ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2018 ᠣᠨ ᠤ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠠᠵᠢᠯ ᠤᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/7/17
     7 ᠰᠠᠷ᠎ᠠ ᠶᠢᠨ 6᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2018 ᠣᠨ ᠤ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠠᠵᠢᠯ ᠤᠨ ᠬᠤᠷᠠᠯ ᠢ ᠬᠤᠷᠠᠯᠳᠣᠭᠤᠯᠪᠠ᠃ ᠳᠡᠳ᠋ ᠬᠤᠰᠢᠭᠤᠨ ᠳᠠᠷᠤᠭ᠎ᠠ ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠢ ᠡᠰᠡᠷᠭᠦᠴᠡᠭᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ ᠸᠠᠩ ᠬᠠᠢ ᠶᠢᠩ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠤ ᠣᠰᠣᠨ ᠤ ᠶᠠᠪᠤᠳᠠᠯ ᠤᠨ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ᠂ ᠠᠭᠤᠷᠬᠠᠶ ᠶᠢᠨ ᠣᠷᠣᠨ ᠤ ᠬᠠᠷᠢᠭᠤᠴᠠᠯᠭᠠᠲᠠᠨ᠂ ᠡᠯ᠎ᠡ ᠤᠰᠤᠨ ᠠᠰᠢᠭᠯᠠᠯᠲᠠ ᠶᠢᠨ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠦᠭᠦ ᠬᠤᠰᠢᠭᠤᠨ ᠤ ᠣᠶᠢᠷ᠎ᠠ ᠶᠢᠨ ᠡᠳᠦᠷ ᠤᠨ ᠪᠤᠷᠤᠭᠠᠨ ᠤ ᠪᠠᠶᠢᠳᠠᠯ ᠪᠠ ᠣᠷᠢᠳᠴᠢᠯᠠᠭᠰᠠᠨ ᠲᠦᠰᠦᠭᠡᠯᠡᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠨ ᠭᠠᠩ ᠢ ᠡᠰᠡᠷᠬᠦᠴᠡᠬᠦ ᠠᠵᠢᠯ ᠤᠨ ᠵᠢᠯᠣᠭᠤᠳᠬᠤ ᠭᠠᠵᠠᠷ ᠪᠣᠯᠤᠨ 43᠎ ᠤᠨ ᠪᠦᠷᠢᠯᠳᠦᠬᠦᠨ ᠤ ᠬᠠᠷᠢᠭᠤᠴᠠᠯᠭ᠎ᠠ ᠶᠢᠨ ᠨᠢᠭᠡᠴᠡ ᠲᠠᠢ 2018 ᠣᠨ ᠤ ᠣᠨ ᠤ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠶ᠃      ᠸᠠᠩ ᠬᠠᠢ ᠶᠢᠩ ᠴᠢᠬᠤᠯᠠᠴᠢᠯᠠᠭᠰᠠᠨ ᠨᠢ᠂ ᠬᠤᠷᠠᠯ ᠳᠤ ᠤᠷᠤᠯᠴᠠᠭᠰᠠᠳ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ ᠪᠣᠯᠤᠨ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠶᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠣᠳᠣᠬᠠᠨ ᠤ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠤᠨ ᠪᠠᠶᠢᠳᠠᠯ ᠢ ᠰᠠᠶᠢᠲᠤᠷ ᠵᠠᠳᠠᠯᠵᠤ᠂ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠤᠨ ᠴᠢᠬᠤᠯᠠ ᠠᠵᠢᠯ ᠢ ᠪᠦᠬᠦ ᠲᠠᠯ᠎ᠠ ᠪᠠᠷ ᠲᠤᠬᠢᠷᠠᠭᠤᠯᠬᠤ ᠬᠡᠷᠡᠭᠳᠡᠢ᠃ ᠦᠶᠡᠷ ᠢ ᠰᠡᠷᠭᠡᠶᠢᠯᠡᠨ ᠭᠠᠩ ᠶᠢ ᠡᠰᠡᠷᠭᠦᠴᠡᠬᠦ ᠰᠡᠷᠡᠮᠵᠢ ᠶᠢᠨ ᠬᠤᠩᠬᠤ ᠶᠢ ᠬᠡᠵᠢᠶᠡᠳᠡ ᠲᠤᠤᠭᠠᠷᠭᠠᠨ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠦᠶᠡᠷ ᠎ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠪᠡᠯᠡᠳᠬᠡᠯ ᠲᠥᠰᠦᠯ ᠢ ᠨᠠᠷᠢᠯᠢᠬᠵᠢᠭᠤᠯᠤᠨ᠂ ᠵᠢᠭᠰᠠᠭᠠᠨ ᠪᠠᠶᠢᠴᠠᠭᠠᠵᠤ᠂ ᠪᠣᠳᠠᠲᠠᠶ ᠠᠳᠬᠤᠵᠤ᠂ ᠭᠤᠣᠯᠳᠠᠯᠭ᠎ᠠ ᠪᠣᠯᠬᠤ ᠣᠷᠣᠨ ᠪᠦᠰᠡ ᠶᠢ ᠴᠢᠩᠭ᠎ᠠ ᠠᠳᠬᠤᠨ᠂ ᠦᠶᠡᠷ ᠢ ᠰᠡᠷᠭᠡᠶᠢᠯᠡᠨ ᠭᠠᠩ ᠢ ᠡᠰᠡᠷᠬᠦᠴᠡᠬᠦ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠪᠠᠳᠣᠯᠠᠬᠤ ᠬᠡᠷᠡᠭᠳᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号