᠠᠷ᠂ | ᠲᠦᠰᠢᠶᠡᠲᠤ ᠮᠤᠩᠭᠤᠯ ᠪᠠᠭᠤᠴᠠ᠂ ᠮᠤᠳᠤᠨ ᠬᠠᠭ ᠤᠨ ᠬᠤᠪᠢ ᠬᠦᠮᠦᠨ ᠤ ᠲᠡᠷᠭᠡ ᠵᠢᠯᠤᠭᠤᠳᠬᠤ ᠪᠠᠭᠤᠴᠠ ᠵᠡᠷᠭᠡ | ᠲᠦᠷᠦᠯ ᠵᠦᠢᠯ ᠢ ᠴᠢᠳᠠᠬᠤ ᠶᠢᠨ ᠬᠢᠷᠢ ᠪᠠᠷ ᠵᠢᠯ ᠤᠨ ᠳᠤᠳᠤᠷ᠎ᠠ ᠠᠵᠢᠯ ᠡᠬᠢᠯᠡᠬᠦᠯᠦᠨ ᠪᠦᠲᠦᠭᠡᠨ ᠪᠠᠶᠢᠭᠤᠯᠤᠨ᠎ᠠ᠃ | ᠵᠢᠭᠤᠯᠴᠢᠯᠠᠯ ᠤᠨ ︽ᠵᠤᠷᠯᠤᠩ ᠤᠨ ᠬᠤᠪᠢᠰᠬᠠᠯ︾ ᠢ ᠢᠳᠡᠪᠬᠢᠲᠠᠢ ᠳᠦᠯᠬᠢᠨ ᠠᠬᠢᠭᠤᠯᠵᠤ᠂ ᠳᠤᠬᠠᠢ ᠶᠢᠨ ᠵᠢᠯ ᠳᠤ | ᠭᠤᠤᠯᠳᠠᠯᠭ᠎ᠠ ᠲᠠᠢ ᠦᠵᠡᠮᠵᠢ ᠶᠢᠨ ᠤᠷᠤᠨ ᠳᠤ 10 ᠰᠠᠭᠤᠷᠢ ᠵᠢᠭᠤᠯᠴᠢᠯᠠᠯ ᠤᠨ ᠰᠢᠯᠵᠢᠮᠡᠯ ᠵᠤᠷᠯᠤᠩ ᠢ | ᠪᠠᠶᠢᠭᠤᠯᠤᠨ᠎ᠠ᠃ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠠᠶᠢᠭᠤᠯᠵᠤ᠂ ᠳᠠᠶᠢᠴᠢᠨᠳᠠᠯᠠ ᠠᠴᠠ ᠬᠤᠤᠯᠢᠨ | ᠭᠤᠤᠯ ᠬᠦᠷᠬᠦ᠂ ᠪᠠᠶᠠᠨᠬᠤᠰᠢᠭᠤ ᠠᠴᠠ ᠬᠦᠨᠳᠡᠯᠡᠨ ᠬᠦᠷᠬᠦ ᠵᠠᠰᠠᠮᠠᠯ ᠵᠠᠮ ᠢᠶᠠᠷ ᠠᠴᠢᠶᠠᠯᠠᠭᠴᠢ ᠪᠤᠯᠭᠠᠵᠤ᠂ | ᠪᠠᠲᠤᠴᠠᠭᠠᠨ᠂ ᠠᠷᠪᠠᠨ ᠬᠤᠰᠢᠭᠤᠨ ᠤ ᠴᠢᠭᠤᠯᠭᠠᠨ ᠤ ᠭᠠᠵᠠᠷ᠂ ᠮᠦᠩᠭᠡ ᠬᠠᠨ ᠠᠭᠤᠯᠠ ᠵᠡᠷᠭᠡ ᠦᠵᠡᠮᠵᠢ ᠶᠢᠨ | ᠤᠷᠤᠨ ᠤ ᠲᠤᠭᠤᠷᠢᠨ ᠳᠤ᠂ ᠪᠠᠶ᠋ᠬᠤᠪᠤᠭ᠎ᠠ᠂ ᠰᠢᠶᠠᠨ ᠭᠤᠸᠠᠩ᠂ ᠬᠠᠷᠠᠳᠤᠪᠤ ᠵᠡᠷᠭᠡ ᠭᠠᠴᠠᠭ᠎ᠠ ᠶᠢᠨ ᠳᠠᠷᠢᠶᠠᠯᠠᠩ ᠤᠨ | ᠬᠦᠷᠢᠶᠡᠯᠡᠩ ᠤᠨ ᠶᠡᠷᠦᠩᠭᠡᠶᠢᠯᠡᠭᠰᠡᠨ ᠴᠤᠭᠴᠠᠲᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠦᠪᠡᠷᠮᠢᠴᠡ ᠤᠨᠴᠠᠯᠢᠭᠲᠤ ᠬᠦᠳᠡᠭᠡ ᠨᠤᠲᠤᠭ ᠤᠨ ᠵᠢᠭᠤᠯᠴᠢᠯᠠᠯ ᠤᠨ ᠴᠡᠭ ᠢᠶᠠᠷ ᠳᠤᠯᠭᠠᠭᠤᠷᠢᠯᠠᠯ ᠪᠤᠯᠭᠠᠵᠤ᠂ | ᠦᠨᠳᠦᠰᠦᠲᠡᠨ ᠤ ᠠᠮᠢ ᠠᠬᠤᠶᠢᠴᠢᠯᠠᠭᠰᠠᠨ ᠵᠠᠩ ᠠᠷᠠᠨᠰᠢᠨ ᠲᠠᠢ ᠰᠤᠶᠤᠯ ᠵᠢᠭᠤᠯᠴᠢᠯᠠᠯ ᠤᠨ ᠵᠠᠮ ᠱᠤᠭᠤᠮ ᠢ | ᠪᠠᠶᠢᠭᠤᠯᠤᠨ᠎ᠠ᠃ ᠴᠦᠬᠡᠨ ᠲᠤᠭᠠᠲᠤ ᠦᠨᠳᠦᠰᠦᠲᠡᠨ ᠤ ᠠᠶᠢᠯ ᠲᠤᠰᠬᠤᠨ ᠢ ᠪᠦᠲᠦᠭᠡᠨ ᠪᠠᠶᠢᠭᠤᠯᠬᠤ ᠲᠦᠷᠦᠯ ᠵᠦᠢᠯ | ᠳᠤ ᠲᠦᠰᠢᠭᠯᠡᠨ᠂ ᠬᠤᠷᠴᠢᠨ ᠰᠤᠶᠤᠯ ᠢᠶᠠᠷ ᠠᠴᠢᠶᠠᠯᠠᠭᠴᠢ ᠪᠤᠯᠭᠠᠵᠤ᠂ ᠲᠦᠯᠢᠶᠡᠮᠤᠲᠤ ᠶᠢᠨ ᠠᠷᠪᠠᠨ ᠬᠤᠰᠢᠭᠤ ᠶᠢᠨ | ᠴᠢᠭᠤᠯᠭᠠᠨ ᠤ ᠭᠠᠵᠠᠷ᠂ ᠳᠠᠶᠢᠴᠢᠨᠲᠠᠯ᠎ᠠ ᠶᠢᠨ ᠸᠠᠩ ᠤᠨ ᠤᠷᠳᠤᠨ ᠤ ᠰᠤᠶᠤᠯ᠂ ᠪᠠᠷᠠᠭᠤᠨ ᠵᠢᠷᠢᠮ ᠤᠨ ᠮᠤᠩᠭᠤᠯ | ᠡᠮ ᠡᠮᠨᠡᠯᠭᠡ ᠶᠢᠨ ᠰᠤᠪᠢᠯᠠᠯᠲᠠ ᠵᠡᠷᠭᠡ 3 ᠤᠨᠴᠠᠯᠢᠭᠲᠤ ᠵᠢᠵᠢᠭ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ᠪᠦᠬᠦ | ᠬᠢᠵᠠᠭᠠᠷ ᠤᠨ ᠵᠢᠭᠤᠯᠴᠢᠯᠠᠯ ᠤᠨ ᠪᠤᠯᠪᠠᠰᠤᠨ ᠤ ᠵᠠᠮ ᠱᠤᠭᠤᠮ ᠤᠨ ᠠᠵᠢᠯᠯᠠᠭᠠᠨ ᠢ ᠬᠦᠨᠵᠡᠬᠡᠢ ᠬᠡᠷᠡᠭᠵᠢᠭᠦᠯᠵᠦ᠂ | ᠮᠦᠩᠭᠡ ᠬᠠᠨ ᠠᠭᠤᠯᠠ᠂ ᠪᠠᠲᠤᠴᠠᠭᠠᠨ ᠵᠡᠷᠭᠡ ᠦᠵᠡᠮᠵᠢ ᠶᠢᠨ ᠤᠷᠤᠨ ᠤ ᠤᠷᠴᠢᠨ ᠲᠤᠭᠤᠷᠢᠨ ᠢ ᠦᠭᠡᠷᠡᠴᠢᠯᠡᠨ | ᠵᠠᠰᠠᠵᠤ᠂ ᠵᠢᠭᠤᠯᠴᠢᠯᠠᠯ ᠤᠨ ᠦᠢᠯᠡᠴᠢᠯᠡᠬᠡᠨ ᠤ ᠤᠷᠴᠢᠨ ᠳᠤᠭᠤᠷᠢᠨ ᠢ ᠰᠢᠯᠢᠳᠡᠭᠵᠢᠭᠦᠯᠦᠨ᠎ᠡ᠃ ︽ᠰᠤᠶᠤᠯ + | ᠪᠡᠶ᠎ᠡ ᠲᠠᠮᠢᠷ + ᠵᠢᠭᠤᠯᠴᠢᠯᠠᠯ︾ ᠤᠨ ᠬᠦᠨᠵᠡᠬᠡᠢ ᠠᠭᠤᠰᠤᠯᠴᠠᠯ ᠢ ᠲᠦᠯᠬᠢᠨ ᠠᠬᠢᠭᠤᠯᠵᠤ᠂ ᠲᠤᠮᠲᠠᠲᠤ ᠤᠯᠤᠰ ᠤᠨ | ᠬᠤᠷᠳᠤᠨ ᠮᠤᠷᠢᠨ ᠤ ᠱᠠᠩᠨᠠᠯᠲᠤ ᠤᠷᠤᠯᠳᠤᠭᠠᠨ ᠪᠠ ᠪᠦᠬᠦ ᠤᠷᠤᠨ ᠤ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠲᠠᠮᠢᠷ | ᠤᠨ ᠨᠠᠭᠠᠳᠤᠮ ᠵᠡᠷᠭᠡ ᠶᠡᠭᠡ ᠬᠡᠪᠴᠢᠶᠡᠨ ᠤ ᠤᠷᠤᠯᠳᠤᠭᠠᠨ ᠤ ᠶᠠᠪᠤᠳᠠᠯ ᠢ ᠰᠠᠶᠢᠳᠣᠷ ᠳᠠᠭᠠᠭᠠᠴᠢᠯᠠᠨ ᠡᠷᠬᠢᠯᠡᠵᠤ᠂ | ᠨᠡᠷᠡᠲᠤ ᠲᠡᠮᠲᠡᠭᠲᠤ ᠤᠷᠤᠯᠳᠤᠭᠠᠨ ᠤ ᠶᠠᠪᠤᠳᠠᠯ ᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠰᠢᠨ ᠰᠢᠨ | ᠮᠠᠰᠢᠨ ᠲᠡᠷᠭᠡᠨ ᠤ ᠠᠷᠠᠯᠵᠢᠶᠠᠨ ᠤ ᠬᠤᠲᠠ᠂ ᠳᠦᠷᠪᠡᠨ ᠤᠯᠠᠷᠢᠯ ᠤᠨ ᠬᠤᠳᠠᠯᠳᠣᠭᠠᠨ ᠤ ᠲᠦᠪ᠂ ᠲᠦᠰᠢᠶᠡᠲᠤ | ᠠᠷᠠᠯᠵᠢᠶ᠎ᠠ ᠬᠤᠳᠠᠯᠳᠤᠭᠠᠨ ᠤ ᠬᠤᠲᠠ ︵ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ ᠲᠡᠯᠭᠡᠭᠦᠷ︶᠂ ᠬᠤᠷᠴᠢᠨ | ᠪᠠᠷᠠᠭ᠎ᠠ ᠬᠤᠳᠠᠯᠳᠤᠭᠠᠨ ᠤ ᠲᠦᠪ ᠢ ᠦᠭᠡᠷᠡᠴᠢᠯᠡᠨ ᠪᠠᠶᠢᠭᠤᠯᠬᠤ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢᠨ | ᠠᠰᠢᠭᠯᠠᠯᠳᠠ ᠳᠤ ᠤᠷᠤᠬᠤ ᠶᠢ ᠪᠠᠲᠤᠯᠠᠵᠤ᠂ ᠴᠢᠳᠠᠬᠤ ᠶᠢᠨ ᠬᠢᠷᠢ ᠪᠠᠷ ᠲᠤᠮᠲᠠ ᠬᠤᠶᠢᠲᠤ ᠬᠡᠰᠡᠭ ᠲᠤ 1 ᠰᠠᠭᠤᠷᠢ | ᠮᠠᠯ ᠳᠡᠵᠢᠬᠡᠪᠦᠷᠢ ᠨᠢᠳᠤᠯᠠᠬᠤ ᠭᠠᠵᠠᠷ ᠢ ᠪᠠᠶᠢᠭᠤᠯᠤᠨ᠎ᠠ᠃ ᠬᠠᠤᠯᠢ ᠪᠤᠰᠤ ᠪᠠᠷ ᠭᠧᠨ ᠢ ᠬᠤᠪᠢᠷᠠᠭᠤᠯᠤᠭᠰᠠᠨ ᠦᠷ᠎ᠡ ᠶᠢ | ᠦᠢᠯᠡᠳᠪᠦᠷᠢᠯᠡᠨ ᠡᠵᠡᠩᠨᠡᠬᠦ ᠦᠢᠯᠡ ᠠᠵᠢᠯᠯᠠᠭ᠎ᠠ ᠳᠤ ᠬᠦᠨᠳᠤ ᠴᠤᠬᠢᠯᠲᠠ ᠦᠭᠴᠤ᠂ ᠭᠧᠨ ᠢ ᠬᠤᠪᠢᠷᠠᠭᠤᠯᠤᠭᠰᠠᠨ | ᠲᠠᠷᠢᠮᠠᠯ ᠲᠠᠷᠢᠬᠤ ᠶᠢ ᠬᠤᠷᠢᠭᠯᠠᠨ᠎ᠠ᠃ ︽ᠲᠦᠷᠭᠡᠨ ᠬᠦᠷᠭᠡᠯᠲᠡ ᠬᠦᠳᠡᠭᠡ ᠪᠠᠭᠤᠬᠤ︾ ᠢᠨᠵᠧᠨᠧᠷᠢᠩ ᠢ | ᠬᠡᠷᠡᠭᠵᠢᠭᠦᠯᠵᠦ᠂ ︽ᠲᠠᠯ᠎ᠠ ᠨᠤᠲᠤᠭ ᠤᠨ ᠰᠢᠯᠢᠯᠲᠡ︾ ᠡᠯᠧᠺᠲᠷᠤᠨ ᠬᠤᠳᠠᠯᠳᠤᠭᠠᠨ ᠤ ᠲᠠᠪᠴᠠᠩ ᠢ | ᠪᠤᠵᠠᠭᠠᠶᠢᠷᠠᠭᠤᠯᠤᠨ ᠬᠦᠭᠵᠢᠬᠦᠯᠵᠤ᠂ ᠤᠨᠴᠠᠯᠢᠭᠲᠤ ᠳᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠬᠦᠨ ᠤ ᠳᠠᠪᠠᠭᠤᠯᠢᠭ ᠲᠤ ᠳᠦᠰᠢᠭᠯᠡᠵᠤ᠂ ᠡᠯ ᠯᠦᠩ ᠲᠦᠨ ᠠᠮᠤ ᠪᠤᠳᠠᠭᠠᠨ ᠤ ᠦᠢᠯᠡᠰ᠂ ᠵᠦᠩ ᠶᠠᠩ | ᠲᠠᠷᠢᠶᠠᠯᠠᠩ᠂ ᠶᠢᠨ ᠭᠧ ᠯᠧ ᠢᠳᠡᠭᠡᠨ ᠵᠡᠷᠭᠡ ᠤᠯᠠᠮᠵᠢᠯᠠᠯᠲᠤ ᠠᠵᠤ ᠠᠬᠤᠶᠢᠯᠠᠯ ᠪᠠ ᠮᠧᠢ ᠼᠠᠢ ᠳᠤᠤᠷ ᠰᠦᠯᠵᠢᠶ᠎ᠡ | ᠵᠡᠷᠭᠡ ᠨᠡᠷᠡᠲᠤ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ | ᠲᠡᠳᠭᠦᠬᠦ ᠳᠤ ᠤᠷᠤᠯᠴᠠᠬᠤ ᠶᠢ ᠵᠤᠷᠢᠭᠵᠢᠭᠤᠯᠵᠤ᠂ ︽ᠮᠠᠯᠴᠢᠨ ᠲᠠᠷᠢᠶᠠᠴᠢᠨ + ᠰᠠᠭᠤᠷᠢᠨ ᠭᠠᠵᠠᠷ ︵ᠠᠵᠤ | ᠦᠢᠯᠡᠰ︶ + ᠠᠵᠤ ᠠᠬᠤᠶᠢᠯᠠᠯ ︵ᠨᠡᠶᠢᠭᠡᠮᠯᠢᠭ᠂ ᠬᠤᠷᠰᠢᠶᠠᠵᠢᠯ︶ ᠡᠯᠧᠺᠲᠷᠤᠨ ᠬᠤᠳᠠᠯᠳᠤᠭᠠᠨ ᠤ ᠲᠠᠪᠴᠠᠩ︾ | ᠤᠨ ᠬᠡᠯᠪᠡᠷᠢ ᠪᠠᠷ ᠳᠡᠮᠵᠢᠵᠤ᠂ ᠳᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠭᠦᠨ ᠤ | ᠪᠤᠷᠤᠯᠠᠭᠤᠯᠤᠨ ᠬᠤᠳᠠᠯᠳᠤᠬᠤ ᠠᠷᠭ᠎ᠠ ᠵᠠᠮ ᠢ ᠦᠷᠭᠡᠳᠭᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ | ᠪᠦᠲᠦᠮᠵᠢᠲᠡᠢ ᠳᠠᠶᠢᠴᠢᠯᠠᠨ᠎ᠠ᠃ | ︵ ᠲᠠᠪᠤ︶ ᠲᠦᠷᠦᠯ ᠵᠦᠢᠯ ᠢᠶᠠᠷ ᠬᠦᠭᠵᠢᠯᠲᠡ ᠶᠢ ᠬᠦᠲᠦᠯᠦᠨ ᠳᠠᠭᠠᠭᠤᠯᠬᠤ ᠶᠢ ᠨᠡᠩ ᠴᠢᠬᠤᠯᠠᠴᠢᠯᠠᠵᠤ᠂ | ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠂ ᠲᠦᠷᠦᠯ ᠵᠦᠢᠯ ᠤᠨ ᠨᠤᠳᠤᠭᠰᠢᠬᠤ ᠶᠢ ᠠᠬᠢᠭᠤᠯᠵᠤ᠂ | ᠪᠡᠯᠡ ᠤᠷᠤᠭᠤᠯᠤᠯᠲᠠ ᠶᠢᠨ ᠬᠦᠳᠡᠯᠭᠡᠬᠦ ᠬᠦᠴᠦᠨ ᠢ ᠭᠦᠢᠴᠡᠳ ᠢᠯᠡᠷᠡᠭᠦᠯᠦᠨ᠎ᠡ᠃ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠤᠯᠤᠰ᠂ ᠦᠪᠡᠷᠲᠡᠭᠡᠨ ᠵᠠᠰᠠᠬᠤ ᠤᠷᠤᠨ ᠪᠠ ᠬᠢᠩᠭᠠᠨ ᠠᠶᠢᠮᠠᠭ ᠤᠨ ᠲᠦᠷᠦ ᠶᠢᠨ ᠪᠤᠳᠤᠯᠭ᠎ᠠ ᠶᠢ ᠵᠠᠳᠠᠯᠤᠨ | ᠤᠶᠢᠯᠭᠠᠵᠤ᠂ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠲᠦᠷᠦᠯ | ᠵᠦᠢᠯ ᠤᠨ ᠪᠡᠯᠡᠳᠭᠡᠯ ᠠᠵᠢᠯ ᠢ ᠰᠠᠶᠢᠳᠤᠷ ᠬᠢᠵᠤ᠂ ᠬᠢᠨᠠᠮᠠᠭᠠᠢ ᠲᠦᠰᠦᠪᠯᠡᠨ᠂ ᠪᠤᠭᠤᠳᠠᠯᠯᠠᠵᠤ᠂ ᠨᠢᠭᠡ ᠪᠦᠯᠦᠭ | ᠤᠶᠢᠷ᠎ᠠ ᠶᠢᠨ ᠬᠤᠭᠤᠴᠠᠭᠠᠨ ᠤ᠂ ᠤᠳᠤᠬᠢ᠂ ᠬᠤᠶᠢᠰᠢᠲᠠ ᠶᠢᠨ ᠴᠢᠬᠤᠯᠠ ᠶᠡᠭᠡ ᠲᠦᠷᠦᠯ ᠵᠦᠢᠯ ᠢ ᠨᠦᠬᠡᠴᠡᠯᠡᠵᠤ᠂ | ︽ᠨᠢᠬᠡ ᠪᠦᠯᠦᠭ ᠬᠡᠷᠡᠭᠵᠢᠬᠦᠯᠬᠦ᠂ ᠨᠢᠬᠡ ᠪᠦᠯᠦᠭ ᠨᠦᠬᠡᠴᠡᠯᠡᠬᠦ᠂ ᠨᠢᠬᠡ ᠪᠦᠯᠦᠭ ᠰᠦᠪᠡᠭᠴᠢᠯᠡᠬᠦ︾ ᠪᠦᠮᠪᠦᠷᠭᠡᠨ | ᠲᠤᠭᠲᠠᠯᠴᠠᠭ᠎ᠠ ᠶᠢ ᠪᠦᠷᠢᠯᠳᠦᠭᠦᠯᠵᠦ᠂ ᠲᠦᠷᠦᠯ ᠵᠦᠢᠯ ᠤᠨ ︽ᠬᠡᠵᠢᠶ᠎ᠡ ᠬᠡᠷᠡᠭᠯᠡᠪᠡᠯ ᠬᠡᠵᠢᠶ᠎ᠡ ᠪᠠᠶᠢᠬᠤ᠂ ᠬᠡᠵᠢᠶ᠎ᠡ | ᠬᠡᠷᠭᠰᠡᠪᠡᠯ ᠬᠡᠵᠢᠶ᠎ᠡ ᠭᠡᠷᠡᠭᠯᠡᠬᠦ︾ ᠶᠢ ᠪᠠᠲᠤᠯᠠᠨ᠎ᠠ᠃ ᠰᠢᠶᠠᠨ ᠤ ᠳᠡᠰ ᠤᠨ ᠭᠠᠳᠠᠭᠰᠢ ᠭᠠᠷᠬᠤ ᠵᠠᠰᠠᠮᠠᠯ ᠵᠠᠮ ᠢ ᠪᠦᠬᠦ | ᠲᠠᠯ᠎ᠠ ᠪᠠᠷ ᠪᠠᠶᠢᠭᠤᠯᠵᠤ᠂ ᠪᠦᠬᠦ ᠤᠷᠲᠤ ᠨᠢ 45 ᠺᠢᠯᠤᠮᠧᠲᠷ ᠤᠨ ᠮᠤᠵᠢ ᠶᠢᠨ ᠬᠤᠭᠤᠷᠤᠨᠳᠤᠬᠢ ᠵᠠᠮ 210 | ᠱᠤᠭᠤᠮ ᠤᠨ ᠳ᠋ᠢ ᠬᠦᠩ ᠬᠤᠸᠠ ᠠᠴᠠ ᠲᠦᠴᠢᠤᠸᠠᠨ ᠬᠦᠷᠬᠦ ᠵᠠᠰᠠᠮᠠᠯ ᠵᠠᠮ ᠤᠨ ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠪᠦᠬᠦ ᠤᠷᠲᠤ ᠨᠢ 21 ᠺᠢᠯᠤᠮᠧᠲᠷ ᠤᠨ ᠪᠠᠶᠠᠨᠬᠤᠰᠢᠭᠤ ᠠᠴᠠ ᠺᠠᠢ ᠲᠦᠩ | ᠬᠦᠷᠬᠦ ᠱᠤᠭᠤᠮ ᠤᠨ ᠭᠤᠤᠯ ᠤᠨ ᠪᠠᠶᠢᠰᠢᠩ ᠠᠴᠠ ᠲᠦᠩ ᠢᠦᠢ ᠬᠦᠷᠬᠦ ᠵᠠᠰᠠᠮᠠᠯ ᠵᠠᠮ ᠤᠨ ᠡᠮᠦᠨᠡᠬᠢ ᠬᠤᠭᠤᠴᠠᠭᠠᠨ | ᠤ ᠠᠵᠢᠯ ᠢ ᠢᠳᠡᠪᠬᠢᠲᠡᠢ ᠠᠬᠢᠭᠤᠯᠵᠤ᠂ ᠭᠠᠳᠠᠭᠠᠲᠤ ᠬᠠᠷᠢᠯᠴᠠᠭ᠎ᠠ ᠶᠢᠨ ᠨᠡᠪᠲᠡᠷᠡᠬᠦ ᠵᠠᠮ ᠤᠨ ᠭᠠᠷᠬᠤ ᠰᠠᠭᠠᠳ ᠦᠬᠡᠢ | ᠵᠠᠮ ᠱᠤᠭᠤᠮ ᠲᠠᠢ ᠪᠤᠯᠭᠠᠨ᠎ᠠ᠃ ᠶᠡᠷᠤᠩᠬᠡᠢ ᠪᠡᠯᠡ ᠤᠷᠤᠭᠤᠯᠤᠯᠲᠠ 20.4 ᠳ᠋ᠦᠩᠰᠢᠭᠤᠷ ᠲᠦᠭᠦᠷᠢᠭ᠂ ᠪᠦᠬᠦ | ᠤᠷᠲᠤ ᠨᠢ 55 ᠺᠢᠯᠤᠮᠧᠲᠷ ᠤᠨ ᠮᠤᠵᠢ ᠶᠢᠨ ᠬᠤᠭᠤᠷᠤᠨᠳᠤᠬᠢ ᠵᠠᠰᠠᠮᠠᠯ ᠵᠠᠮ ᠢ ᠦᠨᠳᠦᠷ ᠬᠤᠷᠳᠤᠴᠠᠳᠤ ᠵᠠᠮ ᠢᠶᠠᠷ | ᠦᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠨ ᠪᠠᠶᠢᠭᠤᠯᠬᠤ ᠪᠠᠷ ᠴᠢᠷᠮᠠᠶᠢᠵᠤ᠂ ᠶᠡᠷᠤᠩᠬᠡᠢ ᠪᠡᠯᠡ ᠤᠷᠤᠭᠤᠯᠤᠯᠲᠠ | 21.6 ᠳ᠋ᠦᠩᠰᠢᠭᠤᠷ ᠲᠦᠭᠦᠷᠢᠭ᠂ ᠪᠦᠬᠦ ᠤᠷᠲᠤ ᠨᠢ 56 ᠺᠢᠯᠤᠮᠧᠲᠷ ᠤᠨ ᠪᠠᠶᠠᠨᠬᠤᠰᠢᠭᠤ ᠠᠴᠠ ᠲᠦᠩ ᠢᠦᠢ | ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠲᠦᠷᠦᠯ ᠵᠦᠢᠯ ᠤᠨ ᠪᠡᠯᠡᠳᠭᠡᠯ ᠠᠵᠢᠯ ᠢ ᠲᠦᠯᠬᠢᠨ ᠠᠬᠢᠭᠤᠯᠤᠨ᠎ᠠ | ᠃ ᠶᠡᠷᠤᠩᠬᠡᠢ ᠪᠡᠯᠡ ᠤᠷᠤᠭᠤᠯᠤᠯᠲᠠ ᠨᠢ 9700 ᠲᠦᠮᠡᠨ ᠲᠦᠭᠦᠷᠢᠭ ᠤᠨ ᠳᠠᠷᠢᠶᠠᠯᠠᠩ ᠳᠤ ᠭᠡᠷᠡᠭᠯᠡᠬᠦ ᠴᠠᠬᠢᠯᠭᠠᠨ ᠤ | ᠳᠤᠤᠷ ᠢ ᠦᠭᠡᠷᠡᠴᠢᠯᠡᠬᠦ ᠲᠦᠷᠦᠯ ᠵᠦᠢᠯ ᠢ ᠬᠡᠷᠡᠭᠵᠢᠭᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠴᠠᠬᠢᠯᠭᠠᠨ | ᠤ ᠲᠤᠤᠷ ᠤᠨ ᠨᠦᠭᠦᠴᠡᠯ ᠢ ᠪᠦᠲᠦᠮᠵᠢᠲᠡᠢ ᠰᠠᠶᠢᠵᠢᠷᠠᠭᠤᠯᠤᠨ᠎ᠠ᠃ ᠵᠠᠷᠤᠳ ᠠᠴᠠ ᠬᠢᠩᠭᠠᠨ ᠪᠠ ᠵᠠᠷᠤᠳ ᠠᠴᠠ | ᠬᠢᠷᠢᠨ ᠬᠦᠷᠬᠦ 500 ᠺᠢᠯᠤᠸᠠᠯᠲ ᠤᠨ ᠦᠨᠳᠦᠷ ᠳᠡᠰ ᠤᠨ ᠴᠠᠬᠢᠯᠭᠠᠨ ᠬᠦᠴᠦᠨ ᠬᠤᠪᠢᠷᠠᠭᠤᠯᠵᠤ ᠬᠦᠷᠭᠡᠬᠦ ᠱᠤᠭᠤᠮ | ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠳᠦᠷ ᠬᠡᠷᠡᠭᠵᠢᠭᠦᠯᠵᠦ᠂ ᠨᠡᠶᠢᠳᠡᠮ ᠬᠡᠷᠡᠭᠯᠡᠬᠦ ᠨᠢᠰᠭᠡᠯ ᠤᠨ | ᠪᠠᠭᠤᠳᠠᠯ ᠤᠨ ᠲᠦᠷᠦᠯ ᠵᠦᠢᠯ ᠤᠨ ᠪᠡᠯᠡᠳᠭᠡᠯ ᠠᠵᠢᠯ ᠢ ᠲᠦᠯᠬᠢᠨ ᠠᠬᠢᠭᠤᠯᠵᠤ᠂ ᠵᠢᠯ ᠳᠤ ᠠᠵᠢᠯ ᠡᠬᠢᠯᠡᠬᠦᠯᠬᠦ | ᠨᠦᠭᠦᠴᠡᠯ ᠲᠠᠢ ᠪᠤᠯᠭᠠᠬᠤ ᠶᠢ ᠪᠠᠲᠤᠯᠠᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠦᠷ ᠠᠳᠬᠤᠨ᠎ᠠ᠃ ︽ | ᠤᠷᠢᠵᠤ ᠠᠪᠴᠢᠷᠠᠬᠤ︾ ᠪᠠ ︽ᠠᠯᠬᠤᠵᠤ ᠭᠠᠷᠬᠤ︾ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ᠤᠷᠤᠨ | ᠪᠦᠰᠡ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠴᠢᠷᠮᠠᠶᠢᠨ ᠦᠷᠭᠡᠳᠭᠡᠵᠤ᠂ ᠨᠡᠩ ᠦᠷᠭᠡᠨ ᠬᠡᠪᠴᠢᠶᠡᠨ ᠳᠤ ᠡᠬᠢ | ᠪᠠᠶᠠᠯᠢᠭ ᠤᠨ ᠴᠢᠬᠤᠯᠠ ᠡᠯᠧᠮᠧᠨ᠋ᠲ ᠢ ᠬᠤᠷᠠᠮᠳᠤᠭᠤᠯᠵᠤ᠂ ᠨᠡᠩ ᠶᠡᠭᠡ ᠬᠦᠭᠵᠢᠯᠲᠡ ᠶᠢᠨ ᠤᠷᠤᠨ ᠵᠠᠢ ᠶᠢ | ᠰᠦᠪᠡᠭᠴᠢᠯᠡᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠵᠤ᠂ ᠪᠦᠸᠧᠬᠠᠢ ᠲᠠᠩᠬᠢᠰ᠂ ᠬᠦᠬᠡ ᠮᠦᠷᠡᠨ ᠤ ᠭᠤᠷᠪᠠᠯᠵᠢᠨ ᠬᠤᠶᠢᠭ ᠪᠠ ᠵᠦᠵᠢᠠᠩ | ᠮᠦᠷᠡᠨ ᠤ ᠭᠤᠷᠪᠠᠯᠵᠢᠨ ᠬᠤᠶᠢᠭ ᠢ ᠲᠤᠭᠤᠷᠢᠭᠰᠠᠨ ᠵᠠᠰᠠᠭ ᠤᠨ ᠤᠷᠳᠤᠨ ᠪᠤᠯᠤᠨ ᠠᠵᠤ ᠠᠬᠤᠶᠢᠯᠠᠯ ᠲᠠᠢ | ᠰᠤᠯᠢᠯᠴᠠᠨ ᠬᠠᠮᠲᠤᠷᠠᠬᠤ ᠶᠢ ᠢᠳᠡᠪᠬᠢᠲᠠᠢ ᠡᠷᠢᠯᠬᠢᠯᠡᠨ᠂ ᠪᠡᠭᠡᠵᠢᠩ ᠠᠴᠠ ᠦᠪᠦᠷ ᠮᠤᠩᠭᠤᠯ ᠢ ᠲᠡᠳᠬᠦᠬᠦ᠂ ᠨᠡᠶᠢᠰᠯᠡᠯ | ᠤᠨ ᠠᠵᠤ ᠠᠬᠤᠶᠢᠯᠠᠯ ᠤᠨ ᠰᠢᠯᠵᠢᠯᠲᠡ ᠬᠢᠬᠦ ᠲᠤᠬᠢᠶᠠᠯ ᠢ ᠠᠳᠬᠤᠨ᠂ ᠢᠳᠡᠪᠬᠢᠲᠠᠢ ᠪᠠᠷ ᠨᠡᠶᠢᠰᠯᠡᠯ ᠤᠨ ᠠᠵᠤ | ᠠᠬᠤᠢ ᠶᠢᠨ ᠤᠷᠤᠨ ᠪᠦᠰᠡ ᠳᠤ ᠠᠭᠤᠰᠤᠯᠴᠠᠨ᠂ ᠴᠠᠩᠱᠠ ᠰᠢᠶᠠᠨ ᠲᠠᠢ ᠶᠠᠳᠠᠭᠤ ᠶᠢ ᠲᠡᠳᠬᠦᠬᠦ ᠬᠠᠮᠳᠤᠷᠠᠯᠴᠠᠭ᠎ᠠ | ᠪᠠᠨ ᠴᠢᠩᠭᠠᠳᠬᠠᠵᠤ᠂ ᠨᠠᠷᠢᠨ ᠨᠢᠭᠲᠠ᠂ ᠪᠠᠶᠢᠩᠭᠤ ᠶᠢᠨ ᠴᠢᠨᠠᠷᠲᠠᠢ ᠬᠠᠮᠲᠤᠷᠠᠯᠴᠠᠭ᠎ᠠ ᠶᠢᠨ ᠰᠢᠰᠲ᠋ᠧᠮ ᠢ ᠪᠦᠲᠦᠭᠡᠨ | ᠪᠠᠶᠢᠭᠤᠯᠤᠨ᠎ᠠ᠃ ᠬᠢᠲᠠᠳ ᠡᠪᠡᠰᠤᠨ ᠡᠮ ᠢ ᠲᠠᠷᠢᠵᠤ ᠪᠤᠯᠪᠠᠰᠤᠷᠠᠭᠤᠯᠬᠤ᠂ ᠬᠦᠳᠡᠭᠡ ᠠᠵᠤ ᠠᠬᠤᠢ ᠶᠢᠨ ᠲᠠᠸᠠᠷ ᠢ | ᠨᠠᠷᠢᠯᠢᠭ ᠪᠤᠯᠪᠠᠰᠤᠷᠠᠭᠤᠯᠬᠤ ᠪᠠ ᠰᠤᠶᠤᠯ ᠵᠢᠭᠤᠯᠴᠢᠯᠠᠯ ᠵᠡᠷᠭᠡ ᠠᠵᠤ ᠦᠢᠯᠡᠰ ᠤᠨ ᠲᠤᠭᠤᠷᠢᠭ ᠲᠤ | ᠬᠤᠳᠠᠯᠳᠣᠭᠠᠴᠢᠨ ᠢᠶᠠᠷ ᠬᠤᠳᠠᠯᠳᠣᠭᠠᠴᠢᠨ ᠢ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠣᠭᠠᠴᠢᠨ | ᠡᠯᠰᠡᠬᠦ᠂ ᠠᠵᠤ ᠦᠢᠯᠡᠰ ᠤᠨ ᠲᠦᠪᠯᠡᠷᠡᠯ ᠢ ᠠᠬᠢᠭᠤᠯᠵᠤ᠂ ᠬᠦᠴᠦ ᠪᠠᠨ ᠲᠦᠪᠯᠡᠷᠡᠭᠦᠯᠦᠨ ᠨᠢᠭᠡ ᠪᠦᠯᠦᠭ ᠲᠤᠮᠤ | ᠠᠵᠢᠯ ᠲᠦᠷᠦᠯ᠂ ᠰᠠᠶᠢᠨ ᠠᠵᠢᠯ ᠲᠦᠷᠦᠯ ᠢ ᠳᠠᠳᠠᠨ ᠠᠪᠴᠢᠷᠠᠨ᠎ᠠ᠃ | ᠠᠵᠤ ᠠᠬᠤᠢ ᠶᠢᠨ ᠬᠦᠭᠵᠢᠯᠲᠡ ᠶᠢᠨ ᠤᠷᠴᠢᠨ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ︽ᠳᠠᠯᠪᠢᠬᠤ | ᠬᠠᠮᠢᠶᠠᠷᠬᠤ ᠦᠢᠯᠡᠴᠢᠯᠡᠬᠦ︾ ᠪᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ | ᠬᠦᠨᠵᠡᠭᠡᠶᠢᠷᠡᠬᠦᠯᠵᠤ᠂ ᠶᠠᠪᠤᠳᠠᠯ ᠡᠷᠬᠢᠯᠡᠬᠦ ᠶᠠᠪᠤᠴᠠ ᠶᠢ ᠴᠤᠮᠬᠤᠳᠬᠠᠵᠤ᠂ ᠶᠠᠪᠤᠳᠠᠯ ᠡᠷᠬᠢᠯᠡᠬᠦ ᠨᠤᠷᠮ᠎ᠠ ᠶᠢ | ᠳᠡᠭᠡᠭᠰᠢᠯᠡᠬᠦᠯᠵᠤ ︽ᠶᠠᠪᠤᠳᠠᠯ ᠡᠷᠬᠢᠯᠡᠬᠦ ᠳᠤ ᠬᠦᠴᠢᠷ︾ ︽ᠶᠠᠪᠤᠳᠠᠯ ᠡᠷᠬᠢᠯᠡᠬᠦ ᠳᠤ ᠡᠷᠬᠢᠯᠵᠡᠭᠡ ᠲᠠᠢ︾ ︽ | ᠶᠠᠪᠤᠳᠠᠯ ᠡᠷᠬᠢᠯᠡᠬᠦ ᠳᠤ ᠰᠢᠭᠤᠳ ᠦᠬᠡᠢ︾ ᠪᠠᠶᠢᠳᠠᠯ ᠢ ᠬᠤᠪᠢᠷᠠᠭᠤᠯᠵᠤ᠂ ᠲᠦᠪ ᠴᠢᠩᠭ᠎ᠠ ᠪᠠᠷ ᠬᠠᠤᠯᠢ ᠶᠢ | ᠬᠡᠷᠡᠭᠵᠢᠭᠦᠯᠵᠦ᠂ ᠦᠢᠯᠡᠴᠢᠯᠡᠭᠡ ᠰᠤᠯᠠ ᠵᠠᠳᠠᠭᠠᠢ ᠪᠠ ︽ᠠᠵᠢᠯ ᠲᠦᠭᠵᠢᠷᠡᠬᠦ︾ ᠵᠡᠷᠭᠡ ᠪᠠᠶᠢᠳᠠᠯ ᠢ ᠪᠠᠶᠢᠴᠠᠭᠠᠨ | ᠰᠢᠢᠳᠪᠦᠷᠢᠯᠡᠵᠦ᠂ ᠬᠠᠤᠯᠢ ᠪᠤᠰᠤ ᠪᠠᠷ ᠠᠵᠢᠯ ᠢ ᠰᠠᠭᠠᠲᠠᠭᠠᠬᠤ ᠠᠵᠢᠯᠯᠠᠭ᠎ᠠ ᠳᠤ ᠡᠷᠡᠰ ᠴᠤᠬᠢᠯᠲᠠ ᠦᠭᠴᠤ᠂ | ᠢᠳᠡᠪᠬᠢᠲᠠᠢ ᠪᠠᠷ ᠬᠤᠳᠠᠯᠳᠤᠭᠠᠴᠢᠨ ᠢ ᠴᠢᠬᠤᠯᠠᠴᠢᠯᠠᠬᠤ᠂ ᠬᠤᠳᠠᠯᠳᠤᠭᠠᠴᠢᠨ ᠳᠤ ᠨᠠᠶᠢᠷᠰᠠᠭ᠂ ᠬᠤᠳᠠᠯᠳᠤᠭᠠᠴᠢᠨ ᠢ | ᠳᠡᠮᠵᠢᠬᠦ᠂ ᠬᠤᠳᠠᠯᠳᠤᠭᠠᠴᠢᠨ ᠢ ᠠᠮᠤᠷᠵᠢᠭᠤᠯᠬᠤ ᠰᠠᠶᠢᠨ ᠠᠭᠤᠷ ᠠᠮᠢᠰᠬᠤᠯ ᠢ ᠪᠤᠢ ᠪᠤᠯᠭᠠᠨ᠎ᠠ᠃ ᠨᠡᠶᠢᠲᠡ ᠶᠢᠨ | ᠦᠮᠴᠢᠯᠠᠯ ᠤᠨ ᠪᠤᠰᠤ ᠠᠵᠤ ᠠᠬᠤᠢ ᠶᠢᠨ ᠬᠦᠭᠵᠢᠯᠲᠡ ᠶᠢ ᠵᠤᠷᠢᠭᠵᠢᠭᠤᠯᠤᠨ ᠳᠡᠮᠵᠢᠬᠦ ᠳᠤᠬᠠᠢ ᠲᠦᠷᠦ ᠶᠢᠨ | ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠬᠤᠪᠢ ᠶᠢᠨ ᠦᠮᠴᠢᠯᠡᠯᠲᠤ ᠪᠠ ᠵᠢᠵᠢᠭ ᠪᠠᠭ᠎ᠠ ᠠᠵᠤ ᠠᠬᠤᠶᠢᠯᠠᠯ ᠤᠨ | ᠪᠡᠯᠡ ᠬᠤᠷᠠᠮᠳᠤᠭᠤᠯᠬᠤ ᠳᠤ ᠬᠦᠴᠢᠷ᠂ ᠦᠨ᠎ᠡ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠵᠤ᠂ ᠬᠤᠪᠢ ᠶᠢᠨ | ᠦᠮᠴᠢᠯᠡᠯᠲᠤ ᠠᠵᠤ ᠠᠬᠤᠢ ᠶᠢᠨ ᠬᠦᠭᠵᠢᠯᠲᠡ ᠶᠢᠨ ᠤᠷᠴᠢᠨ ᠢ ᠰᠢᠯᠢᠳᠡᠵᠢᠭᠦᠯᠦᠨ᠂ ᠡᠶᠡᠯᠰᠡᠭ ᠲᠤᠲᠤᠨᠤ ᠲᠦᠪ | ᠴᠢᠭᠡᠴᠢ ᠰᠢᠨ᠎ᠡ ᠬᠡᠯᠪᠡᠷᠢ ᠶᠢᠨ ᠵᠠᠰᠠᠭ ᠪᠠ ᠬᠤᠳᠠᠯᠳᠤᠭᠠᠴᠢᠨ ᠤ ᠬᠠᠷᠢᠴᠠᠭ᠎ᠠ ᠶᠢ ᠴᠤᠭᠴᠠᠯᠠᠨ ᠪᠠᠶᠢᠭᠤᠯᠤᠨ᠎ᠠ᠃ | ᠡᠳ᠋ ᠤᠨ ᠵᠠᠰᠠᠭ ᠭᠠᠶᠢᠯᠢ ᠭᠤᠪᠴᠢᠭᠤᠷ ᠤᠨ ᠮᠦᠩᠭᠦᠨ ᠭᠦᠢᠯᠭᠡᠭᠡᠨ ᠤ ᠠᠵᠢᠯ ᠢ ᠪᠦᠬᠦ ᠬᠦᠴᠦᠨ ᠢᠶᠠᠷ | ᠰᠠᠶᠢᠳᠤᠷ ᠬᠢᠨ᠎ᠡ᠃ ᠬᠦᠴᠦᠨ ᠢᠶᠠᠨ ᠲᠦᠪᠯᠡᠷᠡᠭᠦᠯᠦᠨ ᠭᠠᠶᠢᠯᠢ ᠶᠢᠨ ᠡᠬᠢ ᠰᠤᠷᠪᠤᠯᠵᠢ ᠰᠢᠯᠵᠢᠨ ᠬᠤᠪᠢᠷᠠᠬᠤ ᠠᠵᠢᠯ ᠢ | ᠭᠠᠷᠳᠠᠨ ᠬᠢᠵᠦ᠂ ᠶᠡᠷᠤᠩᠬᠡᠶᠢᠯᠡᠨ ᠵᠠᠰᠠᠬᠤ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ | ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠬᠦᠳᠡᠯᠦᠯᠲᠦ ᠬᠢᠨᠠᠨ ᠬᠠᠮᠢᠶᠠᠷᠤᠯᠲᠠ ᠪᠠᠨ ᠴᠢᠩᠭᠠᠨᠳᠬᠠᠨ᠂ ᠬᠤᠷᠢᠶᠠᠬᠤ | ᠴᠢᠬᠤᠯᠠᠲᠠᠢ ᠭᠠᠶᠢᠯᠢ ᠶᠢ ᠪᠠᠲᠤᠲᠠᠢ ᠬᠤᠷᠢᠶᠠᠵᠤ᠂ ᠬᠦᠷᠤᠩᠭᠡ ᠶᠢᠨ ᠢᠷᠡᠯᠲᠡ ᠶᠢ ᠪᠠᠲᠤᠵᠢᠭᠤᠯᠵᠤ᠂ ᠠᠬᠢᠴᠠ | ᠳᠡᠩᠴᠡᠬᠦᠷᠢᠲᠡᠢ᠂ ᠦᠷ᠎ᠡ ᠠᠰᠢᠭ ᠲᠡᠷᠢᠭᠦᠨ ᠳᠤ ᠪᠠᠶᠢᠬᠤ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢᠨ | ᠲᠦᠷᠢᠮ ᠢ ᠪᠠᠶᠢᠭᠤᠯᠵᠤ᠂ ᠤᠯᠠᠮ ᠨᠢᠭᠡ ᠠᠯᠬᠤᠮ ᠠᠷᠪᠢᠯᠠᠵᠤ ᠭᠠᠮᠨᠠᠨ᠂ ᠡᠩ ᠤᠨ ᠴᠢᠨᠠᠷᠲᠠᠢ ᠵᠠᠷᠤᠳᠠᠯ ᠢ ᠡᠷᠡᠰ | ᠪᠠᠭᠠᠰᠬᠠᠵᠤ᠂ ᠨᠡᠩ ᠤᠯᠠᠨ ᠡᠳ᠋ ᠮᠦᠩᠬᠦ ᠶᠢ ᠠᠷᠠᠳ ᠳᠤ ᠠᠰᠢᠭ ᠬᠦᠷᠲᠡᠭᠡᠬᠦ ᠪᠠ ᠬᠦᠭᠵᠢᠯᠲᠡ ᠶᠢ ᠠᠬᠢᠭᠤᠯᠬᠤ ᠳᠤ | ᠭᠡᠷᠡᠭᠯᠡᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠩ | ᠤᠯᠠᠨ ᠨᠡᠶᠢᠭᠡᠮ ᠤᠨ ᠪᠡᠯᠡ ᠮᠦᠩᠭᠦ ᠶᠢ ᠭᠤᠤᠯᠳᠠᠯᠭᠠᠲᠤ ᠬᠦᠷᠢᠶ᠎ᠡ ᠬᠡᠪᠴᠢᠶᠡᠨ ᠳᠤ ᠤᠷᠤᠯᠴᠠᠬᠤ ᠶᠢ ᠵᠢᠯᠤᠭᠤᠳᠤᠨ | ᠳᠠᠭᠠᠭᠤᠯᠵᠤ᠂ ᠪᠤᠲᠠᠲᠤ ᠴᠤᠭᠴᠠᠲᠤ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠂ ᠤᠷᠤᠨ | ᠨᠤᠲᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠬᠠᠮᠢᠶᠠᠷᠬᠤ ᠪᠠᠶᠢᠩᠭᠤ ᠶᠢᠨ ᠴᠢᠨᠠᠷᠲᠠᠢ ᠳᠤᠭᠳᠠᠴᠠ ᠶᠢ | ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠲᠠ ᠶᠢ ᠰᠠᠶᠢᠳᠤᠷ ᠴᠡᠭᠴᠡᠯᠡᠵᠤ᠂ | ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠰᠠᠶᠢᠳᠦᠷ ᠬᠢᠨ᠎ᠡ᠃ | ︵ᠵᠢᠷᠭᠤᠭ᠎ᠠ︶ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ | ᠪᠤᠬᠢᠷᠳᠤᠯ ᠦᠬᠡᠢ ᠬᠦᠭᠵᠢᠯᠲᠡ ᠶᠢᠨ ᠳᠤᠭᠤᠷᠢᠨ ᠳᠤ᠂ ᠠᠮᠢ ᠠᠬᠤᠢ ᠶᠢᠨ ᠤᠷᠴᠢᠨ ᠢ ᠦᠨᠡᠨᠬᠦ ᠰᠠᠶᠢᠵᠢᠷᠠᠭᠤᠯᠤᠨ᠂ | ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠦᠴᠦᠯᠡᠨ ᠪᠠᠶᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠷᠭᠡᠳᠬᠡᠨ᠎ᠡ᠃ ᠠᠮᠢ ᠠᠬᠤᠢ | ᠶᠢᠨ ᠤᠯᠠᠭᠠᠨ ᠱᠤᠭᠤᠮ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠤᠯᠳᠠᠯᠭᠠᠲᠤ ᠠᠮᠢ | ᠠᠬᠤᠢ ᠶᠢᠨ ᠴᠢᠳᠠᠮᠵᠢᠲᠤ ᠤᠷᠤᠨ ᠤ ᠠᠵᠤ ᠦᠢᠯᠡᠰ ᠤᠨ ᠬᠢᠨᠠᠨ ᠤᠷᠤᠭᠤᠯᠬᠤ ᠰᠦᠷᠬᠦ ᠳᠠᠩᠰᠠ ᠶᠢᠨ ᠳᠦᠷᠢᠮ ᠢ | ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠬᠦᠷᠦᠩᠭᠡ ᠶᠢᠨ ᠦᠷᠢ ᠦᠭᠴᠡᠭᠡᠲᠤ ᠶᠢᠨ ᠨᠠᠶᠢᠷᠠᠭᠤᠯᠤᠨ | ᠵᠤᠬᠢᠶᠠᠬᠤ ᠠᠵᠢᠯ ᠢ ᠡᠬᠢᠯᠡᠬᠦᠯᠵᠦ᠂ ᠤᠳᠤᠷᠢᠳᠤᠯᠭ᠎ᠠ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠰᠢᠶᠠᠯ ᠠᠴᠠ | ᠰᠠᠯᠬᠤ ᠬᠢᠨᠠᠨ ᠪᠠᠶᠢᠴᠠᠭᠠᠯᠲᠠ ᠶᠢ ᠡᠷᠴᠢᠮᠲᠠᠢ ᠳᠤᠤᠱᠯᠠᠭᠤᠯᠤᠨ᠎ᠠ᠃ ᠤᠯᠤᠰ ᠤᠨ ᠦᠮᠴᠢᠯᠡᠯᠲᠤ ᠤᠢ ᠰᠢᠭᠤᠢ ᠶᠢᠨ | ᠲᠠᠯᠠᠪᠠᠢ ᠶᠢᠨ ᠦᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠤᠢ ᠰᠢᠭᠤᠢ ᠶᠢᠨ ᠡᠬᠢ ᠪᠠᠶᠠᠯᠢᠭ ᠢ | ᠬᠠᠮᠠᠭᠠᠯᠠᠨ ᠭᠦᠭᠵᠢᠬᠦᠯᠬᠦ ᠬᠠᠷᠠᠯᠲᠠ ᠪᠠ ᠬᠠᠷᠢᠭᠤᠴᠠᠯᠭ᠎ᠠ ᠶᠢᠨ ᠲᠦᠷᠢᠮ ᠢ ᠲᠠᠰᠤᠷᠠᠯᠲᠠ ᠦᠭᠡᠢ ᠴᠢᠩᠭᠠᠳᠬᠠᠵᠤ᠂ | ᠬᠠᠮᠤᠭ ᠡᠷᠡᠰ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠶᠠᠪᠤᠭᠳᠠᠭᠤᠯᠵᠤ᠂ ᠤᠰᠤᠨ | ᠤ ᠡᠬᠢ ᠪᠠᠶᠠᠯᠢᠭ ᠤᠨ ᠭᠠᠶᠢᠯᠢ ᠶᠢᠨ ᠦᠭᠡᠷᠡᠴᠢᠯᠡᠯᠲᠡ ᠶᠢ ᠳᠤᠭᠳᠠᠭᠤᠨ ᠠᠬᠢᠭᠤᠯᠵᠤ᠂ ᠵᠢᠵᠢᠭ ᠬᠡᠯᠪᠡᠷᠢ ᠶᠢᠨ | ᠤᠰᠤᠨ ᠠᠰᠢᠭᠯᠠᠯᠲᠠ ᠶᠢᠨ ᠢᠨᠵᠧᠨᠧᠷᠢᠩ ᠢ ᠬᠠᠮᠢᠶᠠᠷᠬᠤ ᠳᠦᠷᠢᠮ ᠤᠨ ᠦᠭᠡᠷᠡᠴᠢᠯᠡᠯᠲᠡ ᠪᠠ ᠲᠠᠷᠢᠶᠠᠯᠠᠩ ᠤᠨ | ᠤᠰᠤᠨ ᠤ ᠦᠨ᠎ᠡ ᠶᠢᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠤᠤᠯ ᠮᠦᠷᠡᠨ ᠤ | ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠶᠠᠪᠤᠭᠳᠠᠭᠤᠯᠵᠤ᠂ ᠭᠤᠤᠯ ᠮᠦᠷᠡᠨ ᠤ ᠤᠷᠤᠰᠬᠠᠯ ᠢ ᠬᠠᠮᠠᠭᠠᠯᠠᠨ | ᠵᠠᠰᠠᠬᠤ ᠠᠵᠢᠯ ᠢ ᠦᠨᠡᠨᠬᠦ ᠴᠢᠩᠭᠠᠳᠬᠠᠨ᠎ᠠ᠃ | ᠠᠮᠢ ᠠᠬᠤᠢ ᠶᠢᠨ ᠤᠷᠴᠢᠨ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠦᠨ᠎ᠡ᠃ ᠶᠡᠷᠤᠩᠬᠡᠢ ᠪᠡᠯᠡ | ᠤᠷᠤᠭᠤᠯᠤᠯᠲᠠ ᠨᠢ 9585 ᠲᠦᠮᠡᠨ ᠲᠦᠭᠦᠷᠢᠭ ᠤᠨ ᠭᠤᠷᠪᠠᠨ ᠤᠮᠠᠷᠠᠲᠤ ᠶᠢᠨ ᠬᠠᠮᠠᠭᠠᠯᠠᠯᠲᠠ ᠶᠢᠨ ᠬᠠᠯᠬᠠᠪᠴᠢ | ᠤᠢ᠂ ᠳᠠᠷᠢᠶᠠᠯᠠᠬᠤ ᠶᠢ ᠵᠤᠭᠰᠤᠭᠠᠵᠤ ᠤᠶᠢᠵᠢᠭᠤᠯᠤᠯᠳᠠ ᠬᠢᠬᠦ ᠵᠡᠷᠭᠡ ᠭᠤᠤᠯᠳᠠᠯᠭᠠᠲᠤ ᠤᠢ ᠰᠢᠭᠤᠢ ᠶᠢᠨ | ᠢᠨᠵᠧᠨᠧᠷᠢᠩ ᠢ ᠰᠠᠶᠢᠳᠦᠷ ᠭᠡᠷᠡᠭᠵᠢᠬᠦᠯᠵᠤ᠂ ᠡᠵᠡᠩᠨᠡᠯᠲᠡ ᠶᠢᠨ ᠤᠢ ᠶᠢ 15 ᠲᠦᠮᠡᠨ ᠮᠦ ᠶᠢ ᠪᠡᠶᠡᠯᠡᠭᠦᠯᠦᠨ᠎ᠡ᠃ | ︿︿ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠤᠶᠢᠲᠤ ᠭᠠᠵᠠᠷ ᠶᠢ ᠬᠠᠮᠠᠭᠠᠯᠠᠨ ᠠᠰᠢᠭᠯᠠᠬᠤ | ᠲᠦᠯᠦᠪᠵᠢᠭᠦᠯᠭᠡ﹀﹀ ᠶᠢ ᠴᠢᠩᠭ᠎ᠠ ᠶᠠᠪᠤᠭᠳᠠᠭᠤᠯᠵᠤ᠂ ︿︿ᠪᠤᠲᠠ ᠮᠤᠳᠤᠨ ᠤ ᠰᠢᠭᠤᠢ ᠶᠢᠨ ᠮᠦᠴᠢᠷ ᠢ ᠤᠭᠲᠤᠯᠤᠨ | ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ﹀﹀ ᠶᠢ ᠳᠤᠭᠳᠠᠭᠠᠨ ᠭᠠᠷᠭᠠᠵᠤ᠂ ᠪᠦᠬᠦ ᠲᠠᠯ᠎ᠠ ᠪᠠᠷ ᠠᠯᠲᠠᠭᠠᠨ᠎ᠠ ᠪᠠ | ᠳᠠᠷᠠᠰᠤ ᠵᠡᠷᠭᠡ ᠪᠤᠲᠠ ᠮᠤᠳᠤᠨ ᠤ ᠦᠨᠳᠦᠰᠦ ᠶᠢ ᠤᠭᠲᠤᠯᠵᠤ ᠪᠤᠶᠢᠵᠢᠭᠤᠯᠬᠤ ᠶᠢ ᠪᠡᠶᠡᠯᠡᠭᠦᠯᠦᠨ᠎ᠡ᠃ ᠬᠦᠷᠢᠶ᠎ᠡ | ᠬᠠᠰᠢᠶᠠᠨ ᠤ ᠠᠵᠤ ᠠᠬᠤᠢ ᠳᠤ ᠰᠠᠭᠤᠷᠢᠯᠠᠨ᠂ ᠵᠢᠮᠢᠰ ᠤᠨ ᠠᠵᠤ ᠠᠬᠤᠢ ᠶᠢᠨ ᠬᠦᠭᠵᠢᠯᠲᠡ ᠶᠢ ᠲᠦᠷᠭᠡᠳᠭᠡᠨ᠂ | ᠵᠢᠮᠢᠰ ᠢ ᠨᠠᠷᠢᠯᠢᠭ ᠦᠢᠯᠡᠳᠪᠦᠷᠢᠯᠡᠬᠦ ᠠᠵᠤ ᠠᠬᠤᠶᠢᠯᠠᠯ ᠢ ᠳᠠᠳᠠᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ | ᠤᠷᠳᠤᠳᠬᠠᠨ᠎ᠠ᠃ ᠤᠯᠠᠭᠠᠨ᠎ᠠ ᠶᠢᠨ ᠮᠤᠳᠤᠨ ᠤ ᠴᠢᠬᠢ ᠪᠤᠶᠢᠵᠢᠭᠤᠯᠬᠤ ᠮᠡᠷᠭᠡᠵᠢᠯ ᠳᠤ ᠰᠢᠪᠲᠤᠯᠤᠯᠲᠠ ᠬᠢᠵᠦ᠂ ︿︿ | ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠤᠯᠠᠭᠠᠨ᠎ᠠ ᠶᠢᠨ ᠮᠤᠳᠣᠨ ᠤ ᠪᠤᠶᠢᠵᠢᠭᠤᠯᠤᠯᠲᠠ ᠶᠢᠨ | ᠳᠦᠯᠦᠪᠵᠢᠬᠦᠯᠭᠡ﹀﹀ ᠶᠢ ᠰᠠᠶᠢᠳᠤᠷ ᠲᠤᠤᠱᠯᠠᠭᠤᠯᠵᠤ᠂ ᠤᠯᠠᠭᠠᠨ᠎ᠠ ᠶᠢ ᠲᠠᠷᠢᠵᠤ ᠪᠤᠶᠢᠵᠢᠭᠤᠯᠬᠤ ᠲᠠᠯᠠᠪᠠᠢ ᠶᠢ | 5000 ᠮᠦ ᠨᠡᠮᠡᠭᠳᠡᠭᠦᠯᠦᠨ᠎ᠡ᠃ ᠭᠤᠤᠯᠳᠠᠯᠭᠠᠲᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ | ᠪᠤᠯᠬᠤ ᠬᠤᠤᠯᠢᠨ ᠭᠤᠤᠯ ᠢ ᠵᠠᠰᠠᠬᠤ ᠪᠠ ᠬᠠᠩᠭᠠᠯ ᠤᠰᠤᠨ ᠴᠦᠬᠦᠷᠦᠮ ᠤᠨ ᠭᠠᠩ ᠢ ᠡᠰᠡᠷᠭᠦᠴᠡᠵᠦ ᠪᠠᠴᠢᠮ ᠢ | ᠠᠷᠭᠠᠴᠠᠬᠤ ᠢᠨᠵᠧᠨᠧᠷᠢᠩ ᠤᠨ ᠪᠦᠬᠦᠶᠢᠯᠡ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠶᠡᠷᠤᠩᠬᠡᠢ ᠪᠡᠯᠡ | ᠤᠷᠤᠭᠤᠯᠤᠯᠲᠠ ᠨᠢ 2070 ᠲᠦᠮᠡᠨ ᠲᠦᠭᠦᠷᠢᠭ ᠤᠨ ᠬᠤᠤᠯᠢᠨ ᠭᠤᠤᠯ ᠤᠨ ᠤᠰᠤ ᠶᠢ ᠱᠤᠸᠠᠩ ᠱᠠᠨ ᠳᠤ | ᠰᠠᠯᠪᠤᠷᠢᠯᠠᠭᠤᠯᠬᠤ᠂ ᠤᠰᠤ ᠲᠠᠲᠠᠬᠤ ᠪᠤᠭᠤᠮᠲᠠ ᠶᠢᠨ ᠲᠦᠭᠰᠢᠭᠦᠷᠢ ᠶᠢ ᠦᠬᠡᠶᠢᠰᠭᠡᠵᠤ ᠪᠠᠬᠢᠵᠢᠬᠦᠯᠬᠦ ᠢᠨᠵᠧᠨᠧᠷᠢᠩ ᠢ | ᠡᠬᠢᠯᠡᠬᠦᠯᠵᠦ ᠪᠠᠶᠢᠭᠤᠯᠬᠤ ᠪᠠᠷ ᠲᠠᠮᠡᠴᠡᠨᠡ᠃ ᠶᠡᠷᠤᠩᠬᠡᠢ ᠪᠡᠯᠡ ᠤᠷᠤᠭᠤᠯᠤᠯᠲᠠ ᠨᠢ 2000 ᠲᠦᠮᠡᠨ ᠲᠦᠭᠦᠷᠢᠭ᠂ | ᠵᠠᠰᠠᠨ ᠪᠠᠬᠢᠵᠢᠬᠦᠯᠬᠦ ᠲᠠᠯᠠᠪᠠᠢ ᠨᠢ 40 ᠳᠡᠭᠰᠢ ᠳᠦᠷᠪᠠᠯᠵᠢᠠ ᠺᠢᠯᠣᠮᠧᠲᠷ ᠤᠨ ᠮᠡᠳᠡᠳᠤ᠂ ᠤᠰᠤᠨ ᠭᠠᠴᠠᠭ᠎ᠠ ᠶᠢᠨ | ᠪᠠᠭ᠎ᠠ ᠤᠷᠤᠰᠬᠠᠯᠲᠤ ᠤᠷᠤᠨ ᠢ ᠶᠡᠷᠤᠩᠬᠡᠶᠢᠯᠡᠨ ᠵᠠᠰᠠᠬᠤ ᠲᠦᠷᠦᠯ ᠵᠦᠢᠯ ᠪᠠ ᠶᠡᠷᠤᠩᠬᠡᠢ ᠪᠡᠯᠡ ᠤᠷᠤᠭᠤᠯᠤᠯᠲᠠ ᠨᠢ | 2684 ᠲᠦᠮᠡᠨ ᠲᠦᠭᠦᠷᠢᠭ ᠤᠨ ᠲᠤᠮᠳᠠ ᠬᠤᠶᠢᠲᠤ ᠬᠡᠰᠡᠭ ᠤᠨ 3 ᠵᠤᠷᠪᠤᠰ ᠴᠢᠬᠤᠯᠠ ᠦᠶᠡᠷ ᠤᠰᠤᠳᠠᠯ ᠤᠨ | ᠭᠤᠤ ᠭᠠᠩᠭ᠎ᠠ ᠶᠢ ᠵᠠᠰᠠᠬᠤ ᠲᠦᠷᠦᠯ ᠵᠦᠢᠯ ᠢ ᠴᠢᠳᠠᠬᠤ ᠶᠢᠨ ᠬᠢᠷᠢ ᠪᠠᠷ ᠠᠵᠢᠯ ᠡᠬᠢᠯᠡᠬᠦᠯᠵᠦ ᠪᠦᠲᠦᠭᠡᠨ | ᠪᠠᠶᠢᠭᠤᠯᠤᠨ᠎ᠠ᠃ ᠶᠡᠷᠦᠩᠬᠡᠢ ᠪᠡᠯᠡ ᠤᠷᠤᠭᠤᠯᠤᠯᠳᠠ ᠨᠢ 2.5 ᠳ᠋ᠦᠩᠰᠢᠭᠤᠷ ᠳᠦᠬᠦᠷᠢᠭ ᠤᠨ ᠳᠤᠮᠳᠠ ᠡᠮᠦᠨ᠎ᠡ | ᠬᠡᠰᠡᠭ ᠤᠨ ᠭᠠᠵᠠᠷ ᠤᠷᠤᠨ ᠤ ᠭᠤᠤᠯ ᠤᠷᠤᠰᠬᠠᠯ ᠢ ᠨᠡᠪᠳᠡᠷᠡᠬᠦᠯᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ | ᠠᠵᠢᠯ ᠢ ᠢᠳᠡᠪᠬᠢᠲᠡᠢ ᠠᠬᠢᠭᠤᠯᠵᠤ᠂ ᠨᠤᠳᠤᠭ ᠪᠡᠯᠴᠢᠭᠡᠷ ᠢ ᠤᠰᠤᠯᠠᠨ ᠰᠤᠪᠤᠭ ᠳᠠᠳᠠᠬᠤ ᠪᠠᠷ ᠳᠠᠮᠵᠢᠨ᠂ ᠬᠤᠤᠯᠢᠨ | ᠭᠤᠤᠯ ᠤᠨ ᠤᠰᠤ ᠶᠢ ᠬᠠᠩᠭᠠᠯ᠂ ᠬᠦᠭᠡ᠂ ᠱᠤᠸᠠᠩ ᠢᠦᠢ ᠱᠤ᠋᠂ ᠴᠠᠭᠠᠨ ᠴᠡᠴᠡᠭ᠂ ᠴᠤᠭᠤᠷᠲᠦ ᠵᠡᠷᠭᠡ 5 ᠤᠰᠤᠨ | ᠴᠦᠬᠦᠷᠦᠮ ᠳᠤ ᠳᠠᠳᠠᠨ ᠤᠷᠤᠭᠤᠯᠵᠤ᠂ ᠭᠤᠤᠯ ᠴᠦᠬᠦᠷᠦᠮ ᠤᠨ ᠬᠠᠷᠢᠯᠴᠠᠨ ᠨᠡᠪᠳᠡᠷᠡᠬᠦ ᠶᠢ ᠪᠡᠶᠡᠯᠡᠬᠦᠯᠵᠤ᠂ ᠨᠡᠩ | ᠤᠯᠠᠨ ᠤᠰᠤᠨ ᠤ ᠡᠬᠢ ᠪᠠᠶᠠᠯᠢᠭ ᠢ ᠳᠤᠮᠳᠠᠳᠤ ᠬᠤᠰᠢᠭᠤᠨ ᠳᠤ ᠦᠯᠡᠳᠡᠭᠡᠵᠤ᠂ ᠦᠶᠡᠷ ᠢ ᠰᠡᠷᠭᠡᠶᠢᠯᠡᠨ ᠭᠠᠩ ᠢ | ᠡᠰᠡᠷᠬᠦᠴᠡᠵᠤ ᠳᠤᠬᠢᠷᠠᠭᠤᠯᠬᠤ ᠴᠢᠳᠠᠪᠦᠷᠢ ᠶᠢ ᠴᠢᠩᠭᠠᠷᠠᠭᠤᠯᠵᠤ᠂ ᠳᠤᠮᠳᠠ ᠡᠮᠦᠨ᠎ᠡ ᠬᠡᠰᠡᠭ ᠤᠨ ᠭᠠᠵᠠᠷ ᠤᠷᠤᠨ ᠤ | ᠠᠮᠢ ᠠᠬᠤᠢ ᠶᠢᠨ ᠤᠷᠴᠢᠨ ᠳᠤᠭᠤᠷᠢᠨ ᠢ ᠦᠨᠡᠨᠬᠦ ᠰᠠᠶᠢᠵᠢᠷᠠᠭᠤᠯᠤᠨ᠎ᠠ᠃ ︽ᠭᠤᠷᠪᠠ ᠶᠢ ᠴᠠᠭᠠᠵᠠᠯᠠᠬᠤ︾ ᠠᠵᠢᠯ | ᠤᠨ ᠪᠠᠶᠢᠩᠭᠤ ᠶᠢᠨ ᠴᠢᠨᠠᠷ ᠲᠠᠢ ᠪᠠᠶᠢᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠡᠯᠴᠢᠭᠡᠷᠯᠡᠬᠦᠯᠬᠦ ᠶᠢ ᠴᠠᠭᠠᠵᠠᠯᠠᠵᠤ | ᠬᠠᠮᠢᠶᠠᠷᠤᠨ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠵᠤ᠂ ᠪᠦᠬᠦ ᠳᠠᠯ᠎ᠠ ᠪᠠᠷ ᠰᠠᠶᠢᠳᠦᠷ ᠬᠢᠨ᠎ᠡ᠃ ᠤᠯᠤᠰ᠂ | ᠦᠪᠡᠷᠲᠡᠭᠡᠨ ᠵᠠᠰᠠᠬᠤ ᠤᠷᠤᠨ ᠤ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠬᠠᠮᠠᠭᠠᠯᠠᠯᠳᠠ ᠶᠢᠨ ᠤᠷᠤᠨ ᠤ ᠳᠤᠳᠤᠷ᠎ᠠ ᠡᠯ᠎ᠡ ᠵᠦᠢᠯ ᠤᠨ ᠡᠬᠢ ᠪᠠᠶᠠᠯᠢᠭ ᠢ ᠨᠡᠭᠡᠭᠡᠬᠦ ᠶᠢ ᠡᠷᠡᠰ | ᠬᠤᠷᠢᠭᠯᠠᠵᠤ᠂ ᠬᠠᠮᠠᠭᠠᠯᠠᠯᠳᠠ ᠶᠢᠨ ᠤᠷᠤᠨ ᠤ ᠳᠤᠳᠤᠷ᠎ᠠ ᠳᠤᠷ᠎ᠠ ᠪᠠᠷ ᠬᠦᠷᠢᠶᠡᠯᠡᠵᠤ ᠡᠵᠡᠯᠡᠬᠦ ᠠᠵᠢᠯᠯᠠᠭ᠎ᠠ ᠶᠢ | ᠴᠠᠭᠠᠵᠠᠯᠠᠨ᠎ᠠ᠃ | ᠤᠷᠴᠢᠨ ᠳᠤᠭᠤᠷᠢᠨ ᠢ ᠬᠠᠮᠠᠭᠠᠯᠠᠬᠤ ᠶᠡᠷᠦᠩᠬᠡᠶᠢᠯᠡᠨ ᠵᠠᠰᠠᠯᠳᠠ ᠶᠢ ᠴᠢᠩᠭᠠᠷᠠᠭᠤᠯᠤᠨ᠎ᠠ᠃ ᠤᠰᠤ᠂ ᠠᠭᠠᠷ | ᠮᠠᠨᠳᠠᠯ ᠤᠨ ᠪᠤᠬᠢᠷᠳᠤᠯ ᠢ ᠵᠠᠰᠠᠨ ᠴᠡᠭᠴᠡᠯᠡᠬᠦ ᠶᠢ ᠳᠦᠷᠭᠡᠳᠭᠡᠵᠤ᠂ ᠭᠠᠵᠠᠷ ᠬᠦᠷᠦᠰᠦᠨ ᠤ ᠪᠤᠬᠢᠷᠳᠤᠯ ᠢ ᠬᠠᠮᠢᠶᠠᠷᠤᠨ | ᠡᠵᠡᠮᠳᠡᠬᠦ ᠬᠢᠭᠡᠳ ᠰᠡᠷᠬᠦᠭᠡᠬᠦ ᠶᠢ ᠴᠢᠩᠭᠠᠷᠠᠭᠤᠯᠵᠤ᠂ ᠪᠡᠶᠡᠲᠦ ᠬᠠᠶᠠᠭᠳᠠᠮᠠᠯ ᠪᠤᠳᠠᠰ ᠤᠨ ᠬᠤᠭ ᠨᠤᠪᠰᠢ ᠶᠢ | ᠰᠢᠢᠳᠪᠦᠷᠢᠯᠡᠬᠦ ᠶᠢ ᠴᠢᠩᠭᠠᠳᠬᠠᠨ᠎ᠠ᠃ ᠡᠰᠢ ᠰᠦᠷᠡᠯ ᠢ ᠬᠤᠪᠢᠷᠠᠭᠤᠯᠬᠤ ᠠᠯᠬᠤᠴᠠ ᠪᠠᠨ ᠳᠦᠷᠭᠡᠳᠭᠡᠵᠤ᠂ ᠡᠰᠢ | ᠰᠦᠷᠡᠯ ᠢ ᠰᠢᠳᠠᠭᠠᠬᠤ ᠶᠢ ᠴᠠᠭᠠᠵᠠᠯᠠᠬᠤ ᠠᠵᠢᠯ ᠢ ᠦᠷᠬᠦᠯᠵᠢᠯᠡᠨ ᠪᠠᠳᠤᠯᠠᠨ᠎ᠠ᠃ ᠤᠷᠴᠢᠨ ᠳᠤᠭᠤᠷᠢᠨ ᠢ ᠬᠠᠮᠠᠭᠠᠯᠠᠬᠤ | ᠬᠦᠷᠢᠶᠡᠨ ᠤ ᠦᠭᠡᠷᠡᠴᠢᠯᠡᠯᠲᠡ ᠶᠢ ᠳᠤᠭᠳᠠᠭᠤᠨ ᠠᠬᠢᠭᠤᠯᠵᠤ᠂ ᠭᠠᠳᠠᠭᠰᠢᠯᠠᠭᠤᠯᠬᠤ ᠶᠢ ᠵᠦᠪᠰᠢᠶᠡᠷᠡᠬᠦ ᠦᠨᠡᠮᠯᠡᠯ ᠢ | ᠵᠦᠪᠰᠢᠶᠡᠷᠡᠨ ᠳᠠᠷᠬᠠᠭᠠᠬᠤ ᠶᠢ ᠪᠦᠲᠦᠮᠵᠢᠲᠡᠢ ᠠᠬᠢᠭᠤᠯᠵᠤ᠂ ᠤᠷᠴᠢᠨ ᠳᠤᠭᠤᠷᠢᠨ ᠢ ᠬᠠᠮᠠᠭᠠᠯᠠᠬᠤ ᠰᠦᠢᠳᠭᠡᠯ ᠢ | ᠭᠠᠶᠢᠯᠢ ᠪᠤᠯᠭᠠᠵᠤ ᠬᠤᠪᠢᠷᠠᠭᠤᠯᠬᠤ ᠠᠵᠢᠯ ᠢ ᠳᠦᠷᠢᠮᠵᠢᠬᠦᠯᠦᠨ᠎ᠡ᠃ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ | ᠶᠢ ᠨᠡᠶᠢᠳᠡᠮ ᠪᠠᠶᠢᠴᠠᠭᠠᠬᠤ ᠠᠵᠢᠯ ᠢ ᠪᠦᠬᠦ ᠳᠠᠯ᠎ᠠ ᠪᠠᠷ ᠦᠷᠨᠢᠬᠦᠯᠵᠤ᠂ ᠤᠷᠴᠢᠨ ᠳᠤᠭᠤᠷᠢᠨ ᠤ ᠳᠦᠭᠰᠢᠬᠦᠷᠢ ᠶᠢ | ᠰᠡᠷᠭᠡᠶᠢᠯᠡᠨ ᠡᠵᠡᠮᠳᠡᠬᠦ ᠴᠢᠳᠠᠪᠦᠷᠢ ᠶᠢ ᠴᠢᠩᠭᠠᠷᠠᠭᠤᠯᠤᠨ᠎ᠠ᠃ ᠵᠠᠰᠠᠭ ᠤᠨ ᠤᠷᠳᠤᠨ ᠢᠶᠠᠷ ᠭᠤᠤᠯ ᠤᠳᠤᠷᠢᠳᠤᠮᠵᠢ | ᠪᠤᠯᠭᠠᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠠ ᠤᠯᠠᠨ | ᠲᠦᠮᠡᠨ ᠤᠷᠤᠯᠴᠠᠭᠰᠠᠨ ᠤᠷᠴᠢᠨ ᠳᠤᠭᠤᠷᠢᠨ ᠢ ᠵᠠᠰᠠᠬᠤ ᠰᠢᠰᠲ᠋ᠧᠮᠵᠢ ᠶᠢ ᠪᠤᠢ ᠪᠤᠯᠭᠠᠵᠤ᠂ ︽ᠪᠤᠬᠢᠷᠳᠤᠯ ᠢ | ᠰᠡᠷᠭᠡᠶᠢᠯᠡᠨ ᠵᠠᠰᠠᠬᠤ︾ ᠰᠢᠪᠳᠤᠯᠤᠯᠳᠠ ᠶᠢᠨ ᠳᠠᠶᠢᠨ ᠢ ᠡᠷᠡᠰ ᠰᠠᠶᠢᠳᠦᠷ ᠬᠢᠨ᠎ᠡ᠃ ᠡᠯ᠎ᠡ ᠱᠠᠳᠤᠨ ᠤ ᠡᠯ᠎ᠡ ᠳᠦᠷᠦᠯ | ᠤᠨ ᠤᠷᠴᠢᠨ ᠳᠤᠭᠤᠷᠢᠨ ᠢ ᠬᠠᠮᠠᠭᠠᠯᠠᠬᠤ ᠰᠢᠮᠳᠠᠭᠤᠯᠤᠨ ᠪᠠᠶᠢᠴᠠᠭᠠᠯᠳᠠ ᠠᠴᠠ ᠠᠰᠠᠭᠤᠳᠠᠯ ᠳᠤ ᠬᠠᠷᠢᠭᠤ ᠳᠤᠰᠬᠠᠯ | ᠦᠭᠴᠦ ᠵᠠᠰᠠᠨ ᠰᠠᠶᠢᠵᠢᠷᠠᠭᠤᠯᠵᠤ ᠨᠠᠶᠢᠳᠠᠪᠦᠷᠢᠵᠢᠭᠤᠯᠬᠤ ᠶᠢ ᠳᠦᠷᠭᠡᠳᠭᠡᠨ ᠠᠬᠢᠭᠤᠯᠵᠤ᠂ ᠬᠦᠴᠦᠯᠡᠴᠡ ᠪᠠᠨ | ᠨᠡᠮᠡᠭᠳᠡᠬᠦᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠳᠤᠳᠤᠷᠠᠬᠢ 9 ᠠᠭᠤᠷᠬᠠᠢ ᠶᠢᠨ ᠡᠪᠡᠰᠦᠨ ᠤ | ᠪᠦᠷᠬᠦᠴᠡ ᠶᠢ ᠰᠡᠷᠬᠦᠭᠡᠬᠦ ᠵᠢᠴᠢ ᠠᠮᠢ ᠠᠬᠤᠢ ᠶᠢᠨ ᠤᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠰᠠᠶᠢᠳᠦᠷ ᠬᠢᠨ᠎ᠡ᠃ | ︵ᠳᠤᠯᠤᠭ᠎ᠠ︶ ᠬᠤᠳᠠ ᠶᠢᠨ ᠬᠦᠭᠵᠢᠯᠲᠡ ᠶᠢᠨ ᠠᠵᠢᠯ ᠢ ᠨᠡᠩ ᠴᠢᠬᠤᠯᠠᠴᠢᠯᠠᠨ᠂ ᠪᠦᠲᠦᠭᠡᠨ ᠪᠠᠶᠢᠭᠤᠯᠤᠯᠳᠠ | ᠬᠠᠮᠢᠶᠠᠷᠤᠯᠳᠠ ᠶᠢ ᠬᠠᠪᠰᠤᠷᠭᠠᠵᠤ᠂ ᠬᠤᠳᠠ ᠶᠢᠨ ᠶᠠᠰᠤ ᠴᠢᠨᠠᠷ ᠢ ᠶᠡᠬᠡᠪᠡᠷ ᠳᠡᠭᠡᠭᠰᠢᠯᠡᠬᠦᠯᠵᠤ᠂ ᠠᠮᠢ | ᠠᠬᠤᠶᠢᠴᠢᠯᠠᠭᠰᠠᠨ ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠪᠤᠯᠪᠠᠰᠤᠨ ᠬᠤᠳᠠ ᠶᠢ ᠪᠤᠢ ᠪᠤᠯᠭᠠᠨ᠎ᠠ᠃ | ᠠᠮᠢ ᠠᠬᠤᠶᠢᠴᠢᠯᠠᠭᠰᠠᠨ ᠪᠠᠶᠠᠨᠬᠤᠰᠢᠭᠤ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ︽ᠨᠤᠭᠤᠭᠠᠷᠠᠭᠤᠯᠤᠯᠳᠠ ᠶᠢ | ᠨᠡᠮᠡᠭᠳᠡᠬᠦᠯᠵᠤ᠂ ᠭᠤᠤᠯ ᠢ ᠵᠠᠰᠠᠬᠤ︾ ᠶᠢ ᠪᠠᠷᠢᠮᠳᠠᠯᠠᠵᠤ᠂ ︽ᠬᠤᠳᠠ ᠤᠢ ᠰᠢᠭᠤᠢ ᠶᠢᠨ ᠳᠤᠮᠳᠠ ᠪᠠᠶᠢᠵᠤ᠂ | ᠨᠤᠭᠤᠭᠠᠷᠠᠭᠤᠯᠤᠯᠳᠠ ᠬᠤᠳᠠ ᠳᠤ ᠪᠠᠶᠢᠵᠤ᠂ ᠬᠦᠮᠦᠰ ᠦᠵᠡᠮᠵᠢ ᠶᠢᠨ ᠳᠤᠮᠳᠠ ᠪᠠᠶᠢᠬᠤ︾ ᠤᠳᠤ ᠦᠶ᠎ᠡ ᠶᠢᠨ | ᠬᠤᠳᠠ ᠶᠢᠨ ᠳᠦᠷᠢ ᠳᠦᠷᠬᠦ ᠶᠢ ᠪᠤᠢ ᠪᠤᠯᠭᠠᠨ᠎ᠠ᠃ ︽ᠬᠤᠳᠠ ᠪᠠᠯᠭᠠᠰᠤᠨ ᠤ ᠨᠤᠭᠤᠭᠠᠷᠠᠭᠤᠯᠤᠯᠳᠠ ᠶᠢ ᠨᠡᠮᠡᠭᠳᠡᠬᠦᠯᠬᠦ | ︾ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠬᠤᠳᠠ ᠪᠠᠯᠭᠠᠰᠤᠨ ᠤ ᠵᠠᠮ ᠱᠤᠭᠤᠮ ᠢ ᠳᠡᠰ ᠳᠡᠪᠰᠢᠬᠦᠯᠵᠤ | ᠦᠭᠡᠷᠡᠴᠢᠯᠡᠨ ᠪᠠᠶᠢᠭᠤᠯᠬᠤ ᠪᠠᠷ ᠳᠤᠬᠢᠶᠠᠯ ᠪᠤᠯᠭᠠᠨ᠂ ᠬᠤᠳᠠ ᠪᠠᠯᠭᠠᠰᠤᠨ ᠤ ᠤᠶᠢᠷ᠎ᠠ ᠬᠠᠪᠢ ᠶᠢᠨ ᠳᠤᠪᠤ ᠳᠤᠪᠤᠷᠴᠠᠭ | ᠤᠨ ᠨᠤᠭᠤᠭᠠᠷᠠᠭᠤᠯᠤᠯᠳᠠ ᠶᠢ ᠰᠠᠶᠢᠳᠦᠷ ᠬᠢᠵᠤ᠂ ᠬᠤᠶᠢᠲᠦ ᠠᠭᠤᠯᠠ ᠶᠢᠨ ᠴᠡᠴᠡᠷᠯᠢᠭ ᠤᠨ ᠨᠢᠬᠡᠳᠦᠭᠡᠷ | ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠳᠦᠷᠭᠡᠳᠭᠡᠨ ᠠᠬᠢᠭᠤᠯᠵᠤ᠂ ᠪᠠᠶᠠᠨᠬᠤᠰᠢᠭᠤ | ᠪᠠᠯᠭᠠᠰᠤᠨ ᠤ ᠴᠡᠴᠡᠷᠯᠢᠭ ᠦᠬᠡᠢ ᠳᠡᠤᠭᠡ ᠶᠢ ᠳᠠᠭᠤᠰᠬᠠᠵᠤ᠂ ᠴᠢᠨᠳᠠᠮᠤᠨᠢ ᠠᠭᠤᠯᠠ ᠶᠢᠨ ᠴᠡᠴᠡᠷᠯᠢᠭ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠤᠨ᠎ᠠ᠃ ︽ᠰᠡᠶᠢᠷᠡᠭ ᠤᠶᠢᠲᠦ ᠳᠠᠯ᠎ᠠ ᠨᠤᠳᠤᠭ᠂ ᠪᠠᠳᠤᠴᠠᠭᠠᠨ ᠤ | ᠰᠡᠳᠬᠢᠯᠬᠡᠲᠦ ᠠᠳᠤᠭᠤᠳᠤ ᠪᠠᠯᠭᠠᠰᠤ︾ ᠪᠠᠷ ᠡᠯᠧᠮᠧᠨ᠋ᠲ ᠪᠤᠯᠭᠠᠨ᠂ ᠮᠤᠵᠢ ᠶᠢᠨ ᠬᠤᠭᠤᠷᠤᠨᠳᠤᠬᠢ ᠵᠠᠰᠠᠮᠠᠯ ᠵᠠᠮ᠂ | ᠤᠯᠤᠰ ᠤᠨ ᠵᠠᠮ 111 ᠱᠤᠭᠤᠮ ᠤᠨ ᠪᠠᠶᠠᠨᠬᠤᠰᠢᠭᠤ ᠪᠠᠯᠭᠠᠰᠤᠨ ᠤ ᠤᠷᠤᠨ ᠤ ᠵᠡᠬᠦᠨ ᠬᠡᠰᠡᠭ ᠤᠨ | ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠦᠨ᠎ᠡ᠃ ᠬᠤᠳᠠ ᠶᠢᠨ ᠤᠰᠤᠨ ᠤ ᠰᠢᠰᠲ᠋ᠧᠮ ᠤᠨ | ᠪᠦᠲᠦᠭᠡᠨ ᠪᠠᠶᠢᠭᠤᠯᠤᠯᠳᠠ ᠶᠢ ᠳᠦᠷᠭᠡᠳᠭᠡᠵᠤ᠂ ︽ᠠᠳᠤᠭᠤᠨ ᠤ ᠭᠤᠤᠯ ᠰᠡᠳᠦᠪᠲᠦ ᠵᠢᠵᠢᠭ ᠪᠠᠯᠭᠠᠰᠤ︾ ᠶᠢᠨ | ᠪᠦᠲᠦᠭᠡᠨ ᠪᠠᠶᠢᠭᠤᠯᠤᠯᠳᠠ ᠶᠢᠨ ᠳᠤᠭᠤᠷᠢᠨ ᠳᠤ᠂ ᠬᠤᠤᠯᠢᠨ ᠭᠤᠤᠯ ᠤᠨ ᠬᠦᠪᠡᠭᠡ ᠳᠠᠭᠠᠤ ᠶᠢᠨ ᠦᠵᠡᠮᠵᠢ ᠶᠢᠨ | ᠪᠦᠰᠡ ᠶᠢ ᠪᠤᠢ ᠪᠤᠯᠭᠠᠵᠤ᠂ ᠶᠡᠷᠦᠩᠬᠡᠢ ᠪᠡᠯᠡ ᠤᠷᠤᠭᠤᠯᠤᠯᠳᠠ ᠨᠢ 3 ᠳ᠋ᠦᠩᠰᠢᠭᠤᠷ ᠳᠦᠬᠦᠷᠢᠭ ᠤᠨ ᠬᠤᠤᠯᠢᠨ | ᠭᠤᠤᠯ ᠤᠨ ᠪᠠᠶᠠᠨᠬᠤᠰᠢᠭᠤ ᠪᠠᠯᠭᠠᠰᠤᠨ ᠤ ᠤᠷᠤᠨ ᠤ ᠬᠡᠰᠡᠭ ᠤᠨ ᠭᠤᠤᠯ ᠤᠨ ᠳᠤᠬᠤᠢ ᠶᠢ ᠶᠡᠷᠦᠩᠬᠡᠶᠢᠯᠡᠨ ᠵᠠᠰᠠᠬᠤ | ᠢᠨᠵᠧᠨᠧᠷᠢᠩ ᠤᠨ ᠳᠦᠯᠦᠪᠵᠢᠬᠦᠯᠭᠡ᠂ ᠵᠢᠷᠤᠭ ᠳᠦᠯᠦᠪᠯᠡᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ | ᠳᠦᠷᠭᠡᠳᠭᠡᠨ ᠠᠬᠢᠭᠤᠯᠵᠤ᠂ ᠴᠢᠳᠠᠬᠤ ᠶᠢᠨ ᠬᠢᠷᠢ ᠪᠠᠷ ᠵᠢᠯ ᠤᠨ ᠳᠤᠳᠤᠷ᠎ᠠ ᠠᠵᠢᠯ ᠡᠬᠢᠯᠡᠬᠦᠯᠦᠨ ᠭᠡᠷᠡᠭᠵᠢᠬᠦᠯᠦᠨ᠎ᠡ᠃ | ᠶᠡᠷᠦᠩᠬᠡᠢ ᠪᠡᠯᠡ ᠤᠷᠤᠭᠤᠯᠤᠯᠳᠠ ᠨᠢ 2.84 ᠳ᠋ᠦᠩᠰᠢᠭᠤᠷ ᠳᠦᠬᠦᠷᠢᠭ᠂ 750 ᠮᠤ᠋ ᠳᠠᠯᠠᠪᠠᠢ ᠲᠠᠢ ᠪᠠᠶᠠᠨᠬᠤᠰᠢᠭᠤ | ᠪᠠᠯᠭᠠᠰᠤᠨ ᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠵᠢᠴᠢ ᠤᠰᠤ ᠬᠠᠩᠭᠠᠬᠤ ᠢᠨᠵᠧᠨᠧᠷᠢᠩ ᠤᠨ ᠡᠮᠦᠨᠡᠬᠢ | ᠬᠤᠭᠤᠴᠠᠭᠠᠨ ᠤ ᠠᠵᠢᠯ ᠢ ᠳᠦᠷᠭᠡᠳᠭᠡᠵᠤ᠂ ᠵᠢᠯ ᠤᠨ ᠳᠤᠳᠤᠷ᠎ᠠ ᠠᠵᠢᠯ ᠡᠬᠢᠯᠡᠬᠦᠯᠦᠨ ᠪᠦᠲᠦᠭᠡᠨ ᠪᠠᠶᠢᠭᠤᠯᠬᠤ ᠶᠢ | ᠪᠠᠳᠤᠯᠠᠵᠤ᠂ ᠤᠳᠤ ᠶᠢᠨ ᠪᠠᠶᠢᠭ᠎ᠠ ᠤᠰᠤ ᠬᠠᠩᠭᠠᠬᠤ ᠦᠢᠯᠡᠳᠪᠦᠷᠢ ᠶᠢᠨ ᠰᠢᠢᠳᠪᠦᠷᠢᠯᠡᠬᠦ ᠮᠡᠷᠭᠡᠵᠢᠯ ᠢ | ᠰᠠᠶᠢᠵᠢᠷᠠᠭᠤᠯᠵᠤ᠂ ᠤᠤᠭᠤᠬᠤ ᠤᠰᠤᠨ ᠤ ᠴᠢᠨᠠᠷ ᠢ ᠳᠡᠭᠡᠭᠰᠢᠯᠡᠬᠦᠯᠦᠨ᠎ᠡ᠃ ᠶᠡᠷᠦᠩᠬᠡᠢ ᠪᠡᠯᠡ ᠤᠷᠤᠭᠤᠯᠤᠯᠳᠠ ᠨᠢ | 8500 ᠲᠦᠮᠡᠨ ᠳᠦᠬᠦᠷᠢᠭ ᠤᠨ ᠳᠠᠬᠢᠨᠳᠠ ᠠᠰᠢᠭᠯᠠᠵᠤ ᠪᠤᠯᠬᠤᠶᠢᠴᠠ ᠤᠰᠤᠨ ᠤ ᠬᠤᠭᠤᠯᠠᠢ ᠶᠢᠨ ᠳᠤᠤᠷ ᠤᠨ | ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠳᠦᠷᠭᠡᠳᠭᠡᠨ ᠠᠬᠢᠭᠤᠯᠵᠤ᠂ ᠤᠰᠤᠨ ᠤ ᠡᠬᠢ ᠪᠠᠶᠠᠯᠢᠭ ᠢ | ᠦᠷᠬᠦᠯᠵᠢᠯᠡᠨ ᠠᠰᠢᠭᠯᠠᠬᠤ ᠶᠢ ᠳᠦᠷᠭᠡᠳᠭᠡᠨ᠎ᠡ᠃ | ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠪᠠᠶᠠᠨᠬᠤᠰᠢᠭᠤ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | ᠰᠠᠭᠤᠭᠠᠯᠢ ᠠᠷᠠᠳ ᠤᠨ ᠵᠤᠯ ᠵᠢᠷᠭᠠᠯ ᠤᠨ ᠵᠢᠭᠠᠯᠳᠠ ᠳᠤᠭ᠎ᠠ ᠶᠢ ᠳᠡᠭᠡᠭᠰᠢᠯᠡᠬᠦᠯᠬᠦ ᠳᠤᠭᠤᠷᠢᠨ ᠳᠤ᠂ ᠬᠤᠳᠠ | ᠪᠠᠯᠭᠠᠰᠤᠨ ᠤ ᠴᠢᠬᠤᠯᠠ ᠶᠡᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ | ᠤᠯᠠᠨ ᠲᠦᠮᠡᠨ ᠤ ᠠᠮᠤᠷ ᠳᠦᠪᠰᠢᠨ ᠤᠷᠤᠨ ᠰᠠᠭᠤᠴᠠ ᠶᠢᠨ ᠢᠨᠵᠧᠨᠧᠷᠢᠩ ᠢ ᠭᠡᠷᠡᠭᠵᠢᠬᠦᠯᠵᠤ᠂ ᠳᠦᠪᠯᠡᠷᠡᠬᠦᠯᠦᠨ | ᠭᠡᠰᠡᠭ ᠵᠠᠯᠭᠠᠯᠳᠤᠭᠤᠯᠬᠤ ᠪᠠᠷ ᠭᠤᠤᠯᠳᠠᠯᠭ᠎ᠠ ᠪᠤᠯᠭᠠᠨ᠂ ᠤᠯᠠᠨ ᠲᠦᠮᠡᠨ ᠤ ᠤᠷᠤᠨ ᠰᠠᠭᠤᠴᠠ ᠶᠢᠨ ᠦᠪᠡᠷ ᠤᠨ | ᠦᠷᠳᠡᠭ ᠢ ᠪᠠᠭᠤᠷᠠᠭᠤᠯᠵᠤ᠂ ᠤᠷᠤᠨ ᠰᠠᠭᠤᠴᠠ ᠶᠢᠨ ᠤᠷᠴᠢᠨ ᠳᠤᠭᠤᠷᠢᠨ ᠢ ᠰᠠᠶᠢᠵᠢᠷᠠᠭᠤᠯᠬᠤ ᠪᠠᠷ ᠬᠠᠷᠠᠯᠳᠠ | ᠪᠤᠯᠭᠠᠨ᠂ ᠪᠠᠶᠠᠨᠬᠤᠰᠢᠭᠤ ᠪᠠᠯᠭᠠᠰᠤᠨ ᠤ 11 ᠬᠡᠰᠡᠭ ᠤᠨ 1200 ᠡᠷᠦᠬᠡ ᠶᠢᠨ ᠳᠦᠬᠦᠮ ᠪᠦᠲᠦᠴᠡᠲᠦ ᠤᠷᠤᠨ | ᠰᠠᠭᠤᠴᠠ ᠶᠢᠨ ᠳᠤᠭᠤᠷᠢᠭ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠳᠦᠷᠭᠡᠳᠭᠡᠨ ᠭᠡᠷᠡᠭᠵᠢᠬᠦᠯᠦᠨ᠎ᠡ᠃ ᠨᠢᠬᠡ | ᠪᠦᠯᠦᠭ ᠤᠷᠤᠰᠢᠨ ᠰᠠᠭᠤᠬᠤ ᠴᠢᠳᠠᠪᠬᠢ ᠪᠠᠷ ᠭᠤᠤᠯ ᠪᠤᠯᠭᠠᠭᠰᠠᠨ᠂ ᠢᠵᠢ ᠪᠦᠷᠢᠳᠦᠬᠦᠯᠦᠭᠰᠡᠨ ᠦᠨᠳᠦᠷ | ᠪᠠᠷᠢᠮᠵᠢᠶᠡᠲᠦ ᠤᠷᠤᠨ ᠰᠠᠭᠤᠴᠠ ᠶᠢᠨ ᠳᠤᠭᠤᠷᠢᠭ ᠢ ᠪᠤᠢ ᠪᠤᠯᠭᠠᠨ᠎ᠠ᠃ ᠣᠯᠠᠨ ᠲᠦᠮᠡᠨ ᠤ ᠤᠷᠤᠨ ᠰᠠᠭᠤᠴᠠ ᠶᠢᠨ | ᠭᠡᠷᠡᠭᠴᠡᠭᠡ ᠶᠢ ᠳᠠᠰᠤᠷᠠᠯᠳᠠ ᠦᠬᠡᠢ ᠬᠠᠨᠤᠭᠠᠨᠠ᠃ ᠬᠠᠭᠤᠴᠢᠨ ᠪᠦᠳᠦᠬᠦᠯᠢᠭ ᠤᠷᠤᠨ ᠰᠠᠭᠤᠴᠠ ᠶᠢᠨ ᠳᠤᠭᠤᠷᠢᠭ ᠢ | ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠶᠡᠷᠦᠩᠬᠡᠢ ᠪᠡᠯᠡ ᠤᠷᠤᠭᠤᠯᠤᠯᠳᠠ | ᠨᠢ 2100 ᠲᠦᠮᠡᠨ ᠳᠦᠬᠦᠷᠢᠭ ᠤᠨ ᠵᠠᠮ ᠤᠨ ᠳ᠋ᠧᠩ ᠤᠨ ᠡᠨᠧᠷᠬᠢ ᠶᠢ ᠠᠷᠪᠢᠯᠠᠬᠤ ᠪᠠᠷ ᠦᠭᠡᠷᠡᠴᠢᠯᠡᠬᠦ ᠵᠢᠴᠢ | ᠠᠰᠠᠷ ᠳᠠᠭᠳᠦ ᠶᠢ ᠭᠡᠷᠡᠯᠳᠦᠬᠦᠯᠭᠡ ᠬᠢᠬᠦ ᠳᠦᠷᠦᠯ ᠵᠦᠢᠯ ᠢ ᠵᠢᠯ ᠤᠨ ᠳᠤᠳᠤᠷ᠎ᠠ ᠠᠵᠢᠯ ᠢ ᠳᠠᠭᠤᠰᠬᠠᠨ᠎ᠠ᠃ ᠭᠤᠤᠯ | ᠢ ᠠᠯᠤᠰᠯᠠᠭᠰᠠᠨ ᠬᠦᠢᠰᠦ ᠪᠠᠷᠢᠯᠭ᠎ᠠ ᠶᠢᠨ ᠢᠨᠵᠧᠨᠧᠷᠢᠩ ᠢ ᠭᠡᠷᠡᠭᠵᠢᠬᠦᠯᠵᠤ᠂ ᠪᠠᠶᠠᠨᠬᠤᠰᠢᠭᠤ ᠪᠠᠯᠭᠠᠰᠤᠨ ᠠᠴᠠ | ᠪᠠᠷᠠᠭᠤᠨᠰᠢ ᠭᠠᠷᠬᠤ ᠴᠠᠭᠠᠨ ᠬᠤᠰᠢᠭᠤ ᠶᠢᠨ ᠶᠡᠭᠡ ᠬᠦᠬᠦᠷᠭᠡ ᠶᠢᠨ ᠢᠨᠵᠧᠨᠧᠷᠢᠩ ᠢ ᠠᠵᠢᠯ ᠡᠬᠢᠯᠡᠬᠦᠯᠦᠨ ᠪᠦᠲᠦᠭᠡᠨ | ᠪᠠᠶᠢᠭᠤᠯᠵᠤ᠂ ᠪᠠᠶᠠᠨᠬᠤᠰᠢᠭᠤ ᠪᠠᠯᠭᠠᠰᠤ ᠶᠢᠨ ᠵᠡᠬᠦᠨᠳᠡᠬᠢ ᠬᠤᠶᠠᠳᠤᠭᠠᠷ ᠶᠡᠭᠡ ᠬᠦᠬᠦᠷᠭᠡ ᠶᠢᠨ ᠳᠦᠷᠦᠯ ᠵᠦᠢᠯ ᠤᠨ | ᠳᠦᠯᠦᠪᠵᠢᠬᠦᠯᠭᠡ ᠶᠢᠨ ᠵᠢᠷᠤᠭ ᠳᠦᠯᠦᠪᠯᠡᠭᠡ ᠶᠢ ᠳᠦᠷᠭᠡᠳᠭᠡᠨ ᠠᠬᠢᠭᠤᠯᠵᠤ᠂ ᠭᠤᠤᠯ ᠤᠨ ᠡᠮᠦᠨ᠎ᠡ᠂ ᠭᠤᠤᠯ ᠤᠨ | ᠬᠤᠶᠢᠨᠠᠬᠢ ᠤᠷᠤᠨ ᠢ ᠵᠠᠯᠭᠠᠯᠳᠤᠭᠤᠯᠵᠤ᠂ ᠤᠳᠤ ᠶᠢᠨ ᠪᠠᠶᠢᠭ᠎ᠠ ᠬᠦᠬᠦᠷᠭᠡ ᠶᠢᠨ ᠵᠠᠮ ᠬᠠᠷᠢᠯᠴᠠᠭᠠᠨ ᠤ ᠳᠠᠷᠤᠭᠠᠰᠦ | ᠶᠢ ᠪᠦᠲᠦᠮᠵᠢᠲᠡᠢ ᠬᠦᠩᠭᠡᠷᠡᠭᠦᠯᠦᠨ᠎ᠡ᠃ ᠬᠤᠳᠠ ᠪᠠᠯᠭᠠᠰᠤᠨ ᠤ ᠵᠠᠮ ᠱᠤᠭᠤᠮ ᠤᠨ ᠰᠠᠭᠠᠳ ᠦᠬᠡᠢ ᠢᠨᠵᠧᠨᠧᠷᠢᠩ ᠢ | ᠭᠡᠷᠡᠭᠵᠢᠬᠦᠯᠵᠤ᠂ ᠨᠢᠬᠡ ᠪᠦᠯᠦᠭ ᠵᠠᠮ ᠱᠤᠭᠤᠮ ᠢ ᠬᠤᠯᠪᠤᠵᠤ᠂ ᠬᠤᠳᠠ ᠪᠠᠯᠭᠠᠰᠤ ᠠᠴᠠ ᠭᠠᠷᠬᠤ ᠵᠠᠮ ᠱᠤᠭᠤᠮ ᠤᠨ | ᠪᠦᠲᠦᠭᠡᠨ ᠪᠠᠶᠢᠭᠤᠯᠤᠯᠳᠠ ᠶᠢ ᠳᠦᠷᠭᠡᠳᠭᠡᠵᠤ᠂ ᠬᠤᠳᠠ ᠪᠠᠯᠭᠠᠰᠤᠨ ᠤ ︽ᠭᠤᠤᠯ ᠰᠤᠳᠠᠯ︾ ᠪᠠ ︽ᠪᠢᠴᠢᠯ | ᠡᠷᠬᠢᠯᠳᠦᠬᠦ︾ ᠶᠢ ᠨᠡᠪᠳᠡᠷᠡᠬᠦᠯᠵᠤ᠂ ᠪᠠᠶᠠᠨᠬᠤᠰᠢᠭᠤ ᠶᠡᠭᠡ ᠵᠡᠬᠡᠯᠢ᠂ ᠳᠦᠯᠢᠶᠡᠮᠤᠳᠤ ᠶᠡᠭᠡ ᠵᠡᠬᠡᠯᠢ᠂ ᠪᠠᠷᠠᠭᠤᠨ ᠵᠢᠷᠢᠮ | ᠶᠡᠭᠡ ᠵᠡᠬᠡᠯᠢ ᠪᠠᠷ ᠭᠤᠤᠯ ᠪᠤᠯᠭᠠᠭᠰᠠᠨ ︽ᠭᠤᠷᠪᠠᠨ ᠬᠦᠨᠳᠡᠯᠡᠨ ᠳᠤᠯᠤᠭᠠᠨ ᠭᠤᠯᠳᠤ︾ ᠶᠢᠨ ᠵᠠᠮ ᠱᠤᠭᠤᠮ᠂ | ᠬᠤᠭᠤᠯᠠᠢ ᠶᠢᠨ ᠳᠤᠤᠷ᠂ ᠨᠤᠭᠤᠭᠠᠷᠠᠭᠤᠯᠤᠯᠳᠠ ᠶᠢ ᠳᠡᠭᠡᠭᠰᠢᠯᠡᠬᠦᠯᠬᠦ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ | ᠪᠦᠬᠦ ᠳᠠᠯ᠎ᠠ ᠪᠠᠷ ᠡᠬᠢᠯᠡᠬᠦᠯᠦᠨ᠎ᠡ᠃ ᠪᠠᠶᠠᠨᠬᠤᠰᠢᠭᠤ ᠪᠠᠯᠭᠠᠰᠤᠨ ᠤ ᠵᠡᠬᠦᠨ ᠡᠮᠦᠨᠡᠬᠢ ᠭᠤᠤᠯ ᠤᠷᠤᠵᠤ ᠭᠠᠷᠬᠤ ᠵᠠᠮ | ᠱᠤᠭᠤᠮ ᠢ ᠦᠷᠭᠡᠳᠭᠡᠨ ᠭᠤᠶᠤᠵᠢᠭᠤᠯᠬᠤ ᠢᠨᠵᠧᠨᠧᠷᠢᠩ ᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠤᠨ᠎ᠠ᠃ | ᠪᠠᠵᠢᠯᠠᠭ᠎ᠠ ᠡᠮᠦᠨ᠎ᠡ ᠵᠠᠮ᠂ ᠬᠦᠨᠳᠡᠯᠡᠨ ᠡᠮᠦᠨ᠎ᠡ ᠵᠠᠮ ᠠᠴᠠ ᠬᠤᠤᠯᠢᠨ ᠭᠤᠤᠯ ᠤᠨ ᠬᠤᠶᠢᠲᠦ ᠬᠠᠰᠢᠯᠭ᠎ᠠ ᠬᠦᠷᠳᠡᠯᠡᠬᠢ | ᠵᠠᠮ ᠱᠤᠭᠤᠮ᠂ ᠴᠠᠬᠢᠯᠭᠠᠨ ᠬᠦᠴᠦᠨ ᠤ ᠳᠤᠪᠴᠢᠶ᠎ᠠ ᠠᠴᠠ ᠪᠠᠷᠠᠭᠤᠨ ᠵᠢᠷᠢᠮ ᠶᠡᠭᠡ ᠵᠡᠬᠡᠯᠢ ᠬᠦᠷᠳᠡᠯᠡᠬᠢ ᠵᠠᠮ | ᠱᠤᠭᠤᠮ ᠢ ᠨᠡᠪᠳᠡᠷᠡᠬᠦᠯᠵᠤ᠂ ᠳᠤᠭᠤᠷᠢᠯ ᠵᠠᠮ ᠱᠤᠭᠤᠮ ᠢ ᠪᠤᠢ ᠪᠤᠯᠭᠠᠨ᠎ᠠ᠃ ᠶᠡᠷᠦᠩᠬᠡᠢ ᠪᠡᠯᠡ ᠤᠷᠤᠭᠤᠯᠤᠯᠳᠠ ᠨᠢ | 6400 ᠲᠦᠮᠡᠨ ᠳᠦᠬᠦᠷᠢᠭ ᠤᠨ ᠬᠠᠨ ᠠᠭᠤᠯᠠ ᠶᠡᠭᠡ ᠵᠡᠬᠡᠯᠢ ᠶᠢᠨ ᠵᠠᠮ ᠱᠤᠭᠤᠮ ᠵᠢᠴᠢ ᠬᠠᠷᠢᠶᠠᠲᠦ ᠢᠨᠵᠧᠨᠧᠷᠢᠩ | ᠢ ᠴᠢᠳᠠᠬᠤ ᠶᠢᠨ ᠬᠢᠷᠢ ᠪᠠᠷ ᠠᠵᠢᠯ ᠡᠬᠢᠯᠡᠬᠦᠯᠦᠨ ᠪᠦᠲᠦᠭᠡᠨ ᠪᠠᠶᠢᠭᠤᠯᠵᠤ᠂ ᠵᠠᠮ ᠱᠤᠭᠤᠮ ᠳᠦᠭᠵᠢᠷᠡᠬᠦ ᠠᠰᠠᠭᠤᠳᠠᠯ | ᠢ ᠪᠦᠲᠦᠮᠵᠢᠲᠡᠢ ᠬᠦᠩᠭᠡᠷᠡᠭᠦᠯᠦᠨ᠎ᠡ᠃ | ᠪᠤᠯᠪᠠᠰᠤᠨ ᠰᠠᠶᠢᠬᠠᠨ ᠪᠠᠶᠠᠨᠬᠤᠰᠢᠭᠤ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ᠬᠠᠮᠢᠶᠠᠷᠤᠯᠳᠠ ᠬᠢᠭᠡᠳ | ᠦᠢᠯᠡᠴᠢᠯᠡᠭᠡ ᠶᠢ ᠬᠠᠮᠳᠤ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ ᠬᠠᠤᠯᠢ ᠶᠤᠰᠤᠭᠠᠷ ᠵᠠᠰᠠᠬᠤ ᠬᠢᠭᠡᠳ | ᠪᠤᠯᠪᠠᠰᠤᠨ ᠰᠠᠶᠢᠬᠠᠨ ᠰᠢᠪᠳᠤᠯᠤᠯᠳᠠ ᠬᠢᠬᠦ ᠲᠠᠢ ᠤᠶᠠᠯᠳᠤᠭᠤᠯᠵᠤ᠂ ᠬᠤᠳᠠ ᠪᠠᠯᠭᠠᠰᠤᠨ ᠤ ᠬᠦᠭᠵᠢᠯᠲᠡ ᠶᠢ ᠨᠡᠩ ︽ | ᠠᠭᠤᠯᠬᠤᠨ ᠲᠠᠢ︾᠂ ᠨᠡᠩ ︽ᠬᠠᠯᠠᠮᠵᠢᠳᠠᠢ︾ ᠪᠤᠯᠭᠠᠨ᠎ᠠ᠃ ᠪᠠᠶᠠᠨᠬᠤᠰᠢᠭᠤ ᠪᠠᠯᠭᠠᠰᠤᠨ ᠤ ᠬᠦᠬᠦᠷᠭᠡ ᠶᠢᠨ | ᠬᠤᠶᠢᠨᠠᠬᠢ ᠤᠷᠤᠨ ᠤ 13.5 ᠳᠡᠭᠰᠢ ᠳᠦᠷᠪᠡᠯᠵᠢᠨ ᠺᠢᠯᠤᠮᠧᠲᠷ ᠤᠨ ᠡᠵᠡᠮᠳᠡᠯ ᠤᠨ ᠴᠢᠨᠠᠷ ᠲᠠᠢ ᠨᠠᠷᠢᠯᠢᠭ | ᠳᠦᠯᠦᠪᠵᠢᠬᠦᠯᠭᠡ ᠵᠢᠴᠢ ᠴᠢᠨᠳᠠᠮᠤᠨᠢ ᠠᠭᠤᠯᠠ ᠶᠢᠨ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠳᠦᠷᠦᠯ ᠵᠦᠢᠯ ᠢ | ᠨᠠᠶᠢᠷᠠᠭᠤᠯᠤᠨ ᠵᠤᠬᠢᠶᠠᠬᠤ ᠳᠦᠰᠦᠯ ᠢ ᠳᠦᠷᠭᠡᠭᠡᠨ ᠪᠡᠶᠡᠯᠡᠬᠦᠯᠵᠤ᠂ ᠵᠠᠮ ᠬᠠᠷᠢᠯᠴᠠᠭ᠎ᠠ᠂ ᠤᠰᠤ ᠬᠠᠩᠭᠠᠵᠤ | ᠭᠠᠳᠠᠭᠰᠢᠯᠠᠭᠤᠯᠬᠤ᠂ ᠭᠠᠵᠠᠷ ᠳᠤᠤᠷᠠᠬᠢ ᠬᠤᠭᠤᠯᠠᠢ ᠳᠤᠤᠷ ᠵᠡᠷᠭᠡ ᠳᠤᠰᠬᠠᠢ ᠮᠡᠷᠭᠡᠵᠢᠯ ᠤᠨ ᠳᠦᠯᠦᠪᠵᠢᠬᠦᠯᠭᠡ ᠶᠢ | ᠳᠡᠬᠦᠯᠳᠡᠷᠵᠢᠬᠦᠯᠦᠨ᠎ᠡ᠃ ︽ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠳᠠ︾ ᠶᠢ ᠡᠬᠦᠳᠦᠨ ᠪᠠᠶᠢᠭᠤᠯᠬᠤ | ᠠᠵᠢᠯ ᠢ ᠬᠦᠨᠵᠡᠬᠡᠢ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠡᠷᠡᠬᠦᠯ ᠬᠠᠮᠠᠭᠠᠯᠠᠯ ᠤᠨ ᠬᠤᠳᠠ | ᠪᠠᠯᠭᠠᠰᠤ ᠶᠢ ᠡᠬᠦᠳᠦᠨ ᠪᠠᠶᠢᠭᠤᠯᠬᠤ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠬᠦᠯᠦᠨ᠎ᠡ᠃ ᠬᠤᠳᠠ ᠪᠠᠯᠭᠠᠰᠤᠨ ᠤ | ᠬᠠᠮᠢᠶᠠᠷᠤᠯᠳᠠ ᠶᠢᠨ ᠨᠡᠩ ᠨᠠᠷᠢᠯᠢᠭ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠬᠤᠳᠠ ᠪᠠᠯᠭᠠᠰᠤᠨ ᠤ ᠬᠠᠤᠯᠢ ᠶᠢ | ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠬᠤᠳᠠ ᠪᠠᠯᠭᠠᠰᠤᠨ ᠤ ᠬᠠᠮᠢᠶᠠᠷᠤᠯᠳᠠ | ᠶᠢᠨ ᠠᠵᠢᠯ ᠢ ᠰᠠᠶᠢᠵᠢᠷᠠᠭᠤᠯᠵᠤ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠬᠠᠤᠯᠢᠵᠢᠯᠳᠠ᠂ ᠤᠶᠤᠨᠴᠢᠯᠳᠠ᠂ | ᠨᠠᠷᠢᠯᠢᠭᠵᠢᠯᠲᠡ ᠶᠢ ᠬᠦᠴᠦᠯᠡᠨ ᠠᠬᠢᠭᠤᠯᠤᠨ᠎ᠠ᠃ ᠤᠯᠠᠨ ᠲᠦᠮᠡᠨ ᠤ ᠠᠩᠬᠠᠷᠤᠯ ᠳᠠᠯᠪᠢᠵᠤ ᠪᠠᠶᠢᠭ᠎ᠠ ᠬᠤᠳᠠ | ᠪᠠᠯᠭᠠᠰᠤᠨ ᠤ ᠳᠦᠷᠢ ᠳᠦᠷᠬᠦ᠂ ᠵᠠᠮ ᠬᠠᠷᠢᠯᠴᠠᠭ᠎ᠠ ᠪᠠ ᠡᠵᠡᠩᠨᠡᠯᠲᠡ ᠶᠢᠨ ᠡᠮᠬᠢ ᠲᠢᠭᠯᠢᠮ᠂ ᠤᠷᠴᠢᠨ ᠳᠤᠭᠤᠷᠢᠨ ᠤ | ᠡᠷᠡᠬᠦᠯ ᠬᠠᠮᠠᠭᠠᠯᠠᠯ᠂ ᠠᠨᠢᠷᠲᠦ ᠳᠠᠭᠤᠨ ᠤᠯᠠᠨ ᠲᠦᠮᠡᠨ ᠢ ᠦᠢᠮᠡᠬᠦᠯᠬᠦ᠂ ᠠᠳᠠᠯ ᠠᠬᠤᠢ ᠶᠢᠨ ᠬᠠᠮᠢᠶᠠᠷᠤᠯᠳᠠ ᠵᠡᠷᠭᠡ | ᠳᠤᠪᠤᠶᠢᠮ᠎ᠠ ᠠᠰᠠᠭᠤᠳᠠᠯ ᠢ ᠪᠠᠳᠤᠳᠠᠢ ᠵᠠᠰᠠᠨ ᠴᠡᠭᠴᠡᠯᠡᠵᠤ᠂ ᠳᠤᠷ᠎ᠠ ᠪᠠᠷ ᠪᠠᠶᠢᠭᠤᠯᠵᠤ ᠪᠤᠰᠬᠠᠬᠤ ᠳᠠᠯᠪᠢᠬᠤ ᠪᠠ | ᠡᠵᠡᠯᠡᠬᠦ ᠵᠡᠷᠭᠡ ᠠᠵᠢᠯᠯᠠᠭ᠎ᠠ ᠶᠢ ᠬᠦᠴᠦᠯᠡᠨ ᠦᠬᠡᠶᠢᠰᠭᠡᠨ᠎ᠡ᠃ ︽ᠭᠤᠷᠪᠠ ᠦᠬᠡᠢ︾ ᠪᠠᠭ᠎ᠠ ᠳᠤᠭᠤᠷᠢᠭ᠂ ᠵᠡᠬᠡᠯᠢ | ᠭᠤᠳᠤᠮᠵᠢ᠂ ᠬᠤᠳᠠ ᠬᠦᠳᠡᠭᠡ ᠶᠢᠨ ᠠᠭᠤᠯᠵᠠᠭᠤᠷ ᠤᠨ ᠵᠠᠰᠠᠨ ᠴᠡᠭᠴᠡᠯᠡᠯᠲᠡ ᠶᠢ ᠦᠷᠬᠦᠯᠵᠢᠯᠡᠨ ᠴᠢᠩᠭᠠᠳᠬᠠᠨ᠎ᠠ᠃ | ᠶᠡᠷᠦᠩᠬᠡᠶᠢᠯᠡᠭᠰᠡᠨ ᠬᠠᠤᠯᠢ ᠶᠢ ᠭᠡᠷᠡᠭᠵᠢᠬᠦᠯᠬᠦ ᠪᠠ ᠰᠠᠯᠠᠭ᠎ᠠ ᠮᠦᠴᠢᠷ ᠤᠨ ᠬᠠᠷᠢᠯᠴᠠᠨ ᠬᠦᠳᠡᠯᠦᠯᠴᠡᠬᠦ ᠳᠤᠭᠳᠠᠴᠠ ᠶᠢ | ᠴᠢᠩᠭᠠᠷᠠᠭᠤᠯᠵᠤ᠂ ᠬᠠᠤᠯᠢ ᠪᠤᠰᠤ ᠪᠠᠷ ᠭᠠᠵᠠᠷ ᠰᠢᠷᠤᠢ ᠶᠢ ᠭᠡᠷᠡᠭᠯᠡᠬᠦ ᠪᠠ ᠬᠠᠤᠯᠢ ᠪᠤᠰᠤ ᠪᠠᠷ ᠪᠠᠶᠢᠭᠤᠯᠬᠤ ᠶᠢ ᠬᠠᠤᠯᠢ | ᠶᠤᠰᠤᠭᠠᠷ ᠢᠯᠭᠠᠷᠠᠭᠤᠯᠤᠨ ᠦᠬᠡᠶᠢᠰᠭᠡᠵᠤ᠂ ᠤᠯᠤᠰ ᠤᠨ ᠵᠠᠮ᠂ ᠮᠤᠵᠢ ᠶᠢᠨ ᠬᠤᠭᠤᠷᠤᠨᠳᠤᠬᠢ ᠵᠠᠮ ᠱᠤᠭᠤᠮ ᠤᠨ | ᠤᠯᠠᠭᠠᠨ ᠱᠤᠭᠤᠮ ᠤᠨ ᠬᠤᠶᠠᠷ ᠬᠠᠪᠢ᠂ ᠬᠤᠳᠠ ᠪᠠᠯᠭᠠᠰᠤᠨ ᠤ ᠳᠦᠯᠦᠪᠵᠢᠬᠦᠯᠭᠡ ᠶᠢᠨ ᠳᠤᠳᠤᠷ᠎ᠠ ᠬᠠᠤᠯᠢ ᠪᠤᠰᠤ | ᠪᠠᠷ ᠪᠠᠶᠢᠭᠤᠯᠬᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠤᠳᠤ ᠶᠢᠨ ᠪᠠᠶᠢᠭ᠎ᠠ ᠬᠠᠤᠯᠢ ᠪᠤᠰᠤ ᠪᠠᠷ | ᠪᠠᠶᠢᠭᠤᠯᠤᠭᠰᠠᠨ ᠪᠠᠷᠢᠯᠭ᠎ᠠ ᠶᠢ ᠬᠦᠴᠦᠯᠡᠨ ᠨᠤᠷᠭᠠᠵᠤ᠂ ᠰᠢᠨ᠎ᠡ ᠪᠠᠷ ᠬᠠᠤᠯᠢ ᠪᠤᠰᠤ ᠪᠠᠷ ᠪᠠᠶᠢᠭᠤᠯᠬᠤ ᠦᠬᠡᠢ ᠶᠢ | ᠪᠠᠳᠤᠯᠠᠨ᠎ᠠ᠃ ᠳᠦᠷᠢᠶᠡᠰᠦᠯᠡᠬᠦ ᠮᠠᠰᠢᠨ ᠳᠡᠷᠭᠡᠨ ᠤ ᠺᠤᠮᠫᠠᠨᠢ ᠶᠢ ᠡᠬᠢᠯᠡᠬᠦᠯᠦᠨ ᠡᠵᠡᠩᠨᠡᠯᠲᠡ ᠬᠢᠯᠭᠡᠵᠤ᠂ ᠳᠦᠷᠢᠶᠡᠰᠦᠨ | ᠮᠠᠰᠢᠨ ᠳᠡᠷᠭᠡᠨ ᠤ ᠵᠠᠬ᠎ᠠ ᠳᠡᠯᠬᠡᠬᠦᠷ ᠤᠨ ᠡᠮᠬᠢ ᠲᠢᠭᠯᠢᠮ ᠢ ᠳᠦᠷᠢᠮᠵᠢᠬᠦᠯᠵᠤ᠂ ᠨᠡᠶᠢᠲᠡ ᠶᠢᠨ ᠮᠠᠰᠢᠨ ᠳᠡᠷᠭᠡᠨ ᠤ | ᠱᠤᠭᠤᠮ ᠢ ᠨᠡᠮᠡᠭᠳᠡᠬᠦᠯᠦᠨ ᠴᠢᠳᠠᠪᠦᠷᠢ ᠶᠢ ᠦᠷᠭᠡᠳᠭᠡᠬᠦ ᠠᠯᠬᠤᠴᠠ ᠶᠢ ᠳᠦᠷᠭᠡᠳᠭᠡᠵᠤ᠂ ᠤᠯᠠᠨ ᠲᠦᠮᠡᠨ ᠤ ᠤᠷᠤᠵᠤ | ᠭᠠᠷᠬᠤ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠤᠶᠤᠨᠴᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠳᠠ ᠶᠢ | ᠡᠬᠢᠯᠡᠬᠦᠯᠵᠤ᠂ ᠭᠡᠷᠡᠭᠵᠢᠬᠦᠯᠵᠤ ᠪᠤᠯᠬᠤᠶᠢᠴᠠ ᠪᠤᠯᠪᠠᠰᠤᠨ ᠰᠠᠶᠢᠬᠠᠨ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ | ᠪᠠ ᠠᠵᠢᠯᠯᠠᠭ᠎ᠠ ᠶᠢᠨ ᠳᠦᠷᠢᠮᠵᠢᠯ ᠢ ᠳᠤᠭᠳᠠᠭᠠᠨ᠎ᠠ᠃ | ︵ᠨᠠᠢᠮᠠ︶ ᠬᠠᠮᠳᠣᠪᠠᠷ ᠡᠳ᠋ᠯᠡᠬᠦ ᠬᠦᠭᠵᠢᠯᠲᠡ ᠶᠢᠨ ᠤᠶᠢᠯᠠᠭᠠᠭᠳᠠᠬᠤᠨ ᠢ ᠨᠡᠩ ᠴᠢᠬᠤᠯᠠᠴᠢᠯᠠᠵᠤ᠂ ᠠᠷᠠᠳ ᠤᠨ | ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠨ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠦ᠂ | ᠨᠡᠩ ᠣᠯᠠᠨ ᠠᠷᠠᠳ ᠲᠦᠮᠡᠨ ᠳᠤ ᠬᠦᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦᠯᠦᠨ᠎ᠡ᠃ | ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠠᠳᠬᠤᠨ᠎ᠠ᠃ ᠶᠠᠳᠠᠭᠤ | ᠬᠦᠴᠢᠷᠳᠡᠯᠲᠡᠢ ᠠᠷᠠᠳ ᠲᠦᠮᠡᠨ ᠤ ᠦᠨᠳᠦᠰᠦᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠵᠤ᠂ ᠬᠤᠳᠠ ᠬᠦᠳᠡᠭᠡ | ᠶᠢᠨ ᠨᠠᠭᠠᠳᠣ ᠵᠠᠬ᠎ᠠ ᠶᠢᠨ ᠪᠠᠳᠣᠯᠠᠭ᠎ᠠ᠂ ᠬᠦᠳᠡᠭᠡ ᠲᠤᠰᠬᠤᠨ ᠤ ᠲᠠᠪᠤᠨ ᠪᠠᠳᠣᠯᠠᠭ᠎ᠠ ᠶᠢᠨ ᠡᠷᠦᠬᠡ᠂ ᠬᠤᠳᠠ | ᠪᠠᠯᠭᠠᠰᠣᠨ ᠤ ︽ᠭᠤᠷᠪᠠ ᠦᠭᠡᠢ︾ ᠬᠦᠮᠦᠰ ᠪᠠ ᠦᠨᠦᠴᠢᠨ ᠬᠡᠦᠬᠡᠳ ᠤᠨ ᠠᠰᠠᠷᠠᠮᠵᠢ ᠶᠢᠨ ᠪᠠᠷᠢᠮᠵᠢᠶ᠎ᠠ ᠶᠢ | ᠲᠡᠭᠡᠭᠰᠢᠯᠡᠬᠦᠯᠦᠨ᠎ᠡ᠃ ᠪᠦᠬᠦ ᠠᠷᠠᠳ ᠤᠨ ᠲᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ | ᠬᠡᠷᠡᠭᠵᠢᠬᠦᠯᠦᠨ᠎ᠡ᠃ ᠨᠠᠰᠣᠳᠠᠨ ᠢ ᠠᠰᠠᠷᠠᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠶᠡᠷᠦᠩᠬᠡᠢ ᠪᠡᠯᠡ ᠤᠷᠤᠭᠤᠯᠤᠲᠠ ᠨᠢ 1500 ᠲᠦᠮᠡᠨ ᠲᠦᠭᠦᠷᠢᠭ ᠤᠨ ᠨᠠᠰᠣᠳᠠᠨ ᠢ ᠠᠰᠠᠷᠠᠬᠤ ᠬᠦᠷᠢᠶᠡᠯᠡᠩ ᠤᠨ | ᠲᠦᠪ ᠢ ᠠᠵᠢᠯ ᠡᠬᠢᠯᠡᠬᠦᠯᠦᠨ ᠪᠠᠶᠢᠭᠤᠯᠤᠨ᠎ᠠ᠃ ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ ᠲᠦᠷᠪᠡᠯᠵᠢᠨ | ᠮᠧᠲᠷ᠂ 200 ᠰᠠᠭᠤᠷᠢ ᠣᠷᠣ ᠲᠠᠢ ᠠᠷᠠᠳ ᠠᠴᠠ ᠡᠷᠬᠢᠯᠡᠭᠰᠡᠨ ᠡᠮ ᠡᠮᠨᠡᠯᠭᠡ ᠪᠠ ᠠᠰᠠᠷᠠᠮᠵᠢ ᠶᠢ | ᠣᠶᠠᠯᠳᠣᠭᠤᠯᠤᠭᠰᠠᠨ ᠠᠰᠠᠷᠠᠨ ᠲᠡᠵᠢᠭᠡᠵᠦ ᠰᠣᠪᠢᠯᠠᠬᠤ ᠬᠦᠷᠢᠶᠡᠯᠡᠩ ᠤᠨ ᠪᠡᠯᠡᠳᠭᠡᠯ ᠠᠵᠢᠯ ᠢ ᠲᠦᠯᠬᠢᠨ | ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠬᠦᠨ ᠳᠤ ᠲᠠᠯᠪᠢᠬᠤ ᠲᠦᠷᠦ ᠶᠢᠨ ᠪᠤᠳᠣᠯᠭ᠎ᠠ ᠪᠠ ᠢᠳᠡᠪᠬᠢᠲᠡᠢ ᠪᠠᠷ | ᠠᠵᠢᠯ ᠣᠯᠭᠤᠬᠤ ᠲᠦᠷᠦ ᠶᠢᠨ ᠪᠤᠳᠣᠯᠭ᠎ᠠ ᠶᠢ ᠬᠡᠷᠡᠭᠵᠢᠬᠦᠯᠵᠦ᠂ ᠬᠤᠳᠠ ᠪᠠᠯᠭᠠᠰᠣᠨ ᠤ ᠰᠢᠨ᠎ᠡ ᠪᠠᠷ ᠨᠡᠮᠡᠭᠳᠡᠭᠰᠡᠨ | ᠠᠵᠢᠯ ᠣᠯᠣᠭᠰᠠᠨ ᠲᠤᠭ᠎ᠠ ᠶᠢ 1200 ᠬᠦᠮᠦᠨ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠭᠰᠠᠨ | ᠨᠤᠷᠮ᠎ᠠ ᠶᠢ 3.7% ᠶᠢᠨ ᠲᠤᠳᠣᠷ᠎ᠠ ᠬᠢᠵᠠᠭᠠᠷᠯᠠᠵᠤ᠂ ᠲᠡᠭᠡᠳᠦ ᠵᠡᠷᠭᠡ ᠶᠢᠨ ᠰᠣᠷᠭᠠᠭᠤᠯᠢ ᠲᠡᠭᠦᠰᠦᠭᠰᠡᠨ ᠣᠶᠣᠲᠠᠳ | ᠵᠡᠷᠭᠡ ᠭᠤᠤᠯᠳᠠᠯᠭ᠎ᠠ ᠲᠠᠢ ᠪᠠᠶᠢᠭᠤᠯᠤᠯᠲᠠ ᠶᠢᠨ 800 ᠣᠶᠤᠳᠠᠨ ᠳᠤ ᠠᠵᠢᠯ ᠤᠯᠭᠤᠵᠤ᠂ ᠪᠠᠭ᠎ᠠ ᠲᠤᠭᠠᠨ ᠤ | ᠲᠠᠭᠠᠭᠠᠯᠳᠠ ᠬᠢᠬᠦ ᠵᠢᠭᠡᠯᠡᠯᠭᠡ ᠶᠢᠨ ᠮᠦᠩᠭᠦ ᠶᠢ 2200 ᠲᠦᠮᠡᠨ ᠲᠦᠭᠦᠷᠢᠭ ᠲᠠᠯᠪᠢᠵᠤ᠂ ᠮᠠᠯᠴᠢᠨ ᠲᠠᠷᠢᠶᠠᠴᠢᠨ ᠢ | ᠰᠢᠯᠵᠢᠬᠦᠯᠦᠨ 2.5 ᠲᠦᠮᠡᠨ ᠬᠦᠮᠦᠨ ᠳᠤ ᠠᠵᠢᠯ ᠤᠯᠭᠤᠨ᠎ᠠ᠃ ᠪᠤᠯᠪᠠᠰᠣᠨ ᠢᠶᠠᠷ ᠣᠷᠣᠰᠢᠭᠤᠯᠬᠤ ᠦᠢᠯᠡᠴᠢᠯᠡᠭᠡᠨ | ᠤ ᠰᠢᠰᠲ᠋ᠧᠮᠵᠢ ᠲᠠᠢ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠢᠯ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠡᠷᠡᠬᠦᠯ | ᠡᠩᠭᠡ ᠲᠤᠮᠳᠠᠳᠣ ᠬᠤᠰᠢᠭᠤ ᠶᠢ ᠪᠦᠲᠦᠭᠡᠨ ᠪᠠᠶᠢᠭᠤᠯᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠢᠵᠢ ᠪᠦᠷᠢᠳᠦᠬᠦᠯᠬᠦ ᠦᠭᠡᠷᠡᠴᠢᠯᠡᠯᠲᠡ | ᠶᠢ ᠬᠦᠨᠵᠡᠭᠡᠶᠢᠷᠡᠬᠦᠯᠵᠦ᠂ ᠡᠮ ᠡᠮᠨᠡᠯᠭᠡ ᠶᠢᠨ ᠡᠬᠢ ᠪᠠᠶᠠᠯᠢᠭ ᠢ ᠨᠢᠬᠡᠳᠭᠡᠵᠤ᠂ ᠡᠮ ᠡᠮᠨᠡᠯᠭᠡ ᠬᠠᠮᠳᠤᠷᠠᠭᠰᠠᠨ ᠴᠤᠭᠴᠠ | ᠶᠢᠨ ᠪᠠᠶᠢᠭᠤᠯᠤᠯᠳᠠ ᠪᠠ ᠭᠡᠷ ᠪᠦᠯᠢ ᠶᠢᠨ ᠡᠮᠴᠢ ᠶᠢᠨ ᠭᠡᠷ᠎ᠡ ᠳᠤᠭᠳᠠᠬᠤ ᠦᠢᠯᠡᠴᠢᠯᠡᠭᠡᠨ ᠤ ᠠᠵᠢᠯ ᠤᠨ ᠬᠦᠴᠦᠯᠡᠴᠡ | ᠶᠢ ᠨᠡᠮᠡᠭᠳᠡᠬᠦᠯᠦᠨ᠎ᠡ᠃ ᠡᠷᠡᠬᠦᠯ ᠬᠠᠮᠠᠭᠠᠯᠠᠯ ᠤᠨ ᠭᠤᠤᠯᠳᠠᠯᠭᠠᠳᠣ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ ᠠᠬᠢᠭᠤᠯᠵᠤ᠂ ᠮᠤᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠪᠠᠭᠤᠷᠢ᠂ ᠶᠠᠳᠠᠭᠤ ᠶᠢ ᠲᠡᠳᠭᠦᠬᠦ | ᠠᠷᠠᠳ ᠤᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠰᠢᠭᠯᠠᠯᠲᠠ ᠳᠤ | ᠣᠷᠣᠬᠤ ᠶᠢ ᠪᠠᠳᠣᠯᠠᠨ᠎ᠠ᠃ ᠰᠣᠷᠭᠠᠨ ᠬᠦᠮᠦᠵᠢᠯ ᠤᠨ ᠦᠢᠯᠡᠰ ᠢ ᠢᠮᠠᠭᠳᠠ ᠲᠡᠷᠢᠬᠦᠨ ᠪᠠᠶᠢᠷᠢᠨ ᠳᠤ ᠲᠠᠯᠪᠢᠵᠤ᠂ ︽ | ᠲᠤᠤᠷ ᠰᠦᠯᠵᠢᠶ᠎ᠡ ᠰᠣᠷᠭᠠᠭᠤᠯᠢ ᠪᠦᠬᠦᠨ ᠳᠤ ᠨᠡᠪᠳᠡᠷᠡᠬᠦ᠂ ᠰᠢᠯᠢᠳᠡᠭ ᠡᠬᠢ ᠪᠠᠶᠠᠯᠢᠭ ᠠᠩᠭᠢ ᠪᠦᠷᠢ ᠳᠤ ᠨᠡᠪᠳᠡᠷᠡᠬᠦ᠂ | ᠲᠤᠤᠷ ᠰᠦᠯᠵᠢᠶᠡᠨ ᠤ ᠰᠣᠷᠣᠯᠴᠠᠭ᠎ᠠ ᠶᠢᠨ ᠣᠷᠣᠨ ᠵᠠᠢ ᠰᠣᠷᠣᠭᠴᠢ ᠪᠦᠷᠢ ᠳᠤ ᠨᠡᠪᠳᠡᠷᠡᠬᠦ᠂ ᠰᠣᠷᠭᠠᠨ ᠬᠦᠮᠦᠵᠢᠯ | ᠤᠨ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠰᠣᠷᠭᠠᠨ ᠬᠦᠮᠦᠵᠢᠯ ᠤᠨ | ᠬᠠᠮᠢᠶᠠᠷᠤᠯᠳᠠ ᠶᠢᠨ ᠲᠠᠪᠴᠠᠩ︾ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠦᠨ᠂ ᠪᠦᠬᠦ ᠬᠤᠰᠢᠭᠤᠨ ᠤ ᠪᠠᠭᠰᠢ | ᠨᠠᠷ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠠᠯᠪᠠᠨ ᠵᠢᠷᠦᠮ | ᠤᠨ ᠰᠣᠷᠭᠠᠨ ᠬᠦᠮᠦᠵᠢᠯ ᠤᠨ ᠴᠢᠨᠠᠷ ᠰᠠᠶᠢᠨ᠂ ᠲᠡᠩᠴᠡᠭᠦᠷᠢᠲᠡᠢ ᠬᠦᠭᠵᠢᠯᠳᠡ ᠶᠢ ᠠᠬᠢᠭᠤᠯᠵᠤ᠂ ᠲᠤᠮᠳᠠᠳᠣ ᠪᠠᠭ᠎ᠠ | ᠰᠣᠷᠭᠠᠭᠤᠯᠢ ᠶᠢᠨ ᠰᠣᠷᠣᠭᠴᠢ ᠶᠢᠨ ᠬᠢᠴᠢᠶᠡᠯ ᠤᠨ ᠭᠠᠳᠠᠨᠠᠬᠢ ᠳᠠᠷᠤᠭᠠᠰᠦ ᠶᠢ ᠬᠦᠩᠭᠡᠷᠡᠬᠦᠯᠦᠨ᠎ᠡ᠃ | ᠦᠷᠭᠦᠯᠵᠢᠯᠡᠭᠰᠡᠨ ᠰᠣᠷᠭᠠᠨ ᠬᠦᠮᠦᠵᠢᠯ ᠢ ᠰᠠᠶᠢᠳᠣᠷ ᠡᠷᠬᠢᠯᠡᠵᠦ᠂ ᠰᠣᠷᠣᠯᠴᠠᠯᠭ᠎ᠠ ᠶᠢᠨ ᠬᠡᠯᠪᠡᠷᠢ ᠶᠢᠨ ᠨᠡᠶᠢᠭᠡᠮ ᠢ | ᠲᠦᠷᠭᠡᠳᠭᠡᠨ ᠪᠠᠶᠢᠭᠤᠯᠵᠤ᠂ ᠪᠦᠬᠦ ᠠᠷᠠᠳ ᠤᠨ ᠬᠡᠪ ᠪᠤᠯᠪᠠᠰᠤᠷᠠᠯ ᠢ ᠶᠡᠬᠡᠪᠡᠷ ᠲᠡᠭᠡᠭᠰᠢᠯᠡᠬᠦᠯᠦᠨ᠂ ᠨᠡᠶᠢᠲᠡ 1300 | ᠲᠦᠮᠡᠨ ᠲᠦᠭᠦᠷᠢᠭ ᠪᠡᠯᠡ ᠤᠷᠤᠭᠤᠯᠤᠨ᠂ ᠪᠠᠷᠢᠯᠭ᠎ᠠ ᠶᠢᠨ ᠲᠠᠯᠠᠪᠠᠢ ᠨᠢ 4500 ᠲᠡᠭᠰᠢ ᠲᠦᠷᠪᠡᠯᠵᠢᠨ ᠮᠧᠲᠷ ᠤᠨ | ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ᠂ | ᠪᠠᠶᠠᠨᠬᠤᠰᠢᠭᠤ ᠨᠢᠭᠡᠳᠦᠭᠡᠷ ᠪᠠᠭ᠎ᠠ ᠰᠣᠷᠭᠠᠭᠤᠯᠢ ᠶᠢᠨ ᠰᠢᠨ᠎ᠡ ᠪᠠᠭᠤᠷᠢ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ | ᠬᠡᠷᠡᠭᠵᠢᠬᠦᠯᠦᠨ᠎ᠡ᠃ ᠭᠤᠷᠪᠠᠳᠣᠭᠠᠷ ᠣᠳᠠᠭᠠᠨ ᠤ ᠪᠦᠬᠦ ᠣᠯᠣᠰ ᠤᠨ ᠭᠠᠵᠠᠷ ᠰᠢᠷᠤᠢ ᠶᠢᠨ ᠪᠠᠶᠢᠴᠠᠭᠠᠯᠳᠠ ᠪᠠ | ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠬᠢᠨᠠᠮᠠᠭᠠᠢ ᠵᠤᠬᠢᠶᠠᠨ | ᠪᠠᠶᠢᠭᠤᠯᠤᠨ᠎ᠠ᠃ ᠠᠵᠢᠯᠳᠠᠨ ᠤ ᠡᠪᠯᠡᠯ᠂ ᠪᠠᠭᠠᠴᠤᠳ ᠤᠨ ᠡᠪᠯᠡᠯ᠂ ᠡᠮᠡᠭᠳᠡᠶᠢᠴᠦᠳ ᠤᠨ ᠬᠤᠯᠪᠤᠭ᠎ᠠ᠂ ᠰᠢᠨᠵᠢᠯᠡᠭᠡ | ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠣᠭᠠᠨ ᠤ ᠬᠤᠯᠪᠤᠭ᠎ᠠ ᠵᠡᠷᠭᠡ ᠪᠠᠶᠢᠭᠤᠯᠭ᠎ᠠ ᠶᠢᠨ ᠠᠵᠢᠯ ᠢ | ᠴᠢᠬᠤᠯᠠᠴᠢᠯᠠᠨ᠂ ᠨᠢᠬᠦᠯᠡᠰᠦᠩᠭᠦᠢ ᠶᠢᠨ ᠦᠢᠯᠡᠰ᠂ ᠨᠠᠰᠣᠳᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ | ᠠᠵᠢᠯ ᠤᠨ ᠬᠦᠭᠵᠢᠯᠲᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ᠂ | ᠲᠠᠩᠰᠠ ᠡᠪᠬᠡᠮᠡᠯ᠂ ᠲᠡᠦᠬᠡ ᠣᠶᠢᠯᠠᠯᠭ᠎ᠠ᠂ ᠴᠠᠭ ᠠᠭᠤᠷ ᠵᠡᠷᠭᠡ ᠠᠵᠢᠯ ᠢ ᠨᠢᠭᠡᠳᠦᠯᠲᠡᠢ ᠲᠦᠯᠦᠪᠯᠡᠨ ᠰᠠᠶᠢᠳᠣᠷ | ᠠᠳᠬᠤᠨ᠎ᠠ᠃ | ᠨᠡᠶᠢᠭᠡᠮ ᠤᠨ ᠲᠤᠭᠳᠠᠭᠤᠨ ᠡᠶ᠎ᠡ ᠨᠠᠶᠢᠷᠠᠮᠳᠠᠭᠤ ᠶᠢ ᠪᠦᠬᠦ ᠬᠦᠴᠦᠨ ᠢᠶᠠᠷ ᠪᠠᠳᠣᠯᠠᠨ᠎ᠠ᠃ ᠠᠮᠤᠷ ᠲᠦᠪᠰᠢᠨ | ᠲᠤᠮᠳᠠᠳᠣ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠦᠷᠢᠴᠡᠯ ᠮᠠᠷᠭᠤᠯᠳᠣᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠬᠢᠨᠠᠮᠠᠭᠠᠢ ᠬᠢᠵᠦ᠂ ᠨᠡᠶᠢᠭᠡᠮ ᠤᠨ ᠬᠠᠮᠢᠶᠠᠷᠤᠯᠳᠠ ᠶᠢᠨ ᠲᠤᠤᠷᠴᠢᠯᠠᠭᠰᠠᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ | ᠬᠦᠨᠳᠦ ᠴᠤᠬᠢᠯᠲᠠ ᠦᠭᠭᠦᠨ᠎ᠡ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠪᠤᠯᠤᠨ ᠲᠤᠰᠬᠠᠢ ᠵᠦᠢᠯ | ᠤᠨ ᠵᠠᠰᠠᠨ ᠴᠡᠭᠴᠡᠯᠡᠯᠲᠡ ᠶᠢ ᠪᠦᠬᠦ ᠬᠦᠴᠦᠨ ᠢᠶᠠᠷ ᠦᠷᠨᠢᠬᠦᠯᠦᠨ᠂ ᠪᠦᠬᠦ ᠬᠤᠰᠢᠭᠤᠨ ᠤ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠤᠨ ᠲᠤᠭᠳᠠᠭᠤᠨ ᠪᠠᠶᠢᠬᠤ ᠶᠢ ᠪᠠᠳᠣᠯᠠᠨ᠎ᠠ᠃ ᠡᠬᠢ ᠰᠣᠷᠪᠤᠯᠵᠢ ᠠᠴᠠ ᠨᠢ ᠵᠠᠰᠠᠬᠤ᠂ | ᠭᠤᠤᠯᠳᠠᠯᠭ᠎ᠠ ᠲᠠᠢ ᠵᠠᠰᠠᠬᠤ ᠶᠢ ᠴᠢᠩᠭᠠᠳᠬᠠᠨ᠂ ︽ᠲᠤᠯᠤᠭ᠎ᠠ ᠲᠠᠪᠤ︾ ᠶᠢᠨ ᠬᠠᠤᠯᠢ ᠶᠢ ᠲᠦᠭᠡᠮᠡᠯᠵᠢᠬᠦᠯᠬᠦ ᠠᠵᠢᠯ | ᠢ ᠬᠢᠨᠠᠮᠠᠭᠠᠢ ᠦᠷᠨᠢᠬᠦᠯᠦᠨ᠂ ᠨᠡᠶᠢᠭᠡᠮ ᠲᠤᠭᠤᠷᠢᠭ ᠤᠨ ᠵᠠᠰᠠᠪᠤᠷᠢᠯᠠᠬᠤ ᠠᠵᠢᠯ ᠢ ᠴᠢᠩᠭᠠᠳᠬᠠᠨ᠎ᠠ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠬᠦᠴᠦᠯᠡᠨ | ᠲᠡᠭᠡᠭᠰᠢᠯᠡᠬᠦᠯᠵᠦ᠂ ᠠᠷᠠᠳ ᠲᠦᠮᠡᠨ ᠳᠤ ᠬᠠᠨᠤᠮᠵᠢ ᠲᠠᠢ ᠵᠠᠰᠠᠭ ᠤᠨ ᠣᠷᠳᠣᠨ ᠢ ᠪᠦᠲᠦᠭᠡᠨ ᠪᠠᠶᠢᠭᠤᠯᠤᠨ᠎ᠠ᠃ | ᠬᠠᠤᠯᠢ ᠶᠤᠰᠣᠭᠠᠷ ᠵᠠᠰᠠᠭ ᠪᠠᠷᠢᠬᠤ ᠶᠢ ᠬᠦᠨᠵᠡᠭᠡᠢ ᠠᠬᠢᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠯᠲᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ | ᠢᠶᠠᠷ ᠬᠢᠨᠠᠯᠳᠠ ᠲᠠᠯᠪᠢᠬᠤ ᠶᠢ ᠬᠠᠤᠯᠢ ᠶᠤᠰᠣᠭᠠᠷ ᠬᠦᠯᠢᠶᠡᠨ ᠠᠪᠴᠤ᠂ ᠬᠠᠤᠯᠢ ᠴᠠᠭᠠᠵᠠ ᠪᠠᠷ ᠬᠢᠨᠠᠯᠳᠠ ᠲᠠᠯᠪᠢᠬᠤ ᠪᠠ | ᠬᠢᠨᠠᠨ ᠪᠤᠳᠣᠯᠳᠠ ᠳᠤ ᠬᠢᠨᠠᠯᠳᠠ ᠲᠠᠯᠪᠢᠬᠤ ᠶᠢ ᠴᠢᠬᠤᠯᠠᠴᠢᠯᠠᠨ᠂ ᠨᠡᠶᠢᠭᠡᠮ ᠪᠤᠯᠤᠨ ᠶᠠᠷᠢᠶ᠎ᠠ ᠬᠡᠯᠡᠯᠴᠡᠭᠡᠨ ᠤ ᠬᠢᠨᠠᠯᠳᠠ | ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ︽ᠲᠤᠤᠷ ᠰᠦᠯᠵᠢᠶ᠎ᠡ + ᠵᠠᠰᠠᠭ ᠤᠨ ᠣᠷᠳᠣᠨ ᠤ | ᠦᠢᠯᠡᠴᠢᠯᠡᠭᠡ︾ ᠶᠢ ᠲᠦᠷᠭᠡᠳᠭᠡᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠪᠠ ᠵᠠᠰᠠᠭ ᠤᠨ | ᠣᠷᠳᠣᠨ ᠤ ᠮᠡᠳᠡᠭᠡ ᠰᠣᠷᠠᠭ ᠢ ᠢᠯᠡ ᠪᠤᠯᠭᠠᠬᠤ ᠶᠢ ᠠᠬᠢᠭᠤᠯᠤᠨ᠂ ᠰᠢᠢᠳᠪᠦᠷᠢᠳᠦ ᠪᠤᠳᠣᠯᠭ᠎ᠠ ᠶᠢᠨ ᠲᠦᠷᠢᠮ | ᠲᠤᠭᠳᠠᠭᠠᠯ ᠤᠨ ᠲᠤᠮᠳᠠ ᠶᠠᠪᠤᠭᠳᠠᠭᠤᠯᠤᠨ᠂ ᠡᠷᠬᠡ ᠶᠢ ᠢᠯᠡ ᠪᠤᠯᠭᠠᠨ᠎ᠠ᠃ ᠲᠦᠷᠢᠮ ᠲᠤᠭᠳᠠᠭᠠᠯ ᠤᠨ ᠪᠦᠲᠦᠭᠡᠨ | ᠪᠠᠶᠢᠭᠤᠯᠤᠲᠠ ᠶᠢ ᠴᠢᠩᠭᠠᠳᠬᠠᠨ᠂ ᠰᠢᠢᠳᠪᠦᠷᠢᠳᠦ ᠪᠤᠳᠣᠯᠭ᠎ᠠ ᠶᠢᠨ ᠲᠤᠭᠳᠠᠭᠠᠯ ᠢ ᠲᠦᠷᠢᠮᠵᠢᠬᠦᠯᠦᠨ᠂ ᠲᠦᠷᠢᠮ | ᠲᠤᠭᠳᠠᠭᠠᠯ ᠪᠠᠷ ᠬᠡᠷᠡᠭ ᠶᠠᠪᠤᠳᠠᠯ᠂ ᠬᠦᠮᠦᠨ ᠢ ᠬᠠᠮᠢᠶᠠᠷᠣᠨ᠂ ᠺᠠᠳ᠋ᠷ ᠤᠨ ᠢᠳᠡᠪᠬᠢᠵᠢᠯ ᠪᠤᠯᠤᠨ ᠰᠠᠨᠠᠭᠠᠴᠢᠯᠭᠠᠳᠣ | ᠴᠢᠨᠠᠷ ᠢ ᠬᠦᠢᠴᠡᠳ ᠪᠠᠳᠠᠷᠠᠭᠤᠯᠤᠨ᠎ᠠ᠃ | ᠠᠵᠢᠯ ᠤᠨ ᠦᠷ᠎ᠡ ᠪᠦᠲᠦᠮᠵᠢ ᠪᠠᠨ ᠬᠦᠴᠦᠯᠡᠨ ᠲᠡᠭᠡᠭᠰᠢᠯᠡᠬᠦᠯᠦᠨ᠎ᠡ᠃ ᠠᠵᠤ ᠠᠬᠤᠢ ᠶᠢᠨ ᠪᠠᠶᠢᠭᠤᠯᠤᠯ ᠪᠤᠯᠤᠨ | ᠠᠮᠢ ᠠᠬᠤᠢ ᠶᠢᠨ ᠪᠤᠯᠪᠠᠰᠣᠨ ᠤ ᠪᠠᠶᠢᠭᠤᠯᠤᠯ ᠤᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ | ᠵᠠᠰᠠᠭ ᠤᠨ ᠣᠷᠳᠣᠨ ᠤ ᠠᠵᠢᠯᠯᠠᠬᠤ ᠠᠯᠬᠤᠮ ᠲᠠᠷᠠᠭ᠎ᠠ ᠶᠢ ᠲᠠᠬᠢᠨᠳᠠ ᠲᠤᠭᠳᠠᠭᠠᠬᠤ ᠶᠢ ᠲᠦᠯᠬᠢᠨ ᠠᠬᠢᠭᠤᠯᠵᠤ᠂ | ᠶᠠᠪᠤᠳᠠᠯ ᠰᠢᠢᠳᠪᠤᠷᠯᠡᠬᠦ ᠶᠠᠪᠦᠴᠠ ᠶᠢ ᠴᠤᠮᠬᠤᠳᠬᠠᠵᠤ᠂ ᠶᠠᠪᠤᠳᠠᠯ ᠰᠢᠢᠳᠪᠤᠷᠯᠡᠬᠦ ᠬᠤᠭᠤᠴᠠᠭ᠎ᠠ ᠶᠢ ᠪᠠᠭᠠᠰᠬᠠᠨ᠎ᠠ᠃ | ᠬᠤᠷᠡᠯ ᠤᠨ ᠪᠢᠴᠢᠭ ᠮᠠᠲ᠋ᠧᠷᠢᠶᠠᠯ ᠢ ᠣᠯᠠᠮ ᠨᠢᠭᠡ ᠠᠯᠬᠤᠮ ᠴᠤᠮᠬᠤᠳᠬᠠᠵᠤ᠂ ᠬᠤᠷᠡᠯ ᠤᠨ ᠰᠣᠷᠳᠠᠯ ᠢ ᠲᠠᠰᠣᠷᠠᠯᠳᠠ | ᠦᠭᠡᠢ ᠰᠠᠶᠢᠵᠢᠷᠭᠤᠯᠵᠦ᠂ ᠨᠡᠩ ᠤᠯᠠᠨ ᠴᠠᠭ ᠮᠦᠴᠡ ᠪᠠ ᠤᠶᠤᠨ ᠴᠢᠳᠠᠯ ᠢᠶᠠᠨ ᠭᠠᠷᠭᠠᠨ ᠰᠠᠶᠢᠳᠣᠷ ᠠᠵᠢᠯᠯᠠᠨ᠎ᠠ᠃ | ᠰᠤᠮᠦ ᠪᠠᠯᠭᠠᠰᠦ ᠪᠠ ᠭᠠᠴᠠᠭ᠎ᠠ ᠶᠢᠨ ᠵᠠᠷᠤᠳᠠᠯ ᠤᠨ ᠪᠠᠲᠤᠯᠠᠭ᠎ᠠ ᠶᠢ ᠠᠯᠬᠤᠮ ᠲᠠᠷᠠᠭᠠᠯᠠᠨ ᠨᠡᠮᠡᠭᠳᠡᠬᠦᠯᠵᠦ᠂ ᠺᠠᠳ᠋ᠷ ᠤᠨ | ᠮᠠᠰᠢᠨ ᠲᠡᠷᠭᠡ ᠶᠢᠨ ᠨᠦᠬᠦᠪᠦᠷᠢ ᠶᠢ ᠪᠡᠶᠡᠯᠡᠬᠦᠯᠵᠦ᠂ ᠺᠠᠲᠡᠷ ᠤᠨ ᠵᠢᠯ ᠤᠨ ᠠᠮᠠᠷᠠᠯᠲᠠ ᠤᠨ ᠳᠦᠷᠢᠮ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠳᠣᠨ ᠤ ᠺᠠᠳ᠋ᠷ ᠶᠢᠨ ᠠᠵᠢᠯ ᠠᠮᠢᠳᠣᠷᠠᠯ ᠤᠨ ᠤᠷᠴᠢᠨ ᠲᠤᠭᠤᠷᠢᠨ | ᠢ ᠦᠷᠬᠦᠯᠵᠢᠯᠡᠨ ᠰᠠᠶᠢᠵᠢᠷᠠᠭᠤᠯᠵᠦ᠂ ᠦᠷᠭᠡᠨ ᠤᠯᠠᠨ ᠺᠠᠲᠡᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢ | ᠴᠢᠨᠠᠷ ᠢ ᠵᠤᠷᠢᠭᠵᠢᠭᠤᠯᠤᠨ᠎ᠠ᠃ | ᠠᠷᠢᠭᠤᠨ ᠴᠢᠭᠡᠴᠢ ᠵᠠᠰᠠᠭ ᠤᠨ ᠤᠷᠳᠤᠨ ᠤ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠲᠦᠪ ᠤᠨ ᠨᠠᠢᠮᠠᠨ | ᠵᠤᠷᠪᠤᠰ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠳᠦᠷᠪᠡᠨ | ᠰᠤᠷᠲᠡᠯ︾ ᠢ ᠤᠷᠲᠦ ᠤᠳᠠᠭᠠᠨ ᠢᠶᠠᠷ ᠪᠠᠷᠢᠮᠲᠠᠯᠠᠵᠦ ᠵᠠᠯᠠᠷᠠᠭᠤᠯᠤᠨ᠂ ᠤᠯᠠᠨ ᠲᠦᠮᠡᠨ ᠤ ᠠᠰᠢᠭ ᠲᠤᠰᠡ ᠲᠠᠢ | ᠬᠠᠯᠳᠠᠭᠰᠠᠨ ᠲᠦᠪ ᠪᠤᠰᠦ ᠰᠤᠷᠲᠡᠯ ᠢ ᠬᠦᠴᠤᠯᠡᠨ ᠰᠠᠶᠢᠳᠪᠤᠷᠢᠯᠠᠨᠠ᠃ ᠢᠨᠵᠧᠨᠧᠷᠢᠩ ᠤᠨ ᠪᠦᠲᠤᠭᠡᠨ | ᠪᠠᠶᠢᠭᠤᠯᠤᠯᠳᠠ᠂ ᠲᠦᠷᠦᠯ ᠵᠦᠢᠯ ᠤᠨ ᠲᠠᠭᠠᠭᠠᠴᠢᠯᠠᠯᠲᠠ ᠵᠠᠷᠯᠠᠬᠤ᠂ ᠭᠠᠵᠠᠷ ᠰᠢᠷᠤᠢ ᠶᠢᠨ ᠰᠢᠯᠵᠢᠭᠦᠯᠲᠡ᠂ ᠶᠠᠳᠠᠭᠤ | ᠶᠢ ᠲᠡᠳᠬᠦᠬᠦ ᠪᠡᠯᠡ ᠮᠦᠡᠭᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ ᠬᠦᠢᠷᠶᠡ | ᠬᠡᠪᠴᠢᠶ᠎ᠡ ᠪᠠ ᠵᠠᠩᠬᠢᠯᠭ᠎ᠠ ᠶᠢᠨ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠭᠠᠨ᠎ᠠ᠃ ᠭᠤᠤᠯᠳᠠᠯᠭ᠎ᠠ ᠲᠠᠢ | ᠲᠦᠷᠤᠯ ᠵᠦᠢᠯ ᠪᠠ ᠲᠤᠰᠬᠠᠢ ᠲᠦᠷᠤᠯ ᠤᠨ ᠪᠡᠯᠡ ᠮᠦᠩᠬᠦ ᠶᠢᠨ ᠬᠠᠮᠢᠶᠠᠷᠤᠯᠲᠠ ᠶᠢᠨ ᠬᠦᠴᠤᠯᠡᠴᠡ ᠶᠢ | ᠴᠢᠩᠭᠠᠳᠬᠠᠵᠤ᠂ ᠲᠦᠷᠤᠯ ᠵᠦᠢᠯ ᠤᠨ ᠰᠡᠳᠤᠪ ᠲᠤᠭᠳᠠᠭᠠᠬᠤ ᠬᠢᠨᠨᠠ ᠵᠦᠪᠰᠢᠶᠡᠷᠡᠬᠦ ᠶᠠᠪᠤᠴᠠ ᠶᠢ ᠲᠦᠷᠢᠮᠵᠢᠭᠦᠯᠵᠦ᠂ | ᠬᠦᠨᠲᠦ ᠴᠢᠬᠤᠯᠡ ᠲᠦᠷᠤᠯ ᠵᠦᠢᠯ ᠢ ᠬᠠᠮᠲᠤ ᠪᠠᠷ ᠰᠢᠢᠳᠪᠦᠷᠢᠳᠤ ᠪᠤᠳᠤᠯᠭ᠎ᠠ ᠭᠠᠷᠭᠠᠬᠤ ᠶᠠᠪᠤᠴᠠ ᠶᠢ ᠴᠢᠩᠭᠠᠳᠬᠠᠨ᠂ | ᠲᠦᠷᠤᠯ ᠵᠦᠢᠯ ᠤᠨ ᠨᠢᠭᠡᠳᠦᠬᠦᠯᠬᠦ ᠬᠦᠴᠤᠯᠠᠴᠡ ᠶᠢ ᠨᠡᠮᠡᠭᠳᠡᠬᠦᠯᠦᠨ᠂ ᠲᠦᠷᠤᠯ ᠵᠦᠢᠯ ᠤᠨ ᠪᠡᠯᠡ ᠮᠦᠩᠬᠦ ᠬᠠᠮᠤᠭ | ᠶᠡᠭᠡ ᠠᠰᠢᠭ ᠲᠤᠰᠡ ᠢᠶᠠᠨ ᠪᠠᠳᠠᠷᠠᠭᠤᠯᠠᠬᠤ ᠶᠢ ᠪᠠᠲᠤᠯᠠᠨ᠎ᠠ᠃ | ᠲᠦᠯᠦᠭᠡᠯᠡᠭᠴᠢᠳ ᠡ︕ ᠰᠢᠨ᠎ᠡ ᠴᠠᠭ ᠦᠶ᠎ᠡ ᠳᠤ ᠰᠢᠨ᠎ᠡ ᠳᠡᠤᠭᠡᠲᠦ ᠡᠬᠦᠷᠭᠡ ᠶᠢ ᠤᠯᠭᠤᠵᠤ᠂ ᠰᠢᠨ᠎ᠡ ᠵᠢᠷᠤᠭ | ᠳᠦᠯᠦᠪᠯᠡᠭᠡ ᠰᠢᠨ᠎ᠡ ᠵᠢᠳᠭᠦᠯ ᠢ ᠭᠡᠷᠡᠭᠰᠡᠨ᠎ᠡ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ | ᠣᠳᠣᠷᠢᠳᠣᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠠᠭᠤᠤ ᠶᠡᠭᠡ ᠳᠤᠭ ᠢ ᠦᠨᠳᠦᠷ ᠮᠠᠨᠳᠤᠭᠤᠯᠵᠤ᠂ ᠤᠭ ᠰᠠᠨᠠᠭ᠎ᠠ ᠪᠠᠨ | ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠨ᠂ ᠤᠷᠤᠭᠰᠢ ᠳᠠᠪᠰᠢᠨ ᠵᠢᠳᠬᠦᠨ ᠴᠢᠷᠮᠠᠶᠢᠵᠤ᠂ | ᠰᠢᠷᠭᠠᠭᠤ ᠬᠠᠳᠠᠭᠤᠵᠢᠯᠳᠠᠢ ᠪᠠᠷ ᠠᠵᠢᠯᠯᠠᠵᠤ᠂ ᠡᠭᠦᠷᠢᠲᠡ ᠵᠤᠷᠢᠭ ᠮᠤᠬᠤᠬᠤ ᠦᠭᠡᠢ ᠰᠠᠶᠢᠨ ᠰᠠᠶᠢᠬᠠᠨ ᠲᠦᠷᠢ | ᠲᠦᠷᠬᠦ ᠪᠠ ᠦᠷᠬᠦᠯᠵᠢᠯᠡᠨ ᠣᠷᠣᠭᠰᠢᠯᠠᠬᠤ ᠵᠤᠷᠢᠭ ᠢᠶᠠᠷ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠦᠲᠦᠭᠡᠨ | ᠪᠠᠶᠢᠭᠤᠯᠬᠤ ᠰᠢᠢᠳᠪᠦᠷᠢᠲᠦ ᠢᠯᠠᠯᠳᠠ ᠶᠢ ᠤᠯᠵᠤ᠂ ᠤᠳᠤᠬᠢᠴᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠶᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠬᠦᠯᠬᠦ ᠶᠢᠨ ᠳᠦᠯᠦᠬᠡ | ᠴᠢᠷᠮᠠᠶᠢᠨ ᠳᠡᠮᠡᠴᠡᠵᠡᠬᠡᠶᠡ︕ |