                   
  
2021/10/13
10 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠸᠠᠩ ᠸᠧᠨ ᠵᠢᠶᠧ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠪᠰᠤᠷᠤᠨ ᠲᠡᠳᠬᠦᠬᠦ ᠴᠢᠬ ᠪᠤᠯᠬᠤ ᠡᠮᠲᠦ ᠶᠢᠨ ᠭᠤᠤᠯ ᠰᠤᠮᠤ ᠶᠢᠨ ᠰᠢᠩ ᠯᠦᠩ ᠳᠦᠨ ᠲᠣᠰᠬᠤᠨ᠂  ᠲᠦᠯᠢᠶᠡᠲᠦ ᠭᠠᠴᠠᠭ᠎ᠠ ᠳᠤ ᠭᠦᠨᠵᠡᠭᠡᠶᠢᠷᠡᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠬᠠᠶ ᠶᠢᠩ᠂ ᠳᠡᠳ᠋ ᠬᠤᠰᠢᠭᠤᠨ ᠳᠠᠷᠤᠭ᠎ᠠ ᠸᠠᠩ ᠰᠢᠤ ᠬᠤᠸᠠ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ᠂ ᠰᠤᠮᠤ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠸᠠᠩ ᠸᠧᠨ
ᠵᠢᠶᠧ ᠨᠠᠷ ᠤᠷᠢᠳ ᠬᠤᠵᠢᠳ ᠡᠮᠲᠦ ᠶᠢᠨ ᠭᠤᠣᠯ ᠰᠤᠮᠤ ᠶᠢᠨ ᠰᠢᠩ ᠯᠦᠩ ᠳᠦᠨ ᠲᠣᠰᠬᠤᠨ᠂  ᠲᠦᠯᠢᠶᠡᠲᠦ ᠭᠠᠴᠠᠭ᠎ᠠ ᠳᠤ ᠭᠦᠨᠵᠡᠭᠡᠶᠢᠷᠡᠵᠦ ᠭᠠᠴᠠᠭ᠎ᠠ ᠶᠢᠨ ᠦᠨᠳᠦᠰᠦᠨ ᠪᠠᠶᠢᠳᠠᠯ ᠢ ᠣᠶᠢᠯᠠᠭᠠᠪᠠ᠃ ᠡᠭᠦᠨ ᠤ ᠬᠠᠮᠲᠤ  ᠡᠮᠲᠦ ᠶᠢᠨ ᠭᠤᠤᠯ ᠰᠤᠮᠤᠨ ᠳᠤ ᠠᠶᠢᠮᠠᠭ᠂ ᠬᠤᠰᠢᠭᠤ᠂ ᠰᠤᠮᠤ᠂ ᠭᠠᠴᠠᠭ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ᠂ ᠰᠤᠮᠤ᠂ ᠭᠠᠴᠠᠭ᠎ᠠ ᠶᠢᠨ ᠬᠥᠭᠵᠢᠯᠲᠡ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃
       ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠸᠠᠩ ᠸᠧᠨ ᠵᠢᠶᠧ ᠢᠯᠡᠷᠬᠡᠶᠢᠯᠡᠬᠦ ᠳᠡᠭᠡᠨ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠬᠤᠶᠢᠰᠢᠳᠠ ᠶᠢᠨ ᠬᠠᠪᠰᠤᠷᠤᠨ ᠲᠡᠳᠬᠦᠬᠦ ᠠᠵᠢᠯ ᠤᠨ ᠳᠤᠮᠳᠠ ᠪᠠᠨ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠬᠠᠪᠰᠤᠷᠤᠨ ᠲᠡᠳᠬᠦᠬᠦ ᠠᠵᠢᠯ ᠢ ᠥᠴᠦᠬᠡᠨ ᠴᠦ ᠭᠤᠶᠢᠪᠢᠰᠢ ᠥᠬᠡᠶ ᠪᠠᠷ ᠳᠥᠯᠭᠢᠨ ᠠᠬᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠵᠤ ᠦᠶᠢᠯᠡᠰᠵᠢᠯᠲᠡ ᠪᠠᠷ ᠲᠠᠷᠢᠮᠠᠯ ᠤᠨ ᠦᠢᠯᠡᠰ ᠢ ᠳᠠᠶᠢᠴᠢᠯᠠᠵᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠲᠣᠰᠬᠤᠨ ᠢᠶᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠶᠢ ᠪᠡᠶᠡᠯᠡᠭᠦᠯᠦᠨ᠎ᠡ ᠭᠡᠵᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢ ᠲᠠᠰᠤᠷᠠᠯᠲᠠ ᠥᠬᠡᠶ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠳᠡᠭᠡᠭᠰᠢᠯᠡᠭᠦᠯᠦᠨ᠂ ᠭᠠᠴᠠᠭ᠎ᠠ ᠶᠢ ᠬᠠᠪᠰᠤᠷᠤᠨ ᠲᠡᠳᠬᠦᠬᠦ ᠪᠠᠷ ᠰᠠᠭᠤᠷᠢ ᠪᠣᠯᠭᠠᠵᠤ᠂ ᠪᠤᠰᠤᠳ ᠭᠠᠴᠠᠭ᠎ᠠ ᠶᠢᠨ ᠠᠵᠤ ᠦᠢᠯᠡᠰ ᠢ ᠬᠥᠭᠵᠢᠭᠦᠯᠬᠦ ᠶᠢ ᠨᠥᠯᠥᠭᠡᠯᠡᠨ ᠳᠠᠶᠢᠴᠢᠯᠠᠵᠤ᠂ ᠨᠠᠩ ᠣᠯᠠᠨ ᠣᠨᠴᠠᠯᠢᠭ ᠢᠶᠠᠷ ᠢᠯᠡ ᠲᠣᠳᠣ᠂ ᠨᠠᠷᠠᠲᠤ ᠲᠡᠮᠳᠡᠭ ᠢᠶᠠᠷ ᠰᠢᠯᠭᠠᠷᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠡᠪ ᠵᠠᠭᠪᠤᠷ ᠢ ᠪᠣᠶ ᠪᠣᠯᠭᠠᠵᠤ᠂ ᠬᠥᠳᠡᠭᠡ ᠲᠣᠰᠬᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ᠃ ᠡᠭᠦᠨ ᠤ ᠬᠠᠮᠲᠤ ᠰᠢᠨ᠎ᠡ ᠲᠣᠮᠢᠯᠠᠭᠳᠠᠭᠰᠠᠨ ᠲᠣᠰᠬᠤᠨ ᠳᠤ ᠰᠠᠭᠤᠭ᠎ᠠ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠰᠢᠭᠤᠨ ᠤ ᠡᠯ᠎ᠡ ᠲᠦᠷᠦᠯ ᠤᠨ ᠬᠠᠷᠠᠯᠲᠠ ᠡᠭᠦᠷᠭᠡ ᠪᠣᠯᠤᠨ ᠱᠠᠭᠠᠷᠳᠠᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠬᠠᠮᠤᠭ ᠤᠨ ᠳᠡᠭᠡᠳᠦ ᠬᠠᠷᠠᠯᠲᠠ ᠪᠣᠯᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠲᠦᠷᠦᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠤᠨᠴᠠᠯᠢᠬᠳᠤ ᠠᠵᠤ ᠦᠢᠯᠡᠰ ᠢ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠵᠠᠢ᠃
       ᠬᠤᠰᠢᠭᠤᠨ ᠤ ᠨᠠᠮ ᠤᠨ
ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠬᠠᠶ ᠶᠢᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠰᠢᠩ ᠯᠦᠩ ᠳᠦᠨ᠂ ᠲᠦᠯᠢᠶᠡᠲᠦ ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠤ ᠦᠢᠯᠡᠰ ᠢ ᠳᠡᠭᠡᠭᠰᠢᠯᠡᠭᠦᠯᠬᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠰᠠᠭᠤᠷᠢ ᠪᠦᠳᠦᠬᠡᠨ ᠪᠠᠶᠢᠭᠤᠯᠤᠯᠲᠠ ᠬᠢᠬᠦ ᠵᠡᠷᠭᠡ ᠲᠦᠷᠪᠡᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠪᠠᠬᠢᠵᠢᠭᠦᠯᠦᠨ ᠥᠷᠭᠡᠳᠬᠡᠨ᠎ᠡ᠃ ᠰᠤᠮᠤ ᠪᠠᠯᠭᠠᠰᠤ᠂ ᠭᠠᠴᠠᠭ᠎ᠠ ᠭᠠᠴᠠᠭ᠎ᠠ ᠶᠢᠨ ᠬᠢᠨ ᠭᠠᠳᠠᠭᠠᠳᠤ ᠶᠢᠨ ᠬᠦᠴᠦᠨ ᠢ ᠬᠠᠪᠰᠤᠷᠤᠨ ᠲᠡᠳᠬᠦᠬᠦ ᠶᠢ ᠰᠠᠶᠢᠲᠤᠷ ᠠᠰᠢᠭᠯᠠᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢᠶᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠢ ᠪᠣᠶ ᠪᠣᠯᠭᠠᠬᠤ ᠬᠡᠷᠡᠭᠲᠡᠶ᠃ ᠪᠠᠲᠤᠯᠠᠭ᠎ᠠ ᠳᠡᠮᠵᠢᠯᠭᠡ ᠪᠠᠨ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠰᠢᠨ᠎ᠡ ᠪᠠᠷ ᠲᠣᠮᠢᠯᠠᠭᠳᠠᠭᠰᠠᠨ ᠲᠣᠰᠬᠤᠨ ᠳᠤ ᠰᠠᠭᠤᠭ᠎ᠠ ᠺᠠᠳ᠋ᠷ ᠤᠨ ᠠᠵᠢᠯ᠂ ᠠᠮᠢᠳᠤᠷᠠᠯ ᠤᠨ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠨ᠎ᠡ ᠬᠡᠵᠡᠢ᠃
       
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠰᠢᠨ᠎ᠡ ᠲᠤᠰᠢᠶᠠᠯ ᠳᠤ ᠭᠠᠷᠤᠭᠰᠠᠨ ᠲᠣᠰᠬᠤᠨ ᠳᠤ ᠰᠠᠭᠤᠭ᠎ᠠ ᠺᠠᠳ᠋ᠷ ᠲᠣᠰᠪᠣᠷᠢ ᠣᠪᠣᠷ ᠢᠶᠠᠨ ᠢᠯᠡᠳᠬᠡᠬᠦ ᠦᠭᠡ ᠬᠡᠯᠡᠪᠡ᠃
   
   
       ᠬᠤᠷᠴᠢᠨ ᠪᠠᠷᠠᠭᠤᠨ
ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠠᠵᠢᠯᠴᠢᠨ ᠤ ᠪᠣᠯᠪᠠᠰᠤᠷᠠᠯ ᠤᠨ ᠠᠩᠭᠢ ᠡᠬᠢᠯᠡᠪᠡ
       ᠮᠣᠩᠭᠤᠯ
ᠦᠨᠳᠦᠰᠦᠲᠡᠨ ᠤ ᠠᠷᠠᠳ ᠤᠨ ᠤᠯᠠᠮᠵᠢᠯᠠᠯᠲᠤ ᠬᠠᠳᠬᠤᠮᠠᠯ ᠤᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠡᠷᠮᠢᠴᠡ ᠣᠨᠴᠠᠯᠢᠭ ᠲᠠᠢ ᠠᠷᠠᠳ ᠤᠨ ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠡᠮᠡᠭᠲᠡᠶᠢᠴᠦᠳ ᠢ ᠬᠠᠪᠰᠤᠷᠤᠨ ᠪᠠᠶᠠᠵᠢᠭᠤᠯᠬᠤ ᠠᠷᠭ᠎ᠠ ᠵᠠᠮ ᠢ ᠨᠢ ᠥᠷᠭᠡᠳᠬᠡᠬᠦ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠠᠵᠢᠯᠴᠢᠨ ᠤ ᠪᠣᠯᠪᠠᠰᠤᠷᠠᠯ ᠤᠨ ᠠᠩᠭᠢ ᠡᠮᠲᠦ ᠶᠢᠨ ᠭᠤᠤᠯ ᠰᠤᠮᠤᠨ ᠳᠤ ᠰᠤᠷᠤᠯᠭ᠎ᠠ ᠡᠬᠢᠯᠡᠪᠡ᠃ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠨᠡᠶᠢᠭᠡᠮᠯᠢᠭ ᠤᠨ ᠳᠠᠷᠤᠭ᠎ᠠ ᠪᠠᠶ ᠵᠢᠩ ᠶᠢᠩ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠮᠣᠩᠭᠤᠯ ᠦᠨᠳᠦᠰᠦᠲᠡᠨ ᠤ ᠬᠠᠳᠬᠤᠮᠠᠯ ᠤᠨ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠡᠰᠡᠭ ᠰᠤᠮᠤ ᠪᠠᠯᠭᠠᠰᠤᠨ ᠤ ᠬᠠᠳᠬᠤᠮᠠᠯᠴᠢᠳ ᠪᠠ ᠬᠠᠳᠬᠤᠮᠠᠯ ᠳᠤ ᠪᠠᠭ᠋ᠠᠲᠠᠶ ᠬᠥᠮᠦᠰ ᠪᠣᠯᠪᠠᠰᠤᠷᠠᠯ ᠳᠤ ᠣᠷᠣᠯᠴᠠᠵᠠᠶ᠃
       ᠲᠣᠰ
ᠤᠳᠠᠭᠠᠨ ᠤ ᠪᠣᠯᠪᠠᠰᠤᠷᠠᠯ ᠨᠢ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 10 ᠬᠠᠳᠬᠤᠮᠠᠯ ᠤᠨ ᠪᠠᠭᠰᠢ ᠶᠢ ᠤᠷᠢᠵᠤ ᠣᠨᠣᠯ ᠤᠨ ᠵᠢᠯᠣᠭᠤᠳᠣᠯᠭ᠎ᠠ ᠪᠠ ᠪᠣᠳᠠᠲᠠᠶ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠪᠠᠭᠰᠢ ᠨᠠᠷ ᠮᠣᠩᠭᠤᠯ ᠦᠨᠳᠦᠰᠦᠲᠡᠨ ᠤ ᠬᠠᠳᠬᠤᠮᠠᠯ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠣᠶᠣᠳᠠᠯ ᠤᠨ ᠠᠷᠭ᠎ᠠ ᠵᠢᠴᠢ ᠣᠨᠴᠠᠭᠠᠶ ᠣᠶᠣᠳᠠᠯ ᠤᠨ ᠠᠷᠭ᠎ᠠ᠂ ᠵᠢᠷᠤᠭ ᠵᠢᠷᠤᠬᠤ ᠪᠠ ᠵᠢᠷᠤᠭ ᠵᠢᠷᠤᠬᠤ᠂ ᠥᠩᠭᠡ ᠪᠤᠳᠤᠭ ᠤᠨ ᠵᠣᠬᠢᠴᠠᠯ ᠤᠨ ᠨᠡᠶᠢᠯᠡᠯ ᠪᠠ ᠬᠡᠷᠡᠭᠯᠡᠯᠲᠡ᠂ ᠭᠠᠷ ᠤᠷᠠᠯᠠᠯ ᠤᠨ ᠬᠠᠳᠬᠤᠮᠠᠯ ᠪᠠ ᠵᠢᠭᠤᠯᠴᠢᠯᠠᠯ ᠤᠨ ᠪᠦᠲᠦᠭᠡᠭᠳᠡᠬᠦᠨ ᠤ ᠤᠶᠠᠯᠳᠤᠯ ᠵᠡᠷᠭᠡ ᠲᠠᠯ᠎ᠠ ᠶᠢᠨ ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠤᠨ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠤᠨ ᠬᠠᠳᠬᠤᠮᠠᠯ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠠᠶᠢᠯᠪᠤᠷᠢᠯᠠᠬᠤ ᠶᠢ ᠰᠣᠨᠣᠰᠬᠤ ᠶᠢᠨ ᠳᠠᠭᠠᠤ ᠭᠠᠷ ᠬᠥᠳᠡᠯᠦᠨ ᠠᠵᠢᠯᠯᠠᠵᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠮᠠᠰᠢ ᠭᠦᠨ ᠵᠤᠵᠠᠭᠠᠨ ᠪᠠᠶᠢᠯ᠎ᠠ᠃
       ᠬᠤᠷᠴᠢᠨ
ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠨᠡᠶᠢᠭᠡᠮᠯᠢᠭ ᠤᠨ ᠳᠡᠳ᠋ ᠳᠠᠷᠤᠭ᠎ᠠ ᠮᠧᠶ ᠷᠦᠩ ᠬᠡᠯᠡᠬᠦ ᠳᠡᠭᠡᠨ᠄ ︽ᠪᠢ ᠤᠤᠯ ᠨᠢ ᠬᠡᠷ ᠤᠨ ᠬᠥᠮᠦᠰ ᠢᠶᠠᠨ ᠳᠠᠭᠠᠭᠤᠯᠤᠨ ᠭᠠᠳᠠᠨ᠎ᠠ ᠣᠷᠣᠨ ᠳᠤ ᠬᠥᠯᠥᠰᠥᠨ ᠠᠵᠢᠯ ᠬᠢᠵᠦ ᠪᠠᠶᠢᠵᠠᠶ᠂ ᠤᠳᠠᠭᠠᠨ ᠵᠢᠯ ᠢᠶᠠᠷ ᠬᠡᠲᠦᠷᠬᠡᠶ ᠶᠠᠳᠠᠷᠠᠭᠰᠠᠨ ᠠᠴᠠ ᠪᠣᠯᠵᠣ ᠪᠡᠶ᠎ᠡ ᠡᠪ ᠥᠬᠡᠶ ᠪᠣᠯᠵᠣ᠂ ᠬᠦᠨᠳᠦ ᠬᠥᠳᠡᠯᠮᠦᠷᠢ ᠬᠢᠬᠦ ᠶᠢᠨ ᠠᠷᠭ᠎ᠠ ᠥᠬᠡᠶ ᠪᠣᠯᠵᠠᠶ᠃ ᠬᠠᠳᠬᠤᠮᠠᠯ ᠢ ᠰᠤᠷᠴᠢᠬᠠᠪᠠᠯ ᠭᠡᠷ ᠲᠡᠭᠡᠨ ᠵᠣᠭᠤᠰ ᠣᠯᠵᠤ ᠪᠣᠯᠤᠨ᠎ᠠ᠂ ᠮᠢᠨᠦ ᠨᠢᠭᠡ ᠵᠢᠯ ᠤᠨ ᠣᠷᠣᠯᠭ᠎ᠠ 5 ᠲᠦᠮᠡ ᠭᠠᠷᠤᠢ ᠲᠥᠭᠦᠷᠢᠭ ᠲᠤ ᠬᠦᠷᠴᠦ᠂ ᠬᠠᠳᠬᠤᠮᠠᠯ ᠮᠢᠨᠦ ᠠᠮᠢᠳᠤᠷᠠᠯ ᠢ ᠬᠤᠪᠢᠷᠠᠭᠤᠯᠪᠠ᠂ ᠬᠤᠶᠢᠰᠢᠳᠠ ᠪᠢ ᠨᠡᠩ ᠤᠯᠠᠨ ᠬᠥᠮᠦᠰ ᠢ ᠲᠠᠶᠢᠴᠢᠯᠠᠨ ᠮᠣᠩᠭᠤᠯ ᠦᠨᠳᠦᠰᠦᠲᠡᠨ ᠤ ᠬᠠᠳᠬᠤᠮᠠᠯ ᠳᠤ ᠣᠷᠣᠯᠴᠠᠭᠤᠯᠬᠤ ᠪᠠᠷ ᠰᠤᠷᠤᠯᠴᠠᠭᠤᠯᠵᠤ᠂ ᠬᠠᠮᠲᠤ ᠪᠠᠷ ᠴᠢᠷᠮᠠᠶᠢᠵᠤ᠂ ᠨᠡᠩ ᠨᠠᠷᠢᠯᠢᠭ ᠰᠠᠶᠢᠬᠠᠨ ᠪᠦᠲᠦᠭᠡᠯ ᠢ ᠬᠠᠳᠬᠤᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠪᠦᠲᠦᠭᠡᠶ᠎ᠡ︾ ᠭᠡᠵᠦ ᠬᠡᠯᠡᠨ᠎ᠡ᠃
       
ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠭᠴᠢᠳ ᠲᠤ ᠨᠢᠭᠡ ᠬᠤᠶᠠᠷ ᠭᠤᠷᠪᠠᠳᠤᠭᠠᠷ ᠳᠡᠰ ᠤᠨ ᠠᠵᠢᠯ ᠤᠨ ᠦᠨᠡᠮᠯᠡᠯ ᠣᠯᠭᠤᠵᠤ᠂ ᠬᠠᠳᠬᠤᠮᠠᠯᠴᠢᠳ ᠤᠨ ᠬᠠᠳᠬᠤᠮᠠᠯ ᠤᠨ ᠤᠷ᠎ᠠ ᠮᠡᠷᠭᠡᠵᠢᠯ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠭᠠᠷ ᠤᠷᠠᠯᠠᠯ ᠤᠨ ᠬᠠᠳᠬᠤᠮᠠᠯ ᠢᠶᠠᠷ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠨᠠᠩ ᠣᠯᠠᠨ ᠡᠮᠡᠭᠲᠡᠶᠢᠴᠦᠳ ᠤᠨ ᠲᠤᠬᠠᠶ ᠶᠢᠨ ᠭᠠᠵᠠᠷ ᠲᠠᠭᠠᠨ ᠠᠳᠠᠯ ᠦᠢᠯᠡᠰ ᠴᠣᠭᠴᠠᠯᠠᠬᠤ᠂ ᠣᠶᠢᠷ᠎ᠠ ᠬᠠᠪᠢ ᠳᠠᠭᠠᠨ ᠠᠵᠢᠯ ᠤᠯᠬᠤ᠂ ᠠᠮᠢᠳᠤᠯᠢᠭ ᠢᠶᠠᠷ ᠠᠵᠢᠯ ᠤᠯᠬᠤ ᠶᠢ ᠬᠠᠪᠰᠤᠷᠤᠨ᠎ᠠ᠃
   
   
 
   
 
 
  
 
2014-2015 ©                      蒙ICP备05070829号