ᠳᠤᠮᠳᠠᠳᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠎ ᠤᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/7/19
     7 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠣᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠳ᠋ ᠲᠡᠷᠢᠭᠦᠯᠡᠭᠴᠢ ᠴᠡᠩᠭᠡᠯᠳᠦ ᠬᠤᠷᠠᠯ ᠡᠷᠭᠢᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠡᠷᠢᠭᠦᠯᠡᠭᠴᠢ᠂ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠠᠶ᠃ ᠬᠤᠷᠠᠯ ᠳᠤ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠷᠢᠮ︾᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠭᠡᠰᠢᠬᠦᠨ ᠤ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠲᠠᠮᠵᠢᠭᠤᠯᠤᠨ᠂ ᠯᠢ ᠵᠢᠶᠠ᠂ ᠵᠠᠩ ᠵᠢᠶᠠᠨ ᠮᠢᠨ᠂ ᠴᠡᠴᠡᠭ ᠨᠥᠬᠦᠷ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠲᠤᠰᠢᠶᠠᠨ ᠥᠭᠴᠦ ᠰᠢᠢᠳᠪᠦᠷᠢᠯᠡᠬᠦ ᠬᠤᠷᠠᠯ ᠳᠡᠭᠡᠷ᠎ᠡ ᠶᠠᠷᠢᠶ᠎ᠠ ᠲᠠᠯᠪᠢᠪᠡ᠃ ︽ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠤᠬᠠᠶ ᠬᠠᠮᠢᠶᠠᠷᠤᠯᠲᠠ ᠦᠢᠯᠡᠴᠢᠯᠡᠭᠡᠨ ᠤ ᠲᠦᠷᠢᠮ︾ ︽ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠤᠬᠠᠶ ᠲᠠᠩᠰᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾᠎ ᠢ ᠬᠢᠨᠠᠨ ᠪᠠᠳᠣᠯᠠᠪᠠ᠃ ᠰᠣᠶᠣᠯ ᠲᠡᠦᠬᠡ ᠶᠢᠨ ᠮᠠᠲ᠋ᠧᠷᠢᠶᠠᠯ ᠤᠨ ᠬᠤᠯᠪᠣᠭᠳᠠᠯ ᠪᠦᠬᠦᠢ ᠤᠴᠢᠷ ᠪᠠ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠴᠡᠩᠭᠡᠯᠳᠦ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠰᠤᠷᠦᠯᠴᠡᠯᠭ᠎ᠠ ᠪᠠᠨ ᠴᠢᠩᠭᠠᠳᠬᠠᠵᠤ᠂ ᠦᠨᠡᠨ ᠢ ᠪᠠᠷᠢᠮᠲᠠᠯᠠᠨ᠂ ᠪᠣᠳᠠᠲᠠᠶ ᠶᠢ ᠡᠷᠬᠢᠮᠯᠡᠵᠦ  ᠂ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠨᠡᠮᠡᠭᠳᠡᠬᠦᠯᠵᠦ᠂ ᠰᠠᠬᠢᠯᠭ᠎ᠠ ᠪᠠᠲᠤ ᠪᠠᠨ ᠴᠢᠩᠭ᠎ᠠ ᠰᠠᠬᠢᠵᠤ᠂ ᠠᠷᠢᠭᠤᠨ ᠴᠢᠬᠡᠴᠢ᠂ ᠪᠦᠯᠬᠦᠮᠳᠡᠯ ᠠᠷᠠᠳᠴᠢᠯᠠᠯ ᠲᠠᠢ᠂ ᠬᠤᠷᠰᠢᠨ ᠬᠠᠮᠲᠤᠷᠠᠬᠤ ᠬᠡᠷᠡᠭᠳᠡᠢ ᠭᠡᠵᠡᠢ᠃      ᠴᠡᠩᠭᠡᠯᠳᠦ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠪᠠᠲᠤ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠬᠢᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠰᠠᠭᠤᠳᠠᠯ ᠤᠨ ᠤᠬᠠᠮᠰᠠᠷ ᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠪᠣᠳᠠᠲᠠᠶ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠶᠣᠰᠣ ᠳᠦᠷᠢᠮ ᠤᠨ ᠤᠬᠠᠮᠰᠠᠷ ᠢᠶᠠᠨ ᠪᠠᠲᠤ ᠪᠠᠬᠢ ᠪᠣᠶ ᠪᠣᠯᠭᠠᠵᠤ᠂ ᠵᠠᠩ ᠰᠤᠷᠲᠠᠯ ᠤᠨ ᠪᠣᠯᠪᠠᠰᠤᠷᠠᠯ ᠲᠠᠢ ᠪᠠᠶᠢᠬᠤ ᠶᠢ ᠦᠨᠡᠨ ᠬᠦ ᠴᠢᠩᠭᠠᠳᠬᠠᠵᠤ᠂ ᠭᠡᠰᠢᠭᠦᠳ ᠤᠨ ᠡᠩᠨᠡᠭᠡᠨ ᠤ ᠳᠤᠮᠳᠠ ᠬᠡᠪ ᠰᠤᠷᠲᠠᠯ ᠲᠥᠪ ᠴᠢᠬᠡᠴᠢ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号