ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠬᠠᠮᠲᠤᠷᠠᠭᠰᠠᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/27
     6 ᠰᠠᠷ᠎ᠠ ᠶᠢᠨ 22᠎ ᠤᠨ ᠡᠳᠦᠷ᠂ ᠪᠦᠭᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠬᠤᠷᠠᠯ ᠳᠤ ᠪᠦᠭᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃  ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠢᠶᠠᠨ ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠤᠳᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠪᠠᠷ ᠴᠢᠷᠮᠠᠶᠢᠬᠤ ᠬᠡᠷᠡᠭᠳᠡᠢ᠃ ᠬᠤᠰᠢᠭᠤᠨ ᠤ ᠤᠳᠤᠷᠢᠳᠤᠯᠭ᠎ᠠ ᠴᠡᠩᠭᠡᠯᠳᠦ᠂ ᠳ᠋ᠦ᠋ ᠫᠧᠢ ᠵᠢᠶᠦ᠋ᠨ᠂ ᠸᠠᠩ ᠬᠦᠢ ᠢᠦᠢ᠂ ᠸᠠᠩ ᠹᠧᠩ ᠧᠨ᠂ ᠫᠧᠩ ᠭᠥᠸᠧ ᠵᠢᠶᠦ᠋ᠨ᠂ ᠸᠠᠩ ᠰᠢᠦ ᠬᠤᠸᠠ᠂ ᠰᠡᠷᠭᠦᠯᠡᠩ᠂ ᠹᠦ᠋ ᠯᠢᠦ ᠵᠦ᠂ ᠸᠠᠩ ᠬᠠᠢ ᠶᠢᠩ᠂ ᠸᠧᠨ ᠯᠢ ᠮᠢᠨ᠂ ᠽᠧᠦ ᠰᠢᠶᠣᠣ ᠵᠧᠦ᠂ ᠶᠠᠩ ᠤᠯᠠᠭᠠᠨ᠂ ᠯᠢ ᠵᠢᠶᠦ᠋ᠨ ᠴᠢᠨ᠂ ᠪᠠᠢ ᠱᠤᠸᠠᠩ ᠴᠢᠩ᠂ ᠸᠠᠩ ᠵᠢᠶᠠᠨ᠂ ᠬᠠᠰ᠂ ᠴᠠᠩ ᠴᠢᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠳᠤ ᠲᠣᠮᠢᠯᠠᠨ ᠰᠠᠭᠤᠯᠭᠠᠵᠤ ᠪᠠᠶᠢᠭ᠎ᠠ ᠶᠠᠳᠠᠭᠤ ᠶᠢ ᠲᠡᠳᠬᠦᠬᠦ ᠠᠵᠢᠯ ᠤᠨ ᠶᠡᠷᠦᠩᠬᠡᠶ ᠠᠩᠬᠢ ᠤᠨ ᠪᠦᠬᠦ ᠭᠡᠰᠢᠭᠦᠳ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠥᠸᠧ ᠲᠠᠩ ᠬᠤᠷᠠᠯ ᠡᠷᠭᠢᠯᠡᠪᠡ᠃ ᠬᠤᠷᠠᠯ ᠳᠤ᠂ 12 ᠰᠤᠮᠤ ᠪᠠᠯᠭᠠᠰᠤ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠬᠢᠴᠠ ᠪᠤᠯᠤᠨ ᠶᠠᠳᠠᠭᠤ ᠶᠢ ᠲᠡᠳᠬᠦᠬᠦ ᠲᠤ ᠬᠥᠳᠡᠯᠦᠩᠭᠦᠶ ᠲᠤᠬᠢᠷᠠᠭᠤᠯᠤᠯᠳᠠ ᠬᠢᠬᠦ ᠲᠤᠭ᠎ᠠ ᠪᠠᠷᠢᠮᠲᠠ᠂ ᠶᠠᠳᠠᠭᠤ ᠬᠦᠴᠢᠷᠳᠡᠯᠲᠡᠶ ᠭᠠᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠶᠠᠷ ᠤᠳᠠᠭᠠᠨ ᠤ ᠠᠵᠤ ᠦᠢᠯᠡᠰ ᠤᠨ ᠪᠠᠶᠢᠳᠠᠯ ᠢ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠭᠥᠸᠧ ᠲᠠᠩ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠵᠣᠬᠢᠶᠠᠨ ᠪᠠᠶᠢᠭᠤᠯᠤᠯᠲᠠ ᠪᠠ ᠤᠳᠣᠷᠢᠳᠣᠯᠭ᠎ᠠ ᠢᠶᠠᠨ ᠴᠢᠩᠭᠠᠳᠬᠠᠵᠤ᠂ ᠶᠠᠳᠠᠭᠤ ᠶᠢ ᠲᠡᠳᠬᠦᠬᠦ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠢ ᠲᠡᠷᠢᠬᠦᠨ ᠳᠤ ᠲᠤᠬᠢᠷᠠᠭᠤᠯᠤᠨ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠠᠯᠬᠤᠮ ᠴᠢᠩᠭᠠᠳᠬᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ᠂ ᠡᠯ᠎ᠡ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠶᠠᠳᠠᠭᠤ ᠶᠢ ᠲᠡᠳᠬᠦᠬᠦ ᠲᠤᠭ᠎ᠠ ᠪᠠᠷᠢᠮᠲᠠ ᠶᠢ ᠴᠢᠩᠭ᠎ᠠ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠠᠶᠢᠲᠤᠷ ᠵᠤᠯᠭᠠᠭᠤᠯᠵᠤ᠂ ᠳᠤᠷ᠎ᠠ ᠪᠠᠷ ᠢᠶᠠᠨ ᠬᠠᠰᠤᠵᠤ ᠪᠣᠯᠬᠤ ᠦᠭᠡᠢ︔ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠯᠭᠠᠨ᠂ ᠲᠦᠷᠦᠯ ᠵᠦᠢᠯ ᠢᠶᠠᠷ ᠶᠠᠳᠠᠭᠤ ᠬᠦᠴᠢᠷᠳᠡᠯ ᠲᠠᠢ ᠡᠷᠦᠬᠡ ᠶᠢ ᠲᠠᠶᠢᠴᠢᠯᠠᠨ ᠣᠷᠣᠯᠭ᠎ᠠ ᠶᠢ ᠨᠡᠮᠡᠭᠳᠡᠭᠦᠯᠬᠦ᠂ ᠬᠤᠶᠠᠷ ᠤᠳᠠᠭᠠᠨ ᠤ ᠠᠵᠤ ᠦᠢᠯᠡᠰ ᠤᠨ ᠬᠥᠭᠵᠢᠯᠲᠡ ᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ︔ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠠᠮ ᠨᠢᠭᠡ ᠠᠯᠬᠤᠮ ᠠᠵᠢᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠬᠠᠷᠢᠭᠤᠴᠠᠯᠭ᠎ᠠ ᠪᠣᠯᠤᠨ ᠡᠭᠦᠷᠭᠡ ᠪᠠᠨ ᠵᠣᠷᠢᠭᠲᠠᠶ ᠡᠭᠦᠷᠭᠡᠯᠡᠵᠦ ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠳᠣᠷ ᠬᠢᠬᠦ ᠬᠡᠷᠡᠭᠲᠡᠶ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号