ᠨᠢᠳᠤᠨᠤᠨ ᠵᠢᠯ ᠬᠢᠩᠭᠠᠨ ᠠᠶᠢᠮᠠᠭ 1.8 ᠲᠦᠮᠡᠨ ᠶᠠᠳᠠᠭᠤ ᠬᠦᠴᠢᠷᠳᠡᠯᠳᠡᠢ ᠵᠡᠮᠳᠡᠭ ᠬᠦᠮᠦᠨ ᠪᠠ 2.2 ᠲᠦᠮᠡᠨ ᠬᠦᠨᠳᠤ ᠵᠡᠮᠳᠡᠭ ᠬᠦᠮᠦᠨ ᠳᠤ ᠨᠦᠬᠦᠪᠦᠷᠢ ᠶᠢ ᠳᠠᠷᠬᠠᠭᠠᠪᠠ
ᠨᠡᠶᠢᠲᠡᠯᠡᠭᠰᠡᠨ ᠴᠠᠭ᠄
2018/1/25
    ᠨᠢᠳᠤᠨᠤᠨ ᠵᠢᠯ᠂ ᠬᠢᠩᠭᠠᠨ ᠠᠶᠢᠮᠠᠭ ᠲᠡᠭᠡᠳᠦ ᠱᠠᠳᠤᠨ ᠤ ᠱᠠᠭᠠᠷᠳᠠᠯᠭ᠎ᠠ ᠪᠤᠯᠤᠨ ᠠᠶᠢᠮᠠᠭ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠦ᠂ ᠵᠡᠮᠳᠡᠭᠴᠤᠳ ᠲᠤ ᠪᠦᠬᠦ ᠰᠡᠳᠬᠢᠯ ᠪᠦᠭᠦ ᠵᠤᠷᠢᠭ ᠢᠶᠠᠷ ᠦᠢᠯᠡᠴᠢᠯᠡᠬᠦ ᠪᠠᠷ ᠭᠤᠤᠯ ᠬᠠᠷᠠᠯᠳᠠ ᠪᠠᠨ ᠪᠤᠯᠭᠠᠨ᠂ ᠡᠯ᠎ᠠ ᠲᠦᠷᠦᠯ ᠤᠨ ᠠᠵᠢᠯ ᠢ ᠬᠦᠴᠦᠯᠡᠨ ᠶᠠᠪᠤᠭᠳᠠᠭᠤᠯᠤᠭᠰᠠᠨ ᠠᠴᠠ ᠵᠡᠮᠳᠡᠭᠴᠤᠳ ᠤᠨ ᠡᠷᠡᠬᠦᠯᠵᠢᠯ ᠤᠨ ᠠᠵᠢᠯ ᠦᠢᠯᠡᠰ ᠤᠨ ᠬᠦᠭᠵᠢᠯᠳᠡ᠂ ᠵᠡᠮᠳᠡᠭᠴᠤᠳ ᠢ ᠠᠪᠤᠷᠠᠨ ᠲᠤᠰᠠᠯᠠᠬᠤ ᠢᠨᠵᠧᠨᠧᠷᠢᠩ᠂ ᠵᠡᠮᠳᠡᠭᠴᠤᠳ ᠤᠨ ᠠᠵᠯ ᠤᠯᠭᠤᠵᠦ ᠦᠢᠯᠡᠰ ᠪᠤᠰᠬᠠᠬᠤ ᠵᠡᠷᠭᠡ ᠠᠵᠢᠯ ᠢᠯᠡᠷᠭᠡᠢ ᠦᠷ᠎ᠠ ᠪᠦᠳᠦᠮᠵᠢ ᠤᠯᠤᠭᠰᠠᠨ ᠪᠠᠶᠢᠨ᠎ᠠ᠃         — ᠵᠡᠮᠳᠡᠭᠴᠤᠳ ᠤᠨ ᠡᠷᠡᠬᠦᠯᠵᠢᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠪᠠ᠃ ᠠᠶᠢᠮᠠᠭ ᠤᠨ ᠵᠡᠮᠳᠡᠭᠴᠤᠳ ᠤᠨ ᠡᠷᠡᠬᠦᠯᠵᠢᠯ ᠤᠨ ᠲᠦᠪ ᠢ ᠵᠢᠩᠬᠢᠨᠢ ᠪᠠᠷ ᠠᠰᠢᠭᠯᠠᠯᠳᠠ ᠳᠤ ᠤᠷᠤᠭᠤᠯᠵᠦ᠂ ᠤᠨᠢᠨ ᠲᠡᠭᠡᠷ᠎ᠠ ᠨᠢ ᠡᠷᠡᠬᠦᠯᠵᠢᠬᠦᠯᠬᠦ ᠱᠠᠭᠠᠷᠳᠠᠯᠭ᠎ᠠ ᠶᠤᠰᠤᠭᠠᠷ᠂ 8000 ᠵᠡᠮᠳᠡᠭ ᠬᠦᠮᠦᠨ ᠳᠤ ᠦᠨᠳᠦᠰᠦᠨ ᠡᠷᠡᠬᠦᠯᠵᠢᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ ︽ᠤᠯᠤᠰ ᠤᠨ ᠹᠦ᠋ ᠺᠠᠩ ᠢᠨᠵᠧᠨᠧᠷᠢᠩ︾ ᠪᠠ ᠦᠪᠡᠷᠳᠡᠭᠡᠨ ᠵᠠᠰᠠᠬᠤ ᠤᠷᠤᠨ ᠤ ︽ᠡᠷᠡᠬᠦᠯᠵᠢᠯ ᠢ ᠲᠤᠰᠠᠯᠠᠬᠤ ᠢᠨᠵᠧᠨᠧᠷᠢᠩ︾᠎ ᠢ ᠶᠠᠪᠤᠭᠳᠠᠭᠤᠯᠵᠦ᠂ ᠶᠠᠳᠠᠭᠤ ᠬᠦᠴᠢᠷᠳᠡᠯᠳᠡᠢ ᠵᠡᠮᠳᠡᠭ ᠬᠦᠮᠦᠨ ᠳᠤ ᠲᠤᠬᠢᠷᠠᠬᠤ ᠡᠯ᠎ᠠ ᠲᠦᠷᠦᠯ ᠤᠨ ᠬᠢᠮᠡᠯ ᠮᠦᠴᠢ ᠪᠠ ᠡᠷᠡᠬᠦᠯᠵᠢᠯ ᠤᠨ ᠪᠠᠭᠠᠵᠢ ᠵᠡᠷᠭᠡ ᠶᠢ 85 ᠤᠭᠰᠠᠷᠠᠭᠤᠯᠵᠦ ᠦᠭᠪᠡ᠃         — ᠵᠡᠮᠳᠡᠭᠴᠤᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠢᠨᠵᠧᠨᠧᠷᠢᠩ ᠢ ᠬᠡᠷᠡᠭᠵᠢᠬᠦᠯᠪᠡ᠃ ᠵᠡᠮᠳᠡᠭ ᠬᠦᠮᠦᠨ ᠤ ︽ᠬᠤᠶᠠᠷ ᠲᠦᠷᠦᠯ ᠤᠨ ᠨᠦᠬᠦᠪᠦᠷᠢ︾᠎ ᠶᠢᠨ ᠪᠠᠷᠢᠮᠵᠢᠶ᠎ᠡ ᠶᠢ ᠬᠦᠮᠤᠨ ᠪᠦᠷᠢ ᠳᠤ ᠵᠢᠯ ᠳᠤ 400 — 600 ᠲᠦᠭᠦᠷᠢᠭ ᠦᠭᠴᠤ ᠪᠠᠶᠢᠬᠰᠠᠨ ᠢ ᠲᠡᠭᠡᠭᠰᠢᠯᠡᠬᠦᠯᠦᠨ ᠬᠦᠮᠤᠨ ᠪᠦᠷᠢ ᠳᠤ ᠵᠢᠯ ᠳᠤ 960 ᠲᠦᠭᠦᠷᠢᠭ ᠦᠭᠬᠦ ᠪᠤᠯᠭᠠᠵᠦ᠂ ᠲᠤᠰ ᠪᠦᠷᠢ 1.8 ᠲᠦᠮᠡᠨ ᠶᠠᠳᠠᠭᠤ ᠬᠦᠴᠢᠷᠳᠡᠯᠳᠡᠢ ᠵᠡᠮᠳᠡᠭ ᠬᠦᠮᠦᠨ ᠪᠠ 2.2 ᠲᠦᠮᠡᠨ ᠵᠡᠮᠳᠡᠭ ᠬᠦᠮᠦᠨ ᠳᠤ ᠠᠮᠢᠳᠤᠷᠠᠯ ᠤᠨ ᠨᠦᠬᠦᠪᠦᠷᠢ ᠪᠠ ᠠᠰᠠᠷᠠᠨ ᠬᠠᠷᠠᠭᠠᠯᠵᠠᠬᠤ ᠨᠦᠬᠦᠪᠦᠷᠢ ᠲᠠᠷᠬᠠᠭᠠᠭᠰᠠᠨ ᠪᠠᠶᠢᠨ᠎ᠠ᠃           — ᠵᠡᠮᠳᠡᠭᠴᠤᠳ ᠤᠨ ᠠᠵᠢᠯ ᠤᠯᠵᠦ ᠦᠢᠯᠡᠰ ᠪᠤᠰᠬᠠᠬᠤ ᠶᠢ ᠢᠳᠡᠪᠬᠢᠳᠡᠢ ᠪᠠᠷ ᠬᠠᠪᠰᠤᠷᠤᠨ ᠲᠡᠮᠵᠢᠪᠡ᠃ ᠵᠡᠮᠳᠡᠭᠴᠤᠳ ᠲᠤ ᠠᠵᠢᠯ ᠤᠯᠭᠤᠬᠤ ᠪᠠᠳᠤᠯᠠᠪᠤᠷᠢ ᠶᠢᠨ ᠮᠦᠩᠬᠦ ᠪᠠᠷ 31 ᠠᠶᠢᠮᠠᠭ ᠤᠨ ᠲᠡᠰ ᠤᠨ ᠵᠡᠮᠳᠡᠭᠴᠤᠳ ᠤᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠬᠤᠳᠠᠯᠳᠤᠨ ᠠᠪᠤᠪᠠ︔ ᠬᠤᠰᠢᠭᠤ ᠰᠢᠶᠠᠨ ᠬᠤᠳᠠ ᠶᠢᠨ 110 ᠵᠡᠮᠳᠡᠭᠴᠤᠳ ᠤᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠳᠤ ᠬᠦᠮᠤᠨ ᠪᠦᠷᠢ ᠳᠤ ᠵᠢᠯ ᠳᠤ 1 ᠲᠦᠮᠡᠨ ᠲᠦᠭᠦᠷᠢᠭ ᠤᠨ ᠴᠠᠯᠢᠩ ᠤᠨ ᠨᠦᠬᠦᠪᠦᠷᠢ ᠦᠭᠪᠡ︔ ᠦᠪᠡᠷᠳᠡᠭᠡᠨ ᠵᠠᠰᠠᠬᠤ ᠤᠷᠤᠨ ᠤ ᠵᠡᠮᠳᠡᠭᠴᠤᠳ ᠤᠨ ᠠᠵᠢᠯ ᠤᠯᠭᠤᠵᠦ ᠦᠢᠯᠡᠰ ᠪᠤᠰᠬᠠᠬᠤ 371 ᠲᠦᠮᠡᠨ ᠲᠦᠭᠦᠷᠢᠭ ᠤᠨ ᠪᠡᠯᠡ ᠮᠦᠩᠬᠦ ᠶᠢ ᠭᠤᠶᠤᠴᠢᠯᠠᠨ ᠤᠯᠵᠦ᠂ ᠵᠡᠮᠳᠡᠭ ᠬᠦᠮᠦᠨ ᠢ ᠲᠦᠪᠬᠢᠨᠠᠬᠦᠯᠦᠭᠰᠡᠨ ᠠᠵᠦ ᠠᠬᠤᠢᠢᠯᠠᠯ ᠳᠤ ᠨᠦᠬᠦᠪᠦᠷᠢᠯᠡᠨ ᠦᠭᠬᠦᠭᠰᠡᠨ ᠪᠠᠶᠢᠨ᠎ᠠ᠃ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠬᠦᠷᠳᠡᠭᠡᠬᠦ ᠠᠵᠢᠯ ᠢ ᠶᠠᠪᠤᠭᠳᠠᠭᠤᠯᠵᠦ᠂ 46 ᠵᠡᠮᠳᠡᠭ ᠬᠦᠮᠦᠨ ᠳᠤ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠬᠦᠷᠳᠡᠭᠡᠭᠰᠡᠨ ᠪᠠᠶᠢᠨ᠎ᠠ᠃ ᠠᠶᠢᠮᠠᠭ ᠤᠨ ᠵᠡᠮᠳᠡᠭᠴᠤᠳ ᠤᠨ ᠦᠢᠯᠡᠴᠢᠯᠡᠭᠡᠨ ᠤ ᠶᠡᠭᠡ ᠲᠢᠩᠬᠢᠮ᠂ ᠵᠡᠮᠳᠡᠭᠴᠤᠳ ᠤᠨ ᠲᠤᠰᠠᠯᠠᠮᠵᠢ ᠶᠢᠨ ᠴᠢᠨᠠᠷᠳᠠᠢ ᠦᠢᠯᠡᠴᠢᠯᠡᠭᠡ ᠶᠢᠨ ᠲᠦᠷᠢᠮᠵᠢᠬᠦᠨ ᠪᠠᠶᠢᠭᠤᠯᠤᠯᠳᠠ ᠶᠢ ᠠᠬᠢᠭᠤᠯᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号