| ᠵᠠᠰᠠᠭ ᠤᠨ ᠣᠷᠳᠣᠨ ᠤ ᠠᠵᠢᠯ ᠤᠨ ᠢᠯᠡᠳᠬᠡᠯ | | | 2013 ᠣᠨ ᠤ 1 ᠳ᠋ᠤᠭᠡᠷ ᠰᠠᠷ᠎ᠠ ᠶᠢᠨ 5 ᠤ ᠡᠳᠦᠷ ᠬᠤᠰᠢᠭᠤᠨ ᠤ ᠠᠷᠪᠡᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠤᠭᠡᠷ ᠣᠳᠠᠭᠠᠨ ᠤ ᠬᠤᠷᠠᠯ ᠲᠡᠭᠡᠷ᠎ᠡ | | ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠲᠠᠷᠤᠭ᠎ᠠ ᠵᠠᠩ ᠪᠢᠩ ᠢᠦᠢ | | ᠲᠦᠯᠦᠭᠡᠯᠡᠭᠴᠢᠳ ᠡ᠄ | ᠣᠳᠣ ᠪᠢ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠭᠡᠯ | ᠬᠢᠶ᠎ᠡ᠃ ᠬᠢᠨᠠᠨ ᠵᠦᠪᠯᠡᠬᠦ ᠪᠤᠯᠪᠠᠤ︕ ᠬᠠᠮᠳᠣ ᠳᠤᠨᠢ ᠡᠯ᠎ᠡ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠪᠠ | ᠪᠣᠰᠣᠳ ᠬᠤᠷᠠᠯ ᠳᠤ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠣ︕ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠲᠤᠪᠴᠢ ᠡᠷᠬᠢᠴᠡᠭᠦᠯᠦᠯ | 2008 ᠣᠨ ᠠᠴᠠ ᠨᠠᠰᠢ᠂ ᠲᠤᠰ ᠬᠤᠭᠤᠴᠠᠭᠠᠨ ᠤ ᠵᠠᠰᠠᠭ ᠤᠨ ᠣᠷᠳᠣᠨ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠣᠷᠢᠳᠣᠯᠭ᠎ᠠ ᠲᠤᠤᠷ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ | ᠲᠡᠮᠵᠢᠯᠭᠡ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠨ ᠲᠠᠶᠢᠴᠢᠯᠠᠵᠤ᠂ | ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠪᠦᠬᠦ ᠳᠠᠯ᠎ᠠ ᠶᠢ ᠶᠡᠷᠦᠩᠬᠡᠶᠢᠯᠡᠨ ᠬᠠᠮᠤᠷᠠᠬᠤ ᠶᠢ | ᠪᠠᠷᠢᠮᠳᠠᠯᠠᠵᠤ᠂ ︽ᠦᠭᠡᠷᠡᠴᠢᠯᠡᠯᠲᠡ᠂ ᠬᠦᠭᠵᠢᠯᠲᠡ᠂ ᠲᠤᠭᠳᠠᠭᠤᠨ︾ ᠭᠤᠷᠪᠠᠨ ᠭᠤᠤᠯ ᠰᠡᠳᠦᠪ ᠢ ᠲᠤᠪᠤᠶᠢᠯᠭᠠᠵᠤ᠂ | ︽ᠰᠠᠭᠤᠷᠢ ᠶᠢ ᠪᠠᠳᠣᠳᠬᠠᠵᠤ᠂ ᠠᠵᠤ ᠦᠢᠯᠡᠳᠪᠦᠷᠢ ᠶᠢ ᠪᠤᠵᠠᠭᠠᠶᠢᠷᠠᠭᠤᠯᠵᠤ᠂ ᠠᠷᠠᠳ ᠤᠨ ᠠᠮᠢᠳᠣᠷᠠᠯ ᠢ | ᠰᠠᠶᠢᠵᠢᠷᠠᠭᠤᠯᠬᠤ︾ ᠭᠤᠷᠪᠠᠨ ᠭᠤᠤᠯᠳᠠᠯᠭ᠎ᠠ ᠶᠢ ᠴᠢᠩᠭ᠎ᠠ ᠪᠠᠷᠢᠮᠳᠠᠯᠠᠨ᠂ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷ᠎ᠡ ᠲᠤᠭᠳᠠᠭᠠᠭᠰᠠᠨ ᠡᠭᠦᠷᠭᠡ ᠬᠠᠷᠠᠯᠲᠠ ᠶᠢ | ᠲᠡᠭᠦᠰ ᠰᠠᠶᠢᠨ ᠪᠡᠶᠡᠯᠡᠬᠦᠯᠵᠦ᠂ ᠠᠵᠤ ᠠᠬᠤᠢ ᠦᠷᠬᠦᠯᠵᠢᠯᠡᠨ ᠬᠦᠭᠵᠢᠵᠤ᠂ ᠠᠷᠠᠳ ᠤᠨ ᠠᠮᠢᠳᠣᠷᠠᠯ ᠢᠯᠡᠳᠳᠡ | ᠰᠠᠶᠢᠵᠢᠷᠠᠨ᠂ ᠨᠡᠶᠢᠬᠡᠮ ᠡᠶ᠎ᠡ ᠵᠤᠬᠢᠴᠠᠩᠭᠤᠢ ᠳᠤᠭᠳᠠᠭᠤᠨ ᠰᠠᠶᠢᠬᠠᠨ ᠪᠠᠶᠢᠳᠠᠯ ᠢᠯᠡᠷᠡᠵᠡᠢ᠃ ᠭᠤᠤᠯ ᠢᠯᠡᠷᠡᠯ ᠨᠢ᠄ | ︵ᠨᠢᠭᠡ︶ ᠶᠡᠷᠦᠩᠬᠡᠢ ᠠᠵᠤ ᠠᠬᠤᠢ ᠶᠢᠨ ᠲᠦᠪᠰᠢᠨ ᠢᠯᠡᠳᠲᠡ ᠲᠡᠭᠡᠭᠰᠢᠯᠡᠵᠡᠢ᠃ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ 2007 ᠤᠨ ᠤ 16.5 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ | 2012 ᠣᠨ ᠤ 48 ᠳ᠋ᠦᠩᠰᠢᠭᠤᠷ ᠲᠦᠭᠦᠷᠢᠭ ᠲᠤ ᠬᠦᠷᠴᠦ᠂ 1.9 ᠲᠠᠬᠢᠨ ᠨᠡᠮᠡᠭᠳᠡᠵᠦ᠂ ᠵᠢᠯ ᠪᠦᠷᠢ 23.8% | ᠪᠠᠷ ᠨᠡᠮᠡᠭᠳᠡᠵᠡᠢ᠃ ᠡᠬᠦᠨ ᠤ ᠲᠤᠳᠣᠷ᠎ᠠ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠨᠢ 2007 ᠣᠨ ᠤ | 8 ᠳ᠋ᠦᠩᠰᠢᠭᠤᠷ ᠳᠦᠬᠦᠷᠢᠭ ᠠᠴᠠ ᠨᠡᠮᠡᠭᠳᠡᠭᠡᠳ 2012 ᠣᠨ ᠤ 16 ᠳ᠋ᠦᠩᠰᠢᠭᠤᠷ ᠲᠦᠭᠦᠷᠢᠭ ᠲᠤ ᠬᠦᠷᠴᠦ᠂ | ᠨᠢᠬᠡ ᠲᠠᠬᠢᠨ ᠨᠡᠮᠡᠭᠳᠡᠵᠦ᠂ ᠵᠢᠯ ᠪᠦᠷᠢ 14.9% ᠪᠠᠷ ᠨᠡᠮᠡᠭᠳᠡᠪᠡ᠃ ᠬᠤᠶᠠᠳᠣᠭᠠᠷ ᠠᠵᠤ ᠦᠢᠯᠡᠰ ᠤᠨ ᠨᠡᠮᠡᠭᠳᠡᠯ | ᠦᠷᠳᠡᠭ ᠨᠢ 2007 ᠣᠨ ᠤ 2.9 ᠳ᠋ᠦᠩᠰᠢᠭᠤᠷ ᠳᠦᠬᠦᠷᠢᠭ ᠠᠴᠠ ᠨᠡᠮᠡᠭᠳᠡᠭᠡᠳ 2012 ᠣᠨ ᠤ 18 | ᠳ᠋ᠦᠩᠰᠢᠭᠤᠷ ᠲᠦᠭᠦᠷᠢᠭ ᠲᠤ ᠬᠦᠷᠴᠦ᠂ 5.2 ᠲᠠᠬᠢᠨ ᠨᠡᠮᠡᠭᠳᠡᠵᠦ᠂ ᠵᠢᠯ ᠪᠦᠷᠢ 44.1% ᠪᠠᠷ ᠨᠡᠮᠡᠭᠳᠡᠪᠡ᠃ | ᠡᠬᠦᠨ ᠳᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠰ ᠤᠨ ᠨᠡᠮᠡᠭᠳᠡᠯ ᠦᠷᠳᠡᠭ ᠨᠢ 2007 ᠣᠨ ᠤ 1.03 | ᠳ᠋ᠦᠩᠰᠢᠭᠤᠷ ᠳᠦᠬᠦᠷᠢᠭ ᠠᠴᠠ ᠨᠡᠮᠡᠭᠳᠡᠭᠡᠳ 2012 ᠣᠨ ᠤ 9.5 ᠳ᠋ᠦᠩᠰᠢᠭᠤᠷ ᠲᠦᠭᠦᠷᠢᠭ ᠲᠤ ᠬᠦᠷᠴᠦ᠂ 8. | 2 ᠲᠠᠬᠢᠨ ᠨᠡᠮᠡᠭᠳᠡᠵᠦ᠂ ᠵᠢᠯ ᠪᠦᠷᠢ 55.9% ᠪᠠᠷ ᠨᠡᠮᠡᠭᠳᠡᠪᠡ᠃ ᠭᠤᠷᠪᠠᠳᠣᠭᠠᠷ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠨᠢ 2007 ᠣᠨ ᠤ 5.6 ᠳ᠋ᠦᠩᠰᠢᠭᠤᠷ ᠳᠦᠬᠦᠷᠢᠭ ᠠᠴᠠ ᠨᠡᠮᠡᠭᠳᠡᠭᠡᠳ 2012 ᠣᠨ ᠤ 14 | ᠳ᠋ᠦᠩᠰᠢᠭᠤᠷ ᠲᠦᠭᠦᠷᠢᠭ ᠲᠤ ᠬᠦᠷᠴᠦ᠂ 1.5 ᠲᠠᠬᠢᠨ ᠨᠡᠮᠡᠭᠳᠡᠵᠦ᠂ ᠵᠢᠯ ᠪᠦᠷᠢ 20.1% ᠪᠠᠷ ᠨᠡᠮᠡᠭᠳᠡᠪᠡ᠃ ᠡᠳ᠋ | ᠶᠢᠨ ᠵᠠᠰᠠᠭ ᠤᠨ ᠤᠷᠤᠯᠭ᠎ᠠ ᠨᠢ 2007 ᠣᠨ ᠤ 5937 ᠲᠦᠮᠡᠨ ᠲᠦᠭᠦᠷᠢᠭ ᠠᠴᠠ ᠨᠡᠮᠡᠭᠳᠡᠭᠡᠳ 2012 ᠣᠨ | ᠤ 3.06 ᠳ᠋ᠦᠩᠰᠢᠭᠤᠷ ᠲᠦᠭᠦᠷᠢᠭ ᠲᠤ ᠬᠦᠷᠴᠦ᠂ 4.1 ᠲᠠᠬᠢᠨ ᠨᠡᠮᠡᠭᠳᠡᠵᠦ᠂ ᠵᠢᠯ ᠪᠦᠷᠢ 38.8% ᠪᠠᠷ | ᠨᠡᠮᠡᠭᠳᠡᠪᠡ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠨᠢ 2007 ᠣᠨ ᠤ 11.4 ᠳ᠋ᠦᠩᠰᠢᠭᠤᠷ | ᠳᠦᠬᠦᠷᠢᠭ ᠠᠴᠠ ᠨᠡᠮᠡᠭᠳᠡᠭᠡᠳ 2012 ᠣᠨ ᠤ 77 ᠳ᠋ᠦᠩᠰᠢᠭᠤᠷ ᠲᠦᠭᠦᠷᠢᠭ ᠲᠤ ᠬᠦᠷᠴᠦ᠂ 5.7 ᠲᠠᠬᠢᠨ | ᠨᠡᠮᠡᠭᠳᠡᠵᠦ᠂ ᠵᠢᠯ ᠪᠦᠷᠢ 46.5% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠯᠭᠡᠨ ᠤ ᠵᠦᠢᠯ ᠢ ᠵᠢᠵᠢᠭᠯᠡᠨ | ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠨᠢ 2007 ᠣᠨ ᠤ 7.68 ᠳ᠋ᠦᠩᠰᠢᠭᠤᠷ ᠳᠦᠬᠦᠷᠢᠭ ᠠᠴᠠ ᠨᠡᠮᠡᠭᠳᠡᠭᠡᠳ | 2012 ᠣᠨ ᠤ 16.5 ᠳ᠋ᠦᠩᠰᠢᠭᠤᠷ ᠲᠦᠭᠦᠷᠢᠭ ᠲᠤ ᠬᠦᠷᠴᠦ᠂ 1.1 ᠲᠠᠬᠢᠨ ᠨᠡᠮᠡᠭᠳᠡᠵᠦ᠂ ᠵᠢᠯ ᠪᠦᠷᠢ 16. | 5% ᠪᠠᠷ ᠨᠡᠮᠡᠭᠳᠡᠪᠡ᠃ ᠬᠤᠳᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠠᠵᠤ | ᠪᠤᠯᠬᠤᠶᠢᠴᠠ ᠣᠷᠣᠯᠭ᠎ᠠ ᠨᠢ 2007 ᠣᠨ ᠤ 7687 ᠲᠦᠭᠦᠷᠢᠭ ᠠᠴᠠ ᠨᠡᠮᠡᠭᠳᠡᠭᠡᠳ 2012 ᠣᠨ ᠤ | 14100 ᠲᠦᠭᠦᠷᠢᠭ ᠲᠤ ᠬᠦᠷᠴᠦ᠂ 0.8 ᠲᠠᠬᠢᠨ ᠨᠡᠮᠡᠭᠳᠡᠵᠦ᠂ ᠵᠢᠯ ᠪᠦᠷᠢ 12.9% ᠪᠠᠷ ᠨᠡᠮᠡᠭᠳᠡᠪᠡ᠃ | ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠴᠡᠪᠡᠷ ᠤᠷᠤᠯᠭ᠎ᠠ ᠨᠢ 2007 ᠣᠨ ᠤ 2113 ᠳᠦᠬᠦᠷᠢᠭ ᠠᠴᠠ | ᠨᠡᠮᠡᠭᠳᠡᠭᠡᠳ 2012 ᠣᠨ ᠤ 4720 ᠲᠦᠭᠦᠷᠢᠭ ᠲᠤ ᠬᠦᠷᠴᠦ᠂ 1.2 ᠲᠠᠬᠢᠨ ᠨᠡᠮᠡᠭᠳᠡᠵᠦ᠂ ᠵᠢᠯ ᠪᠦᠷᠢ 17. | 4% ᠪᠠᠷ ᠨᠡᠮᠡᠭᠳᠡᠪᠡ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠳᠤᠭᠳᠠᠭᠤᠨ ᠢᠶᠠᠷ ᠲᠡᠭᠡᠭᠰᠢᠯᠡᠪᠡ᠃ ᠬᠡᠪᠴᠢᠶᠡᠵᠢᠯ | ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ︵ᠪᠠᠷᠠᠭ᠎ᠠ ᠬᠤᠳᠠᠯᠳᠤᠭᠰᠠᠨ ᠤᠷᠤᠯᠭ᠎ᠠ 2000 ᠲᠦᠮᠡᠨ | ᠳᠦᠬᠦᠷᠢᠭ ᠠᠴᠠ ᠳᠡᠭᠡᠭᠰᠢᠬᠢ︶ 21 ᠪᠤᠯᠵᠤ᠂ 2007 ᠣᠨ ᠤ ᠬᠢ ᠠᠴᠠ 12 ᠨᠡᠮᠡᠭᠳᠡᠪᠡ᠃ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠶᠢᠯᠢ ᠶᠢᠨ ᠤᠷᠤᠯᠭ᠎ᠠ 2007 ᠤᠨ ᠤ | 1293 ᠲᠦᠮᠡᠨ ᠳᠦᠬᠦᠷᠢᠭ ᠠᠴᠠ ᠨᠡᠮᠡᠭᠳᠡᠭᠡᠳ 2012 ᠤᠨ ᠤ 8509 ᠲᠦᠮᠡᠨ ᠳᠦᠬᠦᠷᠢᠭ ᠲᠤ ᠬᠦᠷᠴᠦ᠂ | 5.6 ᠳᠠᠬᠢᠨ ᠨᠡᠮᠡᠭᠳᠡᠵᠤ᠂ ᠵᠢᠯ ᠪᠦᠷᠢ 45.8% ᠪᠠᠷ ᠨᠡᠮᠡᠭᠳᠡᠵᠡᠢ᠃ ᠠᠵᠤ ᠦᠢᠯᠡᠳᠪᠦᠷᠢ ᠶᠢᠨ ᠴᠢᠬᠤᠯᠠ ᠲᠦᠷᠦᠯ | ᠵᠦᠢᠯ ᠢ ᠨᠡᠶᠢᠲᠡ 56 ᠶᠠᠪᠤᠭᠳᠠᠭᠤᠯᠵᠤ᠂ ᠡᠬᠦᠨ ᠳᠤ᠂ ᠠᠷᠪᠠᠨ ᠳ᠋ᠦᠩᠰᠢᠭᠤᠷ ᠠᠴᠠ ᠲᠡᠭᠡᠭᠰᠢᠬᠢ ᠲᠦᠷᠦᠯ ᠵᠦᠢᠯ 4 | ᠂ ᠮᠢᠩᠭᠠᠨ ᠳᠦᠮᠡᠨ ᠳᠦᠬᠦᠷᠢᠭ ᠠᠴᠠ ᠲᠡᠭᠡᠭᠰᠢᠬᠢ ᠠᠷᠪᠠᠨ ᠳ᠋ᠦᠩᠰᠢᠭᠤᠷ ᠳᠦᠬᠦᠷᠢᠭ ᠠᠴᠠ ᠳᠣᠷᠣᠭᠰᠢᠬᠢ ᠲᠦᠷᠦᠯ | ᠵᠦᠢᠯ 52 ᠪᠠᠶᠢᠨ᠎ᠠ᠃ ᠰᠢᠨ᠎ᠡ ᠮᠠᠶ᠋ᠢᠭ ᠤᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ | ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 3 ᠨᠡᠬᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠳᠦᠷᠦᠯ | ᠵᠦᠢᠯ ᠢ ᠡᠬᠢᠯᠡᠨ ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠳᠠ ᠨᠢ 57.21 ᠳ᠋ᠦᠩᠰᠢᠭᠤᠷ ᠳᠦᠬᠦᠷᠢᠭ ᠲᠤ | ᠬᠦᠷᠴᠦ᠂ 18.49 ᠳ᠋ᠦᠩᠰᠢᠭᠤᠷ ᠳᠦᠬᠦᠷᠢᠭ ᠤᠨ ᠪᠠᠯᠡ ᠤᠷᠤᠭᠤᠯᠤᠯᠲᠠ ᠶᠢ ᠪᠡᠶᠡᠯᠡᠬᠦᠯᠵᠡᠢ᠃ ᠡᠬᠦᠨ ᠳᠤ᠂ | ᠶᠡᠷᠦᠩᠬᠡᠢ ᠪᠡᠯᠡ ᠤᠷᠤᠭᠤᠯᠤᠯᠲᠠ ᠨᠢ 13 ᠳ᠋ᠦᠩᠰᠢᠭᠤᠷ ᠲᠦᠭᠦᠷᠢᠭ ᠤᠨ ᠴᠧᠨ ᠯᠥᠩ ᠵᠢᠯ ᠳᠤ 200 ᠲᠦᠮᠡᠨ | ᠲᠤᠨ ᠨᠡᠭᠦᠷᠡᠰᠦ ᠶᠢ ᠴᠡᠪᠡᠷᠰᠢᠬᠦᠯᠬᠦ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠠᠷᠢᠯᠭ᠎ᠠ | ᠶᠢᠨ ᠠᠵᠢᠯ ᠲᠠᠭᠤᠰᠴᠤ ᠠᠰᠢᠭᠯᠠᠯᠲᠠ ᠳᠤ ᠤᠷᠤᠵᠤ᠂ ᠬᠤᠶᠠᠳᠣᠭᠠᠷ ᠬᠤᠭᠤᠴᠠᠭᠠᠨ ᠤ ᠬᠠᠳᠠᠭᠠᠨ ᠨᠡᠷᠡᠬᠦ | ᠢᠨᠵᠧᠨᠧᠷᠢᠩ ᠤᠨ ᠠᠬᠢᠴᠠ ᠤᠷᠤᠭᠰᠢᠲᠠᠢ ᠪᠠᠶᠢᠨ᠎ᠠ᠃ ᠶᠡᠷᠦᠩᠬᠡᠢ ᠪᠡᠯᠡ ᠤᠷᠤᠭᠤᠯᠤᠯᠲᠠ ᠨᠢ 34.25 ᠳ᠋ᠦᠩᠰᠢᠭᠤᠷ | ᠲᠦᠭᠦᠷᠢᠭ ᠤᠨ ᠺᠧ ᠵᠢᠶᠧ ᠵᠢᠯ ᠳᠤ 1100 ᠲᠦᠮᠡᠨ ᠲᠤᠨ᠂ ᠶᠡᠷᠦᠩᠬᠡᠢ ᠪᠡᠯᠡ ᠤᠷᠤᠭᠤᠯᠤᠯᠲᠠ ᠨᠢ 9.96 | ᠳ᠋ᠦᠩᠰᠢᠭᠤᠷ ᠲᠦᠭᠦᠷᠢᠭ ᠤᠨ ᠲᠢᠶᠠᠨ ᠼᠧ ᠵᠢᠯ ᠳᠤ 500 ᠲᠦᠮᠠᠨ ᠳᠤᠨ ᠬᠦᠷᠡᠩ ᠨᠡᠬᠦᠷᠡᠰᠦᠨ ᠤ ᠢᠯᠴᠢ | ᠢᠯᠭᠠᠷᠠᠭᠤᠯᠬᠤ ᠬᠤᠶᠠᠷ ᠲᠦᠷᠦᠯ ᠵᠦᠢᠯ ᠢ ᠡᠬᠢᠯᠡᠨ ᠪᠠᠶᠢᠭᠤᠯᠵᠠᠢ᠃ ᠶᠡᠷᠦᠩᠬᠡᠢ ᠪᠡᠯᠡ ᠣᠷᠣᠭᠤᠯᠣᠯᠲᠠ ᠨᠢ 61.62 | ᠳ᠋ᠦᠩᠰᠢᠭᠤᠷ ᠲᠦᠭᠦᠷᠢᠭ ᠤᠨ ᠱᠧᠩ ᠲᠠᠢ ᠵᠢᠯ ᠳᠤ 100 ᠲᠦᠮᠡᠨ ᠲᠤᠨ ᠨᠡᠬᠦᠷᠡᠰᠤᠨ ᠮᠧᠲ᠋ᠢᠯ ᠠᠯᠺᠣᠯ᠂ 30 | ᠲᠦᠮᠡᠨ ᠲᠤᠨ ᠬᠤᠶᠠᠷ ᠮᠧᠲ᠋ᠢᠯᠳᠣ ᠡᠲ᠋ᠧᠷ ᠪᠤᠯᠪᠠᠰᠤᠷᠠᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠨᠢ ᠪᠤᠳᠠᠳᠤ ᠠᠬᠢᠴᠠ ᠲᠠᠢ ᠪᠠᠶᠢᠵᠤ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠤᠯᠲᠠ ᠦᠭᠡᠷᠡᠴᠢᠯᠡᠯᠲᠡ | ᠶᠢᠨ ᠵᠦᠪᠯᠡᠯ ᠤᠨ ᠵᠦᠪᠰᠢᠶᠡᠷᠡᠯ ᠢ ᠤᠯᠵᠤ᠂ ᠪᠦᠲᠦᠭᠡᠨ ᠪᠠᠶᠢᠭᠤᠯᠬᠤ ᠨᠦᠬᠦᠴᠡᠯ ᠢ ᠨᠢᠭᠡᠨᠳᠡ ᠪᠦᠷᠢᠯᠳᠦᠬᠦᠯᠵᠡᠢ᠃ | ᠰᠢᠨ᠎ᠡ ᠮᠠᠶ᠋ᠢᠭ ᠤᠨ ᠡᠨᠧᠷᠬᠢ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 14 | ᠡᠨᠧᠷᠬᠢ ᠶᠢᠨ ᠳᠦᠷᠦᠯ ᠵᠦᠢᠯ ᠢ ᠡᠬᠢᠯᠡᠨ ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠲᠠ ᠨᠢ 85 ᠳ᠋ᠦᠩᠰᠢᠭᠤᠷ | ᠲᠦᠬᠦᠷᠢᠭ ᠲᠤ ᠬᠦᠷᠴᠦ᠂ 76.4 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠲᠠ ᠶᠢ ᠪᠠᠶᠡᠯᠡᠭᠦᠯᠵᠠᠢ᠃ | ᠡᠬᠦᠨ ᠳᠤ᠂ ᠶᠡᠷᠦᠩᠬᠡᠢ ᠪᠡᠯᠡ ᠤᠷᠤᠭᠤᠯᠤᠯᠲᠠ ᠨᠢ 17.4 ᠳ᠋ᠦᠩᠰᠢᠭᠤᠷ ᠲᠦᠬᠦᠷᠢᠭ ᠤᠨ ᠺᠧ ᠶᠧᠦ ᠵᠦᠩ 1 × | 33 ᠲᠦᠮᠡᠨ ᠺᠢᠯᠤᠸᠠᠲ ᠤᠨ ᠢᠯᠴᠢ ᠴᠠᠬᠢᠯᠭᠠᠨ ᠤ ᠦᠢᠯᠡᠳᠪᠦᠷᠢ ᠨᠢ ᠠᠰᠢᠭᠯᠠᠯᠲᠠ ᠳᠤ ᠤᠷᠤᠵᠤ᠂ ᠨᠡᠶᠢᠯᠡᠪᠦᠷᠢ | ᠪᠡᠯᠡ ᠤᠷᠤᠭᠤᠯᠤᠯᠲᠠ ᠨᠢ 60.6 ᠳ᠋ᠦᠩᠰᠢᠭᠤᠷ ᠲᠦᠭᠦᠷᠢᠭ ᠤᠨ 5 ᠲᠦᠮᠡᠨ ᠺᠢᠯᠤᠸᠠᠲ ᠤᠨ 12 ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠳᠦᠷᠦᠯ ᠵᠦᠢᠯ ᠤᠨ ᠳᠣᠳᠣᠷᠠᠬᠢ 6 ᠨᠢ ᠠᠰᠢᠭᠯᠠᠯᠳᠠ ᠳᠤ ᠣᠷᠣᠵᠤ᠂ 6 ᠨᠢ | ᠶᠠᠭ ᠰᠠᠶᠢᠬᠠᠨ ᠪᠠᠶᠢᠭᠤᠯᠵᠤ ᠪᠠᠶᠢᠨ᠎ᠠ᠃ ᠶᠡᠷᠦᠩᠬᠡᠢ ᠪᠡᠯᠡ ᠤᠷᠤᠭᠤᠯᠤᠯᠲᠠ ᠨᠢ 7 ᠳ᠋ᠦᠩᠰᠢᠭᠤᠷ ᠲᠦᠭᠦᠷᠢᠭ ᠤᠨ | ᠮᠤᠤᠡᠣᠰᠣ ᠠᠮᠢᠳᠣ ᠪᠤᠳᠠᠰ ᠢᠶᠠᠷ ᠴᠠᠬᠢᠯᠭᠠᠨ ᠭᠠᠷᠭᠠᠬᠤ ᠵᠢᠴᠢ ᠡᠷᠭᠢᠬᠦᠯᠬᠡ ᠵᠠᠮᠠᠭ ᠲᠡᠵᠢᠬᠡᠬᠦ ᠲᠦᠷᠦᠯ ᠵᠦᠢᠯ ᠤᠨ | ᠠᠬᠢᠴᠠ ᠣᠷᠣᠭᠰᠢᠲᠠᠢ ᠪᠠᠶᠢᠨ᠎ᠠ᠃ ᠶᠡᠷᠦᠩᠬᠡᠢ ᠪᠡᠯᠡ ᠤᠷᠤᠭᠤᠯᠤᠯᠲᠠ ᠨᠢ 46 ᠳ᠋ᠦᠩᠰᠢᠭᠤᠷ ᠲᠦᠭᠦᠷᠢᠭ ᠤᠨ ᠺᠧ | ᠶᠧᠦ ᠵᠦᠩ 2 × 60 ᠲᠦᠮᠡᠨ ᠺᠢᠯᠤᠸᠠᠲ ᠤᠨ ᠴᠠᠬᠢᠯᠭᠠᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠨᠢ ᠣᠯᠣᠰ ᠤᠨ ᠡᠸ᠋ᠨ᠋ᠷᠬᠢ ᠶᠢᠨ ᠲᠤᠪᠴᠢᠶᠠᠨ ᠤ ᠡᠮᠦᠨᠡᠬᠢ ᠬᠤᠭᠤᠴᠠᠭᠠᠨ ᠤ ᠠᠵᠢᠯ ᠢᠶᠠᠨ | ᠶᠠᠪᠤᠭᠳᠠᠭᠤᠯᠬᠤ ᠵᠦᠪᠰᠢᠶᠡᠷᠡᠯ ᠢ ᠤᠯᠵᠠᠢ᠃ ︽ᠬᠤᠷᠴᠢᠨ ᠪᠠᠷᠠᠭᠤᠨ ᠭᠠᠷᠤᠨ ᠳᠣᠮᠳᠠᠳᠣ ᠬᠤᠰᠢᠭᠤᠨ ᠤ ᠳᠤᠮᠳᠠ | ᠡᠮᠦᠨ᠎ᠡ ᠬᠡᠰᠡᠭ ᠤᠨ ᠵᠠᠭᠤᠨ ᠲᠦᠮᠡᠨ ᠺᠢᠯᠤᠸᠠᠲ ᠤᠨ ᠳᠡᠰ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠰᠠᠭᠤᠷᠢᠨ ᠭᠠᠵᠠᠷ ᠤᠨ ᠲᠦᠯᠦᠪᠯᠡᠭᠡ︾ ᠨᠢ ᠣᠯᠣᠰ ᠤᠨ ᠬᠢᠨᠠᠨ ᠲᠤᠭᠳᠠᠭᠠᠯᠲᠠ ᠶᠢ ᠦᠩᠭᠡᠷᠭᠡᠵᠡᠢ᠃ ᠠᠭᠤᠷᠬᠠᠢ | ᠶᠢᠨ ᠡᠬᠢ ᠪᠠᠶᠠᠯᠢᠭ ᠢ ᠨᠡᠬᠡᠬᠡᠬᠦ ᠵᠢᠴᠢ ᠲᠡᠮᠦᠷᠯᠢᠭ ᠪᠤᠯᠪᠠᠰᠣᠷᠠᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ ᠳᠦᠷᠦᠯ ᠵᠦᠢᠯ ᠢ 17 ᠡᠬᠢᠯᠡᠨ | ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠲᠠ ᠨᠢ 34.2 ᠳ᠋ᠦᠩᠰᠢᠭᠤᠷ ᠳᠦᠬᠦᠷᠢᠭ ᠲᠤ ᠬᠦᠷᠴᠦ᠂ 32 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠡᠢ᠃ ᠡᠬᠦᠨ ᠳᠤ᠂ ᠶᠡᠷᠦᠩᠬᠡᠢ ᠪᠡᠯᠡ | ᠣᠷᠣᠭᠤᠯᠣᠯᠲᠠ ᠨᠢ 5.88 ᠳ᠋ᠦᠩᠰᠢᠭᠤᠷ ᠲᠦᠬᠦᠷᠢᠭ ᠤᠨ ᠵᠠᠮᠴᠢᠨ ᠲᠤᠭᠤᠯᠭ᠎ᠠ ᠴᠠᠶᠢᠷ ᠤᠨ ᠠᠭᠤᠷᠬᠠᠢ ᠶᠢᠨ ᠡᠳᠦᠷ | ᠪᠦᠷᠢ 5000 ᠲᠤᠨ ᠪᠣᠯᠪᠠᠰᠣᠷᠠᠭᠤᠯᠵᠤ ᠮᠠᠯᠳᠠᠨ ᠰᠣᠩᠭᠤᠬᠤ ᠲᠦᠷᠦᠯ ᠵᠦᠢᠯ ᠨᠢ ᠲᠡᠷᠭᠡ ᠰᠢᠯᠭᠠᠨ | ᠦᠢᠯᠡᠳᠪᠤᠷᠢᠯᠡᠵᠠᠢ᠃ ᠶᠡᠷᠦᠩᠬᠡᠢ ᠪᠡᠯᠡ ᠣᠷᠣᠭᠤᠯᠣᠯᠲᠠ ᠨᠢ 1.5 ᠳ᠋ᠦᠩᠰᠢᠭᠤᠷ ᠲᠦᠬᠦᠷᠢᠭ ᠤᠨ ᠱᠠᠨ ᠱᠦᠢ | ᠱᠦᠢᠨᠢ᠂ ᠶᠡᠷᠦᠩᠬᠡᠢ ᠪᠡᠯᠡ ᠣᠷᠣᠭᠤᠯᠣᠯᠲᠠ ᠨᠢ 1.1 ᠳ᠋ᠦᠩᠰᠢᠭᠤᠷ ᠲᠦᠬᠦᠷᠢᠭ ᠤᠨ ᠰᠢᠩ ᠲᠥᠩ ᠨᠡᠭᠦᠷᠡᠰᠦᠨ | ᠠᠭᠤᠷᠬᠠᠢ ᠶᠢ ᠴᠣᠮᠬᠤᠳᠬᠠᠬᠤ ᠲᠦᠷᠦᠯ ᠵᠦᠢᠯ ᠨᠢ ᠪᠠᠷᠢᠯᠭ᠎ᠠ ᠪᠠᠨ ᠲᠠᠭᠤᠰᠬᠠᠨ ᠦᠢᠯᠡᠳᠪᠦᠷᠢᠯᠡᠵᠡᠢ᠃ ᠶᠡᠷᠦᠩᠬᠡᠢ | ᠪᠡᠯᠡ ᠣᠷᠣᠭᠤᠯᠣᠯᠲᠠ ᠨᠢ 3.69 ᠳ᠋ᠦᠩᠰᠢᠭᠤᠷ ᠲᠦᠬᠦᠷᠢᠭ ᠤᠨ ᠠᠨ ᠰᠢᠩ ᠰᠢᠨᠵᠢᠯᠡᠭᠡ ᠮᠡᠷᠭᠡᠵᠢᠯ ᠤᠨ ᠭᠤᠤ | ᠯᠢᠩ ᠰᠢᠷᠣᠢ ᠶᠢᠨ ᠤᠷᠴᠢᠯ ᠠᠵᠤ ᠠᠬᠤᠢ ᠶᠢᠨ ᠳᠦᠷᠦᠯ ᠵᠦᠢᠯ ᠤᠨ ᠨᠢᠬᠡᠳᠦᠬᠡᠷ ᠬᠤᠭᠤᠴᠠᠭᠠᠨ ᠤ ᠢᠨᠵᠧᠨᠧᠷᠢᠩ | ᠠᠰᠢᠭᠯᠠᠯᠳᠠ ᠳᠤ ᠤᠷᠤᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠬᠦ ᠪᠡᠯᠡ ᠤᠷᠤᠭᠤᠯᠤᠯᠲᠠ ᠶᠢ | ᠪᠡᠶᠡᠯᠡᠬᠦᠯᠵᠡᠢ᠃ ᠶᠡᠷᠦᠩᠬᠡᠢ ᠪᠡᠯᠡ ᠣᠷᠣᠭᠤᠯᠣᠯᠲᠠ ᠨᠢ 13.4 ᠳ᠋ᠦᠩᠰᠢᠭᠤᠷ ᠲᠦᠬᠦᠷᠢᠭ ᠤᠨ ᠪᠥᠸᠧ ᠶᠤᠸᠠᠨ ᠵᠢᠯ | ᠳᠤ 10 ᠲᠦᠮᠡᠨ ᠲᠤᠨ ᠴᠠᠶᠢᠷ ᠬᠠᠶᠢᠯᠠᠭᠤᠯᠬᠤ ᠪᠠ ᠶᠡᠷᠦᠩᠬᠡᠢ ᠪᠡᠯᠡ ᠣᠷᠣᠭᠤᠯᠣᠯᠲᠠ ᠨᠢ 4.53 ᠳ᠋ᠦᠩᠰᠢᠭᠤᠷ | ᠲᠦᠬᠦᠷᠢᠭ ᠤᠨ ᠶᠤᠸᠠᠨ ᠶᠤᠸᠠᠨ ᠵᠢᠯ ᠳᠤ 10 ᠲᠦᠮᠡᠨ ᠲᠤᠨ ᠠᠵᠦ ᠦᠢᠯᠡᠳᠪᠦᠷᠢ ᠶᠢᠨ ᠴᠠᠬᠢᠭᠤᠷ | ᠪᠤᠯᠪᠠᠰᠤᠷᠠᠭᠤᠯᠬᠤ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠠᠢ᠃ ᠶᠡᠷᠦᠩᠬᠡᠢ ᠪᠡᠯᠡ ᠣᠷᠣᠭᠤᠯᠣᠯᠲᠠ ᠨᠢ | 108 ᠳ᠋ᠦᠩᠰᠢᠭᠤᠷ ᠲᠦᠬᠦᠷᠢᠭ ᠤᠨ 100 ᠲᠦᠮᠡᠨ ᠲᠤᠨ ᠦᠨᠳᠦᠷ ᠨᠠᠷᠢᠯᠠᠭᠳᠣ ᠬᠦᠩᠭᠡᠨ ᠴᠠᠭᠠᠨ ᠤ ᠬᠠᠪᠳᠠᠰᠣ | ᠤᠷᠬᠢᠭᠤᠯ ᠤᠨ ᠲᠦᠷᠦᠯ ᠵᠦᠢᠯ ᠨᠢ ᠨᠢᠬᠡᠨᠳᠡ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠬᠢᠬᠡᠳ | ᠵᠠᠩᠭᠢᠴᠢᠯᠠᠯᠲᠠ ᠶᠢᠨ ᠵᠦᠪᠯᠡᠯ ᠳᠤ ᠲᠠᠩᠰᠠᠯᠠᠭᠤᠯᠤᠭᠰᠠᠨ ᠪᠠᠶᠢᠨ᠎ᠠ᠃ ᠵᠠᠰ ᠤᠨ ᠠᠭᠤᠷᠬᠠᠢ᠂ ᠳᠡᠮᠦᠷ ᠤᠨ ᠠᠭᠤᠷᠬᠠᠢ᠂ | ᠲᠤᠭᠤᠯᠭ᠎ᠠ ᠴᠠᠶᠢᠷ ᠮᠦᠩᠭᠦᠨ ᠠᠭᠤᠷᠬᠠᠢ ᠶᠢᠨ ᠬᠠᠶᠢᠨ ᠬᠡᠮᠵᠢᠬᠦ ᠡᠷᠬᠡ ᠪᠠ ᠬᠠᠶᠢᠷ ᠴᠢᠯᠠᠭᠤᠨ ᠤ ᠡᠬᠢ ᠪᠠᠶᠠᠯᠢᠭ ᠢ | ᠴᠤᠮᠬᠠᠳᠬᠠᠬᠤ ᠠᠵᠢᠯ ᠢ ᠪᠡᠶᠡᠯᠡᠬᠦᠯᠵᠡᠢ᠃ ᠪᠣᠬᠢᠷᠳᠣᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠢ | ᠪᠣᠯᠪᠠᠰᠣᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠬᠦᠨ ᠢ ᠪᠣᠯᠪᠠᠰᠣᠷᠠᠭᠤᠯᠬᠤ ᠲᠦᠷᠦᠯ ᠵᠦᠢᠯ ᠢ 14 ᠶᠠᠪᠤᠭᠳᠠᠭᠤᠯᠵᠤ᠂ ᠶᠡᠷᠦᠩᠬᠡᠢ ᠪᠡᠯᠡ | ᠣᠷᠣᠭᠤᠯᠣᠯᠲᠠ ᠨᠢ 5.87 ᠳ᠋ᠦᠩᠰᠢᠭᠤᠷ ᠲᠦᠬᠦᠷᠢᠭ ᠲᠤ ᠬᠦᠷᠴᠦ᠂ ᠪᠦᠬᠦᠶᠢᠯᠡ ᠪᠡᠯᠡ ᠤᠷᠤᠭᠤᠯᠤᠯᠲᠠ ᠪᠠᠨ | ᠪᠡᠶᠡᠯᠡᠬᠦᠯᠪᠡ᠃ ᠡᠬᠦᠨ ᠳᠤ᠂ ᠱᠧᠩ ᠶᠠᠩ ᠮᠢᠬᠠᠨ ᠤ ᠦᠢᠯᠡᠰ᠂ ᠭᠤᠤᠯ ᠤᠨ ᠪᠠᠶᠢᠰᠢᠩ ᠤᠨ ᠠᠷᠢᠬᠢᠨ ᠦᠢᠯᠡᠳᠪᠦᠷᠢ | ᠶᠢᠨ ᠮᠡᠷᠭᠡᠵᠢᠯ ᠦᠭᠡᠷᠡᠴᠢᠯᠡᠬᠦ᠂ ᠡᠯ ᠯᠥᠩ ᠲᠦᠨ ᠨᠠᠷᠢᠮᠤ ᠶᠢᠨ ᠦᠢᠯᠡᠰ ᠤᠨ ᠮᠡᠷᠭᠡᠵᠢᠯ ᠦᠭᠡᠷᠡᠴᠢᠯᠡᠬᠦ᠂ ᠬᠠᠨ ᠱᠠᠨ | ᠪᠤᠯᠠᠭ ᠤᠨ ᠮᠡᠷᠭᠡᠵᠢᠯ ᠦᠭᠡᠷᠡᠴᠢᠯᠡᠬᠦ᠂ ᠵᠧ ᠲᠠᠢ ᠮᠠᠯ ᠠᠵᠤ ᠠᠬᠤᠢ ᠶᠢᠨ ᠨᠢᠭᠡᠳᠦᠬᠡᠷ ᠬᠤᠭᠤᠴᠠᠭ᠎ᠠ᠂ ᠱᠢ ᠳ᠋ᠠ | ᠤᠷᠭᠠᠨᠢᠭ ᠲᠠᠷᠢᠶᠠᠯᠠᠩ ᠤᠨ ᠬᠤᠶᠠᠳᠣᠭᠠᠷ ᠬᠤᠭᠤᠴᠠᠭ᠎ᠠ᠂ ᠠᠰᠢᠳᠠ ᠮᠢᠬᠠᠨ ᠤ ᠦᠢᠯᠡᠰ ᠤᠨ ᠨᠢᠬᠡᠳᠦᠬᠡᠷ | ᠬᠤᠭᠤᠴᠠᠭ᠎ᠠ ᠪᠤᠯᠤᠨ ᠶᠢᠨ ᠭᠧ ᠯᠧ ᠰᠧᠯᠧᠨ ᠲᠤᠰᠤᠨ ᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ | ᠪᠠᠷᠢᠯᠭ᠎ᠠ ᠶᠢᠨ ᠠᠵᠢᠯ ᠲᠠᠭᠤᠰᠤᠨ ᠠᠰᠢᠭᠯᠠᠯᠲᠠ ᠳᠤ ᠤᠷᠤᠵᠤ᠂ ᠶᠢᠨ ᠭᠧ ᠯᠧ ᠰᠧᠯᠧᠨ ᠲᠤᠰᠤᠨ ᠤ ᠬᠤᠶᠠᠳᠣᠭᠠᠷ | ᠬᠤᠭᠤᠴᠠᠭᠠᠨ ᠤ ᠲᠦᠷᠦᠯ ᠵᠦᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠵᠦᠩ ᠶᠠᠩ ᠲᠠᠷᠢᠶᠠᠯᠠᠩ ᠤᠨ ᠢᠳᠡᠭᠡᠨ ᠤ | ᠨᠠᠷᠠᠨᠬᠤᠸᠠᠷ ᠤᠨ ᠦᠷ᠎ᠡ ᠪᠤᠯᠪᠠᠰᠣᠷᠠᠭᠤᠯᠬᠤ ᠪᠤᠯᠤᠨ ᠬᠤᠩ ᠫᠧᠩ ᠡᠮ ᠤᠨ ᠦᠢᠯᠡᠰ ᠤᠨ ᠡᠪᠡᠰᠦᠨ ᠡᠮ | ᠪᠤᠯᠪᠠᠰᠣᠷᠠᠭᠤᠯᠬᠤ ᠲᠦᠷᠦᠯ ᠵᠦᠢᠯ ᠨᠢ ᠲᠤᠷᠰᠢᠨ ᠦᠢᠯᠡᠳᠪᠦᠷᠢᠯᠡᠬᠦ ᠶᠢ ᠪᠡᠶᠡᠯᠡᠬᠦᠯᠪᠡ᠃ ᠪᠠᠶᠠᠵᠢᠨ᠎ᠠ ᠤᠷᠴᠢᠯ ᠠᠵᠤ | ᠦᠢᠯᠡᠳᠪᠦᠷᠢ ᠶᠢᠨ ᠠᠵᠤ ᠠᠬᠤᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ 6.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ | ᠭᠠᠵᠠᠷ ᠰᠢᠷᠤᠢ ᠶᠢ 1.4 ᠲᠦᠮᠡᠨ ᠮᠦ ᠬᠤᠷᠢᠶᠠᠮᠵᠢᠯᠠᠨ ᠨᠦᠬᠡᠴᠡᠯᠡᠵᠤ᠂ ᠣᠷᠣᠵᠤ ᠰᠠᠭᠤᠷᠢᠰᠢᠭᠰᠠᠨ ᠠᠵᠤ | ᠠᠬᠤᠶᠢᠯᠠᠯ ᠨᠢ 20 ᠡᠷᠦᠬᠡ ᠳᠤ ᠲᠤᠯᠵᠤ᠂ ᠠᠰᠢᠭᠯᠠᠯᠲᠠ ᠳᠤ ᠣᠷᠣᠭᠰᠠᠨ ᠠᠵᠤ ᠠᠬᠤᠶᠢᠯᠠᠯ ᠨᠢ 2012 ᠤᠨ | ᠳᠤ 2820 ᠲᠦᠮᠡᠨ ᠲᠦᠭᠦᠷᠢᠭ ᠤᠨ ᠭᠠᠶᠢᠯᠢ ᠶᠢ ᠪᠡᠶᠡᠯᠡᠬᠦᠯᠵᠡᠢ᠃ ᠲᠤᠭᠤᠷᠢᠭ ᠨᠢ ᠦᠪᠡᠷᠲᠡᠭᠡᠨ ᠵᠠᠰᠠᠬᠤ ᠣᠷᠣᠨ | ᠤ ᠳᠡᠰ ᠤᠨ ᠠᠵᠤ ᠦᠢᠯᠡᠳᠪᠦᠷᠢ ᠶᠢᠨ ᠳᠣᠭᠤᠷᠢᠭ ᠢᠶᠠᠷ ᠲᠡᠪᠰᠢᠭᠳᠡᠵᠠᠢ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠡᠷᠡᠬᠦᠯ ᠢᠶᠠᠷ ᠬᠦᠭᠵᠢᠪᠡ᠃ ᠲᠠᠪᠤᠨ ᠵᠢᠯ ᠤᠨ ᠲᠤᠷᠰᠢ᠂ | 3120 ᠲᠠᠷᠢᠶᠠᠯᠠᠩ ᠤᠨ ᠰᠢᠨ᠎ᠡ ᠬᠤᠳᠳᠤᠭ ᠮᠠᠯᠳᠠᠵᠤ᠂ ᠦᠨᠳᠦᠷ ᠪᠠᠷᠢᠮᠵᠢᠶᠠᠳᠣ ᠲᠠᠷᠢᠶ᠎ᠠ ᠶᠢ 26 ᠲᠦᠮᠡᠨ ᠮᠦ | ᠪᠦᠲᠦᠭᠡᠨ ᠪᠠᠶᠢᠭᠤᠯᠵᠤ᠂ ᠣᠰᠣ ᠠᠷᠪᠢᠯᠠᠬᠤ ᠣᠰᠣᠯᠣᠯᠲᠠ ᠶᠢᠨ ᠲᠠᠯᠠᠪᠠᠢ ᠨᠢ 71.2 ᠲᠦᠮᠡᠨ ᠮᠦ ᠬᠦᠷᠪᠡ᠃ | ᠮᠦᠨᠳᠦᠷ ᠢ ᠰᠡᠷᠭᠡᠶᠢᠯᠡᠬᠦ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 12 ᠫᠤᠣᠳᠠᠬᠤ ᠴᠡᠭ | ᠢ ᠰᠢᠨ᠎ᠡ ᠪᠠᠷ ᠪᠤᠶᠣ ᠦᠬᠡᠷᠡᠴᠢᠯᠡᠨ ᠪᠠᠶᠢᠭᠤᠯᠵᠤ᠂ ᠲᠠᠷᠢᠮᠠᠯ ᠤᠨ ᠵᠦᠢᠯᠡᠰ ᠤᠨ ᠲᠠᠭᠠᠳᠬᠠᠯ ᠤᠨ ᠪᠦᠷᠬᠦᠭᠰᠡᠨ | ᠲᠠᠯᠠᠪᠠᠢ ᠨᠢ 2007 ᠣᠨ ᠤ 70 ᠲᠦᠮᠡᠨ ᠮᠦ ᠠᠴᠠ ᠨᠡᠮᠡᠭᠳᠡᠭᠡᠳ 2012 ᠣᠨ ᠤ 194 ᠲᠦᠮᠡᠨ ᠮᠦ ᠳᠤ | ᠬᠦᠷᠪᠡ᠃ ᠦᠨᠳᠦᠰᠦᠨ ᠱᠠᠳᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ | ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠳᠡᠰ ᠤᠨ ᠡᠷᠳᠡᠨᠢ ᠰᠢᠰᠢ ᠶᠢᠨ ᠦᠨᠳᠦᠷ | ᠤᠨᠠᠯᠳᠠᠳᠣ ᠵᠢᠱᠢᠶ᠎ᠡ ᠦᠵᠡᠬᠦᠯᠬᠦ ᠲᠤᠭᠤᠷᠢᠭ 14᠂ ᠠᠶᠢᠮᠠᠭ ᠪᠠ ᠬᠤᠰᠢᠭᠤᠨ ᠤ ᠳᠡᠰ ᠤᠨ ᠰᠢᠨᠵᠢᠯᠡᠭᠡ ᠮᠡᠷᠭᠡᠵᠢᠯ | ᠤᠨ ᠵᠢᠱᠢᠶ᠎ᠡ ᠦᠵᠡᠭᠦᠯᠬᠦ ᠲᠤᠭᠤᠷᠢᠭ ᠢ 12 ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ | ᠳᠠᠷᠠᠭᠠᠯᠠᠨ ᠬᠤᠶᠠᠷ ᠵᠢᠯ ᠳᠤ 10 ᠳ᠋ᠦᠩᠰᠢᠭᠤᠷ ᠵᠢᠩ ᠠᠴᠠ ᠳᠠᠪᠠᠭᠤᠯᠵᠠᠢ᠃ ᠠᠮᠢ ᠠᠬᠤᠢ ᠳᠤ ᠠᠰᠢᠭᠲᠠᠢ ᠮᠠᠯ | ᠠᠵᠤ ᠠᠬᠤᠢ ᠶᠢ ᠲᠦᠷᠭᠡᠨ ᠬᠦᠭᠵᠢᠬᠦᠯᠵᠦ᠂ ᠮᠠᠯ ᠠᠵᠤ ᠠᠬᠤᠢ ᠶᠢᠨ ᠡᠬᠦᠯᠳᠡᠷ ᠰᠠᠶᠢᠵᠢᠷᠠᠭᠤᠯᠬᠤ ᠠᠵᠢᠯ ᠢ ᠶᠡᠭᠡ | ᠪᠠᠷ ᠲᠦᠯᠬᠢᠨ ᠠᠬᠢᠭᠤᠯᠵᠤ᠂ ᠡᠮᠦᠨᠡᠳᠦ ᠬᠡᠰᠡᠭ ᠤᠨ ᠪᠤᠳᠠ ᠮᠠᠯ ᠤᠨ ᠡᠬᠦᠯᠳᠡᠷ ᠰᠠᠶᠢᠵᠢᠷᠠᠭᠤᠯᠬᠤ ᠦᠢᠯᠡᠴᠢᠯᠡᠭᠡᠨ ᠤ | ᠲᠦᠪ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠤᠷ ᠲᠦᠪᠰᠢᠨ ᠢ ᠲᠤᠷᠰᠢᠨ | ᠪᠠᠶᠢᠴᠠᠭᠠᠬᠤ ᠦᠷᠳᠡᠭᠡ᠂ ᠦᠨᠳᠦᠰᠦᠨ ᠱᠠᠳᠣᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠦᠲᠦᠭᠡᠨ | ᠪᠠᠶᠢᠭᠤᠯᠬᠤ ᠲᠦᠷᠦᠯ ᠵᠦᠢᠯ ᠢ ᠶᠠᠪᠤᠭᠳᠠᠭᠤᠯᠪᠠ᠃ ᠪᠠᠷᠢᠮᠵᠢᠶᠠᠳᠣ ᠮᠠᠯᠵᠢᠯ ᠤᠨ ᠲᠤᠭᠤᠷᠢᠭ ᠢ 40 ᠪᠠᠶᠢᠭᠤᠯᠵᠤ᠂ | ᠲᠠᠪᠤᠨ ᠵᠢᠯ ᠲᠤᠳᠣᠷ᠎ᠠ ᠬᠦᠨᠳᠦ ᠶᠡᠭᠡ ᠮᠠᠯ ᠤᠨ ᠬᠢᠵᠢᠭ ᠡᠭᠦᠰᠦᠭᠰᠡᠨ ᠦᠭᠡᠢ᠂ ᠬᠡᠷ ᠤᠨ ᠲᠡᠵᠢᠭᠡᠪᠦᠷᠢ ᠶᠢᠨ | ᠲᠡᠵᠢᠬᠡᠵᠦ ᠪᠠᠶᠢᠭ᠎ᠠ ᠲᠤᠭ᠎ᠠ ᠲᠤᠮᠳᠠᠴᠢ ᠪᠠᠷ ᠵᠢᠯ ᠳᠤ 200 ᠲᠦᠮᠡᠨ ᠲᠤᠯᠤᠭᠠᠢ ᠳᠤ ᠬᠦᠷᠦᠭᠰᠡᠨ ᠪᠠᠶᠢᠨ᠎ᠠ᠃ | ᠣᠷᠭᠠᠨᠢᠭ᠂ ᠤᠨᠴᠠᠯᠢᠭᠳᠣ ᠠᠵᠤ ᠦᠢᠯᠡᠰ ᠲᠦᠷᠭᠡᠨ ᠬᠦᠭᠵᠢᠯᠲᠡ ᠶᠢ ᠪᠡᠶᠡᠯᠡᠬᠦᠯᠵᠦ᠂ ᠤᠷᠭᠠᠨᠢᠭ᠂ ᠪᠣᠵᠠᠷᠳᠣᠯ | ᠦᠬᠡᠢ ᠢᠳᠡᠭᠡᠨ ᠤ ᠲᠦᠬᠦᠬᠡᠢ ᠡᠳ᠋ ᠦᠢᠯᠡᠳᠪᠦᠷᠢᠯᠡᠬᠦ ᠰᠠᠭᠤᠷᠢᠨ ᠭᠠᠵᠠᠷ ᠤᠨ ᠭᠡᠷᠡᠴᠢᠯᠡᠭᠳᠡᠭᠰᠡᠨ ᠲᠠᠯᠠᠪᠠᠢ ᠨᠢ ᠲᠤᠰ | ᠲᠤᠰ 22.65 ᠲᠦᠮᠡᠨ ᠮᠦ ᠪᠤᠯᠤᠨ 52.6 ᠲᠦᠮᠡᠨ ᠮᠦ ᠳᠤ ᠬᠦᠷᠴᠦ᠂ ᠵᠢᠯ ᠤᠨ ᠪᠤᠷᠤᠯᠠᠭᠤᠯᠤᠯᠲᠠ ᠶᠢᠨ | ᠣᠷᠣᠯᠭ᠎ᠠ ᠨᠢ ᠵᠠᠭᠤᠨ ᠲᠦᠮᠡᠨ ᠲᠦᠭᠦᠷᠢᠭ ᠠᠴᠠ ᠬᠡᠳᠦᠷᠡᠭᠰᠡᠨ ᠳᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ | ᠠᠵᠤ ᠠᠬᠤᠶᠢᠯᠠᠯ ᠨᠢ 17 ᠡᠷᠦᠬᠡ ᠳᠤ ᠬᠦᠷᠴᠦ᠂ ᠵᠢᠯ ᠤᠨ ᠣᠷᠭᠠᠨᠢᠭ ᠢᠳᠡᠭᠡᠨ ᠦᠢᠯᠡᠳᠪᠦᠷᠢᠯᠡᠬᠦ ᠴᠢᠳᠠᠪᠤᠷᠢ ᠨᠢ | 12 ᠲᠦᠮᠡᠨ ᠳᠤᠨ ᠳᠤ ᠬᠦᠷᠪᠡ᠃ ᠮᠠᠨ ᠤ ᠬᠤᠰᠢᠭᠤ ᠨᠢ ᠳᠣᠮᠳᠠᠳᠣ ᠣᠯᠣᠰ ᠤᠨ ᠤᠷᠭᠠᠨᠢᠭ ᠠᠵᠤ ᠠᠬᠤᠶᠢᠯᠠᠯ | ᠤᠨ ᠬᠤᠯᠪᠤᠭᠠᠨ ᠳᠤ ︽ᠳᠣᠮᠳᠠᠳᠣ ᠣᠯᠣᠰ ᠤᠨ ᠣᠷᠭᠠᠨᠢᠭ ᠢᠳᠡᠭᠡᠨ ᠤ ᠨᠣᠳᠤᠭ︾ ᠪᠤᠯᠤᠨ ︽ᠳᠣᠮᠳᠠᠳᠣ ᠣᠯᠣᠰ | ᠤᠨ ᠣᠷᠴᠢᠯ ᠠᠵᠤ ᠠᠬᠤᠢ ᠶᠢᠨ ᠣᠨᠴᠠᠯᠢᠭᠳᠣ ᠠᠵᠤ ᠦᠢᠯᠡᠰ ᠤᠨ ᠰᠠᠭᠤᠷᠢᠨ ᠭᠠᠵᠠᠷ︾ ᠢᠶᠠᠷ ᠦᠨᠡᠯᠡᠭᠳᠡᠪᠡ᠃ | ︵ᠲᠦᠷᠪᠡ︶ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠦᠯᠦᠪᠯᠡᠨ | ᠬᠦᠭᠵᠢᠬᠦᠯᠵᠡᠢ᠃ ᠬᠤᠳᠠ ᠬᠦᠲᠡᠭᠡ ᠶᠢᠨ ᠨᠢᠭᠡ ᠴᠣᠭᠴᠠᠴᠢᠯᠠᠯᠲᠠ ᠶᠢᠨ ᠰᠢᠰᠲ᠋ᠧᠮ ᠢ ᠢᠳᠡᠪᠬᠢᠲᠡᠢ ᠪᠦᠲᠦᠭᠡᠨ | ᠪᠠᠶᠢᠭᠤᠯᠵᠤ᠂ ᠬᠤᠳᠠ ᠬᠦᠳᠡᠭᠡ ᠶᠢᠨ ᠤᠯᠠᠨ ᠨᠡᠶᠢᠲᠡ ᠶᠢᠨ ᠲᠡᠩᠴᠡᠭᠦᠷᠢᠲᠡᠢ ᠦᠢᠯᠡᠴᠢᠯᠡᠭᠡ ᠶᠢ ᠠᠬᠢᠭᠤᠯᠤᠨ | ᠬᠦᠭᠵᠢᠬᠦᠯᠪᠠ᠃ ᠬᠤᠳᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠪᠠᠶᠠᠨᠬᠤᠰᠢᠭᠤ ᠪᠠᠯᠭᠠᠰᠣᠨ | ᠤ ᠶᠡᠷᠦᠩᠬᠡᠢ ᠳᠦᠯᠦᠪᠵᠢᠬᠦᠯᠬᠡ︾ ᠪᠠ ᠬᠤᠳᠠ ᠪᠠᠯᠭᠠᠰᠣᠨ ᠤ ᠵᠠᠰᠠᠨ ᠪᠠᠶᠢᠭᠤᠯᠬᠤ ᠨᠠᠷᠢᠯᠢᠭ ᠲᠦᠯᠤᠪᠵᠢᠭᠦᠯᠭᠡ ᠶᠢ | ᠵᠠᠰᠠᠨ ᠳᠡᠬᠦᠯᠳᠡᠷᠵᠢᠬᠦᠯᠵᠤ᠂ 11 ᠰᠣᠮᠣ ᠪᠠᠯᠭᠠᠰᠣ ᠪᠠ 37 ᠭᠠᠴᠠᠭᠠᠨ ᠤ ᠰᠢᠨ᠎ᠡ ᠬᠦᠳᠡᠭᠡ ᠳᠣᠰᠬᠤᠨ ᠰᠢᠨ᠎ᠡ | ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠲᠦᠯᠤᠪᠵᠢᠭᠦᠯᠭᠡ ᠶᠢ ᠪᠡᠶᠡᠯᠡᠬᠦᠯᠪᠡ᠃ ᠨᠡᠶᠢᠲᠡ 20.8 | ᠳ᠋ᠦᠩᠰᠢᠭᠤᠷ ᠳᠦᠬᠦᠷᠢᠭ ᠤᠨ ᠪᠡᠯᠡ ᠣᠷᠣᠭᠤᠯᠵᠤ᠂ ᠠᠰᠠᠨᠡ ᠲᠠᠯᠠᠪᠤᠷ᠂ 98 ᠦᠶᠡᠷ ᠲᠠᠢ ᠳᠡᠮᠡᠴᠡᠭᠰᠡᠨ ᠲᠤᠷᠠᠰᠬᠠᠯ | ᠤᠨ ᠲᠠᠯᠠᠪᠤᠷ᠂ ᠮᠥᠽᠧᠢ᠂ ᠭᠤᠤᠯ ᠤᠨ ᠪᠠᠶᠢᠰᠢᠩ ᠦᠵᠡᠮᠵᠢ ᠶᠢᠨ ᠵᠠᠮ ᠬᠢᠭᠡᠳ ᠨᠤᠭᠤᠭᠠᠷᠠᠭᠤᠯᠲᠠ᠂ ᠬᠡᠷᠡᠯᠳᠤᠬᠦᠯᠭᠡ | ᠂ ᠬᠠᠲᠠᠭᠤᠷᠤᠯᠲᠠ ᠵᠡᠷᠭᠡ ᠨᠢᠭᠡ ᠪᠦᠯᠤᠭ᠌ ᠰᠠᠭᠤᠷᠢ ᠳᠦᠭᠦᠭᠡᠷᠦᠮᠵᠢ ᠶᠢᠨ ᠪᠦᠳᠤᠭᠡᠨ ᠪᠠᠶᠢᠭᠤᠯᠤᠯᠲᠠ ᠶᠢᠨ | ᠢᠠᠵᠧᠨᠧᠷᠢᠩ ᠢ ᠭᠡᠷᠡᠭᠵᠢᠬᠦᠯᠵᠤ᠂ ᠡᠳᠤᠷ ᠲᠤ 1 ᠲᠦᠮᠡᠨ ᠲᠤᠨ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ | ᠵᠢᠴᠢ ᠢᠵᠢ ᠪᠦᠷᠢᠳᠤᠭᠦᠯᠬᠦ ᠬᠤᠭᠤᠯᠠᠢ ᠶᠢᠨ ᠲᠤᠤᠷ ᠤᠨ ᠢᠠᠵᠧᠨᠧᠷᠢᠩ ᠨᠢ ᠠᠰᠢᠭᠯᠠᠯᠳᠠ ᠳᠤ ᠤᠷᠤᠵᠤ᠂ ᠶᠠᠷᠤᠩᠭᠡᠢ | ᠪᠡᠯᠡ ᠤᠷᠤᠭᠤᠯᠤᠯᠲᠠ ᠨᠢ 1.45 ᠳ᠋ᠦᠩᠰᠢᠭᠤᠷ ᠲᠦᠭᠦᠷᠢᠭ ᠤᠨ ᠺᠧ ᠶᠧᠦ ᠵᠦᠩ 1 × 33 ᠲᠦᠮᠡᠨ ᠺᠢᠯᠤᠸᠠᠲ | ᠢᠯᠴᠢ ᠴᠠᠬᠢᠯᠭᠠᠨ ᠤ ᠦᠢᠯᠡᠳᠪᠤᠷᠢ ᠠᠴᠠ ᠪᠠᠶᠠᠠᠬᠤᠰᠢᠭᠤ ᠪᠠᠯᠭᠠᠰᠤ ᠳᠤ ᠢᠯᠴᠢ ᠬᠠᠩᠭᠠᠬᠤ ᠲᠦᠷᠤᠯ ᠵᠦᠢᠯ ᠨᠢ | ᠬᠡᠷᠡᠭᠯᠡᠯᠲᠡ ᠳᠤ ᠤᠷᠤᠵᠤ᠂ ᠲᠦᠪᠯᠡᠷᠡᠭᠦᠯᠤᠨ ᠢᠯᠴᠢ ᠬᠠᠩᠭᠠᠬᠤ ᠴᠢᠳᠠᠪᠤᠷᠢ ᠨᠢ ᠤᠤᠯ ᠤᠨ 120 ᠲᠦᠮᠡᠨ ᠲᠡᠭᠰᠢ | ᠲᠦᠷᠪᠡᠯᠵᠢᠨ ᠮᠧᠲᠷ ᠠᠴᠠ ᠲᠡᠭᠡᠭᠰᠢᠯᠡᠭᠡᠳ 350 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠡᠢ᠃ ᠲᠠᠪᠤᠨ | ᠵᠢᠯ ᠳᠤ ᠰᠢᠨ᠎ᠡ ᠪᠠᠷ ᠨᠡᠮᠡᠭᠳᠡᠭᠰᠡᠨ ᠬᠡᠷ ᠬᠦᠷᠦᠩᠬᠡ ᠶᠢᠨ ᠨᠡᠭᠡᠭᠡᠯᠲᠡ ᠶᠢᠨ ᠲᠠᠯᠠᠪᠠᠢ ᠨᠢ 58.8 ᠲᠦᠮᠡᠨ ᠲᠡᠭᠰᠢ | ᠲᠦᠷᠪᠡᠯᠵᠢᠨ ᠮᠧᠲᠷ ᠲᠤ ᠬᠦᠷᠴᠡᠢ᠃ ᠰᠢᠨ᠎ᠡ ᠬᠦᠳᠡᠭᠡ ᠲᠤᠰᠬᠤᠨ ᠮᠠᠯᠵᠢᠬᠤ ᠤᠷᠤᠨ ᠤ ᠪᠦᠳᠤᠭᠡᠨ ᠪᠠᠶᠢᠭᠤᠯᠤᠯᠲᠠ | ᠶᠢᠨ ᠲᠠᠯ᠎ᠠ ᠪᠠᠷ᠂ ︽ᠬᠤᠷᠴᠢᠨ ᠪᠠᠷᠠᠭᠤᠨ ᠲᠤᠮᠳᠠᠳᠤ ᠬᠤᠰᠢᠭᠤᠨ ᠤ ᠬᠤᠰᠢᠭᠤᠨ ᠤ ᠬᠡᠪᠴᠢᠶᠡᠨ ᠳᠠᠬᠢ ᠲᠤᠰᠬᠤᠨ | ᠪᠠᠯᠭᠠᠰᠤ ᠶᠢᠨ ᠰᠢᠰᠲ᠋ᠧᠮ ᠤᠨ ᠳᠦᠯᠦᠪᠵᠢᠬᠦᠯᠬᠡ︾᠂ ︽ᠬᠤᠷᠴᠢᠨ ᠪᠠᠷᠠᠭᠤᠨ ᠲᠤᠮᠳᠠᠳᠤ ᠬᠤᠰᠢᠭᠤᠨ ᠤ ᠭᠠᠵᠠᠷ | ᠤᠷᠤᠨ ᠤ ᠬᠦᠭᠵᠢᠯᠲᠡ ᠪᠤᠯᠤᠨ ᠶᠠᠳᠠᠭᠤ ᠶᠢ ᠳᠡᠳᠬᠦᠬᠦ ᠰᠢᠪᠳᠤᠯᠤᠯᠳᠠ ᠶᠢᠨ ᠲᠦᠯᠤᠪᠵᠢᠭᠦᠯᠭᠡ ︵2011— | 2020 ᠤᠨ︶︾᠂ ︽ᠬᠤᠷᠴᠢᠨ ᠪᠠᠷᠠᠭᠤᠨ ᠲᠤᠮᠳᠠᠳᠤ ᠬᠤᠰᠢᠭᠤᠨ ᠤ ᠡᠮᠦᠨ᠎ᠡ ᠭᠤᠷᠪᠠᠨ ᠰᠤᠮᠤ ᠶᠢᠨ | 2011— 2020 ᠤᠨ ᠤ ᠶᠠᠳᠠᠭᠤ ᠶᠢ ᠳᠡᠳᠬᠦᠬᠦ ᠰᠢᠪᠳᠤᠯᠤᠯᠳᠠ ᠶᠢᠨ ᠲᠦᠯᠤᠪᠵᠢᠭᠦᠯᠭᠡ︾ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠵᠠᠢ᠃ ︽ᠦᠢᠯᠡᠳᠪᠤᠷᠢᠯᠡᠯ ᠬᠦᠭᠵᠢᠯᠲᠡ ᠲᠠᠢ᠂ ᠠᠮᠢᠳᠤᠷᠠᠯ ᠴᠢᠨᠡᠭᠡᠯᠢᠭ᠂ ᠬᠦᠳᠡᠭᠡ | ᠲᠤᠰᠬᠤᠨ ᠪᠤᠯᠪᠠᠰᠤᠨ᠂ ᠲᠤᠰᠬᠤᠨ ᠤ ᠳᠦᠷᠰᠦ ᠠᠷᠢᠭᠤᠨ ᠴᠡᠪᠡᠷ᠂ ᠬᠠᠮᠢᠶᠠᠷᠤᠯᠳᠠ ᠠᠷᠠᠳᠴᠢᠯᠠᠯ ᠲᠠᠢ︾ ᠰᠢᠨ᠎ᠡ | ᠬᠦᠳᠡᠭᠡ ᠲᠤᠰᠬᠤᠨ ᠮᠠᠯᠵᠢᠬᠤ ᠤᠷᠤᠨ ᠤ ᠪᠦᠳᠤᠭᠡᠨ ᠪᠠᠶᠢᠭᠤᠯᠤᠯᠲᠠ ᠶᠢᠨ ᠴᠢᠭᠯᠡᠯᠲᠠ ᠶᠢ ᠵᠢᠷᠤᠮᠯᠡᠨ᠂ ᠱᠤᠸᠠᠩ | ᠢᠦᠢ ᠱᠦ ᠵᠡᠷᠭᠡ 22 ᠵᠢᠱᠢᠶ᠎ᠡ ᠦᠵᠡᠭᠦᠯᠬᠦ ᠭᠠᠴᠠᠭᠠᠨ ᠤ ᠪᠦᠳᠤᠭᠡᠨ ᠪᠠᠶᠢᠭᠤᠯᠤᠯᠲᠠ ᠶᠢ ᠡᠮᠬᠢ ᠴᠡᠭᠴᠡ ᠲᠠᠢ | ᠲᠦᠯᠬᠢᠨ ᠠᠬᠢᠭᠤᠯᠵᠠᠢ᠃ ᠶᠠᠷᠤᠩᠭᠡᠢ ᠪᠡᠯᠡ ᠤᠷᠤᠭᠤᠯᠤᠯᠲᠠ ᠨᠢ 13.5 ᠳ᠋ᠦᠩᠰᠢᠭᠤᠷ ᠲᠦᠭᠦᠷᠢᠭ ᠤᠨ ᠤᠷᠳᠤᠰ | ᠤᠨ ᠲᠡᠮᠵᠢᠨ ᠪᠠᠶᠢᠭᠤᠯᠬᠤ ᠲᠦᠷᠤᠯ ᠵᠦᠢᠯ — ᠳ᠋ᠦᠩ ᠳ᠋ᠠ ᠪᠠᠶᠠᠯᠢᠭ ᠬᠤᠳᠠ ᠬᠦᠳᠡᠭᠡ ᠶᠢ ᠨᠢᠭᠡᠳᠤᠯᠲᠠᠢ | ᠲᠦᠯᠤᠪᠯᠡᠬᠦ ᠠᠵᠤ ᠦᠢᠯᠡᠰ ᠤᠨ ᠲᠤᠭᠤᠷᠢᠭ ᠤᠨ ᠨᠢᠭᠡᠳᠤᠭᠡᠷ ᠬᠤᠭᠤᠴᠠᠭᠠᠨ ᠤ ᠢᠠᠵᠧᠨᠧᠷᠢᠩ ᠢ ᠡᠬᠢᠯᠡᠨ | ᠬᠡᠷᠡᠭᠵᠢᠭᠦᠯᠵᠠᠢ᠃ ᠬᠦᠳᠡᠭᠡ ᠲᠤᠰᠬᠤᠨ ᠮᠠᠯᠵᠢᠬᠤ ᠤᠷᠤᠨ ᠤ ᠬᠠᠮᠳᠤᠷᠠᠭᠰᠠᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠶᠢ ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠡᠯ᠎ᠡ ᠲᠦᠷᠤᠯ ᠤᠨ ᠬᠦᠳᠡᠭᠡ ᠲᠤᠰᠬᠤᠨ | ᠮᠠᠯᠵᠢᠬᠤ ᠤᠷᠤᠨ ᠤ ᠬᠠᠮᠳᠤᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ 257 ᠬᠦᠭᠵᠢᠭᠦᠯᠵᠠᠢ᠃ | ᠭᠠᠵᠠᠷ ᠰᠢᠷᠤᠢ ᠶᠢ ᠬᠠᠤᠯᠢ ᠶᠤᠰᠤᠭᠠᠷ᠂ ᠦᠨ᠎ᠡ ᠳᠦᠯᠦᠪᠦᠷᠢ ᠲᠠᠢ᠂ ᠡᠮᠬᠢ ᠵᠢᠷᠤᠮ ᠲᠠᠢ ᠰᠢᠯᠵᠢᠬᠦᠯᠬᠦ ᠶᠢ | ᠳᠤᠭᠳᠠᠭᠤᠨ ᠢᠶᠠᠷ ᠳᠦᠯᠬᠢᠨ ᠠᠬᠢᠭᠤᠯᠵᠤ᠂ ᠭᠠᠵᠠᠷ ᠰᠢᠷᠤᠢ ᠶᠢ ᠰᠢᠯᠵᠢᠬᠦᠯᠦᠭᠰᠡᠨ ᠳᠠᠯᠠᠪᠠᠢ ᠨᠢ 3 ᠲᠦᠮᠡᠨ ᠮᠤ᠋ ᠳᠤ | ᠬᠦᠷᠴᠡᠢ᠃ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠭᠡᠭᠦᠷ ᠤᠨ ᠢᠠᠵᠧᠨᠧᠷᠢᠩ︾ ᠪᠤᠯᠤᠨ ︽ᠰᠢᠨ᠎ᠡ | ᠲᠤᠤᠷ ᠤᠨ ᠢᠠᠵᠧᠨᠧᠷᠢᠩ︾ ᠢ ᠲᠦᠷᠭᠡᠳᠭᠡᠨ ᠶᠠᠪᠤᠭᠳᠠᠭᠤᠯᠵᠤ᠂ ᠪᠦᠬᠦ ᠬᠤᠰᠢᠭᠤ ᠶᠢ ᠪᠦᠷᠭᠦᠭᠰᠡᠨ ᠠᠮᠢᠳᠤᠷᠠᠯ ᠤᠨ | ᠬᠡᠷᠡᠭᠰᠠᠯ ᠤᠨ ᠬᠤᠯᠪᠣᠭᠠᠲᠤ ᠡᠵᠡᠩᠨᠡᠯᠲᠡ ᠶᠢᠨ ᠲᠤᠤᠷ ᠰᠦᠯᠵᠢᠶ᠎ᠡ ᠶᠢ ᠠᠩᠬ᠎ᠠ ᠠᠯᠬᠤᠮ ᠪᠦᠳᠤᠭᠡᠨ ᠪᠠᠶᠢᠭᠤᠯᠵᠠᠢ᠃ | ᠬᠦᠳᠡᠭᠡ ᠲᠤᠰᠬᠤᠨ ᠮᠠᠯᠵᠢᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠠᠵᠧᠨᠧᠷᠢᠩ ᠢ ᠪᠦᠬᠦ ᠲᠠᠯ᠎ᠠ | ᠪᠠᠷ ᠶᠠᠪᠤᠭᠳᠠᠭᠤᠯᠵᠤ᠂ ᠨᠡᠶᠢᠲᠡ 10.8 ᠲᠦᠮᠡᠨ ᠬᠦᠮᠤᠨ ᠠᠮᠠ ᠶᠢᠨ ᠠᠮᠤᠷ ᠲᠦᠪᠰᠢᠨ ᠤᠤᠭᠤᠬᠤ ᠤᠰᠤᠨ ᠤ | ᠠᠰᠠᠭᠤᠳᠠᠯ ᠢ ᠰᠢᠢᠳᠪᠤᠷᠢᠯᠡᠵᠠᠢ᠃ ᠶᠠᠳᠠᠭᠤ ᠶᠢ ᠳᠡᠳᠬᠦᠬᠦ ᠰᠢᠪᠳᠤᠯᠤᠯᠳᠠ ᠶᠢᠨ ᠠᠵᠢᠯ ᠢ ᠦᠨᠡᠠᠬᠦ ᠴᠢᠩᠭᠠᠳᠬᠠᠵᠤ᠂ | ᠨᠡᠶᠢᠲᠡ ᠶᠠᠳᠠᠭᠤ ᠶᠢ ᠲᠡᠳᠭᠦᠭᠦ ᠳᠣᠰᠠᠯᠠᠮᠵᠢ ᠶᠢᠨ ᠮᠦᠩᠭᠦ ᠪᠤᠯᠤᠨ ᠶᠠᠳᠠᠭᠤ ᠶᠢ ᠲᠡᠳᠭᠦᠭᠦ ᠲᠦᠷᠤᠯ ᠵᠦᠢᠯ ᠤᠨ ᠪᠠᠯᠡ | ᠮᠦᠩᠭᠦ ᠶᠢ 4.4 ᠳ᠋ᠦᠩᠰᠢᠭᠤᠷ ᠲᠦᠭᠦᠷᠢᠭ ᠤᠷᠤᠭᠤᠯᠵᠤ᠂ 5.77 ᠲᠦᠮᠡᠨ ᠶᠠᠳᠠᠭᠤ ᠬᠦᠴᠢᠷᠳᠠᠯᠲᠠᠢ ᠬᠦᠮᠤᠨ | ᠠᠮᠠ ᠶᠢᠨ ᠢᠳᠡᠵᠤ ᠡᠮᠦᠰᠬᠦ ᠠᠰᠠᠭᠤᠳᠠᠯ ᠢ ᠰᠢᠢᠳᠪᠤᠷᠢᠯᠠᠵᠠᠢ᠃ ᠵᠠᠮ ᠤᠨ ᠲᠤᠤᠷ᠂ ᠴᠠᠬᠢᠯᠭᠠᠨ ᠤ ᠲᠤᠤᠷ ᠵᠡᠷᠭᠡ | ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠡᠶᠢᠲᠡ 7.37 ᠳ᠋ᠦᠩᠰᠢᠭᠤᠷ | ᠲᠦᠭᠦᠷᠢᠭ ᠪᠠᠯᠡ ᠤᠷᠤᠭᠤᠯᠵᠤ᠂ ᠰᠢᠶᠠᠩ ᠳᠤ ᠨᠡᠪᠲᠡᠷᠡᠬᠦ ᠱᠦᠢᠨᠢ ᠵᠠᠮ 393 ᠺᠢᠯᠣᠮᠧᠲᠷ᠂ ᠲᠤᠰᠬᠤᠨ ᠳᠤ | ᠨᠡᠪᠲᠡᠷᠡᠬᠦ ᠱᠦᠢᠨᠢ ᠵᠠᠮ 210 ᠺᠢᠯᠣᠮᠧᠲᠷ᠂ ᠲᠤᠰᠬᠤᠨ ᠳᠤ ᠨᠡᠪᠳᠡᠷᠡᠬᠦ ᠬᠠᠶᠢᠷ ᠴᠢᠯᠠᠭᠤᠨ ᠵᠠᠮ 585 ᠺᠢᠯᠣᠮᠧᠲᠷ᠂ | 19 ᠰᠠᠭᠤᠷᠢ ᠬᠦᠭᠦᠷᠭᠡ ᠰᠢᠨ᠎ᠡ ᠪᠠᠷ ᠪᠠᠶᠢᠭᠤᠯᠬᠤ ᠪᠣᠶᠣ ᠦᠭᠡᠷᠠᠴᠢᠯᠡᠨ ᠪᠠᠶᠢᠭᠤᠯᠤᠭᠰᠠᠨ ᠪᠠᠶᠢᠨ᠎ᠠ᠃ ᠶᠠᠷᠤᠩᠭᠡᠢ | ᠪᠡᠯᠡ ᠤᠷᠤᠭᠤᠯᠤᠯᠲᠠ ᠨᠢ 2.5 ᠳ᠋ᠦᠩᠰᠢᠭᠤᠷ ᠲᠦᠭᠦᠷᠢᠭ ᠤᠨ ᠰᠢᠩ ᠲᠥᠩ ᠲᠡᠮᠤᠷ ᠵᠠᠮ ᠤᠨ ᠲᠤᠰᠬᠠᠢ ᠱᠤᠭᠤᠮ | ᠨᠢ ᠪᠠᠷᠢᠯᠭ᠎ᠠ ᠪᠠᠨ ᠳᠠᠭᠤᠰᠬᠠᠵᠤ᠂ ᠶᠠᠷᠤᠩᠭᠡᠢ ᠪᠡᠯᠡ ᠤᠷᠤᠭᠤᠯᠤᠯᠲᠠ ᠨᠢ 23.3 ᠳ᠋ᠦᠩᠰᠢᠭᠤᠷ ᠲᠦᠭᠦᠷᠢᠭ ᠤᠨ | ᠲᠦᠩ ᠾᠥᠸᠧ ᠲᠡᠮᠤᠷ ᠵᠠᠮ ᠤᠨ ᠲᠠᠪᠬᠤᠷ ᠱᠤᠭᠤᠮ ᠤᠨ ᠬᠤᠷᠴᠢᠨ ᠪᠠᠷᠠᠭᠤᠨ ᠲᠤᠮᠳᠠᠳᠤ ᠬᠤᠰᠢᠭᠤᠨ ᠤ ᠬᠡᠰᠡᠭ | ᠤᠨ ᠪᠠᠷᠢᠯᠭ᠎ᠠ ᠶᠢᠨ ᠠᠵᠢᠯ ᠲᠠᠭᠤᠰᠴᠤ ᠲᠡᠷᠭᠡ ᠨᠡᠪᠲᠡᠷᠡᠵᠡᠢ᠃ ᠰᠢᠯᠢᠩᠬᠤᠳᠠ ᠠᠴᠠ ᠤᠯᠠᠭᠠᠠᠬᠤᠳᠠ ᠬᠦᠷᠬᠦ ᠲᠡᠮᠤᠷ | ᠵᠠᠮ ᠤᠨ ᠪᠦᠳᠤᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠠᠩ ᠴᠦᠨ ᠠᠴᠠ | ᠣᠰᠣᠳᠠᠢ ᠬᠦᠷᠬᠦ ᠲᠡᠮᠤᠷ ᠵᠠᠮ ᠤᠨ ᠡᠬᠢᠨ ᠤ ᠬᠤᠭᠤᠴᠠᠭᠠᠨ ᠤ ᠠᠵᠢᠯ ᠢ ᠡᠮᠬᠢ ᠴᠡᠭᠴᠡ ᠲᠠᠢ ᠶᠠᠪᠤᠭᠳᠠᠭᠤᠯᠵᠠᠢ᠃ | ᠨᠡᠶᠢᠲᠡ 3.9 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 66 ᠺᠢᠯᠤᠸᠠᠯᠲ ᠤᠨ ᠭᠦᠴᠦᠳᠡᠯ ᠦᠭᠡᠷᠡᠴᠢᠯᠡᠬᠦ | ᠦᠷᠳᠡᠭᠡ ᠶᠢ 13 ᠪᠠᠶᠢᠭᠤᠯᠵᠤ᠂ ᠴᠠᠬᠢᠯᠭᠠᠨ ᠬᠦᠷᠭᠡᠬᠦ ᠱᠤᠭᠤᠮ ᠢ 330 ᠺᠢᠯᠣᠮᠧᠲᠷ ᠪᠠᠶᠢᠭᠤᠯᠵᠤ᠂ 10 | ᠺᠢᠯᠤᠸᠠᠯᠲ ᠤᠨ ᠱᠤᠭᠤᠮ ᠢ 602 ᠺᠢᠯᠣᠮᠧᠲᠷ ᠰᠢᠨᠡᠳᠭᠡᠵᠤ᠂ ᠳᠣᠣᠷ᠎ᠠ ᠭᠦᠴᠦᠳᠡᠯᠲᠦ ᠱᠤᠭᠤᠮ ᠢ 32 ᠺᠢᠯᠣᠮᠧᠲᠷ | ᠦᠬᠡᠷᠡᠴᠢᠯᠡᠨ ᠰᠢᠨᠡᠳᠭᠡᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠴᠠᠬᠢᠯᠭᠠᠨ ᠬᠠᠩᠭᠠᠬᠤ ᠴᠢᠨᠠᠷ ᠢ | ᠮᠡᠳᠡᠭᠳᠡᠭᠦᠶᠢᠴᠠ ᠲᠡᠭᠡᠭᠰᠢᠯᠡᠭᠦᠯᠵᠤ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠭᠡᠷᠡᠭᠯᠡᠬᠦ | ᠴᠠᠬᠢᠯᠭᠠᠨ ᠤ ᠠᠳᠠᠯᠢ ᠲᠤᠤᠷ ᠠᠳᠠᠯᠢ ᠦᠨ᠎ᠡ ᠬᠠᠩᠰᠢ ᠲᠠᠢ ᠪᠠᠶᠢᠬᠤ ᠶᠢ ᠪᠡᠶᠡᠯᠡᠭᠦᠯᠵᠠᠢ | ︵ᠲᠠᠪᠤ︶ ᠠᠮᠢ ᠠᠬᠤᠢ ᠶᠢᠨ ᠤᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠵᠠᠢ᠃ ︽ᠬᠤᠷᠴᠢᠨ | ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠤ | ᠪᠦᠳᠤᠭᠡᠨ ᠪᠠᠶᠢᠭᠤᠯᠤᠯᠲᠠ ᠶᠢᠨ ᠲᠦᠯᠤᠪᠵᠢᠬᠦᠯᠭᠡ︾ ᠶᠢ ᠨᠠᠶᠢᠷᠠᠭᠤᠯᠵᠤ᠂ ︽ᠬᠤᠷᠴᠢᠨ ᠪᠠᠷᠠᠭᠤᠨ ᠭᠠᠷᠤᠨ | ᠲᠤᠮᠳᠠᠳᠤ ᠬᠤᠰᠢᠭᠤᠨ ᠤ ᠭᠠᠵᠠᠷ ᠰᠢᠷᠤᠢ ᠶᠢᠨ ᠠᠰᠢᠭᠯᠠᠯᠲᠠ ᠶᠢᠨ ᠶᠠᠷᠤᠩᠭᠡᠢ ᠲᠦᠯᠤᠪᠵᠢᠬᠦᠯᠭᠡ︾ ᠶᠢ | ᠨᠠᠶᠢᠷᠠᠭᠤᠯᠤᠨ ᠵᠤᠬᠢᠶᠠᠵᠤ᠂ ᠨᠡᠶᠢᠲᠡ 70.65 ᠲᠦᠮᠡᠨ ᠮᠤ᠋ ᠤᠶᠢᠵᠢᠭᠤᠯᠵᠤ᠂ ᠨᠡᠶᠢᠲᠡ ᠶᠢᠨ ᠠᠰᠢᠭᠳᠦ ᠤᠢ ᠶᠢᠨ | ᠬᠠᠮᠢᠶᠠᠷᠤᠯᠳᠠ ᠶᠢᠨ ᠲᠠᠯᠠᠪᠠᠢ ᠨᠢ 283.2 ᠲᠦᠮᠡᠨ ᠮᠤ᠋ ᠳᠤ ᠬᠦᠷᠴᠤ᠂ ᠤᠢ ᠰᠢᠭᠤᠢ ᠶᠢᠨ ᠪᠦᠷᠬᠦᠴᠡ ᠶᠢᠨ | ᠨᠤᠷᠮ᠎ᠠ 2007 ᠤᠨ ᠤ 14.25% ᠠᠴᠠ ᠨᠡᠮᠡᠭᠳᠡᠭᠡᠳ 2012 ᠤᠨ ᠤ 15.16% ᠳᠤ ᠬᠦᠷᠴᠠᠢ᠃ | ᠦᠠᠳᠤᠰᠤᠨ ᠪᠡᠯᠴᠢᠭᠡᠷ ᠢ 898 ᠲᠦᠮᠡᠨ ᠮᠤ᠋ ᠵᠢᠷᠤᠨ ᠳᠠᠰᠣᠯᠠᠵᠤ᠂ ᠮᠠᠯᠵᠢᠬᠤ ᠶᠢ ᠵᠤᠭᠰᠤᠭᠠᠵᠤ ᠪᠡᠯᠴᠢᠭᠡᠷ ᠢ | ᠰᠡᠷᠭᠦᠭᠡᠬᠦ ᠢᠠᠵᠧᠨᠧᠷᠢᠩ ᠢ 682.5 ᠲᠦᠮᠡᠨ ᠮᠤ᠋ ᠬᠡᠷᠡᠭᠵᠢᠬᠦᠯᠵᠤ᠂ ᠨᠤᠳᠤᠭ ᠪᠡᠯᠴᠢᠬᠡᠷ ᠤᠨ ︽ᠬᠤᠤᠰ ᠡᠷᠭᠡ | ᠨᠢᠬᠡ ᠳᠦᠷᠢᠮ︾ ᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠤᠨ᠂ ᠨᠤᠳᠤᠭ ᠪᠡᠯᠴᠢᠬᠡᠷ ᠤᠨ ᠠᠮᠢ ᠠᠬᠤᠢ ᠶᠢ | ᠬᠠᠮᠠᠭᠠᠯᠠᠬᠤ ᠱᠠᠩᠨᠠᠨ ᠨᠦᠬᠦᠪᠦᠷᠢᠯᠡᠭᠰᠡᠨ ᠲᠠᠯᠠᠪᠠᠢ ᠨᠢ 1120 ᠲᠦᠮᠡᠨ ᠮᠤ᠋ ᠳᠤ ᠬᠦᠷᠴᠡᠢ᠃ ᠬᠠᠩᠭᠠᠯ ᠣᠰᠤᠨ | ᠴᠦᠬᠦᠷᠤᠮ ᠤᠨ ᠢᠵᠢ ᠪᠦᠷᠢᠳᠤᠭᠦᠯᠬᠦ᠂ ᠤᠰᠤᠯᠤᠯᠲᠠ ᠶᠢᠨ ᠤᠷᠤᠨ ᠤ ᠬᠦᠢᠰᠦ ᠪᠠᠷᠢᠯᠭ᠎ᠠ ᠶᠢ ᠵᠠᠰᠠᠨ ᠰᠡᠷᠭᠦᠭᠡᠭᠦ | ᠪᠤᠯᠤᠨ ᠬᠦᠬᠡ᠂ ᠱᠤᠸᠠᠩ ᠢᠦᠢ ᠱᠦ ᠤᠰᠤᠨ ᠴᠦᠬᠦᠷᠤᠮ ᠤᠨ ᠳᠦᠭᠰᠢᠬᠦᠷᠢ ᠶᠢ ᠦᠬᠡᠶᠢᠰᠬᠡᠵᠤ ᠪᠠᠬᠢᠵᠢᠬᠦᠯᠬᠦ | ᠢᠠᠵᠧᠨᠧᠷᠢᠩ ᠵᠢᠴᠢ ᠤᠰᠤ ᠰᠢᠷᠤᠢ ᠶᠢ ᠬᠠᠮᠠᠭᠠᠯᠠᠵᠤ ᠵᠠᠰᠠᠬᠤ᠂ ᠬᠤᠷᠴᠢᠨ ᠤ ᠴᠢᠬᠢᠭᠯᠢᠭ ᠭᠠᠵᠠᠷ ᠢ ᠬᠠᠮᠠᠭᠠᠯᠠᠬᠤ᠂ | ᠲᠤᠮᠳᠠ ᠪᠠᠭ᠎ᠠ ᠭᠤᠤᠯ ᠮᠦᠷᠡᠨ ᠢ ᠵᠠᠰᠠᠬᠤ ᠵᠡᠷᠭᠡ ᠲᠦᠷᠤᠯ ᠵᠦᠢᠯ ᠤᠨ ᠪᠦᠳᠤᠭᠡᠨ ᠪᠠᠶᠢᠭᠤᠯᠤᠯᠲᠠ ᠶᠢ ᠪᠠᠶᠠᠯᠠᠭᠦᠯᠵᠤ᠂ | ᠴᠠᠭᠠᠨᠴᠡᠴᠡᠭ ᠤᠰᠤᠨ ᠴᠦᠭᠦᠷᠤᠮ᠂ ᠴᠤᠬᠤᠷᠳᠤ ᠤᠰᠤᠨ ᠴᠦᠬᠦᠷᠤᠮ ᠵᠢᠴᠢ ᠬᠤᠤᠯᠢᠨ ᠭᠤᠤᠯ ᠤᠨ ᠤᠰᠤᠨ ᠵᠠᠮ | ᠢ ᠵᠠᠰᠠᠬᠤ ᠲᠦᠷᠤᠯ ᠵᠦᠢᠯ ᠤᠨ ᠠᠩᠬᠠᠨ ᠤ ᠬᠤᠭᠤᠴᠠᠭᠠᠨ ᠤ ᠠᠵᠢᠯ ᠢ ᠢᠳᠡᠪᠬᠢᠲᠠᠢ ᠶᠠᠪᠤᠭᠳᠠᠭᠤᠯᠪᠠ᠃ ᠠᠮᠢ | ᠠᠬᠤᠢ ᠶᠢ ᠵᠠᠰᠠᠨ ᠰᠡᠷᠬᠦᠭᠡᠭᠰᠡᠨ ᠲᠠᠯᠠᠪᠠᠢ 18.29 ᠲᠦᠮᠡᠨ ᠮᠤ᠋ ᠳᠤ ᠬᠦᠷᠴᠡᠢ᠃ ᠪᠡᠯᠴᠢᠬᠡᠷᠯᠡᠬᠦᠯᠬᠦ ᠶᠢ | ᠵᠤᠭᠰᠤᠭᠠᠵᠤ ᠨᠤᠳᠤᠭ ᠪᠡᠯᠴᠢᠭᠡᠷ ᠢ ᠪᠢᠳᠡᠬᠦᠮᠵᠢᠯᠡᠬᠦ ᠠᠷᠭ᠎ᠠ ᠶᠢ ᠠᠪᠴᠦ᠂ ᠮᠠᠯ ᠤᠨᠤᠭ᠎ᠠ ᠶᠢ ᠳᠠᠯᠳᠠᠭᠤᠷ | ᠬᠠᠷᠢᠭᠤᠯᠬᠤ᠂ ᠲᠤᠷᠠᠪᠡᠷ ᠬᠠᠭᠠᠯᠪᠤᠷᠢᠯᠠᠬᠤ᠂ ᠲᠤᠷᠠᠪᠡᠷ ᠤᠭᠳᠤᠯᠬᠤ ᠵᠡᠷᠬᠡ ᠬᠠᠤᠯᠢ ᠶᠢ ᠵᠦᠷᠢᠴᠡᠭᠰᠡᠨ ᠠᠵᠢᠯᠯᠠᠭ᠎ᠠ | ᠳᠤ ᠴᠢᠩᠭ᠎ᠠ ᠴᠤᠬᠢᠯᠲᠠ ᠦᠭᠴᠤ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠤ ᠠᠵᠢᠯ ᠢ | ᠴᠢᠩᠭᠠᠳᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠮᠡᠳᠡᠭᠳᠡᠭᠦᠶᠢᠴᠡ ᠰᠠᠶᠢᠵᠢᠷᠠᠵᠠᠢ᠃ ᠤᠷᠴᠢᠨ ᠲᠤᠭᠤᠷᠢᠨ ᠢ | ᠬᠠᠮᠠᠭᠠᠯᠠᠬᠤ ᠦᠠᠳᠤᠰᠤᠨ ᠳᠦᠷᠦ ᠶᠢᠨ ᠪᠤᠳᠤᠯᠭ᠎ᠠ ᠶᠢ ᠲᠤᠤᠱᠠᠯᠠᠭᠤᠯᠵᠤ᠂ ᠡᠨᠧᠷᠭᠢ ᠶᠢ ᠠᠷᠪᠢᠯᠠᠵᠤ ᠪᠤᠬᠢᠷᠳᠤᠯ ᠢ | ᠪᠠᠭᠠᠰᠭᠠᠬᠤ ᠡᠭᠦᠷᠭᠡ ᠪᠠᠨ ᠲᠤᠭ᠎ᠠ ᠶᠣᠰᠤᠭᠠᠷ ᠪᠠᠷ ᠪᠡᠶᠡᠯᠡᠬᠦᠯᠵᠡᠢ᠃ | ︵ᠵᠢᠷᠭᠤᠭ᠎ᠠ︶ ᠰᠤᠶᠤᠯ ᠤᠨ ᠪᠦᠳᠤᠭᠡᠨ ᠪᠠᠶᠢᠭᠤᠯᠤᠯᠲᠠ ᠲᠤᠪᠤᠶᠢᠮ᠎ᠠ ᠦᠷ᠎ᠡ ᠪᠦᠳᠤᠮᠵᠢ ᠤᠯᠵᠠᠢ᠃ | ᠬᠤᠷᠴᠢᠨ ᠰᠤᠶᠤᠯ ᠤᠨ ᠵᠤᠭᠠᠴᠠᠯ ᠤᠨ ᠬᠦᠴᠦᠷᠭᠡᠭ ᠬᠤᠰᠢᠭᠤᠨ ᠤ ᠪᠦᠳᠤᠭᠡᠨ ᠪᠠᠶᠢᠭᠤᠯᠤᠯᠲᠠ ᠶᠢᠨ ᠠᠬᠢᠴᠠ ᠶᠢ | ᠳᠦᠷᠭᠡᠳᠭᠡᠨ ᠠᠬᠢᠭᠤᠯᠵᠤ᠂ ᠰᠤᠮᠤ ᠪᠠᠯᠭᠠᠰᠤᠨ ᠤ ᠰᠤᠶᠤᠯ ᠤᠨ ᠦᠷᠳᠡᠭᠡ᠂ ᠭᠠᠴᠠᠭᠠᠨ ᠤ ᠰᠤᠶᠤᠯ ᠤᠨ ᠭᠡᠷ ᠤᠨ | ᠪᠦᠬᠦᠶᠢᠯᠡ ᠪᠦᠷᠬᠦᠴᠡ ᠶᠢ ᠪᠡᠶᠡᠯᠡᠬᠦᠯᠵᠤ᠂ ᠪᠦᠬᠦ ᠬᠤᠰᠢᠭᠤᠨ ᠤ ᠤᠯᠠᠨ ᠨᠡᠶᠢᠲᠡ ᠶᠢᠨ ᠰᠤᠶᠤᠯ ᠲᠠᠮᠢᠷ ᠤᠨ ᠲᠠᠯᠠᠪᠤᠷ | ᠤᠨ ᠵᠠᠷᠤᠳᠠᠯ ᠠᠪᠬᠤ ᠦᠭᠡᠢ ᠪᠠᠷ ᠨᠠᠭᠡᠭᠡᠬᠦ ᠶᠢ ᠪᠡᠶᠡᠯᠡᠭᠦᠯᠵᠠᠢ᠃ ︽ᠤᠤᠪᠠ ᠶᠢᠨ ᠰᠢᠬᠦᠮᠵᠢ ᠨᠠᠮᠳᠠᠷ︾ ᠵᠡᠷᠭᠡ 7 | ᠪᠦᠯᠦᠭ ᠬᠤᠷᠴᠢᠨ ᠰᠤᠶᠤᠯ ᠤᠨ ᠰᠢᠷᠢᠰ ᠴᠤᠪᠤᠷᠠᠯ ᠪᠢᠴᠢᠭ ᠢ ᠬᠡᠪᠯᠡᠨ ᠨᠠᠶᠢᠲᠠᠯᠠᠵᠠᠢ᠃ ︽ᠠᠷᠤᠭᠠ︾ ᠬᠡᠬᠦ ᠠᠩᠬᠠᠨ | ᠤ ᠪᠦᠲᠦᠭᠡᠭᠰᠡᠨ ᠪᠦᠵᠢᠭ ᠨᠢ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠲᠠᠪᠤᠨ ᠨᠢᠭᠡ | ᠢᠠᠵᠧᠨᠧᠷᠢᠩ︾ ᠤᠨ ᠱᠠᠩᠨᠠᠯ ᠢ ᠬᠦᠷᠲᠡᠵᠠᠢ᠃ ᠲᠦᠯᠢᠶᠡᠮᠤᠳᠣ ᠶᠢᠨ ᠡᠷᠲᠡᠨ ᠤ ᠬᠤᠲᠠ ᠶᠢᠨ ᠪᠠᠭᠤᠷᠢ ᠨᠢ ᠤᠯᠤᠰ | ᠤᠨ ᠲᠡᠰ ᠤᠨ ᠭᠤᠤᠯᠳᠠᠯᠭᠠᠳᠤ ᠲᠡᠦᠬᠡ ᠶᠢᠨ ᠳᠤᠷᠠᠰᠬᠠᠯᠲᠤ ᠨᠢᠭᠡᠴᠢ ᠪᠠᠷ ᠳᠡᠪᠰᠢᠭᠳᠡᠨ ᠦᠨᠡᠯᠡᠭᠳᠡᠵᠡᠢ᠃ ᠦᠯᠢᠭᠡᠷ | ᠤᠨ ᠤᠷᠠᠯᠢᠭ ᠬᠢᠭᠡᠳ ᠮᠤᠩᠭᠤᠯ ᠦᠠᠳᠤᠰᠤᠲᠡᠨ ᠤ ᠤᠲᠠᠰᠤᠨ ᠬᠥᠭᠵᠢᠮᠳᠡᠭᠦᠷ ᠢ ᠵᠤᠬᠢᠶᠠᠬᠤ ᠤᠷᠠᠯᠢᠭ ᠨᠢ ᠤᠯᠤᠰ | ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠯᠡᠳᠡᠭᠳᠠᠯ ᠤᠨ ᠴᠠᠳᠢᠭ ᠳᠤ ᠲᠡᠮᠳᠡᠭᠯᠡᠭᠳᠠᠵᠤ᠂ ᠲᠦᠰᠢᠶᠠᠳᠤ ᠸᠠᠩ | ᠤᠨ ᠤᠷᠳᠤᠨ ᠤ ᠬᠠᠳᠬᠤᠮᠠᠯ ᠤᠷᠠᠯᠢᠭ ᠵᠡᠷᠭᠡ 10 ᠲᠦᠷᠤᠯ ᠵᠦᠢᠯ ᠨᠢ ᠦᠪᠡᠷᠲᠡᠭᠡᠨ ᠵᠠᠰᠠᠬᠤ ᠤᠷᠤᠨ ᠤ ᠲᠠᠰ ᠤᠨ | ᠪᠤᠳᠠᠰ ᠤᠨ ᠪᠤᠰᠤ ᠰᠤᠶᠤᠯ ᠤᠨ ᠦᠯᠡᠳᠡᠭᠳᠠᠯ ᠤᠨ ᠲᠡᠮᠳᠡᠭᠯᠡᠯ ᠳᠤ ᠲᠡᠮᠳᠡᠭᠯᠡᠭᠳᠠᠵᠤ᠂ 8 ᠨᠡᠷᠡᠰ ᠠᠷᠠᠳ ᠤᠨ | ᠤᠷᠠᠯᠢᠬᠴᠢᠳ ᠨᠢ ᠤᠯᠤᠰ ᠤᠨ ᠲᠠᠰ ᠪᠤᠯᠤᠨ ᠤᠷᠤᠨ ᠤ ᠲᠠᠰ ᠤᠨ ᠪᠤᠳᠠᠰ ᠤᠨ ᠪᠤᠰᠤ ᠰᠤᠶᠤᠯ ᠤᠨ ᠦᠯᠡᠳᠡᠭᠳᠠᠯ | ᠤᠨ ᠲᠦᠯᠤᠭᠡᠯᠡᠬᠦ ᠴᠢᠨᠠᠷᠲᠠᠢ ᠤᠯᠠᠮᠵᠢᠯᠠᠭᠴᠢ ᠪᠠᠷ ᠦᠨᠡᠯᠡᠭᠳᠡᠪᠡ᠃ ᠮᠤᠷᠢᠨ ᠤ ᠠᠵᠤ ᠦᠢᠯᠡᠰ ᠪᠠᠳᠠᠷᠠᠩᠭᠤᠢ | ᠬᠦᠭᠵᠢᠵᠤ᠂ ᠪᠦᠬᠦ ᠤᠯᠤᠰ ᠤᠨ ᠬᠠᠮᠤᠭ ᠠᠩᠬᠠᠨ ᠤ ᠶᠡᠭᠡ ᠬᠡᠪᠴᠢᠶᠠᠨ ᠤ ᠳᠦᠭᠰᠢᠬᠦᠷᠲᠦ ᠪᠡᠯᠡ ᠤᠷᠤᠭᠤᠯᠤᠯᠲᠠ ᠶᠢ | ᠤᠯᠤᠭᠰᠠᠨ᠂ ᠮᠤᠷᠢ ᠶᠢ ᠦᠷᠡᠵᠢᠬᠦᠯᠦᠨ ᠪᠤᠶᠢᠵᠢᠭᠤᠯᠵᠤ ᠪᠤᠯᠪᠠᠰᠤᠷᠠᠭᠤᠯᠤᠨ ᠠᠷᠠᠯᠵᠢᠶᠠᠯᠠᠬᠤ ᠶᠢ ᠬᠠᠮᠤᠷᠤᠭᠰᠠᠨ | ᠦᠪᠦᠷ ᠮᠤᠩᠭᠤᠯ ᠤᠨ ᠯᠠᠢ ᠳ᠋ᠧ ᠮᠤᠷᠢᠨ ᠤ ᠦᠢᠯᠡᠰ ᠤᠨ ᠬᠢᠵᠠᠭᠠᠷᠲᠦ ᠺᠤᠮᠫᠠᠨᠢ ᠶᠢ ᠪᠠᠶᠢᠭᠤᠯᠵᠤ᠂ ᠵᠠᠭᠦᠨ ᠬᠤᠶᠢᠳᠤ | ᠤᠷᠤᠨ ᠤ ᠴᠤᠷ ᠤᠨ ᠭᠠᠭᠴᠠ ᠭᠠᠳᠠᠭᠠᠳᠤ ᠠᠴᠠ ᠤᠷᠤᠭᠤᠯᠤᠭᠰᠠᠨ ᠮᠤᠷᠢ ᠶᠢ ᠲᠤᠰᠬᠠᠷᠯᠠᠬᠤ ᠲᠠᠯᠠᠪᠤᠷ ᠪᠠᠶᠢᠭᠤᠯᠵᠠᠢ᠃ | ᠪᠦᠬᠦ ᠤᠯᠤᠰ ᠤᠨ ᠲᠤᠮᠳᠠᠳᠤ ᠶᠢᠨ ᠬᠤᠷᠳᠤᠨ ᠮᠤᠷᠢᠨ ᠤ ᠤᠷᠤᠯᠳᠤᠭᠠᠨ᠂ ᠲᠤᠮᠳᠠᠳᠤ ᠤᠯᠤᠰ᠂ ᠬᠤᠷᠴᠢᠨ ᠠᠷᠠᠳ | ᠤᠨ ᠰᠤᠶᠤᠯ ᠤᠷᠠᠯᠢᠭ ᠤᠨ ᠨᠠᠶᠢᠷ᠂ ᠪᠠᠳᠤᠴᠠᠭᠠᠨ ᠵᠤᠭᠠᠴᠠᠯ ᠤᠨ ᠰᠤᠶᠤᠯ ᠤᠷᠠᠯᠢᠭ ᠤᠨ ᠨᠠᠶᠢᠷ ᠵᠡᠷᠭᠡ ᠰᠢᠷᠢᠰ | ᠬᠦᠳᠡᠯᠭᠡᠭᠡᠨ ᠢ ᠶᠠᠪᠤᠭᠳᠠᠭᠤᠯᠬᠤ ᠪᠠᠷ ᠲᠠᠮᠵᠢᠨ᠂ ᠮᠠᠨ ᠤ ᠬᠤᠰᠢᠭᠤᠨ ᠤ ᠠᠯᠳᠠᠷᠰᠢᠯ ᠢ ᠶᠡᠭᠡᠪᠡᠷ ᠳᠡᠭᠡᠭᠰᠢᠯᠡᠬᠦᠯᠵᠡᠢ᠃ | ︽ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠵᠤᠭᠠᠴᠠᠯ ᠤᠨ ᠬᠦᠭᠵᠢᠯᠲᠡ ᠶᠢᠨ ᠶᠠᠷᠤᠩᠭᠡᠢ | ᠲᠦᠯᠤᠪᠵᠢᠬᠦᠯᠭᠡ︾ ᠶᠢ ᠨᠠᠶᠢᠷᠠᠭᠤᠯᠤᠨ ᠳᠡᠬᠦᠯᠳᠡᠷᠵᠢᠬᠦᠯᠵᠤ᠂ ᠵᠤᠭᠠᠴᠠᠯ ᠤᠨ ᠤᠷᠤᠨ ᠴᠡᠭ ᠤᠨ ᠢᠵᠢ | ᠪᠦᠷᠢᠳᠤᠭᠦᠯᠬᠦ ᠦᠢᠯᠡᠴᠢᠯᠡᠭᠡᠨ ᠤ ᠳᠦᠬᠦᠭᠡᠷᠦᠮᠵᠢ ᠪᠤᠯᠤᠨ ᠤᠬᠠᠭᠤᠯᠤᠨ ᠪᠤᠷᠤᠯᠠᠭᠤᠯᠬᠤ ᠬᠦᠴᠤᠯᠠᠴᠡ ᠪᠠᠨ | ᠴᠢᠩᠭᠠᠳᠬᠠᠵᠤ᠂ ᠠᠯᠲᠠᠨ ᠤᠯᠤᠰ ᠤᠨ ᠵᠠᠭᠠᠭ ᠬᠡᠷᠡᠮ᠂ ᠪᠤᠭᠳᠠ ᠶᠢᠨ ᠰᠦᠮ᠎ᠡ᠂ ᠨᠤᠠ ᠠᠷᠪᠠᠨ ᠬᠤᠰᠢᠭᠤᠨ ᠤ | ᠴᠢᠭᠤᠯᠭᠠᠨ ᠤ ᠭᠠᠵᠠᠷ ᠵᠡᠷᠭᠡ ᠰᠤᠶᠤᠯ ᠤᠨ ᠦᠪ ᠢ ᠵᠠᠰᠠᠨ ᠬᠠᠮᠠᠭᠠᠯᠠᠵᠤ᠂ ᠲᠦᠰᠢᠶᠠᠳᠤ ᠸᠠᠩ ᠤᠨ ᠤᠷᠳᠤᠨ ᠤ | ᠲᠠᠬᠢᠨ ᠪᠠᠶᠢᠭᠤᠯᠬᠤ ᠪᠠᠷᠢᠯᠭ᠎ᠠ ᠶᠢ ᠡᠭᠦᠰᠭᠡᠵᠤ᠂ ᠵᠤᠭᠠᠴᠠᠯ ᠤᠨ ᠦᠢᠯᠡᠰ ᠤᠨ ᠡᠷᠡᠭᠦᠯ ᠢᠶᠠᠷ ᠲᠦᠷᠭᠡᠨ ᠬᠦᠭᠵᠢᠬᠦ ᠶᠢ | ᠠᠬᠢᠭᠤᠯᠪᠠ᠃ ᠮᠠᠨ ᠤ ᠬᠤᠰᠢᠭᠤ ᠨᠢ ᠰᠤᠶᠤᠯ ᠤᠨ ᠶᠠᠮᠤᠨ ᠳᠤ ︽ᠲᠤᠮᠳᠠᠳᠤ ᠶᠢᠨ ᠠᠷᠠᠳ ᠤᠨ ᠰᠤᠶᠤᠯ ᠤᠷᠠᠯᠢᠭ | ᠤᠨ ᠨᠤᠳᠤᠭ︾᠂ ︽ᠦᠯᠢᠭᠡᠷ ᠤᠨ ᠨᠤᠳᠤᠭ︾ ᠢᠶᠠᠷ ᠦᠨᠡᠯᠡᠭᠳᠡᠵᠤ᠂ ᠦᠪᠡᠷᠲᠡᠭᠡᠨ ᠵᠠᠰᠠᠬᠤ ᠤᠷᠤᠨ ᠤ ᠰᠤᠶᠤᠯ | ᠤᠨ ᠲᠢᠩᠬᠢᠮ ᠳᠤ ︽ᠪᠦᠬᠦ ᠤᠷᠤᠨ ᠤ ᠲᠡᠷᠢᠬᠦᠨ ᠤ ᠰᠤᠶᠤᠯ ᠤᠨ ᠬᠤᠰᠢᠭᠤ︾᠂ ︽ᠬᠤᠷᠴᠢᠨ ᠠᠷᠠᠳ ᠤᠨ | ᠲᠠᠭᠤᠤ ᠶᠢᠨ ᠨᠤᠳᠤᠭ︾ ᠢᠶᠠᠷ ᠨᠡᠷᠡᠶᠢᠳᠤᠭ᠍ᠳᠡᠪᠡ᠃ ᠮᠤᠷᠢᠨ ᠰᠤᠶᠤᠯ ᠤᠨ ᠠᠵᠤ ᠦᠢᠯᠡᠰ ᠨᠢ ︽ᠦᠪᠡᠷᠲᠡᠭᠡᠨ | ᠵᠠᠰᠠᠬᠤ ᠤᠷᠤᠨ ᠤ ᠲᠡᠰ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ | ᠵᠦᠪᠰᠢᠶᠡᠷᠡᠭᠳᠡᠵᠤ᠂ ᠲᠦᠰᠢᠶᠡᠳᠤ ᠮᠤᠷᠢ ᠤᠷᠤᠯᠳᠤᠬᠤ ᠲᠠᠯᠠᠪᠤᠷ ᠨᠢ ᠦᠪᠡᠷᠲᠡᠭᠡᠨ ᠵᠠᠰᠠᠬᠤ ᠤᠷᠤᠨ ᠤ | ᠦᠠᠳᠤᠰᠤᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠦᠪᠯᠡᠯ ᠪᠣᠯᠣᠨ ᠪᠠᠶ᠎ᠡ ᠲᠠᠮᠢᠷ ᠤᠨ ᠲᠤᠪᠴᠢᠶ᠎ᠠ ᠳᠤ ︽ | ᠪᠦᠬᠦ ᠤᠷᠤᠨ ᠤ ᠴᠦᠭᠡᠨ ᠲᠤᠭᠠᠳᠤ ᠦᠠᠳᠤᠰᠤᠲᠡᠨ ᠤ ᠤᠯᠠᠮᠵᠢᠯᠠᠯᠳᠤ ᠪᠠᠶ᠎ᠡ ᠲᠠᠮᠢᠷ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠡᠷ︾ ᠢᠶᠠᠷ ᠬᠠᠮᠳᠤᠷᠠᠨ ᠨᠡᠷᠡᠶᠢᠳᠤᠭ᠍ᠳᠠᠪᠠ᠃ | ︵ᠲᠤᠯᠤᠭ᠎ᠠ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠪᠠ᠃ ᠰᠤᠷᠭᠠᠨ ᠬᠦᠮᠤᠵᠢᠯ ᠤᠨ ᠦᠢᠯᠡᠰ ᠢ | ᠡᠩ ᠲᠡᠷᠢᠭᠦᠨ ᠳᠤ ᠬᠦᠭᠵᠢᠬᠦᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠪᠤᠯᠤᠨ ᠪᠠᠶᠢᠷᠢ ᠶᠢᠨ | ᠠᠮᠤᠷ ᠲᠦᠪᠰᠢᠨ ᠤ ᠪᠠᠷᠢᠯᠭ᠎ᠠ᠂ ᠪᠠᠭᠰᠢ ᠨᠠᠷ ᠤᠨ ᠡᠷᠭᠢᠯᠲᠡ ᠶᠢᠨ ᠪᠠᠶᠢᠷᠢ ᠵᠡᠷᠭᠡ ᠲᠦᠷᠤᠯ ᠵᠦᠢᠯ ᠢ ᠶᠠᠪᠤᠭᠳᠠᠭᠤᠯᠪᠠ | ᠃ ᠶᠠᠷᠤᠩᠭᠡᠢ ᠡᠵᠡᠯᠡᠭᠰᠡᠨ ᠲᠠᠯᠠᠪᠠᠢ ᠨᠢ 50 ᠲᠦᠮᠡᠨ ᠲᠡᠭᠰᠢ ᠲᠦᠷᠪᠡᠯᠵᠢᠨ ᠮᠧᠲᠷ ᠤᠨ ᠰᠤᠷᠭᠠᠨ ᠬᠦᠮᠤᠵᠢᠯ ᠤᠨ | ᠲᠤᠭᠤᠷᠢᠭ ᠢ ᠲᠦᠯᠤᠪᠯᠡᠨ ᠪᠠᠶᠢᠭᠤᠯᠵᠤ᠂ ᠬᠤᠰᠢᠭᠤᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠪᠤᠯᠤᠨ | ᠮᠤᠩᠭᠤᠯ ᠦᠠᠳᠤᠰᠤᠲᠡᠨ ᠤ ᠬᠡᠣᠬᠡᠳ ᠤᠨ ᠴᠡᠴᠡᠷᠯᠢᠭ ᠢ ᠨᠡᠭᠦᠯᠭᠡᠨ ᠪᠠᠶᠢᠭᠤᠯᠬᠤ ᠪᠠᠷᠢᠯᠭ᠎ᠠ ᠶᠢ ᠪᠠᠶᠠᠯᠡᠭᠦᠯᠵᠤ᠂ | ᠪᠠᠶᠠᠨᠬᠤᠰᠢᠭᠤ ᠬᠦᠭᠦᠷᠭᠡᠨ ᠡᠮᠤᠨᠡᠭᠢ ᠬᠡᠣᠬᠡᠳ ᠤᠨ ᠴᠡᠴᠡᠷᠯᠢᠭ ᠤᠨ ᠲᠦᠷᠤᠯ ᠵᠦᠢᠯ ᠢ ᠠᠵᠢᠯ ᠡᠬᠢᠯᠡᠬᠦᠯᠵᠤ᠂ | ᠪᠠᠶᠠᠨᠬᠤᠰᠢᠭᠤ ᠵᠢᠷᠭᠤᠳᠤᠭᠠᠷ ᠲᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠪᠠᠶᠠᠨᠬᠤᠰᠢᠭᠤ ᠨᠢᠭᠡᠳᠤᠭᠡᠷ᠂ | ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ ᠢ ᠰᠠᠶᠢᠵᠢᠷᠠᠭᠤᠯᠵᠤ᠂ ᠪᠠᠶᠠᠨᠬᠤᠰᠢᠭᠤ | ᠨᠢᠭᠡᠳᠤᠭᠡᠷ ᠳᠣᠮᠳᠠᠳᠣ ᠰᠤᠷᠭᠠᠭᠤᠯᠢ ᠶᠢᠨ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠶᠢ ᠳᠣᠷᠠᠰᠬᠠᠬᠤ | ᠠᠵᠢᠯᠯᠠᠭᠠᠨ ᠢ ᠡᠷᠬᠢᠯᠡᠨ ᠶᠠᠪᠤᠭᠳᠠᠭᠤᠯᠵᠠᠢ᠃ ᠨᠡᠶᠢᠲᠡ ᠠᠯᠪᠠᠨ ᠵᠢᠷᠤᠮ ᠤᠨ ᠱᠠᠳᠤᠨ ᠤ ᠨᠡᠶᠢᠲᠡ ᠶᠢᠨ ᠵᠠᠷᠣᠳᠠᠯ | ᠮᠦᠩᠬᠦ ᠪᠤᠯᠨ ᠮᠤᠩᠭᠤᠯ ᠢᠶᠠᠷ ᠬᠢᠴᠢᠶᠡᠯᠯᠡᠬᠦ ᠰᠣᠷᠣᠭᠴᠢ ᠶᠢᠨ ᠠᠮᠢᠳᠣᠷᠠᠯ ᠤᠨ ᠨᠦᠬᠦᠪᠦᠷᠢ ᠮᠦᠩᠬᠦ ᠶᠢ 1.33 | ᠳ᠋ᠦᠩᠰᠢᠭᠤᠷ ᠳᠦᠬᠦᠷᠢᠭ᠂ ᠦᠳᠦᠰᠦᠳᠡᠨ ᠤ ᠰᠣᠷᠭᠠᠨ ᠬᠦᠮᠦᠵᠢᠯ ᠤᠨ ᠳᠣᠰᠬᠠᠢ ᠨᠦᠬᠦᠪᠦᠷᠢ ᠮᠦᠩᠬᠦ ᠶᠢ 362 | ᠲᠦᠮᠡᠨ ᠳᠦᠬᠦᠷᠢᠭ᠂ ᠶᠠᠳᠠᠭᠤ ᠬᠦᠴᠢᠷᠳᠡᠯᠲᠡᠢ ᠪᠠᠶᠢᠷᠢᠯᠠᠵᠤ ᠪᠠᠶᠢᠭ᠎ᠠ ᠰᠣᠷᠣᠭᠴᠢ ᠶᠢᠨ ᠠᠮᠢᠳᠤᠷᠠᠯ ᠤᠨ ᠨᠦᠬᠦᠪᠦᠷᠢ | ᠮᠦᠩᠬᠦ ᠶᠢ 821 ᠲᠦᠮᠡᠨ ᠳᠦᠬᠦᠷᠢᠭ ᠨᠠᠶᠢᠳᠠᠪᠦᠷᠢᠵᠢᠭᠤᠯᠵᠠᠢ᠃ ᠡᠷᠡᠭᠦᠯ ᠬᠠᠮᠠᠭᠠᠯᠠᠯ ᠪᠤᠯᠤᠨ ᠡᠷᠡᠭᠦᠯ ᠮᠠᠠᠳᠤ ᠶᠢᠨ | ᠰᠢᠰᠲ᠋ᠧᠮ ᠢ ᠲᠡᠭᠦᠯᠳᠡᠷᠵᠢᠭᠦᠯᠵᠤ᠂ 1 ᠳ᠋ᠦᠩᠰᠢᠭᠤᠷ ᠢᠯᠡᠭᠦᠤ ᠲᠦᠭᠦᠷᠢᠭ ᠪᠠᠯᠡ ᠤᠷᠤᠭᠤᠯᠵᠤ᠂ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶᠠᠨ ᠤ ᠶᠠᠷᠤᠩᠭᠡᠶᠢᠯᠡᠭᠰᠡᠨ ᠠᠰᠠᠷ ᠪᠤᠯᠤᠨ | ᠡᠪᠡᠳᠴᠢᠲᠡᠨ ᠤ ᠠᠰᠠᠷ᠂ ᠬᠤᠰᠢᠭᠤᠨ ᠤ ᠬᠢᠵᠢᠭ ᠢ ᠡᠵᠡᠮᠰᠢᠵᠤ ᠰᠦᠷᠢᠶ᠎ᠡ ᠶᠢ ᠰᠡᠷᠭᠡᠶᠢᠯᠡᠬᠦ ᠠᠰᠠᠷ ᠵᠡᠷᠭᠡ ᠨᠢᠭᠡ | ᠤᠯᠠᠨ ᠡᠷᠡᠭᠦᠯ ᠬᠠᠮᠠᠭᠠᠯᠠᠯ ᠤᠨ ᠰᠠᠭᠤᠷᠢ ᠳᠦᠬᠦᠭᠡᠷᠦᠮᠵᠢ ᠶᠢ ᠪᠠᠶᠢᠭᠤᠯᠵᠤ᠂ 19 ᠦᠠᠳᠤᠰᠤᠨ ᠱᠠᠳᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢ ᠦᠭᠡᠷᠡᠴᠢᠯᠡᠨ ᠦᠷᠭᠡᠳᠭᠡᠵᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠠᠮᠰᠢᠬᠦ | ᠬᠦᠴᠤᠯᠡᠴᠠ ᠪᠠᠨ ᠴᠢᠩᠭᠠᠷᠠᠭᠤᠯᠤᠨ᠂ ᠢᠳᠡᠭᠡᠨ ᠡᠮ ᠡᠮᠨᠡᠯᠭᠡ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ | ᠴᠢᠩᠭᠠᠳᠬᠠᠵᠤ᠂ ᠦᠷᠭᠡᠨ ᠤᠯᠠᠨ ᠠᠷᠠᠳ ᠲᠦᠮᠡᠨ ᠤ ᠪᠠᠶ᠎ᠠ ᠮᠠᠬᠠᠪᠤᠳ ᠤᠨ ᠡᠷᠡᠭᠦᠯ ᠴᠢᠬᠢᠷᠠᠭ ᠪᠤᠯᠤᠨ ᠢᠳᠠᠭᠡᠨ | ᠤᠮᠳᠠᠭᠠᠨ ᠤ ᠠᠮᠤᠷ ᠲᠦᠪᠰᠢᠨ ᠢ ᠪᠠᠳᠤᠯᠠᠵᠠᠢ᠃ ᠬᠦᠮᠤᠨ ᠠᠮᠠ ᠬᠢᠭᠡᠳ ᠲᠦᠯᠤᠪᠯᠡᠭᠡᠳᠤ ᠦᠷᠡᠵᠢᠯ ᠤᠨ ᠠᠵᠢᠯ ᠢ | ᠨᠠᠷᠢᠨ ᠬᠢᠨᠠᠮᠠᠭᠠᠢ ᠰᠠᠶᠢᠳᠦᠷ ᠬᠢᠵᠤ᠂ ᠲᠦᠯᠤᠪᠯᠡᠭᠡᠳᠤ ᠦᠷᠠᠵᠢᠯ ᠤᠨ ᠠᠰᠢᠭ ᠲᠤᠰᠠ ᠶᠢᠨ ᠳᠤᠭᠳᠠᠯᠴᠠᠭ᠎ᠠ ᠶᠢ | ᠪᠠᠶᠢᠭᠤᠯᠤᠨ ᠲᠡᠭᠦᠯᠳᠠᠷᠵᠢᠭᠦᠯᠵᠤ᠂ ᠲᠦᠯᠤᠪᠡᠯᠡᠭᠡᠳᠤ ᠦᠷᠡᠵᠢᠯ ᠤᠨ ᠲᠤᠰᠬᠠᠢ ᠬᠠᠷᠠᠭᠠᠯᠵᠠᠯ ᠤᠨ ᠮᠦᠩᠬᠦ ᠶᠢ ᠨᠡᠶᠢᠲᠡ | 1742 ᠲᠦᠮᠡᠨ ᠲᠦᠬᠦᠷᠢᠭ ᠲᠠᠷᠬᠠᠭᠠᠵᠤ᠂ ᠬᠦᠮᠤᠨ ᠠᠮᠠ ᠶᠢᠨ ᠦᠷᠡᠵᠢᠯ ᠤᠨ ᠨᠤᠷᠮ᠎ᠠ ᠶᠢ 12‰ ᠶᠢᠨ | ᠲᠤᠳᠤᠷ᠎ᠠ ᠬᠢᠵᠠᠭᠠᠷᠯᠠᠵᠠᠢ᠃ ᠬᠦᠳᠡᠭᠡ ᠲᠤᠰᠬᠤᠨ ᠤ ᠷᠠᠳᠢᠣ᠋ ᠲᠧᠯᠸᠢᠰ ᠤᠨ ᠤᠯᠠᠨ ᠨᠡᠶᠢᠲᠡ ᠶᠢᠨ ᠦᠢᠯᠡᠴᠢᠯᠡᠬᠡᠨ ᠤ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠷᠠᠳᠢᠣ᠋ ᠲᠧᠯᠸᠢᠰ ᠤᠨ ᠲᠠᠭᠠᠭᠤᠯᠢ ᠤᠳᠤᠨ ᠠᠴᠠ | ᠬᠤᠷᠢᠶᠠᠮᠵᠢᠯᠠᠬᠤ ᠭᠠᠵᠠᠷ ᠳᠦᠬᠦᠭᠡᠷᠦᠮᠵᠢ ᠶᠢ 5.7 ᠲᠦᠮᠡᠨ ᠢᠵᠢ ᠲᠠᠷᠬᠠᠭᠠᠵᠤ᠂ ᠤᠳᠠᠰᠤᠳᠤ ᠲᠧᠯᠸᠢᠰ ᠬᠡᠷᠡᠭᠯᠡᠬᠦ | ᠡᠷᠤᠭᠡ ᠨᠡᠮᠡᠭᠳᠡᠭᠡᠳ 2.2 ᠲᠦᠮᠡᠨ ᠡᠷᠤᠭᠡ ᠳᠤ ᠬᠦᠷᠴᠤ᠂ ᠷᠠᠳᠢᠣ᠋ ᠲᠧᠯᠸᠢᠰ ᠤᠨ ᠪᠦᠷᠭᠦᠴᠡ ᠶᠢᠨ ᠨᠤᠷᠮ᠎ᠠ | 100% ᠳᠤ ᠬᠦᠷᠪᠠ᠃ ᠨᠠᠰᠤᠲᠠᠶᠢᠴᠤᠳ ᠤᠨ ᠦᠢᠯᠡᠰ ᠦᠳᠳᠤᠷ ᠬᠦᠭᠵᠢᠵᠤ᠂ ᠲᠤᠤᠷ ᠪᠦᠮᠪᠤᠭᠡᠨ ᠤᠷᠳᠤᠨ᠂ | ᠡᠭᠦᠳᠤᠨ ᠪᠦᠮᠪᠦᠭᠡᠨ ᠲᠠᠯᠠᠪᠤᠷ ᠵᠡᠷᠭᠡ ᠨᠠᠰᠤᠲᠠᠶᠢᠴᠤᠳ ᠤᠨ ᠬᠦᠳᠡᠯᠭᠡᠭᠡᠨ ᠤ ᠲᠠᠯᠠᠪᠤᠷ ᠢ ᠪᠠᠶᠢᠭᠤᠯᠵᠤ᠂ 1501 | ᠨᠡᠷᠡᠰ ᠨᠦᠬᠦᠴᠡᠯ ᠳᠤ ᠨᠡᠶᠢᠴᠡᠭᠰᠡᠨ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠤᠷᠳᠤ ᠨᠠᠰᠤᠯᠠᠭᠰᠠᠨ | ᠨᠦᠭᠦᠪᠦᠷᠢ ᠶᠢᠨ ᠮᠦᠩᠬᠦ ᠶᠢ 180 ᠲᠦᠮᠡᠨ ᠲᠦᠭᠦᠷᠢᠭ ᠲᠠᠷᠬᠠᠭᠠᠪᠠ᠃ ᠭᠠᠵᠠᠷ ᠰᠢᠷᠤᠢ ᠶᠢ ᠴᠡᠭᠴᠡᠯᠡᠨ | ᠪᠠᠶᠢᠴᠠᠭᠠᠬᠤ ᠠᠵᠢᠯᠯᠠᠭ᠎ᠠ ᠶᠢ ᠪᠦᠬᠦ ᠬᠦᠴᠤᠨ ᠢᠶᠠᠷ ᠦᠷᠨᠢᠭᠦᠯᠵᠤ᠂ ᠲᠠᠷᠢᠶᠠᠨ ᠭᠠᠵᠠᠷ᠂ ᠡᠪᠡᠰᠤ ᠪᠡᠯᠴᠢᠭᠡᠷ ᠤᠨ | ᠲᠠᠭᠠᠭᠠᠴᠢᠯᠠᠯᠲᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠵᠠᠰᠠᠨ ᠲᠡᠭᠰᠢᠯᠡᠵᠠᠢ᠃ ᠬᠦᠳᠡᠭᠡ ᠲᠤᠰᠬᠤᠨ ᠮᠠᠯᠵᠢᠬᠤ | ᠤᠷᠤᠨ ᠤ ︽ᠭᠤᠷᠪᠠᠨ ᠬᠦᠷᠤᠩᠭᠡ︾ ᠶᠢ ᠴᠡᠭᠴᠡᠯᠡᠨ ᠲᠠᠩᠰᠠᠯᠠᠬᠤ ᠠᠵᠢᠯ ᠢ ᠲᠠᠭᠤᠰᠬᠠᠵᠤ᠂ ᠬᠦᠳᠡᠭᠡ ᠲᠤᠰᠬᠤᠨ | ᠮᠠᠯᠵᠢᠬᠤ ᠤᠷᠤᠨ ᠤ ︽ᠭᠤᠷᠪᠠᠨ ᠬᠦᠷᠦᠩᠭᠡ︾ ᠶᠢᠨ ᠬᠢᠨᠠᠨ ᠬᠠᠮᠢᠶᠠᠷᠤᠯᠲᠠ ᠶᠢ ᠤᠯᠠᠮ ᠴᠢᠩᠭᠠᠳᠬᠠᠵᠠᠢ᠃ ᠨᠠᠮ | ᠤᠨ ᠦᠨᠳᠦᠰᠦᠳᠡᠨ ᠱᠠᠰᠢᠨ ᠰᠣᠷᠳᠡᠠᠬᠤᠨ ᠤ ᠳᠦᠷᠦ ᠶᠢᠨ ᠪᠤᠳᠤᠯᠭ᠎ᠠ ᠶᠢ ᠳᠣᠱᠯᠠᠭᠤᠯᠤᠨ ᠨᠠᠶᠢᠳᠠᠪᠦᠷᠢᠵᠢᠭᠤᠯᠵᠤ᠂ | ᠡᠯ᠎ᠡ ᠦᠠᠳᠤᠰᠤᠲᠠᠨ ᠪᠦᠯᠬᠦᠮᠳᠠᠨ ᠲᠠᠪᠰᠢᠵᠤ᠂ ᠱᠠᠰᠢᠨ ᠰᠤᠷᠳᠠᠬᠤᠨ ᠤ ᠵᠤᠬᠢᠴᠠᠩᠭᠤᠢ ᠲᠤᠭᠳᠠᠭᠤᠨ ᠪᠠᠶᠢᠳᠠᠯ ᠢ | ᠪᠠᠳᠤᠳᠬᠠᠪᠠ᠃ ᠤᠶᠤᠨ ᠤ ᠪᠤᠯᠪᠠᠰᠤᠨ ᠢ ᠪᠦᠳᠤᠭᠡᠨ ᠪᠠᠶᠢᠭᠤᠯᠬᠤ ᠬᠦᠳᠡᠯᠭᠡᠭᠡᠨ ᠢ ᠢᠳᠡᠪᠬᠢᠲᠠᠢ ᠶᠠᠪᠤᠭᠳᠠᠭᠤᠯᠵᠤ᠂ | ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠨᠢᠬᠡᠴᠡ ᠶᠢ 6 ᠡᠭᠦᠳᠤᠨ ᠪᠠᠶᠢᠭᠤᠯᠵᠤ᠂ ᠠᠶᠢᠮᠠᠭ ᠤᠨ ᠲᠡᠰ ᠤᠨ | ᠪᠤᠯᠪᠠᠰᠤᠨ ᠵᠢᠱᠢᠶᠡᠴᠢ ᠨᠢᠭᠡᠴᠡ ᠶᠢ 6᠂ ᠠᠶᠢᠮᠠᠭ ᠤᠨ ᠲᠡᠰ ᠤᠨ ᠪᠤᠯᠪᠠᠰᠤᠨ ᠨᠢᠭᠡᠴᠡ ᠶᠢ 16 ᠡᠭᠦᠳᠤᠨ | ᠪᠠᠶᠢᠭᠤᠯᠪᠠ᠃ ᠪᠦᠬᠦ ᠤᠯᠤᠰ ᠤᠨ ᠨᠢᠭᠡᠳᠤᠭᠡᠷ ᠤᠳᠠᠭᠠᠨ ᠤ ᠤᠰᠤᠨ ᠠᠰᠢᠭᠯᠠᠯᠲᠠ ᠶᠢᠨ ᠨᠠᠶᠢᠳᠡᠮ ᠪᠠᠶᠢᠴᠠᠭᠠᠯᠲᠠ ᠶᠢ | ᠨᠡᠷᠢᠨ ᠬᠢᠨᠠᠮᠠᠭᠠᠢ ᠶᠠᠪᠤᠭᠳᠠᠭᠤᠯᠵᠤ᠂ ᠪᠦᠬᠦ ᠤᠯᠤᠰ ᠤᠨ ᠵᠢᠷᠭᠤᠳᠤᠭᠠᠷ ᠤᠳᠠᠭᠠᠨ ᠤ ᠬᠦᠮᠤᠨ ᠠᠮᠠ ᠶᠢᠨ ᠨᠡᠶᠢᠳᠠᠮ | ᠪᠠᠶᠢᠴᠠᠭᠠᠯᠲᠠ᠂ ᠪᠦᠬᠦ ᠤᠯᠤᠰ ᠤᠨ ᠬᠤᠶᠠᠳᠤᠭᠠᠷ ᠤᠳᠠᠭᠠᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠲᠠ᠂ ᠪᠦᠬᠦ | ᠤᠯᠤᠰ ᠤᠨ ᠨᠢᠭᠡᠳᠤᠭᠡᠷ ᠤᠳᠠᠭᠠᠨ ᠤ ᠪᠤᠵᠠᠷᠳᠣᠯ ᠤᠨ ᠡᠬᠢ ᠰᠤᠷᠪᠤᠯᠵᠢ ᠶᠢᠨ ᠨᠡᠶᠢᠳᠠᠮ ᠪᠠᠶᠢᠴᠠᠭᠠᠯᠲᠠ᠂ ᠪᠦᠬᠦ | ᠤᠯᠤᠰ ᠤᠨ ᠬᠤᠶᠠᠳᠤᠭᠠᠷ ᠣᠳᠠᠭᠠᠨ ᠤ ᠳᠠᠷᠢᠶᠠᠯᠠᠩ ᠤᠨ ᠪᠠᠶᠢᠴᠠᠭᠠᠯᠳᠠ ᠪᠤᠯᠤᠨ ᠪᠦᠬᠦ ᠤᠯᠤᠰ ᠤᠨ ᠬᠤᠶᠠᠳᠤᠭᠠᠷ | ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠳᠠ ᠶᠢ ᠪᠠᠶᠠᠯᠡᠬᠦᠯᠵᠠᠢ᠃ ᠲᠤᠯᠤᠳᠤᠭᠠᠷ᠂ ᠨᠠᠢᠮᠠᠳᠤᠭᠠᠷ ᠤᠳᠠᠭᠠᠨ ᠤ | ᠭᠠᠴᠠᠭᠠᠨ ᠤ ᠵᠦᠪᠯᠡᠯ᠂ ᠨᠡᠶᠢᠬᠡᠮ ᠲᠤᠭᠤᠷᠢᠭ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠯᠲᠠ ᠶᠢᠨ ᠠᠵᠢᠯ ᠢ | ᠤᠷᠤᠭᠰᠢᠲᠠᠢ ᠶᠠᠪᠤᠭᠳᠠᠭᠤᠯᠪᠠ᠃ ︽ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠤᠶᠢᠯᠠᠯᠭ᠎ᠠ ︵ | 1988 — 2005 ᠡᠪᠬᠡᠮᠡᠯ︶︾᠂ ︽ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠤᠶᠢᠯᠠᠯᠭ᠎ᠠ ︵ | 2006 — 2008 ᠡᠪᠬᠡᠮᠡᠯ︶︾ ᠢ ᠬᠡᠪᠯᠡᠨ ᠲᠠᠷᠬᠠᠭᠠᠪᠠ᠃ ᠤᠯᠤᠰ ᠤᠨ ᠬᠠᠮᠠᠭᠠᠯᠠᠯᠲᠠ ᠪᠤᠯᠤᠨ ᠡᠷᠤᠬᠡ ᠶᠢᠨ | ᠴᠡᠷᠢᠭ ᠤᠨ ᠪᠠᠯᠡᠳᠭᠡᠯ ᠠᠯᠪᠠ ᠶᠢᠨ ᠪᠠᠶᠢᠭᠤᠯᠤᠯᠲᠠ ᠶᠢ ᠲᠠᠮᠵᠢᠵᠤ᠂ ︽ᠬᠤᠶᠠᠷ ᠢ ᠬᠦᠷᠢᠶᠡᠯᠡᠬᠦ︾ ᠬᠢᠷᠢ ᠲᠦᠪᠰᠢᠨ | ᠢᠶᠠᠨ ᠲᠠᠰᠤᠷᠠᠯᠲᠠ ᠦᠭᠡᠢ ᠳᠡᠭᠡᠭᠰᠢᠯᠡᠬᠦᠯᠵᠡᠢ᠃ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠤᠳ | ᠬᠡᠤᠬᠡᠳ᠂ ᠵᠡᠮᠳᠡᠭᠴᠤᠳ᠂ ᠤᠯᠠᠭᠠᠨ ᠵᠠᠯᠠᠮᠠᠭᠠᠶᠢᠲᠠᠨ᠂ ᠲᠠᠩᠰᠡ ᠡᠪᠬᠡᠮᠡᠯ᠂ ᠴᠠᠭ ᠠᠭᠤᠷ᠂ ᠠᠷᠠᠳ ᠤᠨ ᠠᠭᠠᠷ ᠤᠨ | ᠰᠡᠷᠭᠡᠶᠢᠯᠡᠯᠲᠡ ᠵᠡᠷᠭᠡ ᠡᠯ᠎ᠡ ᠳᠠᠯ᠎ᠠ ᠶᠢᠨ ᠦᠢᠯᠡᠰ ᠰᠢᠨ᠎ᠡ ᠬᠦᠭᠵᠢᠯᠲᠡ ᠶᠢ ᠪᠡᠶᠡᠯᠡᠬᠦᠯᠵᠤ᠂ ᠰᠢᠨ᠎ᠡ ᠬᠢᠷᠢ ᠪᠦᠳᠤᠮᠵᠢ | ᠤᠯᠵᠠᠢ᠃ | ︵ᠨᠠᠢᠮᠠ︶ ᠠᠷᠠᠳ ᠲᠤ ᠲᠤᠰᠠᠲᠠᠢ ᠢᠠᠵᠧᠨᠧᠷᠢᠩ ᠠᠷᠠᠳ ᠤᠯᠠᠨ ᠳᠤ ᠲᠦᠬᠡᠮᠡᠯ ᠬᠠᠷᠠᠭᠠᠯᠵᠠᠯ ᠬᠦᠷᠲᠡᠭᠡᠪᠠ᠃ | ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠤᠨ ᠲᠠᠯ᠎ᠠ ᠳᠤ ᠨᠡᠶᠢᠲᠡ 50 ᠳ᠋ᠦᠩᠰᠢᠭᠤᠷ ᠲᠦᠭᠦᠷᠢᠭ ᠪᠡᠯᠡ | ᠤᠷᠤᠭᠤᠯᠵᠤ᠂ ᠡᠳ᠋ ᠶᠢᠨ ᠵᠠᠰᠠᠭ ᠤᠨ ᠪᠦᠬᠦ ᠵᠠᠷᠤᠳᠠᠯ ᠤᠨ 70% ᠶᠢ ᠡᠵᠠᠯᠡᠪᠠ᠃ ᠮᠠᠯᠴᠢᠨ ᠲᠠᠷᠢᠶᠠᠴᠢᠨ ᠠᠷᠠᠳ | ᠲᠦᠮᠡᠨ ᠤ ᠲᠦᠷᠤ ᠶᠢᠨ ᠪᠤᠳᠤᠯᠭᠠᠳᠤ ᠴᠢᠨᠠᠷ ᠲᠠᠢ ᠤᠷᠤᠯᠭ᠎ᠠ ᠵᠢᠯ ᠲᠠᠷᠠᠭᠠᠯᠠᠨ ᠨᠡᠮᠡᠭᠳᠡᠵᠤ᠂ ᠬᠦᠮᠤᠨ ᠪᠦᠷᠢ | ᠲᠤᠮᠳᠠᠴᠢ ᠪᠠᠷ 1500 ᠲᠦᠭᠦᠷᠢᠭ ᠠᠴᠠ ᠲᠠᠪᠠᠵᠠᠢ᠃ ᠬᠤᠰᠢᠭᠤᠨ ᠤ ᠵᠠᠰᠠᠭ ᠤᠨ ᠤᠷᠳᠤᠨ ᠵᠢᠯ ᠪᠦᠷᠢ ᠠᠷᠠᠳ | ᠲᠤ ︽ᠠᠷᠪᠠᠨ ᠪᠤᠳᠠᠳᠤ ᠠᠵᠢᠯᠯᠭ᠎ᠠ︾ ᠬᠢᠵᠤ ᠦᠭᠬᠦ ᠪᠠᠷ ᠠᠮᠠᠯᠳᠤᠨ᠂ ᠨᠡᠶᠢᠲᠡ 50 ᠪᠤᠳᠠᠳᠣ ᠶᠠᠪᠤᠳᠠᠯ ᠬᠢᠵᠤ | ᠦᠭᠴᠡᠢ᠃ ᠬᠤᠳᠠ ᠬᠦᠲᠡᠭᠡᠨ ᠤ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠣᠷᠴᠢᠨ ᠲᠤᠭᠤᠷᠢᠨ ᠢ | ᠲᠠᠰᠣᠷᠠᠯᠲᠠ ᠦᠭᠡᠢ ᠰᠠᠶᠢᠵᠢᠷᠠᠭᠤᠯᠵᠤ᠂ ᠨᠡᠶᠢᠲᠡ 8.3 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠬᠢᠮᠲᠠ ᠪᠠᠷ | ᠲᠦᠷᠢᠶᠡᠰᠦᠯᠡᠬᠦ ᠭᠡᠷ 2081 ᠡᠷᠦᠬᠡ᠂ ᠦᠢᠯᠡᠳᠪᠦᠷᠢ ᠠᠭᠤᠷᠬᠠᠢ ︵ᠤᠯᠤᠰ ᠤᠨ ᠦᠮᠴᠢᠯᠡᠯᠳᠤ ᠤᠢ ᠰᠢᠭᠤᠢ ᠶᠢᠨ | ᠲᠠᠯᠠᠪᠠᠢ︶ ᠶᠢᠨ ᠪᠦᠳᠤᠭᠦᠯᠢᠭ ᠭᠡᠷ ᠢ 1462 ᠡᠷᠦᠬᠡ ᠦᠭᠡᠷᠡᠴᠢᠯᠡᠵᠤ᠂ ᠬᠦᠲᠡᠭᠡ ᠲᠤᠰᠬᠤᠨ ᠮᠠᠯᠵᠢᠬᠤ ᠣᠷᠣᠨ ᠤ | ᠨᠤᠷᠠᠬᠤ ᠠᠶᠤᠯ ᠲᠠᠢ ᠭᠡᠷ ᠪᠠᠶᠢᠰᠢᠩ ᠢ 9948 ᠡᠷᠦᠬᠡ ᠦᠭᠡᠷᠡᠴᠢᠯᠡᠨ ᠰᠢᠨᠡᠳᠭᠡᠵᠠᠢ᠃ ᠨᠡᠶᠢᠭᠡᠮ ᠤᠨ ᠪᠠᠳᠤᠯᠠᠭ᠎ᠠ | ᠲᠠᠰᠣᠷᠠᠯᠲᠠ ᠦᠬᠡᠢ ᠦᠷᠭᠡᠳᠴᠦ᠂ ︽ᠲᠠᠪᠤᠨ ᠪᠠᠳᠤᠯᠠᠭ᠎ᠠ︾ ᠶᠢᠨ ᠲᠠᠭᠠᠳᠬᠠᠯ ᠳᠤ ᠤᠷᠤᠭᠰᠠᠨ ᠬᠦᠮᠦᠨ 24.6 | ᠲᠦᠮᠡᠨ ᠬᠦᠮᠦᠨ ᠣᠳᠠᠭ᠎ᠠ ᠳᠤ ᠬᠦᠷᠴᠡᠢ᠃ ᠰᠠᠭᠤᠬᠤ ᠭᠡᠷ ᠤᠨ ᠨᠡᠶᠢᠲᠡ ᠶᠢᠨ ᠰᠠᠭᠤᠷᠢ ᠮᠦᠩᠭᠦ ᠶᠢᠨ ᠪᠠᠶᠢᠭᠤᠯᠭ᠎ᠠ | ᠨᠢᠭᠡᠴᠡ ᠶᠢᠨ ᠲᠤᠰᠢᠶᠠᠨ ᠬᠠᠳᠠᠭᠠᠯᠠᠬᠤ ᠬᠠᠷᠢᠴᠠᠯ ᠢ 3% ᠠᠴᠠ 10% ᠪᠤᠯᠭᠠᠨ ᠨᠡᠮᠡᠭᠳᠠᠬᠦᠯᠵᠠᠢ᠃ ᠬᠤᠲᠠ | ᠬᠦᠳᠡᠭᠡ ᠶᠢᠨ ᠬᠠᠮᠤᠭ ᠲᠤᠤᠷ᠎ᠠ ᠠᠮᠢᠳᠣᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠪᠤᠯᠤᠨ ᠲᠠᠪᠤᠨ ᠪᠠᠳᠤᠯᠭᠠᠨᠳᠣ ᠡᠷᠦᠬᠡ᠂ | ᠬᠤᠳᠠ ᠪᠠᠯᠭᠠᠰᠤ ᠶᠢᠨ ︽ᠭᠤᠷᠪᠠᠨ ᠦᠭᠡᠢ︾ ᠬᠦᠮᠦᠨ᠂ ᠦᠨᠦᠴᠢᠨ ᠬᠡᠦᠬᠡᠳ ᠢ ᠲᠡᠵᠢᠬᠡᠬᠦ ᠪᠠᠷᠢᠮᠵᠢᠶ᠎ᠠ ᠶᠢ ᠶᠡᠭᠡ | ᠬᠡᠪᠴᠢᠶ᠎ᠠ ᠪᠠᠷ ᠲᠡᠭᠡᠭᠰᠢᠯᠡᠬᠦᠯᠵᠦ᠂ ᠡᠯ᠎ᠡ ᠵᠦᠢᠯ ᠤᠨ ᠪᠠᠳᠤᠯᠠᠭ᠎ᠠ ᠶᠢᠨ ᠮᠦᠩᠭᠦ ᠶᠢ 3.05 ᠳ᠋ᠦᠩᠰᠢᠭᠤᠷ ᠲᠦᠭᠦᠷᠢᠭ | ᠲᠠᠷᠬᠠᠭᠠᠪᠠ᠃ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠬᠦ ᠲᠦᠷᠦ ᠶᠢᠨ ᠪᠤᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠬᠦ ᠨᠦᠬᠦᠪᠦᠷᠢ ᠮᠦᠩᠭᠦ ᠶᠢ | ᠨᠡᠶᠢᠲᠠ 15.35 ᠳ᠋ᠦᠩᠰᠢᠭᠤᠷ ᠲᠦᠭᠦᠷᠢᠭ ᠲᠠᠷᠬᠠᠭᠠᠵᠠᠢ᠃ ᠨᠡᠶᠢᠲᠡ 2000 ᠲᠦᠮᠡᠨ ᠲᠦᠭᠦᠷᠢᠭ ᠪᠡᠯᠡ | ᠣᠷᠣᠭᠤᠯᠵᠦ᠂ 3 ᠰᠣᠮᠣ ᠪᠠᠯᠭᠠᠰᠣ ᠶᠢᠨ ᠨᠠᠰᠣᠳᠠᠨ ᠢ ᠠᠰᠠᠷᠠᠬᠤ ᠬᠦᠷᠢᠶᠡᠯᠡᠩ ᠢ ᠵᠠᠰᠠᠵᠤ᠂ ᠬᠤᠰᠢᠭᠤᠨ ᠤ | ᠶᠡᠷᠦᠩᠬᠡᠢ ᠠᠰᠠᠷᠠᠮᠵᠢ ᠶᠢᠨ ᠲᠦᠪ ᠪᠤᠯᠤᠨ ᠲᠦᠯᠢᠶᠡᠮᠤᠳᠣ ᠤᠷᠤᠨ ᠤ ᠴᠢᠨᠠᠷ ᠲᠠᠢ ᠨᠠᠰᠣᠳᠠᠨ ᠢ ᠠᠰᠠᠷᠠᠬᠤ | ᠬᠦᠷᠢᠶᠡᠯᠡᠩ ᠢ ᠡᠬᠢᠯᠡᠨ ᠪᠠᠶᠢᠭᠤᠯᠤᠭᠰᠠᠨ ᠪᠠᠶᠢᠨ᠎ᠠ᠃ ︽ᠲᠠᠪᠤ ᠲᠤᠯᠤᠭᠠᠨ ᠤ ᠠᠵᠢᠯᠲᠠᠨ︾ ᠪᠤᠯᠤᠨ ︽ᠨᠡᠶᠢᠲᠠ | ᠶᠢᠨ ᠠᠵᠢᠯᠲᠠᠨ︾ ᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 1750 ᠬᠦᠮᠤᠨ ᠳᠤ ᠠᠰᠢᠭ | ᠬᠦᠷᠳᠡᠭᠡᠵᠠᠢ᠃ ᠮᠠᠯ ᠲᠠᠷᠢᠶᠠᠯᠠᠩ ᠤᠨ ᠰᠢᠰᠲ᠋ᠧᠮ ᠤᠨ 592 ᠨᠡᠷᠡᠰ ᠠᠵᠢᠯᠲᠠᠨ ᠢ ᠨᠠᠰᠣᠳᠠᠨ ᠢ ᠠᠰᠠᠷᠠᠬᠤ | ᠲᠠᠭᠠᠳᠬᠠᠯ ᠳᠤ ᠤᠷᠤᠭᠤᠯᠤᠭᠰᠠᠨ ᠪᠠᠶᠢᠨ᠎ᠠ᠃ ᠲᠠᠬᠢᠨ ᠠᠵᠢᠯ ᠣᠯᠭᠤᠬᠤ ᠪᠠᠭ᠎ᠠ ᠲᠤᠭᠠᠨ ᠤ ᠵᠢᠭᠡᠯᠡᠯᠭᠡ ᠶᠢᠨ ᠮᠦᠩᠭᠦ | ᠶᠢ 1.09 ᠳ᠋ᠦᠩᠰᠢᠭᠤᠷ ᠲᠦᠭᠦᠷᠢᠭ ᠲᠠᠷᠬᠠᠭᠠᠵᠤ᠂ ᠬᠤᠳᠠ ᠪᠠᠯᠭᠠᠰᠤᠨ ᠤ ᠠᠵᠢᠯ ᠤᠯᠤᠭᠰᠠᠳ 1.08 ᠲᠦᠮᠡᠨ | ᠬᠦᠮᠦᠨ ᠰᠢᠨ᠎ᠡ ᠪᠠᠷ ᠨᠠᠮᠡᠭᠳᠠᠵᠤ᠂ ᠠᠵᠢᠯ ᠣᠯᠬᠤ ᠳᠤ ᠬᠦᠴᠢᠷᠲᠠᠢ ᠬᠦᠮᠦᠰ ᠢ 3004 ᠬᠦᠮᠦᠨ ᠣᠳᠠᠭ᠎ᠠ | ᠲᠤᠬᠢᠷᠠᠭᠤᠯᠵᠤ᠂ ᠬᠤᠳᠠ ᠪᠠᠯᠭᠠᠰᠤᠨ ᠤ ᠠᠵᠢᠯ ᠠᠯᠳᠠᠭᠰᠠᠨ ᠨᠤᠷᠮ᠎ᠠ ᠶᠢ 4% ᠲᠤᠳᠣᠷ᠎ᠠ ᠬᠢᠵᠠᠭᠠᠷᠯᠠᠭᠰᠠᠨ ᠪᠠᠶᠢᠨ᠎ᠠ | ᠃ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠡᠮᠨᠡᠯᠭᠡ ᠳᠤ ᠰᠠᠭᠤᠬᠤ ᠬᠠᠮᠤᠭ ᠲᠡᠭᠡᠳᠤ ᠨᠦᠬᠦᠪᠦᠷᠢ ᠶᠢ 5 ᠲᠦᠮᠡᠨ | ᠲᠦᠭᠦᠷᠢᠭ ᠠᠴᠠ 8 ᠲᠦᠮᠡᠨ ᠲᠦᠭᠦᠷᠢᠭ ᠪᠤᠯᠭᠠᠨ ᠲᠡᠭᠡᠭᠰᠢᠯᠡᠭᠦᠯᠵᠤ᠂ ᠲᠠᠷᠣᠭᠠᠰᠣ ᠶᠢ ᠬᠦᠩᠭᠡᠷᠡᠭᠦᠯᠤᠭ᠍ᠰᠡᠨ ᠬᠡᠮᠵᠢᠶ᠎ᠡ | ᠨᠢ 51% ᠳᠤ ᠬᠦᠷᠴᠡᠢ᠃ ︽ᠴᠠᠬᠢᠯᠭᠠᠨ ᠬᠡᠷᠡᠭᠰᠡᠯ ᠢ ᠬᠦᠳᠡᠭᠡ ᠪᠠᠭᠤᠯᠭᠠᠬᠤ︾᠂ ︽ᠮᠠᠰᠢᠨ ᠲᠡᠷᠭᠡ᠂ ᠮᠤᠲ᠋ᠤᠷ ᠢ | ᠬᠦᠳᠡᠭᠡ ᠪᠠᠭᠤᠯᠭᠠᠬᠤ︾ ᠨᠦᠬᠦᠪᠦᠷᠢ ᠶᠢᠨ ᠮᠦᠩᠭᠦ ᠶᠢ 516.13 ᠲᠦᠮᠡᠨ ᠲᠦᠭᠦᠷᠢᠭ ᠪᠠᠶᠠᠯᠠᠭᠦᠯᠪᠠ᠃ | ︵ᠶᠢᠰᠦ︶ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠵᠠᠢ᠃ | ᠬᠤᠰᠢᠭᠤᠨ ᠤ ᠵᠠᠰᠠᠭ ᠤᠨ ᠣᠷᠳᠣᠨ ᠪᠤᠯᠤᠨ ᠰᠣᠮᠣ ᠪᠠᠯᠭᠠᠰᠣ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠤᠨ ᠤᠷᠳᠣᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠢ 34 ᠠᠴᠠ | 26 ᠪᠤᠯᠭᠠᠵᠠᠢ᠃ 4 ᠰᠣᠮᠣ ᠶᠢ ᠨᠡᠮᠡᠨ ᠪᠠᠶᠢᠭᠤᠯᠵᠤ᠂ ᠰᠣᠮᠣ ᠪᠠᠯᠭᠠᠰᠣ ᠶᠢᠨ ᠶᠠᠷᠦᠩᠬᠡᠢ ᠲᠤᠭ᠎ᠠ ᠨᠢ 12 ᠪᠤᠯᠵᠠᠢ᠃ | ᠠᠵᠢᠯ ᠦᠢᠯᠡᠰ ᠤᠨ ᠰᠠᠯᠠᠭ᠎ᠠ ᠮᠦᠴᠢᠷ ᠢ ᠲᠦᠷᠦᠯ ᠬᠤᠪᠢᠶᠠᠨ ᠦᠭᠡᠷᠡᠴᠢᠯᠡᠬᠦ ᠠᠵᠢᠯ ᠨᠢ ᠠᠯᠬᠤᠮ ᠲᠠᠷᠠᠭ᠎ᠠ ᠲᠠᠢ | ᠶᠠᠪᠤᠭᠳᠠᠪᠠ᠃ ᠠᠵᠢᠯᠲᠠᠨ ᠢ ᠬᠠᠮᠢᠶᠠᠷᠬᠤ ᠲᠦᠷᠦ ᠶᠢᠨ ᠪᠤᠳᠣᠯᠭ᠎ᠠ ᠶᠢᠨ ᠦᠭᠡᠷᠡᠴᠢᠯᠡᠯᠲᠡ ᠶᠢ ᠯᠠᠪᠳᠠᠭᠤᠨ | ᠶᠠᠪᠤᠭᠳᠠᠭᠤᠯᠵᠤ᠂ 8 ᠨᠡᠷᠡᠰ ᠳᠡᠳ᠋ ᠰᠠᠯᠠᠭᠠᠨ ᠲᠡᠰ ᠤᠨ ᠺᠠᠳ᠋ᠷ ᠢ ᠢᠯᠡ ᠪᠠᠷ ᠰᠣᠩᠭᠤᠵᠤ᠂ ᠪᠠᠭᠰᠢ ᠶᠢᠨ | ᠰᠣᠷᠭᠠᠭᠤᠯᠢ ᠶᠢᠨ ᠶᠡᠭᠡ ᠲᠤᠮᠳᠠ ᠵᠡᠷᠭᠡ ᠶᠢᠨ ᠰᠣᠷᠭᠠᠭᠤᠯᠢ ᠠᠴᠠ ᠲᠡᠭᠦᠰᠦᠭᠰᠡᠨ ᠰᠣᠷᠣᠭᠴᠢ ᠶᠢ 553 ᠨᠡᠷᠡᠰ᠂ | ᠪᠠᠭᠰᠢ ᠶᠢᠨ ᠰᠣᠷᠭᠠᠭᠤᠯᠢ ᠶᠢᠨ ᠪᠤᠰᠣ ᠶᠡᠭᠡ ᠲᠤᠮᠳᠠ ᠵᠡᠷᠭᠡ ᠶᠢᠨ ᠰᠣᠷᠭᠠᠭᠤᠯᠢ ᠠᠴᠠ ᠲᠡᠭᠦᠰᠦᠭᠰᠡᠨ ᠰᠣᠷᠣᠭᠴᠢ ᠶᠢ | 214 ᠨᠡᠷᠡᠰ ᠢᠯᠡ ᠪᠠᠷ ᠡᠯᠰᠡᠵᠤ᠂ ᠣᠯᠣᠰ ᠤᠨ ᠠᠯᠪᠠᠲᠠᠨ ᠢ 126 ᠨᠡᠷᠡᠰ ᠰᠢᠯᠭᠠᠨ ᠡᠯᠰᠠᠵᠠᠢ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠡᠬᠢᠯᠡᠨ ᠶᠠᠪᠤᠭᠳᠠᠭᠤᠯᠵᠤ᠂ ᠦᠨᠳᠦᠰᠦᠨ ᠱᠠᠳᠣᠨ | ᠤ ᠡᠮᠨᠡᠯᠭᠡ ᠶᠢᠨ ᠬᠤᠷᠢᠶᠠᠨ ᠤ ᠠᠵᠢᠯᠲᠠᠨ ᠤ ᠴᠠᠯᠢᠩ ᠤᠨ ᠡᠳ᠋ ᠤᠨ ᠵᠠᠰᠠᠭ ᠠᠴᠠ ᠰᠠᠯᠭᠠᠨ ᠦᠭᠬᠦ ᠬᠠᠷᠢᠴᠠᠯ ᠨᠢ | 13% ᠠᠴᠠ 60% ᠪᠤᠯᠤᠨ ᠲᠡᠭᠡᠭᠰᠢᠯᠡᠭᠰᠡᠨ ᠪᠠᠶᠢᠨ᠎ᠠ᠃ ᠤᠯᠤᠰ ᠤᠨ ᠦᠨᠳᠦᠰᠦᠨ ᠡᠮ ᠤᠨ ᠲᠦᠷᠢᠮ ᠢ | ᠬᠡᠷᠡᠭᠵᠢᠬᠦᠯᠵᠦ᠂ ᠡᠮ ᠤᠨ ᠨᠡᠮᠡᠯᠲᠠ ᠦᠨ᠎ᠡ ᠶᠢ ᠦᠭᠡᠶᠢᠰᠭᠡᠵᠦ᠂ ᠡᠮ ᠤᠨ ᠬᠠᠩᠰᠢ ᠶᠢ ᠪᠠᠭᠤᠷᠠᠭᠤᠯᠵᠠᠢ᠃ ᠠᠯᠪᠠᠨ | ᠠᠴᠠ ᠡᠷᠬᠢᠯᠡᠭᠰᠡᠨ ᠡᠮᠨᠡᠯᠭᠡ ᠤᠨ ᠬᠤᠷᠢᠶᠠᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠦᠯᠬᠢᠨ | ᠠᠬᠢᠭᠤᠯᠵᠤ᠂ 158 ᠡᠷᠡᠬᠦᠯ ᠬᠠᠮᠠᠭᠠᠯᠠᠯ ᠤᠨ ᠲᠠᠰᠤᠭ ᠤᠨ ᠬᠦᠲᠡᠭᠡ ᠲᠤᠰᠬᠤᠨ ᠤ ᠨᠢᠭᠡ ᠴᠤᠭᠴᠠᠴᠢᠯᠠᠭᠰᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠵᠡᠢ᠃ ᠣᠰᠣᠨ ᠠᠰᠢᠭᠯᠠᠯᠲᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠪᠤᠯᠤᠨ ᠮᠠᠯ ᠤᠨ ᠡᠮᠴᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠬᠦᠯᠵᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠦᠭᠡᠷᠡᠴᠢᠯᠡᠯᠲᠡ ᠶᠢ ᠲᠠᠰᠣᠷᠠᠯᠲᠠ ᠦᠭᠡᠢ | ᠬᠦᠨᠵᠡᠭᠡᠶᠢᠷᠡᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠦᠢᠯᠡᠴᠢᠯᠡᠭᠡᠨ ᠤ ᠲᠦᠪ ᠢ ᠪᠠᠶᠢᠭᠤᠯᠤᠨ᠂ ︽ᠨᠢᠭᠡ | ᠦᠷᠳᠡᠭᠡᠨ ᠤ ᠬᠡᠯᠪᠡᠷᠢ ᠶᠢᠨ ᠦᠢᠯᠡᠴᠢᠯᠡᠭᠡ︾ ᠶᠢ ᠲᠦᠯᠬᠢᠨ ᠠᠬᠢᠭᠤᠯᠵᠠᠢ᠃ ᠡᠳ᠋ ᠤᠨ ᠵᠠᠰᠠᠭ ᠭᠠᠶᠢᠯᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠦᠴᠢᠷ ᠤᠨ ᠲᠦᠰᠦᠪᠯᠡᠨ ᠪᠤᠳᠣᠬᠤ᠂ ᠣᠯᠣᠰ ᠤᠨ ᠬᠦᠮᠦᠷᠭᠡ ᠠᠴᠠ | ᠲᠦᠪᠯᠡᠷᠡᠭᠦᠯᠦᠨ ᠦᠭᠬᠦ᠂ ᠵᠠᠰᠠᠭ ᠤᠨ ᠤᠷᠳᠣᠨ ᠤ ᠬᠤᠳᠠᠯᠳᠣᠨ ᠠᠪᠬᠤ ᠪᠤᠯᠤᠨ ᠤᠯᠤᠰ ᠤᠨ ᠡᠳ᠋ ᠬᠦᠷᠦᠩᠭᠡ ᠶᠢᠨ | ᠬᠠᠮᠢᠶᠠᠷᠤᠯᠲᠠ ᠵᠡᠷᠭᠡ ᠦᠭᠡᠷᠡᠴᠢᠯᠡᠯᠲᠡ ᠶᠢ ᠲᠠᠰᠣᠷᠠᠯᠲᠠ ᠦᠬᠡᠢ ᠭᠦᠨᠵᠡᠭᠡᠶᠢᠷᠡᠬᠦᠯᠵᠦ᠂ ᠨᠢᠬᠳᠠᠯᠠᠨ ᠪᠤᠳᠤᠬᠤ | ᠲᠤᠭᠠᠴᠠᠭ᠎ᠠ ᠶᠢᠨ ᠲᠦᠪ ᠢ ᠬᠦᠴᠦᠨ ᠦᠭᠡᠢ ᠪᠤᠯᠭᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ | ᠶᠢ ᠤᠯᠠᠮ ᠨᠢᠭᠡ ᠠᠯᠬᠤᠮ ᠰᠠᠶᠢᠵᠢᠷᠠᠭᠤᠯᠵᠠᠢ᠃ 4 ᠤᠯᠤᠰ ᠤᠨ ᠣᠢ ᠰᠢᠭᠤᠢ ᠶᠢᠨ ᠲᠠᠯᠠᠪᠠᠢ ᠶᠢᠨ | ᠪᠠᠷᠢᠮᠵᠢᠶᠠᠴᠢᠯᠠᠭᠰᠠᠨ ᠪᠦᠲᠦᠭᠡᠨ ᠪᠠᠶᠢᠭᠤᠯᠤᠯᠲᠠ ᠪᠤᠯᠤᠨ ᠬᠠᠮᠳᠣ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ | ᠭᠤᠤᠯ ᠴᠤᠭᠴᠠ ᠶᠢᠨ ᠦᠭᠡᠷᠡᠴᠢᠯᠡᠯᠲᠡ ᠶᠢ ᠪᠠᠶᠡᠯᠡᠭᠦᠯᠵᠡᠢ᠃ ᠠᠵᠤ ᠠᠬᠤᠶᠢᠯᠠᠯ ᠤᠨ ︽ᠨᠢᠭᠡ ᠢᠵᠢ ᠬᠦᠰᠦᠨᠦᠭᠳᠦ︾ | ᠶᠢᠨ ᠲᠦᠷᠢᠮ ᠢ ᠬᠡᠷᠡᠭᠵᠢᠬᠦᠯᠵᠦ᠂ ᠲᠤᠭ᠎ᠠ ᠬᠡᠮᠵᠢᠶ᠎ᠡ ᠶᠢ ᠪᠦᠷᠢᠳᠭᠡᠬᠦ ᠶᠠᠰᠣ ᠴᠢᠨᠠᠷ ᠢ ᠪᠦᠲᠦᠮᠵᠢᠲᠡᠢ | ᠲᠡᠭᠡᠭᠰᠢᠯᠡᠬᠦᠯᠦᠭᠰᠡᠨ ᠪᠠᠶᠢᠨ᠎ᠠ᠃ ᠲᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠩᠭᠦ ᠴᠤᠭᠯᠠᠭᠤᠯᠬᠤ ᠲᠠᠪᠴᠠᠩ ᠢ | ᠢᠳᠡᠪᠬᠢᠲᠡᠢ ᠪᠦᠲᠦᠭᠡᠨ ᠪᠠᠶᠢᠭᠤᠯᠵᠤ᠂ ᠮᠦᠩᠭᠦᠨ ᠬᠦᠢᠯᠭᠡᠭᠡᠨ ᠤ ᠢᠳᠡᠭᠡᠮᠵᠢᠲᠦ ᠤᠷᠴᠢᠨ ᠲᠤᠭᠤᠷᠢᠨ ᠢ | ᠰᠠᠶᠢᠵᠢᠷᠠᠭᠤᠯᠵᠤ᠂ ᠬᠠᠳᠠᠭᠠᠯᠠᠮᠵᠢ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠲᠠᠰᠣᠷᠠᠯᠲᠠ ᠦᠬᠡᠢ ᠦᠷᠭᠡᠵᠢᠵᠦ᠂ 2012 | ᠣᠨ ᠤ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 23.3 ᠳ᠋ᠦᠩᠰᠢᠭᠤᠷ ᠲᠦᠬᠦᠷᠢᠭ ᠲᠤ | ᠬᠦᠷᠴᠤ᠂ 2007 ᠣᠨ ᠠᠴᠠ 72.21% ᠪᠠᠷ ᠨᠡᠮᠡᠭᠳᠡᠪᠡ᠃ ᠵᠢᠭᠡᠯᠡᠯᠭᠡ ᠶᠢᠨ ᠮᠦᠩᠭᠦ ᠶᠢᠨ ᠦᠯᠡᠳᠡᠪᠦᠷᠢ ᠲᠤᠭ᠎ᠠ | ᠨᠢ 15.5 ᠳ᠋ᠦᠩᠰᠢᠭᠤᠷ ᠲᠦᠭᠦᠷᠢᠭ ᠲᠤ ᠬᠦᠷᠴᠤ᠂ 2007 ᠤᠨ ᠠᠴᠠ 48.04% ᠪᠠᠷ ᠨᠡᠮᠡᠭᠳᠡᠵᠡᠢ᠃ | ᠬᠦᠲᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠶᠢᠨ ᠦᠮᠴᠢᠯᠡᠬᠦ ᠡᠷᠬᠡ ᠶᠢᠨ ᠦᠭᠡᠷᠡᠴᠢᠯᠡᠯᠲᠡ ᠶᠢ ᠲᠠᠭᠤᠰᠬᠠᠵᠠᠢ | ᠃ ᠳᠣᠮᠳᠠᠳᠣ ᠣᠯᠣᠰ ᠤᠨ ᠦᠢᠯᠡᠳᠪᠦᠷᠢ ᠬᠤᠳᠠᠯᠳᠣᠭᠠᠨ ᠤ ᠪᠠᠩᠭᠢ ᠶᠢᠨ ᠬᠤᠷᠴᠢᠨ ᠪᠠᠷᠠᠭᠤᠨ ᠭᠠᠷᠤᠨ ᠲᠤᠮᠳᠠᠳᠣ | ᠬᠤᠰᠢᠭᠤᠨ ᠤ ᠰᠠᠯᠪᠤᠷᠢ ᠪᠠᠩᠭᠢ ᠶᠢ ᠰᠡᠷᠭᠦᠭᠡᠨ ᠪᠠᠶᠢᠭᠤᠯᠪᠠ᠃ ᠵᠦᠭᠡᠯᠡᠨ ᠤᠷᠴᠢᠨ ᠤ ᠪᠦᠲᠦᠭᠡᠨ ᠪᠠᠶᠢᠭᠤᠯᠤᠯᠲᠠ ᠶᠢ | ᠲᠠᠰᠣᠷᠠᠯᠲᠠ ᠦᠬᠡᠢ ᠰᠠᠶᠢᠵᠢᠷᠠᠭᠤᠯᠵᠤ᠂ ᠬᠤᠳᠠᠯᠳᠣᠭᠠᠴᠢᠨ ᠤᠷᠢᠵᠤ ᠪᠡᠯᠡ ᠤᠷᠤᠭᠤᠯᠬᠤ ᠠᠷᠭ᠎ᠠ ᠠᠪᠴᠠᠯ ᠢᠶᠠᠨ | ᠲᠡᠭᠦᠯᠳᠡᠷᠵᠢᠬᠦᠯᠵᠦ᠂ ᠨᠡᠶᠢᠲᠡ 135.4 ᠳ᠋ᠦᠩᠰᠢᠭᠤᠷ ᠲᠦᠭᠦᠷᠢᠭ ᠪᠡᠯᠡ ᠮᠦᠩᠭᠦ ᠲᠠᠳᠠᠨ ᠤᠷᠤᠭᠤᠯᠵᠠᠢ᠃ ᠬᠤᠪᠢ | ᠶᠢᠨ ᠡᠵᠡᠩᠨᠡᠯᠳᠤ ᠠᠵᠤ ᠠᠬᠤᠢ ᠲᠦᠷᠭᠡᠨ ᠬᠦᠭᠵᠢᠵᠦ᠂ ᠬᠤᠪᠢ ᠶᠢᠨ ᠡᠵᠡᠩᠨᠡᠯᠳᠤ ᠠᠵᠤ ᠠᠬᠤᠶᠢᠯᠠᠯ 362 ᠡᠷᠦᠬᠡ | ᠳᠤ ᠬᠦᠷᠴᠦ᠂ ᠬᠤᠪᠢ ᠶᠢᠨ ᠡᠵᠡᠩᠨᠡᠭᠰᠡᠨ ᠦᠢᠯᠡᠳᠪᠦᠷᠢ ᠬᠤᠳᠠᠯᠳᠣᠭᠠᠨ ᠤ ᠡᠷᠦᠬᠡ 8035 ᠡᠷᠦᠬᠡ ᠪᠤᠯᠵᠤ᠂ | ᠲᠠᠩᠰᠠᠯᠠᠭᠰᠠᠨ ᠪᠡᠯᠡ ᠮᠦᠩᠭᠦ ᠨᠢ 8.2 ᠳ᠋ᠦᠩᠰᠢᠭᠤᠷ ᠲᠦᠭᠦᠷᠢᠭ ᠲᠤ ᠬᠦᠷᠴᠡᠢ᠃ | ︵ᠠᠷᠪᠠ︶ ᠵᠠᠰᠠᠭ ᠵᠠᠬᠢᠷᠭᠠᠨ ᠤ ᠦᠷ᠎ᠡ ᠪᠦᠲᠦᠮᠵᠢ ᠶᠡᠬᠡᠪᠡᠷ ᠲᠡᠭᠡᠭᠰᠢᠯᠡᠭᠰᠡᠨ ᠪᠠᠶᠢᠨ᠎ᠠ᠃ ᠵᠠᠰᠠᠭ ᠤᠨ ᠶᠠᠪᠤᠳᠠᠯ | ᠢ ᠢᠯᠡ ᠪᠤᠯᠭᠠᠬᠤ ᠠᠵᠢᠯ ᠢ ᠭᠦᠨᠵᠡᠭᠡᠢ ᠶᠠᠪᠤᠭᠳᠠᠭᠤᠯᠵᠤ᠂ ᠬᠢᠨᠠᠨ ᠪᠤᠳᠣᠯᠲᠠ ᠳᠤ ᠬᠢᠨᠠᠯᠳᠠ ᠲᠠᠯᠪᠢᠬᠤ ᠪᠤᠯᠤᠨ | ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠭᠤᠤᠯᠳᠠᠯᠭᠠᠳᠣ ᠬᠦᠷᠢᠶ᠎ᠡ ᠬᠡᠪᠴᠢᠶ᠎ᠡ | ᠪᠤᠯᠤᠨ ᠲᠤᠰᠬᠠᠢ ᠪᠡᠯᠡ ᠮᠦᠩᠭᠦ ᠶᠢᠨ ᠬᠢᠨᠠᠨ ᠪᠤᠳᠣᠯᠳᠠ ᠶᠢ ᠴᠢᠩᠭᠠᠳᠬᠠᠵᠤ᠂ ᠡᠯᠧᠺᠲᠷᠣᠨ ᠵᠠᠰᠠᠭ ᠤᠨ ᠶᠠᠪᠤᠳᠠᠯ | ᠤᠨ ᠪᠦᠲᠦᠭᠡᠨ ᠪᠠᠶᠢᠭᠤᠯᠤᠯᠲᠠ ᠶᠢ ᠲᠡᠯᠭᠡᠷᠡᠭᠦᠯᠵᠤ᠂ ᠮᠤᠩᠭᠤᠯ ᠬᠢᠳᠠᠳ ︽ᠬᠤᠷᠴᠢᠨ ᠪᠠᠷᠠᠭᠤᠨ ᠭᠠᠷᠤᠨ ᠳᠣᠮᠳᠠᠳᠣ | ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠰᠦᠯᠵᠢᠶ᠎ᠡ︾ ᠶᠢ ᠡᠬᠢᠯᠡᠨ ᠠᠵᠢᠯᠯᠠᠭᠤᠯᠵᠤ᠂ ᠵᠠᠰᠠᠭ ᠤᠨ | ᠠᠵᠢᠯᠯᠠᠭ᠎ᠠ ᠶᠢᠨ ᠢᠯᠡᠴᠡ ᠴᠢᠨᠠᠷ ᠢ ᠴᠢᠩᠭᠠᠷᠠᠭᠤᠯᠵᠠᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠦᠪᠯᠡᠯᠭᠡ᠂ ᠰᠠᠨᠠᠯ ᠵᠢᠴᠢ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠲᠤᠷᠠᠳᠣᠯᠭ᠎ᠠ ᠶᠢ ᠬᠢᠨᠠᠮᠠᠭᠠᠢ | ᠰᠢᠢᠳᠪᠦᠷᠢᠯᠡᠵᠦ᠂ ᠬᠦᠢᠴᠡᠳᠭᠡᠭᠰᠡᠨ ᠬᠡᠮᠵᠢᠶ᠎ᠡ ᠨᠢ 100% ᠳᠤ ᠬᠦᠷᠴᠡᠢ᠃ ᠪᠡᠯᠡ ᠮᠦᠩᠭᠦ ᠶᠢ ᠨᠡᠶᠢᠯᠡᠬᠦᠯᠵᠤ 11 | ᠰᠣᠮᠣ ᠪᠠᠯᠭᠠᠰᠣ ᠶᠢᠨ ᠬᠠᠮᠳᠣ ᠶᠢᠨ ᠪᠠᠶᠢᠷᠢ ᠪᠤᠯᠤᠨ ᠬᠤᠭᠤᠯᠠᠨ ᠭᠡᠷ᠂ 7 ᠰᠣᠮᠣ ᠪᠠᠯᠭᠠᠰᠤ ᠶᠢᠨ ᠠᠯᠪᠠᠨ ᠠᠰᠠᠷ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠬᠦᠯᠵᠦ᠂ ᠰᠣᠮᠣ ᠪᠠᠯᠭᠠᠰᠣ ᠶᠢᠨ ᠺᠠᠳ᠋ᠷ ᠠᠵᠢᠯᠲᠠᠨ ᠤ | ᠠᠵᠢᠯ ᠠᠮᠢᠳᠣᠷᠠᠯ ᠤᠨ ᠨᠦᠬᠦᠴᠡᠯ ᠢ ᠲᠠᠰᠣᠷᠠᠯᠲᠠ ᠦᠭᠡᠢ ᠰᠠᠶᠢᠵᠢᠷᠠᠭᠤᠯᠵᠠᠢ᠃ ︽ᠠᠮᠤᠷ ᠲᠦᠪᠰᠢᠨ ᠳᠣᠮᠳᠠᠳᠣ | ᠬᠤᠰᠢᠭᠤ︾ ᠶᠢ ᠡᠭᠦᠳᠦᠨ ᠪᠠᠶᠢᠭᠤᠯᠬᠤ ᠠᠵᠢᠯᠯᠠᠭᠠᠨ ᠢ ᠬᠦᠨᠵᠡᠬᠡᠢ ᠶᠠᠪᠤᠭᠳᠠᠭᠤᠯᠵᠤ᠂ ᠤᠳᠤᠷᠢᠳᠤᠯᠭ᠎ᠠ ᠺᠠᠳ᠋ᠷ ᠤᠨ | ᠬᠦᠳᠡᠭᠡ ᠪᠠᠭᠤᠵᠤ ᠰᠣᠷᠪᠤᠯᠵᠢᠯᠠᠭ᠎ᠠ ᠬᠢᠬᠦ᠂ ᠡᠭᠦᠳᠡ ᠪᠠᠨ ᠨᠡᠭᠡᠭᠡᠵᠤ ᠰᠤᠷᠪᠤᠯᠵᠢᠯᠠᠭ᠎ᠠ ᠶᠢ ᠬᠦᠯᠢᠶᠡᠬᠦ ᠵᠡᠷᠭᠡ ᠲᠦᠷᠦ | ᠶᠢᠨ ᠪᠤᠳᠣᠯᠭ᠎ᠠ ᠶᠢ ᠴᠦᠬᠦᠷᠡᠰᠢ ᠦᠬᠡᠢ ᠬᠡᠷᠡᠭᠵᠢᠬᠦᠯᠵᠦ᠂ ᠵᠦᠷᠢᠴᠡᠯ ᠮᠠᠷᠭᠤᠯᠳᠣᠭᠠᠨ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠪᠠᠳᠤᠲᠠᠢ ᠲᠦᠯᠬᠢᠨ ᠠᠬᠢᠭᠤᠯᠵᠤ᠂ ᠠᠷᠠᠳ ᠤᠯᠠᠨ ᠤ ᠲᠤᠰᠠᠬᠯ ᠶᠠᠬᠡᠲᠠᠢ ᠠᠩᠬᠠᠷᠤᠯ ᠢ ᠲᠠᠳᠠᠭᠰᠠᠨ | ᠬᠦᠴᠢᠷ ᠠᠰᠠᠭᠤᠳᠠᠯ ᠢ ᠪᠦᠳᠤᠮᠵᠢᠲᠠᠢ ᠰᠢᠢᠳᠪᠦᠷᠢᠯᠡᠵᠡᠢ᠃ ᠨᠡᠶᠢᠬᠡᠮ ᠤᠨ ᠬᠠᠮᠢᠶᠠᠷᠤᠯᠲᠠ ᠶᠢ ᠴᠢᠩᠭᠠᠳᠬᠠᠨ | ᠰᠢᠨᠡᠴᠢᠯᠡᠵᠤ᠂ ᠨᠡᠶᠢᠬᠡᠮ ᠤᠨ ᠠᠮᠤᠷ ᠢ ᠬᠠᠮᠠᠭᠠᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠠᠰᠣᠷᠠᠯᠲᠠ | ᠦᠭᠡᠢ ᠰᠠᠶᠢᠵᠢᠷᠠᠭᠤᠯᠵᠤ᠂ ᠬᠠᠤᠯᠢ ᠠᠴᠠ ᠵᠦᠷᠴᠢᠭᠰᠡᠨ ᠠᠵᠢᠯᠯᠠᠭ᠎ᠠ ᠳᠤ ᠴᠢᠩᠭ᠎ᠠ ᠲᠠᠷᠤᠩᠭᠤᠶᠢᠯᠠᠯ ᠶᠠᠪᠤᠭᠤᠯᠵᠤ᠂ | ᠤᠯᠠᠨ ᠲᠦᠮᠡᠨ ᠤ ᠠᠶᠤᠯ ᠦᠭᠡᠢ ᠪᠤᠳᠣᠯ ᠢ ᠨᠠᠮᠡᠭᠳᠡᠭᠦᠯᠵᠠᠢ᠃ ︽ᠭᠤᠷᠪᠠᠨ ᠴᠢᠬᠤᠯᠠ ᠨᠢᠬᠡ ᠶᠡᠭᠡ︾ ᠵᠡᠷᠭᠡ | ᠬᠠᠮᠢᠶ᠎ᠠ ᠪᠦᠬᠦᠢ ᠲᠦᠷᠢᠮ ᠲᠤᠭᠳᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠦᠨᠳᠦ ᠶᠡᠭᠡ ᠬᠡᠷᠡᠭ ᠶᠠᠪᠤᠳᠠᠯ ᠤᠨ | ᠭᠡᠷᠡᠴᠢᠯᠡᠯᠲᠡ ᠰᠣᠨᠣᠰᠬᠤ᠂ ᠵᠦᠪᠳᠡᠯᠴᠡᠬᠦ ᠲᠦᠷᠢᠮ ᠢ ᠲᠡᠬᠦᠯᠳᠡᠷᠵᠢᠬᠦᠯᠵᠦ᠂ ᠢᠨᠵᠧᠨᠧᠷᠢᠩ ᠤᠨ ᠪᠦᠲᠦᠬᠡᠨ | ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠠᠬᠢ ᠲᠤᠪᠤᠶᠢᠮ᠎ᠠ ᠠᠰᠠᠭᠤᠳᠠᠯ ᠤᠨ ᠲᠤᠰᠬᠠᠢ ᠵᠠᠰᠠᠯᠲᠠ ᠶᠢ ᠢᠳᠡᠪᠬᠢᠲᠡᠢ | ᠶᠠᠪᠤᠭᠳᠠᠭᠤᠯᠤᠨ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠶᠢᠨ ᠪᠡᠯᠡ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠭ ᠶᠠᠪᠤᠭᠤᠯᠵᠤ᠂ ᠠᠷᠢᠭᠤᠨ ᠴᠢᠭᠡᠴᠢ | ᠪᠠᠷ ᠵᠠᠰᠠᠭ ᠪᠠᠷᠢᠨ᠂ ᠠᠷᠠᠳᠴᠢᠯᠠᠯ ᠢᠶᠠᠷ ᠲᠦᠷᠤ ᠪᠠᠷᠢᠵᠤ᠂ ᠰᠢᠠᠵᠢᠯᠡᠬᠦ ᠤᠬᠠᠭᠠᠠᠴᠢ ᠪᠠᠷ ᠵᠠᠰᠠᠭ ᠡᠷᠬᠢᠯᠡᠬᠦ ᠲᠦᠪᠰᠢᠨ | ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠵᠠᠢ᠃ | ᠦᠩᠭᠡᠷᠡᠭᠰᠡᠨ ᠲᠠᠪᠤᠨ ᠵᠢᠯ ᠢ ᠡᠷᠬᠢᠴᠡᠭᠦᠯᠪᠡᠯ᠂ ᠠᠮᠵᠢᠯᠲᠠ ᠪᠦᠳᠤᠭᠡᠯ ᠤᠯᠬᠤ ᠳᠤ ᠬᠦᠴᠢᠷ᠂ ᠲᠤᠷᠰᠢᠯᠭ᠎ᠠ | ᠰᠤᠷᠭᠠᠮᠵᠢ ᠨᠠᠩ ᠡᠷᠬᠢᠮ ᠨᠠᠠᠳᠢᠨ ᠪᠠᠶᠢᠨ᠎ᠠ᠃ ᠲᠠᠪᠤᠨ ᠵᠢᠯ ᠤᠨ ᠬᠦᠭᠵᠢᠯᠲᠡ ᠶᠢᠨ ᠦᠢᠯᠡᠳᠦᠯᠭᠡ ᠲᠤᠮᠳᠠ ᠠᠴᠠ | ᠬᠦᠨ ᠬᠦᠠᠵᠡᠭᠡᠢ ᠤᠶᠢᠯᠠᠭᠠᠭᠰᠠᠨ ᠨᠢ᠄ | ᠨᠢᠭᠡ ᠳᠤ᠂ ᠰᠢᠨᠵᠢᠯᠡᠬᠦ ᠤᠬᠠᠭᠠᠨᠴᠢ ᠬᠦᠭᠵᠢᠯᠲᠡ᠂ ᠡᠶ᠎ᠡ ᠵᠤᠬᠢᠴᠠᠩᠭᠤᠢ ᠬᠦᠭᠵᠢᠯᠲᠡ ᠶᠢᠨ ᠦᠵᠡᠯᠲᠡ ᠶᠢ | ᠡᠷᠬᠡᠪᠰᠢ ᠪᠠᠷᠢᠮᠳᠠᠯᠠᠨ᠎ᠠ᠃ ᠲᠠᠪᠤᠨ ᠵᠢᠯ ᠤᠨ ᠲᠤᠷᠰᠢ᠂ ᠪᠢᠲᠠ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ | ᠪᠠᠷ ᠪᠦᠬᠦ ᠲᠠᠯ᠎ᠠ ᠶᠢ ᠬᠠᠮᠤᠷᠠᠬᠤ ᠶᠢ ᠪᠠᠷᠢᠮᠳᠠᠯᠠᠨ᠂ ᠲᠦᠷᠤ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ | ᠦᠪᠦᠷ ᠮᠤᠩᠭᠤᠯ ᠤᠨ ᠠᠵᠤ ᠠᠬᠤᠢ ᠨᠡᠶᠢᠬᠡᠮ ᠤᠨ ᠤᠯᠠᠮ ᠰᠠᠶᠢᠨ ᠤᠯᠠᠮ ᠬᠤᠷᠳᠣᠨ ᠬᠦᠭᠵᠢᠬᠦᠯᠬᠦ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠬᠤ ᠲᠤᠬᠠᠢ ᠰᠠᠨᠠᠯ︾᠂ ᠶᠡᠭᠡ ᠬᠢᠩᠭᠠᠨ ᠲᠠᠪᠠᠭᠠᠨ ᠤ ᠡᠮᠦᠨ᠎ᠡ ᠬᠤᠷᠮᠤᠢ ᠶᠢᠨ | ᠲᠦᠪᠯᠡᠷᠡᠭᠰᠡᠨ ᠬᠡᠰᠡᠭ ᠬᠦᠴᠢᠷᠳᠡᠯᠲᠡᠢ ᠣᠷᠣᠨ ᠤ ᠶᠠᠳᠠᠭᠤ ᠶᠢ ᠲᠡᠳᠭᠦᠨ ᠨᠡᠭᠡᠭᠡᠨ ᠠᠰᠢᠭᠯᠠᠬᠤ᠂ ᠦᠪᠡᠷᠳᠡᠭᠡᠨ | ᠵᠠᠰᠠᠬᠤ ᠣᠷᠣᠨ ᠬᠢᠩᠭᠠᠨ ᠠᠶᠢᠮᠠᠭ ᠲᠤ ᠬᠡᠷᠡᠭᠵᠢᠬᠦᠯᠦᠭᠰᠡᠨ ᠵᠦᠷᠢᠶᠡᠳᠦ ᠴᠢᠨᠠᠷ ᠲᠠᠢ ᠲᠡᠳᠭᠦᠯᠳᠡ᠂ ᠦᠪᠡᠷᠳᠡᠭᠡᠨ | ᠵᠠᠰᠠᠬᠤ ᠣᠷᠣᠨ ᠤ ᠲᠢᠩᠬᠢᠮ ᠲᠤᠪᠴᠢᠶ᠎ᠠ ᠶᠢᠨ ᠴᠡᠭ ᠲᠤᠭᠳᠠᠭᠠᠨ ᠲᠡᠮᠵᠢᠬᠦ ᠵᠡᠷᠭᠡ ᠠᠰᠢᠭᠲᠠᠢ ᠲᠦᠷᠦ ᠶᠢᠨ | ᠪᠤᠳᠣᠯᠭ᠎ᠠ ᠶᠢ ᠴᠢᠩᠭ᠎ᠠ ᠪᠠᠷᠢᠮᠳᠠᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢᠨ | ᠠᠵᠢᠯ ᠤᠨ ᠭᠤᠤᠯᠳᠠᠯᠭ᠎ᠠ ᠪᠤᠯᠭᠠᠨ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠡᠯᠲᠡ᠂ ᠲᠠᠷᠢᠶᠠᠯᠠᠩ ᠮᠠᠯ ᠠᠵᠤ | ᠠᠬᠤᠢ ᠶᠢᠨ ᠣᠳᠣᠬᠢᠴᠢᠯᠠᠯᠲᠠ᠂ ᠤᠨᠴᠠᠯᠢᠭᠳᠣ ᠬᠤᠳᠠ ᠪᠠᠯᠭᠠᠰᠣᠴᠢᠯᠠᠯᠲᠠ ᠶᠢ ᠵᠤᠬᠢᠴᠠᠩᠭᠤᠢ ᠬᠦᠭᠵᠢᠬᠦᠯᠬᠦ ᠪᠠ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠬᠦ ᠪᠠᠷ ᠴᠢᠷᠮᠠᠶᠢᠨ᠂ ᠶᠡᠭᠡ ᠬᠡᠪᠴᠢᠶᠡᠨ ᠤ ᠠᠵᠤ ᠦᠢᠯᠡᠳᠪᠦᠷᠢ | ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ᠂ ᠬᠤᠳᠠ ᠶᠢᠨ ᠪᠦᠲᠦᠭᠡᠨ ᠪᠠᠶᠢᠭᠤᠯᠤᠯᠲᠠ᠂ ᠵᠤᠭᠠᠴᠠᠯ | ᠪᠤᠯᠤᠨ ᠨᠡᠶᠢᠭᠡᠮ ᠤᠨ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠵᠤ᠂ ᠲᠠᠪᠠᠭᠤᠯᠢᠭ ᠠᠵᠤ ᠠᠬᠤᠢ ᠶᠢ ᠬᠦᠴᠤᠷᠭᠡᠭᠵᠢᠬᠦᠯᠤᠨ ᠪᠤᠵᠠᠭᠠᠶᠢᠷᠠᠭᠤᠯᠵᠤ᠂ ᠪᠦᠬᠦ | ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠲᠡ ᠶᠢᠨ ᠲᠦᠷᠭᠡᠨ ᠲᠠᠪᠬᠢᠯᠲᠠ ᠳᠤ ᠣᠷᠣᠬᠤ ᠳᠤ ᠪᠠᠳᠣ | ᠰᠠᠭᠤᠷᠢ ᠶᠢ ᠲᠠᠯᠪᠢᠵᠤ ᠦᠭᠴᠡᠢ᠃ | ᠬᠤᠶᠠᠷ᠂ ᠠᠵᠤ ᠦᠢᠯᠡᠳᠪᠦᠷᠢ ᠪᠠᠷ ᠬᠦᠳᠡᠯᠭᠡᠵᠤ᠂ ᠲᠦᠷᠦᠯ ᠵᠦᠢᠯ ᠢᠶᠠᠷ ᠲᠠᠭᠠᠭᠤᠯᠬᠤ ᠪᠠᠶᠢᠯᠳᠣᠬᠤ | ᠪᠤᠳᠣᠯᠭ᠎ᠠ ᠶᠢ ᠡᠷᠭᠡᠪᠰᠢ ᠪᠠᠷᠢᠮᠳᠠᠯᠠᠨ᠎ᠠ᠃ ᠲᠠᠪᠤᠨ ᠵᠢᠯ ᠤᠨ ᠲᠤᠷᠰᠢ᠂ ᠪᠢᠲᠠ ︽ᠠᠵᠤ ᠦᠢᠯᠡᠳᠪᠦᠷᠢ ᠪᠠᠷ | ᠬᠦᠳᠡᠯᠭᠡᠵᠤ᠂ ᠲᠦᠷᠦᠯ ᠵᠦᠢᠯ ᠢᠶᠠᠷ ᠲᠠᠭᠠᠭᠤᠯᠤᠨ᠂ ᠪᠡᠯᠡ ᠤᠷᠤᠭᠤᠯᠤᠯᠲᠠ ᠪᠠᠷ ᠲᠠᠳᠠᠬᠤ︾ ᠬᠦᠭᠵᠢᠯᠲᠠ ᠶᠢᠨ | ᠪᠠᠶᠢᠯᠳᠣᠬᠤ ᠪᠤᠳᠣᠯᠭ᠎ᠠ ᠶᠢ ᠴᠢᠩᠭ᠎ᠠ ᠪᠠᠷᠢᠮᠳᠠᠯᠠᠵᠤ᠂ ︽ᠠᠷᠠᠳ ᠢᠶᠠᠨ ᠪᠠᠶᠠᠵᠢᠭᠤᠯᠵᠤ ᠬᠤᠰᠢᠭᠤ ᠪᠠᠨ | ᠬᠦᠴᠤᠷᠭᠡᠭᠵᠢᠬᠦᠯᠬᠦ︾ ᠪᠠᠷ ᠲᠡᠮᠡᠴᠡᠬᠦ ᠬᠠᠷᠠᠯᠲᠠ ᠪᠤᠯᠭᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ | ᠲᠦᠪ ᠪᠤᠯᠭᠠᠵᠤ᠂ ᠣᠷᠣᠨ ᠲᠤᠭᠤᠷᠢᠭ ᠤᠨ ᠨᠡᠭᠡᠭᠡᠨ ᠠᠰᠢᠭᠯᠠᠯᠲᠠ ᠪᠠᠷ ᠲᠠᠪᠴᠠᠩ ᠪᠤᠯᠭᠠᠨ᠂ ᠪᠡᠯᠡ ᠤᠷᠤᠭᠤᠯᠤᠯᠲᠠ | ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ | ᠪᠠᠷ ᠰᠢᠪᠳᠣᠯᠣᠲᠠ ᠪᠤᠯᠭᠠᠨ᠂ ︽ᠠᠵᠤ ᠦᠢᠯᠡᠳᠪᠦᠷᠢ ᠶᠢᠨ ᠤᠷᠤᠨ ᠲᠤᠭᠤᠷᠢᠭᠴᠢᠯᠠᠬᠤ᠂ ᠣᠷᠣᠨ ᠲᠤᠭᠤᠷᠢᠭ ᠤᠨ | ᠦᠢᠯᠡᠰᠴᠢᠯᠡᠬᠦ᠂ ᠠᠵᠤ ᠦᠢᠯᠡᠰ ᠠᠮᠢ ᠠᠬᠤᠶᠢᠴᠢᠯᠠᠬᠤ︾ ᠬᠦᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠨ᠂ | ᠪᠡᠯᠡ ᠮᠦᠩᠬᠦ ᠲᠦᠷᠤᠯ ᠵᠦᠢᠯ ᠢ ᠲᠡᠮᠡᠴᠡᠨ ᠤᠯᠬᠤ ᠪᠤᠯᠤᠨ ᠶᠡᠭᠡ ᠶᠢ ᠤᠷᠢᠵᠤ ᠬᠦᠴᠤᠷᠭᠡᠭ ᠢ ᠲᠠᠳᠠᠬᠤ ᠶᠢ ᠵᠡᠷᠭᠡᠪᠡᠷ | ᠠᠳᠬᠤᠵᠤ᠂ ᠣᠷᠴᠢᠨ ᠲᠤᠭᠤᠷᠢᠨ ᠢ ᠰᠢᠯᠢᠳᠡᠭᠵᠢᠭᠦᠯᠤᠨ᠂ ᠬᠤᠳᠠᠯᠳᠣᠭᠠᠴᠢᠨ ᠤᠷᠢᠬᠤ ᠶᠢ ᠬᠦᠴᠤᠷᠭᠡᠭᠵᠢᠬᠦᠯᠵᠤ᠂ | ᠲᠦᠷᠤᠯ ᠵᠦᠢᠯ ᠢ ᠠᠩᠬᠠᠷᠤᠨ᠂ ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠶᠡᠭᠡ ᠲᠦᠷᠤᠯ ᠵᠦᠢᠯ ᠤᠨ ᠪᠦᠳᠣᠭᠡᠨ | ᠪᠠᠶᠢᠭᠤᠯᠤᠯᠲᠠ ᠶᠢ ᠬᠡᠷᠡᠭᠵᠢᠬᠦᠯᠬᠦ᠂ ᠰᠢᠨ᠎ᠡ ᠮᠠᠶ᠋ᠢᠭ ᠤᠨ ᠠᠵᠤ ᠦᠢᠯᠡᠳᠪᠤᠷᠢᠵᠢᠯᠠᠯᠲᠡ ᠶᠢ ᠠᠬᠢᠭᠤᠯᠬᠤ ᠲᠠᠯ᠎ᠠ ᠪᠠᠷ | ᠨᠡᠯᠢᠶᠡᠳ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃ | ᠭᠤᠷᠪᠠ᠂ ᠬᠦᠮᠦᠨ ᠢᠶᠠᠷ ᠦᠨᠳᠦᠰᠦ ᠪᠤᠯᠭᠠᠵᠤ᠂ ᠨᠢᠭᠲᠠᠷᠠᠨ ᠪᠦᠯᠬᠦᠮᠳᠠᠵᠤ ᠪᠤᠳᠠᠳᠣ ᠠᠵᠢᠯ ᠡᠷᠬᠢᠯᠡᠬᠦ ᠰᠣᠷᠳᠠᠯ | ᠢ ᠡᠷᠬᠡᠪᠰᠢ ᠪᠠᠷᠢᠮᠳᠠᠯᠠᠨ᠎ᠠ᠃ ᠲᠠᠪᠤᠨ ᠵᠢᠯ ᠤᠨ ᠲᠤᠷᠰᠢ᠂ ᠪᠢᠲᠠᠨ ᠠᠷᠠᠳ ᠤᠨ ᠠᠮᠢᠳᠣᠷᠠᠯ ᠤᠨ ᠵᠤᠯ ᠵᠢᠷᠭᠠᠯ ᠡᠷᠭᠦᠯ | ᠮᠠᠠᠳᠤ ᠶᠢ ᠪᠦᠬᠦ ᠠᠵᠢᠯ ᠤᠨ ᠡᠬᠢᠯᠡᠯᠲᠡ ᠪᠤᠯᠤᠨ ᠵᠤᠭᠰᠤᠴᠠ ᠪᠤᠯᠭᠠᠨ᠂ ᠬᠤᠰᠢᠭᠤᠨ ᠤ ᠨᠠᠮ ᠤᠨ ᠬᠤᠷᠢᠶᠠᠨ ᠤ | ᠲᠤᠭᠳᠠᠭᠠᠭᠰᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠤᠯᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠠᠷᠠᠳ ᠤᠨ ᠰᠡᠳᠬᠢᠯ ᠢ ᠤᠶᠢᠯᠠᠭᠠᠵᠤ᠂ ᠠᠷᠠᠳ ᠤᠨ ᠬᠦᠰᠡᠯ ᠢ ᠠᠩᠬᠠᠷᠤᠨ᠂ ᠠᠷᠠᠳ ᠤᠨ | ᠰᠠᠨᠠᠭᠠᠨ ᠳᠤ ᠨᠡᠶᠢᠴᠡᠭᠦᠯᠵᠦ᠂ ᠨᠢᠭᠡ ᠪᠦᠯᠤᠭ᠌ ᠤᠯᠠᠨ ᠲᠦᠮᠡᠨ ᠤ ᠡᠷᠬᠡ ᠠᠰᠢᠭ ᠲᠤ ᠬᠤᠯᠪᠤᠭᠳᠠᠭᠰᠠᠨ ᠶᠡᠭᠡ ᠬᠡᠷᠡᠭ᠂ | ᠪᠤᠳᠠᠳᠣ ᠣᠴᠢᠷ ᠶᠢ ᠬᠢᠵᠦ᠂ ᠬᠦᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠦᠨᠡᠨ ᠪᠤᠳᠠᠲᠠᠢ ᠪᠠᠷ | ᠬᠦᠷᠳᠡᠭᠡᠵᠠᠢ᠃ ᠦᠢᠯᠡᠳᠦᠯᠭᠡ ᠭᠡᠷᠠᠴᠢᠯᠡᠭᠰᠡᠨ ᠨᠢ᠂ ᠵᠦᠪᠬᠡᠨ ᠪᠦᠯᠬᠦᠮᠳᠡᠯ ᠢᠶᠠᠨ ᠴᠢᠩᠭᠠᠳᠬᠠᠨ᠂ ᠬᠦᠴᠦ ᠪᠠᠨ | ᠨᠢᠭᠡᠳᠭᠡᠵᠦ᠂ ᠵᠤᠷᠢᠭᠲᠠᠢ ᠬᠠᠷᠢᠭᠤᠴᠠᠪᠠᠯ ᠰᠠᠶ᠋ᠢ ᠪᠠᠶᠢᠳᠠᠯ ᠢ ᠰᠢᠢᠳᠪᠦᠷᠢᠯᠡᠵᠦ ᠲᠡᠶᠢᠯᠦᠨ᠎ᠡ᠃ ᠵᠦᠪᠬᠡᠨ ᠪᠡᠷᠭᠡ ᠠᠴᠠ | ᠠᠶᠤᠬᠤ ᠦᠭᠡᠢ᠂ ᠬᠦᠴᠢᠷ ᠢ ᠰᠦᠷᠤᠵᠤ᠂ ᠡᠷᠡᠯᠭᠡᠭ ᠢᠶᠠᠷ ᠲᠡᠮᠡᠴᠡᠪᠠᠯ ᠰᠠᠶ᠋ᠢ ᠪᠦᠳᠤᠮᠵᠢᠲᠠᠢ ᠨᠠᠶᠢᠳᠠᠪᠤᠷᠢᠵᠢᠭᠤᠯᠵᠤ | ᠴᠢᠳᠠᠨ᠎ᠠ᠃ ᠵᠦᠪᠬᠡᠨ ᠠᠷᠠᠳ ᠲᠦᠮᠡᠨ ᠤ ᠠᠰᠢᠭ ᠲᠤᠰᠠ ᠶᠢ ᠪᠤᠳᠣᠯᠬᠢᠯᠠᠬᠤ ᠶᠢ ᠪᠠᠷᠢᠮᠳᠠᠯᠠᠪᠠᠯ ᠰᠠᠶ᠋ᠢ ᠠᠷᠠᠳ | ᠲᠦᠮᠡᠨ ᠤ ᠬᠦᠷᠢᠶᠡᠯᠡᠯ ᠢ ᠤᠯᠵᠤ᠂ ᠠᠯᠢᠪᠠ ᠢᠳᠡᠪᠬᠢᠲᠡᠢ ᠬᠦᠴᠦᠨ ᠢ ᠲᠠᠶᠢᠴᠢᠯᠠᠨ ᠨᠢᠭᠲᠠᠷᠠᠭᠤᠯᠵᠤ ᠰᠠᠶ᠋ᠢ ᠠᠷᠠᠳ | ᠤᠨ ᠰᠠᠨᠠᠭᠠᠨ ᠳᠤ ᠨᠡᠶᠢᠴᠡᠬᠦᠯᠵᠤ᠂ ᠠᠷᠠᠳ ᠤᠨ ᠤᠬᠠᠭᠠᠨ ᠢ ᠲᠦᠪᠯᠡᠷᠡᠬᠦᠯᠤᠨ᠂ ᠠᠷᠠᠳ ᠤᠨ ᠬᠦᠴᠤᠨ ᠢ | ᠨᠢᠭᠳᠠᠷᠠᠭᠤᠯᠵᠤ᠂ ᠬᠦᠴᠦᠷᠬᠡᠭ ᠶᠡᠭᠡ ᠬᠦᠭᠵᠢᠯᠲᠠ ᠶᠢᠨ ᠬᠦᠴᠦᠨ ᠢ ᠪᠦᠷᠢᠯᠳᠦᠭᠦᠯᠵᠦ ᠲᠡᠶᠢᠯᠦᠨ᠎ᠡ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠦᠷ᠎ᠡ ᠪᠦᠲᠦᠮᠵᠢ ᠨᠢ ᠠᠶᠢᠮᠠᠭ ᠤᠨ ᠨᠠᠮ | ᠤᠨ ᠬᠤᠷᠢᠶ᠎ᠠ᠂ ᠵᠠᠬᠢᠷᠭᠠᠨ ᠤ ᠬᠠᠶᠢᠷ᠎ᠠ ᠬᠠᠯᠠᠮᠵᠢ ᠪᠤᠯᠤᠨ ᠲᠡᠮᠵᠢᠯᠭᠡ᠂ ᠦᠪᠡᠷᠳᠡᠭᠡᠨ ᠵᠠᠰᠠᠬᠤ ᠣᠷᠣᠨ ᠤ ᠲᠢᠩᠬᠢᠮ | ᠲᠤᠪᠴᠢᠶ᠎ᠠ ᠨᠢᠭᠡᠴᠡ ᠪᠤᠯᠤᠨ ᠤᠷᠳᠣᠰ ᠬᠤᠳᠠ ᠶᠢᠨ ᠦᠨᠡᠠᠴᠢ ᠲᠡᠮᠵᠢᠯᠭᠡ ᠪᠤᠯᠤᠨ ᠬᠠᠷᠠᠮ ᠦᠭᠡᠢ ᠬᠠᠪᠰᠤᠷᠤᠯᠭ᠎ᠠ᠂ | ᠬᠤᠰᠢᠭᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠣᠷᠢᠳᠣᠯᠭ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠦᠳᠤᠮᠵᠢᠲᠠᠢ ᠬᠢᠨᠠᠯᠲᠠ ᠪᠤᠯᠤᠨ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠲᠦᠷᠦ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠳᠡᠯᠴᠡᠬᠦ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠤᠯᠠᠨ ᠲᠦᠮᠡᠨ ᠤ ᠬᠦᠴᠦ ᠪᠠᠨ ᠬᠠᠮᠳᠣᠳᠬᠠᠨ ᠬᠠᠳᠠᠭᠤᠵᠢᠯᠲᠠᠢ ᠲᠡᠮᠡᠴᠡᠭᠰᠡᠨ ᠤ ᠦᠷ᠎ᠡ | ᠳ᠋ᠦᠩ ᠪᠤᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠠᠷᠠᠳ ᠤᠨ | ᠲᠦᠯᠤᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠨ᠂ ᠡᠯ᠎ᠡ ᠹᠷᠤᠨᠲ ᠳᠤ ᠴᠢᠷᠮᠠᠶᠢᠨ ᠠᠵᠢᠯᠯᠠᠵᠤ | ᠪᠠᠶᠢᠭ᠎ᠠ ᠺᠠᠳ᠋ᠷ ᠤᠯᠠᠨ ᠲᠦᠮᠡᠨ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠪᠤᠯᠤᠨ ᠮᠠᠨ ᠤ ᠬᠤᠰᠢᠭᠤᠨ ᠤ | ᠬᠦᠭᠵᠢᠯᠲᠡ ᠶᠢ ᠠᠩᠬᠠᠷᠤᠨ ᠬᠠᠷᠠᠭᠠᠯᠵᠠᠵᠤ ᠪᠠᠶᠢᠭ᠎ᠠ ᠪᠦᠬᠦ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ | ᠪᠤᠯᠤᠨ ᠡᠷᠬᠢᠮ ᠬᠦᠠᠳᠤᠳᠭᠡᠯ ᠢᠶᠠᠨ ᠲᠠᠪᠰᠢᠭᠦᠯᠤᠶᠡ︕ | ᠦᠩᠭᠡᠷᠡᠭᠰᠡᠨ ᠲᠠᠪᠤᠨ ᠵᠢᠯ ᠤᠨ ᠠᠵᠢᠯ ᠢ ᠡᠷᠬᠢᠴᠡᠭᠦᠯᠪᠡᠯ᠂ ᠪᠢᠳᠡ ᠬᠡᠳᠦᠶᠢᠪᠡᠷ ᠵᠤᠬᠢᠬᠤ ᠬᠡᠮᠵᠢᠶᠡᠨ ᠤ | ᠠᠮᠵᠢᠯᠲᠠ ᠪᠦᠲᠦᠭᠡᠯ ᠤᠯᠤᠭᠰᠠᠨ ᠪᠤᠯᠪᠠᠴᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ | ᠨᠠᠮ ᠤᠨ ᠬᠤᠷᠢᠶᠠᠨ ᠤ ᠱᠠᠭᠠᠷᠳᠠᠯᠭ᠎ᠠ ᠬᠢᠭᠡᠳ ᠠᠷᠠᠳ ᠲᠦᠮᠡᠨ ᠤ ᠬᠦᠰᠡᠯ ᠱᠠᠭᠠᠷᠲᠠᠯᠭ᠎ᠠ ᠲᠠᠢ ᠨᠡᠯᠢᠶᠠᠳ ᠵᠦᠷᠢᠶ᠎ᠡ | ᠲᠠᠢ ᠪᠠᠶᠢᠵᠤ᠂ ᠭᠤᠤᠯᠳᠠᠭᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠬᠦ ᠲᠠᠯ᠎ᠠ ᠶᠢᠨ ᠪᠤᠳᠠᠳᠣ ᠬᠦᠴᠦᠨ | ᠲᠤᠷᠤᠢ᠃ ᠠᠵᠦ ᠦᠢᠯᠡᠳᠪᠦᠷᠢ ᠶᠢᠨ ᠭᠤᠤᠯᠯᠠᠬᠤ ᠪᠠᠶᠢᠷᠢ ᠪᠤᠢ ᠪᠤᠯᠤᠭ᠎ᠠ ᠦᠭᠡᠢ ᠪᠠᠶᠢᠵᠤ᠂ ᠠᠵᠢᠯᠯᠠᠬᠤ ᠶᠠᠰᠣ ᠴᠢᠨᠠᠷ | ᠲᠤᠤᠷ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯᠲᠡ ᠤᠳᠠᠭᠠᠨ ᠪᠠᠶᠢᠵᠤ᠂ | ᠨᠡᠶᠢᠭᠡᠮ ᠤᠨ ᠪᠠᠳᠣᠯᠭ᠎ᠠ ᠶᠢᠨ ᠴᠢᠳᠠᠪᠤᠷᠢ ᠪᠠᠭᠤᠷᠠᠢ ᠵᠡᠷᠭᠡ ᠪᠤᠯᠤᠨ᠎ᠠ᠃ ᠡᠳᠡᠭᠡᠷ ᠠᠰᠠᠭᠤᠳᠠᠯ ᠢ ᠪᠢᠳᠡ ᠬᠤᠶᠢᠰᠢᠬᠢ | ᠠᠵᠢᠯ ᠤᠨ ᠲᠤᠮᠳᠠ ᠪᠠᠨ ᠪᠠᠳᠣᠳᠠᠢ ᠰᠠᠶᠢᠨ ᠰᠢᠢᠳᠪᠦᠷᠢᠯᠡᠨ᠎ᠡ᠃ | ᠬᠤᠶᠠᠷ᠂ ᠬᠤᠶᠢᠨᠠᠬᠢ ᠲᠠᠪᠤᠨ ᠵᠢᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠡᠮᠡᠴᠡᠬᠦ ᠬᠠᠷᠠᠯᠲᠠ | ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠦᠯᠤᠭᠡᠯᠡᠭᠴᠢᠳ ᠤᠨ ᠶᠡᠭᠡ ᠬᠤᠷᠠᠯ ᠤᠨ | ᠲᠤᠭᠳᠠᠭᠠᠭᠰᠠᠨ ᠬᠦᠭᠵᠢᠯᠲᠡ ᠶᠢᠨ ᠬᠠᠷᠠᠯᠲᠠ ᠪᠠ ᠪᠦᠬᠦ ᠬᠤᠰᠢᠭᠤᠨ ᠤ ︽ᠠᠷᠪᠠᠨ ᠬᠤᠶᠠᠳᠤᠭᠠᠷ ᠲᠠᠪᠤᠨ ᠵᠢᠯ ᠤᠨ | ᠲᠦᠯᠤᠪᠵᠢᠭᠦᠯᠭᠡ︾ ᠶᠢᠨ ᠭᠤᠤᠯᠳᠠᠯᠭ᠎ᠠ ᠶᠢ ᠦᠠᠳᠤᠰᠤᠯᠠᠨ᠂ ᠬᠤᠶᠢᠨᠠᠬᠢ ᠲᠠᠪᠤᠨ ᠵᠢᠯ ᠤᠨ ᠬᠦᠭᠵᠢᠯᠲᠡ ᠶᠢᠨ | ᠪᠠᠶᠢᠯᠳᠤᠬᠤ ᠪᠤᠳᠤᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠤᠳᠠᠭᠠᠨ ᠤ ᠶᠡᠭᠡ ᠬᠤᠷᠠᠯ ᠤᠨ ᠵᠤᠷᠢᠭ ᠰᠠᠨᠠᠭ᠎ᠠ ᠪᠠᠷ | ᠤᠳᠤᠷᠢᠳᠤᠯᠭ᠎ᠠ ᠪᠤᠯᠭᠠᠵᠤ᠂ ᠰᠢᠠᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠡ ᠶᠢ ᠬᠦᠠᠵᠠᠭᠡᠢ | ᠨᠠᠶᠢᠳᠠᠪᠤᠷᠢᠵᠢᠭᠦᠯᠵᠤ᠂ ᠠᠷᠠᠳ ᠢᠶᠠᠨ ᠪᠠᠶᠠᠵᠢᠭᠤᠯᠵᠤ᠂ ᠬᠤᠰᠢᠭᠤ ᠪᠠᠨ ᠬᠦᠴᠤᠷᠭᠡᠭᠵᠢᠬᠦᠯᠬᠦ ᠪᠠᠷ ᠬᠠᠷᠠᠯᠲᠠ ᠪᠤᠯᠭᠠᠨ | ᠂ ︽ᠭᠤᠷᠪᠠᠨ ᠠᠬᠢᠴᠢᠯᠠᠯᠲᠠ ᠶᠢ ᠲᠦᠯᠬᠢᠨ ᠠᠬᠢᠭᠤᠯᠵᠤ᠂ ᠲᠠᠪᠤᠨ ᠰᠢᠪᠳᠤᠯᠤᠯᠲᠠ ᠶᠢ ᠪᠠᠶᠠᠯᠡᠭᠦᠯᠤᠨ︾᠂ ᠲᠠᠷᠤᠢ ︽ | ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠡᠯᠲᠠ᠂ ᠤᠠᠴᠠᠯᠢᠭᠲᠠᠢ ᠬᠤᠳᠠ ᠪᠠᠯᠭᠠᠰᠤᠵᠢᠯᠠᠯᠲᠠ ᠪᠠ ᠲᠠᠷᠢᠶᠠᠯᠠᠩ ᠮᠠᠯ | ᠠᠵᠤ ᠠᠬᠤᠢ ᠶᠢᠨ ᠤᠳᠤᠬᠢᠴᠢᠯᠠᠯᠲᠠ︾ ᠭᠤᠷᠪᠠᠨ ᠠᠬᠢᠴᠢᠯᠠᠯᠲᠠ ᠶᠢ ᠲᠦᠯᠬᠢᠨ ᠠᠬᠢᠭᠤᠯᠵᠤ᠂ ︽ᠵᠠᠭᠤᠨ | ᠳ᠋ᠦᠩᠰᠢᠭᠤᠷ ᠲᠠᠰ ᠤᠨ ᠠᠵᠤ ᠦᠢᠯᠡᠳᠪᠤᠷᠢ ᠶᠢᠨ ᠲᠤᠭᠤᠷᠢᠭ ᠢ ᠪᠦᠳᠤᠭᠡᠨ ᠪᠠᠶᠢᠭᠤᠯᠬᠤ᠂ ᠰᠤᠶᠤᠯ ᠵᠤᠭᠠᠴᠠᠯ ᠤᠨ | ᠬᠦᠴᠤᠷᠭᠡᠭ ᠬᠤᠰᠢᠭᠤ ᠶᠢ ᠪᠦᠳᠤᠭᠡᠨ ᠪᠠᠶᠢᠭᠤᠯᠬᠤ᠂ ᠠᠮᠢ ᠠᠬᠤᠢ ᠶᠢᠨ ᠤᠷᠴᠢᠨ ᠲᠤᠭᠤᠷᠢᠨ ᠵᠤᠬᠢᠴᠠᠩᠭᠤᠢ ᠤᠷᠤᠨ | ᠢ ᠪᠦᠳᠤᠭᠡᠨ ᠪᠠᠶᠢᠭᠤᠯᠬᠤ᠂ ᠬᠤᠳᠠ ᠬᠦᠳᠡᠭᠡ ᠶᠢ ᠨᠢᠭᠡᠳᠤᠯᠲᠠᠢ ᠲᠦᠯᠤᠪᠯᠡᠨ ᠬᠦᠭᠵᠢᠬᠦᠯᠬᠦ ᠪᠠ ᠨᠡᠶᠢᠭᠡᠮ ᠤᠨ | ᠬᠠᠮᠢᠶᠠᠷᠤᠯᠲᠠ ᠶᠢ ᠰᠢᠨᠡᠳᠭᠡᠬᠦ︾ ᠵᠡᠷᠭᠡ ᠲᠠᠪᠤᠨ ᠲᠠᠯ᠎ᠠ ᠶᠢᠨ ᠰᠢᠨ᠎ᠡ ᠰᠢᠪᠳᠤᠯᠤᠯᠲᠠ ᠶᠢ ᠪᠠᠶᠠᠯᠡᠬᠦᠯᠤᠨ᠂ ᠠᠵᠤ | ᠠᠬᠤᠢ ᠨᠠᠶᠢᠭᠡᠮ ᠤᠨ ᠦᠰᠤᠷᠤᠯᠲᠡ ᠶᠢᠨ ᠴᠢᠨᠠᠷᠲᠠᠢ ᠬᠦᠭᠵᠢᠬᠦ ᠶᠢ ᠴᠢᠷᠮᠠᠶᠢᠨ ᠪᠠᠶᠠᠯᠡᠬᠦᠯᠵᠤ᠂ ᠦᠪᠡᠷᠲᠡᠭᠡᠨ ᠵᠠᠰᠠᠬᠤ | ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠤᠢ ᠳᠤ ᠪᠠᠯᠡᠭ ᠬᠦᠷᠭᠡᠨ᠎ᠡ᠃ | ᠡᠨᠡ ᠪᠠᠶᠢᠯᠳᠤᠬᠤ ᠪᠤᠳᠤᠯᠭ᠎ᠠ ᠶᠢᠨ ᠶᠤᠰᠤᠭᠠᠷ᠂ ᠬᠤᠶᠢᠨᠠᠬᠢ ᠲᠠᠪᠤᠨ ᠵᠢᠯ ᠤᠨ ᠬᠦᠭᠵᠢᠯᠲᠠ ᠶᠢᠨ ᠬᠠᠷᠠᠯᠲᠠ | ᠪᠤᠯ᠄ ᠭᠠᠵᠠᠷ ᠤᠷᠤᠨ ᠤ ᠦᠢᠯᠡᠳᠪᠤᠷᠢᠯᠡᠯ ᠤᠨ ᠶᠠᠷᠤᠩᠭᠡᠢ ᠦᠷᠳᠡᠭ ᠢ 164 ᠳ᠋ᠦᠩᠰᠢᠭᠤᠷ ᠲᠦᠭᠦᠷᠢᠭ | ᠪᠡᠶᠡᠯᠡᠭᠦᠯᠤᠨ᠂ ᠵᠢᠯ ᠪᠦᠷᠢ 30% ᠤᠷᠴᠢᠮ ᠢᠶᠠᠷ ᠨᠡᠮᠡᠭᠳᠡᠨ᠎ᠡ᠃ ᠡᠬᠦᠨ ᠳᠤ᠂ ᠨᠢᠭᠡᠳᠤᠭᠡᠷ ᠠᠵᠤ ᠦᠢᠯᠡᠰ ᠤᠨ | ᠨᠡᠮᠡᠭᠳᠠᠯ ᠦᠷᠳᠡᠭ ᠢ 19.7 ᠳ᠋ᠦᠩᠰᠢᠭᠤᠷ ᠲᠦᠭᠦᠷᠢᠭ ᠪᠠᠶᠡᠯᠡᠭᠦᠯᠵᠤ᠂ ᠵᠢᠯ ᠪᠦᠷᠢ 4% ᠤᠷᠴᠢᠮ ᠢᠶᠠᠷ ᠨᠡᠮᠡᠭᠳᠠᠨᠡ | ᠃ ᠬᠤᠶᠠᠳᠤᠭᠠᠷ ᠠᠵᠤ ᠦᠢᠯᠡᠰ ᠤᠨ ᠨᠡᠮᠡᠭᠳᠠᠯ ᠦᠷᠳᠡᠭ ᠢ 100 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠵᠢᠯ | ᠪᠦᠷᠢ 41% ᠤᠷᠴᠢᠮ ᠢᠶᠠᠷ ᠨᠡᠮᠡᠭᠳᠠᠨᠡ᠃ ᠬᠡᠪᠴᠢᠶᠡᠵᠢᠯ ᠠᠴᠠ ᠲᠡᠭᠡᠭᠰᠢ ᠠᠵᠤ ᠦᠢᠯᠡᠳᠪᠤᠷᠢ ᠶᠢᠨ ᠨᠡᠮᠡᠭᠳᠠᠯ | ᠦᠷᠳᠡᠭ ᠢ 59 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠵᠢᠯ ᠪᠦᠷᠢ 44% ᠤᠷᠴᠢᠮ ᠢᠶᠠᠷ ᠨᠡᠮᠡᠭᠳᠡᠨ᠎ᠡ᠃ | ᠭᠤᠷᠪᠠᠳᠤᠭᠠᠷ ᠠᠵᠤ ᠦᠢᠯᠡᠰ ᠤᠨ ᠨᠡᠮᠡᠭᠳᠠᠯ ᠦᠷᠳᠡᠭ ᠢ 44.3 ᠳ᠋ᠦᠩᠰᠢᠭᠤᠷ ᠲᠦᠭᠦᠷᠢᠭ ᠪᠠᠶᠡᠯᠡᠭᠦᠯᠵᠤ᠂ ᠵᠢᠯ | ᠪᠦᠷᠢ 26% ᠤᠷᠴᠢᠮ ᠢᠶᠠᠷ ᠨᠡᠮᠡᠭᠳᠠᠨᠡ᠃ ᠡᠳ᠋ ᠶᠢᠨ ᠵᠠᠰᠠᠭ ᠤᠨ ᠤᠷᠤᠯᠭ᠎ᠠ ᠶᠢ 13 ᠳ᠋ᠦᠩᠰᠢᠭᠤᠷ ᠲᠦᠭᠦᠷᠢᠭ | ᠪᠠᠶᠠᠯᠠᠬᠦᠯᠵᠤ᠂ ᠵᠢᠯ ᠪᠦᠷᠢ 34% ᠤᠷᠴᠢᠮ ᠢᠶᠠᠷ ᠨᠡᠮᠡᠭᠳᠡᠨ᠎ᠡ᠃ ᠪᠦᠬᠦ ᠨᠡᠶᠢᠭᠡᠮ ᠤᠨ ᠲᠤᠭᠳᠠᠮᠠᠯ ᠬᠦᠷᠤᠩᠭᠡ ᠶᠢᠨ | ᠪᠡᠯᠡ ᠤᠷᠤᠭᠤᠯᠤᠯᠲᠠ ᠶᠢ 239 ᠳ᠋ᠦᠩᠰᠢᠭᠤᠷ ᠲᠦᠭᠦᠷᠢᠭ ᠪᠠᠶᠠᠯᠡᠭᠦᠯᠵᠤ᠂ ᠵᠢᠯ ᠪᠦᠷᠢ 30% ᠤᠷᠴᠢᠮ ᠢᠶᠠᠷ | ᠨᠡᠮᠡᠭᠳᠠᠨᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠠᠷᠤᠩᠭᠡᠢ ᠬᠡᠮᠵᠢᠶ᠎ᠡ ᠶᠢ 21.5 | ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠵᠢᠯ ᠪᠦᠷᠢ 10% ᠤᠷᠴᠢᠮ ᠢᠶᠠᠷ ᠨᠡᠮᠡᠭᠳᠡᠨ᠎ᠡ᠃ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠡᠵᠡᠮᠳᠠᠵᠤ ᠪᠤᠯᠬᠤᠶᠢᠴᠠ ᠤᠷᠤᠯᠭ᠎ᠠ ᠶᠢ 28340 ᠲᠦᠭᠦᠷᠢᠭ ᠪᠠᠶᠡᠯᠡᠭᠦᠯᠵᠤ᠂ ᠵᠢᠯ ᠪᠦᠷᠢ | 15% ᠤᠷᠴᠢᠮ ᠢᠶᠠᠷ ᠨᠡᠮᠡᠭᠳᠡᠨ᠎ᠡ᠃ ᠮᠠᠯᠴᠢᠨ ᠲᠠᠷᠢᠶᠠᠴᠢᠨ ᠤ ᠬᠦᠮᠤᠨ ᠪᠦᠷᠢ ᠶᠢᠨ ᠴᠡᠪᠡᠷ ᠤᠷᠤᠯᠭ᠎ᠠ ᠶᠢ | 10350 ᠲᠦᠭᠦᠷᠢᠭ ᠪᠠᠶᠡᠯᠡᠬᠦᠯᠵᠤ᠂ ᠵᠢᠯ ᠪᠦᠷᠢ 17% ᠤᠷᠴᠢᠮ ᠢᠶᠠᠷ ᠨᠡᠮᠡᠭᠳᠡᠨ᠎ᠡ᠃ | ᠲᠡᠭᠡᠷᠡᠭᠢ ᠬᠠᠷᠠᠯᠲᠠ ᠶᠢ ᠪᠠᠶᠡᠯᠡᠭᠦᠯᠬᠦ ᠶᠢᠨ ᠲᠦᠯᠤᠭᠡ ᠲᠤᠤᠷᠠᠬᠢ ᠬᠡᠳᠤᠨ ᠲᠠᠯ᠎ᠠ ᠶᠢᠨ ᠠᠵᠢᠯ ᠢ ᠰᠠᠶᠢᠳᠤᠷ | ᠠᠳᠬᠤᠨ᠎ᠠ᠄ | ︵ᠨᠢᠭᠡ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠯᠡᠯ ᠶᠢᠨ ᠠᠬᠢᠴᠠ ᠶᠢ ᠪᠦᠬᠦ ᠬᠦᠴᠤᠨ ᠢᠶᠠᠷ ᠲᠦᠯᠬᠢᠨ | ᠠᠬᠢᠭᠤᠯᠵᠤ᠂ ᠪᠤᠳᠠᠳᠤ ᠬᠦᠴᠤᠨ ᠲᠠᠢ ᠲᠤᠮᠳᠠᠳᠤ ᠬᠤᠰᠢᠭᠤ ᠶᠢ ᠪᠦᠳᠤᠭᠡᠨ ᠪᠠᠶᠢᠭᠤᠯᠤᠨ᠎ᠠ᠃ | ᠦᠪᠡᠷᠳᠡᠭᠡᠨ ᠵᠠᠰᠠᠬᠤ ᠤᠷᠤᠨ ᠤ ︽ᠬᠤᠤᠰ ᠵᠠᠭᠤᠨ ᠳ᠋ᠦᠩᠰᠢᠭᠤᠷ ᠢᠠᠵᠧᠨᠧᠷᠢᠩ︾ ᠢ ᠬᠡᠷᠡᠭᠵᠢᠬᠦᠯᠬᠦ ᠪᠠᠷ ᠬᠠᠷᠠᠯᠲᠠ | ᠪᠤᠯᠭᠠᠨ᠂ ᠠᠵᠤ ᠦᠢᠯᠡᠳᠪᠤᠷᠢ ᠶᠢᠨ ᠶᠡᠭᠡ ᠲᠦᠷᠤᠯ ᠵᠦᠢᠯ ᠢ ᠬᠦᠴᠤ ᠲᠦᠪᠯᠡᠷᠡᠭᠦᠯᠤᠨ ᠠᠬᠢᠭᠤᠯᠵᠤ᠂ ᠰᠢᠨ᠎ᠡ | ᠮᠠᠶ᠋ᠢᠭ ᠤᠨ ᠨᠡᠭᠦᠷᠠᠰᠤᠨ ᠬᠢᠮᠢ ᠶᠢᠨ ᠠᠵᠤ ᠦᠢᠯᠡᠳᠪᠤᠷᠢ᠂ ᠰᠢᠨ᠎ᠡ ᠮᠠᠶ᠋ᠢᠭ ᠤᠨ ᠡᠨᠧᠷᠬᠢ᠂ ᠠᠭᠤᠷᠬᠠᠢ ᠶᠢᠨ | ᠭᠠᠷᠤᠯᠲᠠ ᠬᠠᠶᠢᠯᠠᠭᠤᠯᠬᠤ ᠪᠠ ᠨᠤᠭᠤᠭᠠᠨ ᠲᠠᠷᠢᠶᠠᠯᠠᠩ ᠮᠠᠯ ᠠᠬᠤᠢ ᠶᠢᠨ ᠪᠦᠳᠤᠭᠡᠭᠳᠠᠭᠦᠨ ᠢ ᠪᠤᠯᠪᠠᠰᠤᠷᠠᠭᠤᠯᠬᠤ | ᠵᠡᠷᠭᠡ ᠲᠦᠷᠪᠡᠨ ᠶᠡᠭᠡ ᠭᠤᠤᠯᠯᠠᠬᠤ ᠠᠵᠤ ᠦᠢᠯᠡᠰ ᠢ ᠭᠦᠴᠤᠷᠭᠡᠭᠵᠢᠭᠦᠯᠤᠨ ᠪᠤᠶᠢᠵᠢᠭᠤᠯᠵᠤ᠂ ᠲᠠᠪᠠᠭᠤᠯᠢᠭ | ᠤᠠᠴᠠᠯᠢᠭ ᠲᠠᠢ ᠠᠵᠤ ᠦᠢᠯᠡᠰ ᠤᠨ ᠪᠦᠯᠤᠭ᠌ ᠢ ᠴᠢᠷᠮᠠᠶᠢᠨ ᠪᠦᠳᠤᠭᠡᠨ ᠪᠠᠶᠢᠭᠤᠯᠵᠤ᠂ ᠰᠢᠨ᠎ᠡ ᠮᠠᠶ᠋ᠢᠭ ᠤᠨ ᠠᠵᠤ | ᠦᠢᠯᠡᠳᠪᠤᠷᠢᠵᠢᠯᠠᠯᠲᠠ ᠶᠢᠨ ᠠᠬᠢᠴᠠ ᠶᠢ ᠢᠳᠡᠪᠬᠢᠲᠠᠢ ᠲᠦᠯᠬᠢᠨ ᠠᠬᠢᠭᠤᠯᠤᠨ᠎ᠠ᠃ | ᠨᠠᠭᠦᠷᠡᠰᠤ ᠲᠡᠭᠡᠭᠡᠪᠤᠷᠢᠯᠡᠬᠦ ᠵᠠᠮ ᠱᠤᠭᠤᠮ ᠪᠠ ᠤᠰᠤᠨ ᠡᠬᠢ ᠪᠠᠶᠠᠯᠢᠭ ᠬᠦᠢᠴᠡᠳ ᠬᠠᠮᠳᠤᠷᠠᠭᠰᠠᠨ | ᠲᠠᠪᠠᠭᠤᠯᠢᠭ ᠢᠶᠠᠨ ᠪᠠᠳᠠᠷᠠᠭᠤᠯᠤᠨ᠂ ᠪᠠᠶᠠᠵᠢᠨ᠎ᠠ ᠬᠢᠮᠢ ᠶᠢᠨ ᠠᠵᠤ ᠦᠢᠯᠡᠳᠪᠤᠷᠢ ᠶᠢᠨ ᠲᠤᠭᠤᠷᠢᠭ ᠢᠶᠠᠷ ᠭᠤᠤᠯᠳᠠᠯᠭ᠎ᠠ | ᠪᠤᠯᠭᠠᠨ᠂ ᠨᠠᠭᠦᠷᠠᠰᠤ ᠶᠢ ᠬᠦᠨ ᠪᠤᠯᠪᠠᠰᠤᠷᠠᠭᠤᠯᠬᠤ ᠦᠢᠯᠠᠰ ᠢ ᠶᠠᠬᠡᠪᠡᠷ ᠬᠦᠭᠵᠢᠭᠦᠯᠤᠨ᠎ᠡ᠃ 2017 ᠤᠨ ᠬᠦᠷᠬᠦ | ᠳᠤ᠂ ᠵᠢᠯ ᠤᠨ ᠬᠦᠷᠠᠩ ᠨᠡᠭᠦᠷᠡᠰᠤ ᠬᠤᠪᠢᠷᠠᠭᠤᠯᠬᠤ ᠴᠢᠳᠠᠯ ᠢ 2600 ᠲᠦᠮᠡᠨ ᠲᠤᠨ ᠳᠤ ᠴᠢᠷᠮᠠᠶᠢᠨ ᠬᠦᠷᠭᠡᠵᠤ᠂ | ᠲᠡᠭᠡᠷ᠎ᠡ ᠲᠤᠣᠷ᠎ᠠ ᠱᠠᠳᠤᠨ ᠤ ᠪᠦᠳᠤᠭᠡᠭᠳᠡᠭᠦᠨ ᠨᠢ ᠤᠶᠠᠯᠳᠤᠨ ᠬᠡᠯᠬᠢᠶᠡᠯᠳᠤᠭ᠍ᠰᠡᠨ᠂ ᠡᠬᠢ ᠪᠠᠶᠠᠯᠢᠭ ᠢ ᠡᠷᠬᠢᠨ | ᠠᠰᠢᠭᠯᠠᠬᠤ ᠤᠷᠴᠢᠯ ᠠᠵᠤ ᠦᠢᠯᠡᠳᠪᠤᠷᠢ ᠶᠢᠨ ᠪᠦᠳᠤᠴᠠ ᠶᠢ ᠪᠦᠷᠢᠯᠳᠤᠭᠦᠯᠤᠨᠡ᠃ | ᠢᠯᠴᠢ ᠶᠢᠨ ᠴᠠᠬᠢᠯᠭᠠᠨ᠂ ᠰᠠᠯᠬᠢᠨ ᠬᠦᠴᠤᠨ ᠤ ᠴᠠᠬᠢᠯᠭᠠᠨ᠂ ᠠᠮᠢᠳᠤ ᠪᠤᠳᠠᠰ ᠤᠨ ᠴᠠᠬᠢᠯᠭᠠᠨ ᠢᠶᠠᠷ | ᠭᠤᠤᠯᠳᠠᠯᠭ᠎ᠠ ᠪᠤᠯᠭᠠᠨ᠂ ᠴᠠᠬᠢᠯᠭᠠᠨ ᠡᠨᠧᠷᠬᠢ ᠶᠢᠨ ᠲᠦᠷᠤᠯ ᠵᠦᠢᠯ ᠤᠨ ᠪᠦᠳᠤᠭᠡᠨ ᠪᠠᠶᠢᠭᠤᠯᠤᠯᠲᠠ ᠶᠢ ᠪᠦᠬᠦ | ᠬᠦᠴᠤᠨ ᠢᠶᠠᠷ ᠲᠦᠯᠬᠢᠨ ᠠᠬᠢᠭᠤᠯᠵᠤ᠂ ᠴᠠᠬᠢᠯᠭᠠᠨ ᠤᠭᠰᠠᠷᠠᠮᠵᠢ ᠶᠢᠨ ᠶᠠᠷᠤᠩᠭᠡᠢ ᠬᠡᠮᠵᠢᠶ᠎ᠡ ᠶᠢ 350 ᠲᠦᠮᠡᠨ | ᠺᠢᠯᠤᠸᠠᠲ ᠲᠤ ᠬᠦᠷᠭᠡᠨ᠎ᠡ᠃ ᠴᠠᠭᠢᠯᠭᠠᠨ ᠬᠦᠴᠤᠨ ᠤ ᠡᠨᠧᠷᠬᠢ ᠶᠢ ᠭᠦᠢᠴᠡᠳ ᠠᠰᠢᠭᠯᠠᠬᠤ ᠪᠠᠷ ᠬᠠᠷᠠᠯᠲᠠ ᠪᠤᠯᠭᠠᠨ᠂ | ᠦᠠᠳᠤᠷ ᠬᠦᠴᠤᠳᠡᠯᠳᠤ᠂ ᠤᠠᠴᠠ ᠦᠠᠳᠤᠷ ᠬᠦᠴᠤᠳᠡᠯᠳᠤ ᠴᠠᠬᠢᠯᠭᠠᠨ ᠬᠦᠷᠭᠡᠬᠦ ᠱᠤᠭᠤᠮ ᠤᠨ ᠪᠦᠳᠤᠭᠡᠨ | ᠪᠠᠶᠢᠭᠤᠯᠤᠯᠲᠠ ᠶᠢᠨ ᠲᠦᠷᠤᠯ ᠵᠦᠢᠯ ᠢ ᠢᠳᠡᠪᠬᠢᠲᠠᠢ ᠲᠠᠮᠡᠴᠡᠨ ᠬᠡᠷᠡᠭᠵᠢᠬᠦᠯᠵᠤ᠂ ᠴᠠᠬᠢᠯᠭᠠᠨ ᠬᠦᠴᠤᠨ ᠢ ᠬᠦᠷᠭᠡᠬᠦ | ᠪᠠ ᠲᠤᠬᠢᠷᠠᠭᠤᠯᠬᠤ ᠶᠢ ᠪᠠᠳᠤᠯᠠᠨ᠎ᠠ᠃ ᠦᠪᠡᠷᠲᠡᠭᠡᠨ ᠵᠠᠰᠠᠬᠤ ᠤᠷᠤᠨ ᠤ ᠲᠤᠤᠷ᠎ᠠ ᠬᠠᠩᠰᠢᠲᠠᠢ ᠴᠠᠬᠢᠯᠭᠠᠨ ᠤ | ᠲᠤᠷᠰᠢᠯᠲᠠ ᠶᠢᠨ ᠴᠡᠭ ᠢ ᠲᠡᠮᠡᠴᠡᠨ ᠤᠯᠵᠤ᠂ ᠴᠠᠬᠢᠯᠭᠠᠨ ᠦᠢᠯᠡᠳᠪᠤᠷᠢ ᠰᠢᠭᠤᠳ ᠬᠠᠩᠭᠠᠬᠤ ᠤᠷᠤᠨ ᠬᠡᠰᠡᠭ ᠤᠨ | ᠴᠠᠬᠢᠯᠭᠠᠨ ᠲᠤᠤᠷ ᠶᠢ ᠪᠦᠷᠢᠯᠳᠤᠬᠦᠯᠵᠤ᠂ ᠴᠠᠬᠢᠯᠭᠠᠨ ᠬᠦᠴᠤᠨ ᠤ ᠦᠢᠯᠡᠳᠪᠤᠷᠢᠯᠡᠬᠦ ᠪᠠ ᠬᠡᠷᠡᠭᠯᠡᠬᠦ ᠶᠢ ᠪᠠᠳᠤᠯᠠᠨ᠎ᠠ᠃ | ᠠᠭᠤᠷᠬᠠᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠲᠤᠳᠤᠳᠬᠠᠵᠤ᠂ ᠵᠤᠬᠢᠰᠲᠠᠢ ᠨᠠᠭᠡᠭᠡᠬᠦ᠂ | ᠶᠠᠷᠤᠩᠭᠡᠶᠢᠯᠡᠨ ᠠᠰᠢᠭᠯᠠᠬᠤ᠂ ᠤᠷᠴᠢᠯ ᠬᠦᠭᠵᠢᠯᠲᠠ ᠶᠢ ᠠᠬᠢᠭᠤᠯᠤᠨ᠎ᠠ᠃ ᠴᠠᠬᠢᠭᠤᠷ ᠬᠠᠶᠢᠯᠤᠭᠤᠯᠬᠤ᠂ ᠲᠤᠭᠤᠯᠭ᠎ᠠ | ᠬᠠᠶᠢᠯᠤᠭᠤᠯᠬᠤ᠂ ᠭᠤᠤ ᠯᠢᠩ ᠰᠢᠷᠤᠢ ᠶᠢ ᠲᠠᠪᠳᠠᠨ ᠠᠰᠢᠭᠯᠠᠬᠤ ᠵᠡᠷᠭᠡ ᠠᠵᠤ ᠦᠢᠯᠡᠰ ᠢ ᠭᠤᠤᠯᠳᠠᠯᠭᠠᠲᠠᠢ | ᠬᠦᠭᠵᠢᠭᠦᠯᠤᠨ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠵᠤ᠂ ᠡᠬᠢ ᠪᠠᠶᠠᠯᠢᠭ ᠤᠨ ᠦᠷ᠎ᠡ | ᠪᠦᠳᠤᠮᠵᠢ ᠶᠢ ᠬᠠᠮᠤᠭ ᠶᠡᠭᠡ ᠪᠤᠯᠭᠠᠨ᠎ᠠ᠃ 2017 ᠤᠨ ᠬᠦᠷᠬᠦ ᠳᠤ᠂ 10 ᠲᠦᠮᠡᠠ ᠲᠤᠨ ᠠᠵᠤ ᠦᠢᠯᠡᠳᠪᠤᠷᠢ | ᠶᠢᠨ ᠴᠠᠬᠢᠭᠤᠷ᠂ 10 ᠲᠦᠮᠡᠨ ᠲᠤᠨ ᠴᠠᠶᠢᠷ᠂ 6 ᠲᠦᠮᠡᠨ ᠲᠤᠨ ᠬᠡᠳᠤ ᠴᠠᠭᠠᠨ ᠬᠡᠳᠤ ᠨᠠᠷᠢᠯᠢᠭ ᠭᠤᠤ ᠯᠢᠩ | ᠰᠢᠷᠤᠢ ᠶᠢ ᠦᠢᠯᠡᠳᠪᠤᠷᠢᠯᠡᠬᠦ ᠴᠢᠳᠠᠯ ᠢ ᠴᠢᠷᠮᠠᠶᠢᠨ ᠪᠦᠷᠢᠯᠳᠤᠬᠦᠯᠤᠨ᠎ᠡ᠃ | ᠪᠤᠯᠪᠠᠰᠤᠷᠠᠭᠤᠯᠤᠨ ᠦᠷᠳᠡᠭ ᠨᠡᠮᠡᠭᠳᠠᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ ᠶᠢᠨ | ᠲᠤᠭᠤᠷᠢᠨ ᠳᠤ᠂ ᠨᠡᠷ᠎ᠡ ᠲᠡᠮᠳᠡᠭ ᠢ ᠡᠷᠬᠢᠯᠡᠬᠦ᠂ ᠶᠠᠰᠤ ᠴᠢᠨᠠᠷ ᠢ ᠲᠠᠭᠡᠭᠰᠢᠯᠡᠬᠦᠯᠬᠦ ᠶᠢ ᠲᠤᠪᠤᠶᠢᠯᠭᠠᠨ᠂ ᠬᠤᠯᠢᠰᠢᠨ | ᠠᠮᠤ ᠪᠤᠷᠴᠠᠭ᠂ ᠨᠠᠷᠠᠬᠤᠸᠠᠷ᠂ ᠤᠷᠭᠠᠨᠢᠭ ᠦᠭᠡᠷ ᠬᠤᠨᠢᠨ ᠮᠢᠬ᠎ᠠ ᠵᠡᠷᠭᠡ ᠪᠦᠳᠤᠭᠡᠭᠳᠡᠭᠦᠨ ᠤ ᠨᠠᠷᠢᠨ ᠬᠦᠠᠵᠡᠭᠡᠢ | ᠪᠤᠯᠪᠠᠰᠤᠷᠠᠭᠤᠯᠬᠤ ᠶᠢ ᠴᠢᠩᠭᠠᠳᠬᠠᠵᠤ᠂ ᠰᠠᠭᠤᠷᠢᠨ ᠭᠠᠵᠠᠷ ᠬᠡᠪᠴᠢᠶᠡᠵᠢᠬᠦ᠂ ᠦᠢᠯᠡᠳᠪᠤᠷᠢᠯᠡᠯ ᠲᠤᠰᠬᠠᠶᠢᠵᠢᠬᠤ᠂ | ᠪᠦᠳᠤᠭᠡᠭᠳᠠᠭᠦᠨ ᠨᠡᠷᠡᠵᠢᠬᠦ ᠶᠢ ᠠᠬᠢᠭᠤᠯᠤᠨ᠂ ᠦᠠᠳᠤᠷ ᠨᠡᠮᠡᠯᠲᠡ ᠦᠷᠳᠡᠭ ᠢ ᠪᠦᠷᠢᠯᠳᠤᠬᠦᠯᠵᠤ᠂ ᠶᠠᠷᠤᠩᠭᠡᠢ ᠦᠷ᠎ᠡ | ᠠᠰᠢᠭ ᠢ ᠲᠠᠭᠡᠭᠡᠭᠰᠢᠯᠡᠭᠦᠯᠤᠨᠡ᠃ 2017 ᠤᠨ ᠬᠦᠷᠬᠦ ᠳᠤ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠡᠯᠲᠠ ᠶᠢᠨ ᠲᠠᠭᠠᠭᠤᠯᠤᠭᠴᠢ ᠠᠵᠤ ᠠᠬᠤᠶᠢᠯᠠᠯ ᠤᠨ ᠶᠠᠷᠤᠩᠭᠡᠢ ᠪᠤᠷᠤᠯᠠᠭᠤᠯᠭᠰᠠᠨ ᠤᠷᠤᠯᠭ᠎ᠠ 40 | ᠳ᠋ᠦᠩᠰᠢᠭᠤᠷ ᠲᠦᠭᠦᠷᠢᠭ ᠲᠤᠯᠵᠤ᠂ ᠨᠡᠮᠡᠭᠳᠠᠯ ᠦᠷᠳᠡᠭ ᠢ 13 ᠳ᠋ᠦᠩᠰᠢᠭᠤᠷ ᠲᠦᠭᠦᠷᠢᠭ ᠪᠠᠶᠡᠯᠡᠭᠦᠯᠤᠨ᠂ ᠨᠤᠭᠤᠭᠠᠨ | ᠤᠷᠭᠠᠨᠢᠭ ᠢᠳᠡᠭᠡᠨ ᠦᠢᠯᠡᠳᠪᠤᠷᠢᠯᠡᠬᠦ ᠴᠢᠳᠠᠯ ᠨᠢ 20 ᠲᠦᠮᠡᠨ ᠲᠤᠨ ᠢ ᠰᠢᠪᠳᠤᠯᠤᠨ᠎ᠠ᠃ | ᠵᠠᠰᠠᠮᠠᠯ ᠵᠠᠮ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠤᠵᠠᠷ ᠤᠰᠤ ᠶᠢ ᠰᠢᠢᠳᠪᠤᠷᠢᠯᠡᠬᠦ ᠵᠢᠴᠢ | ᠬᠤᠭᠤᠯᠠᠢ ᠶᠢᠨ ᠲᠤᠤᠷ ᠢ ᠲᠡᠪᠢᠰᠬᠦ ᠵᠡᠷᠭᠡ ᠢᠠᠵᠧᠨᠧᠷᠢᠩ ᠢ ᠬᠦᠴᠤᠯᠡᠨ ᠬᠡᠷᠡᠭᠵᠢᠭᠦᠯᠵᠤ᠂ ᠪᠠᠶᠠᠵᠢᠨ᠎ᠠ ᠠᠵᠤ | ᠦᠢᠯᠡᠳᠪᠤᠷᠢ ᠶᠢᠨ ᠤᠷᠴᠢᠯ ᠠᠵᠤ ᠠᠬᠤᠢ ᠶᠢᠨ ᠲᠤᠭᠤᠷᠢᠭ ᠢ ᠪᠠᠯᠡ ᠤᠷᠤᠭᠤᠯᠬᠤ ᠤᠷᠴᠢᠨ ᠰᠢᠯᠢᠳᠡᠭ᠂ | ᠦᠢᠯᠡᠴᠢᠯᠡᠬᠦ ᠴᠢᠳᠠᠪᠬᠢ ᠪᠦᠷᠢᠨ᠂ ᠰᠠᠭᠤᠷᠢ ᠲᠦᠭᠦᠭᠡᠷᠤᠮᠵᠢ ᠲᠡᠭᠦᠯᠳᠡᠷ᠂ ᠲᠠᠳᠠᠭᠰᠠᠨ ᠲᠦᠷᠤᠯ ᠵᠦᠢᠯ ᠤᠯᠠᠨ᠂ | ᠡᠵᠠᠩᠨᠠᠬᠦ ᠦᠷᠳᠡᠭ ᠲᠤᠤᠷ᠎ᠠ᠂ ᠦᠷᠢᠰᠤᠯᠳᠤᠬᠦ ᠬᠦᠴᠤᠨ ᠴᠢᠩᠭ᠎ᠠ ᠤᠷᠤᠨ ᠪᠦᠰᠠ ᠶᠢᠨ ᠴᠢᠨᠠᠷᠲᠠᠢ ᠠᠵᠤ ᠠᠬᠤᠢ | ᠶᠢᠨ ᠬᠦᠭᠵᠢᠯᠲᠡ ᠶᠢᠨ ᠲᠠᠪᠴᠠᠩ ᠪᠤᠯᠭᠠᠨ᠎ᠠ᠃ ᠤᠨᠴᠠᠯᠢᠭᠳᠣ ᠠᠵᠤ ᠦᠢᠯᠡᠰ ᠤᠨ ᠰᠠᠭᠤᠷᠢᠨ ᠭᠠᠵᠠᠷ ᠢ | ᠭᠤᠤᠯᠳᠠᠯᠭᠠᠲᠠᠢ ᠪᠦᠳᠤᠭᠡᠨ ᠪᠠᠶᠢᠭᠤᠯᠵᠤ᠂ ᠭᠠᠵᠠᠷ ᠤᠷᠤᠨ ᠠᠯᠤᠰᠯᠠᠭᠰᠠᠨ ᠤᠷᠤᠨ ᠪᠦᠰᠡ ᠠᠯᠤᠰᠯᠠᠭᠰᠠᠨ ᠠᠵᠤ | ᠦᠢᠯᠡᠰ ᠤᠨ ᠬᠠᠮᠵᠢᠯᠴᠠᠭ᠎ᠠ ᠶᠢ ᠲᠦᠯᠬᠢᠨ ᠠᠬᠢᠭᠤᠯᠵᠤ᠂ ᠠᠵᠢᠯ ᠤᠨ ᠬᠤᠪᠢᠶᠠᠷᠢᠯᠠᠯᠲᠠ ᠲᠤᠳᠤᠷᠬᠠᠢ᠂ ᠲᠠᠪᠠᠭᠤᠯᠢᠭ | ᠢᠶᠠᠨ ᠬᠠᠷᠢᠯᠴᠠᠨ ᠨᠦᠬᠦᠪᠤᠷᠢᠯᠡᠭᠰᠠᠨ᠂ ᠤᠠᠴᠠᠯᠢᠭ ᠲᠤᠪᠤᠶᠢᠮ᠎ᠠ᠂ ᠡᠬᠢ ᠪᠠᠶᠠᠯᠢᠭ ᠢ ᠬᠠᠮᠳᠤᠪᠡᠷ ᠠᠰᠢᠭᠯᠠᠬᠤ ᠠᠵᠤ | ᠦᠢᠯᠡᠰ ᠤᠨ ᠬᠦᠭᠵᠢᠯᠲᠡ ᠶᠢᠨ ᠪᠠᠶᠢᠳᠠᠯ ᠢ ᠢᠳᠡᠭ ᠢᠳᠡᠭ ᠢᠶᠠᠷ ᠪᠦᠷᠢᠯᠳᠤᠬᠦᠯᠤᠨ᠎ᠡ᠃ 2017 ᠤᠨ ᠬᠦᠷᠬᠦ ᠳᠤ᠂ | ᠲᠤᠭᠤᠷᠢᠭ ᠤᠨ ᠪᠤᠷᠤᠯᠠᠭᠤᠯᠤᠭᠰᠠᠨ ᠤᠷᠤᠯᠭ᠎ᠠ 100 ᠳ᠋ᠦᠩᠰᠢᠭᠤᠷ ᠲᠦᠭᠦᠷᠢᠭ ᠢ ᠲᠠᠪᠠᠵᠤ᠂ ᠦᠪᠡᠷᠲᠡᠭᠡᠨ ᠵᠠᠰᠠᠬᠤ | ᠤᠷᠤᠨ ᠤ ᠵᠠᠭᠤᠨ ᠳ᠋ᠦᠩᠰᠢᠭᠤᠷ ᠲᠠᠰ ᠤᠨ ᠠᠵᠤ ᠦᠢᠯᠡᠳᠪᠤᠷᠢ ᠶᠢᠨ ᠲᠤᠭᠤᠷᠢᠭ ᠤᠨ ᠡᠩᠨᠡᠭᠡᠨ ᠳᠤ | ᠵᠢᠭᠰᠠᠭᠠᠭᠳᠠᠨ᠎ᠠ᠃ | ︵ᠬᠤᠶᠠᠷ︶ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠠᠬᠤᠢ ᠶᠢᠨ ᠲᠦᠷᠭᠡᠨ ᠬᠦᠭᠵᠢᠯᠲᠡ ᠶᠢ ᠪᠦᠬᠦ | ᠬᠦᠴᠤᠨ ᠢᠶᠠᠷ ᠲᠦᠯᠬᠢᠨ ᠠᠬᠢᠭᠤᠯᠵᠤ᠂ ᠪᠠᠶᠠᠯᠢᠭ ᠲᠤᠮᠳᠠᠳᠤ ᠬᠤᠰᠢᠭᠤ ᠶᠢ ᠪᠦᠳᠤᠭᠡᠨ ᠪᠠᠶᠢᠭᠤᠯᠤᠨ᠎ᠠ᠃ | ᠦᠪᠡᠷᠲᠡᠭᠡᠨ ᠵᠠᠰᠠᠬᠤ ᠣᠷᠣᠨ ᠤ ︽ᠲᠦᠷᠪᠡᠨ ᠮᠢᠩᠭᠠᠨ ᠲᠦᠮᠡᠨ ᠮᠤ᠋︾ ᠤᠰᠤ ᠠᠷᠪᠢᠯᠠᠨ ᠤᠰᠤᠯᠠᠬᠤ | ᠢᠠᠵᠧᠨᠧᠷᠢᠩ ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠶᠢᠨ ᠪᠠᠶᠢᠭᠤᠯᠤᠯᠲᠠ᠂ ᠭᠠᠵᠠᠷ ᠰᠢᠷᠤᠢ ᠲᠡᠭᠰᠢᠯᠡᠬᠦ᠂ | ᠲᠠᠷᠢᠶᠠᠯᠠᠩ ᠤᠨ ᠨᠡᠭᠡᠭᠡᠯᠲᠠ᠂ ᠤᠰᠤ ᠠᠷᠪᠢᠯᠠᠨ ᠤᠨᠠᠯᠲᠠ ᠶᠢ ᠨᠡᠮᠡᠭᠳᠠᠭᠦᠯᠬᠦ ᠵᠡᠷᠭᠡ ᠤᠯᠤᠰ ᠤᠨ ᠴᠢᠨᠠᠷᠲᠠᠢ ᠪᠠᠯᠡ | ᠤᠷᠤᠭᠤᠯᠤᠯᠲᠠ ᠢᠶᠠᠷ ᠲᠠᠮᠵᠢᠨ᠂ ︽ᠬᠤᠤᠰ ᠵᠠᠭᠤᠨ ᠤ ᠢᠠᠵᠧᠨᠧᠷᠢᠩ︾ ᠢ ᠯᠠᠪᠳᠠᠭᠤᠨ ᠠᠬᠢᠭᠤᠯᠵᠤ᠂ ᠲᠠᠪᠤᠨ ᠵᠢᠯ | ᠤᠨ ᠲᠤᠳᠤᠷ᠎ᠠ 100 ᠲᠦᠮᠡᠨ ᠮᠤ᠋ ᠦᠠᠳᠤᠷ ᠪᠠᠷᠢᠮᠵᠢᠶᠠᠳᠤ ᠲᠠᠷᠢᠶᠠᠨ ᠭᠠᠵᠠᠷ ᠪᠠ 100 ᠲᠦᠮᠡᠨ ᠮᠤ᠋ ᠬᠠᠭᠤᠷᠠᠢ | ᠦᠠᠳᠤᠰᠤᠨ ᠲᠠᠷᠢᠶᠠᠨ ᠭᠠᠵᠠᠷ ᠢ ᠪᠠᠶᠢᠭᠤᠯᠬᠤ ᠬᠠᠷᠠᠯᠳᠠ ᠶᠢ ᠴᠢᠷᠮᠠᠶᠢᠨ ᠪᠠᠶᠡᠯᠡᠭᠦᠯᠤᠨᠠ᠃ 100 ᠲᠦᠮᠡᠨ ᠮᠤ᠋ | ᠡᠷᠳᠡᠨᠢ ᠰᠢᠰᠢ ᠶᠢᠨ ᠪᠦᠰᠠ ᠪᠠ 30 ᠲᠦᠮᠡᠨ ᠮᠤ᠋ ᠠᠮᠤ ᠪᠤᠳᠠᠭᠠᠨ ᠤ ᠦᠠᠳᠤᠷ ᠤᠨᠠᠯᠲᠠ ᠶᠢ ᠡᠭᠦᠳᠭᠦ ᠵᠢᠱᠢᠶ᠎ᠡ | ᠦᠵᠡᠬᠦᠯᠬᠦ ᠲᠠᠷᠢᠶᠠᠨ ᠭᠠᠵᠠᠷ ᠢ ᠪᠦᠳᠤᠭᠡᠨ ᠪᠠᠶᠢᠭᠤᠯᠵᠤ᠂ ᠠᠮᠤ ᠪᠤᠳᠠᠭᠠᠨ ᠤ ᠶᠠᠷᠤᠩᠭᠡᠢ ᠤᠨᠠᠯᠲᠠ ᠶᠢ 15 ᠲᠦᠮᠡᠨ | ᠵᠢᠩ ᠤᠷᠴᠢᠮ ᠳᠤ ᠲᠤᠭᠳᠠᠪᠤᠷᠢᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠦᠳᠤᠴᠡ ᠪᠠ ᠦᠢᠯᠡᠳᠪᠤᠷᠢᠯᠡᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠤᠨ᠎ᠠ᠃ ︽ᠫᠧᠩ ᠰᠠᠷᠠᠪᠴᠢ ᠶᠢᠨ ᠠᠵᠤ ᠠᠬᠤᠢ︾ ᠪᠠ ︽ᠬᠠᠰᠢᠶᠠᠯᠠᠨ ᠲᠡᠵᠢᠬᠡᠬᠦ ᠠᠵᠤ ᠠᠬᠤᠢ︾ | ᠶᠢ ᠲᠦᠭᠡᠮᠡᠯᠵᠢᠭᠦᠯᠬᠦ ᠬᠦᠴᠤᠨ ᠢᠶᠠᠨ ᠨᠡᠮᠡᠭᠳᠠᠬᠦᠯᠵᠤ᠂ ᠲᠦᠬᠦᠭᠡᠷᠤᠮᠵᠢᠳᠤ ᠲᠠᠷᠢᠶᠠᠯᠠᠩ᠂ ᠤᠠᠴᠠᠯᠢᠭᠳᠤ ᠲᠠᠷᠢᠵᠤ | ᠦᠷᠠᠵᠢᠬᠦᠯᠬᠦ ᠦᠢᠯᠠᠰ ᠢ ᠶᠡᠭᠡᠪᠡᠷ ᠬᠦᠭᠵᠢᠬᠦᠯᠤᠨ᠎ᠠ᠃ ︽ᠨᠤᠭᠤᠭ᠎ᠠ ᠶᠢᠨ ᠰᠠᠭᠰᠤ︾ ᠶᠢᠨ ᠢᠠᠵᠧᠨᠧᠷᠢᠩ ᠢ | ᠰᠠᠶᠢᠳᠤᠷ ᠬᠡᠷᠡᠭᠵᠢᠬᠦᠯᠵᠤ᠂ ᠵᠠᠬ᠎ᠠ ᠲᠡᠯᠭᠡᠭᠦᠷ ᠤᠨ ᠢᠳᠠᠰᠢᠨ ᠨᠤᠭᠤᠭᠠᠨ ᠤ ᠬᠠᠩᠭᠠᠯᠲᠠ ᠶᠢ ᠪᠠᠳᠤᠯᠠᠵᠤ᠂ ᠢᠳᠠᠰᠢᠨ | ᠨᠤᠭᠤᠭᠠᠨ ᠤ ᠬᠠᠩᠰᠢ ᠶᠢᠨ ᠦᠠᠳᠤᠰᠤᠨ ᠲᠤᠭᠳᠠᠭᠤᠨ ᠢ ᠪᠠᠳᠤᠯᠠᠨ᠎ᠠ᠃ 2017 ᠤᠨ ᠬᠦᠷᠬᠦ ᠳᠤ᠂ ᠤᠷᠭᠠᠨᠢᠭ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠠᠰᠵᠢᠯᠡᠯᠲᠡ ᠶᠢᠨ ᠲᠤᠭᠤᠷᠢᠭ ᠢ ᠪᠦᠳᠤᠭᠡᠨ ᠪᠠᠶᠢᠭᠤᠯᠵᠤ᠂ | ᠤᠷᠭᠠᠨᠢᠭ᠂ ᠨᠤᠭᠤᠭᠠᠨ ᠲᠠᠷᠢᠶᠠᠯᠠᠩ ᠤᠨ ᠪᠦᠳᠤᠭᠡᠭᠳᠠᠭᠦᠨ ᠤ ᠰᠠᠭᠤᠷᠢᠨ ᠭᠠᠵᠠᠷ ᠤᠨ ᠬᠡᠷᠡᠴᠢᠯᠡᠭᠳᠡᠭᠰᠡᠨ ᠲᠠᠯᠠᠪᠠᠢ | ᠲᠤᠰᠪᠤᠷᠢ 40 ᠲᠦᠮᠡᠨ ᠮᠤ᠋ ᠪᠠ 120 ᠲᠦᠮᠡᠨ ᠮᠤ᠋ ᠬᠦᠷᠤᠨ᠎ᠠ᠃ ᠦᠪᠡᠷᠲᠡᠭᠡᠨ ᠵᠠᠰᠠᠬᠤ ᠤᠷᠤᠨ ᠤ ᠵᠠᠭᠤᠨ | ᠲᠦᠮᠡᠨ ᠠᠯᠠᠰᠢᠨ ᠦᠭᠡᠷ ᠪᠠ ᠮᠢᠩᠭᠠᠨ ᠲᠦᠮᠡᠨ ᠠᠯᠠᠰᠢᠨ ᠬᠤᠨᠢ ᠶᠢᠨ ᠰᠠᠭᠤᠷᠢᠨ ᠭᠠᠵᠠᠷ ᠢ ᠪᠦᠳᠤᠭᠡᠨ ᠪᠠᠶᠢᠭᠤᠯᠬᠤ | ᠢᠠᠵᠧᠨᠧᠷᠢᠩ ᠢ ᠬᠡᠷᠡᠭᠵᠢᠬᠦᠯᠬᠦ ᠪᠠᠷ ᠲᠤᠬᠢᠶᠠᠯ ᠪᠤᠯᠭᠠᠨ᠂ ᠦᠪᠡᠷᠲᠡᠭᠡᠨ ᠵᠠᠰᠠᠬᠤ ᠤᠷᠤᠨ ᠤ ᠮᠠᠯᠵᠢᠬᠤ ᠬᠤᠰᠢᠭᠤᠨ ᠤ | ᠪᠠᠶᠢᠷᠢ ᠰᠠᠭᠤᠷᠢ ᠶᠢ ᠪᠠᠳᠤᠳᠭᠠᠨ ᠴᠢᠩᠭᠠᠳᠬᠠᠵᠤ᠂ ᠨᠤᠳᠤᠭ ᠪᠡᠯᠴᠢᠭᠡᠷ ᠢ ᠬᠠᠮᠠᠭᠠᠯᠠᠬᠤ ᠪᠠ ᠮᠠᠯ ᠠᠵᠤ ᠠᠬᠤᠢ ᠶᠢᠨ | ᠪᠦᠳᠤᠴᠡ ᠶᠢ ᠰᠢᠯᠢᠳᠡᠭᠵᠢᠭᠦᠯᠬᠦ ᠰᠠᠭᠤᠷᠢᠨ ᠲᠡᠭᠡᠷ᠎ᠡ᠂ ᠮᠠᠯ ᠠᠵᠤ ᠠᠬᠤᠢ ᠶᠢᠨ ᠪᠦᠳᠤᠭᠡᠭᠳᠠᠭᠦᠨ ᠤ ᠬᠠᠩᠭᠠᠬᠤ | ᠴᠢᠳᠠᠯ ᠢ ᠲᠡᠭᠡᠭᠰᠢᠯᠡᠭᠦᠯᠤᠨ᠎ᠡ᠃ 2017 ᠤᠨ ᠬᠦᠷᠬᠦ ᠳᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠤᠭᠡᠭᠳᠡᠭᠦᠨ | ᠤ ᠪᠤᠯᠪᠠᠰᠤᠷᠠᠭᠤᠯᠬᠤ ᠨᠤᠷᠮ᠎ᠠ 60% ᠠᠴᠠ ᠲᠡᠭᠡᠭᠰᠢ ᠬᠦᠷᠴᠤ᠂ ᠪᠤᠳᠠ ᠪᠤᠭ ᠮᠠᠯ ᠤᠨ ᠰᠠᠶᠢᠨ ᠦᠷ᠎ᠡ ᠪᠠ | ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 98% ᠠᠴᠠ ᠲᠠᠭᠡᠭᠰᠢ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠢ | ᠶᠢᠨ ᠬᠡᠪᠴᠢᠶᠠᠵᠢᠯᠡᠯᠲᠡ ᠪᠠ ᠠᠵᠤ ᠦᠢᠯᠡᠰᠴᠢᠯᠡᠯᠲᠠ ᠶᠢᠨ ᠬᠦᠭᠵᠢᠯᠲᠡ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ+ᠰᠠᠭᠤᠷᠢᠨ ᠭᠠᠵᠠᠷ+ ᠵᠠᠭᠤᠴᠢ ᠵᠤᠬᠢᠶᠠᠨ ᠪᠠᠶᠢᠭᠤᠯᠤᠯᠲᠠ+ ᠲᠠᠷᠢᠶᠠᠴᠢᠨ ᠤ ᠦᠢᠯᠡᠳᠪᠤᠷᠢᠯᠡᠯ ᠤᠨ | ᠬᠡᠯᠪᠡᠷᠢ ᠶᠢ ᠦᠠᠳᠤᠰᠤᠨ ᠳᠡᠭᠡᠨ ᠪᠦᠷᠢᠯᠳᠤᠭᠦᠯᠵᠤ᠂ 75% ᠶᠢᠨ ᠮᠠᠯᠴᠢᠨ ᠲᠠᠷᠢᠶᠠᠴᠢᠨ ᠢ ᠠᠵᠤ ᠦᠢᠯᠡᠰᠴᠢᠯᠡᠯᠲᠡ | ᠶᠢᠨ ᠬᠡᠪᠴᠢᠶᠠᠨ ᠳᠤ ᠤᠷᠤᠭᠤᠯᠤᠨ᠎ᠠ᠃ ᠮᠤᠷᠢᠨ ᠤ ᠠᠵᠤ ᠦᠢᠯᠡᠰ ᠢ ᠲᠡᠳᠭᠦᠨ ᠬᠦᠭᠵᠢᠭᠦᠯᠵᠤ᠂ ᠦᠪᠤᠷ ᠮᠤᠩᠭᠤᠯ | ᠤᠨ ᠯᠠᠢ ᠳ᠋ᠧ ᠮᠤᠷᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠵᠠᠬ᠎ᠠ ᠲᠡᠯᠭᠡᠭᠦᠷᠴᠢᠯᠡᠨ ᠡᠵᠡᠩᠨᠡᠬᠦ ᠶᠢ ᠪᠠᠶᠡᠯᠡᠬᠦᠯᠤᠨ᠎ᠡ | ᠃ | ᠰᠢᠨ᠎ᠡ ᠬᠦᠳᠡᠭᠡ ᠲᠤᠰᠬᠤᠨ ᠮᠠᠯᠵᠢᠬᠤ ᠤᠷᠤᠨ ᠤ ᠴᠢᠨᠡᠭᠡᠯᠢᠭᠵᠢᠯᠲᠡ ᠶᠢᠨ ᠠᠯᠬᠤᠮ ᠢ ᠲᠦᠷᠭᠡᠳᠭᠡᠨ᠎ᠡ᠃ | ᠳ᠋ᠦᠩ ᠳ᠋ᠠ ᠪᠠᠶᠠᠯᠢᠭ ᠬᠤᠳᠠ ᠬᠦᠳᠡᠭᠡ ᠶᠢ ᠨᠢᠭᠡᠳᠤᠯᠲᠠᠢ ᠲᠦᠯᠤᠪᠯᠡᠬᠦ ᠠᠵᠤ ᠦᠢᠯᠡᠰ ᠤᠨ ᠲᠤᠭᠤᠷᠢᠭ ᠤᠨ | ᠪᠦᠳᠤᠭᠡᠨ ᠪᠠᠶᠢᠭᠤᠯᠤᠯᠲᠠ ᠶᠢᠨ ᠢᠠᠵᠧᠨᠧᠷᠢᠩ ᠢ ᠲᠦᠯᠬᠢᠨ ᠠᠬᠢᠭᠤᠯᠵᠤ᠂ ᠭᠤᠤᠯᠯᠠᠭᠴᠢ ᠠᠵᠤ ᠦᠢᠯᠡᠰ | ᠲᠤᠭᠳᠠᠩᠭᠤᠢ᠂ ᠦᠷᠭᠦᠯᠵᠢᠯᠡᠨ ᠬᠦᠭᠵᠢᠵᠤ᠂ ᠨᠡᠭᠦᠳᠡᠯᠯᠡᠭᠰᠡᠨ ᠮᠠᠯᠴᠢᠨ ᠲᠠᠷᠢᠶᠠᠴᠢᠨ ᠢ ᠪᠠᠶᠠᠵᠢᠭᠤᠯᠤᠨ᠂ | ᠪᠤᠴᠠᠭᠤᠯᠬᠤ ᠦᠭᠡᠢ᠂ ᠲᠡᠬᠦᠨ ᠢ ᠨᠢᠭᠡᠳᠤᠯᠲᠠᠢ ᠲᠦᠯᠤᠪᠯᠡᠨ ᠬᠦᠭᠵᠢᠬᠦᠯᠤᠭ᠍ᠰᠡᠨ ᠰᠢᠨ᠎ᠡ ᠭᠡᠷᠡᠯᠳᠤ ᠴᠡᠭ᠂ ᠠᠷᠠᠳ ᠢ | ᠨᠡᠬᠦᠯᠬᠡᠭᠰᠡᠨ ᠰᠢᠨ᠎ᠡ ᠵᠢᠱᠢᠶ᠎ᠡ᠂ ᠶᠠᠳᠠᠭᠤ ᠶᠢ ᠲᠡᠳᠭᠦᠨ ᠨᠡᠬᠡᠬᠡᠭᠰᠡᠨ ᠰᠢᠨ᠎ᠡ ᠬᠡᠯᠪᠡᠷᠢ ᠪᠤᠯᠭᠠᠨ᠎ᠠ᠃ 2017 ᠤᠨ | ᠬᠦᠷᠬᠦ ᠳᠤ᠂ ᠳ᠋ᠦᠩ ᠳ᠋ᠠ ᠪᠠᠶᠠᠯᠢᠭ ᠬᠤᠳᠠ ᠬᠦᠳᠡᠭᠡ ᠶᠢ ᠨᠢᠭᠡᠳᠤᠯᠲᠠᠢ ᠲᠦᠯᠤᠪᠯᠡᠬᠦ ᠠᠵᠤ ᠦᠢᠯᠡᠰ ᠤᠨ ᠲᠤᠭᠤᠷᠢᠭ | ᠲᠤ 2000 ᠡᠷᠤᠭᠡ ᠮᠠᠯᠴᠢᠨ ᠲᠠᠷᠢᠶᠠᠴᠢᠨ ᠢ ᠨᠡᠭᠦᠯᠭᠡᠨ ᠰᠢᠯᠵᠢᠬᠦᠯᠵᠤ᠂ ᠲᠠᠸᠠᠷ ᠤᠨ ᠲᠠᠤᠯᠠᠢ ᠶᠢ ᠵᠢᠯ ᠳᠤ 600 | ᠲᠦᠮᠡ ᠪᠤᠷᠤᠯᠠᠭᠤᠯᠤᠨ᠎ᠠ᠃ ᠤᠯᠤᠰ ᠤᠨ ᠶᠡᠭᠡ ᠬᠢᠩᠭᠠᠨ ᠲᠠᠪᠠᠭᠠᠨ ᠤ ᠡᠮᠤᠨ᠎ᠡ ᠬᠤᠷᠮᠤᠢ ᠶᠢᠨ ᠤᠷᠤᠨ ᠭᠠᠵᠠᠷ ᠤᠨ | ᠬᠦᠭᠵᠢᠯᠲᠡ ᠬᠢᠭᠡᠳ ᠶᠠᠳᠠᠭᠤ ᠶᠢ ᠲᠡᠳᠭᠦᠨ ᠨᠡᠭᠡᠭᠡᠨ ᠬᠦᠭᠵᠢᠬᠦᠯᠬᠦ ᠲᠦᠯᠤᠪᠵᠢᠭᠦᠯᠭᠡ ᠶᠢ ᠡᠬᠢᠯᠡᠬᠦᠯᠬᠦ ᠵᠠᠪᠰᠢᠶᠠᠨ | ᠢᠶᠠᠷ᠂ ᠴᠢᠬᠤᠯᠠ ᠠᠵᠤ ᠦᠢᠯᠡᠰ᠂ ᠬᠦᠠᠳᠤ ᠴᠢᠬᠤᠯᠠ ᠲᠦᠭᠦᠭᠡᠷᠤᠮᠵᠢ᠂ ᠴᠢᠬᠤᠯᠠ ᠠᠷᠠᠳ ᠲᠤ ᠲᠤᠰᠠᠲᠠᠢ | ᠢᠠᠵᠧᠨ᠋ᠷᠢᠩ ᠢ ᠢᠳᠡᠪᠬᠢᠲᠠᠢ ᠲᠠᠮᠠᠴᠠᠨ ᠤᠯᠵᠤ᠂ 2017 ᠤᠨ ᠬᠦᠷᠬᠦ ᠳᠤ᠂ ᠮᠠᠯᠴᠢᠠ ᠲᠠᠷᠢᠶᠠᠴᠢᠨ ᠤ ᠮᠠᠯ | ᠲᠠᠶᠢᠷᠢᠶᠠᠯᠠᠩ ᠤᠨ ᠪᠤᠰᠤ ᠤᠷᠤᠯᠭ᠎ᠠ ᠶᠢ 3000 ᠲᠦᠬᠦᠷᠢᠭ ᠠᠴᠠ ᠲᠠᠪᠠᠭᠤᠯᠬᠤ ᠪᠠᠷ ᠴᠢᠷᠮᠠᠶᠢᠵᠤ᠂ ᠤᠳᠤᠬᠢ | ᠶᠠᠳᠠᠭᠤ ᠬᠦᠮᠤᠨ ᠠᠮᠠ ᠶᠢᠨ 95% ᠶᠢ ᠶᠠᠳᠠᠭᠤ ᠠᠴᠠ ᠠᠩᠭᠢᠵᠢᠷᠠᠭᠤᠯᠤᠨ᠂ ᠪᠦᠬᠦ ᠬᠤᠰᠢᠭᠤᠨ ᠤ ᠴᠢᠨᠡᠭᠡᠯᠢᠭ | ᠨᠠᠶᠢᠭᠡᠮ ᠤᠨ ᠶᠠᠷᠤᠩᠭᠡᠢ ᠠᠬᠢᠴᠠ ᠶᠢ 85% ᠠᠴᠠ ᠲᠡᠭᠡᠭᠰᠢ ᠬᠡᠮᠵᠢᠶᠠᠨ ᠳᠤ ᠬᠦᠷᠭᠡᠨ᠎ᠡ᠃ | ︵ᠭᠤᠷᠪᠠ︶ ᠬᠤᠳᠠ ᠬᠦᠳᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠦᠪᠰᠢᠨ ᠢᠶᠠᠨ ᠪᠦᠬᠦ | ᠭᠦᠴᠤᠨ ᠢᠶᠠᠷ ᠠᠬᠢᠭᠤᠯᠵᠤ᠂ ᠰᠠᠭᠤᠷᠢᠰᠢᠯ ᠲᠠᠭᠠᠯᠠᠮᠵᠢᠲᠠᠢ ᠲᠤᠮᠳᠠᠳᠤ ᠬᠤᠰᠢᠭᠤ ᠶᠢ ᠪᠦᠳᠤᠭᠡᠨ ᠪᠠᠶᠢᠭᠤᠯᠤᠨ᠎ᠠ᠃ | ᠬᠤᠳᠠ ᠪᠠᠯᠭᠠᠰᠤᠨ ᠤ ᠬᠠᠮᠢᠶᠠᠷᠤᠯᠲᠠ ᠶᠢᠨ ᠲᠦᠪᠰᠢᠨ ᠢᠶᠠᠨ ᠲᠡᠭᠡᠭᠰᠢᠯᠡᠬᠦᠯᠤᠨ᠎ᠡ᠃ ︽ᠬᠤᠶᠢᠰᠢ | ᠦᠭᠡᠷᠡᠴᠢᠯᠠᠵᠤ᠂ ᠵᠠᠭᠦᠠᠰᠢ ᠦᠷᠭᠡᠳᠭᠡᠭᠦ︾ ᠶᠠᠷᠤᠩᠭᠡᠢ ᠲᠦᠯᠤᠪᠵᠢᠬᠦᠯᠭᠡ ᠶᠢᠨ ᠪᠠᠶᠢᠷᠢᠭᠤᠯᠤᠯᠲᠠ ᠶᠤᠰᠤᠭᠠᠷ᠂ | ᠰᠢᠠᠵᠢᠯᠡᠬᠦ ᠤᠬᠠᠭᠠᠠᠴᠢ ᠨᠢᠭᠡᠳᠤᠯᠲᠠᠢ ᠲᠦᠯᠤᠪᠯᠡᠬᠦ ᠰᠡᠳᠬᠢᠴᠡ ᠪᠠᠷ ᠬᠤᠳᠠ ᠪᠠᠯᠭᠠᠰᠤᠨ ᠤ ᠬᠦᠭᠵᠢᠯᠲᠡ ᠶᠢ | ᠰᠦᠪᠡᠭᠴᠢᠯᠡᠬᠦ ᠪᠠ ᠲᠦᠯᠬᠢᠨ ᠠᠬᠢᠭᠤᠯᠵᠤ᠂ ᠲᠤᠭᠤᠷᠢᠭ ᠤᠨ ᠲᠦᠯᠤᠪᠵᠢᠭᠦᠯᠭᠡ ᠪᠠ ᠬᠤᠳᠠ ᠪᠠᠯᠭᠠᠰᠤᠨ ᠤ | ᠲᠦᠯᠤᠪᠵᠢᠭᠦᠯᠭᠡ ᠶᠢᠨ ᠬᠠᠷᠢᠯᠴᠠᠨ ᠤᠶᠠᠯᠳᠤᠬᠤ᠂ ᠲᠦᠷᠤᠯ ᠵᠦᠢᠯ ᠤᠨ ᠪᠦᠳᠤᠭᠡᠨ ᠪᠠᠶᠢᠭᠤᠯᠤᠯᠲᠠ ᠪᠠ ᠰᠠᠭᠤᠷᠢ | ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢᠨ ᠬᠠᠷᠢᠯᠴᠠᠨ ᠤᠶᠠᠯᠳᠤᠬᠤ᠂ ᠰᠢᠨ᠎ᠡ ᠮᠠᠶ᠋ᠢᠭ ᠤᠨ ᠠᠶᠢᠯ | ᠲᠤᠰᠬᠤᠨ ᠤ ᠪᠦᠳᠤᠭᠡᠨ ᠪᠠᠶᠢᠭᠤᠯᠤᠯᠲᠠ ᠪᠠ ᠪᠠᠭ᠎ᠠ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠲᠠ ᠶᠢᠨ | ᠬᠠᠷᠢᠯᠴᠠᠨ ᠤᠶᠠᠯᠳᠤᠬᠤ ᠶᠢ ᠪᠠᠷᠢᠮᠳᠠᠯᠠᠵᠤ᠂ ᠶᠠᠷᠤᠩᠭᠡᠢ ᠲᠦᠯᠤᠪᠵᠢᠭᠦᠯᠭᠡ ᠪᠠ ᠡᠯ᠎ᠡ ᠲᠦᠷᠤᠯ ᠤᠨ ᠨᠠᠷᠢᠨ | ᠲᠦᠯᠤᠪᠵᠢᠭᠦᠯᠭᠡ ᠶᠢ ᠦᠠᠳᠤᠷ ᠪᠠᠷᠢᠮᠵᠢᠶ᠎ᠡ ᠪᠠᠷ ᠵᠠᠰᠠᠨ ᠨᠠᠶᠢᠷᠠᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ | ᠬᠦᠮᠤᠨ ᠠᠮᠠ ᠶᠢ ᠢᠳᠡᠪᠬᠢᠲᠠᠢ ᠬᠦᠳᠤᠯᠤᠨ ᠵᠢᠯᠤᠭᠤᠳᠴᠤ ᠠᠵᠤ ᠦᠢᠯᠡᠰ ᠤᠨ ᠲᠤᠭᠤᠷᠢᠭ ᠪᠤᠯᠤᠨ ᠬᠤᠳᠠ | ᠪᠠᠯᠭᠠᠰᠤᠨ ᠳᠤ ᠴᠤᠭᠯᠠᠷᠠᠭᠤᠯᠤᠨ᠎ᠠ᠃ ᠤᠰᠤ᠂ ᠴᠠᠬᠢᠯᠭᠠᠨ᠂ ᠵᠠᠮ᠂ ᠭᠡᠢ᠂ ᠭᠡᠷ ᠪᠤᠯᠤᠨ ᠭᠤᠶᠤᠮᠰᠤᠭ ᠤᠷᠴᠢᠨ | ᠲᠤᠭᠤᠷᠢᠨ ᠵᠡᠷᠭᠡ ︽ᠵᠢᠷᠭᠤᠭ᠎ᠠ ᠶᠢ ᠡᠷᠤᠭᠡ ᠳᠤ ᠬᠦᠷᠭᠡᠬᠦ︾ ᠢᠡᠵᠧᠨᠧᠷᠢᠩ ᠢ ᠦᠷᠭᠦᠯᠵᠢᠯᠡᠨ ᠠᠬᠢᠭᠤᠯᠤᠨ᠂ ᠠᠶᠢᠯ | ᠲᠤᠰᠬᠤᠨ ᠤ ᠲᠦᠷᠢ ᠲᠦᠷᠰᠤ ᠪᠤᠯᠤᠨ ᠤᠷᠴᠢᠨ ᠲᠤᠭᠤᠷᠢᠨ ᠢ ᠴᠡᠭᠴᠡᠯᠡᠬᠦ ᠶᠢ ᠴᠢᠩᠭᠠᠳᠬᠠᠨ᠎ᠠ᠃ ᠬᠦᠳᠡᠭᠡ | ᠲᠤᠰᠬᠤᠨ ᠮᠠᠯᠵᠢᠬᠤ ᠤᠷᠳ ᠤ ᠤᠤᠭᠤᠬᠤ ᠤᠰᠤᠨ ᠤ ᠠᠮᠤᠷ ᠲᠦᠪᠰᠢᠨ ᠤ ᠢᠡᠵᠧᠨᠧᠷᠢᠩ ᠤᠨ ᠪᠠᠶᠢᠭᠤᠯᠤᠯᠲᠠ ᠶᠢᠨ | ᠠᠬᠢᠴᠠ ᠶᠢ ᠦᠷᠭᠦᠯᠵᠢᠯᠡᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠮᠤᠷ ᠲᠦᠪᠰᠢᠨ ᠤᠤᠭᠤᠬᠤ | ᠤᠰᠤᠨ ᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠨ᠎ᠡ᠃ | ᠬᠤᠳᠠ ᠪᠠᠯᠭᠠᠰᠤᠨ ᠤ ᠪᠠᠶᠢᠭᠤᠯᠤᠯᠲᠠ ᠶᠢᠨ ᠴᠢᠨᠠᠷ ᠲᠡᠰ ᠢ ᠲᠡᠭᠡᠭᠡᠭᠰᠢᠯᠡᠬᠦᠯᠤᠨᠠ᠃ ᠬᠠᠭᠤᠴᠢᠨ ᠬᠤᠳᠠ ᠶᠢ | ᠦᠭᠡᠷᠡᠴᠢᠯᠡᠬᠦ ᠳᠤ ᠵᠠᠮ ᠤᠨ ᠲᠤᠤᠷ᠂ ᠬᠤᠭᠤᠯᠠᠢ ᠶᠢᠨ ᠲᠤᠤᠷ ᠵᠡᠷᠭᠡ ᠰᠠᠭᠤᠷᠢ ᠲᠦᠬᠦᠭᠡᠷᠤᠮᠵᠢ ᠬᠤᠴᠤᠷᠤᠩᠭᠤᠢ | ᠠᠰᠠᠭᠤᠳᠠᠯ ᠢ ᠤᠷᠢᠳᠠᠪᠡᠷ ᠰᠢᠢᠳᠪᠤᠷᠢᠯᠡᠵᠤ᠂ ᠨᠡᠶᠢᠲᠠ ᠶᠢᠨ ᠤᠷᠤᠨ ᠵᠠᠢ ᠪᠠ ᠨᠤᠭᠤᠭᠠᠷᠠᠭᠤᠯᠤᠯᠲᠠ ᠶᠢᠨ ᠲᠠᠯᠠᠪᠠᠢ ᠶᠢ | ᠨᠡᠮᠡᠭᠳᠠᠭᠦᠯᠵᠤ᠂ ᠬᠤᠳᠠ ᠪᠠᠯᠭᠠᠰᠤᠨ ᠤ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ 2017 ᠤᠨ | ᠬᠦᠷᠬᠦ ᠳᠤ᠂ ᠬᠤᠳᠠ ᠪᠠᠯᠭᠠᠰᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠤᠷᠮ᠎ᠠ 80% ᠳᠤ ᠲᠤᠯᠵᠤ᠂ | ᠪᠠᠶᠢᠭᠤᠯᠤᠭᠰᠠᠨ ᠬᠡᠰᠡᠭ ᠤᠨ ᠨᠤᠭᠤᠭᠠᠷᠠᠭᠤᠯᠤᠭᠰᠠ ᠪᠦᠷᠭᠦᠴᠡ 30% ᠬᠦᠷᠴᠤ᠂ ᠬᠤᠳᠠ ᠪᠠᠯᠭᠠᠰᠤᠨ ᠤ | ᠠᠮᠢᠳᠤᠷᠠᠯ ᠤᠨ ᠪᠤᠵᠠᠷ ᠤᠰᠤ ᠪᠠ ᠬᠤᠭ ᠨᠤᠪᠴᠢ ᠶᠢ ᠬᠤᠤᠷᠳᠠᠯ ᠦᠭᠡᠢ ᠰᠢᠢᠳᠪᠤᠷᠢᠯᠡᠬᠦ ᠨᠤᠷᠮ᠎ᠠ ᠨᠢ 70% ᠳᠤ | ᠲᠤᠯᠤᠨ᠎ᠠ᠃ | ᠬᠤᠳᠠ ᠪᠠᠯᠭᠠᠰᠤᠨ ᠤ ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠲᠦᠷᠤᠯ ᠵᠦᠢᠯ ᠢ ᠲᠡᠮᠡᠴᠡᠨ ᠤᠯᠬᠤ ᠪᠠ ᠬᠡᠷᠡᠭᠵᠢᠬᠦᠯᠬᠦ ᠪᠠᠷ ᠲᠠᠮᠵᠢᠨ᠂ ᠭᠠᠳᠠᠨ᠎ᠠ ᠲᠤᠳᠤᠨ᠎ᠠ ᠶᠢ ᠨᠡᠪᠲᠡᠷᠡᠭᠦᠯᠤᠭ᠍ᠰᠡᠨ᠂ | ᠬᠤᠳᠠ ᠬᠦᠳᠡᠭᠡ ᠶᠢ ᠪᠦᠷᠭᠦᠭᠰᠠᠨ ᠶᠠᠷᠤᠩᠭᠡᠢ ᠵᠠᠮ ᠲᠡᠭᠡᠭᠡᠪᠤᠷᠢ ᠶᠢᠨ ᠲᠤᠤᠷ ᠢ ᠪᠠᠶᠢᠭᠤᠯᠤᠨ᠎ᠠ᠃ ᠵᠠᠮ ᠲᠡᠭᠡᠭᠡᠪᠤᠷᠢ᠂ | ᠨᠦᠬᠡᠴᠡᠯᠡᠨ ᠬᠦᠷᠭᠡᠬᠦ᠂ ᠪᠤᠯᠪᠠᠰᠤᠷᠠᠭᠤᠯᠤᠨ ᠬᠦᠢᠯᠭᠡᠯᠡᠬᠦ ᠪᠠ ᠰᠤᠷᠠᠭ ᠵᠠᠩᠬᠢ ᠶᠢᠨ ᠦᠢᠯᠡᠴᠢᠯᠡᠭᠡ ᠵᠡᠷᠭᠡ ᠴᠢᠳᠡᠪᠬᠢ | ᠶᠢᠨ ᠴᠢᠨᠠᠷᠲᠠᠢ ᠤᠳᠤᠬᠢᠴᠢᠯᠠᠭᠰᠠᠨ ᠡᠳ᠋ ᠪᠠᠷᠠᠭᠠᠨ ᠤ ᠬᠦᠢᠯᠭᠡᠭᠡᠨ ᠤ ᠲᠤᠭᠳᠠᠴᠠ ᠶᠢ ᠪᠦᠳᠤᠭᠡᠨ ᠪᠠᠶᠢᠭᠤᠯᠵᠤ᠂ ︽ | ᠰᠢᠨ᠎ᠡ ᠬᠦᠳᠡᠭᠡ ᠲᠤᠰᠬᠤᠨ ᠮᠠᠯᠵᠢᠬᠤ ᠤᠷᠤᠨ ᠤ ᠵᠠᠬ᠎ᠠ ᠲᠡᠯᠭᠡᠭᠦᠷ ᠤᠨ ᠲᠤᠣᠷ ᠤᠨ ᠢᠠᠵᠧᠨᠧᠷᠢᠩ︾ ᠪᠠ ︽ | ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠭᠡᠭᠦᠷ ᠤᠨ ᠢᠠᠵᠧᠨᠧᠷᠢᠩ︾ ᠤᠨ ᠪᠦᠳᠤᠭᠡᠨ ᠪᠠᠶᠢᠭᠤᠯᠤᠯᠲᠠ | ᠶᠢ ᠲᠦᠯᠬᠢᠨ ᠠᠬᠢᠭᠤᠯᠵᠤ᠂ ᠡᠳ᠋ ᠪᠠᠷᠠᠭᠠᠨ ᠤ ᠬᠦᠢᠯᠭᠡᠭᠡ ᠬᠦᠳᠡᠭᠡ ᠲᠤᠰᠬᠤᠨ ᠳᠤ ᠦᠷᠭᠡᠳᠭᠡᠬᠦ ᠶᠢ ᠪᠠᠶᠠᠯᠡᠬᠦᠯᠵᠤ᠂ | ᠲᠠᠷᠢᠶᠠᠴᠢᠨ ᠡᠷᠤᠭᠡ ᠶᠢᠨ ᠲᠡᠯᠭᠡᠭᠦᠷ ᠢ ᠠᠶᠢᠯ ᠲᠤᠰᠬᠤᠨ ᠳᠤ ᠲᠦᠭᠡᠯᠭᠡᠨᠡ᠃ ᠤᠰᠤᠨ ᠠᠰᠢᠭᠯᠠᠯᠲᠠ ᠶᠢᠨ | ᠢᠠᠵᠧᠨᠧᠷᠢᠩ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠂ ᠬᠠᠩᠭᠠᠯᠢ ᠤᠰᠤᠨ ᠴᠦᠭᠦᠷᠤᠮ ᠵᠡᠷᠭᠡ 6 | ᠤᠰᠤᠨ ᠴᠦᠭᠦᠷᠤᠮ ᠢ ᠤᠰᠤ ᠬᠤᠷᠠᠮᠳᠤᠭᠤᠯᠵᠤ ᠡᠵᠡᠩᠨᠡᠬᠦ ᠪᠠᠷᠢᠮᠵᠢᠶᠠᠨ ᠳᠤ ᠬᠦᠷᠭᠡᠵᠤ᠂ ᠶᠠᠷᠤᠩᠭᠡᠢ ᠴᠦᠭᠦᠷᠤᠮ ᠤᠨ | ᠪᠠᠭᠳᠠᠭᠠᠮᠵᠢ ᠶᠢ 1.9 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ ᠶᠠᠷᠤᠩᠭᠡᠢ ᠤᠰᠤ ᠬᠤᠷᠠᠮᠳᠤᠭᠤᠯᠬᠤ ᠲᠠᠯᠠᠪᠠᠢ | ᠶᠢ 7.55 ᠲᠦᠮᠡᠨ ᠮᠤ᠋ ᠤᠷᠴᠢᠮ ᠳᠤ ᠬᠦᠷᠭᠡᠨ᠎ᠡ᠃ ᠴᠠᠬᠢᠯᠭᠠᠨ ᠬᠠᠩᠭᠠᠬᠤ ᠲᠤᠤᠷ ᠤᠨ ᠲᠤᠭᠳᠠᠴᠠ ᠶᠢ | ᠲᠦᠷᠭᠡᠳᠭᠡᠨ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠲᠤᠤᠷ᠎ᠠ ᠬᠦᠴᠤᠳᠡᠯᠳᠤ ᠲᠤᠤᠷ ᠪᠠ | ᠴᠠᠬᠢᠯᠭᠠᠨ ᠬᠦᠴᠣᠳᠠᠯ ᠦᠭᠡᠷᠡᠴᠢᠯᠡᠬᠦ ᠦᠷᠳᠡᠭᠡ ᠶᠢᠨ ᠦᠭᠡᠷᠡᠴᠢᠯᠡᠨ ᠪᠠᠶᠢᠭᠤᠯᠤᠯᠲᠠ ᠶᠢᠨ ᠨᠤᠷᠮ᠎ᠠ ᠶᠢ 100% ᠳᠤ | ᠬᠦᠷᠤᠬᠦᠯᠤᠨ᠎ᠠ᠃ | ︵ᠲᠦᠷᠪᠠ︶ ᠠᠮᠢ ᠠᠬᠤᠢ ᠶᠢᠨ ᠪᠤᠯᠪᠠᠰᠤᠨ ᠬᠢᠭᠡᠳ ᠰᠤᠶᠤᠯ ᠵᠤᠭᠠᠴᠠᠯ ᠤᠨ ᠪᠠᠶᠢᠭᠤᠯᠤᠯᠲᠠ ᠶᠢ ᠪᠦᠬᠦ | ᠬᠦᠴᠤᠨ ᠢᠶᠠᠷ ᠠᠬᠢᠭᠤᠯᠵᠤ᠂ ᠰᠢᠳᠢ ᠰᠠᠶᠢᠬᠠᠨ ᠲᠤᠮᠳᠠᠳᠤ ᠬᠤᠰᠢᠭᠤ ᠶᠢ ᠪᠦᠳᠤᠭᠡᠨ ᠪᠠᠶᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠷᠪᠢᠯᠠᠬᠤ᠂ ᠬᠠᠮᠠᠭᠠᠯᠠᠬᠤ ᠢᠶᠠᠷ | ᠲᠡᠷᠢᠬᠦᠯᠡᠵᠤ᠂ ᠦᠪᠡᠰᠤᠪᠠᠨ ᠰᠡᠷᠬᠦᠬᠦ ᠪᠠᠷ ᠭᠤᠤᠯ ᠪᠤᠯᠭᠠᠬᠤ ᠴᠢᠭᠯᠡᠯᠲᠡ ᠶᠢ ᠪᠠᠷᠢᠮᠳᠠᠯᠠᠨ᠂ ᠤᠷᠴᠢᠨ ᠲᠤᠭᠤᠷᠢᠨ ᠤ | ᠮᠠᠭᠤᠳᠠᠬᠤ ᠬᠠᠨᠳᠤᠰᠢ ᠶᠢ ᠦᠠᠳᠤᠰᠤᠨ ᠲᠡᠭᠡᠨ ᠵᠠᠯᠠᠷᠠᠭᠤᠯᠵᠤ᠂ ᠪᠠᠶᠢᠭᠠᠯᠢ ᠶᠢᠨ ᠦᠪᠠᠰᠤᠪᠠᠨ ᠰᠡᠷᠭᠦᠭᠦ ᠨᠡᠩ ᠤᠯᠠᠨ | ᠤᠷᠤᠨ ᠵᠠᠢ ᠶᠢ ᠦᠯᠡᠳᠡᠭᠡᠵᠤ᠂ ᠤᠭᠳᠠᠷᠭᠤᠢ ᠴᠡᠯᠮᠡᠭ᠂ ᠬᠦᠷᠤᠰᠤ ᠨᠤᠭᠤᠭᠠᠨ᠂ ᠤᠰᠤ ᠴᠡᠪᠡᠷ᠂ ᠪᠡᠯᠴᠢᠭᠡᠷ ᠰᠢᠮᠡᠯᠢᠭ | ᠭᠤᠶᠤᠮᠰᠤᠭ ᠰᠠᠶᠢᠬᠠᠨ ᠭᠡᠷ ᠤᠷᠤᠨ ᠢ ᠪᠠᠶᠢᠭᠤᠯᠤᠨ᠎ᠠ᠃ ᠬᠤᠤᠯᠢᠨ ᠭᠤᠤᠯ ᠢ ᠲᠦᠰᠢᠭᠯᠡᠨ᠂ ᠤᠰᠤᠨ ᠤ ᠵᠤᠬᠢᠶᠠᠯ ᠢ | ᠰᠠᠶᠢᠳᠤᠷ ᠵᠤᠬᠢᠶᠠᠵᠤ᠂ ᠬᠤᠤᠯᠢᠨ ᠭᠤᠤᠯ ᠤᠨ ᠤᠰᠤᠨ ᠤ ᠵᠠᠮ ᠢ ᠵᠠᠰᠠᠬᠤ ᠬᠢᠭᠡᠳ ᠬᠦᠪᠡᠭᠡ ᠲᠠᠭᠠᠤ ᠦᠵᠡᠮᠵᠢᠳᠤ | ᠤᠷᠤᠨ ᠢ ᠪᠠᠶᠢᠭᠤᠯᠬᠤ ᠶᠢ ᠲᠦᠷᠭᠡᠳᠭᠡᠨ᠂ ᠪᠠᠶᠠᠠᠬᠤᠰᠢᠭᠤ ᠶᠢ ᠨᠡᠩ ᠰᠤᠷᠭᠤᠭ᠂ ᠠᠮᠢᠵᠢᠷᠠᠯ ᠤᠨ ᠬᠦᠴᠤᠨ ᠲᠠᠢ | ᠪᠤᠯᠭᠠᠨ᠎ᠠ᠃ ᠪᠠᠶᠢᠭᠠᠯᠢ ᠶᠢᠨ ᠤᠢ᠂ ᠪᠠᠶᠢᠭᠠᠯᠢ ᠶᠢᠨ ᠪᠡᠯᠴᠢᠭᠡᠷ ᠪᠠ ᠪᠠᠶᠢᠭᠠᠯᠢ ᠶᠢᠨ ᠴᠢᠬᠢᠭᠯᠢᠭ ᠭᠠᠵᠠᠷ ᠢ ᠬᠠᠮᠠᠭᠠᠯᠠᠬᠤ | ᠬᠦᠴᠤᠯᠠᠴᠡ ᠪᠠᠨ ᠴᠢᠩᠭᠠᠳᠬᠠᠵᠤ᠂ ︽ᠭᠤᠷᠪᠠᠨ ᠤᠮᠠᠷᠠᠳᠤ︾ ᠶᠢᠨ ᠬᠠᠯᠠᠨᠪᠴᠢ ᠤᠢ᠂ ᠲᠠᠷᠢᠶᠠᠯᠠᠬᠤ ᠶᠢ | ᠵᠤᠭᠰᠤᠭᠠᠵᠤ ᠤᠢ ᠶᠢ ᠰᠠᠷᠬᠦᠭᠡᠬᠦ᠂ ᠤᠯᠤᠰ ᠤᠨ ᠭᠤᠤᠯᠳᠠᠯᠭᠠᠲᠠᠢ ᠨᠠᠶᠢᠲᠡ ᠶᠢᠨ ᠠᠰᠢᠭᠲᠠᠢ ᠤᠢ ᠶᠢᠨ ᠪᠦᠳᠤᠭᠡᠨ | ᠪᠠᠶᠢᠭᠤᠯᠤᠯᠲᠠ ᠪᠠ ᠬᠤᠷᠴᠢᠨ ᠤ ᠡᠯᠡᠰᠡᠷᠭᠡᠭ ᠭᠠᠵᠠᠷ ᠢ ᠵᠠᠰᠠᠬᠤ ᠵᠡᠷᠭᠡ ᠠᠮᠢ ᠠᠬᠤᠢ ᠶᠢ ᠬᠠᠮᠠᠭᠠᠯᠠᠬᠤ ᠪᠠ ᠪᠦᠳᠤᠭᠡᠨ | ᠪᠠᠶᠢᠭᠤᠯᠬᠤ ᠢᠠᠵᠧᠨᠧᠷᠢᠩ ᠶᠢ ᠦᠷᠬᠦᠯᠵᠢᠯᠡᠨ ᠲᠦᠯᠬᠢᠨ ᠠᠬᠢᠭᠤᠯᠵᠤ᠂ ᠤᠢ ᠰᠢᠭᠤᠢ ᠶᠢᠨ ᠪᠦᠷᠭᠦᠴᠡ ᠶᠢ 17. | 85% ᠳᠤ ᠬᠦᠷᠭᠡᠨ᠎ᠡ᠃ ᠡᠯᠰᠡᠷᠡᠭᠵᠢᠭᠰᠡᠨ᠂ ᠮᠠᠭᠤᠲᠠᠭᠰᠠᠨ ᠨᠤᠳᠤᠭ ᠪᠡᠯᠴᠢᠭᠡᠷ ᠢ ᠬᠠᠮᠠᠭᠠᠯᠠᠬᠤ ᠪᠠ ᠵᠠᠰᠠᠬᠤ ᠶᠢ | ᠴᠢᠩᠭᠠᠳᠬᠠᠵᠤ᠂ ᠮᠠᠯᠵᠢᠬᠤ ᠶᠢ ᠵᠤᠭᠰᠤᠭᠠᠵᠤ ᠡᠪᠠᠰᠤ ᠲᠠᠷᠢᠬᠤ ᠬᠦᠴᠤᠯᠡᠴᠡ ᠪᠠᠨ ᠨᠠᠮᠡᠭᠳᠠᠭᠦᠯᠵᠤ᠂ ᠮᠠᠯᠵᠢᠬᠤ ᠶᠢ | ᠵᠤᠭᠰᠤᠭᠠᠵᠤ ᠬᠠᠰᠢᠶᠠᠯᠠᠨ ᠲᠡᠵᠢᠭᠡᠬᠦ ᠠᠷᠭ᠎ᠠ ᠠᠪᠴᠠᠯ ᠢ ᠴᠢᠩᠭ᠎ᠠ ᠬᠡᠷᠡᠭᠵᠢᠭᠦᠯᠵᠤ᠂ ᠨᠤᠳᠤᠭ ᠪᠡᠯᠴᠢᠭᠡᠷ ᠤᠨ | ᠲᠠᠭᠠᠭᠠᠵᠤ ᠴᠢᠳᠠᠬᠤᠶᠢᠴᠠ ᠮᠠᠯ ᠤᠨᠤᠭᠠᠨ ᠤ ᠲᠤᠭ᠎ᠠ ᠲᠤᠯᠤᠭᠠᠢ ᠶᠢ ᠲᠤᠬᠢᠷᠠᠮᠵᠢᠲᠠᠢ ᠲᠤᠭᠳᠠᠭᠠᠵᠤ᠂ ᠨᠤᠳᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠪᠠ ᠠᠮᠢ ᠠᠬᠤᠢ ᠶᠢᠨ ᠴᠢᠳᠠᠪᠬᠢ ᠶᠢ ᠰᠠᠷᠬᠦᠭᠡᠨ᠂ ᠨᠤᠳᠤᠭ ᠪᠡᠯᠴᠢᠭᠡᠷ ᠤᠨ | ᠤᠷᠭᠤᠮᠠᠯ ᠤᠨ ᠪᠦᠷᠭᠦᠴᠡ ᠶᠢ 45% ᠳᠤ ᠬᠦᠷᠭᠡᠨ᠎ᠡ᠃ | ᠰᠤᠶᠤᠯ ᠵᠤᠭᠠᠴᠠᠯ ᠤᠨ ᠪᠦᠳᠤᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠤᠯᠠᠨ ᠨᠡᠶᠢᠲᠠ ᠶᠢᠨ | ᠰᠤᠶᠤᠯ ᠲᠠᠮᠢᠷ ᠤᠨ ᠦᠢᠯᠡᠰ ᠢ ᠲᠠᠰᠤᠷᠠᠯᠲᠠ ᠦᠭᠡᠢ ᠲᠠᠮᠵᠢᠨ ᠲᠡᠭᠦᠯᠳᠡᠷᠵᠢᠬᠦᠯᠵᠤ᠂ ᠵᠤᠭᠠᠴᠠᠯ ᠤᠨ ᠦᠢᠯᠠᠰ ᠢ | ᠬᠦᠭᠵᠢᠭᠦᠯᠤᠨ᠂ ᠰᠤᠶᠤᠯ᠂ ᠲᠠᠮᠢᠷ᠂ ᠵᠤᠭᠠᠴᠠᠯ ᠤᠨ ᠰᠠᠶᠢᠳᠤᠷ ᠬᠦᠳᠡᠯᠤᠯᠴᠡᠬᠦ ᠶᠢ ᠪᠠᠶᠠᠯᠡᠬᠦᠯᠤᠨ᠎ᠡ᠃ ᠲᠦᠰᠢᠶᠠᠳᠤ | ᠸᠠᠩ ᠤᠨ ᠤᠷᠳᠤᠨ᠂ ᠪᠤᠭᠳᠠ ᠶᠢᠨ ᠰᠦᠮ᠎ᠡ᠂ ᠨᠤᠨ ᠠᠷᠪᠠᠨ ᠬᠤᠰᠢᠭᠤᠨ ᠤ ᠴᠢᠭᠤᠯᠭᠠᠨ ᠤ ᠭᠠᠵᠠᠷ᠂ ᠬᠤᠷᠴᠢᠨ | ᠴᠢᠬᠢᠭᠯᠢᠭ ᠭᠠᠵᠠᠷ ᠤᠨ ᠬᠠᠮᠠᠭᠠᠯᠠᠯᠲᠠ ᠶᠢᠨ ᠤᠷᠤᠨ᠂ ᠪᠠᠳᠤᠴᠠᠭᠠᠨ ᠵᠤᠭᠠᠴᠠᠯ ᠤᠨ ᠤᠷᠤᠨ᠂ ᠮᠦᠩᠭᠡ ᠬᠠᠨ ᠠᠭᠤᠯᠠ | ᠶᠢᠨ ᠬᠠᠮᠠᠭᠠᠯᠠᠯᠲᠠ ᠶᠢᠨ ᠤᠷᠤᠨ ᠵᠡᠷᠭᠡ ᠤᠠᠴᠠᠯᠢᠭᠳᠤ ᠵᠤᠭᠠᠴᠠᠯ ᠤᠨ ᠡᠬᠢ ᠪᠠᠶᠠᠯᠢᠭ ᠢ ᠬᠦᠢᠴᠡᠳ ᠨᠡᠭᠡᠭᠡᠨ | ᠬᠦᠭᠵᠢᠭᠦᠯᠤᠨ᠂ ᠦᠵᠡᠮᠵᠢ ᠶᠢᠨ ᠤᠷᠤᠨ ᠤ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠤᠨ᠂ | ᠦᠵᠡᠮᠵᠢ ᠶᠢᠨ ᠤᠷᠤᠨ ᠤ A ᠲᠡᠰ ᠡᠭᠦᠳᠤᠨ ᠴᠢᠨᠡᠷ ᠲᠡᠭᠡᠭᠰᠢᠭᠦᠯᠬᠦ ᠶᠢ ᠴᠢᠩᠭᠠᠳᠬᠠᠨ᠂ ᠰᠤᠳᠤᠨ ᠵᠤᠭᠠᠴᠠᠯ ᠤᠨ | ᠱᠤᠭᠤᠮ ᠢ ᠪᠦᠳᠤᠭᠡᠨ ᠪᠠᠶᠢᠭᠤᠯᠵᠤ᠂ ᠠᠮᠠᠷᠠᠨ ᠰᠡᠯᠡᠬᠦᠴᠡᠬᠦ᠂ ᠦᠠᠳᠤᠰᠤᠲᠠᠨ ᠤ ᠵᠠᠩ ᠠᠭᠠᠯᠢ᠂ ᠴᠢᠬᠢᠭᠯᠢᠭ ᠤᠷᠤᠨ | ᠤ ᠬᠠᠶᠢᠨ ᠰᠢᠠᠵᠢᠯᠡᠭᠡ ᠵᠡᠷᠭᠡ ᠭᠤᠤᠯ ᠰᠡᠳᠤᠪᠳᠤ ᠵᠤᠭᠠᠴᠠᠯ ᠢ ᠴᠢᠷᠮᠠᠶᠢᠨ ᠬᠦᠭᠵᠢᠬᠦᠯᠤᠨ᠎ᠡ᠃ ᠢᠳᠠᠵᠤ᠂ ᠠᠮᠠᠷᠠᠬᠤ᠂ | ᠠᠶᠠᠯᠠᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠭᠡᠯᠳᠤᠬᠦ ᠵᠡᠷᠭᠡ ᠦᠢᠯᠡᠴᠢᠯᠡᠭᠡᠨ ᠤ ᠦᠢᠯᠠᠰ ᠢ ᠲᠤᠪᠤᠶᠢᠯᠭᠠᠨ | ᠠᠳᠬᠤᠵᠤ᠂ ᠵᠤᠭᠠᠴᠠᠯ ᠤᠨ ᠵᠤᠴᠢᠯᠠᠬᠤ ᠲᠦᠪᠰᠢᠨ ᠢ ᠲᠡᠭᠡᠭᠰᠢᠯᠡᠬᠦᠯᠤᠨ᠂ ᠵᠤᠭᠠᠴᠠᠭᠰᠡᠳ ᠤᠨ ᠤᠯᠠᠨ ᠶᠠᠩᠵᠤᠳᠣ᠂ | ᠦᠪᠡᠷᠮᠢᠴᠡ ᠴᠢᠨᠠᠷᠳᠤ ᠬᠡᠷᠡᠭᠯᠡᠭᠡ ᠶᠢ ᠬᠠᠩᠭᠠᠨ᠎ᠠ᠃ ᠨᠡᠶᠢᠭᠡᠮ ᠤᠨ ᠬᠦᠴᠤᠨ ᠰᠤᠶᠤᠯ ᠤᠨ ᠦᠢᠯᠡᠰ ᠲᠤ ᠪᠡᠯᠡ | ᠤᠷᠤᠭᠤᠯᠬᠤ ᠶᠢ ᠵᠤᠷᠢᠭᠵᠢᠭᠤᠯᠵᠤ᠂ ᠪᠦᠬᠦ ᠤᠯᠤᠰ ᠤᠨ ᠲᠤᠮᠳᠠᠳᠤ ᠶᠢᠨ ᠬᠤᠷᠳᠤᠨ ᠮᠤᠷᠢᠨ ᠤ ᠤᠷᠤᠯᠳᠤᠭᠠᠨ᠂ | ᠲᠤᠮᠳᠠᠳᠤ ᠤᠯᠤᠰ᠂ ᠬᠤᠷᠴᠢᠨ ᠰᠤᠶᠤᠯ ᠤᠷᠠᠯᠢᠭ ᠤᠨ ᠨᠠᠶᠢᠷ ᠪᠠᠳᠤᠴᠠᠭᠠᠨ ᠤ ᠵᠤᠭᠠᠴᠠᠯ ᠤᠨ ᠰᠤᠶᠤᠯ ᠤᠷᠠᠯᠢᠭ ᠤᠨ | ᠨᠠᠶᠢᠷ ᠵᠡᠷᠭᠡ ᠤᠯᠠᠮᠵᠢᠯᠠᠯᠳᠤ ᠨᠠᠶᠢᠷ ᠨᠠᠭᠠᠳᠤᠮ ᠢ ᠡᠷᠭᠢᠯᠡᠨ᠂ ᠮᠤᠷᠢ ᠤᠷᠤᠯᠳᠤᠬᠤ ᠬᠦᠳᠠᠯᠭᠡᠭᠡᠨ ᠢ ᠬᠡᠪᠰᠢᠬᠦᠯᠬᠦ ᠶᠢ | ᠪᠡᠶᠡᠯᠡᠬᠦᠯᠤᠨ᠎ᠡ᠃ ᠤᠯᠠᠨ ᠨᠡᠶᠢᠲᠠ ᠶᠢᠨ ᠰᠤᠶᠤᠯ ᠢ ᠡᠭᠦᠳᠤᠨ ᠪᠦᠳᠤᠭᠡᠬᠦ ᠪᠠ ᠲᠡᠯᠭᠡᠷᠡᠬᠦᠯᠤᠨ ᠦᠢᠯᠡᠴᠢᠯᠡᠬᠦ ᠶᠢ | ᠶᠡᠬᠡᠪᠡᠷ ᠬᠦᠠᠳᠤᠳᠭᠡᠵᠤ᠂ ᠬᠦᠳᠡᠭᠡ ᠲᠤᠰᠬᠤᠨ ᠤ ᠰᠤᠶᠤᠯ᠂ ᠨᠠᠶᠢᠭᠡᠮ ᠲᠤᠭᠤᠷᠢᠭ ᠤᠨ ᠰᠤᠶᠤᠯ ᠬᠢᠭᠡᠳ ᠲᠠᠯᠠᠪᠠᠢ | ᠶᠢᠨ ᠰᠤᠶᠤᠯ ᠵᠡᠷᠭᠡ ᠤᠯᠠᠨ ᠨᠡᠶᠢᠲᠠ ᠶᠢᠨ ᠰᠤᠶᠤᠯ ᠢ ᠤᠯᠠᠮ ᠨᠢᠭᠡ ᠠᠯᠬᠤᠮ ᠬᠦᠭᠵᠢᠭᠦᠯᠤᠨ᠂ ᠰᠤᠶᠤᠯ ᠤᠨ ᠦᠷ᠎ᠡ | ᠪᠦᠳᠤᠭᠡᠯ ᠢ ᠠᠷᠠᠳ ᠤᠯᠠᠨ ᠳᠤ ᠬᠦᠢᠴᠡᠳ ᠬᠦᠷᠲᠡᠭᠡᠨ᠎ᠡ᠃ ᠰᠤᠶᠤᠯ ᠤᠨ ᠪᠦᠳᠤᠭᠡᠯ ᠢ ᠡᠭᠦᠳᠤᠨ ᠪᠦᠳᠤᠭᠡᠬᠦ ᠶᠢ | ᠤᠳᠤᠷᠢᠳᠤᠨ ᠵᠢᠯᠤᠭᠤᠳᠬᠤ ᠪᠠᠨ ᠴᠢᠩᠭᠠᠳᠬᠠᠵᠤ᠂ ᠨᠢᠭᠡ ᠪᠦᠯᠤᠭ᠌ ᠤᠳᠬ᠎ᠠ ᠤᠷᠠᠯᠢᠭ ᠤᠨ ᠰᠤᠳᠤᠨ ᠪᠦᠳᠤᠭᠡᠯ ᠢ | ᠦᠪᠡᠷᠲᠡᠭᠡᠨ ᠵᠠᠰᠠᠬᠤ ᠤᠷᠤᠨ ᠤ ︽ᠲᠠᠪᠤᠨ ᠨᠢᠭᠡ ᠢᠠᠵᠧᠨ᠋ᠷᠢᠩ︾ ᠤᠨ ᠱᠠᠩᠨᠠᠯ ᠳᠤ ᠡᠷᠭᠦᠨ ᠮᠡᠳᠠᠬᠦᠯᠵᠤ᠂ | ᠬᠤᠷᠴᠢᠨ ᠰᠤᠶᠤᠯ ᠤᠨ ᠨᠡᠷᠡᠳᠦ ᠲᠡᠮᠳᠡᠭ ᠢ ᠪᠦᠳᠤᠭᠡᠨ ᠪᠠᠶᠢᠭᠤᠯᠬᠤ ᠪᠠ ᠲᠡᠯᠭᠡᠷᠡᠭᠦᠯᠣᠨ᠂ ︽ᠪᠦᠬᠦ ᠤᠯᠤᠰ ᠤᠨ | ᠰᠤᠶᠤᠯ ᠲᠠᠮᠢᠷ ᠵᠤᠭᠠᠴᠠᠯ ᠤᠨ ᠲᠡᠷᠢᠭᠦᠨ ᠤ ᠬᠤᠰᠢᠭᠤ ︵ᠰᠢᠶᠠᠨ︶︾ ᠶᠢ ᠪᠦᠬᠦ ᠬᠦᠴᠤᠨ ᠢᠶᠠᠷ ᠴᠢᠷᠮᠠᠶᠢᠨ | ᠡᠭᠦᠳᠤᠨ᠎ᠡ᠃ | ︵ᠲᠠᠪᠤ︶ ᠨᠠᠶᠢᠭᠡᠮ ᠤᠨ ᠦᠢᠯᠡᠰ ᠤᠨ ᠵᠤᠬᠢᠴᠠᠩᠭᠤᠢ ᠬᠦᠭᠵᠢᠯᠲᠡ ᠶᠢ ᠪᠦᠬᠦ ᠬᠦᠴᠤᠨ ᠢᠶᠠᠷ ᠲᠦᠯᠬᠢᠨ | ᠠᠬᠢᠭᠤᠯᠵᠤ᠂ ᠡᠶ᠎ᠡ ᠵᠤᠬᠢᠴᠠᠩᠭᠤᠢ ᠲᠤᠮᠳᠠᠳᠤ ᠬᠤᠰᠢᠭᠤ ᠶᠢ ᠪᠦᠳᠤᠭᠡᠨ ᠪᠠᠶᠢᠭᠤᠯᠤᠨ᠎ᠠ᠃ | ᠰᠤᠷᠭᠠᠨ ᠬᠦᠮᠤᠵᠢᠯ ᠢ ᠤᠷᠢᠳᠠᠪᠡᠷ ᠬᠦᠭᠵᠢᠬᠦᠯᠵᠤ᠂ ᠬᠡᠪ ᠴᠢᠨᠠᠷ ᠤᠨ ᠰᠤᠷᠭᠠᠨ ᠬᠦᠮᠤᠵᠢᠯ ᠢ ᠪᠦᠬᠦ ᠲᠠᠯ᠎ᠠ ᠪᠠᠷ ᠢᠶᠠᠷ | ᠲᠦᠯᠬᠢᠨ ᠠᠬᠢᠭᠤᠯᠵᠤ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠢᠳᠡᠪᠬᠢᠲᠠᠢ ᠬᠦᠭᠵᠢᠭᠦᠯᠵᠤ᠂ | ᠠᠯᠪᠠᠨ ᠵᠢᠷᠤᠮ ᠤᠨ ᠰᠤᠷᠭᠠᠨ ᠬᠦᠮᠤᠵᠢᠯ ᠢ ᠲᠠᠩᠴᠡᠭᠦᠷᠢᠲᠠᠢ ᠬᠦᠭᠵᠢᠭᠦᠯᠵᠤ᠂ ᠦᠠᠳᠤᠰᠤᠲᠡᠨ ᠤ ᠰᠤᠷᠭᠠᠨ | ᠬᠦᠮᠤᠵᠢᠯ ᠢ ᠲᠡᠷᠢᠭᠦᠨ ᠳᠤ ᠬᠦᠭᠵᠢᠭᠦᠯᠵᠤ᠂ ᠦᠠᠳᠤᠷ ᠲᠤᠮᠳᠠᠳᠤ ᠶᠢᠨ ᠰᠤᠷᠭᠠᠨ ᠬᠦᠮᠤᠵᠢᠯ ᠢ ᠦᠷᠭᠡᠳᠭᠡᠨ | ᠲᠦᠭᠡᠮᠡᠯᠵᠢᠬᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠤᠵᠢᠯ ᠢ ᠶᠠᠬᠡᠪᠡᠷ ᠬᠦᠭᠵᠢᠬᠦᠯᠤᠨ᠂ ᠤᠠᠴᠠᠭᠠᠢ ᠰᠤᠷᠭᠠᠨ | ᠬᠦᠮᠤᠵᠢᠯ ᠢ ᠪᠦᠬᠦ ᠲᠡᠯ᠎ᠡ ᠪᠠᠷ ᠬᠦᠠᠳᠤᠳᠭᠡᠨᠡ᠃ 2017 ᠤᠨ ᠬᠦᠷᠬᠦ ᠳᠤ᠂ ᠰᠤᠷᠬᠤ ᠨᠠᠰᠤᠨ ᠠᠴᠠ ᠡᠮᠤᠨᠡᠬᠢ | ᠭᠤᠷᠪᠠᠨ ᠵᠢᠯ ᠤᠨ ᠬᠡᠣᠬᠡᠳ ᠴᠡᠴᠡᠷᠯᠢᠭ ᠲᠤ ᠤᠷᠤᠬᠤ ᠨᠤᠷᠮ᠎ᠠ ᠶᠢ 78% ᠳᠤ ᠬᠦᠷᠭᠡᠵᠤ᠂ ᠪᠠᠭ᠎ᠠ ᠰᠤᠷᠭᠠᠭᠤᠯᠢ | ᠳᠤ ᠤᠷᠤᠬᠤ ᠨᠤᠷᠮ᠎ᠠ ᠶᠢ 100% ᠳᠤ ᠬᠦᠷᠭᠡᠵᠤ᠂ ᠠᠩᠬ᠎ᠠ ᠲᠤᠮᠳᠠᠳᠤ ᠰᠤᠷᠭᠠᠭᠤᠯᠢ ᠳᠤ ᠤᠷᠤᠬᠤ ᠨᠤᠷᠮ᠎ᠠ ᠶᠢ | 99% ᠳᠤ ᠬᠦᠷᠭᠡᠵᠤ᠂ ᠦᠠᠳᠤᠷ ᠲᠤᠮᠳᠠᠳᠤ ᠰᠤᠷᠭᠠᠭᠤᠯᠢ ᠳᠤ ᠤᠷᠤᠬᠤ ᠨᠤᠷᠮ᠎ᠠ ᠶᠢ 90% ᠬᠦᠷᠭᠡᠨ᠎ᠡ᠃ | ᠰᠤᠷᠭᠠᠭᠤᠯᠢ ᠶᠢᠨ ᠪᠠᠷᠢᠮᠵᠢᠶᠠᠳᠤ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠦᠮᠤᠵᠢᠯ ᠤᠨ ᠡᠬᠢ | ᠪᠠᠶᠠᠯᠢᠭ ᠢ ᠵᠤᠬᠢᠰᠲᠠᠢ ᠲᠤᠬᠢᠷᠠᠭᠤᠯᠵᠤ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠬᠦᠳᠡᠯᠭᠡᠭᠡᠨ | ᠤ ᠲᠠᠯᠠᠪᠤᠷ ᠤᠨ ᠪᠦᠳᠤᠭᠡᠨ ᠪᠠᠶᠢᠭᠤᠯᠤᠯᠲᠠ ᠶᠢ ᠬᠦᠠᠳᠤᠳᠭᠡᠨᠡ᠃ ᠠᠮᠢᠳᠤᠷᠠᠯ ᠬᠦᠴᠢᠷᠲᠠᠢ ᠰᠤᠷᠤᠭᠴᠢᠳ ᠢ | ᠲᠡᠳᠭᠦᠭᠦ ᠬᠢᠷᠢ ᠬᠡᠮᠵᠢᠶ᠎ᠡ ᠶᠢ ᠦᠨᠡᠭᠡᠷ ᠲᠡᠭᠡᠭᠰᠢᠯᠡᠭᠦᠯᠵᠤ᠂ ᠰᠤᠷᠭᠠᠨ ᠬᠦᠮᠤᠵᠢᠯ ᠤᠨ ᠡᠷᠭᠡ ᠲᠡᠭᠰᠢ ᠶᠢ ᠶᠠᠭᠡᠪᠡᠷ | ᠠᠬᠢᠭᠤᠯᠤᠨ᠎ᠠ᠃ | ᠠᠵᠢᠯ ᠤᠯᠭᠤᠬᠤ ᠲᠠᠬᠢᠨ ᠠᠵᠢᠯ ᠤᠯᠭᠤᠬᠤ ᠶᠢ ᠴᠢᠩᠭᠠᠳᠬᠠᠵᠤ᠂ ᠦᠢᠯᠡᠰ ᠪᠦᠳᠤᠭᠡᠬᠦ ᠶᠢ ᠵᠤᠷᠢᠭᠵᠢᠭᠤᠯᠬᠤ | ᠲᠤᠭᠳᠠᠴᠠ ᠬᠢᠭᠡᠳ ᠲᠡᠮᠵᠢᠬᠦ ᠲᠦᠷᠢᠮ ᠢ ᠤᠯᠠᠮ ᠨᠢᠭᠡ ᠠᠯᠬᠤᠮ ᠲᠡᠬᠦᠯᠳᠡᠷᠵᠢᠭᠦᠯᠵᠤ᠂ ᠤᠯᠠᠨ ᠠᠷᠭ᠎ᠠ ᠵᠠᠮ ᠢᠶᠠᠷ | ᠠᠵᠢᠯ ᠤᠨ ᠪᠠᠶᠢᠷᠢ ᠡᠭᠦᠳᠴᠤ᠂ ᠶᠡᠭᠡ ᠰᠤᠷᠭᠠᠭᠤᠯᠢ ᠶᠢᠨ ᠤᠶᠤᠲᠠᠨ ᠠᠵᠢᠯ ᠤᠯᠵᠤ ᠦᠢᠯᠡᠰ ᠪᠦᠳᠤᠭᠡᠬᠦ ᠶᠢ | ᠲᠡᠮᠵᠢᠬᠦ ᠬᠦᠴᠤᠯᠡᠴᠡ ᠪᠠᠨ ᠴᠢᠩᠭᠠᠳᠬᠠᠵᠤ᠂ ᠬᠦᠳᠡᠯᠮᠤᠷᠢ ᠬᠦᠴᠤᠨ ᠤ ᠠᠵᠤ ᠠᠬᠤᠢ ᠶᠢ ᠲᠦᠯᠬᠢᠨ ᠠᠬᠢᠭᠤᠯᠵᠤ᠂ | ᠬᠤᠳᠠ ᠪᠠᠯᠭᠠᠰᠤᠨ ᠤ ᠠᠵᠢᠯ ᠠᠯᠳᠠᠬᠤ ᠨᠤᠷᠮ᠎ᠠ ᠶᠢ 4.2% ᠤᠨ ᠲᠤᠳᠤᠷ᠎ᠠ ᠬᠢᠵᠠᠭᠠᠷᠯᠠᠨ᠎ᠠ᠃ ᠬᠤᠳᠠ ᠬᠦᠳᠡᠭᠡ | ᠶᠢ ᠪᠦᠷᠬᠦᠭᠰᠡᠨ ᠨᠡᠶᠢᠭᠡᠮ ᠤᠨ ᠪᠠᠳᠤᠯᠠᠭ᠎ᠠ ᠶᠢᠨ ᠲᠤᠭᠳᠠᠴᠠ ᠶᠢ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠨᠡᠶᠢᠭᠡᠮᠴᠢᠯᠡᠭᠰᠡᠨ ᠨᠠᠰᠤᠳᠠᠨ ᠢ ᠠᠰᠠᠷᠠᠬᠤ ᠪᠠᠳᠤᠯᠠᠭ᠎ᠠ ᠶᠢᠨ ᠪᠠᠳᠤᠯᠠᠬᠤ ᠶᠤᠰᠤᠲᠠᠢ ᠪᠦᠬᠦᠨ ᠳᠤ | ᠪᠠᠳᠤᠯᠠᠭ᠎ᠠ ᠦᠵᠡᠭᠦᠯᠤᠨ᠎ᠡ᠃ ᠬᠤᠳᠠ ᠬᠦᠳᠡᠭᠡ ᠶᠢᠨ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮᠵᠢ ᠶᠢᠨ ᠪᠦᠳᠤᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠤᠷ᠎ᠠ ᠪᠠᠳᠤᠯᠠᠭᠠᠳᠤ ᠡᠳᠡᠭᠡᠳ᠂ ᠲᠠᠪᠤᠨ ᠪᠠᠳᠤᠯᠭᠠᠳᠤ ᠡᠷᠤᠭᠡ᠂ | ᠬᠤᠳᠠ ᠪᠠᠯᠭᠠᠰᠤᠨ ᠤ ︽ᠭᠤᠷᠪᠠᠨ ᠦᠭᠡᠢ︾ ᠬᠦᠮᠤᠰ ᠬᠢᠭᠡᠳ ᠦᠨᠤᠴᠢᠨ ᠬᠡᠤᠬᠡᠳ ᠤᠨ ᠨᠦᠬᠦᠪᠤᠷᠢ ᠮᠦᠩᠬᠦ ᠶᠢᠨ | ᠨᠡᠮᠡᠭᠳᠠᠬᠦ ᠵᠤᠬᠢᠴᠠᠮᠵᠢ ᠶᠢ ᠪᠦᠷᠢᠯᠳᠤᠬᠦᠯᠤᠨ᠎ᠡ᠃ ᠪᠠᠳᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠢᠠᠵᠧᠨᠧᠷᠢᠩ ᠢ | ᠪᠦᠬᠦ ᠬᠦᠴᠤᠨ ᠶᠢᠨ ᠬᠡᠷᠡᠭᠵᠢᠬᠦᠯᠵᠤ᠂ ᠤᠯᠠᠨ ᠲᠡᠭᠲᠡᠷᠳᠤ ᠰᠠᠭᠤᠬᠤ ᠭᠡᠷ ᠬᠠᠩᠭᠠᠬᠤ ᠪᠠ ᠪᠠᠳᠤᠯᠠᠭ᠎ᠠ ᠶᠢᠨ | ᠲᠤᠭᠳᠠᠴᠠ ᠶᠢ ᠪᠠᠶᠢᠭᠤᠯᠵᠤ᠂ ᠠᠳᠠᠯᠢ ᠪᠤᠰᠤ ᠤᠷᠤᠯᠭ᠎ᠠ ᠲᠠᠢ ᠭᠡᠷ ᠪᠦᠯᠢ ᠶᠢᠨ ᠤᠷᠤᠨ ᠰᠠᠭᠤᠴᠠ ᠶᠢᠨ | ᠱᠠᠭᠠᠷᠲᠠᠯᠭ᠎ᠠ ᠶᠢ ᠬᠠᠩᠭᠠᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ | ᠬᠦᠠᠵᠡᠭᠡᠷᠡᠭᠦᠯᠵᠤ᠂ ᠤᠯᠠᠨ ᠨᠡᠶᠢᠲᠡ ᠶᠢᠨ ᠦᠠᠳᠤᠰᠤᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠲᠡᠩᠴᠡᠭᠦᠷᠢᠰᠢᠭᠦᠯᠵᠤ᠂ ᠠᠷᠠᠳ ᠤᠯᠠᠨ ᠤ ᠦᠠᠳᠤᠰᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ | ᠱᠠᠭᠠᠷᠲᠠᠯᠭ᠎ᠠ ᠶᠢ ᠬᠠᠩᠭᠠᠨ᠎ᠠ᠃ ᠬᠤᠳᠠ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠳᠤᠯᠠᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠪᠦᠷᠭᠦᠴᠡ ᠶᠢ ᠦᠷᠭᠡᠳᠭᠡᠨ᠂ ᠤᠯᠠᠨ | ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠠᠢ ᠠᠰᠠᠭᠤᠳᠠᠯ ᠢ ᠪᠠᠳᠤᠲᠠᠢ ᠰᠢᠢᠳᠪᠤᠷᠢᠯᠡᠨ᠎ᠡ᠃ ᠢᠳᠡᠭᠡᠨ᠂ ᠡᠮ | ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠤᠬᠢᠴᠠᠩᠭᠤᠢ ᠲᠤᠭᠳᠠᠮᠵᠢ ᠶᠢ ᠲᠡᠭᠦᠯᠳᠡᠷᠵᠢᠭᠦᠯᠤᠨ᠂ ᠢᠳᠡᠭᠡᠨ᠂ ᠡᠮ | ᠤᠨ ᠵᠠᠬ᠎ᠠ ᠲᠡᠯᠭᠡᠭᠦᠷ ᠢ ᠴᠡᠪᠡᠷᠰᠢᠭᠦᠯᠤᠨ᠂ ᠠᠷᠠᠳ ᠲᠦᠮᠡᠨ ᠤ ᠢᠳᠡᠭᠡᠨ ᠤᠮᠳᠠᠭᠠᠨ᠂ ᠡᠮ ᠲᠤᠮ ᠤᠨ ᠠᠮᠤᠷ | ᠲᠦᠪᠰᠢᠨ ᠢ ᠪᠠᠳᠤᠯᠠᠨ᠎ᠠ᠃ ᠮᠤᠩᠭᠤᠯ ᠬᠢᠳᠡᠳ ᠡᠮ ᠢ ᠰᠤᠳᠤᠯᠤᠨ ᠬᠦᠭᠵᠢᠬᠦᠯᠬᠦ ᠶᠢ ᠲᠡᠳᠭᠦᠵᠤ᠂ ᠮᠤᠩᠭᠤᠯ | ᠬᠢᠳᠡᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ | ᠬᠦᠮᠤᠨ ᠠᠮᠠ ᠪᠠ ᠲᠦᠯᠦᠪᠯᠡᠬᠡᠳᠦ ᠦᠷᠡᠵᠢᠯ ᠤᠨ ᠠᠷᠠᠳ ᠳᠤ ᠠᠰᠢᠭ ᠬᠦᠷᠲᠡᠭᠡᠬᠦ ᠢᠨᠵᠧᠨᠧᠷᠢᠩ ᠢ | ᠡᠷᠴᠢᠮᠲᠠᠢ ᠶᠠᠪᠤᠭᠤᠯᠤᠨ᠂ ᠲᠤᠤᠷ᠎ᠠ ᠦᠷᠡᠵᠢᠯ ᠤᠨ ᠲᠦᠪᠰᠢᠨ ᠢ ᠲᠤᠭᠳᠠᠪᠤᠷᠢᠵᠢᠭᠤᠯᠵᠤ᠂ ᠬᠦᠮᠤᠨ ᠠᠮᠠ ᠶᠢᠨ | ᠠᠶᠠᠳᠠᠭᠠᠨ ᠦᠰᠤᠯᠲᠡ ᠶᠢᠨ ᠨᠤᠷᠮ᠎ᠠ ᠶᠢ 9‰ ᠶᠢᠨ ᠲᠤᠳᠤᠷ᠎ᠠ ᠬᠢᠵᠠᠭᠠᠷᠯᠠᠨ᠎ᠠ᠃ ᠬᠤᠳᠠ ᠬᠦᠳᠡᠭᠡ ᠶᠢ ᠪᠦᠷᠭᠦᠭᠰᠡᠨ | ᠷᠡᠳᠢᠣ᠋ ᠲᠧᠯᠸᠢᠰ ᠤᠨ ᠤᠯᠠᠨ ᠨᠠᠶᠢᠲᠡᠴᠢ ᠦᠢᠯᠡᠴᠢᠯᠡᠭᠡ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠷᠡᠳᠢᠣ᠋ ᠲᠧᠯᠸᠢᠰ | ᠤᠨ ᠮᠤᠩᠭᠤᠯ ᠬᠡᠯᠡᠨ ᠤ ᠲᠠᠮᠵᠢᠭᠤᠯᠭ᠎ᠠ ᠶᠢᠨ ᠲᠦᠪ ᠬᠢᠭᠡᠳ ᠬᠤᠳᠠ ᠶᠢᠨ ᠺᠢᠨᠣ᠋ ᠶᠢᠨ ᠤᠷᠳᠤᠨ ᠢ ᠡᠬᠢᠯᠡᠨ | ᠪᠠᠶᠢᠭᠤᠯᠤᠨ᠎ᠠ᠃ ᠷᠡᠳᠢᠣ᠋ ᠲᠧᠯᠸᠢᠰ ᠤᠨ ︽ᠡᠷᠤᠬᠡ ᠡᠷᠤᠬᠡ ᠳᠤ ᠨᠡᠪᠳᠡᠷᠡᠬᠦ︾ ᠢᠠᠵᠧᠨᠧᠷᠢᠩ ᠢ ᠭᠦᠠᠵᠡᠭᠡᠶᠢᠷᠡᠨ | ᠠᠬᠢᠭᠤᠯᠵᠤ᠂ ᠤᠷᠤᠨ ᠨᠤᠳᠤᠭ ᠤᠨ ᠲᠧᠯᠸᠢᠰ ᠨᠡᠪᠲᠡᠷᠡᠭᠦᠯᠭᠡ ᠶᠢᠨ ᠪᠦᠷᠭᠦᠴᠡ ᠶᠢ 100% ᠳᠤ ᠭᠦᠷᠭᠡᠨ᠎ᠡ᠃ | ᠭᠤᠷᠪᠠ᠂ 2013 ᠤᠨ ᠤ ᠭᠤᠤᠯᠳᠠᠯᠭᠠᠳᠣ ᠠᠵᠢᠯ | 2013 ᠣᠨ ᠳᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠵᠢᠨᠵᠢᠱᠢᠭᠰᠡᠨ ᠭᠤᠤᠯ | ᠬᠦᠢᠴᠡᠳᠭᠡᠯ ᠲᠤᠭ᠎ᠠ ᠪᠤᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 57.6 ᠳ᠋ᠦᠩᠰᠢᠭᠤᠷ | ᠲᠦᠭᠦᠷᠢᠭ ᠲᠤ ᠬᠦᠷᠭᠡᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠬᠦᠯᠦᠨ᠎ᠡ᠃ ᠡᠳ᠋ ᠤᠨ ᠵᠠᠰᠠᠭ | ᠤᠨ ᠣᠷᠣᠯᠭ᠎ᠠ ᠶᠢ 3.58 ᠳ᠋ᠦᠩᠰᠢᠭᠤᠷ ᠲᠦᠭᠦᠷᠢᠭ ᠲᠤ ᠬᠦᠷᠭᠡᠵᠤ᠂ ᠠᠳᠠᠯᠢ ᠬᠤᠭᠤᠴᠠᠭᠠᠨ ᠤ ᠬᠢ ᠠᠴᠠ 17% | ᠪᠠᠷ ᠨᠡᠮᠡᠭᠳᠡᠬᠦᠯᠦᠨ᠎ᠡ᠃ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 92 ᠳ᠋ᠦᠩᠰᠢᠭᠤᠷ ᠲᠦᠭᠦᠷᠢᠭ ᠲᠤ | ᠬᠦᠷᠭᠡᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠬᠦᠯᠦᠨ᠎ᠡ᠃ ᠨᠡᠶᠢᠭᠡᠮ ᠤᠨ ᠬᠡᠷᠡᠭᠯᠡᠬᠡᠨ ᠤ | ᠵᠦᠢᠯ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 15 ᠳ᠋ᠦᠩᠰᠢᠭᠤᠷ ᠲᠦᠭᠦᠷᠢᠭ ᠲᠤ ᠬᠦᠷᠭᠡᠵᠤ᠂ ᠠᠳᠠᠯᠢ | ᠬᠤᠭᠤᠴᠠᠭᠠᠨ ᠤ ᠬᠢ ᠠᠴᠠ 11% ᠪᠠᠷ ᠨᠡᠮᠡᠳᠡᠭᠦᠯᠦᠨᠡ᠃ ᠬᠤᠳᠠ ᠪᠠᠯᠭᠠᠰᠣᠨ ᠤ ᠰᠠᠭᠤᠭᠠᠯᠢ ᠠᠷᠠᠳ ᠤᠨ | ᠬᠦᠮᠦᠨ ᠪᠦᠷᠢ ᠶᠢᠨ ᠡᠵᠡᠮᠳᠡᠵᠤ ᠪᠤᠯᠬᠤᠶᠢᠴᠠ ᠤᠷᠤᠯᠭ᠎ᠠ ᠶᠢ 16500 ᠲᠦᠬᠦᠷᠢᠭ ᠲᠤ ᠬᠦᠷᠭᠡᠵᠤ᠂ ᠠᠳᠠᠯᠢ | ᠬᠤᠭᠤᠴᠠᠭᠠᠨ ᠤ ᠬᠢ ᠠᠴᠠ 17% ᠪᠠᠷ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠴᠡᠪᠡᠷ | ᠤᠷᠤᠯᠭ᠎ᠠ ᠶᠢ 5520 ᠲᠦᠭᠦᠷᠢᠭ ᠳᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 17% ᠪᠠᠷ | ᠨᠡᠮᠡᠭᠳᠡᠭᠦᠯᠦᠨ᠎ᠡ᠃ | 2013 ᠤᠨ ᠳᠤ᠂ ᠪᠢᠳᠠ ᠲᠤᠤᠷᠠᠬᠢ ᠬᠡᠳᠦᠨ ᠲᠠᠯ᠎ᠠ ᠶᠢᠨ ᠠᠵᠢᠯ ᠢ ᠬᠦᠴᠦᠲᠡᠢ ᠠᠳᠬᠤᠨ᠎ᠠ᠃ | ︵ᠨᠢᠭᠡ︶ ᠠᠵᠤ ᠦᠢᠯᠡᠳᠪᠦᠷᠢ ᠶᠢᠨ ᠳᠤᠯᠭᠠᠭᠤᠷᠢᠯᠠᠬᠤ ᠬᠦᠴᠦᠨ ᠢ ᠴᠢᠩᠭᠠᠷᠠᠭᠤᠯᠬᠤ ᠳᠡᠭᠡᠷ᠎ᠡ ᠰᠢᠨ᠎ᠡ | ᠠᠬᠢᠴᠠ ᠲᠠᠢ ᠪᠤᠯᠤᠨ᠎ᠠ | ︽ᠪᠤᠯᠵᠤᠭᠰᠠᠨ ᠲᠦᠷᠦᠯ ᠵᠦᠢᠯ ᠢ ᠠᠵᠢᠯ ᠡᠬᠢᠯᠡᠬᠦᠯᠦᠨ᠂ ᠠᠵᠢᠯ ᠡᠬᠢᠯᠡᠬᠦᠯᠦᠭᠰᠡᠨ ᠲᠦᠷᠦᠯ ᠵᠦᠢᠯ ᠢ | ᠠᠰᠢᠭᠯᠠᠯᠳᠠ ᠳᠤ ᠤᠷᠤᠭᠤᠯᠵᠤ᠂ ᠠᠰᠢᠭᠯᠠᠯᠳᠠ ᠳᠤ ᠤᠷᠤᠭᠰᠠᠨ ᠲᠦᠷᠦᠯ ᠵᠦᠢᠯ ᠢ ᠦᠢᠯᠡᠳᠭᠦᠨ ᠲᠠᠢ ᠪᠤᠯᠭᠠᠵᠤ᠂ | ᠦᠢᠯᠡᠳᠭᠦᠨ ᠲᠠᠢ ᠲᠦᠷᠦᠯ ᠵᠦᠢᠯ ᠢ ᠦᠷ᠎ᠡ ᠠᠰᠢᠭ ᠭᠠᠷᠭᠠᠬᠤ︾ ᠰᠡᠳᠬᠢᠴᠡ ᠶᠤᠰᠤᠭᠠᠷ᠂ 2013 ᠤᠨ ᠳᠤ᠂ | ᠮᠢᠩᠭᠠᠨ ᠲᠦᠮᠡᠨ ᠲᠦᠭᠦᠷᠢᠭ ᠠᠴᠠ ᠲᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠢ | 14 ᠭᠡᠷᠡᠭᠵᠢᠬᠦᠯᠵᠤ᠂ ᠶᠡᠷᠦᠩᠬᠡᠢ ᠪᠡᠯᠡ ᠤᠷᠤᠭᠤᠯᠤᠯᠲᠠ ᠶᠢ 209.4 ᠳ᠋ᠦᠩᠰᠢᠭᠤᠷ ᠲᠦᠭᠦᠷᠢᠭ ᠲᠤ ᠬᠦᠷᠭᠡᠨ᠎ᠡ᠃ | ᠡᠬᠦᠨ ᠳᠤ᠂ ᠦᠷᠬᠦᠯᠵᠢᠯᠡᠨ ᠪᠠᠶᠢᠭᠤᠯᠬᠤ ᠲᠦᠷᠦᠯ ᠵᠦᠢᠯ 9᠂ ᠰᠢᠨ᠎ᠡ ᠪᠠᠷ ᠪᠠᠶᠢᠭᠤᠯᠬᠤ ᠳᠦᠷᠦᠯ ᠵᠦᠢᠯ 5 | ᠪᠠᠶᠢᠵᠤ᠂ ᠠᠷᠪᠠᠨ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ 5᠂ ᠮᠢᠩᠭᠠᠨ ᠲᠦᠮᠡᠨ ᠲᠦᠬᠦᠷᠢᠭ | ᠠᠴᠠ ᠳᠡᠭᠡᠭᠰᠢ ᠠᠷᠪᠠᠨ ᠳ᠋ᠦᠩᠰᠢᠭᠤᠷ ᠲᠦᠭᠦᠷᠢᠭ ᠠᠴᠠ ᠳᠤᠷᠤᠭᠰᠢᠬᠢ ᠲᠦᠷᠦᠯ ᠵᠦᠢᠯ 9 ᠪᠠᠶᠢᠨ᠎ᠠ᠃ ᠬᠡᠪᠴᠢᠶᠡᠵᠢᠯ | ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠤ ᠠᠬᠤᠶᠢᠯᠠᠯ ᠢ 5 ᠨᠡᠮᠡᠭᠳᠡᠭᠦᠯᠵᠦ᠂ ᠬᠡᠪᠴᠢᠶᠡᠵᠢᠯ ᠠᠴᠠ | ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠢ 12.35 ᠳ᠋ᠦᠩᠰᠢᠭᠤᠷ ᠲᠦᠭᠦᠷᠢᠭ ᠪᠡᠶᠡᠯᠡᠬᠦᠯᠵᠦ᠂ | ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠭᠦᠯᠦᠨ᠎ᠡ᠃ | ᠰᠢᠨ᠎ᠡ ᠮᠠᠶ᠋ᠢᠭ ᠤᠨ ᠨᠡᠬᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠺᠧ ᠵᠢᠶᠧ ᠵᠢᠯ ᠳᠤ 1100 ᠲᠦᠮᠡᠨ ᠳᠤᠨ᠂ ᠲᠢᠶᠠᠨ ᠼᠧ ᠵᠢᠯ ᠳᠤ 500 | ᠲᠦᠮᠡᠨ ᠳᠤᠨ ᠬᠦᠷᠡᠩ ᠨᠡᠬᠦᠷᠡᠰᠦ ᠶᠢ ᠳᠤᠤᠷ᠎ᠠ ᠳᠤᠯᠠᠭᠠᠨ ᠢᠶᠠᠷ ᠢᠯᠭᠠᠷᠠᠭᠤᠯᠬᠤ ᠳᠦᠷᠦᠯ ᠵᠦᠢᠯ ᠤᠨ ᠭᠤᠤᠯ | ᠴᠤᠭᠴᠠ ᠶᠢᠨ ᠢᠨᠵᠧᠨᠧᠷᠢᠩ ᠢ ᠠᠵᠢᠯ ᠡᠬᠢᠯᠡᠬᠦᠯᠦᠨ ᠪᠦᠲᠦᠬᠡᠨ ᠪᠠᠶᠢᠭᠤᠯᠤᠨ᠎ᠠ᠃ ᠴᠧᠨ ᠯᠥᠩ ᠵᠢᠯ ᠳᠤ 200 | ᠲᠦᠮᠡᠨ ᠲᠤᠨ ᠨᠡᠭᠦᠷᠡᠰᠦ ᠶᠢ ᠴᠡᠪᠡᠷᠰᠢᠬᠦᠯᠬᠦ ᠲᠦᠷᠦᠯ ᠵᠦᠢᠯ ᠤᠨ ᠬᠤᠶᠠᠳᠣᠭᠠᠷ ᠬᠤᠭᠤᠴᠠᠭᠠᠨ ᠤ ᠬᠠᠭᠤᠷᠠᠢ | ᠨᠡᠷᠡᠯᠲᠡ ᠶᠢᠨ ᠢᠨᠵᠧᠨᠧᠷᠢᠩ ᠢ ᠳᠡᠭᠡᠷ᠎ᠡ ᠬᠠᠭᠠᠰ ᠵᠢᠯ ᠳᠤ ᠳᠦᠬᠦᠭᠡᠷᠦᠮᠵᠢ ᠣᠭᠰᠠᠷᠠᠭᠤᠯᠵᠤ ᠳᠣᠷᠰᠢᠨ | ᠦᠢᠯᠡᠳᠪᠦᠷᠢᠯᠡᠨ᠎ᠡ᠃ ᠱᠧᠩ ᠲᠠᠢ ᠵᠢᠯ ᠳᠤ 100 ᠲᠦᠮᠡᠨ ᠲᠤᠨ ᠨᠡᠭᠦᠷᠡᠰᠤᠨ ᠮᠧᠲ᠋ᠢᠯ ᠠᠯᠺᠤᠤᠯ᠂ 30 ᠲᠦᠮᠡᠨ | ᠲᠤᠨ ᠬᠤᠶᠠᠷ ᠮᠧᠲ᠋ᠢᠯᠳᠤ ᠡᠲ᠋ᠧᠷ ᠦᠢᠯᠡᠳᠪᠦᠷᠢᠯᠡᠬᠦ ᠲᠦᠷᠦᠯ ᠵᠦᠢᠯ ᠢ ᠴᠢᠳᠠᠬᠤ ᠶᠢᠨ ᠬᠢᠷᠢ ᠪᠠᠷ ᠠᠵᠢᠯ ᠡᠬᠢᠯᠡᠬᠦᠯᠦᠨ | ᠪᠦᠲᠦᠭᠡᠨ ᠪᠠᠶᠢᠭᠤᠯᠤᠨ᠎ᠠ᠃ | ᠰᠢᠨ᠎ᠡ ᠮᠠᠶ᠋ᠢᠭ ᠤᠨ ᠡᠨᠧᠷᠬᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ | ᠯᠥᠩ ᠶᠤᠸᠠᠨ ᠬᠤᠶᠠᠳᠣᠭᠠᠷ ᠬᠤᠭᠤᠴᠠᠭ᠎ᠠ᠂ ᠶᠢᠤ ᠨᠢᠩ᠂ ᠲᠢᠶᠠᠨ ᠶᠢᠥ ᠵᠡᠷᠭᠡ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠳᠣᠳᠠᠢ ᠠᠬᠢᠭᠤᠯᠵᠤ᠂ ᠵᠢᠯ ᠳᠤ᠂ ᠰᠠᠯᠬᠢᠨ | ᠬᠦᠴᠦᠨ ᠢᠶᠠᠷ ᠴᠬᠢᠯᠭᠠᠨ ᠭᠠᠷᠭᠠᠬᠤ ᠮᠠᠰᠢᠨ ᠤᠭᠰᠠᠷᠠᠮᠵᠢ ᠶᠢᠨ ᠪᠠᠭᠳᠠᠭᠠᠮᠵᠢ ᠶᠢ 10 ᠲᠦᠮᠡᠨ ᠺᠢᠯᠤᠸ᠋ᠲ ᠠᠴᠠ | ᠳᠡᠭᠡᠭᠰᠢ ᠬᠦᠷᠭᠡᠨ᠎ᠡ᠃ ᠮᠤᠤᠡᠣᠰᠣ ᠶᠢᠨ ᠠᠮᠢᠳᠣ ᠪᠤᠳᠠᠰ ᠢᠶᠠᠷ ᠴᠡᠬᠢᠯᠭᠠᠨ ᠭᠠᠷᠭᠠᠬᠤ ᠵᠢᠴᠢ ᠡᠷᠬᠢᠬᠦᠯᠬᠡ ᠵᠠᠮᠬᠠᠭ | ᠲᠡᠵᠢᠭᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠺᠧ ᠶᠧᠦ ᠵᠦᠩ 2 | × 60 ᠲᠦᠮᠡᠨ ᠺᠢᠯᠤᠸᠠᠲ ᠤᠨ ᠴᠠᠭᠢᠯᠭᠠᠨ ᠦᠢᠯᠡᠳᠪᠦᠷᠢ ᠶᠢᠨ ᠲᠦᠷᠦᠯ ᠵᠦᠢᠯ ᠢ ᠴᠢᠳᠠᠬᠤ ᠶᠢᠨ ᠬᠢᠷᠢ ᠪᠠᠷ | ᠠᠵᠢᠯ ᠡᠬᠢᠯᠡᠬᠦᠯᠦᠨ ᠪᠦᠲᠦᠭᠡᠨ ᠪᠠᠶᠢᠭᠤᠯᠤᠨ᠎ᠠ᠃ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠵᠢᠴᠢ ᠬᠠᠶᠢᠯᠠᠭᠤᠯᠤᠨ ᠪᠤᠯᠪᠠᠰᠣᠷᠠᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠪᠥᠸᠧ ᠶᠤᠸᠠᠨ ᠵᠢᠯ ᠳᠤ 10 ᠲᠦᠮᠡᠨ ᠲᠤᠨ ᠴᠠᠶᠢᠷ | ᠬᠠᠶᠢᠯᠤᠭᠤᠯᠬᠤ ᠲᠦᠷᠦᠯ ᠵᠦᠢᠯ᠂ ᠶᠤᠸᠠᠨ ᠶᠤᠸᠠᠨ ᠵᠢᠯ ᠳᠤ 10 ᠲᠦᠮᠡᠨ ᠳᠤᠨ ᠠᠵᠤ ᠦᠢᠯᠡᠳᠪᠤᠷᠢ ᠶᠢᠨ | ᠴᠠᠬᠢᠭᠤᠷ ᠦᠢᠯᠡᠳᠪᠦᠷᠢᠯᠡᠬᠦ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠤᠨ᠎ᠠ᠃ 100 ᠲᠦᠮᠡᠨ ᠲᠤᠨ ᠲᠡᠭᠡᠳᠣ ᠨᠠᠷᠢᠯᠢᠭ ᠬᠦᠩᠭᠡᠨᠴᠠᠭᠠᠨ ᠤ ᠬᠠᠪᠳᠠᠰᠣ ᠤᠷᠬᠢᠭᠤᠯ | ᠦᠢᠯᠡᠳᠪᠦᠷᠢᠯᠡᠬᠦ ᠲᠦᠷᠦᠯ ᠵᠦᠢᠯ ᠢ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠵᠠᠮᠴᠢᠨ ᠲᠤᠭᠤᠯᠭ᠎ᠠ ᠴᠠᠶᠢᠷ ᠤᠨ | ᠠᠭᠤᠷᠬᠠᠢ ᠶᠢ ᠠᠰᠢᠭᠯᠠᠯᠳᠠ ᠳᠤ ᠤᠷᠤᠭᠤᠯᠤᠨ ᠦᠷ᠎ᠡ ᠠᠰᠢᠭ ᠬᠦᠷᠳᠡᠨ᠎ᠡ᠃ | ᠪᠤᠬᠢᠷᠳᠣᠯ ᠦᠬᠡᠢ ᠤᠷᠭᠠᠨᠢᠭ ᠢᠳᠡᠭᠡᠨ ᠢ ᠪᠤᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠶᠡᠷᠦᠩᠬᠡᠢ ᠪᠡᠯᠡ ᠤᠷᠤᠭᠤᠯᠤᠯᠲᠠ ᠨᠢ 2.7 ᠳ᠋ᠦᠩᠰᠢᠭᠤᠷ ᠲᠦᠭᠦᠷᠢᠭ ᠤᠨ | ᠳ᠋ᠦᠩ ᠳ᠋ᠠ ᠪᠦᠯᠦᠭᠯᠡᠯ ᠤᠨ ᠲᠠᠤᠯᠠᠢ ᠶᠢ ᠶᠠᠷᠦᠩᠬᠡᠶᠢᠯᠡᠨ ᠪᠤᠯᠪᠠᠰᠤᠷᠠᠭᠤᠯᠬᠤ᠂ ᠶᠡᠷᠦᠩᠬᠡᠢ ᠪᠡᠯᠡ ᠤᠷᠤᠭᠤᠯᠤᠯᠲᠠ ᠨᠢ | 2 ᠳ᠋ᠦᠩᠰᠢᠭᠤᠷ ᠲᠦᠭᠦᠷᠢᠭ ᠤᠨ ᠹᠧᠩ ᠴᠦᠨ ᠡᠮ ᠤᠨ ᠦᠢᠯᠡᠰ ᠤᠨ ᠬᠢᠳᠠᠳ ᠡᠮ ᠤᠨ ᠤᠮᠳᠠᠭᠠᠨ ᠢ | ᠪᠤᠯᠪᠠᠰᠣᠷᠠᠭᠤᠯᠬᠤ ᠪᠠ ᠶᠡᠷᠦᠩᠬᠡᠢ ᠪᠡᠯᠡ ᠤᠷᠤᠭᠤᠯᠤᠯᠲᠠ ᠨᠢ 5000 ᠲᠦᠮᠡᠨ ᠲᠦᠭᠦᠷᠢᠭ ᠤᠨ ᠸᠧ ᠯᠢᠦᠢ ᠺᠠᠩ | ᠪᠤᠷᠳᠤᠭᠤᠷ ᠦᠢᠯᠡᠳᠪᠦᠷᠢᠯᠡᠬᠦ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠵᠢᠯ ᠤᠨ ᠪᠡᠯᠡ ᠤᠷᠤᠭᠤᠯᠤᠯᠳᠠ | ᠶᠢᠨ ᠲᠦᠯᠦᠪᠯᠡᠭᠡ ᠪᠠᠨ ᠪᠡᠶᠡᠯᠡᠬᠦᠯᠬᠦ ᠶᠢ ᠪᠠᠳᠤᠯᠠᠨ᠎ᠠ᠃ ᠵᠦᠩ ᠶᠠᠩ ᠲᠠᠷᠢᠶᠠᠯᠠᠩ ᠤᠨ ᠢᠳᠡᠭᠡᠨ ᠤ ᠨᠠᠷᠠᠨᠬᠤᠸᠠᠷ ᠢ | ᠦᠢᠯᠡᠳᠪᠦᠷᠢᠯᠡᠨ ᠪᠤᠯᠪᠠᠰᠣᠷᠠᠭᠤᠯᠬᠤ ᠪᠠ ᠶᠢᠨ ᠭᠧ ᠯᠧ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠢ ᠵᠢᠯ ᠳᠤ | ᠠᠰᠢᠭᠯᠠᠯᠳᠠ ᠳᠤ ᠤᠷᠤᠭᠤᠯᠤᠨ ᠦᠷ᠎ᠡ ᠠᠰᠢᠭ ᠭᠠᠷᠭᠠᠬᠤ ᠶᠢ ᠪᠡᠶᠡᠯᠡᠬᠦᠯᠦᠨ᠎ᠡ᠃ ᠶᠡᠷᠦᠩᠬᠡᠢ ᠪᠡᠯᠡ ᠤᠷᠤᠭᠤᠯᠤᠯᠲᠠ | ᠨᠢ 1.5 ᠳ᠋ᠦᠩᠰᠢᠭᠤᠷ ᠲᠦᠭᠦᠷᠢᠭ ᠤᠨ ᠶᠢᠨ ᠭᠧ ᠯᠧ ᠤᠯᠠᠭᠠᠨ᠎ᠠ ᠲᠠᠷᠢᠵᠦ ᠪᠤᠯᠪᠠᠰᠣᠷᠠᠭᠤᠯᠬᠤ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠰᠠᠶᠢᠳᠣᠷ ᠬᠢᠨ᠎ᠡ᠃ | ᠪᠠᠶᠠᠵᠢᠨ᠎ᠠ ᠠᠵᠤ ᠦᠢᠯᠡᠳᠪᠦᠷᠢ ᠶᠢᠨ ᠤᠷᠴᠢᠯ ᠠᠵᠤ ᠠᠬᠤᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ | ᠶᠢ ᠲᠦᠷᠭᠡᠳᠭᠡᠨ᠎ᠡ᠃ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠤᠷᠤᠭᠤᠯᠤᠯᠲᠠ ᠶᠢ ᠦᠷᠬᠦᠯᠵᠢᠯᠡᠨ ᠨᠡᠮᠡᠭᠳᠡᠭᠦᠯᠵᠦ᠂ 3.2 ᠺᠢᠯᠤᠮᠧᠲᠷ ᠤᠨ A ᠲᠤᠭᠤᠷᠢᠭ ᠤᠨ ᠭᠤᠤᠯ ᠵᠠᠮ᠂ 10 | ᠲᠦᠮᠡᠨ ᠲᠤᠨ ᠣᠰᠣ ᠬᠠᠩᠭᠠᠬᠤ ᠦᠢᠯᠡᠳᠪᠦᠷᠢ᠂ ᠰᠢᠷ᠎ᠠ ᠲᠤᠪᠤ ᠶᠢᠨ 66 ᠺᠢᠯᠤᠸᠠᠯᠲ ᠤᠨ ᠴᠠᠭᠢᠯᠭᠠᠨ ᠬᠦᠴᠦᠳᠡᠯ | ᠦᠭᠡᠷᠡᠴᠢᠯᠡᠬᠦ ᠦᠷᠳᠡᠭᠡ ᠪᠠ ᠬᠠᠷᠠᠨᠢᠭᠤᠷ ᠨᠡᠬᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠤᠭᠤᠷᠢᠭ ᠤᠨ 66 | ᠺᠢᠯᠤᠸᠠᠯᠲ ᠤᠨ ᠴᠠᠭᠢᠯᠭᠠᠨ ᠬᠦᠴᠦᠳᠡᠯ ᠦᠭᠡᠷᠡᠴᠢᠯᠡᠬᠦ ᠦᠷᠳᠡᠭᠡ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ A ᠲᠤᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠪᠠ | 220 ᠺᠢᠯᠤᠸᠠᠯᠲ ᠤᠨ ᠴᠠᠬᠢᠯᠭᠠᠨ ᠬᠦᠴᠦᠳᠡᠯ ᠦᠭᠡᠷᠡᠴᠢᠯᠡᠬᠦ ᠦᠷᠳᠡᠭᠡᠨ ᠤ ᠡᠮᠦᠨᠡᠬᠢ ᠬᠤᠭᠤᠴᠠᠭᠠᠨ ᠤ ᠠᠵᠢᠯ ᠢ | ᠪᠦᠬᠦ ᠬᠦᠴᠦᠨ ᠢᠶᠠᠷ ᠰᠠᠶᠢᠳᠦᠷ ᠬᠢᠵᠦ᠂ ᠰᠢᠩ ᠲᠦᠩ ᠲᠡᠮᠦᠷ ᠵᠠᠮ ᠤᠨ ᠲᠤᠰᠬᠠᠢ ᠱᠤᠭᠤᠮ ᠢ ᠲᠡᠷᠭᠡ | ᠨᠡᠪᠳᠡᠷᠡᠬᠦᠯᠵᠦ ᠠᠰᠢᠭᠯᠠᠯᠲᠠ ᠳᠤ ᠤᠷᠤᠭᠤᠯᠤᠨ᠎ᠠ᠃ | ᠲᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠲᠦᠷᠭᠡᠳᠭᠡᠨ᠎ᠡ᠃ ᠰᠢᠩ ᠲᠦᠩ ᠨᠡᠭᠦᠷᠡᠰᠦᠨ | ᠠᠭᠤᠷᠬᠠᠢ᠂ ᠲᠦᠩ ᠶᠧ ᠠᠭᠤᠷᠬᠠᠢ ᠶᠢᠨ ᠦᠢᠯᠡᠰ ᠵᠡᠷᠭᠡ ᠤᠳᠤ ᠶᠢᠨ ᠪᠠᠶᠢᠭ᠎ᠠ ᠬᠡᠪᠴᠢᠶᠡᠵᠢᠯ ᠠᠴᠠ ᠲᠡᠭᠡᠭᠰᠢᠬᠢ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠤᠬᠢᠷᠠᠭᠤᠯᠤᠯᠲᠠ ᠶᠢ ᠪᠦᠬᠦ ᠬᠦᠴᠦᠨ ᠢᠶᠠᠷ ᠰᠠᠶᠢᠳᠣᠷ ᠬᠢᠵᠦ᠂ ᠤᠯᠠᠨ | ᠵᠦᠢᠯ ᠤᠨ ᠠᠷᠭ᠎ᠠ ᠵᠠᠮ ᠢᠶᠠᠷ ᠲᠠᠮᠵᠢᠨ᠂ ᠲᠤᠮᠳᠠ ᠪᠠᠭ᠎ᠠ ᠠᠵᠦ ᠠᠬᠤᠶᠢᠯᠠᠯ ᠢ ᠪᠤᠶᠢᠵᠢᠭᠤᠯᠬᠤ ᠬᠦᠴᠦᠯᠡᠴᠡ ᠪᠠᠨ | ᠨᠡᠮᠡᠭᠳᠡᠭᠦᠯᠵᠦ᠂ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠡᠳᠭᠡᠨ᠎ᠡ᠃ | ᠳᠤᠮᠳᠠ ᠪᠠᠭ᠎ᠠ ᠠᠵᠦ ᠠᠬᠤᠶᠢᠯᠠᠯ ᠤᠨᠴᠠᠭᠠᠶᠢᠯᠠᠨ ᠲᠧ ᠮᠦ ᠺᠤᠮᠫᠠᠨᠢ᠂ ᠰᠢᠩ ᠬᠤᠸᠠ ᠪᠦᠯᠦᠭᠯᠡᠯ᠂ ᠶᠧᠦ ᠹᠧᠩ | ᠬᠡᠪᠢᠰ ᠤᠨ ᠦᠢᠯᠡᠳᠪᠦᠷᠢ ᠵᠡᠷᠭᠡ ᠤᠷᠤᠨ ᠨᠤᠳᠤᠭ ᠤᠨ ᠦᠨᠳᠣᠰᠦᠳᠡᠨ ᠤ ᠠᠵᠤ ᠠᠬᠤᠶᠢᠯᠠᠯ ᠤᠨ ᠲᠦᠷᠦ ᠶᠢᠨ | ᠪᠤᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠬᠤᠶᠠᠷ | ᠵᠦᠢᠯ ᠤᠨ ᠰᠠᠭᠤᠷᠢ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠵᠦ᠂ ᠲᠤᠭᠳᠠᠭᠤᠨ ᠠᠵᠢᠯ ᠤᠨ ᠪᠠᠶᠢᠷᠢ ᠬᠠᠩᠭᠠᠵᠤ᠂ | ᠠᠵᠢᠯ ᠤᠯᠭᠤᠨ ᠰᠢᠯᠵᠢᠬᠦᠯᠬᠦ ᠲᠠᠯ᠎ᠠ ᠪᠠᠷ ᠬᠤᠪᠢ ᠨᠡᠮᠡᠷᠢ ᠶᠡᠭᠡᠲᠡᠢ ᠲᠤᠮᠳᠠ ᠪᠠᠭ᠎ᠠ ᠠᠵᠦ ᠠᠬᠤᠶᠢᠯᠠᠯ ᠳᠤ ᠮᠦᠩᠭᠦᠨ | ᠬᠦᠢᠯᠭᠡᠭᠡ ᠪᠠ ᠪᠠᠭ᠎ᠠ ᠳᠤᠭᠠᠨ ᠤ ᠬᠦᠦ ᠮᠦᠩᠭᠦ ᠦᠭᠬᠦ ᠵᠢᠭᠡᠯᠡᠯᠭᠡ ᠵᠡᠷᠭᠡ ᠲᠡᠳᠭᠦᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠡᠷᠭᠡᠵᠢᠯ ᠢ ᠦᠭᠡᠷᠡᠴᠢᠯᠡᠨ ᠴᠢᠳᠠᠪᠦᠷᠢ ᠶᠢ ᠦᠷᠭᠡᠳᠭᠡᠬᠦ᠂ ᠪᠡᠯᠡ ᠨᠡᠶᠢᠯᠡᠬᠦᠯᠤᠨ ᠬᠤᠷᠰᠢᠨ | ᠡᠵᠡᠩᠨᠡᠬᠦ ᠵᠡᠷᠭᠡ ᠬᠡᠯᠪᠡᠷᠢ ᠶᠢ ᠠᠪᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠦᠷᠢ ᠶᠢ | ᠳᠡᠭᠡᠭᠰᠢᠯᠡᠬᠦᠯᠵᠤ᠂ ᠤᠳᠤ ᠶᠢᠨ ᠪᠠᠶᠢᠭ᠎ᠠ ᠳᠤᠮᠳᠠ ᠪᠠᠭ᠎ᠠ ᠠᠵᠤ ᠠᠬᠤᠶᠢᠯᠠᠯ ᠢ ᠬᠦᠴᠦᠯᠡᠨ ᠳᠡᠮᠵᠢᠵᠤ | ᠰᠢᠯᠢᠳᠡᠭᠵᠢᠬᠦᠯᠦᠨ ᠬᠦᠭᠵᠢᠭᠦᠯᠦᠨ᠎ᠡ᠃ | ︵ᠬᠤᠶᠠᠷ︶ ᠰᠢᠨ᠎ᠡ ᠬᠦᠳᠡᠭᠡ ᠲᠤᠰᠬᠤᠨ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠳᠡᠭᠡᠷ᠎ᠡ ᠰᠢᠨ᠎ᠡ | ᠠᠬᠢᠴᠠ ᠲᠠᠢ ᠪᠤᠯᠤᠨ᠎ᠠ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠦᠮᠵᠢ ᠶᠢᠨ ᠨᠦᠬᠦᠴᠡᠯ ᠢ ᠦᠷᠬᠦᠯᠵᠢᠯᠡᠨ | ᠰᠠᠶᠢᠵᠢᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠤᠮᠵᠢ ᠶᠢᠨ ᠨᠦᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ 8975 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠠᠭᠤᠷᠠᠢ ᠦᠨᠳᠦᠰᠦᠨ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ 2 ᠲᠦᠮᠡᠨ ᠮᠦ᠂ ᠦᠨᠳᠦᠷ ᠪᠠᠷᠢᠮᠵᠢᠶᠠᠳᠣ | ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ 2 ᠲᠦᠮᠡᠨ ᠮᠦ᠂ ᠣᠰᠣ ᠠᠷᠪᠢᠯᠠᠵᠤ ᠤᠨᠠᠯᠲᠠ ᠶᠢ | ᠨᠡᠮᠡᠭᠳᠡᠬᠦᠯᠬᠦ ᠲᠦᠷᠦᠯ ᠵᠦᠢᠯ ᠢ 5.5 ᠲᠦᠮᠡᠨ ᠮᠦ ᠬᠡᠷᠡᠭᠵᠢᠬᠦᠯᠦᠨ᠎ᠡ᠃ ᠠᠮᠤ ᠪᠤᠳᠠᠭᠠᠨ ᠤ ᠦᠨᠳᠦᠷ ᠤᠨᠠᠯᠳᠠ ᠶᠢ | ᠡᠬᠦᠳᠦᠨ ᠪᠠᠶᠢᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ ᠤᠨ ᠣᠷᠣᠨ ᠢ 15 ᠲᠦᠮᠡᠨ ᠮᠦ ᠨᠠᠶᠢᠳᠠᠪᠦᠷᠢᠵᠢᠭᠤᠯᠵᠤ | ᠂ ᠭᠠᠵᠠᠷ ᠰᠢᠷᠤᠢ ᠶᠢ ᠳᠡᠭᠰᠢᠯᠡᠬᠦ ᠳᠦᠷᠦᠯ ᠵᠦᠢᠯ ᠢ 7 ᠲᠦᠮᠡᠨ ᠮᠤ᠋ ᠭᠡᠷᠡᠭᠵᠢᠬᠦᠯᠦᠨ᠎ᠡ᠃ ᠳᠦᠯᠢᠶᠡᠮᠤᠳᠤ ᠪᠠᠵᠢᠯᠠᠭ᠎ᠠ | ᠶᠢᠨ ᠤᠰᠤᠯᠠᠯᠳᠠ ᠶᠢᠨ ᠤᠷᠤᠨ᠂ ᠲᠦᠷᠦᠯᠵᠢ ᠤᠰᠤᠯᠠᠯᠳᠠ ᠶᠢᠨ ᠤᠷᠤᠨ ᠤ ᠲᠠᠭᠠᠯᠲᠠ ᠢᠨᠵᠧᠨᠧᠷᠢᠩ ᠢ ᠳᠡᠮᠡᠴᠡᠨ | ᠤᠯᠵᠤ ᠭᠡᠷᠡᠭᠵᠢᠬᠦᠯᠦᠨ᠎ᠡ᠃ ᠲᠠᠷᠢᠮᠠᠯ ᠤᠨ ᠦᠢᠯᠡᠰ ᠤᠨ ᠳᠠᠭᠠᠳᠬᠠᠯ ᠳᠤ ᠣᠷᠣᠬᠤ ᠲᠠᠯᠠᠪᠠᠢ ᠶᠢ 190 ᠲᠦᠮᠡᠨ ᠮᠦ | ᠠᠴᠠ ᠲᠡᠭᠡᠭᠰᠢ ᠪᠠᠶᠢᠯᠭᠠᠨ᠎ᠠ᠃ ᠠᠮᠤ ᠪᠤᠳᠠᠭᠠᠨ ᠤ ᠶᠡᠷᠦᠩᠬᠡᠢ ᠤᠨᠠᠯᠳᠠ 10 ᠳ᠋ᠦᠩᠰᠢᠭᠤᠷ ᠵᠢᠩ ᠠᠴᠠ ᠳᠡᠭᠡᠭᠰᠢ | ᠪᠠᠶᠢᠬᠤ ᠶᠢ ᠦᠷᠬᠦᠯᠵᠢᠯᠡᠨ ᠪᠠᠳᠤᠯᠠᠨ᠎ᠠ᠃ ᠪᠠᠷᠢᠮᠵᠢᠶᠠᠲᠦ ᠬᠠᠰᠢᠶ᠎ᠠ ᠰᠠᠷᠠᠪᠴᠢ ᠶᠢ 2000 ᠰᠠᠭᠤᠷᠢ ᠪᠦᠲᠦᠭᠡᠨ | ᠪᠠᠶᠢᠭᠤᠯᠵᠤ᠂ ᠦᠨᠳᠦᠷ ᠪᠠᠷᠢᠮᠵᠢᠶᠠᠳᠣ ᠮᠠᠯᠵᠢᠬᠤ ᠲᠤᠭᠤᠷᠢᠭ ᠢ 3 ᠪᠠᠶᠢᠭᠤᠯᠵᠤ᠂ ᠵᠢᠯ ᠳᠤ᠂ ᠨᠢᠭᠡᠨᠳᠡ | ᠪᠠᠶᠢᠭᠤᠯᠤᠭᠰᠠᠨ ᠮᠠᠯᠵᠢᠬᠤ ᠲᠤᠭᠤᠷᠢᠭ ᠤᠨ ᠠᠰᠢᠭᠯᠠᠯᠲᠠ ᠶᠢᠨ ᠨᠤᠷᠮ᠎ᠠ ᠶᠢ 100% ᠳᠤ ᠬᠦᠷᠭᠡᠬᠦ ᠶᠢ ᠪᠠᠳᠤᠯᠠᠨ᠎ᠠ᠃ | ᠭᠡᠷ ᠤᠨ ᠲᠡᠵᠢᠭᠡᠪᠦᠷ ᠶᠢᠨ ᠲᠤᠭ᠎ᠠ ᠶᠢ 200 ᠲᠦᠮᠡᠨ ᠲᠤᠯᠤᠭᠠᠢ ᠶᠢᠨ ᠣᠷᠴᠢᠮ ᠳᠤ ᠳᠤᠭᠳᠠᠪᠦᠷᠢᠵᠢᠭᠤᠯᠵᠤ᠂ | ᠬᠢᠵᠢᠭ ᠢ ᠰᠡᠷᠭᠡᠶᠢᠯᠡᠬᠦ ᠨᠢᠭᠳᠠᠴᠠ ᠶᠢ 100% ᠳᠤ ᠬᠦᠷᠭᠡᠨ᠎ᠡ᠃ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ | ᠪᠠᠭᠠᠵᠢ ᠶᠢ ᠬᠤᠳᠠᠯᠳᠣᠨ ᠠᠪᠬᠤ ᠨᠦᠬᠦᠪᠦᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠢᠶᠠᠯᠠᠩ ᠮᠠᠯ ᠠᠵᠤ | ᠠᠬᠤᠢ ᠶᠢᠨ ᠮᠠᠰᠢᠨ ᠳᠤᠨᠤᠭᠯᠠᠯ ᠤᠨ ᠪᠦᠲᠦᠴᠡ ᠶᠢ ᠰᠢᠯᠢᠳᠡᠭᠵᠢᠬᠦᠯᠵᠤ᠂ ᠳᠠᠷᠢᠶᠠᠯᠠᠩ ᠮᠠᠯ ᠠᠵᠤ ᠠᠬᠤᠢ ᠶᠢᠨ | ᠮᠠᠰᠢᠨᠴᠢᠯᠠᠭᠰᠠᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠡᠷᠭᠡᠵᠢᠯ᠂ ᠰᠢᠨ᠎ᠡ ᠡᠬᠦᠯᠳᠡᠷ ᠢ ᠦᠷᠬᠡᠨ ᠢᠶᠠᠷ ᠲᠡᠯᠭᠡᠷᠡᠬᠦᠯᠦᠨ᠂ | ᠬᠤᠵᠢᠷᠯᠢᠭ ᠭᠠᠵᠠᠷ ᠢ ᠵᠠᠰᠠᠨ ᠰᠠᠶᠢᠵᠢᠷᠠᠭᠤᠯᠬᠤ ᠪᠠ ᠬᠢᠳᠠᠳ ᠡᠮ ᠤᠨ ᠮᠠᠲ᠋ᠧᠷᠢᠶᠠᠯ ᠢ ᠲᠠᠷᠢᠬᠤ ᠵᠢᠱᠢᠶ᠎ᠡ ᠦᠵᠡᠭᠦᠯᠤᠨ | ᠲᠡᠯᠭᠡᠷᠡᠬᠦᠯᠬᠦ ᠲᠦᠷᠦᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠯᠠᠭᠠᠨ᠎ᠠ ᠲᠠᠷᠢᠵᠦ ᠲᠡᠯᠭᠡᠷᠡᠬᠦᠯᠬᠦ | ᠠᠵᠢᠯ ᠢ ᠯᠠᠪᠳᠠᠭᠤᠨ ᠬᠢᠨ᠎ᠡ᠃ ᠰᠠᠭᠤᠷᠢᠨ ᠭᠠᠵᠠᠷ ᠤᠨ ᠲᠠᠯᠠᠪᠠᠢ ᠶᠢ ᠲᠠᠰᠤᠷᠠᠯᠲᠠ ᠦᠭᠡᠢ ᠦᠷᠭᠡᠳᠭᠡᠨ᠂ ᠤᠷᠭᠠᠨᠢᠭ | ᠪᠤᠵᠠᠷᠳᠤᠯ ᠦᠭᠡᠢ ᠢᠳᠡᠭᠡᠨ ᠤ ᠲᠦᠭᠦᠬᠡᠢ ᠡᠳ᠋ ᠤᠨ ᠰᠠᠭᠤᠷᠢᠨ ᠭᠠᠵᠠᠷ ᠤᠨ ᠭᠡᠷᠡᠴᠢᠯᠡᠭᠰᠡᠡᠨ ᠲᠠᠯᠠᠪᠠᠢ ᠶᠢ ᠲᠤᠰᠪᠤᠷᠢ | 30 ᠲᠦᠮᠡᠨ ᠮᠦ ᠪᠤᠯᠤᠨ 100 ᠲᠦᠮᠡᠨ ᠮᠦ ᠳᠤ ᠬᠦᠷᠭᠡᠵᠦ᠂ 30 ᠲᠦᠮᠡᠨ ᠲᠤᠯᠤᠬᠠᠢ ᠤᠷᠭᠠᠨᠢᠭ ᠠᠯᠠᠰᠢᠨ | ᠬᠤᠨᠢ ᠪᠤᠯᠤᠨ 5 ᠲᠦᠮᠡᠨ ᠲᠤᠯᠤᠭᠠᠢ ᠣᠷᠭᠠᠨᠢᠭ ᠠᠯᠠᠰᠢᠨ ᠦᠭᠡᠷ ᠢ ᠭᠡᠷᠡᠴᠢᠯᠡᠬᠦ ᠠᠵᠢᠯ ᠢ ᠦᠷᠬᠦᠯᠵᠢᠯᠡᠨ | ᠠᠬᠢᠭᠤᠯᠤᠨ᠎ᠠ᠃ ᠳᠣᠮᠳᠠᠳᠣ ᠶᠢᠨ ᠨᠡᠷᠡᠳᠦ ᠳᠠᠸᠠᠷ ᠤᠨ ᠲᠡᠮᠳᠡᠭ᠂ ᠦᠪᠦᠷ ᠮᠤᠩᠭᠤᠯ ᠤᠨ ᠠᠯᠳᠠᠷᠳᠣ ᠳᠠᠸᠠᠷ ᠤᠨ | ᠲᠡᠮᠳᠡᠭ ᠢ ᠢᠳᠡᠪᠬᠢᠲᠡᠢ ᠳᠡᠮᠡᠴᠡᠨ ᠤᠯᠵᠤ᠂ ᠨᠢᠬᠡ ᠪᠦᠯᠦᠭ ᠣᠯᠣᠰ ᠤᠨ ᠲᠡᠰ᠂ ᠣᠷᠣᠨ ᠤ ᠳᠡᠰ ᠤᠨ | ᠳᠠᠭᠠᠭᠤᠯᠤᠭᠴᠢ ᠠᠵᠤ ᠠᠬᠤᠶᠢᠯᠠᠯ ᠢ ᠭᠤᠶᠤᠴᠢᠯᠠᠨ ᠮᠡᠳᠡᠬᠦᠯᠵᠤ᠂ ᠪᠤᠷᠤᠯᠠᠭᠤᠯᠤᠯᠲᠠ ᠶᠢᠨ ᠤᠷᠤᠯᠭ᠎ᠠ ᠵᠠᠭᠤᠨ | ᠲᠦᠮᠡᠨ ᠲᠦᠭᠦᠷᠢᠭ ᠢ ᠲᠠᠪᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠠᠵᠤ ᠠᠬᠤᠶᠢᠯᠠᠯ | ᠢ 20 ᠡᠷᠦᠬᠡ ᠳᠤ ᠬᠦᠷᠭᠡᠵᠦ᠂ ᠵᠢᠯ ᠤᠨ ᠪᠤᠷᠤᠯᠠᠭᠤᠯᠤᠯᠲᠠ ᠶᠢᠨ ᠤᠷᠤᠯᠭ᠎ᠠ ᠶᠢ 10 ᠳ᠋ᠦᠩᠰᠢᠭᠤᠷ ᠲᠦᠭᠦᠷᠢᠭ | ᠠᠴᠠ ᠲᠠᠪᠠᠭᠤᠯᠤᠨ᠎ᠠ᠃ | ᠰᠢᠨ᠎ᠡ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢᠨ ᠳᠦᠷᠦᠯ ᠵᠦᠢᠯ ᠢ ᠢᠳᠡᠪᠬᠢᠲᠡᠢ ᠳᠡᠮᠡᠴᠡᠨ ᠤᠯᠵᠤ᠂ ᠳᠦᠷᠦᠯ ᠵᠦᠢᠯ ᠤᠨ ᠪᠡᠯᠡ ᠮᠦᠩᠬᠦ ᠶᠢ ᠪᠤᠭᠤᠵᠤ ᠭᠡᠷᠡᠭᠯᠡᠨ | ᠂ ᠵᠢᠱᠢᠶ᠎ᠡ ᠦᠵᠡᠬᠦᠯᠬᠦ ᠭᠠᠴᠠᠭᠠᠨ ᠤ ᠪᠦᠲᠦᠭᠡᠨ ᠪᠠᠶᠢᠭᠤᠯᠤᠯᠲᠠ ᠶᠢ ᠰᠠᠶᠢᠳᠣᠷ ᠠᠳᠬᠤᠨ᠎ᠠ᠃ ᠵᠢᠯ ᠳᠤ᠂ ᠨᠠᠮᠤᠭ ᠤᠨ | ᠬᠡᠢ ᠶᠢᠨ ᠵᠤᠭᠤᠷᠢ ᠶᠢ 500 ᠰᠠᠭᠤᠷᠢ᠂ ᠬᠤᠤᠷᠳᠠᠯ ᠦᠭᠡᠢ ᠡᠷᠡᠬᠦᠯ ᠬᠠᠮᠠᠭᠠᠯᠠᠯ ᠤᠨ ᠵᠤᠷᠯᠤᠩ ᠢ 3000 ᠰᠠᠭᠤᠷᠢ | ᠪᠦᠲᠦᠭᠡᠨ ᠪᠠᠶᠢᠭᠤᠯᠤᠨ᠎ᠠ᠃ 20 ᠬᠦᠳᠡᠭᠡ ᠲᠤᠰᠬᠤᠨ ᠮᠠᠯᠵᠢᠬᠤ ᠤᠷᠤᠨ ᠤ ᠬᠠᠮᠳᠤᠷᠠᠭᠰᠠᠨ ᠠᠵᠤ ᠠᠬᠤᠢ ᠶᠢᠨ | ᠵᠤᠬᠢᠶᠠᠨ ᠪᠠᠶᠢᠭᠤᠯᠤᠯᠲᠠ ᠶᠢ ᠰᠢᠨ᠎ᠡ ᠪᠠᠷ ᠬᠦᠭᠵᠢᠬᠦᠯᠵᠤ᠂ 1 ᠲᠦᠮᠡᠨ ᠡᠷᠦᠬᠡ ᠮᠠᠯᠴᠢᠨ ᠳᠠᠷᠢᠶᠠᠴᠢᠨ ᠢ ᠳᠠᠶᠢᠴᠢᠯᠠᠨ | ᠂ ᠬᠦᠮᠦᠨ ᠪᠦᠷᠢ ᠶᠢᠨ ᠤᠷᠤᠯᠭ᠎ᠠ ᠶᠢ 1200 ᠲᠦᠭᠦᠷᠢᠭ ᠨᠡᠮᠡᠭᠳᠡᠭᠦᠯᠦᠨ᠎ᠡ᠃ ᠡᠯ᠎ᠡ ᠲᠠᠯ᠎ᠠ ᠶᠢᠨ ᠲᠦᠷᠦᠯ ᠵᠦᠢᠯ | ᠤᠨ ᠪᠡᠯᠡ ᠮᠦᠩᠭᠦ ᠶᠢ ᠨᠢᠬᠡᠳᠭᠡᠵᠤ᠂ ᠳ᠋ᠦᠩ ᠳ᠋ᠠ ᠪᠠᠶᠠᠯᠢᠭ ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠬᠦ ᠠᠵᠦ | ᠦᠢᠯᠡᠰ ᠤᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠴᠦᠲᠠᠢ ᠠᠬᠢᠭᠤᠯᠵᠤ᠂ ᠲᠦᠯᠦᠪᠵᠢᠬᠦᠯᠬᠡ᠂ ᠵᠢᠷᠤᠭ | ᠲᠦᠯᠦᠪᠯᠡᠭᠡ ᠪᠠ ᠨᠤᠳᠠᠯᠠᠯᠲᠠ ᠶᠢ ᠨᠠᠷᠢᠨ ᠬᠢᠨᠠᠮᠠᠭᠠᠢ ᠰᠠᠶᠢᠳᠦᠷ ᠬᠢᠵᠦ᠂ ᠵᠢᠯ ᠳᠤ᠂ ᠠᠮᠢᠢᠳᠣᠷᠠᠯ ᠤᠨ ᠲᠤᠭᠤᠷᠢᠭ ᠤᠨ | 1000 ᠢᠵᠢ ᠨᠡᠭᠦᠳᠡᠯ ᠠᠷᠠᠳ ᠤᠨ ᠠᠰᠠᠷ᠂ ᠲᠡᠵᠢᠭᠡᠨ ᠦᠷᠡᠵᠢᠬᠦᠯᠬᠦ ᠲᠤᠭᠤᠷᠢᠭ ᠤᠨ 1000 ᠢᠵᠢ ᠲᠠᠤᠯᠠᠢ | ᠶᠢᠨ ᠡᠬᠦᠷ ᠪᠤᠯᠤᠨ ᠦᠢᠯᠡᠳᠪᠦᠷᠢᠯᠡᠨ ᠪᠤᠯᠪᠠᠰᠣᠷᠠᠭᠤᠯᠬᠤ ᠲᠤᠭᠤᠷᠢᠭ ᠤᠨ ᠲᠡᠵᠢᠬᠡᠯ ᠪᠤᠷᠳᠣᠭᠠᠨ ᠤ ᠦᠢᠯᠡᠳᠪᠦᠷᠢ | ᠵᠢᠴᠢ ᠠᠯᠠᠵᠤ ᠨᠢᠳᠤᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠠᠭᠤᠰᠬᠠᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠰᠠᠭᠤᠷᠢ ᠲᠦᠭᠦᠭᠡᠷᠦᠮᠵᠢ ᠶᠢ ᠢᠵᠢ ᠪᠦᠷᠢᠳᠤᠭᠦᠯᠤᠨ ᠪᠦᠲᠦᠭᠡᠨ ᠪᠠᠶᠢᠭᠤᠯᠵᠤ᠂ ᠠᠮᠢ ᠠᠬᠤᠢ ᠶᠢᠨ | ᠨᠡᠭᠦᠳᠡᠯ ᠠᠷᠠᠳ ᠢ 1000 ᠡᠷᠦᠬᠡ ᠨᠡᠬᠦᠯᠬᠡᠬᠦ ᠶᠢ ᠪᠡᠶ᠋ᠯᠡᠬᠦᠯᠦᠨᠡ᠃ ᠵᠢᠯ ᠳᠤ᠂ ᠶᠠᠳᠠᠭᠤ ᠶᠢ ᠲᠡᠳᠬᠦᠬᠦ ᠪᠡᠯᠡ | ᠮᠦᠩᠭᠦ ᠶᠢ 1 ᠳ᠋ᠦᠩᠰᠢᠭᠤᠷ ᠲᠦᠭᠦᠷᠢᠭ ᠲᠡᠮᠡᠴᠡᠨ ᠣᠯᠵᠦ᠂ 1.6 ᠲᠦᠮᠡᠨ ᠬᠦᠮᠦᠨ ᠢ ᠶᠠᠳᠠᠭᠤ ᠠᠴᠠ | ᠠᠩᠭᠢᠵᠢᠷᠠᠭᠤᠯᠬᠤ ᠪᠠᠷ ᠴᠢᠷᠮᠠᠶᠢᠨ᠎ᠠ᠃ | ︵ᠭᠤᠷᠪᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠳᠠ ᠳᠡᠭᠡᠷ᠎ᠡ ᠰᠢᠨ᠎ᠡ ᠠᠬᠢᠴᠠ | ᠲᠠᠢ ᠪᠤᠯᠤᠨ᠎ᠠ | ᠵᠢᠯ ᠳᠤ᠂ ᠬᠦᠮᠤᠨ ᠤ ᠬᠦᠴᠤ ᠪᠠᠷ 2.5 ᠲᠦᠮᠡᠨ ᠮᠤ᠋ ᠮᠤᠳᠤ ᠤᠶᠢᠵᠢᠭᠤᠯᠵᠤ᠂ ᠠᠭᠤᠯᠠ ᠶᠢ ᠬᠦᠷᠢᠶᠡᠯᠡᠵᠤ | 6 ᠲᠦᠮᠡᠨ ᠮᠤ᠋ ᠤᠶᠢᠵᠢᠭᠤᠯᠤᠨ᠂ ᠨᠦᠬᠦᠪᠦᠷᠢ ᠲᠠᠢ ᠳᠦᠷᠦᠯ ᠵᠦᠢᠯ ᠤᠨ ᠤᠶᠢᠵᠢᠭᠤᠯᠬᠤ ᠳᠠᠯᠠᠪᠠᠢ ᠶᠢ 5 ᠲᠦᠮᠡᠨ | ᠮᠤ᠋ ᠳᠤ ᠬᠦᠷᠭᠡᠵᠤ᠂ ᠬᠦᠮᠤᠨ ᠤ ᠬᠦᠴᠤ ᠪᠠᠷ 8 ᠲᠦᠮᠡᠨ ᠮᠤ᠋ ᠡᠪᠠᠰᠤ ᠲᠠᠷᠢᠵᠤ᠂ ᠬᠠᠷ᠎ᠠ ᠰᠢᠷᠤᠢ ᠶᠢ 3 ᠲᠦᠮᠡᠨ | ᠮᠤ᠋ ᠶᠠᠷᠤᠩᠬᠡᠶᠢᠯᠡᠨ ᠵᠠᠰᠠᠬᠤ ᠶᠢ ᠪᠡᠶᠡᠯᠡᠬᠦᠯᠦᠨ᠎ᠡ᠃ ᠶᠠᠷᠤᠩᠭᠡᠢ ᠪᠡᠯᠡ ᠤᠷᠤᠭᠤᠯᠤᠯᠲᠠ ᠨᠢ 2295 ᠲᠦᠮᠡᠨ | ᠲᠦᠭᠦᠷᠢᠭ ᠤᠨ ᠪᠡᠯᠴᠢᠭᠡᠷᠯᠡᠬᠦ ᠶᠢ ᠵᠤᠭᠰᠤᠭᠠᠵᠤ ᠡᠪᠡᠰᠤ ᠲᠠᠷᠢᠬᠤ ᠢᠠᠵᠧᠨᠧᠷᠢᠩ ᠢ ᠰᠠᠶᠢᠳᠤᠷ ᠬᠡᠷᠡᠭᠵᠢᠬᠦᠯᠤᠨ᠎ᠡ᠃ | ᠶᠠᠷᠤᠩᠭᠡᠢ ᠪᠡᠯᠡ ᠤᠷᠤᠭᠤᠯᠤᠯᠲᠠ ᠨᠢ 3750 ᠲᠦᠮᠡᠨ ᠲᠦᠭᠦᠷᠢᠭ ᠤᠨ ᠤᠯᠤᠰ ᠤᠨ ᠬᠢᠷ᠎ᠠ ᠳᠠᠷᠢᠶᠠᠨ ᠭᠠᠵᠠᠷ ᠢ | ᠵᠠᠰᠠᠬᠤ ᠲᠦᠷᠤᠯ ᠵᠦᠢᠯ ᠢ ᠠᠯᠬᠤᠮ ᠬᠤᠪᠢᠶᠠᠨ ᠭᠡᠷᠡᠭᠵᠢᠬᠦᠯᠬᠦ ᠠᠵᠢᠯ ᠢ ᠰᠠᠶᠢᠳᠦᠷ ᠬᠢᠨ᠎ᠡ᠃ ᠶᠡᠭᠡ ᠡᠮᠳᠤ ᠶᠢᠨ | ᠭᠤᠤᠯ ᠢ ᠠᠯᠬᠤᠮ ᠬᠤᠪᠢᠶᠠᠵᠤ ᠵᠠᠰᠠᠨ᠂ ᠴᠠᠭᠠᠠᠴᠡᠴᠡᠭ ᠤᠰᠤᠨ ᠴᠦᠬᠦᠷᠤᠮ ᠤᠨ ᠪᠦᠳᠤᠭᠡᠨ ᠪᠠᠶᠢᠭᠤᠯᠤᠯᠲᠠ ᠶᠢ | ᠲᠠᠭᠤᠰᠬᠠᠵᠤ᠂ ᠴᠤᠬᠤᠷᠳᠤ ᠤᠰᠤᠨ ᠴᠦᠬᠦᠷᠤᠮ ᠤᠨ ᠲᠦᠭᠰᠢᠭᠦᠷᠢ ᠶᠢ ᠦᠭᠡᠶᠢᠰᠭᠡᠵᠤ ᠪᠠᠬᠢᠵᠢᠭᠦᠯᠬᠦ ᠲᠦᠷᠤᠯ ᠵᠦᠢᠯ | ᠢ ᠢᠳᠠᠪᠬᠢᠲᠠᠢ ᠭᠤᠶᠤᠴᠢᠯᠠᠨ ᠮᠡᠳᠠᠭᠦᠯᠵᠤ᠂ ᠬᠤᠤᠯᠢᠨ ᠭᠤᠤᠯ ᠢ ᠶᠠᠷᠤᠩᠭᠡᠶᠢᠯᠡᠨ ᠵᠠᠰᠠᠬᠤ ᠢᠠᠵᠧᠨᠧᠷᠢᠩ ᠢ ᠴᠢᠳᠠᠬᠤ | ᠶᠢᠨ ᠬᠢᠷᠢ ᠪᠠᠷ ᠬᠢᠨᠠᠨ ᠵᠦᠪᠰᠢᠶᠡᠷᠡᠬᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠢ ᠪᠦᠳᠤᠭᠦᠯᠢᠭ ᠡᠵᠡᠩᠨᠡᠯᠲᠡ ᠠᠴᠠ ᠡᠷᠴᠢᠮᠯᠢᠭ | ᠡᠵᠡᠩᠨᠡᠯᠲᠡ ᠲᠡᠰᠢ ᠬᠤᠪᠢᠷᠠᠭᠤᠯᠬᠤ ᠪᠠ ᠮᠠᠯᠴᠢᠨ ᠲᠠᠷᠢᠶᠠᠴᠢᠨ ᠢ ᠬᠤᠳᠠ ᠪᠠᠯᠭᠠᠰᠤ᠂ ᠲᠠᠷᠢᠶᠠᠯᠠᠩ ᠤᠨ ᠪᠤᠰᠤ ᠠᠵᠤ | ᠦᠢᠯᠡᠰ ᠦᠭᠡᠳᠠ ᠰᠢᠯᠵᠢᠬᠦᠯᠬᠦ ᠶᠢ ᠠᠬᠢᠭᠤᠯᠵᠤ᠂ ᠤᠯᠠᠮᠵᠢᠯᠠᠯᠲᠦ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ | ᠶᠢᠨ ᠣᠷᠴᠢᠨ ᠳᠤᠭᠤᠷᠢᠨ ᠢ ᠡᠪᠳᠡᠬᠦ ᠶᠢ ᠪᠠᠭᠠᠰᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠠᠮᠤᠷᠵᠢᠨ | ᠰᠠᠶᠢᠵᠢᠷᠠᠬᠤ ᠪᠠ ᠦᠪᠡᠷᠲᠡᠭᠡᠨ ᠰᠡᠷᠭᠦᠬᠦ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠠᠮᠢ | ᠠᠬᠤᠢ ᠶᠢᠨ ᠴᠢᠳᠠᠪᠬᠢᠲᠦ ᠤᠷᠤᠨ ᠪᠠ ᠨᠤᠳᠤᠭ ᠪᠡᠯᠴᠢᠭᠡᠷ᠂ ᠤᠢ ᠰᠢᠭᠤᠢ᠂ ᠴᠢᠬᠢᠭᠯᠢᠭ ᠭᠠᠵᠠᠷ ᠤᠨ ᠬᠠᠮᠠᠭᠠᠯᠠᠯᠲᠠ | ᠶᠢᠨ ᠬᠦᠴᠦᠯᠡᠴᠡ ᠶᠢ ᠴᠢᠩᠭᠠᠳᠬᠠᠵᠤ᠂᠂ ᠪᠡᠯᠴᠢᠭᠡᠷᠯᠡᠬᠦ ᠶᠢ ᠴᠠᠭᠠᠵᠠᠯᠠᠬᠤ ᠴᠢᠩᠭ᠎ᠠ ᠬᠠᠳᠠᠭᠤ ᠲᠦᠷᠦ ᠶᠢᠨ ᠪᠤᠳᠤᠯᠭ᠎ᠠ | ᠶᠢ ᠦᠷᠬᠦᠯᠵᠢᠯᠡᠨ ᠭᠡᠷᠡᠭᠵᠢᠬᠦᠯᠵᠤ᠂ ᠲᠠᠯᠳᠠᠭᠤᠷ ᠪᠡᠯᠴᠢᠭᠡᠷᠯᠡᠬᠦᠯᠬᠦ᠂ ᠲᠤᠷ᠎ᠠ ᠪᠠᠷ ᠠᠲᠠᠷ ᠬᠠᠭᠠᠪᠤᠷᠢᠯᠠᠬᠤ᠂ | ᠬᠤᠯᠠᠭᠠᠶᠢᠯᠠᠨ ᠮᠤᠳᠤ ᠤᠭᠳᠤᠯᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠡᠷᠡᠰ ᠴᠢᠩᠭ᠎ᠠ ᠴᠤᠬᠢᠯᠲᠠ | ᠦᠭᠴᠤ᠂ ᠶᠠᠯᠠᠳᠤ ᠠᠵᠢᠯᠯᠠᠭ᠎ᠠ ᠪᠤᠯᠤᠭᠰᠠᠠ ᠢ ᠨᠢ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ᠤᠷᠴᠢᠨ ᠲᠤᠭᠤᠷᠢᠨ ᠢ ᠨᠦᠯᠤᠭᠡᠯᠡᠬᠦ ᠦᠨᠡᠯᠡᠯᠲᠡ ᠬᠢᠭᠡᠳ ︽ᠭᠤᠷᠪᠠᠨ ᠬᠠᠮᠳᠤ︾ ᠲᠦᠷᠢᠮ ᠢ ᠴᠢᠩᠭ᠎ᠠ | ᠭᠦᠢᠴᠡᠳᠭᠡᠵᠤ᠂ ᠠᠷᠢᠭᠤᠨ ᠴᠡᠪᠡᠷ ᠡᠨᠧᠷᠢᠬᠢ ᠶᠢ ᠲᠡᠯᠭᠡᠷᠡᠬᠦᠯᠤᠨ ᠬᠡᠷᠡᠭᠯᠡᠵᠤ᠂ ᠡᠨᠧᠷᠢᠬᠢ ᠶᠢ ᠠᠷᠪᠢᠯᠡᠨ ᠪᠦᠬᠢᠷᠳᠤᠯ ᠢ | ᠪᠠᠭᠠᠰᠬᠠᠬᠤ ᠠᠵᠢᠯ ᠢ ᠴᠢᠩᠭᠠᠳᠬᠠᠵᠤ᠂ ᠪᠠᠷᠢᠮᠵᠢᠶ᠎ᠠ ᠳᠤ ᠬᠦᠷᠭᠡᠨ ᠭᠠᠳᠠᠭᠰᠢᠯᠠᠬᠤ ᠶᠢ ᠪᠠᠳᠤᠯᠠᠨ᠎ᠠ᠃ | ︵ᠲᠦᠷᠪᠠ︶ ᠬᠤᠳᠠ ᠬᠦᠳᠡᠭᠡ ᠶᠢ ᠨᠢᠭᠡᠳᠤᠯᠲᠠᠢ ᠲᠦᠯᠤᠪᠯᠡᠨ ᠬᠦᠭᠵᠢᠬᠦᠯᠬᠦ ᠶᠢ ᠠᠬᠢᠭᠤᠯᠬᠤ ᠳᠡᠭᠡᠷ᠎ᠡ ᠰᠢᠨ᠎ᠡ | ᠠᠬᠢᠴᠠ ᠲᠠᠢ ᠪᠤᠯᠤᠨ᠎ᠠ | ᠬᠤᠳᠠ ᠪᠠᠯᠭᠠᠰᠤᠨ ᠤ ᠪᠦᠳᠣᠭᠡᠨ ᠪᠠᠶᠢᠭᠤᠯᠤᠯᠲᠠ ᠶᠢ ᠰᠠᠶᠢᠳᠤᠷ ᠬᠢᠵᠤ᠂ ᠵᠢᠯ ᠳᠤ ᠪᠠᠶᠠᠠᠬᠤᠰᠢᠭᠤ ᠪᠠᠯᠭᠠᠰᠤ | ᠶᠢ ᠵᠠᠭᠦᠠᠰᠢ ᠦᠷᠭᠡᠳᠭᠡᠬᠦ 4 ᠲᠡᠭᠰᠢ ᠳᠦᠷᠪᠡᠯᠵᠢᠨ ᠺᠢᠯᠤᠮᠧᠲᠷ ᠤᠨ ᠬᠤᠳᠠ ᠪᠠᠯᠭᠠᠰᠤᠨ ᠤ ᠬᠢᠵᠠᠭᠠᠷᠯᠠᠯ ᠤᠨ ᠴᠢᠨᠠᠷ | ᠲᠠᠢ ᠨᠠᠷᠢᠨ ᠳᠤᠳᠤᠷᠬᠠᠢ ᠳᠦᠯᠦᠪᠵᠢᠬᠦᠯᠬᠡ ᠪᠠ ᠬᠤᠳᠠ ᠪᠠᠯᠭᠠᠰᠤᠨ ᠤ ᠶᠡᠷᠦᠩᠬᠡᠢ ᠴᠤᠭᠴᠠ ᠶᠢᠨ ᠵᠢᠷᠤᠭ | ᠳᠦᠯᠦᠪᠯᠡᠭᠡ ᠶᠢᠨ ᠳᠦᠯᠦᠪᠵᠢᠬᠦᠯᠬᠡ ᠶᠢ ᠡᠬᠢᠯᠡᠨ ᠨᠠᠶᠢᠷᠠᠭᠤᠯᠤᠨ ᠵᠤᠬᠢᠶᠠᠨ᠎ᠠ᠃ 1.1 ᠳ᠋ᠦᠩᠰᠢᠭᠤᠷ ᠲᠦᠬᠦᠷᠢᠭ | ᠪᠡᠯᠡ ᠤᠷᠤᠭᠤᠯᠤᠨ᠂ ᠬᠤᠳᠠ ᠪᠠᠯᠭᠠᠰᠤᠨ ᠤ ᠵᠠᠮ ᠱᠣᠭᠤᠮ᠂ ᠪᠤᠵᠠᠷ ᠤᠰᠤᠨ ᠤ ᠬᠤᠭᠤᠯᠠᠢ ᠶᠢᠨ ᠲᠤᠤᠷ᠂ | ᠨᠤᠭᠤᠭᠠᠷᠠᠭᠤᠯᠬᠤ᠂ ᠤᠰᠤᠨ ᠤ ᠬᠠᠩᠭᠠᠯᠲᠠ ᠶᠢ ᠦᠭᠡᠷᠡᠴᠢᠯᠡᠨ ᠦᠷᠭᠡᠳᠭᠡᠬᠦ᠂ ᠬᠤᠭ ᠨᠤᠪᠰᠢ ᠶᠢ ᠰᠢᠢᠳᠪᠦᠷᠢᠯᠡᠬᠦ᠂ | ᠬᠤᠳᠠ ᠶᠢᠨ ᠤᠰᠤ ᠶᠢ ᠵᠠᠯᠠᠬᠤ᠂ ᠲᠦᠪᠯᠡᠷᠡᠭᠦᠯᠤᠨ ᠢᠯᠴᠢ ᠬᠠᠩᠭᠠᠬᠤ ᠵᠡᠷᠭᠡ ᠬᠤᠳᠠ ᠶᠢᠨ ᠰᠠᠭᠤᠷᠢ ᠲᠦᠬᠦᠭᠡᠷᠤᠮᠵᠢ | ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠤᠨ᠎ᠡ᠃ ᠬᠡᠷ ᠬᠦᠷᠤᠩᠭᠡ ᠶᠢ ᠨᠡᠭᠡᠭᠡᠨ ᠬᠦᠭᠵᠢᠬᠦᠯᠬᠦ ᠬᠦᠴᠤᠯᠡᠴᠡ | ᠪᠠᠨ ᠴᠢᠩᠭᠠᠳᠬᠠᠵᠤ᠂ ᠵᠢᠯ ᠳᠤ ᠰᠢᠨ᠎ᠡ ᠪᠠᠷ ᠨᠡᠮᠡᠭᠳᠡᠬᠦ ᠬᠡᠷ ᠬᠦᠷᠦᠩᠭᠡ ᠶᠢᠨ ᠲᠠᠯᠠᠪᠠᠢ ᠶᠢ 20 ᠲᠦᠮᠡᠨ ᠲᠡᠭᠰᠢ | ᠲᠦᠷᠪᠡᠯᠵᠢᠨ ᠮᠧᠲᠷ ᠲᠤ ᠬᠦᠷᠭᠡᠨ᠎ᠡ᠃ ᠬᠤᠳᠠ ᠪᠠᠯᠭᠠᠰᠤᠨ ᠤ ᠪᠦᠳᠦᠬᠦᠯᠢᠭ ᠤᠷᠤᠨ ᠰᠠᠭᠤᠴᠠ ᠶᠢ 2 ᠲᠦᠮᠡᠨ | ᠳᠡᠭᠰᠢ ᠳᠦᠷᠪᠡᠯᠵᠢᠨ ᠮᠧᠲᠷ ᠵᠠᠰᠠᠨ ᠰᠢᠨᠡᠳᠭᠡᠵᠤ᠂ ᠲᠤᠤᠷ᠎ᠠ ᠪᠠᠳᠤᠯᠠᠭᠠᠳᠤ ᠡᠷᠤᠭᠡ ᠶᠢᠨ ᠭᠡᠷ ᠲᠦᠷᠢᠶᠡᠰᠤᠯᠡᠬᠦ | ᠨᠦᠬᠦᠪᠤᠷᠢ ᠮᠦᠩᠭᠦ ᠶᠢ 203 ᠲᠦᠮᠡᠨ ᠲᠦᠭᠦᠷᠢᠭ ᠳᠠᠷᠬᠠᠭᠠᠨ᠎ᠠ᠃ | ᠵᠡᠮ ᠤᠨ ᠲᠤᠤᠷ ᠤᠨ ᠪᠦᠳᠤᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠮᠤᠵᠢ ᠤᠨ ᠵᠠᠮ ᠤᠨ | 101 ᠱᠤᠭᠤᠮ ᠤᠨ ᠠᠯᠳᠠᠷ ᠠᠴᠠ ᠬᠤᠤᠯᠢᠨ ᠭᠤᠤᠯ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠤᠨ ᠬᠤᠷᠴᠢᠨ | ᠪᠠᠷᠠᠭᠤᠨ ᠭᠠᠷᠤᠨ ᠲᠤᠮᠳᠠᠳᠤ ᠬᠤᠰᠢᠭᠤᠨ ᠤ ᠬᠡᠰᠡᠭ᠂ ᠤᠯᠤᠰ ᠤᠨ ᠵᠠᠮ ᠤᠨ 111 ᠱᠤᠭᠤᠮ ᠤ ᠬᠠᠭ ᠤᠨ | ᠰᠦᠮ᠎ᠡ ᠠᠴᠠ ᠪᠠᠶᠠᠠᠬᠤᠰᠢᠭᠤ ᠬᠦᠷᠬᠦ ᠨᠢᠭᠡᠳᠤᠭᠡᠷ ᠲᠡᠰ ᠤᠨ ᠵᠡᠷᠭᠡᠴᠡᠭᠡ ᠱᠤᠭᠤᠮ ᠲᠤᠮᠳᠠᠳᠤ ᠬᠤᠰᠢᠭᠤᠨ ᠤ ᠬᠡᠰᠡᠭ | ᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠵᠤ᠂ ᠠᠶᠤᠯᠳᠠᠢ ᠭᠦᠭᠦᠷᠭᠡ ᠶᠢ 4 ᠵᠠᠰᠠᠨ ᠰᠢᠨᠡᠳᠭᠡᠵᠤ᠂ ᠪᠠ ᠺᠠᠢ | ᠱᠤᠭᠤᠮ ᠤᠨ ᠪᠠᠶᠠᠠᠬᠤᠰᠢᠭᠤ ᠠᠴᠠ ᠪᠦᠳᠤᠭᠦᠨᠬᠤᠸᠠ ᠬᠦᠷᠬᠦ ᠬᠡᠰᠡᠭ ᠤᠨ ᠵᠠᠰᠠᠮᠠᠯ ᠵᠠᠮ᠂ ᠪᠦᠳᠤᠭᠦᠨᠬᠤᠸᠠ ᠠᠴᠠ | ᠬᠤᠶᠠᠷᠰᠤᠮᠤ ᠬᠦᠷᠬᠦ ᠵᠠᠰᠠᠮᠠᠯ ᠵᠠᠮ ᠢ ᠦᠬᠡᠷᠡᠴᠢᠯᠡᠨ ᠵᠠᠰᠠᠬᠤ ᠢᠨᠵᠧᠨᠧᠷᠢᠩ ᠪᠠ ᠴᠠᠭᠠᠠᠪᠤᠬᠠ ᠤᠯᠤᠮ ᠢ ᠬᠦᠭᠦᠷᠭᠡ | ᠪᠤᠯᠭᠠᠬᠤ ᠢᠨᠵᠧᠨᠧᠷᠢᠩ ᠤᠨ ᠠᠵᠢᠯ ᠳᠠᠭᠤᠰᠬᠠᠨ ᠳᠡᠷᠭᠡ ᠨᠡᠪᠳᠡᠷᠡᠬᠦ ᠶᠢ ᠪᠠᠳᠤᠯᠠᠨ᠎ᠠ᠃ ᠰᠢᠯᠢᠩᠬᠤᠳᠠ ᠠᠴᠠ | ᠤᠯᠠᠭᠠᠨᠬᠤᠳᠠ ᠬᠦᠷᠬᠦ ᠳᠡᠮᠦᠷ ᠵᠠᠮ ᠪᠠ ᠴᠠᠩᠴᠦ᠋ᠨ ᠠᠴᠠ ᠤᠰᠤᠳᠠᠢ ᠬᠦᠷᠬᠦ ᠳᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ | ᠴᠠᠬᠢᠯᠭᠠᠨ ᠲᠤᠤᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠤᠨ᠂ | ᠪᠠᠶᠠᠠᠬᠤᠰᠢᠭᠤ ᠶᠢᠨ 66 ᠺᠢᠯᠤᠸᠠᠯᠲ ᠤᠨ ᠴᠠᠬᠢᠯᠭᠠᠨ ᠬᠦᠴᠤᠳᠠᠯ ᠦᠭᠡᠷᠡᠴᠢᠯᠡᠬᠦ ᠦᠷᠲᠡᠭᠡ ᠶᠢᠨ ᠪᠠᠭᠳᠠᠭᠠᠮᠵᠢ ᠶᠢ | ᠨᠡᠮᠡᠭᠳᠡᠬᠦᠯᠵᠤ ᠦᠷᠭᠡᠳᠭᠡᠨ ᠪᠠᠶᠢᠭᠤᠯᠬᠤ᠂ ᠲᠦᠯᠢᠶᠠᠮᠤᠳᠤ ᠠᠴᠠ ᠪᠠᠷᠠᠭᠤᠨ ᠵᠢᠷᠢᠮ ᠬᠦᠷᠬᠦ 66 ᠺᠢᠯᠤᠸᠠᠯᠲ ᠤᠨ | ᠴᠠᠬᠢᠯᠭᠠᠨ ᠬᠦᠴᠤᠳᠠᠯ ᠦᠭᠡᠷᠡᠴᠢᠯᠡᠬᠦ ᠱᠤᠭᠤᠮ᠂ ᠪᠠᠯᠭᠠᠰᠤᠨ ᠳᠠᠬᠢ ᠤ 10 ᠺᠢᠯᠤᠸᠠᠯᠲ ᠤᠨ ᠱᠤᠭᠤᠮ ᠢ ᠵᠠᠰᠠᠨ | ᠰᠢᠨᠡᠳᠭᠡᠬᠦ᠂ ᠬᠠᠷᠠᠨᠢᠭᠤᠷ ᠨᠡᠬᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠳᠤᠭᠤᠷᠢᠭ ᠤᠨ 66 ᠺᠢᠯᠤᠸᠠᠯᠲ ᠤᠨ | ᠴᠠᠬᠢᠯᠭᠠᠨ ᠬᠦᠴᠤᠳᠠᠯ ᠦᠭᠡᠷᠡᠴᠢᠯᠡᠬᠦ᠂ ᠪᠠᠷᠠᠭᠤᠨ ᠵᠢᠷᠢᠮ ᠤᠨ 220 ᠺᠢᠯᠤᠸᠠᠯᠲ ᠤᠨ ᠴᠠᠬᠢᠯᠭᠠᠨ ᠬᠦᠴᠤᠳᠠᠯ | ᠦᠭᠡᠷᠡᠴᠢᠯᠡᠬᠦ ᠵᠡᠷᠭᠡ ᠴᠠᠬᠢᠯᠭᠠᠨ ᠲᠤᠤᠷ ᠤᠨ ᠢᠠᠵᠧᠨᠧᠷᠢᠩ ᠢ ᠡᠬᠢᠯᠡᠬᠦᠯᠦᠨ ᠪᠦᠲᠦᠭᠡᠨ ᠪᠠᠶᠢᠭᠤᠯᠵᠤ᠂ ᠲᠤᠮᠳᠠᠳᠤ | ᠬᠤᠰᠢᠭᠤ ᠠᠴᠠ ᠤᠯᠠᠭᠠᠠᠬᠤᠳᠠ ᠬᠦᠷᠬᠦ 220 ᠺᠢᠯᠤᠸᠠᠯᠲ ᠤᠨ ᠴᠠᠬᠢᠯᠭᠠᠨ ᠬᠦᠴᠤᠳᠠᠯ ᠦᠭᠡᠷᠡᠴᠢᠯᠡᠬᠦ ᠢᠨᠵᠧᠨᠧᠷᠢᠩ | ᠢ ᠪᠦᠲᠦᠭᠡᠨ ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ᠃ | ︵ᠲᠠᠪᠤ︶ ᠬᠤᠷᠴᠢᠨ ᠰᠤᠶᠤᠯ ᠵᠤᠭᠠᠴᠠᠯ ᠤᠨ ᠬᠦᠴᠤᠷᠭᠡᠭ ᠬᠤᠰᠢᠭᠤ ᠶᠢ ᠪᠦᠲᠦᠭᠡᠨ ᠪᠠᠶᠢᠭᠤᠯᠬᠤ ᠶᠢ | ᠠᠬᠢᠭᠤᠯᠬᠤ ᠳᠡᠭᠡᠷ᠎ᠡ ᠰᠢᠨ᠎ᠡ ᠠᠬᠢᠴᠠ ᠲᠠᠢ ᠪᠤᠯᠤᠨ᠎ᠠ | ᠬᠤᠷᠴᠢᠨ ᠰᠤᠶᠤᠯ ᠵᠤᠭᠠᠴᠠᠯ ᠤᠨ ᠬᠦᠴᠤᠷᠭᠡᠭ ᠬᠤᠰᠢᠭᠤ ᠶᠢ ᠪᠦᠳᠤᠭᠡᠨ ᠪᠠᠶᠢᠭᠤᠯᠬᠤ ᠳᠤᠭᠤᠷᠢᠨ ᠳᠤ᠂ | ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ ᠵᠢᠴᠢ ᠲᠡᠤᠭᠡ ᠶᠢᠨ ᠲᠤᠷᠠᠰᠬᠠᠯᠳᠤ ᠵᠦᠢᠯ ᠤᠨ | ᠬᠠᠮᠠᠭᠠᠯᠠᠯᠲᠠ ᠶᠢᠨ ᠨᠢᠭᠡᠴᠡ ᠶᠢ ᠭᠤᠶᠤᠴᠢᠯᠠᠨ ᠮᠡᠳᠡᠬᠦᠯᠵᠤ ᠲᠠᠪᠰᠢᠭᠦᠯᠬᠦ ᠠᠵᠢᠯ ᠢ ᠦᠷᠬᠦᠯᠵᠢᠯᠡᠨ ᠰᠠᠶᠢᠳᠤᠷ ᠬᠢᠵᠤ᠂ | ᠶᠢᠨ ᠤᠯᠤᠰ ᠤᠨ ᠵᠠᠭᠠᠭ ᠬᠡᠷᠡᠮ᠂ ᠲᠦᠯᠢᠶᠡᠮᠤᠳᠣ ᠶᠢᠨ ᠡᠷᠲᠡᠨ ᠤ ᠬᠤᠳᠠ ᠶᠢᠨ ᠪᠠᠭᠤᠷᠢ᠂ ᠨᠤᠨ ᠠᠷᠪᠠᠨ | ᠬᠤᠰᠢᠭᠤᠨ ᠤ ᠴᠢᠭᠤᠯᠭᠠᠨ ᠤ ᠭᠠᠵᠠᠷ ᠵᠡᠷᠭᠡ ᠰᠤᠶᠤᠯ ᠤᠨ ᠦᠪ ᠤᠨ ᠬᠠᠮᠠᠭᠠᠯᠠᠯᠲᠠ ᠶᠢᠨ ᠬᠦᠴᠤᠯᠡᠴᠡ ᠪᠠᠨ | ᠴᠢᠩᠭᠠᠳᠬᠠᠵᠤ᠂ ᠵᠢᠯ ᠳᠤ ᠨᠤᠨ ᠠᠷᠪᠠᠨ ᠬᠤᠰᠢᠭᠤᠨ ᠤ ᠴᠢᠭᠤᠯᠭᠠᠨ ᠤ ᠭᠠᠵᠠᠷ ᠤᠨ ᠦᠵᠡᠰᠬᠦᠯᠡᠩ ᠤᠨ ᠣᠷᠳᠤᠨ | ᠤ ᠦᠵᠠᠭᠦᠯᠤᠯᠭᠡ ᠪᠠᠨ ᠪᠠᠶᠢᠷᠢᠯᠠᠭᠤᠯᠬᠤ ᠠᠵᠢᠯ ᠢ ᠪᠠᠶᠠᠯᠡᠬᠦᠯᠤᠨ᠎ᠡ᠃ | ᠰᠤᠶᠤᠯ ᠤᠨ ᠰᠣᠷᠠᠭ ᠴᠢᠮᠡᠭᠡ ᠶᠢ ᠬᠠᠮᠳᠤ ᠪᠠᠷ ᠡᠳ᠋ᠯᠡᠬᠦ ᠢᠠᠵᠧᠨᠧᠷᠢᠩ ᠤᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠰᠤᠮᠤ ᠪᠠᠯᠭᠠᠰᠤᠨ ᠤ ᠠᠷᠠᠳ ᠲᠤ ᠠᠰᠢᠭ ᠲᠠᠢ ᠪᠡᠶ᠎ᠡ ᠴᠢᠬᠢᠷᠠᠭᠵᠢᠭᠤᠯᠬᠤ ᠲᠠᠯᠠᠪᠠᠢ ᠶᠢᠨ ᠪᠠᠭᠠᠵᠢ | ᠬᠡᠷᠡᠭᠰᠡᠯ ᠤᠨ ᠲᠦᠷᠤᠯ ᠵᠦᠢᠯ ᠢ ᠢᠳᠡᠪᠬᠢᠲᠠᠢ ᠳᠡᠮᠡᠴᠡᠨ ᠤᠯᠵᠤ᠂ ᠦᠠᠳᠤᠰᠤᠨ ᠱᠠᠳᠤᠨ ᠤ ᠰᠤᠶᠤᠯ ᠪᠡᠶ᠎ᠡ ᠲᠠᠮᠢᠷ | ᠤᠨ ᠬᠦᠳᠠᠯᠭᠡᠭᠡᠨ ᠤ ᠨᠦᠭᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠪᠦᠬᠦ ᠠᠷᠠᠳ ᠤᠨ ᠪᠠᠶ᠎ᠠ ᠪᠠᠨ | ᠴᠢᠬᠢᠷᠠᠭᠵᠢᠭᠤᠯᠬᠤ ᠬᠦᠳᠡᠯᠭᠡᠭᠡᠨ ᠤ ᠲᠦᠪ ᠤᠨ ᠶᠠᠷᠤᠩᠭᠡᠶᠢᠯᠡᠭᠰᠡᠨ ᠪᠠᠶ᠎ᠠ ᠴᠢᠬᠢᠷᠠᠭᠵᠢᠭᠤᠯᠬᠤ ᠲᠠᠯᠠᠪᠠᠢ ᠵᠢᠴᠢ ᠭᠡᠷ ᠤᠨ | ᠭᠠᠳᠠᠨᠠᠬᠢ ᠨᠠᠶᠢᠯᠠᠮᠡᠯ ᠴᠠᠪᠠᠣᠳᠤ ᠬᠦᠠᠳᠤ ᠬᠦᠩᠭᠡᠨ ᠲᠠᠮᠢᠷ ᠤᠨ ᠲᠠᠯᠠᠪᠠᠢ ᠶᠢᠨ ᠪᠦᠳᠤᠭᠡᠨ ᠪᠠᠶᠢᠭᠤᠯᠤᠯᠲᠠ ᠶᠢᠨ | ᠲᠦᠷᠤᠯ ᠵᠦᠢᠯ ᠢ ᠭᠡᠷᠡᠭᠵᠢᠬᠦᠯᠦᠨ᠎ᠡ᠃ ᠪᠠᠭᠠᠴᠤᠳ ᠬᠡᠤᠬᠡᠳ ᠤᠨ ᠮᠤᠷᠢᠲᠠᠨ ᠪᠤᠯᠪᠠᠰᠤᠷᠠᠭᠤᠯᠬᠤ ᠪᠡᠯᠡᠳᠭᠡᠯ | ᠰᠠᠭᠤᠷᠢᠨ ᠢ ᠮᠠᠨ ᠤ ᠬᠤᠰᠢᠭᠤᠨ ᠳᠤ ᠨᠤᠳᠤᠭᠰᠢᠯᠠᠭᠤᠯᠬᠤ ᠪᠠᠷ ᠴᠢᠷᠮᠠᠶᠢᠨ᠎ᠠ᠃ ᠮᠤᠷᠢᠨ ᠤ ᠠᠵᠤ ᠦᠢᠯᠡᠰ ᠢ ᠪᠦᠬᠦ | ᠬᠦᠴᠤᠨ ᠢᠶᠠᠷ ᠬᠦᠭᠵᠢᠬᠦᠯᠵᠤ᠂ ᠮᠤᠷᠢᠨ ᠤ ᠠᠵᠤ ᠦᠢᠯᠡᠰ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢ | ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠲᠦᠰᠢᠶᠠᠳᠤ ᠮᠤᠷᠢ ᠤᠷᠤᠯᠳᠤᠬᠤ ᠲᠠᠯᠠᠪᠤᠷ ᠢ ᠨᠡᠭᠦᠯᠭᠡᠨ ᠪᠠᠶᠢᠭᠤᠯᠬᠤ | ᠢᠨᠵᠧᠨᠧᠷᠢᠩ ᠢ ᠢᠳᠡᠪᠬᠢᠲᠠᠢ ᠲᠦᠯᠬᠢᠨ ᠠᠬᠢᠭᠤᠯᠵᠤ᠂ ᠵᠢᠯ ᠳᠤ ᠴᠢᠳᠠᠬᠤ ᠶᠢᠨ ᠬᠢᠷᠢ ᠪᠠᠷ ᠪᠠᠷᠢᠯᠭ᠎ᠠ ᠳᠠᠭᠤᠰᠬᠠᠨ | ᠠᠰᠢᠭᠯᠠᠯᠳᠠ ᠳᠤ ᠤᠷᠤᠭᠤᠯᠤᠨ᠎ᠠ᠃ ᠠᠷᠠᠳ ᠤᠯᠠᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠲᠤᠮᠳᠠᠳᠤ ᠶᠢᠨ ᠬᠤᠷᠳᠤᠨ ᠮᠤᠷᠢᠨ ᠤ | ᠤᠷᠤᠯᠳᠤᠭᠠᠨ᠂ ᠲᠠᠪᠤᠳᠤᠭᠠᠷ ᠬᠤᠭᠤᠴᠠᠭᠠᠨ ᠤ ᠪᠠᠳᠤᠴᠠᠭᠠᠨ ᠵᠤᠭᠠᠴᠠᠯ ᠤᠨ ᠰᠤᠶᠤᠯ ᠤᠷᠠᠯᠢᠭ ᠤᠨ ᠨᠠᠶᠢᠷ᠂ | ᠨᠠᠢᠮᠠᠳᠤᠭᠠᠷ ᠬᠤᠭᠤᠴᠠᠭᠠᠨ ᠤ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠴᠠᠭᠠᠨ ᠰᠠᠷ᠎ᠠ ᠶᠢᠨ | ᠦᠳᠡᠰᠢᠯᠡᠭᠡ ᠵᠡᠷᠭᠡ ᠤᠯᠠᠮᠵᠢᠯᠠᠯᠳᠤ ᠪᠠᠶᠠᠷ ᠲᠤᠷᠠᠰᠬᠠᠯ ᠤᠨ ᠬᠦᠳᠠᠯᠭᠡᠭᠡᠨ ᠢ ᠦᠷᠭᠦᠯᠵᠢᠯᠡᠨ ᠶᠠᠪᠤᠭᠳᠠᠭᠤᠯᠤᠨ᠎ᠠ᠃ | ᠲᠠᠪᠠᠭᠤᠯᠢᠭ ᠰᠠᠶᠢᠬᠠᠨ ᠠᠷᠠᠳ ᠤᠨ ᠰᠤᠶᠤᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠠᠨ᠂ ᠲᠠᠯ᠎ᠠ | ᠨᠤᠳᠤᠭ ᠤᠨ ᠦᠵᠠᠮᠵᠢ᠂ ᠦᠠᠳᠤᠰᠤᠲᠠᠨ ᠤ ᠵᠠᠩ ᠲᠠᠳᠬᠠᠯ᠂ ᠲᠠᠤᠭᠡᠨ ᠰᠤᠶᠤᠯ ᠵᠡᠷᠭᠡ ᠵᠤᠭᠠᠴᠠᠯ ᠤᠨ ᠤᠬᠢ | ᠰᠢᠯᠢᠳᠡᠭ ᠲᠦᠷᠤᠯ ᠵᠦᠢᠯ ᠢ ᠬᠦᠠᠵᠡᠭᠡᠢ ᠨᠠᠭᠡᠭᠡᠨ ᠬᠦᠭᠵᠢᠭᠦᠯᠵᠤ᠂ ᠵᠤᠭᠠᠴᠠᠯ ᠤᠨ ᠤᠷᠤᠨ ᠤ ᠰᠠᠭᠤᠷᠢ | ᠲᠦᠬᠦᠭᠡᠷᠤᠮᠵᠢ ᠶᠢ ᠪᠦᠷᠢᠨ ᠲᠡᠭᠦᠯᠳᠡᠷᠵᠢᠬᠦᠯᠵᠤ᠂ ᠪᠠᠳᠤᠴᠠᠭᠠᠨ ᠤ ᠵᠤᠭᠠᠴᠠᠯ ᠤᠨ ᠤᠷᠤᠨ ᠤ AAAA ᠳᠡᠰ ᠤᠨ | ᠵᠤᠭᠠᠴᠠᠯ ᠤᠨ ᠣᠷᠣᠨ ᠪᠤᠯᠭᠠᠬᠤ ᠭᠤᠶᠤᠴᠢᠯᠠᠨ ᠮᠡᠳᠡᠬᠦᠯᠤᠯᠲᠠ ᠶᠢ ᠰᠠᠶᠢᠳᠦᠷ ᠬᠢᠨ᠎ᠡ᠃ ᠬᠤᠰᠢᠭᠤᠨ ᠤ ᠲᠤᠳᠤᠨᠠᠬᠢ | ᠡᠯ᠎ᠡ ᠵᠢᠭᠤᠴᠢᠯᠠᠯ ᠤᠨ ᠤᠷᠤᠨ ᠤ ᠵᠤᠭᠠᠴᠠᠯ ᠤᠨ ᠴᠡᠭ ᠵᠢᠴᠢ ︽ᠦᠯᠢᠭᠡᠷ ᠤᠨ ᠨᠤᠳᠤᠭ︾ ᠢ ᠤᠬᠠᠭᠤᠯᠬᠤ | ᠵᠢᠷᠤᠭᠳᠤ ᠲᠡᠪᠲᠡᠷ ᠢ ᠵᠤᠬᠢᠶᠠᠨ ᠪᠦᠳᠤᠭᠡᠵᠤ᠂ ᠵᠤᠭᠠᠴᠠᠯ ᠤᠨ ᠤᠷᠤᠨ ᠤ ᠭᠠᠳᠠᠭᠠᠳᠤ ᠳᠠᠬᠢ ᠠᠯᠳᠠᠷᠰᠢᠴᠠ ᠶᠢ | ᠲᠡᠭᠡᠭᠰᠢᠯᠡᠭᠦᠯᠤᠨ᠎ᠡ᠃ | ︵ᠵᠢᠷᠭᠤᠭ᠎ᠠ︶ ᠡᠶ᠎ᠡ ᠵᠤᠬᠢᠴᠠᠩᠭᠤᠢ ᠨᠠᠶᠢᠭᠡᠮ ᠢ ᠪᠠᠶᠢᠭᠤᠯᠬᠤ ᠳᠡᠭᠡᠷ᠎ᠡ ᠰᠢᠨ᠎ᠡ ᠠᠬᠢᠴᠠ ᠲᠠᠢ ᠪᠤᠯᠤᠨ᠎ᠠ | ᠲᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠢᠠᠵᠧᠨᠧᠷᠢᠩ ᠤᠨ ᠪᠦᠳᠤᠭᠡᠨ | ᠪᠠᠶᠢᠭᠤᠯᠤᠯᠲᠠ ᠪᠠ ᠠᠯᠪᠠᠨ ᠵᠢᠷᠤᠮ ᠤᠨ ᠰᠤᠷᠭᠠᠨ ᠬᠦᠮᠤᠵᠢᠯ ᠢ ᠲᠡᠩᠴᠡᠭᠦᠷᠢᠲᠠᠢ ᠬᠦᠭᠵᠢᠬᠦᠯᠬᠦ ᠶᠢ ᠢᠳᠡᠪᠬᠢᠲᠠᠢ | ᠠᠬᠢᠭᠤᠯᠵᠤ᠂ ᠰᠤᠷᠤᠭᠴᠢ ᠶᠢᠨ ᠡᠯᠧᠺᠲᠷᠤᠨ ᠰᠤᠷᠠᠭ ᠵᠢᠩᠬᠢ ᠶᠢᠨ ᠲᠠᠩᠰᠠ ᠡᠪᠬᠡᠮᠡᠯ ᠤᠨ ᠪᠦᠳᠤᠭᠡᠨ ᠪᠠᠶᠢᠭᠤᠯᠤᠯᠲᠠ | ᠶᠢ ᠡᠬᠢᠯᠡᠭᠦᠯᠵᠤ᠂ ᠦᠠᠳᠤᠷ ᠲᠤᠮᠳᠠᠳᠤ ᠰᠤᠷᠭᠠᠭᠤᠯᠢ ᠳᠤ ᠤᠷᠤᠬᠤ ᠨᠤᠷᠮ᠎ᠠ ᠶᠢ ᠪᠠᠳᠤᠳᠬᠠᠨ᠎ᠠ᠃ ᠰᠤᠷᠭᠠᠨ | ᠬᠦᠮᠤᠵᠢᠯ ᠤᠨ ᠲᠤᠰᠠᠯᠠᠮᠵᠢ ᠶᠢ ᠴᠢᠩᠭᠠᠳᠬᠠᠵᠤ᠂ ᠵᠢᠯ ᠳᠤ 150 ᠨᠡᠷᠡᠰ ᠠᠮᠢᠳᠤᠷᠠᠯ ᠨᠢ ᠬᠦᠴᠢᠷᠲᠠᠢ ᠶᠡᠭᠡ | ᠰᠤᠷᠭᠠᠭᠤᠯᠢ ᠶᠢᠨ ᠤᠶᠤᠲᠠᠨ ᠂ 1000 ᠨᠡᠷᠡᠰ ᠠᠮᠢᠳᠤᠷᠠᠯ ᠨᠢ ᠬᠦᠴᠢᠷᠲᠠᠢ ᠲᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢ ᠶᠢ ᠲᠤᠰᠠᠯᠠᠨ ᠲᠠᠮᠵᠢᠨ᠎ᠡ᠃ ︽ᠭᠤᠷᠪᠠᠨ ᠬᠡᠯᠡᠨ ᠤ︾ ᠶᠢᠨ ᠵᠢᠭᠠᠨ ᠰᠤᠷᠭᠠᠯᠳᠠ ᠶᠢᠨ ᠦᠬᠡᠷᠡᠴᠢᠯᠡᠯᠲᠡ | ᠪᠠ ᠰᠢᠨ᠎ᠡ ᠬᠢᠴᠢᠶᠡᠯ ᠳᠦᠷᠦᠯ ᠤᠨ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠬᠦᠨᠵᠡᠬᠡᠶᠢᠷᠡᠬᠦᠯᠵᠤ᠂ ᠦᠨᠳᠦᠰᠦᠳᠡᠨ | ᠤ ᠰᠤᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠶᠠᠰᠤ ᠴᠢᠨᠠᠷ ᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ | ᠰᠤᠷᠭᠠᠭᠤᠯᠢ ᠶᠢᠨ ᠲᠤᠭᠤᠷᠢᠨ ᠳᠠᠬᠢ ᠤᠷᠴᠢᠨ ᠲᠤᠭᠤᠷᠢᠨ ᠤ ᠶᠠᠷᠤᠩᠭᠡᠢ ᠵᠠᠰᠠᠯᠲᠠ ᠶᠢᠨ ᠬᠦᠴᠤᠯᠡᠴᠡ ᠶᠢ ᠦᠨᠡᠠᠬᠦ | ᠴᠢᠩᠭᠠᠳᠬᠠᠵᠤ᠂ ᠨᠤᠮ ᠦᠵᠡᠵᠤ ᠴᠢᠳᠠᠪᠤᠷᠢᠲᠡᠨ ᠪᠤᠯᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ᠃ | | ᠬᠦᠠᠳᠤ ᠤᠠᠴᠠ ᠶᠡᠭᠡ ᠬᠢᠵᠢᠭ ᠡᠪᠡᠳᠴᠢᠨ ᠤ ᠪᠠᠳᠤᠯᠠᠭ᠎ᠠ ᠶᠢᠨ ᠳᠤᠭᠳᠠᠴᠠ ᠶᠢ ᠪᠠᠶᠢᠭᠤᠯᠤᠨ ᠪᠦᠷᠢᠯᠳᠤᠭᠦᠯᠵᠤ᠂ | ᠰᠢᠨ᠎ᠡ ᠮᠠᠶ᠋ᠢᠭ ᠤᠨ ᠬᠦᠳᠡᠭᠡ ᠳᠤᠰᠬᠤᠨ ᠤ ᠬᠤᠷᠰᠢᠭᠰᠠᠨ ᠡᠮ ᠡᠮᠨᠡᠯᠬᠡ ᠶᠢᠨ ᠳᠠᠭᠠᠳᠬᠠᠯ ᠢ ᠦᠷᠬᠦᠯᠵᠢᠯᠡᠨ | ᠪᠠᠬᠢᠵᠢᠬᠦᠯᠵᠤ᠂ ᠳᠠᠭᠠᠳᠬᠠᠯ ᠳᠤ ᠤᠷᠤᠯᠴᠠᠭᠰᠠᠨ ᠨᠤᠷᠮ᠎ᠠ ᠶᠢ 95% ᠠᠴᠠ ᠳᠡᠭᠡᠭᠰᠢ ᠳᠤ ᠪᠠᠶᠢᠯᠭᠠᠬᠤ ᠶᠢ | ᠪᠠᠳᠤᠯᠠᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠠ ᠶᠢᠨ ᠠᠯᠬᠤᠴᠠ ᠶᠢ | ᠲᠦᠷᠭᠡᠳᠭᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠳᠦᠷᠢᠮᠵᠢᠭᠰᠡᠨ ᠡᠯᠧᠺᠲᠷᠤᠨ ᠡᠷᠡᠭᠦᠯ ᠴᠢᠬᠢᠷᠠᠭ | ᠤᠨ ᠵᠤᠬᠢᠶᠠᠨ ᠬᠠᠳᠠᠭᠠᠯᠠᠬᠤ ᠤᠨ ᠲᠠᠩᠰᠠ ᠵᠤᠬᠢᠶᠠᠬᠤ ᠨᠤᠷᠮ᠎ᠠ ᠶᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ᠃ ᠡᠯ᠎ᠡ | ᠵᠦᠢᠯ ᠤᠨ ᠬᠠᠯᠳᠠᠪᠤᠷᠢᠳᠤ ᠡᠪᠡᠳᠴᠢᠨ᠂ ᠤᠷᠤᠨ ᠨᠤᠳᠤᠭ ᠤᠨ ᠡᠪᠡᠳᠴᠢᠨ᠂ ᠠᠵᠢᠯ ᠤᠨ ᠨᠦᠯᠤᠭᠡᠨ ᠤ ᠡᠪᠡᠳᠴᠢᠨ | ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠨ᠎ᠡ᠃ ᠦᠠᠳᠤᠰᠤᠨ ᠱᠠᠳᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠤ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ 3 ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠤ ᠪᠦᠳᠤᠭᠡᠨ ᠪᠠᠶᠢᠭᠤᠯᠤᠯᠲᠠ ᠶᠢᠨ ᠲᠦᠷᠤᠯ ᠵᠦᠢᠯ ᠢ ᠡᠬᠢᠯᠡᠬᠦᠯᠤᠨ᠎ᠡ᠃ ᠢᠳᠠᠭᠡᠨ ᠡᠮ | ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠳᠤᠤᠷ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠬᠦᠠᠳᠤ ᠤᠨᠴᠠ | ᠶᠡᠭᠡ ᠢᠳᠠᠭᠡᠨ ᠡᠮ ᠤᠨ ᠵᠦᠢᠯ ᠤᠨ ᠠᠳᠡᠭᠳᠡᠯ ᠭᠠᠷᠬᠤ ᠶᠢ ᠴᠢᠩᠭ᠎ᠠ ᠰᠡᠷᠭᠡᠶᠢᠯᠡᠵᠤ᠂ ᠵᠢᠯ ᠳᠤ᠂ ᠤᠷᠤᠨ ᠤ ᠲᠡᠰ | ᠤᠨ ᠡᠮ ᠤᠨ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠡᠭᠦᠳᠤᠨ ᠪᠠᠶᠢᠭᠤᠯᠬᠤ ᠪᠠᠷ | ᠬᠦᠴᠤᠯᠠᠨ ᠴᠢᠷᠮᠠᠶᠢᠨ᠎ᠠ᠃ | ᠲᠦᠯᠤᠪᠯᠡᠭᠡᠳᠤ ᠦᠷᠡᠵᠢᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠭᠡᠪᠡᠷ ᠭᠡᠷᠡᠭᠵᠢᠬᠦᠯᠵᠤ᠂ | ᠣᠯᠣᠰ ᠤᠨ ᠰᠦᠢᠳᠭᠡᠯ ᠬᠤᠷᠢᠶᠠᠬᠤ ᠦᠬᠡᠢ ᠪᠠᠷ ᠵᠢᠷᠮᠦᠰᠦᠯᠡᠬᠦ ᠠᠴᠠ ᠡᠮᠦᠨᠡᠬᠢ ᠰᠢᠯᠢᠳᠡᠭ ᠦᠷᠡᠵᠢᠯ ᠤᠨ ᠡᠷᠡᠬᠦᠯ | ᠡᠩᠬᠡ ᠶᠢᠨ ᠪᠠᠶᠢᠴᠠᠭᠠᠯᠳᠠ ᠶᠢᠨ ᠳᠦᠷᠦᠯ ᠵᠦᠢᠯ ᠤᠨ ᠳᠤᠷᠰᠢᠯᠳᠠ ᠶᠢᠨ ᠴᠡᠭ ᠤᠨ ᠠᠵᠢᠯ ᠢ ᠳᠦᠷᠭᠡᠳᠭᠡᠨ | ᠠᠬᠢᠭᠤᠯᠵᠤ᠂ ᠴᠢᠳᠠᠬᠤ ᠶᠢᠨ ᠬᠢᠷᠢ ᠪᠠᠷ ᠪᠠᠶᠢᠴᠠᠭᠠᠬᠤ ᠪᠦᠬᠦᠨ ᠢ ᠪᠠᠶᠢᠴᠠᠭᠠᠬᠤ ᠶᠢ ᠪᠡᠶᠡᠯᠡᠬᠦᠯᠦᠨ᠎ᠡ᠃ ᠪᠦᠬᠦ | ᠬᠤᠰᠢᠭᠤᠨ ᠤ 5000 ᠨᠡᠷᠡᠰ ᠬᠦᠩᠭᠡᠵᠢᠬᠦ ᠨᠠᠰᠤᠨ ᠤ ᠡᠮᠡᠭᠲᠡᠶᠢᠴᠤᠳ ᠳᠤ ᠲᠦᠯᠤᠪᠤᠷᠢ ᠦᠭᠡᠢ ᠪᠠᠷ ᠪᠠᠶᠢᠴᠠᠭᠠᠯᠲᠠ | ᠬᠢᠵᠤ ᠦᠭᠬᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠳᠤ ᠬᠦᠠᠵᠡᠭᠡᠶᠢᠷᠠᠵᠤ 2000 ᠲᠠᠯᠠᠪᠤᠷ ᠠᠴᠠ ᠳᠡᠭᠡᠭᠰᠢ | ᠺᠢᠨᠣ᠋ ᠦᠵᠡᠭᠦᠯᠤᠨ᠎ᠡ᠃ ᠷᠠᠳᠢᠣ᠋ ᠲᠧᠯᠸᠢᠰ ᠤᠨ ︽ᠲᠤᠰᠬᠤᠨ ᠪᠦᠷᠢ ᠳᠤ ᠨᠡᠪᠲᠠᠷᠡᠬᠦ︾ ᠢᠠᠵᠧᠨᠧᠷᠢᠩ ᠤᠨ ᠦᠷ᠎ᠡ | ᠪᠦᠲᠦᠭᠡᠯ ᠢ ᠪᠠᠳᠤᠳᠬᠠᠨ ᠲᠡᠬᠦᠯᠳᠡᠷᠵᠢᠬᠦᠯᠵᠤ᠂ ᠵᠢᠯ ᠳᠤ 1.5 ᠲᠦᠮᠡᠨ ᠢᠵᠢ ᠲᠠᠭᠠᠭᠤᠯᠢ ᠤᠳᠤᠨ ᠠᠴᠠ | ᠬᠤᠷᠢᠶᠠᠮᠵᠢᠯᠠᠬᠤ ᠭᠠᠵᠠᠷ ᠲᠦᠭᠦᠭᠡᠷᠤᠮᠵᠢ ᠶᠢ ᠤᠭᠰᠠᠷᠠᠭᠤᠯᠤᠨ᠎ᠠ᠃ | ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠬᠦᠳᠡᠭᠡ ᠲᠤᠰᠬᠠᠨ ᠤ ᠲᠠᠪᠤᠨ | ᠪᠠᠳᠤᠯᠭᠠᠳᠤ ᠡᠷᠤᠭᠡ ᠶᠢ ᠠᠰᠠᠷᠠᠨ ᠲᠡᠵᠢᠭᠡᠬᠦ ᠲᠦᠷᠤ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠡᠮᠳᠡᠭ | ᠬᠡᠤᠬᠡᠳ ᠦᠨᠤᠴᠢᠨ ᠬᠡᠤᠬᠡᠳ ᠬᠢᠭᠡᠳ ᠬᠤᠳᠠ ᠪᠠᠯᠭᠠᠰᠤᠨ ᠤ ︽ᠭᠤᠷᠪᠠᠨ ᠦᠭᠡᠢ︾ ᠬᠦᠮᠤᠰ ᠤᠨ ᠠᠪᠤᠷᠠᠨ | ᠳᠣᠰᠠᠯᠠᠬᠤ ᠬᠦᠴᠤᠯᠡᠴᠡ ᠶᠢ ᠴᠢᠩᠭᠠᠳᠬᠠᠵᠤ᠂ ᠬᠤᠰᠢᠭᠤᠨ ᠤ ᠶᠠᠷᠤᠩᠭᠡᠶᠢᠯᠡᠭᠰᠡᠨ ᠠᠰᠠᠷᠠᠮᠵᠢ ᠶᠢᠨ ᠲᠦᠪ᠂ ᠭᠠᠮᠰᠢᠭ | ᠠᠴᠠ ᠠᠪᠤᠷᠠᠬᠤ ᠬᠠᠳᠠᠭᠠᠯᠠᠮᠵᠢ ᠶᠢᠨ ᠬᠦᠮᠦᠷᠭᠡ ᠪᠠ ᠲᠦᠯᠢᠶᠠᠮᠤᠳᠤ ᠶᠢᠨ ᠤᠷᠤᠨ ᠤ ᠴᠢᠨᠠᠷ ᠲᠠᠢ ᠨᠠᠰᠤᠲᠠᠨ ᠢ | ᠠᠰᠠᠷᠠᠬᠤ ᠬᠦᠷᠢᠶᠡᠯᠡᠩ ᠤᠨ ᠪᠦᠳᠤᠭᠡᠨ ᠪᠠᠶᠢᠭᠤᠯᠤᠯᠲᠠ ᠶᠢ ᠪᠠᠶᠡᠯᠡᠬᠦᠯᠵᠤ ᠠᠰᠢᠭᠯᠠᠯᠲᠠ ᠳᠤ ᠤᠷᠤᠭᠤᠯᠤᠨ᠎ᠠ᠃ | ᠨᠦᠭᠴᠢᠭᠰᠡᠨ ᠪᠠᠭᠠᠳᠤᠷᠴᠤᠳ ᠤᠨ ᠪᠤᠩᠬᠤᠨ ᠢ ᠨᠡᠬᠦᠯᠭᠡᠨ ᠪᠠᠶᠢᠭᠤᠯᠬᠤ ᠢᠠᠵᠧᠨᠧᠷᠢᠩ ᠢ ᠡᠬᠢᠯᠡᠬᠦᠯᠤᠨ᠎ᠡ᠃ ᠳᠣᠶᠢᠯ | ᠤᠨ ᠬᠦᠴᠢᠷᠳᠡᠯᠲᠡᠢ ᠵᠠᠮᠳᠡᠭᠴᠤᠳ ᠢ ᠠᠪᠤᠷᠠᠨ ᠳᠤᠰᠠᠯᠠᠬᠤ ᠪᠠᠷᠢᠮᠵᠢᠶ᠎ᠠ ᠶᠢ ᠳᠤᠭᠳᠠᠭᠤᠨ ᠢᠶᠠᠷ ᠳᠡᠭᠡᠭᠰᠢᠯᠡᠬᠦᠯᠵᠤ᠂ | ᠵᠡᠮᠳᠡᠭᠴᠣᠳ ᠤᠨ ᠨᠠᠶᠢᠳᠠᠨ ᠠᠰᠠᠷᠠᠬᠤ ᠳᠦᠪ ᠢ ᠪᠦᠲᠦᠭᠡᠨ ᠪᠠᠶᠢᠭᠤᠯᠬᠤ ᠳᠦᠷᠦᠯ ᠵᠦᠢᠯ ᠢ ᠢᠳᠡᠪᠬᠢᠲᠡᠢ | ᠠᠬᠢᠭᠤᠯᠵᠤ᠂ ᠵᠠᠮᠳᠡᠭᠴᠤᠳ ᠤᠨ ᠤᠷᠤᠰᠢᠨ ᠲᠤᠭᠳᠠᠨᠢᠬᠤ ᠪᠠ ᠠᠮᠢᠳᠤᠷᠠᠯ ᠤᠨ ᠨᠦᠬᠦᠴᠡᠯ ᠢ ᠲᠠᠰᠤᠷᠠᠯᠲᠠ ᠦᠭᠡᠢ | ᠰᠠᠶᠢᠵᠢᠷᠠᠭᠤᠯᠤᠨ᠎ᠠ᠃ ᠠᠵᠢᠯ ᠤᠯᠭᠤᠬᠤ ᠬᠢᠭᠡᠳ ᠬᠦᠳᠡᠯᠮᠤᠷᠢ ᠬᠦᠴᠤᠨ ᠢ ᠭᠠᠳᠠᠭᠰᠢ ᠭᠠᠷᠭᠠᠬᠤ ᠠᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠵᠢᠯ ᠳᠤ ᠬᠦᠳᠡᠯᠮᠤᠷᠢ ᠬᠦᠴᠤᠨ ᠢ 2.5 ᠲᠦᠮᠡᠨ ᠬᠦᠮᠤᠨ ᠤᠳᠠᠭ᠎ᠠ ᠭᠠᠳᠠᠭᠰᠢ | ᠭᠠᠷᠭᠠᠬᠤ ᠶᠢ ᠪᠠᠶᠡᠯᠡᠬᠦᠯᠵᠤ᠂ ᠬᠤᠲᠠ ᠪᠠᠯᠭᠠᠰᠤᠨ ᠤ ᠠᠵᠢᠯ ᠤᠯᠭᠤᠭᠰᠠᠨ ᠬᠦᠮᠦᠨ ᠤ ᠳᠤᠭ᠎ᠠ ᠶᠢ 2100 ᠬᠦᠮᠤᠨ | ᠰᠢᠨ᠎ᠡ ᠪᠠᠷ ᠨᠡᠮᠡᠭᠳᠡᠬᠦᠯᠵᠤ᠂ ᠠᠵᠢᠯ ᠤᠯᠬᠤ ᠳᠤ ᠬᠦᠴᠢᠷᠲᠠᠢ ᠬᠦᠮᠤᠨ ᠢ 1000 ᠬᠦᠮᠤᠨ ᠲᠤᠬᠢᠷᠠᠭᠤᠯᠵᠤ᠂ | ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 4% ᠶᠢᠨ ᠳᠤᠳᠤᠷ᠎ᠠ ᠬᠢᠵᠠᠭᠠᠷᠯᠠᠨ᠎ᠠ᠃ | ᠨᠠᠰᠤᠳᠠᠶᠢᠴᠣᠳ ᠤᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ︽123︾ ᠨᠠᠰᠤᠲᠠᠶᠢᠴᠤᠳ ᠤᠨ | ᠪᠡᠶ᠎ᠡ ᠳᠠᠮᠢᠷ ᠤᠨ ᠢᠨᠵᠧᠨᠧᠷᠢᠩ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠵᠤ᠂ ᠦᠨᠳᠦᠰᠦᠨ | ᠱᠠᠳᠤᠨ ᠤ ᠨᠠᠰᠤᠳᠠᠶᠢᠴᠣᠳ ᠤᠨ ᠬᠦᠳᠡᠯᠭᠡᠭᠡᠨ ᠤ ᠳᠦᠬᠦᠭᠡᠷᠦᠮᠵᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠦᠨ᠎ᠡ᠃ | ᠨᠦᠬᠦᠴᠡᠯ ᠳᠤ ᠨᠡᠶᠢᠴᠡᠭᠰᠡᠨ 80 ᠨᠠᠰᠤᠨ ᠠᠴᠠ ᠳᠡᠭᠡᠭᠰᠢᠬᠢ ᠨᠠᠰᠤᠳᠠᠶᠢᠴᠣᠳ ᠲᠤ ᠬᠦᠮᠦᠨ ᠪᠦᠷᠢ ᠰᠠᠷ᠎ᠠ ᠳᠤ | 100 ᠳᠦᠬᠦᠷᠢᠭ ᠤᠨ ᠤᠷᠳᠤ ᠨᠠᠰᠤᠯᠠᠭᠰᠠᠨ ᠨᠦᠬᠦᠪᠦᠷᠢ ᠳᠠᠷᠬᠠᠭᠠᠨ᠎ᠠ᠃ | ᠬᠢᠨᠠᠨ ᠬᠠᠮᠢᠶᠠᠷᠤᠯᠳᠠ ᠬᠢᠭᠡᠳ ᠦᠢᠯᠡᠴᠢᠯᠡᠬᠦ ᠶᠢ ᠬᠠᠮᠳᠤ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ | ᠠᠶᠤᠯᠬᠦᠢ ᠦᠢᠯᠡᠳᠪᠦᠷᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠦᠷᠢᠵᠢᠭᠤᠯᠤᠨ᠎ᠠ᠃ ᠦᠢᠯᠡᠳᠪᠦᠷᠢ | ᠬᠤᠳᠠᠯᠳᠤᠭ᠎ᠠ᠂ ᠶᠠᠰᠤ ᠴᠢᠨᠠᠷ ᠲᠤ ᠬᠢᠨᠠᠯᠳᠠ ᠳᠠᠯᠪᠢᠬᠤ ᠵᠡᠷᠭᠡ ᠰᠠᠯᠠᠭ᠎ᠠ ᠮᠦᠴᠢᠷ ᠤᠨ ᠵᠠᠬ᠎ᠠ ᠳᠡᠯᠭᠡᠬᠦᠷ ᠲᠤ ᠬᠢᠨᠠᠯᠳᠠ | ᠳᠠᠯᠪᠢᠬᠤ ᠡᠬᠦᠷᠭᠡ ᠬᠠᠷᠢᠭᠤᠯᠴᠠᠭ᠎ᠠ ᠶᠢ ᠬᠦᠢᠴᠡᠳ ᠪᠠᠳᠠᠷᠠᠭᠤᠯᠵᠤ᠂ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠯᠳᠤᠭᠦᠯᠵᠤ᠂ ᠬᠠᠭᠤᠷᠮᠠᠭ ᠵᠦᠢᠯ ᠢ ᠦᠢᠯᠡᠳᠪᠦᠷᠢᠯᠡᠨ ᠪᠤᠷᠤᠯᠠᠭᠤᠯᠬᠤ᠂ ᠵᠠᠬ᠎ᠠ | ᠳᠡᠯᠭᠡᠬᠦᠷ ᠢ ᠡᠵᠡᠷᠬᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠵᠠᠬ᠎ᠠ ᠳᠡᠯᠭᠡᠬᠦᠷ ᠤᠨ | ᠡᠵᠡᠩᠨᠡᠯᠲᠡ ᠶᠢᠨ ᠡᠮᠬᠢ ᠲᠢᠭᠯᠢᠮ ᠢ ᠬᠠᠮᠠᠭᠠᠯᠠᠵᠤ᠂ ᠰᠠᠶᠢᠨ ᠰᠠᠶᠢᠬᠠᠨ ᠵᠠᠬ᠎ᠠ ᠳᠡᠯᠭᠡᠬᠦᠷ ᠤᠨ ᠡᠵᠡᠩᠨᠡᠯᠲᠡ ᠶᠢᠨ | ᠤᠷᠴᠢᠨ ᠳᠤᠭᠤᠷᠢᠨ ᠢ ᠪᠤᠢ ᠪᠤᠯᠭᠠᠨ᠎ᠠ᠃ | ᠤᠯᠤᠰ ᠤᠨ ᠪᠠᠳᠤᠯᠠᠨ ᠬᠠᠮᠠᠭᠠᠯᠠᠯᠲᠠ ᠶᠢᠨ ᠪᠡᠯᠡᠳᠭᠡᠯ ᠠᠯᠪᠠ ᠶᠢᠨ ᠪᠠᠶᠢᠭᠤᠯᠤᠯᠲᠠ ᠶᠢ ᠲᠠᠮᠵᠢᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠭᠦᠭᠵᠢᠯᠲᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ︿︿ᠬᠤᠶᠠᠷ ᠢ | ᠬᠦᠷᠢᠶᠡᠯᠡᠨ ᠬᠠᠷᠠᠭᠠᠯᠵᠠᠬᠤ﹀﹀ ᠠᠵᠢᠯᠯᠠᠭᠠᠨ ᠢ ᠪᠠᠳᠤᠳᠠᠢ ᠦᠷᠨᠢᠭᠦᠯᠵᠤ᠂ ᠴᠡᠷᠢᠭ ᠠᠷᠠᠳ ᠤᠨ ᠨᠡᠶᠢᠯᠡᠯ ᠬᠦᠭᠵᠢᠯᠲᠡ | ᠶᠢ ᠲᠦᠯᠬᠢᠨ ᠠᠬᠢᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠡᠮᠤᠨᠡᠬᠢ ᠬᠤᠭᠤᠴᠠᠭᠠᠨ ᠤ ᠠᠵᠢᠯ ᠢ ᠪᠦᠬᠦ ᠲᠠᠯ᠎ᠠ ᠢᠶᠠᠷ ᠶᠠᠪᠤᠭᠳᠠᠭᠤᠯᠤᠨ᠎ᠠ᠃ ᠦᠠᠳᠤᠰᠤᠲᠡᠨ | ᠱᠠᠰᠢᠨ ᠰᠣᠷᠳᠠᠬᠤᠨ ᠤ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠠᠯᠠᠭᠤᠯᠵᠤ᠂ ᠡᠯ᠎ᠡ ᠦᠨᠳᠦᠰᠤᠳᠡᠨ ᠤ | ᠪᠦᠯᠭᠦᠮᠳᠡᠯ ᠢ ᠪᠠᠳᠤᠳᠠᠢ ᠬᠠᠮᠠᠭᠠᠯᠠᠨ᠎ᠠ᠃ ᠡᠮᠡᠭᠲᠡᠶᠢᠴᠤᠳ᠂ ᠬᠡᠤᠭᠡᠳ ᠪᠠᠭᠠᠴᠤᠳ᠂ ᠨᠠᠰᠤᠳᠠᠶᠢᠴᠤᠳ ᠪᠤᠯᠤᠨ | ᠵᠡᠮᠳᠡᠭᠴᠤᠳ ᠤᠨ ᠬᠠᠤᠯᠢ ᠶᠤᠰᠤᠨ ᠤ ᠡᠷᠬᠡ ᠠᠰᠢᠭ ᠢ ᠴᠢᠷᠮᠠᠶᠢᠨ ᠬᠠᠮᠠᠭᠠᠯᠠᠨ᠎ᠠ᠃ ᠲᠠᠩᠰᠠ ᠡᠪᠭᠡᠮᠡᠯ ᠤᠨ | ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠲᠠᠩᠰᠠ ᠡᠪᠭᠡᠮᠡᠯ ᠤᠨ ᠤᠷᠳᠤᠨ ᠤ ᠤᠶᠢᠯᠡᠳᠤᠯ ᠴᠢᠳᠠᠪᠬᠢ | ᠶᠢᠨ ᠪᠠᠶᠢᠭᠤᠯᠤᠯᠲᠠ ᠶᠢ ᠦᠪᠡᠷᠲᠡᠭᠡᠨ ᠵᠠᠰᠠᠬᠤ ᠤᠷᠤᠨ ᠤ ᠨᠢᠭᠡᠳᠥᠭᠡᠷ ᠲᠡᠰ ᠤᠨ ᠪᠠᠷᠢᠮᠵᠢᠶᠠᠨ ᠳᠤ ᠴᠢᠷᠮᠠᠶᠢᠨ | ᠬᠦᠷᠭᠡᠨ᠎ᠡ᠃ ᠠᠵᠢᠯᠴᠢᠨ ᠤ ᠡᠪᠯᠡᠯ᠂ ᠲᠡᠤᠬᠡ ᠤᠶᠢᠯᠠᠯᠭ᠎ᠠ᠂ ᠴᠠᠭ ᠠᠭᠤᠷ᠂ ᠤᠯᠠᠭᠠᠨ ᠵᠠᠭᠠᠯᠮᠠᠶᠢᠳᠠᠨ ᠵᠡᠷᠭᠡ ᠡᠯ᠎ᠡ | ᠵᠦᠢᠯ ᠤᠨ ᠦᠢᠯᠡᠰ ᠢ ᠶᠠᠬᠡᠪᠡᠷ ᠬᠦᠭᠵᠢᠭᠦᠯᠵᠤ᠂ ᠴᠢᠳᠠᠬᠤ ᠶᠢᠨ ᠬᠢᠷᠢ ᠪᠠᠷ ᠰᠢᠨ᠎ᠡ ᠨᠢᠭᠡᠨ ᠱᠠᠳᠤᠨ ᠳᠤ ᠭᠠᠷᠭᠠᠬᠤ | ᠪᠠᠷ ᠴᠢᠷᠮᠠᠶᠢᠨ᠎ᠠ᠃ | ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠦᠩᠬᠦᠨ ᠬᠦᠢᠯᠭᠡᠭᠡᠨ ᠤ ᠠᠵᠢᠯ ᠢ ᠰᠠᠶᠢᠳᠤᠷ ᠠᠳᠬᠤᠵᠤ᠂ | ᠭᠠᠶᠢᠯᠢ ᠶᠢᠨ ᠤᠷᠤᠯᠭ᠎ᠠ ᠶᠢᠨ ᠳᠠᠳᠠᠪᠦᠷᠢᠯᠠᠯᠳᠠ ᠶᠢ ᠴᠢᠩᠭᠠᠷᠠᠭᠤᠯᠵᠤ᠂ ᠳᠦᠰᠦᠪ ᠤᠨ ᠭᠡᠷᠡᠭᠵᠢᠬᠦᠯᠦᠯᠲᠡ ᠶᠢ | ᠴᠢᠩᠭᠠᠳᠬᠠᠵᠤ᠂ ︽ᠭᠤᠷᠪᠠᠨ ᠠᠯᠪᠠᠨ︾ ᠤ ᠵᠠᠷᠤᠳᠠᠯ ᠢ ᠴᠢᠩᠭ᠎ᠠ ᠡᠵᠡᠮᠳᠡᠵᠤ᠂ ︽ᠠᠯᠪᠠᠨ ᠺᠠᠷᠲ︾ ᠤᠨ ᠲᠦᠷᠢᠮ | ᠢ ᠪᠦᠬᠦ ᠲᠠᠯ᠎ᠠ ᠪᠠᠷ ᠭᠡᠷᠡᠭᠵᠢᠬᠦᠯᠦᠨ᠂ ᠵᠠᠰᠠᠭ ᠵᠠᠬᠢᠷᠭᠠᠨ ᠤ ᠦᠪᠡᠷ ᠤᠨ ᠦᠷᠳᠡᠭ ᠢ ᠡᠵᠡᠮᠳᠡᠨ ᠬᠠᠮᠢᠶᠠᠷᠠᠬᠤ ᠪᠠᠨ | ᠴᠢᠩᠭᠠᠳᠬᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠦᠩᠬᠦ ᠶᠢᠨ ᠬᠠᠮᠤᠭ ᠤᠨ ᠶᠡᠭᠡ ᠦᠷ᠎ᠡ ᠠᠰᠢᠭ | ᠭᠠᠷᠠᠭᠠᠬᠤ ᠶᠢ ᠪᠠᠳᠤᠯᠠᠨ᠎ᠠ᠃ ᠵᠠᠰᠠᠭ ᠤᠨ ᠤᠷᠳᠤᠨ ᠤ ᠮᠦᠩᠭᠦᠨ ᠭᠦᠢᠯᠭᠡᠭᠡᠨ ᠤ ᠦᠢᠯᠡᠰ ᠳᠠᠬᠢ ᠲᠦᠷᠤ ᠶᠢᠨ | ᠪᠤᠳᠤᠯᠭ᠎ᠠ ᠶᠢᠨ ᠤᠳᠤᠷᠢᠳᠤᠮᠵᠢ ᠪᠠ ᠬᠢᠨᠠᠨ ᠬᠠᠮᠢᠶᠠᠷᠠᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠪᠠᠩᠭᠢ ᠬᠢᠭᠡᠳ | ᠵᠠᠰᠠᠭ ᠤᠨ ᠤᠷᠳᠤᠨ᠂ ᠪᠠᠩᠭᠢ ᠬᠢᠭᠡᠳ ᠠᠵᠤ ᠠᠬᠤᠶᠢᠯᠠᠯ ᠤᠨ ᠬᠠᠷᠢᠯᠴᠠᠨ ᠨᠡᠪᠳᠡᠷᠡᠯᠴᠡᠬᠦ ᠳᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠮᠳᠠ ᠪᠠᠭ᠎ᠠ ᠠᠵᠤ ᠠᠬᠤᠶᠢᠯᠠᠯ | ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠠᠨ ᠳᠤ ᠢᠳᠡᠭᠡᠮᠵᠢᠳᠤ ᠵᠢᠭᠡᠯᠡᠯᠭᠡ ᠶᠢᠨ ᠲᠡᠳᠭᠦᠮᠵᠢ ᠦᠵᠡᠬᠦᠯᠬᠦ | ᠶᠢ ᠬᠦᠳᠤᠯᠤᠨ ᠵᠤᠷᠢᠭᠵᠢᠭᠤᠯᠵᠤ᠂ ᠲᠤᠮᠳᠠ ᠪᠠᠭ᠎ᠠ ᠠᠵᠤ ᠠᠬᠤᠶᠢᠯᠠᠯ ᠤᠨ ᠪᠠᠯᠡ ᠮᠦᠩᠬᠦ ᠬᠤᠷᠠᠮᠳᠤᠭᠤᠯᠬᠤ | ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ | ︵ᠲᠤᠯᠤᠭ᠎ᠠ︶ ᠪᠤᠳᠠᠳᠦ ᠶᠠᠪᠤᠳᠠᠯ ᠬᠢᠵᠤ ᠠᠷᠠᠳ ᠤᠨ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠰᠢᠨ᠎ᠡ ᠠᠬᠢᠴᠠ | ᠲᠠᠢ ᠪᠤᠯᠤᠨ᠎ᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠭᠰᠠᠨ ᠨᠡᠶᠢᠬᠡᠮ ᠤᠨ ᠪᠠᠶᠢᠭᠤᠯᠤᠯᠲᠠ ᠶᠢ | ᠳᠦᠷᠭᠡᠳᠭᠡᠵᠤ᠂ ᠤᠯᠠᠨ ᠲᠦᠮᠡᠨ ᠤ ᠦᠪᠡᠷ ᠤᠨ ᠠᠰᠢᠭ ᠳᠤᠰᠠ ᠲᠠᠢ ᠬᠤᠯᠪᠤᠭᠳᠠᠬᠤ ᠠᠰᠠᠭᠤᠳᠠᠯ ᠤᠨ ᠳᠤᠭᠤᠷᠢᠨ | ᠳᠤ᠂ ᠡᠳ᠋ ᠤᠨ ᠵᠠᠰᠠᠭ ᠬᠦᠴᠢᠷᠳᠡᠯᠲᠡᠢ ᠪᠠᠶᠢᠳᠠᠯ ᠳᠤᠤᠷ᠎ᠠ᠂ ᠪᠢᠳᠡ ᠳᠡᠭᠡᠳᠦ ᠬᠡᠮᠵᠢᠶᠡᠨ ᠤ ᠬᠠᠷᠢᠭᠤᠴᠠᠯᠭᠠᠳᠦ | ᠰᠡᠳᠬᠢᠯᠬᠡ ᠪᠠᠷ ︽ᠠᠷᠪᠠᠨ ᠪᠤᠳᠠᠳᠣ ᠶᠠᠪᠤᠳᠠᠯ︾ ᠢ ᠰᠠᠶᠢᠳᠦᠷ ᠬᠢᠨ᠎ᠡ᠃ | ᠨᠢᠭᠡ ᠳᠤ᠂ ᠪᠡᠯᠡ ᠮᠦᠩᠬᠦ ᠶᠢ ᠳᠡᠮᠡᠴᠡᠨ ᠤᠯᠵᠤ᠂ ᠬᠢᠮᠳᠠ ᠳᠦᠷᠢᠶᠡᠰᠤᠨ ᠤᠷᠤᠨ ᠰᠠᠭᠤᠴᠠ ᠶᠢ 3.14 | ᠲᠦᠮᠡᠨ ᠲᠡᠭᠰᠢ ᠲᠦᠷᠪᠡᠯᠵᠢᠨ ᠮᠧᠲᠷ ᠪᠦᠲᠦᠭᠡᠨ ᠪᠠᠶᠢᠭᠤᠯᠵᠤ᠂ ᠪᠠᠳᠤᠯᠠᠭ᠎ᠠ ᠶᠢᠨ ᠴᠢᠨᠠᠷ ᠲᠠᠢ ᠤᠷᠤᠨ ᠰᠠᠭᠤᠴᠠ | ᠶᠢᠨ ᠢᠨᠵᠧᠨᠧᠷᠢᠩ ᠤᠨ ᠶᠠᠰᠣ ᠴᠢᠨᠠᠷ ᠢ ᠪᠠᠳᠣᠯᠠᠬᠤ ᠶᠢᠨ ᠳᠠᠭᠠᠣ᠂ ᠪᠠᠳᠤᠯᠠᠭ᠎ᠠ ᠶᠢᠨ ᠴᠢᠨᠠᠷ ᠲᠠᠢ ᠤᠷᠤᠨ ᠰᠠᠭᠤᠴᠠ | ᠶᠢ ᠬᠤᠪᠢᠶᠠᠷᠯᠠᠬᠤ ᠠᠵᠢᠯ ᠢ ᠰᠠᠶᠢᠳᠣᠷ ᠬᠢᠵᠦ᠂ ᠢᠯᠡ ᠳᠤᠳᠤ᠂ ᠡᠷᠭᠡ ᠳᠡᠭᠰᠢ ᠭᠤᠤᠯᠴᠢ ᠪᠠᠶᠢᠬᠤ ᠶᠢ ᠪᠠᠳᠣᠯᠠᠨ᠎ᠠ᠃ | ᠬᠤᠶᠠᠷ ᠲᠤ᠂ ᠪᠡᠯᠡ ᠮᠦᠩᠬᠦ ᠶᠢ ᠳᠡᠮᠡᠴᠡᠨ ᠤᠯᠵᠤ᠂ 1.12 ᠲᠦᠮᠡᠨ ᠬᠦᠮᠦᠨ ᠠᠮᠠ ᠶᠢᠨ ᠣᠣᠭᠤᠬᠤ | ᠣᠰᠣᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ | ᠭᠤᠷᠪᠠ ᠳᠤ᠂ ᠪᠡᠯᠡ ᠮᠦᠩᠬᠦ ᠶᠢ ᠳᠡᠮᠡᠴᠡᠨ ᠤᠯᠵᠤ᠂ ᠲᠤᠰᠬᠤᠨ ᠳᠤ ᠨᠡᠪᠳᠡᠷᠡᠬᠦ ᠱᠦᠢᠨᠢ ᠶᠢᠨ ᠵᠠᠮ ᠢ 66 | ᠺᠢᠯᠤᠮᠧᠲᠷ ᠲᠠᠪᠢᠰᠴᠦ᠂ ᠮᠠᠯᠴᠢᠨ ᠳᠠᠷᠢᠶᠠᠴᠢᠳ ᠤᠨ ᠭᠠᠳᠠᠭᠰᠢ ᠭᠠᠷᠬᠤ ᠨᠦᠬᠦᠴᠡᠯ ᠢ ᠰᠠᠶᠢᠵᠢᠷᠠᠭᠤᠯᠤᠨ᠎ᠠ᠃ | ᠲᠦᠷᠪᠡ ᠳᠤ᠂ ᠠᠵᠢᠯ ᠤᠯᠭᠤᠵᠤ ᠦᠢᠯᠡᠰ ᠪᠦᠲᠦᠭᠡᠬᠦ ᠲᠦᠷᠦ ᠶᠢᠨ ᠪᠤᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ 600 ᠬᠦᠮᠦᠨ ᠳᠤ ᠠᠵᠢᠯ ᠤᠯᠭᠤᠵᠤ᠂ ᠨᠡᠶᠢᠲᠡ ᠶᠢᠨ ᠠᠰᠠᠷᠠᠮᠵᠢ | ᠶᠢᠨ ᠴᠢᠨᠠᠷ ᠠᠵᠢᠯ ᠤᠨ ᠪᠠᠶᠢᠷᠢ ᠶᠢ 160 ᠭᠠᠷᠭᠠᠵᠤ᠂ ᠵᠠᠰᠠᠭ ᠤᠨ ᠤᠷᠳᠤᠨ ᠠᠴᠠ ᠬᠦᠦ ᠮᠦᠩᠬᠦ ᠦᠭᠬᠦ ᠪᠠᠭ᠎ᠠ | ᠲᠤᠭᠠᠨ ᠤ ᠵᠢᠭᠡᠯᠡᠯᠭᠡ ᠶᠢ 4000 ᠲᠦᠮᠡᠨ ᠲᠦᠭᠦᠷᠢᠭ ᠠᠴᠠ ᠲᠡᠭᠡᠭᠰᠢ ᠲᠠᠯᠪᠢᠵᠤ᠂ 2000 ᠢᠯᠡᠬᠦᠦ ᠬᠦᠮᠦᠨ ᠢ | ᠳᠠᠶᠢᠴᠢᠯᠠᠨ ᠠᠵᠢᠯ ᠤᠯᠭᠤᠨ᠎ᠠ᠃ | ᠲᠠᠪᠤ ᠳᠤ ᠂ ᠵᠢᠯ ᠳᠤ ᠪᠠᠶᠠᠨᠬᠤᠰᠢᠭᠤ ᠪᠠᠯᠭᠠᠰᠤᠨ ᠤ ᠬᠦᠬᠦᠷᠭᠡ ᠶᠢᠨ ᠡᠮᠦᠨᠡᠬᠢ ᠬᠡᠤᠭᠡᠳ ᠤᠨ ᠴᠡᠴᠡᠷᠯᠢᠭ ᠢ | ᠪᠦᠲᠦᠭᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ᠂ ᠲᠦᠯᠢᠶᠡᠮᠤᠳᠣ ᠪᠠᠯᠭᠠᠰᠤᠨ ᠤ ᠭᠤᠤᠯ ᠬᠡᠤᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠤᠨ ᠢᠨᠵᠧᠨᠧᠷᠢᠩ ᠢ ᠡᠬᠢᠯᠡᠬᠦᠯᠦᠨ᠎ᠡ᠃ | ᠵᠢᠷᠭᠤᠭ᠎ᠠ ᠳᠤ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠬᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠤᠩᠭᠤᠯ ᠡᠮᠨᠡᠯᠭᠡ ᠶᠢᠨ ᠤᠯᠠᠮᠵᠢᠯᠠᠯᠲᠦ ᠵᠠᠰᠠᠯᠭ᠎ᠠ ᠶᠢᠨ ᠠᠰᠠᠷ ᠤᠨ ᠳᠦᠷᠦᠯ ᠵᠦᠢᠯ ᠢ | ᠡᠬᠢᠯᠡᠬᠦᠯᠦᠨ᠎ᠡ᠃ | ᠲᠤᠯᠤᠭ᠎ᠠ ᠳᠤ᠂ ᠲᠡᠭᠡᠳᠤ ᠱᠠᠳᠤᠨ ᠠᠴᠠ ᠪᠡᠯᠡ ᠮᠦᠩᠬᠦ ᠳᠡᠮᠡᠴᠡᠨ ᠤᠯᠵᠤ᠂ ᠭᠠᠴᠠᠭ᠎ᠠ ᠶᠢᠨ ᠡᠷᠡᠭᠦᠯ | ᠬᠠᠮᠠᠭᠠᠯᠠᠯ ᠤᠨ ᠳᠠᠰᠤᠭ ᠢ 30 ᠪᠦᠲᠦᠭᠡᠨ ᠪᠠᠶᠢᠭᠤᠯᠵᠤ᠂ 6 ᠲᠦᠮᠡ ᠢᠯᠡᠬᠦᠦ ᠮᠠᠯᠴᠢᠨ ᠲᠠᠷᠢᠶᠠᠴᠢᠨ ᠤ ᠤᠶᠢᠷ᠎ᠠ | ᠬᠠᠪᠢ ᠳᠤ ᠪᠠᠨ ᠡᠮᠨᠡᠬᠦᠯᠬᠦ ᠠᠰᠠᠭᠤᠳᠠᠯ ᠢ ᠰᠢᠢᠳᠪᠦᠷᠢᠯᠡᠨ᠎ᠡ᠃ ᠬᠤᠳᠠ ᠬᠦᠳᠡᠭᠡ ᠶᠢᠨ ᠬᠦᠴᠢᠷᠳᠡᠯᠳᠡᠢ ᠤᠯᠠᠨ | ᠲᠦᠮᠡᠨ ᠤ ᠡᠮ ᠡᠮᠨᠡᠯᠭᠡ ᠶᠢᠨ ᠠᠪᠤᠷᠠᠨ ᠳᠤᠰᠠᠯᠠᠬᠤ ︽ᠨᠢᠬᠡ ᠦᠷᠳᠡᠭᠡ ᠶᠢᠨ ᠬᠡᠯᠪᠡᠷᠢ︾ ᠶᠢᠨ ᠦᠢᠯᠡᠴᠢᠯᠡᠬᠡᠨ ᠢ | ᠶᠠᠪᠤᠭᠳᠠᠭᠤᠯᠵᠤ᠂ 3.5 ᠲᠦᠮᠡᠨ ᠨᠡᠷᠡᠰ ᠦᠢᠯᠡᠴᠢᠯᠡᠬᠡᠨ ᠤ ᠡᠳᠡᠭᠡᠳ ᠲᠤ ᠳᠦᠬᠦᠮ ᠬᠢᠯᠪᠠᠷ ᠶᠠᠰᠣ ᠴᠢᠨᠠᠷᠲᠠᠢ | ᠦᠢᠯᠡᠴᠢᠯᠡᠬᠡᠨ ᠢ ᠬᠠᠩᠭᠠᠨ᠎ᠠ᠃ | ᠨᠠᠢᠮᠠ ᠳᠤ᠂ ᠪᠡᠯᠡ ᠮᠦᠩᠬᠦ ᠶᠢ ᠢᠳᠡᠪᠬᠢᠲᠡᠢ ᠳᠠᠳᠠᠨ ᠤᠷᠤᠭᠤᠯᠵᠤ᠂ ᠪᠦᠬᠦ ᠠᠶᠢᠮᠠᠭ ᠤᠨ ᠬᠠᠮᠤᠭ ᠳᠦᠷᠦᠬᠦᠨ | ᠤ ᠮᠠᠯ ᠤᠨᠤᠭ᠎ᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠵᠠᠬ᠎ᠠ ᠲᠡᠯᠭᠡᠭᠦᠷ ᠢ ᠪᠠᠶᠢᠭᠤᠯᠵᠤ᠂ ᠮᠠᠯᠴᠢᠨ ᠲᠠᠷᠢᠶᠠᠴᠢᠨ ᠤ | ᠮᠠᠯ ᠤᠨᠤᠭ᠎ᠠ ᠪᠠᠨ ᠠᠷᠠᠯᠵᠢᠶᠠᠯᠠᠬᠤ ᠠᠷᠭ᠎ᠠ ᠵᠠᠮ ᠢ ᠦᠷᠭᠡᠳᠭᠡᠨ᠎ᠡ᠃ | ᠶᠢᠰᠦ ᠳᠤ᠂ ᠪᠠᠶᠠᠨᠬᠤᠰᠢᠭᠤ ᠪᠠᠯᠭᠠᠰᠤᠨ ᠤ ᠳᠠᠷᠢᠶᠠᠯᠠᠩ ᠤᠨ ᠪᠦᠲᠦᠭᠡᠭᠳᠡᠬᠦᠨ ᠢ ᠪᠦᠬᠡᠮ ᠢᠶᠠᠷ ᠪᠤᠷᠤᠯᠠᠭᠤᠯᠬᠤ | ᠵᠠᠬ᠎ᠠ ᠳᠡᠯᠭᠡᠬᠦᠷ ᠢ ᠡᠬᠢᠯᠡᠨ ᠪᠠᠶᠢᠭᠤᠯᠵᠤ᠂ ᠪᠠᠶᠠᠨᠬᠤᠰᠢᠭᠤ ᠪᠠᠯᠭᠠᠰᠤ ᠤᠷᠤᠨ ᠤ ᠳᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠳᠦᠭᠡᠭᠳᠡᠬᠦᠨ ᠢ ᠠᠷᠠᠯᠵᠢᠶᠠᠯᠠᠬᠤ ᠤᠷᠴᠢᠨ ᠳᠤᠭᠤᠷᠢᠨ ᠢ ᠳᠠᠰᠣᠷᠠᠯᠳᠠ ᠦᠬᠡᠢ ᠰᠠᠶᠢᠵᠢᠷᠠᠭᠤᠯᠤᠨ᠎ᠠ᠃ | ᠠᠷᠪᠠ ᠳᠤ᠂ ᠪᠡᠯᠡ ᠮᠦᠩᠬᠦ ᠶᠢ ᠢᠳᠡᠪᠬᠢᠲᠡᠢ ᠳᠡᠮᠡᠴᠡᠨ ᠤᠯᠵᠤ᠂ ᠪᠠᠶᠠᠨᠬᠤᠰᠢᠭᠤ ᠪᠠᠯᠭᠠᠰᠣ ᠤᠷᠤᠨ ᠤ ᠵᠠᠮ | ᠬᠠᠷᠢᠯᠴᠠᠭᠠᠨ ᠤ ᠲᠤᠬᠢᠶᠠᠨ ᠳ᠋ᠧᠩ ᠵᠢᠴᠢ ᠬᠠᠷᠠᠭᠠᠨ ᠳᠠᠪᠳᠠᠮᠵᠢ ᠶᠢᠨ ᠬᠢᠨᠠᠨ ᠬᠡᠮᠵᠢᠯᠲᠡ ᠶᠢᠨ ᠢᠨᠵᠧᠨᠧᠷᠢᠩ ᠢ | ᠭᠡᠷᠡᠭᠵᠢᠬᠦᠯᠵᠤ᠂ ᠡᠯ᠎ᠡ ᠵᠡᠬᠡᠯᠢ ᠵᠠᠮ ᠤᠨ ᠭᠤᠤᠯᠳᠠᠯᠭ᠎ᠠ ᠲᠠᠢ ᠭᠡᠰᠡᠭ ᠤᠨ ᠪᠦᠬᠦ ᠪᠦᠷᠬᠦᠴᠡ ᠶᠢ ᠪᠡᠶᠡᠯᠡᠬᠦᠯᠦᠨ᠎ᠡ᠃ | ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠠ ᠶᠢᠨ ᠪᠦᠲᠤᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ | ᠴᠢᠩᠭᠠᠳᠬᠠᠬᠤ ᠳᠡᠭᠡᠷ᠎ᠡ ᠰᠢᠨ᠎ᠡ ᠠᠬᠢᠴᠠ ᠲᠠᠢ ᠪᠤᠯᠤᠨ᠎ᠠ | ᠨᠠᠮ ᠤᠨ ᠲᠦᠪ ᠬᠤᠷᠢᠶ᠎ᠠ ᠶᠢᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠤᠯᠠᠨ ᠲᠦᠮᠡᠨ ᠲᠠᠢ ᠨᠢᠭᠲᠠ | ᠬᠠᠷᠢᠯᠴᠠᠬᠤ ᠲᠤᠬᠠᠢ ᠨᠠᠢᠮᠠᠨ ᠵᠤᠷᠪᠤᠰ ᠲᠤᠭᠲᠠᠭᠠᠯ ᠶᠢ ᠪᠦᠬᠦ ᠲᠠᠯ᠎ᠠ ᠪᠠᠷ ᠳᠣᠣᠱᠯᠠᠭᠤᠯᠤᠨ ᠨᠠᠶᠢᠳᠠᠪᠦᠷᠢᠵᠢᠭᠤᠯᠵᠤ᠂ | ᠬᠡᠵᠢᠶᠡᠲᠠ ᠠᠷᠠᠳ ᠲᠦᠮᠡᠨ ᠳᠤ ᠦᠢᠯᠡᠴᠢᠯᠡᠬᠦ ᠶᠢ ᠵᠠᠰᠠᠭ ᠤᠨ ᠤᠷᠳᠤᠨ ᠤ ᠦᠨᠳᠤᠰᠤᠨ ᠡᠭᠦᠷᠭᠡ ᠪᠤᠯᠭᠠᠨ᠂ ᠠᠷᠠᠳ | ᠲᠦᠮᠡᠨ ᠤ ᠦᠨᠳᠦᠰᠤᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠶᠢ ᠵᠠᠰᠠᠭ ᠤᠨ ᠤᠷᠳᠤᠨ ᠤ ᠡᠬᠢᠯᠡᠯᠲᠡ ᠬᠢᠭᠡᠳ | ᠵᠤᠭᠰᠤᠴᠠ ᠪᠤᠯᠭᠠᠨ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠦᠨᠳᠤᠰᠤᠨ ᠱᠠᠳᠤᠨ ᠳᠤ | ᠬᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠤ᠂ ᠤᠯᠠᠨ ᠲᠦᠮᠡᠨ ᠤ ᠳᠠᠭᠤᠨ ᠢ ᠰᠤᠨᠤᠰᠴᠦ᠂ ᠭᠡᠷ | ᠬᠦᠷᠦᠩᠬᠡ ᠶᠢᠨ ᠬᠠᠩᠰᠢ ᠶᠢ ᠲᠤᠬᠢᠷᠠᠭᠤᠯᠬᠤ᠂ ᠢᠳᠡᠰᠢᠨ ᠨᠤᠭᠤᠭ᠎ᠠ ᠶᠢᠨ ᠬᠠᠩᠰᠢ ᠶᠢ ᠲᠤᠭᠲᠠᠪᠤᠷᠢᠵᠢᠭᠤᠯᠬᠤ ᠵᠡᠷᠭᠡ | ᠤᠯᠠᠨ ᠲᠦᠮᠡᠨ ᠤ ᠠᠮᠢᠨ ᠴᠢᠬᠤᠯᠠ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠢ ᠪᠦᠭᠦ ᠬᠦᠴᠤᠨ ᠢᠶᠠᠷ | ᠰᠢᠢᠳᠪᠦᠷᠢᠯᠡᠨ᠎ᠡ᠃ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠣᠯᠢ ᠶᠤᠰᠤᠭᠠᠷ ᠬᠢᠨᠠᠯᠲᠠ ᠲᠠᠯᠪᠢᠬᠤ ᠬᠢᠭᠡᠳ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠭ᠎ᠠ ᠲᠠᠢ ᠪᠠᠷ ᠬᠦᠯᠢᠶᠡᠨ ᠠᠪᠴᠤ᠂ ᠵᠠᠰᠠᠭ | ᠵᠠᠬᠢᠷᠭᠠᠨ ᠤ ᠬᠠᠦᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠲᠦᠷᠢᠮ ᠶᠢ ᠶᠠᠪᠤᠭᠳᠠᠭᠤᠯᠵᠤ᠂ ᠵᠠᠰᠠᠭ ᠵᠠᠭᠢᠷᠭᠠᠨ | ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠢᠳᠡᠪᠬᠢᠲᠡᠢ ᠦᠷᠨᠢᠭᠦᠯᠵᠦ᠂ ᠬᠠᠦᠯᠢ ᠶᠤᠰᠤᠭᠠᠷ ᠵᠠᠰᠠᠭ | ᠪᠠᠷᠢᠬᠤ ᠴᠢᠳᠠᠪᠦᠷᠢ ᠪᠠᠨ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠤᠨ ᠢᠯᠡ ᠪᠤᠯᠭᠠᠬᠤ | ᠬᠦᠷᠢᠶ᠎ᠡ ᠬᠡᠪᠴᠢᠶ᠎ᠡ ᠶᠢ ᠦᠷᠭᠡᠳᠭᠡᠵᠦ᠂ ᠡᠯᠧᠷᠲᠷᠤᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠲᠦᠷᠭᠡᠳᠭᠡᠨ᠂ | ᠵᠠᠰᠠᠭ ᠤᠨ ᠤᠷᠳᠤᠨ ᠤ ᠰᠤᠷᠠᠭ ᠮᠡᠳᠡᠭᠡ ᠢᠯᠡ ᠪᠤᠯᠭᠠᠬᠤ ᠬᠢᠭᠡᠳ ᠰᠤᠨᠢᠨ ᠮᠡᠳᠡᠭᠡᠨ ᠤ ᠦᠭᠦᠯᠡᠭᠴᠢ ᠶᠢᠨ ᠲᠦᠷᠢᠮ | ᠶᠢ ᠲᠡᠭᠦᠯᠳᠡᠷᠵᠢᠭᠦᠯᠵᠦ᠂ ᠵᠠᠰᠠᠭ ᠤᠨ ᠰᠤᠷᠲᠠᠯ ᠵᠦᠪᠯᠡᠯᠳᠤᠬᠦ ᠠᠵᠢᠯ ᠢ ᠰᠠᠶᠢᠳᠤᠷ ᠬᠢᠵᠦ᠂ ᠤᠯᠠᠨ ᠲᠦᠮᠡᠨ ᠬᠢᠭᠡᠳ | ᠵᠠᠭᠤᠴᠢ ᠶᠢᠨ ᠬᠢᠨᠠᠯᠲᠠ ᠶᠢ ᠢᠳᠡᠪᠬᠢᠲᠡᠢ ᠪᠠᠷ ᠬᠦᠯᠢᠶᠡᠨ ᠠᠪᠤᠨ᠎ᠠ᠃ ︿︿ᠵᠢᠷᠭᠤᠳᠤᠭᠠᠷ ᠲᠠᠪᠤᠨ ᠵᠢᠯ﹀﹀ ᠤᠨ ᠬᠠᠤᠯᠢ | ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠦᠷᠨᠢᠭᠦᠯᠵᠤ᠂ ᠰᠠᠶᠢᠨ ᠰᠠᠶᠢᠬᠠᠨ ᠬᠠᠦᠯᠢ ᠲᠦᠷᠢᠮ ᠤᠨ ᠤᠷᠴᠢᠨ | ᠲᠤᠭᠤᠷᠢᠨ ᠢ ᠪᠠᠶᠢᠭᠤᠯᠤᠨ᠎ᠠ᠃ | ᠵᠠᠬᠢᠲᠠᠯ ᠰᠤᠷᠪᠤᠯᠵᠢᠯᠠᠭ᠎ᠠ ᠶᠢᠨ ᠲᠤᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠠᠷᠢᠯᠭᠠᠬᠤ ᠳᠤᠰᠬᠠᠢ | ᠠᠵᠢᠯᠯᠠᠭᠠᠨ ᠢ ᠦᠷᠭᠦᠯᠵᠢᠯᠡᠨ ᠬᠦᠨᠵᠡᠬᠡᠢ ᠦᠷᠨᠢᠬᠦᠯᠵᠤ᠂ ᠠᠳᠠᠯᠢ ᠪᠤᠰᠤ ᠬᠠᠮᠳᠤ ᠪᠦᠯᠤᠭ᠌ ᠤᠨ ᠠᠰᠢᠭ ᠳᠣᠰᠠ ᠶᠢᠨ | ᠵᠦᠷᠢᠴᠡᠯ ᠢ ᠵᠤᠬᠢᠰᠳᠠᠢ ᠰᠢᠢᠳᠪᠦᠷᠢᠯᠡᠨ᠎ᠡ᠃ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠬᠦᠳᠬᠦ ᠶᠢ ᠶᠡᠭᠡᠪᠡᠷ | ᠴᠢᠩᠭᠠᠳᠬᠠᠵᠤ᠂ ᠬᠤᠰᠢᠭᠤᠨ ᠤ ᠳᠤᠳᠤᠭᠠᠳᠤ ᠳᠠᠬᠢ ᠲᠤᠤᠷ ᠰᠦᠯᠵᠢᠶᠡᠨ ᠤ ᠵᠠᠭᠤᠴᠢᠯᠠᠭᠤᠷ ᠤᠨ ᠬᠢᠨᠠᠨ | ᠬᠠᠮᠢᠶᠠᠷᠤᠯᠳᠠ ᠶᠢ ᠴᠢᠩᠭᠠᠳᠬᠠᠵᠤ᠂ ᠠᠮᠤᠷ ᠲᠦᠪᠰᠢᠨ᠂ ᠳᠦᠷᠢᠮᠵᠢᠯ ᠲᠠᠢ᠂ ᠬᠠᠤᠯᠢ ᠶᠤᠰᠤᠲᠠᠢ ᠳᠤᠤᠷ ᠰᠦᠯᠵᠢᠶᠡᠨ | ᠤ ᠶᠠᠷᠢᠶ᠎ᠠ ᠬᠡᠯᠡᠯᠴᠡᠭᠡᠨ ᠤ ᠤᠷᠴᠢᠨ ᠳᠤᠭᠤᠷᠢᠨ ᠢ ᠪᠤᠢ ᠪᠤᠯᠭᠠᠨ᠎ᠠ᠃ ᠨᠡᠶᠢᠬᠡᠮ ᠤᠨ ᠦᠢᠯᠡᠴᠢᠯᠡᠬᠡᠨ ᠤ ᠬᠠᠮᠢᠶᠠᠷᠤᠯᠳᠠ | ᠶᠢᠨ ᠶᠡᠷᠦᠩᠬᠡᠶᠢᠯᠡᠭᠰᠡᠨ ᠰᠣᠷᠠᠭ ᠴᠢᠮᠡᠭᠡᠨ ᠤ ᠳᠠᠪᠴᠠᠩ ᠤᠨ ᠪᠠᠶᠢᠭᠤᠯᠤᠯᠲᠠ ᠶᠢ ᠡᠬᠢᠯᠡᠬᠦᠯᠵᠤ᠂ ᠨᠡᠶᠢᠬᠡᠮ ᠤᠨ ᠠᠮᠤᠷ | ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠡᠯ᠎ᠡ ᠵᠦᠢᠯ ᠤᠨ | ᠬᠠᠤᠯᠢ ᠠᠴᠠ ᠵᠦᠷᠢᠴᠡᠵᠤ ᠶᠠᠯ᠎ᠠ ᠬᠢᠭᠰᠡᠨ ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠤᠯᠠᠨ ᠲᠦᠮᠡᠨ ᠤ ᠠᠮᠢ | ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠨ᠎ᠠ᠃ | ᠨᠠᠮ ᠤᠨ ᠰᠣᠷᠳᠠᠯ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠦᠷᠢᠵᠢᠭᠤᠯᠵᠤ᠂ ᠢᠯᠵᠠᠷᠠᠮᠠᠯ ᠢ ᠰᠡᠷᠭᠡᠶᠢᠯᠡᠬᠦ ᠪᠠ ᠶᠡᠯᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ | ᠂ ︽ᠭᠤᠷᠪᠠᠨ ᠬᠦᠨᠳᠦ ᠨᠢᠬᠡ ᠶᠡᠭᠡ︾ ᠶᠢᠨ ᠳᠦᠷᠢᠮ ᠢ ᠴᠢᠩᠭ᠎ᠠ ᠭᠡᠷᠡᠭᠵᠢᠬᠦᠯᠵᠤ᠂ ᠴᠢᠬᠤᠯᠠ ᠶᠡᠭᠡ ᠠᠰᠠᠭᠤᠳᠠᠯ ᠢ | ᠬᠠᠮᠳᠦ ᠪᠠᠷ ᠰᠢᠢᠳᠪᠤᠷᠢᠯᠡᠬᠦ ᠳᠤᠭᠳᠠᠴᠠ ᠶᠢ ᠳᠠᠰᠣᠷᠠᠯᠳᠠ ᠦᠬᠡᠢ ᠪᠦᠷᠢᠯᠳᠤᠬᠦᠯᠵᠤ᠂ ᠴᠢᠬᠤᠯᠠ ᠶᠡᠭᠡ ᠬᠡᠷᠡᠭ | ᠶᠠᠪᠤᠳᠠᠯ ᠤᠨ ᠨᠡᠶᠢᠬᠡᠮ ᠤᠨ ᠳᠤᠭᠳᠠᠭᠤᠨ ᠤ ᠳᠦᠭᠰᠢᠬᠦᠷᠢ ᠶᠢᠨ ᠦᠨᠡᠯᠡᠯᠲᠡ᠂ ᠢᠯᠡ ᠪᠤᠯᠭᠠᠬᠤ ᠭᠡᠷᠡᠴᠢᠯᠡᠯᠲᠡ ᠪᠠ | ᠬᠠᠤᠯᠢ ᠶᠤᠰᠤᠭᠠᠷ ᠬᠢᠨᠠᠨ ᠪᠠᠶᠢᠴᠠᠭᠠᠬᠤ ᠳᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠨᠡᠶᠢᠬᠡᠮ ᠳᠤ ᠬᠠᠷᠢᠭᠤᠴᠠᠬᠤ | ᠂ ᠠᠷᠠᠳ ᠲᠦᠮᠡᠨ ᠳᠤ ᠬᠠᠷᠢᠭᠤᠴᠠᠵᠤ᠂ ᠤᠯᠠᠨ ᠲᠦᠮᠡᠨ ᠤ ᠢᠳᠡᠭᠡᠯ ᠢ ᠤᠯᠤᠭᠰᠠᠨ ᠵᠠᠰᠠᠭ ᠤᠨ ᠤᠷᠳᠤᠨ ᠤ ᠳᠦᠷᠢ | ᠳᠦᠷᠬᠦ ᠶᠢ ᠪᠤᠢ ᠪᠤᠯᠭᠠᠨ᠎ᠠ᠃ | ᠲᠦᠯᠤᠭᠡᠯᠡᠭᠴᠢᠳ ᠡ᠂ ᠰᠢᠨ᠎ᠡ ᠠᠶᠠᠨ ᠵᠠᠮ ᠳᠤ᠂ ᠵᠠᠪᠰᠢᠶᠠᠨ ᠬᠢᠭᠡᠳ ᠦᠷᠢᠰᠤᠯᠳᠦᠭᠡᠨ ᠬᠠᠮᠲᠤ ᠪᠠᠷ ᠤᠷᠤᠰᠢᠵᠤ᠂ | ᠡᠷᠡᠮᠡᠯᠵᠡᠯ ᠬᠢᠭᠡᠳ ᠬᠦᠴᠢᠷᠳᠡᠯ ᠵᠡᠷᠭᠡ ᠪᠠᠷ ᠪᠠᠶᠢᠨ᠎ᠠ᠃ ᠪᠢᠳᠠ ᠬᠤᠰᠢᠭᠤᠨ ᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠳᠤᠤᠷ᠎ᠠ᠂ ᠢᠲᠡᠭᠡᠯ ᠢᠶᠠᠨ ᠬᠦᠪᠴᠢᠯᠡᠨ᠂ ᠬᠦᠴᠢᠷᠳᠡᠯ ᠢ ᠢᠯᠠᠵᠤ᠂ ᠰᠢᠨ᠎ᠡ ᠶᠢ ᠡᠬᠦᠳᠤᠨ᠂ | ᠯᠠᠪᠳᠠᠭᠤᠨ ᠪᠠᠳᠤᠳᠠᠢ ᠠᠵᠢᠯᠯᠠᠨ᠂ ᠡᠯ᠎ᠡ ᠵᠦᠢᠯ ᠤᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠬᠦᠯᠵᠤ᠂ ᠮᠠᠨ | ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠠᠬᠢᠴᠠ ᠶᠢ ᠳᠦᠷᠭᠡᠳᠭᠡᠬᠦ ᠶᠢᠨ ᠳᠦᠯᠦᠭᠡ | ᠴᠢᠷᠮᠠᠶᠢᠨ ᠳᠡᠮᠡᠴᠡᠵᠡᠭᠡᠶᠡ︕ | | | | |