ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠮᠪᠠᠢ︾᠎ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠨ ᠪᠠᠶᠢᠴᠠᠭᠠᠬᠤ ᠲᠤᠰᠬᠠᠶ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/7/6
     6 ᠰᠠᠷ᠎ᠠ ᠶᠢᠨ 19᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠣᠷᠴᠢᠨ ᠠᠬᠤᠢ ᠎ ᠶᠢᠨ ᠬᠠᠮᠠᠭᠠᠯᠠᠯᠲᠠ ᠶᠢᠨ ᠪᠠᠮᠪᠠᠢ︾᠎ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠨ ᠪᠠᠶᠢᠴᠠᠭᠠᠬᠤ ᠲᠤᠰᠬᠠᠶ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠢ ᠬᠤᠷᠠᠯᠳᠣᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠽᠸᠦ ᠰᠢᠶᠤᠤ ᠵᠧᠦ ᠬᠤᠷᠠᠯ ᠳᠤ ᠣᠷᠣᠯᠴᠠᠬᠤ ᠶᠢᠨ ᠬᠠᠮᠲᠤ ᠬᠤᠷᠠᠯ ᠢ ᠡᠷᠬᠢᠯᠡᠪᠡ᠃ ᠬᠤᠰᠢᠭᠤᠨ ᠤ ᠡᠯ᠎ᠡ ᠰᠢᠭᠤᠳ ᠬᠠᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠤᠷᠴᠢᠨ ᠠᠬᠤᠢ ᠶᠢᠨ ᠬᠠᠮᠠᠭᠠᠯᠠᠯᠲᠠ ᠶᠢᠨ ᠪᠠᠮᠪᠠᠢ﹀᠎ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠣᠩᠰᠢᠨ᠂ ᠠᠵᠢᠯ ᠤᠨ ᠬᠠᠷᠠᠯᠲᠠ ᠶᠢ ᠲᠣᠳᠣᠷᠬᠠᠶ ᠵᠢᠭᠠᠨ᠂ ᠠᠵᠢᠯ ᠎ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠠᠯᠬᠤᠮ ᠳᠠᠷᠠᠭ᠎ᠠ ᠶᠢ ᠡᠮᠬᠢᠯᠡᠨ᠂ ᠠᠵᠢᠯ ᠤᠨ ᠲᠤᠬᠢᠷᠠᠭᠤᠯᠤᠯᠲᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠵᠦᠢᠯ ᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ᠂ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠠᠰᠠᠭᠤᠳᠠᠯ ᠢ ᠬᠤᠷᠢᠭᠯᠠᠬᠤ ᠪᠠ ᠰᠢᠳᠭᠡᠨ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠷᠠᠯᠲᠠ ᠪᠠᠨ ᠲᠣᠳᠣᠷᠬᠠᠶ ᠪᠠᠶᠢᠯᠭᠠᠵᠤ᠂ ᠡᠭᠦᠷᠭᠡ ᠨᠢ ᠲᠣᠳᠣᠷᠬᠠᠶ᠂ ᠵᠣᠬᠢᠶᠠᠨ ᠪᠠᠶᠢᠭᠤᠯᠤᠯᠲᠠ ᠨᠢ ᠡᠷᠴᠢᠮᠲᠡᠶ᠂ ᠪᠣᠳᠠᠲᠤ ᠪᠦᠲᠦᠮᠵᠢ ᠤᠯᠬᠤ ᠬᠡᠷᠡᠭᠲᠡᠶ ᠭᠡᠪᠡ᠃      ︽ᠤᠷᠴᠢᠨ ᠠᠬᠤᠢ ᠶᠢᠨ ᠬᠠᠮᠠᠭᠠᠯᠠᠯᠲᠠ ᠶᠢᠨ ᠪᠠᠮᠪᠠᠢ︾᠎ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠨ ᠪᠠᠶᠢᠴᠠᠭᠠᠬᠤ ᠲᠤᠰᠬᠠᠶ ᠠᠵᠢᠯᠯᠠᠭ᠎ᠠ ᠳᠤ ᠴᠢᠭᠯᠡᠬᠦᠯᠦᠨ᠂ ᠬᠤᠷᠠᠯ ᠠᠴᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠡᠯ᠎ᠡ ᠨᠢᠭᠡᠴᠡ ᠶᠢᠨ ᠬᠢᠨ ᠲᠤᠮᠳᠠᠳᠣ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠷᠬᠠᠯᠲᠠ ᠪᠠ ᠣᠨᠴᠠᠯᠢᠭ ᠲᠠᠢ ᠤᠶᠠᠯᠳᠣᠭᠤᠯᠤᠨ᠂ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ᠲᠣᠭᠲᠠᠭᠠᠵᠤ᠂ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠲᠤᠭᠳᠠᠭᠠᠨ᠂ ᠬᠠᠷᠢᠭᠤᠴᠠᠯᠭ᠎ᠠ ᠶᠢ ᠱᠠᠳᠣ ᠲᠠᠷᠠᠭᠠᠯᠠᠨ ᠨᠡᠬᠡᠮᠵᠢᠯᠡᠨ᠂ ᠨᠢᠭᠲᠠ ᠨᠡᠪᠲᠡᠷᠡᠯᠴᠡᠨ ᠬᠠᠮᠵᠢᠯᠴᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠢᠯᠡ ᠪᠠᠷ ᠰᠣᠨᠢᠨ ᠮᠡᠳᠡᠭᠡᠨ ᠤ ᠰᠦᠪᠡᠭᠴᠢ ᠶᠢ ᠡᠯᠰᠡᠨ ᠴᠤᠭᠯᠠᠭᠤᠯᠬᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠢᠨᠲ᠋ᠤᠷ ᠰᠦᠯᠵᠢᠶ᠎ᠡ ᠵᠡᠷᠭᠡ ᠡᠯ᠎ᠡ ᠵᠦᠢᠯ ᠤᠨ ᠵᠠᠭᠤᠴᠢ ᠶᠢ ᠬᠦᠢᠴᠡᠳ ᠠᠰᠢᠭᠯᠠᠨ᠂ ᠲᠤᠭᠳᠠᠭᠰᠠᠨ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠲᠤᠰᠬᠠᠶ ᠵᠦᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠢᠯᠡ ᠪᠤᠯᠭᠠᠨ᠂ ᠨᠡᠶᠢᠭᠡᠮ ᠤᠨ ᠨᠡᠶᠢᠳᠡ ᠤᠯᠠᠨ ᠢᠶᠠᠷ ᠢᠶᠠᠨ ᠣᠷᠴᠢᠨ ᠠᠬᠤᠢ ᠶᠢᠨ ᠬᠠᠮᠠᠭᠠᠯᠠᠯᠲᠠ ᠳᠤ ᠢᠳᠡᠪᠬᠢᠲᠡᠶ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号