ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2021﹈ 9 ᠳ᠋ᠤᠭᠡᠷ ᠲᠣᠭᠠᠲᠤ | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠤ᠄ | ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤᠮᠳᠠ ︿ᠤᠶᠤᠨᠲᠤ ᠷᠠᠳᠢᠣ᠋ | ᠲᠧᠯᠸᠢᠰ﹀ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠡᠯᠬᠡᠨ ᠤ ᠢᠨᠵᠧᠨᠧᠷᠢᠩ ᠢ | ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 34 ᠳ᠋ᠤᠭᠡᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠦᠮᠡᠨ ᠢᠷᠸᠡ ᠬᠤᠰᠢᠭᠤ ᠰᠢᠶᠠᠨ ᠬᠥᠷᠬᠦ᠂ ᠮᠢᠩᠭᠠᠨ ᠢᠷᠸᠡ ᠰᠤᠮᠤ | ᠰᠢᠶᠠᠩ ᠪᠠᠯᠭᠠᠰᠤ ᠬᠥᠷᠬᠦ᠂ ᠵᠠᠭᠤᠨ ᠢᠷᠸᠡ ᠭᠠᠴᠠᠭ᠎ᠠ ᠲᠣᠰᠬᠤᠨ ᠬᠥᠷᠬᠦ᠂ 20ᠢᠷᠸᠡ ᠮᠠᠯᠴᠢᠨ ᠡᠷᠦᠬᠡ ᠬᠥᠷᠬᠦ | ᠤᠲᠠᠰᠤᠲᠤ ᠪᠠ ᠤᠲᠠᠰᠤ ᠥᠬᠡᠶ ᠪᠠᠷ ᠠᠭᠤᠰᠤᠯᠴᠠᠭᠰᠠᠨ ᠥᠷᠭᠡᠨ ᠪᠦᠰᠡᠲᠦ ᠰᠦᠯᠵᠢᠶ᠎ᠡ ᠶᠢ ᠪᠥᠲᠥᠭᠡᠨ | ᠪᠠᠶᠢᠭᠤᠯᠬᠤ ᠪᠠᠷ ᠳᠠᠮᠵᠢᠭᠤᠯᠤᠨ᠂ ᠵᠠᠰᠠᠭ ᠤᠨ ᠬᠡᠷᠡᠭᠯᠡᠭᠡᠨ ᠤ᠂ ᠬᠤᠳᠠᠯᠳᠤᠭᠠᠨ ᠤ ᠬᠡᠷᠡᠭᠯᠡᠭᠡᠨ ᠤ᠂ ᠠᠷᠠᠳ ᠤᠨ | ᠬᠡᠷᠡᠭᠯᠡᠭᠡᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠮᠠᠯᠵᠢᠬᠤ ᠣᠷᠣᠨ ᠤ ᠥᠷᠭᠡᠨ | ᠪᠦᠰᠡᠲᠦ ᠰᠦᠯᠵᠢᠶ᠎ᠡ ᠶᠢᠨ ᠦᠢᠯᠡᠴᠢᠯᠡᠬᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠮᠠᠯᠵᠢᠬᠤ | ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠢᠨᠵᠧᠨᠧᠷᠢᠩ ᠤᠨ | ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠵᠧᠨᠧᠷᠢᠩ ᠤᠨ ᠬᠡᠷᠡᠭᠵᠢᠭᠦᠯᠦᠯᠲᠡ ᠳᠤ ᠢᠳᠡᠪᠬᠢᠲᠡᠶ | ᠬᠠᠮᠵᠢᠯᠴᠠᠬᠤ ᠬᠡᠷᠡᠭᠲᠡᠶ᠃ ᠥᠪᠥᠷ ᠮᠣᠩᠭᠤᠯ ᠤᠨ ᠮᠠᠯᠵᠢᠬᠤ ᠣᠷᠣᠨ ᠤ ︽ᠤᠶᠤᠨᠲᠤ ᠷᠠᠳᠢᠣ᠋ ᠲᠧᠯᠸᠢᠰ︾ ᠤᠨ | ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠯᠡᠬᠡᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ | ᠪᠠᠶᠢᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠨᠢᠭᠡ ᠵᠦᠢᠯ ᠤᠨ ᠲᠥᠷᠥᠯ | ᠵᠦᠢᠯ ᠪᠣᠯᠤᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠨᠵᠧᠨᠧᠷᠢᠩ ᠤᠨ ᠬᠡᠷᠡᠭᠵᠢᠭᠦᠯᠦᠯᠲᠡ ᠳᠤ ᠢᠳᠡᠪᠬᠢᠲᠡᠶ ᠬᠠᠮᠵᠢᠯᠴᠠᠨ᠂ ︽ | ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ ᠰᠦᠯᠵᠢᠶ᠎ᠡ ᠶᠢ ᠬᠠᠮᠤᠷᠬᠤ ᠪᠠ ᠦᠢᠯᠡᠴᠢᠯᠡᠬᠡᠨ ᠤ | ᠢᠨᠵᠧᠨᠧᠷᠢᠩ ᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠨᠢᠭᠡ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠶᠢ ᠲᠣᠳᠣᠷᠬᠠᠶ ᠲᠣᠭᠲᠠᠭᠠᠵᠤ᠂ ᠲᠣᠰ ᠠᠵᠢᠯ ᠢ ᠪᠣᠳᠠᠲᠠᠶ ᠰᠠᠶᠢᠲᠤᠷ ᠠᠳᠬᠤᠬᠤ ᠶᠢᠨ ᠬᠠᠮᠲᠤ | ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠨᠡᠷᠡᠰ ᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ︵ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ︶ ᠳᠤ ᠮᠡᠳᠡᠭᠦᠯᠦᠨ ᠬᠦᠷᠭᠡᠬᠦ ᠬᠡᠷᠡᠭᠲᠡᠶ᠂ | ᠬᠠᠷᠢᠯᠴᠠᠬᠤ ᠬᠥᠮᠦᠨ᠄ ᠯᠢ ᠳ᠋ᠦᠩ ᠬᠤᠶ᠂ ᠬᠠᠷᠢᠯᠴᠠᠬᠤ ᠤᠲᠠᠰᠤ᠄ 13514826968᠃ | ᠬᠤᠶᠠᠷ᠂ ᠲᠠᠷᠠᠬᠠᠶ ᠪᠤᠲᠠᠷᠬᠠᠶ ᠮᠠᠯᠵᠢᠬᠤ ᠡᠷᠥᠭᠡ ᠶᠢᠨ ᠣᠷᠣᠨ ᠪᠠᠶᠢᠷᠢ ᠶᠢ ᠨᠠᠷᠢᠨ ᠬᠢᠨᠠᠮᠠᠭᠠᠶ ᠬᠠᠷᠢᠭᠤᠴᠠᠵᠤ᠂ | ᠨᠠᠷᠢᠨ ᠣᠨᠣᠪᠴᠢᠲᠠᠶ ᠣᠷᠣᠨ ᠪᠠᠶᠢᠷᠢ ᠲᠣᠭᠲᠠᠭᠠᠬᠤ ᠬᠡᠷᠡᠭᠲᠡᠶ᠃ ᠰᠤᠮᠤ ᠪᠠᠯᠭᠠᠰᠤ᠂ ᠭᠠᠴᠠᠭ᠎ᠠ ᠲᠣᠰᠬᠤᠨ ᠤ | ᠭᠡᠷᠡᠯᠯᠢᠭ ᠰᠢᠷᠬᠡᠭ ᠳᠡᠪᠢᠰᠬᠦ ᠵᠡᠷᠭᠡ ᠠᠵᠢᠯ ᠢ 2020 ᠣᠨ ᠠᠴᠠ ᠡᠬᠢᠯᠡᠨ ᠬᠡᠷᠡᠭᠵᠢᠭᠦᠯᠵᠦ᠂ ᠣᠳᠣᠬᠠᠨ ᠳᠤ | ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠣᠷᠣᠨ ᠪᠠᠶᠢᠷᠢ ᠶᠢ ᠣᠨᠣᠪᠴᠢᠲᠠᠶ ᠪᠠᠶᠢᠯᠭᠠᠬᠤ ᠶᠢ ᠪᠠᠴᠢᠮ ᠱᠠᠭᠠᠷᠳᠠᠵᠤ᠂ | ᠤᠲᠠᠰᠤ ᠥᠬᠡᠶ ᠪᠦᠷᠬᠦᠴᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠤᠮᠤ | ᠪᠠᠯᠭᠠᠰᠤ ᠨᠢ ᠬᠠᠷᠢᠶ᠎ᠠ ᠭᠠᠴᠠᠭ᠎ᠠ᠂ ᠠᠶᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠲᠠᠷᠠᠬᠠᠶ ᠪᠤᠲᠠᠷᠬᠠᠶ ᠮᠠᠯᠵᠢᠬᠤ | ᠡᠷᠦᠬᠡ ᠶᠢᠨ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ᠂ ᠨᠢᠭᠡ ᠡᠷᠦᠬᠡ ᠳᠤ ᠴᠦ ᠬᠤᠴᠣᠷᠤᠭᠤᠯᠬᠤ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠳᠠᠭᠠᠯᠳᠤᠭᠤᠯᠤᠯ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠵᠢᠬᠤ ᠣᠷᠣᠨ ᠤ ︿ᠤᠶᠤᠨᠲᠤ | ᠷᠠᠳᠢᠣ᠋ ᠲᠧᠯᠸᠢᠰ﹀ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠯᠡᠬᠡᠨ ᠤ ᠢᠨᠵᠧᠨᠧᠷᠢᠩ ᠤᠨ | ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠨᠠᠷᠢᠯᠢᠭ ᠣᠨᠣᠴᠠᠲᠠᠶ ᠣᠷᠣᠨ ᠪᠠᠶᠢᠷᠢ ᠶᠢᠨ ᠬᠤᠷᠢᠶᠠᠩᠭᠤᠶ ᠬᠦᠰᠦᠨᠦᠭᠲᠦ︾ | ᠶᠢ ᠨᠠᠷᠢᠨ ᠬᠢᠨᠠᠮᠠᠭᠠᠶ ᠲᠠᠭᠯᠠᠵᠤ᠂ 2 ᠰᠠᠷ᠎ᠠ ᠶᠢᠨ 1 ᠤ ᠡᠳᠦᠷ ᠤᠨ 17᠄ 30 ᠠᠴᠠ ᠡᠮᠦᠨ᠎ᠡ ᠳᠠᠭᠠᠯᠳᠤᠭᠤᠯᠤᠯ ᠢ | ᠬᠤᠰᠢᠭᠤᠨ ᠤ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠯᠢ ᠵᠧᠨ ᠹᠦ᠋ ᠶᠢᠨ ᠲᠡᠨᠳᠡ ᠬᠦᠷᠭᠡᠨ᠎ᠡ᠂ | ᠬᠠᠷᠢᠯᠴᠠᠬᠤ ᠤᠲᠠᠰᠤ᠄ 13948220700᠃ | | 2021 ᠣᠨ ᠤ 1 ᠰᠠᠷ᠎ᠠ ᠶᠢᠨ 29 | | | |