︽ᠦᠭᠡᠳᠡᠯᠡᠨ ᠲᠠᠪᠬᠢᠭ᠎ᠠ ᠡᠳᠤᠷ ᠬᠤᠨᠤᠭ ᠤᠳ︾ ᠭᠡᠬᠦ ᠺᠢᠨᠣ᠋ ᠪᠦᠬᠦ ᠠᠶᠢᠮᠠᠭ ᠤᠨ ᠦᠵᠡᠭᠴᠢᠳ ᠲᠠᠢ ᠵᠤᠯᠭᠠᠯ᠎ᠠ
ᠨᠡᠶᠢᠲᠡᠯᠡᠭᠰᠡᠨ ᠴᠠᠭ᠄
2020/12/21
 ᠨᠡᠷᠡᠳᠤ ᠤᠳᠤᠷᠢᠳᠤᠭᠠᠴᠢ ᠰᠢᠥᠢ ᠭᠧᠩ ᠤᠨ ᠤᠳᠤᠷᠢᠳᠤᠭᠠᠭᠰᠠᠨ᠂ ᠵᠦᠴᠤᠭᠡ ᠶᠢᠨ ᠵᠤᠬᠢᠶᠠᠭᠴᠢ ᠡᠥ ᠮᠧᠩ ᠵᠠᠩ ᠤᠨ ᠨᠠᠶᠢᠷᠠᠭᠤᠯᠤᠭᠰᠠᠨ᠂ ᠶᠠᠳᠠᠭᠤ ᠶᠢ ᠲᠡᠳᠬᠦᠬᠦ ᠪᠠᠷ ᠰᠡᠳᠤᠪᠯᠡᠭᠰᠡᠨ ︽ᠦᠭᠡᠳᠡᠯᠡᠨ ᠲᠠᠪᠬᠢᠭ᠎ᠠ ᠡᠳᠤᠷ ᠬᠤᠨᠤᠭ ᠤᠳ︾ ᠭᠡᠬᠦ ᠺᠢᠨᠣ᠋ 10 ᠰᠠᠷ᠎ᠠ ᠶᠢᠨ 23 ᠤ ᠡᠳᠤᠷ ᠠᠴᠠ ᠡᠬᠢᠯᠡᠨ ᠮᠠᠨ ᠤ ᠠᠶᠢᠮᠠᠭ ᠤᠨ ᠦᠵᠡᠭᠴᠢᠳ ᠲᠠᠢ ᠵᠤᠯᠭᠠᠯ᠎ᠠ᠃ ᠲᠦᠪ ᠤᠨ ᠤᠬᠠᠭᠤᠯᠬᠤ ᠬᠡᠯᠳᠡᠰ ᠤᠨ ᠲᠡᠮᠵᠢᠯᠭᠡ ᠪᠠᠷ ︽ᠦᠭᠡᠳᠡᠯᠡᠨ ᠲᠠᠪᠬᠢᠭ᠎ᠠ ᠡᠳᠤᠷ ᠬᠤᠨᠤᠭ ᠤᠳ︾ ᠭᠡᠬᠦ ᠺᠢᠨᠣ᠋ ᠶᠢ ᠤᠯᠤᠰ ᠤᠨ ᠺᠢᠨᠣ᠋ ᠶᠢᠨ ᠲᠤᠪᠴᠢᠶ᠎ᠠ ᠠᠴᠠ ᠤᠬᠠᠭᠠᠯᠠᠨ ᠰᠡᠳᠦᠵᠦ᠂ ᠺᠢᠨᠣ᠋ ᠲᠠᠭᠠᠭᠤᠯᠢ ᠤᠳᠤᠨ ᠤ ᠫᠷᠥᠭᠷᠠᠮ ᠤᠨ ᠵᠤᠬᠢᠶᠠᠨ ᠦᠢᠯᠡᠳᠬᠦ ᠲᠦᠪ ᠠᠴᠠ ᠦᠢᠯᠡᠳᠴᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠵᠢᠯᠴᠠᠨ ᠰᠡᠬᠦᠳᠡᠷᠯᠡᠵᠦ᠂ ᠶᠠᠳᠠᠭᠤ ᠶᠢ ᠲᠡᠳᠬᠦᠬᠦ ᠪᠠᠷ ᠰᠡᠳᠤᠪᠯᠡᠭᠰᠡᠨ ᠺᠢᠨᠣ᠋ ᠪᠤᠯᠤᠨ᠎ᠠ᠃ ᠲᠤᠰ ᠺᠢᠨᠣ᠋ ᠳᠤ ᠤᠶᠠᠭᠠᠴᠢᠨ ᠲᠦᠷᠭᠡᠨ ᠤ ᠠᠵᠠ ᠪᠤᠰᠤ ᠪᠠᠭ᠎ᠠ ᠨᠠᠰᠤ ᠪᠠ ᠬᠠᠳᠠᠭᠤᠵᠢᠯᠳᠠᠢ ᠦᠰᠤᠨ ᠪᠤᠶᠢᠵᠢᠯᠳᠠ ᠶᠢᠨ ᠶᠠᠪᠤᠴᠠ ᠶᠢ ᠲᠤᠭᠠᠴᠢᠬᠤ ᠪᠠᠷ ᠲᠠᠮᠵᠢᠨ᠂ ᠲᠤᠮᠳᠠᠳᠤ ᠶᠢᠨ ᠦᠨᠳᠤᠰᠤᠳᠡᠨ ᠤ ᠬᠦᠨ ᠵᠤᠵᠠᠭᠠᠨ ᠠᠭᠤᠤ ᠬᠠᠶᠢᠷ᠎ᠠ ᠶᠢ ᠢᠯᠡᠷᠡᠬᠦᠯᠵᠤ᠂ ᠮᠠᠨ ᠤ ᠤᠯᠤᠰ ᠬᠦᠴᠦᠨ ᠢᠶᠠᠨ ᠲᠦᠪᠯᠡᠷᠡᠭᠦᠯᠵᠦ ᠶᠠᠳᠠᠭᠤ ᠶᠢ ᠲᠡᠳᠬᠦᠵᠤ ᠪᠠᠶᠢᠭ᠎ᠠ ᠬᠢᠳᠡᠯ ᠢᠶᠠᠷ ᠠᠷᠥ ᠦᠵᠡᠭᠳᠡᠯ ᠪᠤᠯᠭᠠᠨ᠂ ᠬᠦᠮᠤᠰ ᠤᠨ ᠤᠶᠤᠨ ᠰᠠᠨᠠᠭᠠᠨ ᠤ ᠬᠤᠪᠢᠷᠠᠯᠳᠠ ᠶᠢ ᠦᠯᠢᠭᠡᠷ ᠲᠤ ᠪᠠᠨ ᠤᠷᠭᠠᠨᠢᠭ ᠢᠶᠠᠷ ᠠᠭᠤᠰᠬᠠᠵᠠᠢ᠃ ᠮᠦᠨ ᠡᠨᠡ ᠬᠦ ᠺᠢᠨᠣ᠋ ᠶᠢ ᠰᠡᠭᠦᠳᠡᠷᠯᠡᠭᠦ ᠪᠠᠷ ᠲᠠᠮᠵᠢᠨ᠂ ᠲᠤᠮᠳᠠᠳᠤ ᠬᠤᠰᠢᠭᠤᠨ ᠤ ᠮᠤᠷᠢᠨ ᠤᠷᠤᠯᠳᠤᠭᠠᠨ᠂ ᠤᠷᠠᠨ ᠬᠠᠳᠬᠤᠮᠠᠯ᠂ ᠪᠠᠳᠤᠴᠠᠭᠠᠠ ᠂ ᠰᠡᠶᠢᠷᠡᠭ ᠤᠢ ᠶᠢᠨ ᠲᠠᠯ᠎ᠠ ᠨᠤᠳᠤᠭ ᠵᠡᠷᠭᠡ ᠤᠨᠴᠠᠯᠢᠭᠲᠤ ᠦᠵᠡᠮᠵᠢ ᠶᠢ ᠢᠯᠡᠷᠡᠬᠦᠯᠪᠠ᠃ ᠤᠯᠠᠭᠠᠨᠮᠦ᠋ᠴᠢᠷ ᠤᠨ ᠤᠷᠳᠤᠨ ᠤ ᠺᠢᠨᠣ᠋ ᠶᠢᠨ ᠬᠤᠳᠠ ᠳᠤ ︽ᠦᠭᠡᠳᠡᠯᠡᠨ ᠲᠠᠪᠬᠢᠭ᠎ᠠ ᠡᠳᠤᠷ ᠬᠤᠨᠤᠭ ᠤᠳ︾ ᠭᠡᠬᠦ ᠺᠢᠨᠣ᠋ ᠶᠢ ᠦᠵᠡᠬᠦᠯᠥᠭᠰᠡᠨ ᠠᠩᠬᠠᠳᠤᠭᠠᠷ ᠡᠳᠤᠷ ᠲᠤ᠂ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠠᠶᠢᠮᠠᠭ ᠤᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ᠂ ᠡᠮᠤᠨᠡᠳᠤ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠵᠡᠷᠭᠡ ᠪᠠᠶᠢᠭᠤᠯᠭ᠎ᠠ ᠶᠢᠨ 300 ᠭᠠᠷᠤᠢ ᠺᠠᠳ᠋ᠷ ᠠᠵᠢᠯᠳᠠᠨ ᠦᠵᠡᠭᠰᠡᠨ ᠪᠠᠶᠢᠨ᠎ᠠ᠃ ︽ᠲᠤᠰ ᠺᠢᠨᠣ᠋ ᠨᠢ ᠠᠬ᠎ᠠ ᠲᠡᠬᠦᠥ ᠶᠢᠨ ᠬᠠᠶᠢᠷ᠎ᠠ ᠰᠡᠳᠬᠢᠯᠭᠡ᠂ ᠬᠦᠮᠤᠨ ᠪᠠ ᠮᠤᠷᠢᠨ ᠤ ᠬᠠᠶᠢᠷ᠎ᠠ ᠰᠡᠳᠬᠢᠯᠭᠡ ᠶᠢ ᠲᠤᠭᠠᠴᠢᠬᠤ ᠶᠢᠨ ᠲᠠᠭᠠᠤ ᠡᠳ᠋ ᠪᠤᠳᠠᠰ ᠢᠶᠠᠷ ᠶᠠᠳᠠᠭᠤ ᠶᠢ ᠲᠡᠳᠬᠦᠬᠦ ᠪᠠ ᠤᠶᠤᠨ ᠰᠠᠨᠠᠭᠠᠨ ᠤ ᠲᠠᠯ᠎ᠠ ᠪᠠᠷ ᠶᠠᠳᠠᠭᠤ ᠶᠢ ᠲᠡᠳᠬᠦᠬᠦ ᠶᠢ ᠤᠶᠠᠯᠳᠤᠭᠤᠯᠬᠤ ᠨᠢ ᠨᠡᠩ ᠴᠢᠬᠤᠯᠠ︾ ᠭᠡᠵᠤ ᠦᠵᠡᠭᠴᠢ ᠴᠢᠥᠢ ᠸᠧᠨ ᠲᠤᠥ ᠰᠤᠷᠪᠤᠯᠵᠢᠯᠠᠭᠴᠢ ᠳᠤ ᠶᠠᠷᠢᠨ᠎ᠠ᠃ ︽ᠲᠤᠰ ᠺᠢᠨᠣ᠋ ᠳᠤ ᠮᠠᠨ ᠤ ᠠᠶᠢᠮᠠᠭ ᠤᠨ ᠡᠯ᠎ᠠ ᠦᠨᠳᠤᠰᠤᠳᠡᠨ ᠤ ᠠᠷᠠᠳ ᠲᠦᠮᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠮᠳᠠ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠢᠯᠡᠷᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠵᠤᠷᠢᠭ ᠰᠠᠨᠠᠭ᠎ᠠ ᠶᠢ ᠲᠤᠰᠬᠠᠵᠠᠢ︾ ᠭᠡᠵᠤ ᠦᠵᠡᠭᠴᠢ ᠬᠠᠨ ᡁᠢ ᠴᠤᠥ ᠶᠠᠷᠢᠨ᠎ᠠ᠃ ᠳᠤᠰ ᠺᠢᠨᠣ᠋ ᠶᠢ 11 ᠰᠠᠷ᠎ᠠ ᠶᠢᠨ 23 ᠤ ᠡᠳᠤᠷ ᠪᠤᠯᠳᠠᠯ᠎ᠠ ᠨᠢᠭᠡ ᠰᠠᠷ᠎ᠠ ᠶᠢᠨ ᠬᠤᠭᠤᠴᠠᠭ᠎ᠠ ᠲᠠᠢ ᠦᠷᠭᠡᠨ ᠤᠯᠠᠨ ᠺᠠᠳ᠋ᠷ ᠳᠦᠮᠨᠨ ᠳᠤ ᠦᠵᠡᠬᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号