ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ︽ᠡᠷᠬᠢᠵᠦ ᠬᠠᠷᠠᠬᠤ︾ ᠠᠵᠢᠯ ᠤᠨ ᠰᠢᠮᠳᠠᠭᠤᠯᠤᠨ ᠪᠠᠶᠢᠴᠠᠭᠠᠯᠳᠠ ᠶᠢᠨ ᠬᠤᠷᠠᠯᠳᠤᠭᠠᠨ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/26
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ︽ᠡᠷᠬᠢᠵᠦ ᠬᠠᠷᠠᠬᠤ︾ ᠠᠵᠢᠯ ᠤᠨ ᠰᠢᠮᠳᠠᠭᠤᠯᠤᠨ ᠪᠠᠶᠢᠴᠠᠭᠠᠯᠳᠠ ᠶᠢᠨ ᠬᠤᠷᠠᠯᠳᠤᠭᠠᠨ ᠢ ᠬᠤᠷᠠᠯᠳᠣᠭᠤᠯᠪᠠ      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ︽ᠡᠷᠬᠢᠵᠦ ᠬᠠᠷᠠᠬᠤ︾ ᠠᠵᠢᠯ ᠤᠨ ᠰᠢᠮᠳᠠᠭᠤᠯᠤᠨ ᠪᠠᠶᠢᠴᠠᠭᠠᠯᠳᠠ ᠶᠢᠨ ᠬᠤᠷᠠᠯᠳᠤᠭᠠᠨ ᠢ ᠬᠤᠷᠠᠯᠳᠣᠭᠤᠯᠪᠠ᠃ ᠬᠤᠷᠠᠯ ᠎ ᠳᠤ᠂ ᠪᠦᠭᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠳᠠᠬᠢᠨ ᠲᠤᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ︽ᠡᠷᠭᠢᠵᠦ ᠬᠠᠷᠠᠬᠤ︾ ᠪᠠᠶᠢᠴᠠᠭᠠᠯᠲᠠ ᠶᠢᠨ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠲᠦᠯᠬᠢᠨ ᠠᠬᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠥᠸᠧ ᠲᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠢᠦᠢ ᠯᠢᠨ᠂ ᠳᠡᠳ᠋ ᠬᠤᠰᠢᠭᠤᠨ ᠳᠠᠷᠤᠭ᠎ᠠ ᠸᠠᠩ ᠬᠠᠢ ᠶᠢᠩ᠂ ᠳᠡᠳ᠋ ᠬᠤᠰᠢᠭᠤᠨ ᠳᠠᠷᠤᠭ᠎ᠠ ᠽᠸᠦ ᠰᠢᠶᠤᠤ ᠵᠧᠦ ᠬᠤᠷᠠᠯ ᠳᠤ  ᠰᠠᠭᠠᠳᠠᠵᠤ᠂ ᠬᠤᠰᠢᠭᠤᠨ ᠤ ᠡᠯ᠎ᠡ ᠰᠢᠭᠤᠳ ᠬᠠᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠸᠠᠩ ᠬᠦᠢ ᠢᠦᠢ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠽᠸᠤ ᠰᠢᠶᠤᠤ ᠵᠧᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠳᠤ ᠮᠡᠳᠡᠬᠦᠯᠦᠯᠲᠡ ᠬᠢᠵᠦ᠂ ᠡᠯ᠎ᠡ ᠰᠠᠯᠠᠭ᠎ᠠ ᠮᠥᠴᠢᠷ ᠢ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠥᠭᠡᠷᠡᠴᠢᠯᠡᠵᠦ᠂ ︽ᠴᠡᠭᠴᠡᠯᠡᠨ ᠰᠠᠶᠢᠵᠢᠷᠠᠭᠤᠯᠬᠤ ᠶᠤᠮ ᠰᠢᠭ ᠣᠪᠯᠠᠵᠤ ᠪᠠᠶᠢᠬᠤ︾᠂ ︽ᠴᠡᠭᠴᠡᠯᠡᠨ ᠰᠠᠶᠢᠵᠢᠷᠠᠭᠤᠯᠬᠤ ᠳᠤ ᠬᠥᠩᠭᠡᠨ ᠬᠠᠭᠤᠮᠠᠬᠠᠢ ᠬᠠᠨᠳᠣᠬᠤ︾ ᠪᠠᠶᠢᠳᠠᠯ ᠢ ᠡᠷᠡᠰ ᠲᠡᠪᠴᠢᠬᠦ ᠬᠡᠷᠡᠭᠳᠡᠢ︔ ᠬᠠᠷᠢᠭᠤᠴᠠᠯᠭ᠎ᠠ ᠨᠡᠬᠡᠮᠵᠢᠯᠡᠬᠦ ᠢ ᠪᠦᠬᠦ ᠲᠠᠯ᠎ᠠ ᠎ ᠪᠠᠷ ᠡᠬᠢᠯᠡᠬᠦᠯᠦᠨ᠂ ᠳᠠᠬᠢᠨ ᠴᠡᠭᠴᠡᠯᠡᠵᠦ ᠥᠭᠡᠷᠡᠴᠢᠯᠡᠬᠦ ᠠᠰᠠᠭᠤᠳᠠᠯ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠵᠢᠯ ᠤᠨ ᠦᠷ᠎ᠡ ᠪᠦᠲᠦᠭᠡᠯ ᠢ ᠳᠡᠭᠡᠭᠰᠢᠯᠡᠭᠦᠯᠵᠦ᠂ ᠲᠦᠷᠭᠡᠨ ᠰᠢᠢᠳᠪᠦᠷᠢᠯᠡᠵᠦ᠂ ᠯᠠᠪᠳᠠᠭᠤᠨ ᠪᠣᠯᠭᠤᠮᠵᠢᠲᠠᠶ᠂ ᠥᠨᠳᠥᠷ ᠪᠦᠲᠦᠮᠵᠢᠲᠡᠢ᠂ ᠨᠠᠷᠢᠨ ᠨᠢᠮᠪᠠᠶ ᠪᠠᠷ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠭᠥᠸᠧ ᠲᠠᠩ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ᠂ ᠤᠯᠤᠰ ᠲᠦᠷᠤ ᠶᠢᠨ ᠵᠣᠭᠰᠣᠴᠠ ᠢᠶᠠᠨ ᠲᠡᠭᠡᠭᠰᠢᠯᠡᠬᠦᠯᠵᠦ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ︽ᠡᠷᠭᠢᠵᠦ ᠬᠠᠷᠠᠬᠤ︾ ᠰᠢᠮᠳᠠᠭᠤᠯᠤᠨ ᠪᠠᠶᠢᠴᠠᠭᠠᠯᠳᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠬᠦᠨᠵᠡᠭᠡᠢ ᠤᠶᠢᠯᠠᠭᠠᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ ᠭᠡᠵᠦ ᠱᠠᠭᠠᠷᠳᠠᠪᠠ᠃ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ᠂ ᠭᠤᠣᠯᠴᠢ ᠪᠥᠭᠡᠳ ᠪᠤᠰᠤᠳᠴᠢ᠂ ᠨᠢᠭᠲᠠᠯᠠᠨ ᠲᠤᠩᠭᠠᠭᠠᠨ ᠪᠣᠳᠣᠯᠬᠢᠯᠠᠬᠤ ᠪᠠᠷ ᠳᠠᠮᠵᠢᠭᠠᠳ ᠦᠷ᠎ᠡ ᠳ᠋ᠦᠩ ᠨᠢ ᠬᠢᠨᠠᠨ ᠪᠠᠶᠢᠴᠠᠭᠠᠯᠳᠠ ᠶᠢ ᠳᠠᠭᠠᠭᠠᠵᠤ ᠴᠢᠳᠠᠬᠤ ᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号