ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠤᠨ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠨᠵᠡᠭᠡᠶᠢᠷᠡᠨ ᠬᠢᠨᠠᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2018/7/12
    7 ᠰᠠᠷ᠎ᠠ ᠶᠢᠨ 9᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠤᠨ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠨᠵᠡᠭᠡᠶᠢᠷᠡᠨ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠳᠤ ᠬᠢᠨᠠᠨ ᠪᠠᠶᠢᠴᠠᠭᠠᠯᠳᠠ ᠬᠢᠪᠡ᠃   ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠬᠦᠢ ᠢᠦᠢ᠂ ᠬᠤᠰᠢᠭᠤᠨ ᠤ ᠰᠢᠭᠤᠳ ᠬᠠᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠰᠢᠮᠳᠠᠭᠤᠯᠤᠨ ᠵᠢᠯᠣᠭᠤᠳᠪᠠ᠃     ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ᠂ ᠳᠤᠮᠳᠠᠳᠤ ᠬᠤᠰᠢᠭᠤᠨ ᠤ ᠳᠡᠭᠡᠷ᠎ᠡ ᠬᠠᠭᠠᠰ ᠵᠢᠯ ᠤᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠬᠦᠯᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠤᠨ ᠠᠯᠪᠠᠨ ᠭᠡᠷ ᠤᠨ ᠬᠦᠴᠦᠲᠡᠶ ᠵᠢᠯᠤᠭᠤᠳᠤᠯᠭ᠎ᠠ ᠳᠣᠣᠷ᠎ᠠ᠂ ᠵᠤᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠᠨ ᠴᠢᠩᠭᠠᠳᠬᠠᠨ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠢᠷᠭᠤᠭᠠᠨ ᠶᠡᠭᠡ ᠬᠦᠷᠢᠶᠡᠨ ᠤ ᠥᠭᠡᠷᠡᠴᠢᠯᠡᠯᠲᠡ ᠴᠥᠮ ᠰᠢᠨ᠎ᠡ ᠠᠬᠢᠯᠳᠠ ᠲᠠᠢ ᠪᠤᠯᠵᠤ᠂ ᠰᠢᠨ᠎ᠡ ᠰᠢᠪᠲᠤᠯᠤᠯᠲᠠ᠂ ᠰᠢᠨ᠎ᠡ ᠠᠮᠵᠢᠯᠲᠠ ᠪᠦᠲᠦᠮᠵᠢ ᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号