ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ | | | | ᠡᠯ᠎ᠡ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ | ᠲᠢᠩᠬᠢᠮ ᠤᠨ ᠰᠠᠯᠠᠭ᠎ᠠ ᠮᠥᠴᠢᠷ ᠤᠨ ᠣᠷᠣᠵᠤ ᠰᠠᠭᠤᠬᠤ ᠶᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | | | | | 2021 ᠣᠨ ᠤ 1 ᠰᠠᠷ᠎ᠠ ᠶᠢᠨ 29 | | | | | | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ | ᠲᠢᠩᠬᠢᠮ ᠤᠨ ᠰᠠᠯᠠᠭ᠎ᠠ ᠮᠥᠴᠢᠷ ᠤᠨ ᠣᠷᠣᠵᠤ ᠰᠠᠭᠤᠬᠤ ᠳᠤ ᠭᠡᠷᠡᠭᠵᠢᠬᠦᠯᠬᠦ ᠳᠦᠰᠦᠯ | | ᠮᠠᠨ ᠤ ᠬᠤᠰᠢᠭᠤᠨ ᠤ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ | ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ | ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ︽ᠨᠢᠭᠡ ᠯᠡ ᠡᠭᠦᠳᠡ ᠪᠠᠷ ᠣᠷᠣᠬᠤ | ︾ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ | ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠶᠣᠰᠣᠭᠠᠷ ︵2019 | ᠣᠨ ᠤ 10 ᠰᠠᠷ᠎ᠠ ᠶᠢᠨ 8 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 66 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯᠳᠤᠭᠠᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠢᠨᠲ᠋ᠤᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠯᠭᠢᠨ ᠠᠬᠢᠭᠤᠯᠬᠤ ︽ᠨᠢᠭᠡ ᠰᠦᠯᠵᠢᠶ᠎ᠡ︾ ᠶᠢ ᠳᠠᠷᠤᠮᠠᠯᠯᠠᠨ | ᠲᠠᠷᠬᠠᠭᠠᠵᠤ᠂ ᠨᠢᠭᠡ ᠲᠥᠷᠥᠯ᠂ ᠨᠢᠭᠡ ᠤᠳᠠᠭ᠎ᠠ ᠶᠢᠨ ︽ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2018 ︺ 45 ᠳ᠋ᠤᠭᠠᠷ ᠲᠣᠭᠠᠲᠤ︶︾ ᠪᠥᠬᠦ ᠤᠯᠤᠰ ᠤᠨ | ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ | ᠡᠵᠡᠩᠨᠡᠯᠲᠡ ᠶᠢᠨ ᠣᠷᠴᠢᠨ ᠲᠣᠭᠤᠷᠢᠨ ᠤ ᠲᠧᠯᠸᠢᠰ ᠳ᠋ᠢᠶᠠᠩᠬᠤᠸᠠ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹ 2019 ︺ 28 ᠳ᠋ᠤᠭᠠᠷ ᠲᠣᠭᠠᠲᠤ︶ ︽ᠬᠢᠩᠭᠠᠨ ᠠᠶᠢᠮᠠᠭ ᠤᠨ 2020 | ᠣᠨ ᠤ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ | ᠡᠵᠡᠩᠨᠡᠯᠲᠡ ᠶᠢᠨ ᠣᠷᠴᠢᠨ ᠲᠣᠭᠤᠷᠢᠨ ᠤ ᠡᠭᠦᠷᠭᠡ ᠶᠢ ᠰᠢᠯᠢᠳᠡᠭᠵᠢᠭᠦᠯᠬᠦ ᠠᠵᠢᠯ ᠤᠨ ᠬᠤᠪᠢᠶᠠᠷᠢᠯᠠᠯ ᠤᠨ ᠲᠥᠰᠦᠯ︾ | ︵ᠮᠠᠨᠳᠤᠭᠤᠯᠬᠤ ᠲᠠᠯᠪᠢᠬᠤ ᠬᠠᠮᠢᠶᠠᠷᠬᠤ ᠦᠶ᠋ᠯᠡᠴᠢᠯᠡᠬᠦ ᠳᠤᠭᠤᠶᠢᠯᠠᠩ ᠲᠠᠷᠬᠠᠭᠠᠭᠰᠠᠨ ︹ 2020 ︺ 1 ᠳ᠋ᠦᠭᠡᠷ | ᠲᠣᠭᠠᠲᠤ︶ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠶᠤᠰᠤᠭᠠᠷ᠂ ᠮᠠᠨ ᠤ ᠬᠤᠰᠢᠭᠤᠨ ᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠢ ᠲᠥᠪᠯᠡᠷᠡᠭᠦᠯᠦᠨ ᠭᠦᠶ᠋ᠴᠡᠳᠬᠡᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠶᠡᠭᠡ ᠲᠢᠩᠬᠢᠮ ᠤᠨ ︽ᠣᠯᠠᠨ ᠡᠭᠦᠳᠡ︾ ᠶᠢ ︽ᠨᠢᠭᠡ ᠡᠭᠦᠳᠡ︾ ᠶᠢᠨ ᠦᠢᠯᠡᠴᠢᠯᠡᠬᠡᠨ ᠤ | ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ | ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠣᠨᠴᠣᠭᠤᠶ ᠰᠢᠯᠲᠠᠭᠠᠨ ᠠᠴᠠ ᠭᠠᠳᠠᠨ᠎ᠠ᠂ ᠡᠯ᠎ᠡ ᠲᠥᠷᠥᠯ ᠤᠨ | ᠬᠢᠨᠠᠨ ᠵᠥᠪᠰᠢᠶᠡᠷᠡᠬᠦ ᠦᠢᠯᠡᠴᠢᠯᠡᠬᠡᠨ ᠤ ᠵᠦᠶ᠋ᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠢᠩᠬᠢᠮ ᠳᠤ ᠣᠷᠣᠭᠤᠯᠤᠨ ᠲᠥᠪᠯᠡᠷᠡᠭᠦᠯᠦᠨ ᠭᠦᠶ᠋ᠴᠡᠳᠬᠡᠵᠦ᠂ ᠬᠤᠰᠢᠭᠤᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠶ᠋ᠯᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠣᠷᠣᠵᠤ ᠰᠠᠭᠤᠬᠤ | ᠬᠠᠷᠢᠴᠠᠯ ᠢ 90% ᠠᠴᠠ ᠳᠡᠭᠡᠭᠰᠢ ᠪᠠᠶᠢᠯᠭᠠᠵᠤ ᠪᠣᠯᠬᠤ ᠥᠬᠡᠶ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠰᠦᠯᠵᠢᠶᠡᠨ ᠳᠡᠭᠡᠷ᠎ᠡ ᠭᠦᠶ᠋ᠴᠡᠳᠬᠡᠵᠦ ᠪᠣᠯᠬᠤ ᠨᠣᠷᠮ᠎ᠠ ᠶᠢ 70% ᠠᠴᠠ ᠳᠡᠭᠡᠭᠰᠢ ᠪᠠᠶᠢᠯᠭᠠᠵᠤ ᠪᠣᠯᠬᠤ ᠥᠬᠡᠶ᠃ | ᠵᠠᠷᠴᠢᠮ ᠳᠡᠭᠡᠷ᠎ᠡ ᠪᠠᠨ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰᠠᠭᠠᠷ ᠪᠠᠶᠢᠭᠤᠯᠤᠭᠰᠠᠨ | ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠥᠮᠦᠨ ᠲᠠᠪᠰᠢᠬᠤ᠂ ᠠᠵᠢᠯ ᠶᠠᠪᠤᠳᠠᠯ ᠲᠠᠪᠰᠢᠬᠤ | ᠂ ᠡᠷᠬᠡ ᠲᠠᠪᠰᠢᠬᠤ ᠶᠢ ᠦᠨᠡᠨᠬᠦ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ | ᠬᠦᠢᠯᠴᠡᠳᠭᠡᠬᠦ ᠳᠤ ︽ᠪᠡᠶ᠎ᠡ ᠶᠢᠨ ᠭᠠᠳᠠᠨ᠎ᠠ ᠡᠷᠭᠢᠯᠳᠦᠭᠦᠯᠬᠦ︾ ᠣᠯᠠᠨ ᠤᠳᠠᠭ᠎ᠠ ᠭᠦᠶᠦᠬᠦ ᠦᠵᠡᠭᠳᠡᠯ ᠢ ᠡᠷᠡᠰ ᠲᠠᠰᠤ | ᠬᠤᠷᠢᠭᠯᠠᠵᠤ᠂ ᠠᠵᠢᠯ ᠶᠠᠪᠤᠳᠠᠯ ᠬᠦᠢᠯᠴᠡᠳᠭᠡᠬᠦ ᠣᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠦᠷ᠎ᠡ | ᠪᠦᠲᠦᠮᠵᠢᠲᠡᠶ᠂ ᠲᠦᠷᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ | ᠬᠤᠶᠠᠷ᠂ ᠣᠷᠣᠵᠤ ᠰᠠᠭᠤᠬᠤ ᠵᠠᠷᠴᠢᠮ | ︵ᠨᠢᠭᠡ︶ ᠣᠷᠣᠵᠤ ᠰᠠᠭᠤᠬᠤ ᠰᠠᠯᠠᠭ᠎ᠠ ᠮᠥᠴᠢᠷ | ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ︵ᠳᠠᠷᠤᠶ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠬᠦ ᠵᠦᠢᠯᠡᠰ ᠢ ᠨᠢᠭᠡ ᠰᠲ᠋ᠣᠺ ᠤᠨ ᠲᠠᠰᠤᠭ ᠲᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠲ᠋ᠣᠺ ᠤᠨ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ | ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠳᠤ ᠲᠥᠪᠯᠡᠷᠡᠭᠦᠯᠦᠨ᠎ᠡ︔ ᠬᠢᠨᠠᠨ ᠵᠥᠪᠰᠢᠶᠡᠷᠡᠬᠦ ᠤᠴᠢᠷ | ᠶᠠᠪᠤᠳᠠᠯ ᠢ ᠪᠣᠳᠠᠲᠠᠶᠢᠵᠢᠭᠤᠯᠵᠤ᠂ ᠴᠣᠩᠬᠤᠨ ᠤ ᠠᠵᠢᠯᠲᠠᠨ ᠢ ᠲᠢᠩᠬᠢᠮ ᠳᠤ ᠣᠷᠣᠭᠤᠯᠵᠤ᠂ ᠬᠢᠨᠠᠨ ᠵᠥᠪᠰᠢᠶᠡᠷᠡᠬᠦ | ᠡᠷᠬᠡ ᠣᠯᠭᠤᠯᠲᠠ ᠶᠢ ᠪᠣᠳᠠᠲᠠᠶᠢᠵᠢᠭᠤᠯᠤᠨ᠎ᠠ︶ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠬᠤᠰᠢᠭᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠭᠦᠷᠭᠡ ᠴᠢᠳᠠᠪᠤᠷᠢ ᠲᠠᠢ | ᠰᠠᠯᠠᠭ᠎ᠠ ᠮᠥᠴᠢᠷ ᠵᠢᠴᠢ ᠤᠴᠢᠷ ᠶᠠᠪᠤᠳᠠᠯ ᠢ ᠡᠷᠬᠡᠪᠰᠢ ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠵᠤ᠂ | ᠣᠷᠣᠭᠤᠯᠬᠤ ᠶᠣᠰᠣᠲᠠᠶ ᠶᠢ ᠨᠢ ᠵᠠᠪᠠᠯ ᠡᠷᠬᠡ ᠣᠯᠭᠤᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ 36 ᠨᠢᠭᠡᠴᠡ ᠣᠷᠣᠵᠤ ᠰᠠᠭᠤᠬᠤ ᠶᠣᠰᠣᠲᠠᠶ᠂ ᠡᠭᠦᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠡᠭᠦᠷᠭᠡ ᠴᠢᠳᠠᠪᠤᠷᠢ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠭᠦᠷᠭᠡ ᠴᠢᠳᠠᠪᠤᠷᠢ ᠲᠠᠢ ᠨᠢᠭᠡᠴᠡ 29 ᠪᠣᠶ᠄ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠨᠠᠪᠴᠢᠨ ᠲᠠᠮᠠᠬᠢ ᠶᠢᠨ ᠲᠤᠰᠬᠠᠶ | ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠨᠢᠭᠡᠴᠡ 7 ᠪᠣᠶ᠄ ᠲᠠᠷᠢᠶᠠᠯᠠᠩ ᠤᠨ ᠪᠠᠩᠬᠢ᠂ ᠰᠢᠤᠳᠠᠨ᠂ | ᠨᠢᠭᠡᠳᠦᠮᠡᠯ ᠬᠤᠯᠪᠣᠭ᠎ᠠ᠂ ᠲᠦᠭᠡᠭᠡᠯ ᠤᠰᠤᠨ ᠤ ᠺᠣᠮᠫᠠᠨᠢ᠂ ᠴᠠᠬᠢᠯᠭᠠᠨ ᠬᠠᠩᠭᠠᠬᠤ ᠺᠣᠮᠫᠠᠨᠢ᠂ ᠵᠥᠩ ᠶᠤᠸᠠᠨ | ᠲᠥᠪᠯᠡᠷᠡᠭᠦᠯᠦᠨ ᠢᠯᠴᠢ ᠬᠠᠩᠭᠠᠬᠤ ᠲᠥᠪ᠂ ᠣᠯᠠᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠃ | ︵ᠬᠤᠶᠠᠷ︶ ᠣᠷᠣᠵᠤ ᠰᠠᠭᠤᠬᠤ ᠵᠦᠢᠯᠡᠰ | ᠨᠢᠭᠡ ᠳᠤ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠡᠭᠦᠷᠭᠡ ᠴᠢᠳᠠᠪᠤᠷᠢ ᠲᠠᠢ ᠰᠠᠯᠠᠭ᠎ᠠ ᠮᠥᠴᠢᠷ ︵ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠠᠭᠲᠠᠨ᠎ᠠ︶ ᠤᠨ ᠠᠵᠤ ᠠᠬᠤᠶᠢᠯᠠᠯ ᠪᠠ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ | ᠣᠷᠣᠭᠤᠯᠬᠤ ᠶᠢᠨ ᠬᠠᠮᠲᠤ ᠴᠣᠩᠬᠤ ᠭᠠᠷᠭᠠᠵᠤ ᠲᠥᠪᠯᠡᠷᠡᠭᠦᠯᠦᠨ ᠭᠦᠶ᠋ᠴᠡᠳᠬᠡᠨ᠎ᠡ᠃ ᠬᠤᠶᠠᠷ ᠲᠤ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠣᠷᠤᠭ ᠤᠨ ᠳᠡᠩᠰᠡᠯᠡᠯᠲᠡ ᠶᠢᠨ ᠬᠤᠪᠢᠶᠠᠷᠢ ᠲᠢᠩᠬᠢᠮ᠂ ᠬᠠᠤᠯᠢ ᠴᠠᠭᠠᠵᠠ ᠶᠢᠨ | ᠲᠣᠪᠴᠢᠶ᠎ᠠ ᠶᠢᠨ ᠠᠯᠪᠠᠨ ᠭᠡᠷᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠬᠤᠪᠢᠶᠠᠷᠢ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠶᠠᠷᠢ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠬᠤᠪᠢᠶᠠᠷᠢ ᠲᠢᠩᠬᠢᠮ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠪᠢᠶᠠᠷᠢ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠡᠷᠦᠬᠡ ᠶᠢᠨ ᠶᠠᠪᠤᠳᠠᠯ ᠮᠠᠰᠢᠨ ᠲᠡᠷᠭᠡᠨ ᠤ ᠬᠢᠯᠢ ᠳᠤ ᠤᠷᠤᠵᠤ ᠭᠠᠷᠬᠤ ᠬᠤᠪᠢᠶᠠᠷᠢ ᠲᠢᠩᠬᠢᠮ᠃ | ᠭᠤᠷᠪᠠ᠂ ᠣᠷᠣᠵᠤ ᠰᠠᠭᠤᠬᠤ ᠱᠠᠭᠠᠷᠳᠠᠯᠭ᠎ᠠ | ︵ᠨᠢᠭᠡ︶ ᠡᠯ᠎ᠡ ᠣᠷᠣᠵᠤ ᠰᠠᠭᠤᠭᠰᠠᠨ ᠨᠢᠭᠡᠴᠡ ᠶᠢᠨ ᠪᠣᠶ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠢ ᠪᠠᠶᠢᠭᠤᠯᠤᠮᠵᠢ ᠪᠠᠷ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ ᠣᠷᠣᠵᠤ | ᠰᠠᠭᠤᠭᠠᠳ ᠲᠥᠪᠯᠡᠷᠡᠭᠦᠯᠦᠨ ᠭᠦᠶ᠋ᠴᠡᠳᠬᠡᠬᠦ ᠶᠢᠨ ᠬᠠᠮᠲᠤ᠂ ᠨᠢᠭᠡ ᠬᠠᠷᠢᠭᠤᠴᠠᠯᠭᠠᠲᠠᠨ ᠢ ᠴᠣᠩᠬᠤᠨ ᠤ ᠲᠦᠷᠦᠭᠦᠤ | ᠲᠥᠯᠥᠭᠡᠯᠡᠭᠴᠢ ᠪᠠᠷ ᠲᠣᠭᠲᠠᠭᠠᠵᠤ᠂ ᠪᠢᠴᠢᠭ ᠢᠶᠠᠷ ᠲᠣᠳᠣᠷᠬᠠᠶ ᠡᠷᠬᠡ ᠣᠯᠭᠤᠬᠤ ᠠᠷᠭ᠎ᠠ ᠮᠠᠶ᠋ᠢᠭ ᠢᠶᠠᠷ ᠲᠦᠷᠦᠭᠦᠤ | ᠲᠥᠯᠥᠭᠡᠯᠡᠭᠴᠢ ᠳᠤ ᠬᠦᠢᠴᠡᠳ ᠡᠷᠬᠡ ᠣᠯᠭᠤᠨ ᠪᠣᠳᠠᠲᠠᠶᠢᠵᠢᠭᠤᠯᠵᠤ᠂ ᠲᠣᠰ ᠨᠢᠭᠡᠴᠡ ᠶᠢᠨ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠯᠦᠭᠡ ᠶᠢᠨ ᠨᠡᠪᠲᠡᠷᠡᠯᠴᠡᠨ | ᠬᠠᠷᠢᠯᠴᠠᠬᠤ ᠶᠢ ᠬᠠᠷᠢᠭᠤᠴᠠᠭᠤᠯᠤᠨ᠎ᠠ᠃ | ︵ᠬᠤᠶᠠᠷ︶ ᠣᠷᠣᠵᠤ ᠰᠠᠭᠤᠬᠤ ᠪᠣᠶ ᠪᠥᠬᠦᠶ ᠵᠦᠢᠯᠡᠰ ᠲᠤ ︽ᠨᠢᠭᠡ ᠯᠡ ᠡᠭᠦᠳᠡ ᠪᠠᠷ ᠣᠷᠣᠬᠤ︾ ᠶᠢ | ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠪᠠ ᠨᠢᠭᠡᠴᠡ ᠨᠦᠭᠦᠳ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠢᠩᠬᠢᠮ ᠠᠴᠠ ᠭᠠᠳᠠᠨ᠎ᠠ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶ᠋ᠯᠡᠰ | ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠤ ᠪᠣᠯᠬᠤ ᠥᠬᠡᠶ᠃ | ︵ᠭᠤᠷᠪᠠ︶ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠬᠡᠨ ᠤ | ᠠᠵᠢᠯ ᠢ ᠨᠢᠭᠡ ᠤᠳᠤᠷᠢᠳᠤᠯᠭ᠎ᠠ ᠪᠠᠷ ᠬᠠᠷᠢᠭᠤᠴᠠᠭᠤᠯᠵᠤ᠂ ᠨᠢᠭᠡ ᠲᠠᠰᠤᠭ ᠢᠶᠠᠷ ᠬᠢᠨᠠᠨ ᠵᠥᠪᠰᠢᠶᠡᠷᠡᠭᠦᠯᠬᠦ᠂ ᠨᠢᠭᠡ | ᠤᠳᠤᠷᠢᠳᠤᠯᠭ᠎ᠠ ᠠᠴᠠ ᠬᠤᠪᠢᠳᠠᠨ ᠬᠠᠮᠢᠶᠠᠷᠬᠤ ᠬᠢᠨᠠᠨ ᠵᠥᠪᠰᠢᠶᠡᠷᠡᠬᠦ ᠲᠣᠭᠲᠠᠴᠠ ᠶᠢ ᠪᠣᠶ ᠪᠣᠯᠭᠠᠵᠤ᠂ ᠬᠢᠨᠠᠨ | ᠵᠥᠪᠰᠢᠶᠡᠷᠡᠬᠦ ᠭᠤᠭᠴᠤᠭ᠎ᠠ ᠶᠢ ᠳᠥᠭᠦᠮᠴᠢᠯᠡᠬᠦ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮ ᠳᠥᠲᠡ ᠪᠣᠯᠭᠠᠬᠤ᠂ | ᠬᠢᠨᠠᠨ ᠵᠥᠪᠰᠢᠶᠡᠷᠡᠬᠦ ᠶᠠᠪᠤᠴᠠ ᠶᠢ ᠲᠦᠷᠭᠡᠨ ᠪᠣᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ︵ᠳᠥᠷᠪᠡ︶ ᠡᠯ᠎ᠡ ᠰᠠᠯᠠᠭ᠎ᠠ ᠮᠥᠴᠢᠷ ᠤᠳ ᠬᠡᠪ ᠴᠢᠨᠠᠷ ᠢᠶᠠᠷ ᠰᠠᠶᠢᠨ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ᠂ ᠣᠪᠣᠷ ᠰᠤᠷᠲᠠᠯ ᠢᠶᠠᠷ ᠲᠥᠪ ᠠᠵᠢᠯᠲᠠᠨ ᠢ ᠰᠣᠩᠭᠤᠨ ᠲᠣᠮᠢᠯᠠᠵᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠢᠩᠬᠢᠮ ᠳᠤ ᠰᠠᠭᠤᠯᠭᠠᠵᠤ᠂ ᠴᠣᠩᠬᠤᠨ ᠤ ᠠᠵᠢᠯᠲᠠᠨ ᠨᠢ ᠵᠠᠷᠴᠢᠮ ᠳᠡᠭᠡᠷ᠎ᠡ ᠪᠠᠨ ᠡᠷᠬᠡᠪᠰᠢ | ᠤᠤᠯ ᠤᠨ ᠨᠢᠭᠡᠴᠡ ᠶᠢᠨ ᠢᠶᠠᠨ ᠵᠢᠩᠬᠢᠨᠢ ᠣᠷᠣᠨ ᠲᠤᠭ᠎ᠠ ᠳᠤ ᠪᠠᠶᠢᠭ᠎ᠠ ᠠᠵᠢᠯᠲᠠᠨ ᠪᠠᠶᠢᠬᠤ ᠬᠡᠷᠡᠭᠲᠡᠶ᠂ ᠪᠦᠬᠦᠯᠢ 45 | ᠨᠠᠰᠤᠨ ᠠᠴᠠ ᠳᠣᠷᠣᠭᠰᠢ ᠪᠠᠶᠢᠬᠤ ᠬᠡᠷᠡᠭᠲᠡᠶ᠃ ᠴᠣᠩᠬᠤᠨ ᠤ ᠠᠵᠢᠯᠲᠠᠨ ᠢ ᠬᠠᠷᠢᠴᠠᠩᠭᠤᠶ ᠲᠣᠭᠲᠠᠭᠤᠨ ᠪᠠᠶᠢᠯᠭᠠᠵᠤ᠂ | ᠴᠣᠩᠬᠤᠨ ᠳᠤ ᠬᠤᠶᠠᠷ ᠵᠢᠯ ᠠᠴᠠ ᠳᠡᠭᠡᠭᠰᠢ ᠠᠵᠢᠯᠯᠠᠪᠠᠯ ᠰᠠᠶ᠋ᠢ ᠰᠣᠯᠢᠬᠤ ᠶᠢ ᠵᠥᠪᠰᠢᠶᠡᠷᠡᠨ᠎ᠡ᠂ ᠰᠣᠯᠢᠬᠤ ᠠᠴᠠ | ᠡᠮᠦᠨ᠎ᠡ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠠᠢ ᠵᠥᠪᠳᠡᠯᠴᠡᠬᠦ ᠶᠢᠨ ᠬᠠᠮᠲᠤ | ᠵᠥᠪᠰᠢᠶᠡᠷᠡᠯ ᠢ ᠤᠯᠬᠤ ᠬᠡᠷᠡᠭᠲᠡᠶ᠃ | ︵ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠶᠣᠰᠣᠭᠠᠷ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠬᠠᠢ ᠬᠠᠷᠢᠭᠤ ᠲᠤᠰᠬᠠᠭᠰᠠᠨ ᠰᠠᠨᠠᠯ ᠪᠣᠯᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠢᠴᠢ | ᠬᠢᠩᠭᠠᠨ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ︽ᠪᠦᠬᠦ ᠠᠶᠢᠮᠠᠭ ᠤᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︽ᠬᠢᠩᠭᠠᠨ ᠠᠶᠢᠮᠠᠭ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠶᠢᠨ | ᠬᠡᠷᠡᠭᠵᠢᠭᠦᠯᠬᠦ ᠲᠥᠰᠦᠯ︾ ᠪᠣᠯᠤᠨ ︽ᠨᠢᠭᠡ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠨ ᠭᠦᠢᠴᠡᠳᠬᠡᠬᠦ ᠣᠷᠣᠨ ᠢ | ᠪᠠᠶᠢᠭᠤᠯᠬᠤ ᠱᠠᠭᠠᠷᠳᠠᠯᠭ᠎ᠠ ᠪᠠᠷ᠂ ᠬᠤᠯᠪᠣᠭᠳᠠᠬᠤ ᠰᠠᠯᠠᠭ᠎ᠠ ᠮᠥᠴᠢᠷ ︵ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠵᠡᠷᠭᠡ︶ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠨ | ᠭᠦᠶ᠋ᠴᠡᠳᠬᠡᠬᠦ ᠣᠷᠣᠨ ᠳᠤ ᠣᠷᠣᠵᠤ ᠰᠠᠭᠤᠬᠤ ᠬᠡᠷᠡᠭᠲᠡᠶ᠃ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠰᠣᠨᠢᠨ ᠤ | ᠠᠴᠢᠶᠠᠯᠠᠯ ᠤᠨ ᠠᠵᠤ ᠠᠬᠤᠶᠢᠯᠠᠯ ᠤᠨ ᠶᠡᠭᠡ ᠲᠢᠩᠬᠢᠮ ᠤᠨ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ | ᠦᠢᠯᠡᠴᠢᠯᠡᠬᠡᠨ ᠤ ᠲᠤᠰᠬᠠᠶ ᠲᠣᠭᠤᠷᠢᠭ ᠲᠤ ᠣᠷᠣᠵᠤ ᠰᠠᠭᠤᠬᠤ ᠳᠤ ︽ᠨᠢᠭᠡ ᠴᠣᠩᠬᠤᠪᠴᠢ ᠮᠠᠶ᠋ᠢᠭ︾ ᠤᠨ | ᠮᠡᠳᠡᠭᠦᠯᠦᠨ ᠵᠥᠪᠰᠢᠶᠡᠷᠡᠭᠦᠯᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃ | ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠮᠤᠵᠢ | ᠠᠯᠤᠰᠯᠠᠨ ᠨᠡᠶᠢᠳᠡᠮ ᠰᠢᠢᠳᠪᠦᠷᠢᠯᠡᠬᠦ ᠤᠴᠢᠷ ᠶᠠᠪᠤᠳᠠᠯ ᠳᠤ ᠬᠤᠯᠪᠣᠭᠳᠠᠬᠤ ᠰᠠᠯᠠᠭ᠎ᠠ ᠮᠥᠴᠢᠷ ︵ᠬᠠᠤᠯᠢ | ᠴᠠᠭᠠᠵᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠨᠢ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ᠴᠣᠩᠬᠤ | ᠭᠠᠷᠭᠠᠵᠤ ᠲᠣᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ ᠠᠵᠢᠯ ᠢ ᠬᠦᠢᠴᠡᠳᠭᠡᠨ᠎ᠡ᠃ | ︵ᠳᠣᠯᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠴᠣᠩᠬᠤᠨ ᠳᠤ ᠡᠭᠦᠯᠡᠨ ᠰᠢᠷᠡᠭᠡᠨ | ᠨᠢᠭᠤᠷ ᠤᠨ ᠺᠣᠮᠫᠢᠦ᠋ᠲ᠋ᠧᠷ ᠢ ᠬᠡᠷᠡᠭᠯᠡᠵᠦ᠂ ᠣᠨᠴᠠ ᠵᠠᠷᠢᠮ ᠨᠢᠭᠡᠴᠡ ᠶᠢᠨ ᠬᠡᠷᠡᠭᠯᠡᠵᠦ ᠪᠠᠶᠢᠭ᠎ᠠ ᠲᠤᠰᠬᠠᠶ ᠰᠦᠯᠵᠢᠶ᠎ᠡ ᠶᠢ | ᠡᠭᠦᠯᠡᠨ ᠰᠢᠷᠡᠭᠡᠨ ᠨᠢᠭᠤᠷ ᠲᠠᠢ ᠵᠣᠯᠭᠠᠭᠤᠯᠵᠤ ᠳᠡᠶᠢᠯᠬᠦ ᠥᠬᠡᠶ ᠠᠴᠠ ᠪᠣᠯᠵᠣ᠂ ᠲᠡᠭᠦᠨ ᠤ ᠴᠣᠩᠬᠤᠨ ᠤ ᠠᠵᠢᠯᠲᠠᠨ ᠤ | ᠺᠣᠮᠫᠢᠦ᠋ᠲ᠋ᠧᠷ ᠵᠢᠴᠢ ᠡᠯ᠎ᠡ ᠣᠷᠣᠵᠤ ᠰᠠᠭᠤᠭᠰᠠᠨ ᠨᠢᠭᠡᠴᠡ ᠶᠢᠨ ᠠᠷᠤ ᠲᠠᠪᠴᠠᠩ ︵ᠺᠠᠷᠲ ᠤᠨ ᠥᠷᠥᠭᠡ︶ ᠤᠨ | ᠺᠣᠮᠫᠢᠦ᠋ᠲ᠋ᠧᠷ ᠢ ᠤᠤᠯ ᠤᠨ ᠨᠢᠭᠡᠴᠡ ᠠᠴᠠ ᠬᠠᠩᠭᠠᠨ᠎ᠠ᠃ | ︵ᠨᠠᠢᠮᠠ︶ ᠲᠤᠰᠬᠠᠶ ᠰᠦᠯᠵᠢᠶᠡᠨ ᠤ ᠨᠢᠭᠡᠴᠡ ᠳᠤ ᠬᠤᠯᠪᠣᠭᠳᠠᠭᠰᠠᠨ ᠲᠢᠩᠬᠢᠮ ᠳᠤ ᠣᠷᠣᠭᠤᠯᠬᠤ | ᠨᠢᠭᠡᠴᠡ ᠶᠢᠨ ᠰᠦᠯᠵᠢᠶᠡᠨ ᠤ ᠵᠠᠷᠤᠳᠠᠯ ᠢ ᠤᠤᠯ ᠤᠨ ᠨᠢᠭᠡᠴᠡ ᠠᠴᠠ ᠡᠭᠦᠷᠭᠡᠯᠡᠨ᠎ᠡ᠃ | ︵ᠶᠢᠰᠦ︶ ᠶᠡᠭᠡ ᠲᠢᠩᠬᠢᠮ ᠤᠨ ᠠᠯᠪᠠᠨ ᠰᠢᠷᠡᠭᠡ ᠰᠠᠨᠳᠠᠯᠢ ᠶᠢ ᠬᠤᠰᠢᠭᠤᠨ ᠵᠠᠰᠠᠭ ᠤᠨ ᠣᠷᠳᠣᠨ ᠠᠴᠠ | ᠨᠢᠭᠡᠳᠦᠯᠲᠡᠶ ᠳᠣᠭᠢᠷᠠᠭᠤᠯᠵᠤ᠂ ᠠᠯᠪᠠᠨ ᠠᠵᠢᠯ ᠤᠨ ᠲᠥᠬᠦᠭᠡᠷᠦᠮᠵᠢ ᠶᠢ ᠣᠷᠣᠵᠤ ᠰᠠᠭᠤᠬᠤ ᠨᠢᠭᠡᠴᠡ ᠠᠴᠠ | ᠥᠪᠡᠰᠦᠪᠡᠨ ᠳᠣᠭᠢᠷᠠᠭᠤᠯᠤᠨ᠎ᠠ᠃ ᠣᠷᠣᠵᠤ ᠰᠠᠭᠤᠬᠤ ᠨᠢᠭᠡᠴᠡ ᠨᠢᠭᠡᠪᠦᠷᠢ ᠶᠡᠭᠡ ᠲᠢᠩᠬᠢᠮ ᠳᠤ ᠠᠳᠠᠭ ᠲᠠᠭᠠᠨ ᠨᠢᠭᠡ | ᠳ᠋ᠢᠶᠠᠩᠬᠤᠸᠠ ᠤᠭᠰᠠᠷᠠᠵᠤ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠳᠤ ᠬᠡᠷᠡᠭᠯᠡᠬᠦ ᠶᠢᠨ ᠬᠠᠮᠲᠤ ︽ᠨᠢᠭᠡ | ᠤᠳᠠᠭ᠎ᠠ ᠶᠢᠨ ᠴᠢᠨᠠᠷᠲᠠᠶ ᠮᠡᠳᠡᠭᠳᠡᠬᠦ ᠬᠠᠭᠤᠳᠠᠰᠤ︾ ᠳᠤ ᠢᠯᠡ ᠪᠠᠷ ᠨᠡᠶᠢᠲᠡᠯᠡᠵᠦ᠂ ᠵᠠᠷᠤᠳᠠᠯ ᠢ ᠣᠷᠣᠵᠤ ᠰᠠᠭᠤᠬᠤ | ᠨᠢᠭᠡᠴᠡ ᠠᠴᠠ ᠡᠭᠦᠷᠭᠡᠯᠡᠨ᠎ᠡ᠃ | ︵ᠠᠷᠪᠠ︶ ᠡᠯ᠎ᠡ ᠲᠢᠩᠬᠢᠮ ᠳᠤ ᠣᠷᠣᠬᠤ ᠨᠢᠭᠡᠴᠡ ᠨᠢ ᠨᠢᠭᠡ ᠤᠳᠤᠷᠢᠳᠤᠯᠭ᠎ᠠ ᠵᠢᠭᠠᠨ ᠲᠣᠭᠲᠠᠭᠠᠵᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠯᠤᠭ᠎ᠠ ᠲᠢᠩᠬᠢᠮ ᠳᠤ ᠣᠷᠣᠬᠤ ᠶᠢ ᠵᠣᠯᠭᠠᠭᠤᠯᠬᠤ ᠠᠵᠢᠯ ᠢ | ᠰᠠᠶᠢᠲᠤᠷ ᠬᠢᠨ᠎ᠠ᠂ ᠬᠠᠷᠢᠯᠴᠠᠬᠤ ᠬᠥᠮᠦᠨ᠄ ᠲᠠᠩ ᠵᠧᠩ ᠠᠨ ︵ᠬᠤᠰᠢᠭᠤᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ ᠶᠢᠨ ᠳᠡᠳ᠋ ᠳᠠᠷᠤᠭ᠎ᠠ︶᠂ ᠬᠠᠷᠢᠯᠴᠠᠬᠤ ᠤᠲᠠᠰᠤ᠄ 13654825678᠃ | ︵ᠠᠷᠪᠠᠨ ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠨᠢ ᠲᠢᠩᠬᠢᠮ ᠳᠤ ᠣᠷᠣᠭᠰᠠᠳ ᠲᠤ | ᠪᠣᠯᠪᠠᠰᠤᠨ ᠶᠣᠰᠣ ᠵᠢᠷᠤᠮ᠂ ᠬᠠᠮᠢᠶᠠᠷᠤᠯᠲᠠ ᠶᠢᠨ ᠲᠦᠷᠢᠮ ᠵᠡᠷᠭᠡ ᠲᠠᠯ᠎ᠠ ᠶᠢᠨ ᠪᠣᠯᠪᠠᠰᠤᠷᠠᠭᠤᠯᠤᠯ ᠢ ᠴᠠᠭ ᠲᠤᠨᠢ | ᠳᠣᠭᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠳᠥᠷᠪᠡ᠂ ᠣᠷᠣᠵᠤ ᠰᠠᠭᠤᠬᠤ ᠴᠠᠭ ᠤᠨ ᠲᠣᠬᠢᠷᠠᠭᠤᠯᠤᠯᠲᠠ | ︵ᠨᠢᠭᠡ︶ ᠪᠡᠯᠡᠳᠬᠡᠬᠦ ᠱᠠᠳᠤ ᠦᠶ᠎ᠡ | 1. ᠡᠯ᠎ᠡ ᠣᠷᠣᠵᠤ ᠰᠠᠭᠤᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠦᠶ᠋ᠯᠡᠰ ᠤᠨ ᠨᠠᠷᠢᠨ | ᠬᠠᠭᠤᠳᠠᠰᠤ ᠲᠠᠢ ᠬᠠᠷᠢᠴᠠᠭᠤᠯᠵᠤ᠂ ︽ᠣᠷᠣᠭᠤᠯᠬᠤ ᠶᠣᠰᠣᠲᠠᠶ ᠨᠢ ᠵᠠᠪᠠᠯ ᠣᠷᠣᠭᠤᠯᠬᠤ︾ ᠶᠢ ᠪᠡᠶᠡᠯᠡᠭᠦᠯᠦᠭᠰᠡᠨ | ᠤᠷᠢᠲᠠᠯ ᠳᠣᠤᠷ᠎ᠠ᠂ ᠣᠷᠣᠵᠤ ᠰᠠᠭᠤᠬᠤ ᠨᠥᠬᠦᠴᠡᠯ ᠪᠤᠶᠤ ᠱᠠᠭᠠᠷᠳᠠᠯᠭ᠎ᠠ ᠪᠠᠨ ᠳᠤᠷᠠᠳᠬᠤ ᠶᠢᠨ ᠬᠠᠮᠲᠤ | ᠳᠠᠭᠠᠯᠳᠤᠭᠤᠯᠤᠯ 1 ᠬᠦᠰᠦᠨᠦᠭᠲᠦ ᠶᠢ ᠲᠠᠭᠯᠠᠨ ᠮᠡᠳᠡᠭᠦᠯᠵᠦ ᠪᠣᠯᠤᠨ᠎ᠠ᠃ | 2. ᠣᠷᠣᠵᠤ ᠰᠠᠭᠤᠬᠤ ᠬᠥᠮᠦᠰ ᠢᠶᠠᠨ ᠳᠡᠭᠡᠭᠰᠢ ᠮᠡᠳᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠶ᠋ᠯᠡᠰ ᠤᠨ ᠡᠷᠬᠡ ᠣᠯᠭᠤᠬᠤ ᠪᠢᠴᠢᠭ ᠲᠤ ᠭᠠᠷ ᠤᠨ ᠥᠰᠥᠭ ᠵᠢᠷᠤᠨ᠎ᠠ᠃ ᠣᠷᠣᠵᠤ ᠰᠠᠭᠤᠬᠤ ᠨᠢᠭᠡᠴᠡ ᠨᠢ | ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠴᠣᠩᠬᠤᠨ ᠤ ᠬᠠᠷᠢᠭᠤᠴᠠᠯᠭᠠᠲᠠᠨ ᠵᠢᠴᠢ ᠣᠷᠣᠵᠤ ᠰᠠᠭᠤᠬᠤ | ᠬᠥᠮᠦᠰ ᠵᠢᠴᠢ ᠴᠣᠩᠬᠤᠨ ᠤ ᠲᠤᠬᠠᠶᠢᠯᠠᠭᠰᠠᠨ ᠠᠵᠢᠯ ᠢ ᠲᠣᠳᠣᠷᠬᠠᠶᠢᠯᠠᠵᠤ᠂ ᠳᠠᠭᠠᠯᠳᠤᠭᠤᠯᠤᠯ 2᠂ 3᠂ 4᠂ 5 | ᠬᠦᠰᠦᠨᠦᠭᠲᠦ ᠶᠢ ᠲᠠᠭᠯᠠᠨ ᠮᠡᠳᠡᠭᠦᠯᠬᠦ ᠶᠢᠨ ᠬᠠᠮᠲᠤ᠂ 2021 ᠣᠨ ᠤ 2 ᠳ᠋ᠤᠭᠠᠷ ᠰᠠᠷ᠎ᠠ ᠶᠢᠨ 5 ᠤ ᠡᠳᠦᠷ ᠠᠴᠠ | ᠡᠮᠦᠨ᠎ᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠢ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ ᠳᠠᠩᠰᠠᠯᠠᠭᠤᠯᠬᠤ | ᠬᠡᠷᠡᠭᠲᠡᠶ ︵ᠡᠯᠧᠺᠲᠷᠣᠨ ᠬᠡᠪᠯᠡᠯ ᠢ ᠮᠡᠳᠡᠭᠦᠯᠦᠨ ᠬᠦᠷᠭᠡᠬᠦ ᠰᠢᠤᠳᠠᠨ ᠤ ᠬᠠᠶᠢᠷᠴᠠᠭ kyzqspzx@126. | com︶᠃ | ︵ᠬᠤᠶᠠᠷ︶ ᠣᠷᠣᠵᠤ ᠰᠠᠭᠤᠬᠤ ᠱᠠᠲᠤ ᠦᠶ᠎ᠡ | ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠵᠣᠬᠢᠶᠠᠨ | ᠪᠠᠶᠢᠭᠤᠯᠤᠯᠲᠠ ᠶᠢᠨ ᠲᠣᠬᠢᠷᠠᠭᠤᠯᠭ᠎ᠠ ᠳᠣᠤᠷ᠎ᠠ᠂ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ︵ᠬᠡᠪ ᠤᠨ | ᠠᠵᠢᠯᠯᠠᠬᠤ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ ᠪᠠᠰᠠ ᠠᠵᠢᠯ ᠤᠨ ᠡᠳᠦᠷ ᠲᠤ ᠣᠷᠣᠵᠤ ᠰᠠᠭᠤᠭᠰᠠᠨ ᠴᠤ | ᠪᠣᠯᠤᠨ᠎ᠠ︶ ᠢ ᠠᠰᠢᠭᠯᠠᠨ ᠡᠮᠬᠢ ᠵᠢᠷᠤᠮ ᠲᠠᠢ ᠪᠠᠷ ᠣᠷᠣᠵᠤ ᠰᠠᠭᠤᠬᠤ ᠶᠢᠨ ᠬᠠᠮᠲᠤ ᠭᠠᠳᠠᠭᠰᠢ ᠪᠠᠨ ᠲᠤᠬᠠᠶᠢᠯᠠᠭᠰᠠᠨ | ᠠᠵᠢᠯ ᠢᠶᠠᠨ ᠵᠢᠩᠬᠢᠨᠢ ᠪᠠᠷ ᠬᠦᠢᠴᠡᠳᠭᠡᠨ᠎ᠡ᠃ | 2021 ᠣᠨ ᠤ ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠨᠢᠭᠡᠳᠦᠭᠡᠷ ᠪᠦᠯᠦᠭ ᠤᠨ ᠲᠢᠩᠬᠢᠮ ᠳᠤ | ᠣᠷᠣᠬᠤ ᠨᠢᠭᠡᠴᠡ᠄ ᠤᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠣᠷᠣᠵᠤ ᠰᠠᠭᠤᠭᠰᠠᠨ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠪᠠᠭᠲᠠᠨ᠎ᠠ︶ | ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃ ᠲᠠᠷᠠᠭᠠᠴᠢ ᠶᠢᠨ ᠲᠢᠩᠬᠢᠮ ᠳᠤ | ᠣᠷᠣᠬᠤ ᠨᠢᠭᠡᠴᠡ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢᠶᠠᠷ ᠢᠶᠠᠨ | ᠲᠢᠩᠬᠢᠮ ᠳᠤ ᠣᠷᠣᠵᠤ᠂ ᠣᠷᠣᠵᠤ ᠰᠠᠭᠤᠬᠤ ᠴᠠᠭ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠠᠴᠠ | ᠬᠠᠷᠢᠭᠤᠴᠠᠨ ᠮᠡᠳᠡᠭᠳᠡᠵᠦ᠂ ᠡᠯ᠎ᠡ ᠬᠠᠮᠢᠶ᠎ᠠ ᠪᠥᠬᠦᠶ ᠨᠢᠭᠡᠴᠡ ᠡᠯ᠎ᠡ ᠵᠦᠶ᠋ᠯ ᠤᠨ ᠲᠢᠩᠬᠢᠮ ᠳᠤ ᠣᠷᠣᠬᠤ ᠪᠡᠯᠡᠳᠬᠡᠯ ᠢ | ᠰᠠᠶᠢᠲᠤᠷ ᠬᠢᠨ᠎ᠠ᠃ | ︵ᠭᠤᠷᠪᠠ︶ ᠰᠢᠯᠭᠠᠨ ᠠᠪᠬᠤ ᠱᠠᠳᠤ ᠦᠶ᠎ᠡ | ᠵᠠᠰᠠᠭ ᠵᠠᠬᠢᠷᠭᠠᠨ ᠤ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ ᠡᠯ᠎ᠡ ᠰᠠᠯᠠᠭ᠎ᠠ ᠮᠥᠴᠢᠷ ᠤᠨ ︽ᠭᠤᠷᠪᠠ ᠶᠢ ᠲᠥᠪᠯᠡᠷᠡᠭᠦᠯᠬᠦ᠂ | ᠭᠤᠷᠪᠠ ᠶᠢ ᠪᠣᠳᠠᠲᠠᠶᠢᠵᠢᠭᠤᠯᠬᠤ︾ ᠶᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠰᠢᠮᠳᠠᠭᠤᠯᠤᠨ | ᠪᠠᠶᠢᠴᠠᠭᠠᠵᠤ ᠰᠢᠯᠭᠠᠨ ᠬᠤᠷᠢᠶᠠᠵᠤ᠂ ᠱᠠᠭᠠᠷᠳᠠᠯᠭ᠎ᠠ ᠶᠣᠰᠣᠭᠠᠷ ᠲᠢᠩᠬᠢᠮ ᠳᠤ ᠥᠯᠥ ᠤᠷᠤᠭᠰᠠᠨ ᠰᠠᠯᠠᠭ᠎ᠠ ᠮᠥᠴᠢᠷ ᠢ | ᠮᠡᠳᠡᠭᠡᠯᠡᠬᠦ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠠᠵᠢᠯ | ᠶᠠᠪᠤᠳᠠᠯ ᠰᠢᠢᠳᠪᠦᠷᠢᠯᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠲᠦᠯᠬᠢᠨ ᠠᠬᠢᠭᠤᠯᠬᠤ ᠪᠣᠯ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠬᠤ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠦᠵᠡᠯ | ᠰᠠᠨᠠᠭ᠎ᠠ ᠲᠠᠨᠢᠯᠲᠠ ᠪᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠭᠡᠷ᠎ᠡ ᠨᠢᠭᠡᠳᠬᠡᠵᠦ᠂ ᠰᠠᠯᠠᠭ᠎ᠠ ᠮᠥᠴᠢᠷ ᠤᠨ ᠠᠰᠢᠭ ᠲᠤᠰᠠ ᠶᠢ ᠪᠥᠬᠦ ᠲᠠᠯ᠎ᠠ ᠶᠢᠨ ᠠᠰᠢᠭ | ᠲᠤᠰᠠ ᠳᠤ ᠳᠠᠭᠠᠭᠤᠯᠬᠤ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠢ ᠥᠯᠥ ᠬᠠᠶᠢᠬᠤᠷᠤᠨ᠂ ᠨᠥᠬᠦᠴᠡᠯ ᠢ ᠥᠯᠥ | ᠬᠡᠯᠡᠯᠴᠡᠵᠦ᠂ ᠣᠷᠣᠵᠤ ᠰᠠᠭᠤᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠪᠣᠯ ᠣᠷᠣᠵᠤ ᠰᠠᠭᠤᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠣᠷᠣᠵᠤ ᠰᠠᠭᠤᠬᠤ | ᠠᠵᠢᠯ ᠢ ᠦᠨᠡᠨᠬᠦ ᠡᠳᠦᠷ ᠲᠤᠲᠤᠮ ᠤᠨ ᠵᠥᠪᠯᠡᠬᠦ ᠵᠦᠶ᠋ᠯ ᠳᠡᠭᠡᠨ ᠣᠷᠣᠭᠤᠯᠬᠤ ᠬᠡᠷᠡᠭᠲᠡᠶ᠃ ᠳᠡᠭᠡᠷ᠎ᠡ ᠳᠤᠷᠠᠳᠤᠭᠰᠠᠨ | ᠣᠷᠣᠵᠤ ᠰᠠᠭᠤᠬᠤ ᠵᠠᠷᠴᠢᠮ ᠪᠠ ᠱᠠᠭᠠᠷᠳᠠᠯᠭ᠎ᠠ ᠶᠣᠰᠣᠭᠠᠷ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ | ᠂ ᠨᠢᠭᠡ ᠥᠷᠲᠡᠭᠡᠨ ᠤ ᠮᠠᠶ᠋ᠢᠭ ᠢᠶᠠᠷ ᠭᠦᠶ᠋ᠴᠡᠳᠬᠡᠵᠦ ᠳᠠᠭᠤᠰᠬᠠᠬᠤ︾ ᠳᠤ ᠳᠣᠭᠢᠷᠠᠬᠤ ᠵᠠᠮ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠰᠠᠯᠠᠭ᠎ᠠ ᠮᠥᠴᠢᠷ ᠤᠨ ᠤᠤᠯ ᠤᠨ ᠪᠠᠶᠢᠭᠰᠠᠨ ᠠᠵᠢᠯᠯᠠᠬᠤ ᠲᠠᠰ ᠳᠠᠷᠠᠭᠠᠯᠠᠯ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | | ︵ᠭᠤᠷᠪᠠ︶ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ᠃ ︽ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ | ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠨᠠᠯ︾ | ︵2021 ᠣᠨ ᠤ 1 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠪᠠ ᠵᠠᠰᠠᠭ ᠵᠠᠬᠢᠷᠭᠠᠨ ᠤ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠲᠠᠢ ᠬᠠᠮᠲᠤᠷᠠᠨ᠂ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠣᠷᠣᠵᠤ ᠰᠠᠭᠤᠬᠤ ᠠᠵᠢᠯ ᠢ ᠳᠡᠮᠵᠢᠬᠦ ᠥᠬᠡᠶ᠂ ᠬᠠᠮᠵᠢᠯᠴᠠᠬᠤ ᠥᠬᠡᠶ | ᠪᠤᠶᠤ ᠠᠯᠪᠠ ᠬᠠᠰᠢᠵᠤ ᠠᠮᠠ ᠪᠥᠭᠯᠡᠬᠦ᠂ ᠠᠵᠢᠯ ᠤᠨ ᠠᠬᠢᠴᠠ ᠨᠢ ᠤᠳᠠᠭᠠᠨ ᠪᠠᠶᠢᠭ᠎ᠠ ᠰᠠᠯᠠᠭ᠎ᠠ ᠮᠥᠴᠢᠷ ᠢ ᠵᠠᠷᠯᠠᠨ | ᠰᠢᠭᠦᠮᠵᠢᠯᠡᠬᠦ ᠬᠡᠷᠡᠭᠲᠡᠶ︔ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠣᠷᠣᠵᠤ ᠰᠠᠭᠤᠬᠤ ᠶᠢ ᠲᠡᠪᠴᠢᠭᠰᠡᠨ ᠰᠠᠯᠠᠭ᠎ᠠ | ᠮᠥᠴᠢᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ |