ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2021﹈ 16 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ | ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2021 ᠣᠨ ᠤ ᠡᠨᠧᠷᠭᠢ ᠶᠢᠨ ᠬᠤᠷᠣᠭᠳᠠᠯ ᠤᠨ | ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | | | | 2021 ᠣᠨ ᠤ 3 ᠰᠠᠷ᠎ᠠ ᠶᠢᠨ 10 ᠤ ᠡᠳᠦᠷ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2021 ᠣᠨ ᠤ ᠡᠨᠧᠷᠭᠢ ᠶᠢᠨ ᠬᠤᠷᠣᠭᠳᠠᠯ ᠤᠨ | ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ | | ᠨᠢᠭᠡ᠂ ᠶᠡᠷᠦᠩᠬᠡᠶ ᠳᠦᠷᠢᠮ | ︵ᠨᠢᠭᠡ︶ ᠣᠷᠣᠨ ᠲᠣᠭᠠᠨ ᠤ ᠵᠣᠷᠢᠯᠭ᠎ᠠ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ ᠬᠤᠷᠣᠭᠳᠠᠭᠤᠯᠤᠯ ᠤᠨ ᠬᠤᠤᠰ | ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ | ᠮᠥᠴᠢᠷ ᠤᠨ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠣᠨ ᠤ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠬᠠᠷᠠᠯᠳᠠ ᠡᠬᠦᠷᠭᠡ ᠶᠢ | ᠪᠡᠶᠡᠯᠡᠬᠦᠯᠬᠦ ᠶᠢ ᠪᠠᠳᠤᠯᠠᠨ᠎ᠠ᠃ | ︵ᠬᠤᠶᠠᠷ︶ ᠣᠷᠣᠨ ᠲᠣᠭᠠᠨ ᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ | ᠬᠠᠤᠯᠢ﹀ ᠶᠢ ᠬᠡᠷᠡᠭᠵᠢᠭᠦᠯᠬᠦ ᠠᠷᠭ᠎ᠠ︾ ︽ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ | ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ︽ | ᠬᠢᠩᠭᠠᠨ ᠠᠶᠢᠮᠠᠭ ᠤᠨ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ | ᠲᠥᠰᠦᠯ ︵2021 ᠣᠨ ᠤ ᠬᠡᠪᠯᠡᠯ︶︾ ︽ᠬᠤᠰᠢᠭᠤ ᠰᠢᠶᠠᠨ ᠬᠤᠲᠠ ᠶᠢᠨ 2021 ᠣᠨ ᠤ ᠡᠨᠧᠷᠭᠢ ᠶᠢᠨ | ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠶᠠᠷ ᠢ ᠡᠵᠡᠮᠳᠡᠬᠦ ᠬᠠᠷᠠᠯᠲᠠ ᠶᠢ ᠪᠠᠭᠤᠯᠭᠠᠬᠤ | ᠲᠤᠬᠠᠶ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠳᠤ ᠲᠣᠰ ᠲᠥᠰᠦᠯ ᠢ ᠲᠣᠭᠲᠠᠭᠠᠪᠠ᠃ | ︵ᠭᠤᠷᠪᠠ︶ ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ | ᠬᠤᠷᠣᠭᠳᠠᠭᠤᠯᠤᠯ ᠤᠨ ᠬᠤᠤᠰ ᠡᠵᠡᠮᠳᠡᠯ ᠤᠨ ᠣᠨ ᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠪᠠᠴᠢᠮ | ᠪᠠᠶᠢᠳᠠᠯ ᠢ ᠠᠷᠭᠠᠴᠠᠬᠤ ᠠᠵᠢᠯ ᠳᠤ ᠬᠡᠷᠡᠭᠯᠡᠵᠦ᠂ ᠡᠰᠡᠷᠭᠦᠴᠡᠰᠢ ᠥᠬᠡᠶ ᠬᠦᠴᠦᠨ ᠠᠴᠠ ᠪᠣᠯᠵᠣ ᠬᠤᠤᠰ ᠡᠵᠡᠮᠳᠡᠯ ᠤᠨ | ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠥᠬᠡᠶ ᠪᠠᠶᠢᠪᠠᠯ᠂ ᠲᠣᠰ ᠪᠡᠯᠡᠳᠬᠡᠯ ᠲᠥᠰᠦᠯ ᠤᠨ ᠬᠡᠪᠴᠢᠶᠡᠨ ᠳᠤ | ᠣᠷᠣᠭᠤᠯᠬᠤ ᠥᠬᠡᠶ᠃ | ︵ᠲᠥᠷᠪᠡ︶ ᠪᠡᠯᠡᠳᠬᠡᠯ ᠲᠥᠰᠦᠯ ᠤᠨ ᠰᠢᠰᠲ᠋ᠧᠮᠵᠢ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠪᠣᠯ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠤᠨ | ᠪᠦᠷᠢᠯᠳᠦᠬᠦᠨ ᠬᠡᠰᠡᠭ ᠮᠥᠨ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠦᠨᠳᠦᠰᠦᠯᠡᠨ᠂ ᠬᠤᠰᠢᠭᠤᠨ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠤᠰᠬᠠᠶ ᠬᠡᠷᠡᠭᠵᠢᠭᠦᠯᠬᠦ ᠲᠥᠰᠦᠯ᠂ ᠠᠵᠤ | ᠠᠬᠤᠶᠢᠯᠠᠯ ᠤᠨ ︽ᠨᠢᠭᠡ ᠦᠢᠯᠡᠳᠪᠦᠷᠢ ︵ᠠᠵᠤ ᠠᠬᠤᠶᠢᠯᠠᠯ︶ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ | ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠲᠥᠰᠦᠯ ᠢ ᠲᠣᠭᠲᠠᠭᠠᠨ᠎ᠠ᠃ | ︵ᠲᠠᠪᠤ︶ ᠠᠵᠢᠯ ᠤᠨ ᠵᠠᠷᠴᠢᠮ | ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠳᠠᠭᠠᠬᠤ ᠬᠡᠷᠡᠭᠲᠡᠶ᠃ | ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠥᠷᠥᠯ ᠤᠨ ᠡᠨᠧᠷᠭᠢ ᠬᠡᠷᠡᠭᠯᠡᠬᠦ᠂ | ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠨᠢᠭᠡᠴᠡ ᠶᠢᠨ ᠡᠨᠧᠷᠭᠢ ᠬᠡᠷᠡᠭᠯᠡᠬᠦ᠂ ᠴᠢᠬᠤᠯᠠ ᠶᠡᠭᠡ | ᠠᠰᠢᠭᠯᠠᠯᠲᠠ ᠳᠤ ᠣᠷᠣᠭᠤᠯᠤᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠤᠨ ᠡᠨᠧᠷᠭᠢ | ᠬᠡᠷᠡᠭᠯᠡᠬᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠪᠠ GDP ᠶᠢᠨ ᠨᠡᠮᠡᠭᠳᠡᠯ ᠤᠨ ᠬᠤᠷᠳᠤᠴᠠ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ ᠴᠢᠩᠭᠠᠳᠬᠠᠵᠤ᠂ ᠪᠥᠬᠦ ᠨᠡᠶᠢᠭᠡᠮ ᠤᠨ | ᠡᠨᠧᠷᠭᠢ ᠶᠢᠨ ᠬᠤᠷᠣᠭᠳᠠᠭᠤᠯᠤᠯ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠤᠨ ᠬᠤᠪᠢᠷᠠᠯᠲᠠ ᠶᠢᠨ | ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ | ᠡᠵᠡᠮᠳᠡᠯ ᠤᠨ ᠬᠠᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠨ ᠰᠤᠳᠤᠯᠤᠨ | ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠂ ᠰᠢᠮᠳᠠᠭᠤᠯᠤᠨ ᠪᠠᠶᠢᠴᠠᠭᠠᠵᠤ ᠳᠣᠭᠢᠷᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ | ᠪᠠᠶᠢᠳᠠᠯ ᠢ ᠢᠳᠡᠪᠬᠢᠲᠡᠶ ᠪᠥᠭᠡᠳ ᠪᠦᠲᠦᠮᠵᠢᠲᠡᠶ ᠠᠷᠭᠠᠴᠠᠨ᠎ᠠ᠃ | ᠨᠠᠷᠢᠯᠢᠭ ᠬᠠᠮᠢᠶᠠᠷᠤᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠡᠨᠧᠷᠭᠢ ᠠᠷᠪᠢᠯᠠᠨ᠎ᠠ᠃ ︽ᠡᠨᠧᠷᠭᠢ ᠶᠢᠨ | ᠬᠤᠷᠣᠭᠳᠠᠯ ᠢ ᠢᠯᠡᠭᠦᠤ ᠬᠢᠵᠠᠭᠠᠷᠯᠠᠨ᠂ ᠡᠨᠧᠷᠭᠢ ᠶᠢᠨ ᠬᠤᠷᠣᠭᠳᠠᠯ ᠢ ᠪᠠᠭ᠎ᠠ ᠬᠢᠵᠠᠭᠠᠷᠯᠠᠨ︾ ᠢ ᠪᠠᠷᠢᠮᠲᠠᠯᠠᠵᠤ᠂ | ᠵᠥᠷᠢᠶᠡᠲᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ︽ᠨᠢᠭᠡ | ᠦᠢᠯᠡᠳᠪᠦᠷᠢ ︵ᠠᠵᠤ ᠠᠬᠤᠶᠢᠯᠠᠯ︶ ᠳᠤ ᠨᠢᠭᠡ ᠲᠥᠷᠥ ᠶᠢᠨ ᠪᠣᠳᠣᠯᠭ᠎ᠠ︾ ᠶᠢᠨ ᠬᠡᠷᠡᠭᠵᠢᠭᠦᠯᠬᠦ ᠲᠥᠰᠦᠯ ᠢ | ᠨᠠᠷᠢᠯᠢᠬᠵᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠠᠳᠠᠯᠢ ᠨᠢᠭᠡᠨ ᠣᠷᠣᠨ ᠪᠦᠰᠡ᠂ ᠠᠳᠠᠯᠢ ᠨᠢᠭᠡᠨ ᠠᠵᠢᠯ ᠲᠥᠷᠥᠯ ᠤᠨ ᠳᠣᠲᠣᠷᠠᠬᠢ ᠠᠳᠠᠯᠢ | ᠠᠵᠢᠯ ᠤᠨ ᠦᠷ᠎ᠡ ᠪᠦᠲᠦᠮᠵᠢ ᠶᠢᠨ ᠬᠢᠷᠢ ᠬᠡᠮᠵᠢᠶ᠎ᠡ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠠᠷᠭ᠎ᠠ | ᠬᠡᠮᠵᠢᠶ᠎ᠡ ᠶᠢᠨ ᠬᠠᠷᠢᠴᠠᠩᠭᠤᠶ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠵᠤ᠂ ᠡᠨᠧᠷᠭᠢ ᠠᠷᠪᠢᠯᠠᠬᠤ ᠠᠷᠭ᠎ᠠ | ᠬᠡᠮᠵᠢᠶ᠎ᠡ ᠶᠢᠨ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ︾ ᠶᠢ | ᠪᠡᠶᠡᠯᠡᠭᠦᠯᠦᠨ᠎ᠡ᠃ | ᠬᠠᠷᠢᠶ᠎ᠠ ᠭᠠᠵᠠᠷ ᠨᠢ ᠬᠠᠷᠢᠭᠤᠴᠠᠵᠤ᠂ ᠰᠠᠯᠠᠭ᠎ᠠ ᠮᠥᠴᠢᠷ ᠨᠢ ᠬᠠᠮᠲᠤᠷᠠᠨ ᠬᠥᠳᠡᠯᠦᠯᠴᠡᠨ᠎ᠡ᠃ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠦᠬᠦ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠶ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠠᠵᠢᠯ ᠲᠥᠷᠥᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰ ᠬᠦᠷᠢᠶᠡᠨ ᠳᠠᠬᠢ ᠡᠨᠧᠷᠭᠢ ᠶᠢᠨ | ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠨ᠂ ᠡᠯ᠎ᠡ | ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠯᠴᠡᠳᠭᠡᠵᠤ᠂ ᠨᠢᠭᠲᠠ ᠬᠠᠮᠵᠢᠯᠴᠠᠨ | ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ | ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠬᠡᠮᠵᠢᠬᠦ᠂ ᠰᠡᠷᠡᠮᠵᠢᠯᠡᠭᠦᠯᠬᠦ᠂ | ᠳᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠠᠭ ᠲᠤᠬᠠᠶ ᠳᠤᠨᠢ ᠡᠮᠬᠢ ᠵᠢᠷᠤᠮ ᠲᠠᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠤᠰ | ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠥᠬᠦ ᠬᠤᠰᠢᠭᠤᠨ ᠤ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠶ | ᠤᠳᠤᠷᠢᠳᠤᠨ ᠵᠢᠯᠣᠭᠤᠳᠤᠨ᠎ᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ | ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠰᠢᠭᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠤ ᠨᠡᠷᠡᠰ ᠪᠠ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠡᠭᠦᠷᠭᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠠᠷᠤ ᠳᠤ ᠳᠠᠭᠠᠯᠳᠤᠭᠤᠯᠪᠠ︶ ᠳᠤ ᠲᠣᠬᠢᠷᠠᠭᠤᠯᠤᠨ᠎ᠠ᠃ | ᠭᠤᠷᠪᠠ᠂ ᠬᠢᠨᠠᠨ ᠬᠡᠮᠵᠢᠬᠦ ᠪᠠ ᠰᠡᠷᠡᠮᠵᠢᠯᠡᠭᠦᠯᠬᠦ | ︵ᠨᠢᠭᠡ︶ ᠬᠢᠨᠠᠨ ᠬᠡᠮᠵᠢᠬᠦ | ᠨᠢᠭᠡ ᠳᠤ᠂ ᠲᠣᠬᠢᠷᠠᠭᠤᠯᠵᠤ ᠬᠢᠨᠠᠨ ᠬᠡᠮᠵᠢᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠬᠤᠰᠢᠭᠤᠨ ᠤ ᠠᠵᠤ ᠦᠶ᠋ᠯᠡᠳᠪᠦᠷᠢᠵᠢᠯᠲᠡ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ ᠶᠢ ᠵᠣᠬᠢᠶᠠᠨ ᠪᠠᠶᠢᠭᠤᠯᠵᠤ᠂ | ᠰᠠᠷ᠎ᠠ ᠪᠠᠷ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠡᠨᠧᠷᠭᠢ ᠶᠢᠨ | ᠬᠤᠷᠣᠭᠳᠠᠯ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ᠂ ᠤᠯᠠᠷᠢᠯ ᠢᠶᠠᠷ ᠪᠥᠬᠦ ᠬᠤᠰᠢᠭᠤᠨ ᠤ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ | ᠪᠠᠶᠢᠳᠠᠯ ᠳᠤ ᠬᠢᠨᠠᠨ ᠬᠡᠮᠵᠢᠯᠲᠡ ᠬᠢᠵᠦ᠂ ᠤᠷᠢᠳᠴᠢᠯᠠᠨ ᠰᠡᠷᠡᠮᠵᠢᠯᠡᠭᠦᠯᠵᠦ ᠳᠠᠭᠠᠬᠤ ᠳᠤ ᠰᠢᠢᠳᠪᠦᠷᠢᠲᠦ | ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ | ᠬᠤᠶᠠᠷ ᠲᠤ᠂ ᠵᠥᠪᠳᠡᠯᠴᠡᠵᠦ ᠪᠠᠶᠢᠭᠠᠳ ᠰᠤᠳᠤᠯᠤᠨ ᠮᠠᠭᠠᠳᠯᠠᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠬᠤᠰᠢᠭᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ ᠶᠢ ᠵᠣᠬᠢᠶᠠᠨ | ᠪᠠᠶᠢᠭᠤᠯᠵᠤ᠂ ᠡᠨᠧᠷᠭᠢ ᠶᠢᠨ ᠬᠤᠷᠣᠭᠳᠠᠯ ᠤᠨ ᠠᠵᠢᠯᠯᠠᠭᠠᠨ ᠢ ᠳᠣᠭᠢᠷᠠᠭᠤᠯᠵᠤ ᠬᠢᠨᠠᠨ ᠬᠡᠮᠵᠢᠭᠰᠡᠨ ᠪᠠᠶᠢᠳᠠᠯ ᠢ | ᠦᠨᠳᠦᠰᠦᠯᠡᠨ᠂ ᠤᠯᠠᠷᠢᠯ ᠤᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠤᠷᠢᠳᠴᠢᠯᠠᠨ ᠰᠡᠷᠡᠮᠵᠢᠯᠡᠭᠦᠯᠬᠦ | ᠬᠡᠯᠪᠡᠷᠢ ᠶᠢ ᠬᠠᠮᠲᠤᠷᠠᠨ ᠰᠤᠳᠤᠯᠤᠨ ᠮᠠᠭᠠᠳᠯᠠᠵᠤ᠂ ᠴᠢᠬᠤᠯᠠ ᠲᠠᠢ ᠦᠶ᠎ᠡ ᠳᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠪᠠ ᠬᠡᠰᠡᠭ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠠᠮᠲᠤ ᠪᠠᠷ | ᠵᠥᠪᠳᠡᠯᠴᠡᠨ᠎ᠡ᠃ ᠵᠢᠯᠣᠭᠤᠳᠬᠤ ᠭᠠᠵᠠᠷ ᠲᠤ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠲᠣᠬᠢᠷᠠᠭᠤᠯᠤᠯᠲᠠ ᠬᠢᠬᠦ | ᠂ ᠬᠦᠴᠦᠨ ᠥᠬᠡᠶ ᠪᠣᠯᠭᠠᠬᠤ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠬᠤ ᠬᠡᠷᠡᠭᠲᠡᠶ᠃ ᠰᠢᠷ᠎ᠠ ᠪᠤᠶᠤ ᠤᠯᠠᠭᠠᠨ | ᠥᠩᠭᠡ ᠶᠢᠨ ᠰᠡᠷᠡᠮᠵᠢᠯᠡᠭᠦᠯᠦᠯ ᠭᠠᠷᠴᠤ ᠮᠡᠳᠡᠬᠦ ᠶᠢ ᠤᠷᠢᠳᠴᠢᠯᠠᠨ ᠵᠢᠱᠢᠬᠦ ᠳᠤ᠂ ᠤᠷᠢᠳᠴᠢᠯᠠᠨ ᠰᠡᠷᠡᠮᠵᠢᠯᠡᠭᠦᠯᠬᠦ | ᠳᠡᠭᠡᠳᠦ ᠬᠢᠵᠠᠭᠠᠷ ᠤᠨ ᠶᠣᠰᠣᠭᠠᠷ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠰᠠᠨᠠᠭᠤᠯᠭ᠎ᠠ ᠳᠤᠷᠠᠳᠬᠤ ᠬᠡᠷᠡᠭᠲᠡᠶ᠃ | ︵ᠬᠤᠶᠠᠷ︶ ᠤᠷᠢᠳᠴᠢᠯᠠᠨ ᠰᠡᠷᠡᠮᠵᠢᠯᠡᠭᠦᠯᠬᠦ | ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠭᠢ ᠶᠢᠨ ᠬᠤᠷᠣᠭᠳᠠᠭᠤᠯᠤᠯ ᠤᠨ ᠬᠤᠤᠰ | ᠡᠵᠡᠮᠳᠡᠯ ᠤᠨ ᠰᠡᠷᠡᠮᠵᠢᠯᠡᠭᠦᠯᠦᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠭᠤᠯᠭᠠᠭᠰᠠᠨ 2021 ᠣᠨ ᠤ | ᠡᠨᠧᠷᠭᠢ ᠶᠢᠨ ᠬᠤᠷᠣᠭᠳᠠᠭᠤᠯᠤᠯ ᠢ ᠡᠵᠡᠮᠳᠡᠬᠦ ᠬᠠᠷᠠᠯᠲᠠ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠰᠠᠷ᠎ᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠤᠨ ᠬᠡᠮᠵᠢᠶ᠎ᠡ ᠪᠠ ᠪᠥᠬᠦ | ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠪᠠᠶᠢᠳᠠᠯ ᠢ ᠦᠨᠳᠦᠰᠦᠯᠡᠨ ᠡᠯ᠎ᠡ ᠱᠠᠲᠤᠨ ᠤ ᠤᠷᠢᠳᠴᠢᠯᠠᠨ | ᠰᠡᠷᠡᠮᠵᠢᠯᠡᠭᠦᠯᠦᠯ ᠢ ᠡᠬᠢᠯᠡᠭᠦᠯᠬᠦ ᠦᠨᠳᠦᠰᠦᠨ ᠨᠥᠬᠦᠴᠡᠯ ᠪᠣᠯᠭᠠᠨ᠎ᠠ᠃ | ᠪᠥᠬᠦ ᠬᠤᠰᠢᠭᠤᠨ ᠤ ᠨᠢᠭᠡᠳᠦᠯᠲᠡᠶ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠰᠡᠷᠡᠮᠵᠢᠯᠡᠭᠦᠯᠦᠯ ᠤᠨ | ᠲᠠᠰ ᠬᠤᠪᠢᠶᠠᠵᠤ᠂ ᠳᠣᠤᠷ᠎ᠠ ᠲᠠᠰ ᠠᠴᠠ ᠳᠡᠭᠡᠳᠦ ᠲᠠᠰ ᠬᠦᠷᠲᠡᠯ᠎ᠡ ᠲᠣᠰ ᠲᠣᠰ ᠰᠢᠷ᠎ᠠ ︵Ⅱ ᠲᠠᠰ︶ ᠪᠠ | ᠤᠯᠠᠭᠠᠨ ︵Ⅰ ᠲᠠᠰ︶ ᠤᠨ ᠰᠡᠷᠡᠮᠵᠢᠯᠡᠭᠦᠯᠦᠯ ᠤᠨ ᠲᠠᠰ ᠬᠤᠪᠢᠶᠠᠵᠤ᠂ ᠲᠠᠰ ᠬᠤᠪᠢᠶᠠᠬᠤ ᠪᠠᠷᠢᠮᠵᠢᠶ᠎ᠠ ᠨᠢ᠄ | 1. ᠰᠢᠷ᠎ᠠ ᠥᠩᠭᠡ ᠶᠢᠨ ᠰᠡᠷᠡᠮᠵᠢᠯᠡᠭᠦᠯᠦᠯ | ︵1︶ 1 ᠳ᠋ᠤᠭᠡᠷ ᠰᠠᠷ᠎ᠠ ᠳᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠨ ︵ᠲᠣᠰ ᠭᠠᠵᠠᠷ︶ ᠣᠨ ᠤ ᠨᠡᠮᠡᠭᠳᠡᠯ ᠤᠨ | ᠬᠤᠷᠳᠤᠴᠠ ᠶᠢ ᠡᠵᠡᠮᠳᠡᠬᠦ ᠬᠠᠷᠠᠯᠲᠠ ᠠᠴᠠ ᠳᠠᠪᠠᠭᠤᠯᠤᠭᠰᠠᠨ ᠦᠶ᠎ᠡ ᠳᠤ︔ | ︵2︶ 2 — 12 ᠳ᠋ᠤᠭᠠᠷ ᠰᠠᠷ᠎ᠠ ᠳᠤ᠂ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ︵ᠵᠡᠷᠭᠡ ᠥᠷᠲᠡᠭ︶ ᠨᠢ ︵ᠲᠣᠰ ᠭᠠᠵᠠᠷ︶ ᠤᠨ | ᠣᠨ ᠤ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠢ ᠡᠵᠡᠮᠳᠡᠬᠦ ᠬᠠᠷᠠᠯᠲᠠ ᠶᠢᠨ 1/12 ᠠᠴᠠ ᠳᠠᠪᠠᠭᠰᠠᠨ᠂ | ᠡᠰᠡᠬᠦᠯ᠎ᠡ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠤᠨ ︵ᠵᠡᠷᠭᠡ | ᠥᠷᠲᠡᠭ︶ ᠨᠢ ᠪᠥᠬᠦ ᠨᠡᠶᠢᠭᠡᠮ ᠤᠨ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠢ ᠳᠠᠶᠢᠴᠢᠯᠠᠵᠤ ᠣᠨ ᠤ | ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠡᠵᠡᠮᠳᠡᠬᠦ | ᠬᠠᠷᠠᠯᠲᠠ ᠠᠴᠠ ᠳᠠᠪᠠᠭᠤᠯᠤᠭᠰᠠᠨ ᠦᠶᠡᠰ︔ | ︵3︶ ᠰᠠᠷ᠎ᠠ ᠶᠢᠨ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ︵ | ᠵᠡᠷᠭᠡ ᠥᠷᠲᠡᠭ︶ ᠤᠨ ᠪᠠᠭᠤᠷᠠᠯᠲᠠ ᠶᠢᠨ ᠬᠡᠮᠵᠢᠶ᠎ᠡ ᠨᠢ ︵ᠲᠣᠰ ᠭᠠᠵᠠᠷ︶ ᠤᠨ ᠨᠢᠭᠡᠴᠢ GDP ᠶᠢᠨ ᠡᠨᠧᠷᠭᠢ ᠶᠢᠨ | ᠬᠤᠷᠣᠭᠳᠠᠯ ᠢ ᠪᠠᠭᠤᠷᠠᠭᠤᠯᠬᠤ ᠬᠠᠷᠠᠯᠲᠠ ᠶᠢ ᠲᠤᠯᠭᠠᠭᠤᠷᠢᠯᠠᠵᠤ ᠳᠡᠶᠢᠯᠬᠦ ᠥᠬᠡᠶ ᠦᠶ᠎ᠡ ᠳᠤ︔ | ︵4︶ ᠲᠣᠰ ᠤᠯᠠᠷᠢᠯ ᠳᠤ ᠵᠢᠱᠢᠯᠲᠡ ᠪᠠᠷ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠡᠨᠧᠷᠭᠢ ᠶᠢᠨ | ᠬᠤᠷᠣᠭᠳᠠᠭᠤᠯᠤᠯ ᠶᠡᠬᠡᠲᠡᠶ ᠲᠥᠷᠥᠯ ᠵᠦᠶ᠋ᠯ ᠢ ᠪᠦᠷᠢᠳᠬᠡᠯ ᠳᠤ ᠣᠷᠣᠭᠤᠯᠵᠤ᠂ ︵ᠲᠣᠰ ᠭᠠᠵᠠᠷ︶ ᠲᠣᠰ | ᠤᠯᠠᠷᠢᠯ ᠤᠨ ᠡᠨᠧᠷᠭᠢ ᠶᠢᠨ ᠬᠤᠷᠣᠭᠳᠠᠭᠤᠯᠤᠯ ᠤᠨ ᠬᠤᠤᠰ ᠬᠢᠵᠠᠭᠠᠷᠯᠠᠯ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡ | ᠦᠵᠡᠭᠦᠯᠬᠦ ᠦᠶ᠎ᠡ ᠳᠤ᠃ | 2. ᠤᠯᠠᠭᠠᠨ ᠥᠩᠭᠡ ᠶᠢᠨ ᠰᠡᠷᠡᠮᠵᠢᠯᠡᠭᠦᠯᠦᠯ᠄ | ︵1︶ 1 ᠳ᠋ᠤᠭᠡᠷ ᠰᠠᠷ᠎ᠠ ᠳᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠨ ︵ᠲᠣᠰ ᠭᠠᠵᠠᠷ︶ ᠣᠨ ᠤ ᠨᠡᠮᠡᠭᠳᠡᠯ ᠤᠨ | ᠬᠤᠷᠳᠤᠴᠠ ᠶᠢ ᠡᠵᠡᠮᠳᠡᠬᠦ ᠬᠠᠷᠠᠯᠲᠠ ᠶᠢᠨ 2 ᠳᠠᠬᠢᠨ ᠠᠴᠠ ᠳᠠᠪᠠᠭᠤᠯᠤᠭᠰᠠᠨ ᠦᠶ᠎ᠡ ᠳᠤ︔ | ︵2︶ 2 — 12 ᠳ᠋ᠤᠭᠠᠷ ᠰᠠᠷ᠎ᠠ ᠳᠤ᠂ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠶ᠋ᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠤᠨ ᠬᠡᠮᠵᠢᠶ᠎ᠡ ︵ᠵᠡᠷᠭᠡ ᠥᠷᠲᠡᠭ︶ ᠨᠢ ︵ᠲᠣᠰ | ᠭᠠᠵᠠᠷ︶ ᠶᠢᠨ ᠣᠨ ᠤ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠤᠨ ᠬᠡᠮᠵᠢᠶ᠎ᠡ ᠶᠢ ᠡᠵᠡᠮᠳᠡᠬᠦ ᠬᠠᠷᠠᠯᠲᠠ ᠶᠢᠨ | 1/6 ᠠᠴᠠ ᠳᠠᠪᠠᠭᠰᠠᠨ᠂ ᠡᠰᠡᠬᠦᠯ᠎ᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ | ᠬᠤᠷᠣᠭᠳᠠᠭᠤᠯᠤᠯ ᠤᠨ ︵ᠵᠡᠷᠭᠡ ᠥᠷᠲᠡᠭ︶ ᠨᠢ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠶᠢᠨ | ᠨᠡᠮᠡᠭᠳᠡᠯ ᠢ ᠳᠠᠶᠢᠴᠢᠯᠠᠵᠤ ᠣᠨ ᠤ ᠨᠡᠮᠡᠭᠳᠡᠯ ᠤᠨ ᠬᠤᠷᠳᠤᠴᠠ ᠶᠢ ᠡᠵᠡᠮᠳᠡᠬᠦ ᠬᠠᠷᠠᠯᠲᠠ ᠶᠢᠨ 2 ᠳᠠᠬᠢᠨ ᠠᠴᠠ | ᠳᠠᠪᠠᠭᠰᠠᠨ ᠦᠶᠡᠰ︔ | ︵3︶ ᠰᠠᠷ᠎ᠠ ᠶᠢᠨ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ | ᠬᠤᠷᠣᠭᠳᠠᠭᠤᠯᠤᠯ ︵ᠲᠡᠩᠴᠡᠭᠦᠤ ᠥᠷᠲᠡᠭ︶ ᠨᠢ ᠪᠠᠭᠤᠷᠠᠬᠤ ᠥᠬᠡᠶ ᠮᠥᠷᠲᠡᠭᠡᠨ ᠭᠡᠳᠡᠷᠭᠦ ᠪᠠᠨ ᠳᠡᠭᠡᠭᠰᠢᠯᠡᠬᠦ ᠦᠶᠡᠰ︔ | | ︵4︶ ᠲᠣᠰ ᠤᠯᠠᠷᠢᠯ ᠳᠤ ᠵᠢᠱᠢᠯᠲᠡ ᠪᠠᠷ ᠰᠢᠨ᠎ᠡ ᠪᠠᠷ ᠠᠰᠢᠭᠯᠠᠯᠲᠠ ᠳᠤ ᠣᠷᠣᠭᠤᠯᠬᠤ ᠡᠨᠧᠷᠭᠢ ᠶᠢᠨ | ᠬᠤᠷᠣᠭᠳᠠᠯ ᠶᠡᠬᠡᠲᠡᠶ ᠲᠥᠷᠥᠯ ᠵᠦᠶ᠋ᠯ ᠢ ᠪᠦᠷᠢᠳᠬᠡᠯ ᠳᠤ ᠣᠷᠣᠭᠤᠯᠵᠤ᠂ ᠪᠥᠬᠦ ᠬᠤᠰᠢᠭᠤᠨ ᠤ ᠤᠯᠠᠷᠢᠯ ᠤᠨ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠶᠢᠳᠠᠯ ᠳᠤ ᠴᠢᠬᠤᠯᠠ ᠶᠡᠭᠡ ᠨᠥᠯᠥᠭᠡ ᠦᠵᠡᠭᠦᠯᠬᠦ ᠪᠣᠯᠤᠨ᠎ᠠ᠃ | | ᠬᠤᠶᠠᠷ ᠲᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠳᠡᠯᠡᠨ᠎ᠡ | ᠢᠷᠡᠭᠡᠳᠦᠶ ᠶᠢᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠤᠷᠢᠳᠴᠢᠯᠠᠨ | ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠨ᠎ᠡ ᠭᠡᠵᠦ ᠵᠢᠱᠢᠬᠦ ᠳᠤ᠂ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠨ᠎ᠡ᠃ ᠬᠢᠨᠠᠨ ᠬᠡᠮᠵᠢᠯᠲᠡ ᠨᠢ ᠰᠢᠷ᠎ᠠ ᠪᠤᠶᠤ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠳᠡᠰ ᠲᠤ | ᠬᠦᠷᠦᠭᠰᠡᠨ ᠪᠥᠭᠡᠳ ᠳᠠᠷᠠᠭ᠎ᠠ ᠰᠠᠷ᠎ᠠ ᠳᠤ ᠮᠡᠳᠡᠭᠳᠡᠬᠦ᠋ᠢᠴᠡ ᠰᠠᠶᠢᠵᠢᠷᠠᠬᠤ ᠥᠬᠡᠶ ᠭᠡᠵᠦ ᠵᠢᠱᠢᠬᠦ ᠳᠤ᠂ ᠪᠣᠳᠠᠲᠠᠶ | ᠪᠠᠶᠢᠳᠠᠯ ᠢ ᠦᠨᠳᠦᠰᠦᠯᠡᠨ᠂ ᠵᠣᠬᠢᠬᠤ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠶᠢ ᠡᠷᠲᠡᠬᠡᠨ ᠡᠬᠢᠯᠡᠭᠦᠯᠬᠦ ᠬᠡᠷᠡᠭᠲᠡᠶ᠃ | | ᠭᠤᠷᠪᠠ ᠳᠤ᠂ ᠤᠷᠢᠳᠴᠢᠯᠠᠨ ᠰᠡᠷᠡᠮᠵᠢᠯᠡᠭᠦᠯᠬᠦ ᠳᠡᠰ ᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ | ᠬᠤᠶᠠᠷ ᠢ ᠡᠵᠡᠮᠳᠡᠬᠦ ᠬᠠᠷᠠᠯᠲᠠ ᠨᠢ ᠵᠣᠬᠢᠬᠤ ᠲᠠᠰ ᠳᠠᠪᠬᠤᠷᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠶᠢ | ᠡᠬᠢᠯᠡᠭᠦᠯᠬᠦ ᠪᠠᠷᠢᠮᠵᠢᠶ᠎ᠠ ᠠᠴᠠ ᠳᠣᠤᠷ᠎ᠠ ᠪᠣᠯᠤᠭᠰᠠᠨ ᠮᠥᠷᠲᠡᠭᠡᠨ ᠳᠠᠷᠠᠭ᠎ᠠ ᠨᠢᠭᠡ ᠰᠠᠷ᠎ᠠ ᠪᠤᠶᠤ ᠤᠯᠠᠷᠢᠯ ᠳᠤ | ᠰᠠᠶᠢᠵᠢᠷᠠᠬᠤ ᠶᠢ ᠤᠷᠢᠳᠴᠢᠯᠠᠨ ᠵᠢᠱᠢᠬᠦ ᠦᠶ᠎ᠡ ᠳᠤ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠪᠠᠭᠤᠷᠠᠭᠤᠯᠬᠤ ᠪᠤᠶᠤ | ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠬᠤ ᠶᠢᠨ ᠬᠠᠮᠲᠤ ᠮᠡᠳᠡᠭᠡ ᠵᠠᠩᠭᠢ ᠶᠢ ᠤᠷᠢᠳᠴᠢᠯᠠᠨ | ᠨᠡᠶᠢᠲᠡᠯᠡᠵᠦ ᠪᠣᠯᠤᠨ᠎ᠠ᠃ ᠰᠠᠷ᠎ᠠ ᠶᠢᠨ ᠬᠡᠮᠵᠢᠶ᠎ᠡ ᠪᠤᠶᠤ ᠤᠯᠠᠷᠢᠯ ᠳᠤ ᠮᠥᠨ ᠯᠡ ᠰᠢᠷ᠎ᠠ ᠪᠤᠶᠤ ᠤᠯᠠᠭᠠᠨ ᠥᠩᠭᠡ ᠶᠢᠨ | ᠰᠡᠷᠡᠮᠵᠢᠯᠡᠭᠦᠯᠦᠯ ᠤᠨ ᠲᠠᠰ ᠲᠤ ᠣᠷᠣᠰᠢᠵᠤ ᠪᠠᠶᠢᠬᠤ ᠪᠥᠭᠡᠳ ᠢᠷᠡᠭᠡᠳᠦᠶ ᠶᠢᠨ ᠨᠢᠭᠡ ᠰᠠᠷ᠎ᠠ ᠪᠤᠶᠤ ᠲᠠᠷᠠᠭᠠᠴᠢ ᠶᠢᠨ | ᠤᠯᠠᠷᠢᠯ ᠳᠤ ᠢᠯᠡᠳᠲᠡ ᠰᠠᠶᠢᠵᠢᠷᠠᠬᠤ ᠥᠬᠡᠶ ᠮᠥᠷᠲᠡᠭᠡᠨ ᠨᠠᠩ ᠳᠡᠭᠡᠳᠦ ᠲᠠᠰ ᠤᠨ ᠰᠡᠷᠡᠮᠵᠢᠯᠡᠭᠦᠯᠦᠯ ᠤᠨ | ᠨᠥᠬᠦᠴᠡᠯ ᠢ ᠬᠥᠨᠳᠡᠵᠦ ᠮᠡᠳᠡᠬᠦ ᠶᠢ ᠬᠢᠨᠠᠨ ᠬᠡᠮᠵᠢᠵᠦ ᠮᠡᠳᠡᠭᠰᠡᠨ ᠦᠶ᠎ᠡ ᠳᠤ᠂ ᠪᠣᠳᠠᠲᠠᠶ ᠪᠠᠶᠢᠳᠠᠯ ᠢ ᠦᠨᠳᠦᠰᠦᠯᠡᠨ | ᠤᠷᠢᠳᠴᠢᠯᠠᠨ ᠰᠡᠷᠡᠮᠵᠢᠯᠡᠭᠦᠯᠵᠦ ᠲᠠᠰ ᠳᠡᠪᠰᠢᠭᠦᠯᠬᠦ ᠠᠷᠭ᠎ᠠ ᠬᠡᠮᠵᠢᠶ᠎ᠡ ᠶᠢ ᠡᠷᠲᠡᠬᠡᠨ ᠠᠪᠬᠤ ᠬᠡᠷᠡᠭᠲᠡᠶ᠃ | ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ᠂ ᠬᠦᠴᠦᠨ ᠦᠭᠡᠢ ᠪᠣᠯᠭᠠᠬᠤ ᠪᠡᠶᠡᠴᠢ ᠴᠣᠭᠴᠠ ᠵᠢᠴᠢ | ᠵᠢᠷᠤᠮ ᠨᠢ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠭᠰᠡᠨ ᠲᠠᠢ ᠠᠳᠠᠯᠢ ᠪᠠᠶᠢᠬᠤ ᠬᠡᠷᠡᠭᠲᠡᠶ᠃ | ᠲᠦᠷᠪᠡ ᠳᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠵᠥᠪᠰᠢᠶᠡᠷᠡᠬᠦ | ᠤᠷᠢᠳᠴᠢᠯᠠᠨ ᠲᠥᠰᠦᠭᠡᠯᠡᠬᠦ ᠪᠤᠶᠤ ᠬᠢᠨᠠᠨ ᠬᠡᠮᠵᠢᠬᠦ ᠨᠢ ᠤᠳᠠᠯ ᠦᠭᠡᠶ ᠮᠠᠨ ᠤ ᠬᠤᠰᠢᠭᠤᠨ ᠤ ᠤᠷᠢᠳᠴᠢᠯᠠᠨ | ᠰᠡᠷᠡᠮᠵᠢᠯᠡᠭᠦᠯᠬᠦ ᠨᠥᠬᠦᠴᠡᠯ ᠳᠤ ᠬᠦᠷᠬᠦ ᠪᠤᠶᠤ ᠨᠢᠭᠡᠨᠲᠡ ᠬᠦᠷᠦᠭᠰᠡᠨ ᠦᠶ᠎ᠡ ᠳᠤ᠂ ᠬᠤᠰᠢᠭᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠳᠠᠷᠦ᠋ᠢᠬᠠᠨ ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠠᠯᠪᠠᠨ ᠬᠡᠷ ᠲᠤ ᠵᠥᠪᠳᠡᠯᠴᠡᠭᠰᠡᠨ ᠦᠷ᠎ᠡ ᠳ᠋ᠦᠩ ᠪᠠ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠭ᠎ᠠ ᠪᠠᠨ ᠮᠡᠳᠡᠭᠦᠯᠵᠦ᠂ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠠᠯᠬᠤᠮ ᠳᠠᠷᠠᠭ᠎ᠠ ᠶᠢᠨ ᠶᠣᠰᠣᠭᠠᠷ | ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠪᠠᠨ ᠮᠡᠳᠡᠭᠦᠯᠦᠨ ᠵᠥᠪᠰᠢᠶᠡᠷᠡᠭᠦᠯᠵᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠲᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠶ᠃ | ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ︵ᠪᠤᠶᠤ ᠡᠷᠬᠡ | ᠣᠯᠭᠤᠭᠰᠠᠨ ᠠᠯᠪᠠᠨ ᠬᠡᠷ ᠤᠨ ᠡᠷᠬᠢᠯᠡᠭᠴᠢ︶ ᠠᠴᠠ ᠭᠠᠷ ᠤᠨ ᠥᠰᠥᠭ ᠵᠢᠷᠤᠵᠤ ᠬᠢᠨᠠᠨ ᠵᠥᠪᠰᠢᠶᠡᠷᠡᠨ᠎ᠡ︔ | ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ︵ᠪᠤᠶᠤ ᠡᠷᠬᠡ ᠣᠯᠭᠤᠭᠰᠠᠨ | ᠳᠡᠳ᠋ ᠶᠡᠷᠦᠩᠬᠡᠶ ᠵᠢᠯᠣᠭᠤᠳᠣᠭᠴᠢ︶ ᠠᠴᠠ ᠭᠠᠷ ᠤᠨ ᠥᠰᠥᠭ ᠵᠢᠷᠤᠵᠤ ᠬᠢᠨᠠᠨ ᠵᠥᠪᠰᠢᠶᠡᠷᠡᠨ᠎ᠡ︔ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ | ᠮᠡᠳᠡᠭᠡ ᠵᠠᠩᠭᠢ ᠶᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠭᠠᠷ ᠤᠨ ᠥᠰᠥᠭ | ᠵᠢᠷᠤᠵᠤ ᠬᠢᠨᠠᠨ ᠵᠥᠪᠰᠢᠶᠡᠷᠡᠵᠦ ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠨ᠎ᠡ᠃ | ᠳᠥᠷᠪᠡ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ︵ᠨᠢᠭᠡ︶ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠲᠠᠰ ᠬᠤᠪᠢᠶᠠᠬᠤ | ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠬᠦ ᠦᠶ᠎ᠡ ᠳᠤ᠂ Ⅱ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠬᠡᠷᠡᠭᠵᠢᠭᠦᠯᠦᠨ᠎ᠡ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠡᠬᠢᠯᠡᠭᠦᠯᠬᠦ | ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠦᠶ᠎ᠡ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠶᠣᠰᠣᠭᠠᠷ ᠵᠣᠬᠢᠴᠠᠩᠭᠤᠶ ᠲᠠᠰ ᠤᠨ ᠪᠠᠴᠢᠮ | ᠪᠠᠶᠢᠳᠠᠯ ᠢ ᠠᠷᠭᠠᠴᠠᠬᠤ ᠶᠢ ᠬᠡᠷᠡᠭᠵᠢᠭᠦᠯᠦᠨ᠎ᠡ᠃ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ | ᠨᠢᠭᠡ ᠳᠤ ᠶᠡᠷᠦᠩᠬᠡᠶ ᠱᠠᠭᠠᠷᠳᠠᠯᠭ᠎ᠠ | ︵1︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ᠂ ᠲᠣᠰ ᠰᠠᠯᠠᠭ᠎ᠠ ᠮᠥᠴᠢᠷ ᠤᠨ ᠢᠶᠠᠨ ᠡᠨᠧᠷᠭᠢ ᠶᠢᠨ ᠬᠤᠷᠣᠭᠳᠠᠯ ᠤᠨ ᠬᠤᠤᠰ | ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠪᠣᠶ | ᠪᠥᠬᠦᠶ ᠭᠤᠤᠯᠳᠠᠯᠭ᠎ᠠ ᠲᠠᠢ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ | ᠠᠬᠤᠶᠢᠯᠠᠯ ᠢ ᠪᠠᠴᠢᠮ ᠪᠠᠶᠢᠳᠠᠯ ᠢ ᠠᠷᠭᠠᠴᠠᠬᠤ ᠡᠨᠧᠷᠭᠢ ᠶᠢᠨ ᠠᠷᠪᠢᠯᠠᠯᠲᠠ ᠶᠢᠨ ᠲᠥᠷᠥᠯ ᠵᠦᠶ᠋ᠯ ᠤᠨ ᠨᠠᠷᠢᠨ ᠡᠯ᠎ᠡ | ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠠᠷᠢᠨ ᠬᠠᠭᠤᠳᠠᠰᠤ ᠳᠤ ᠵᠠᠰᠠᠪᠤᠷᠢ ᠣᠷᠣᠭᠤᠯᠬᠤ | ᠠᠵᠢᠯ ᠢ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ ᠲᠥᠰᠦᠯ ᠤᠨ ᠬᠠᠮᠢᠶᠠᠷᠤᠯᠲᠠ ᠶᠢᠨ | ᠬᠡᠷᠡᠭᠵᠢᠭᠦᠯᠬᠦ ᠴᠤᠪᠤᠷᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠤᠨ᠂ | ᠲᠥᠰᠦᠯ ᠢ ᠬᠡᠷᠡᠭᠵᠢᠭᠦᠯᠵᠦ ᠪᠣᠯᠬᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠪᠣᠳᠠᠲᠠᠶ | ᠪᠥᠭᠡᠳ ᠶᠠᠪᠤᠭᠳᠠᠭᠤᠰᠢᠲᠠᠶ ᠪᠠᠶᠢᠯᠭᠠᠬᠤ ᠶᠢ ᠦᠨᠡᠨᠬᠦ ᠪᠠᠲᠤᠯᠠᠵᠤ᠂ ︽ᠨᠢᠭᠡ ᠬᠦᠷᠢᠶᠡᠯᠡᠩ ᠨᠢᠭᠡ ᠲᠥᠰᠦᠯ︾᠂ ︽ | ᠨᠢᠭᠡ ᠦᠢᠯᠡᠳᠪᠦᠷᠢ ︵ᠠᠵᠤ ᠠᠬᠤᠶᠢᠯᠠᠯ︶ ᠳᠤ ᠨᠢᠭᠡ ᠠᠷᠭ᠎ᠠ ᠪᠣᠳᠣᠯᠭ᠎ᠠ︾ ᠶᠢ ᠪᠡᠶᠡᠯᠡᠭᠦᠯᠦᠨ᠎ᠡ᠃ | ︵2︶ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠶᠢᠨ ᠨᠠᠷᠢᠨ ᠲᠠᠩᠰᠠᠨ ᠳᠤ | ᠣᠷᠣᠭᠤᠯᠤᠭᠰᠠᠨ ᠠᠵᠤ ᠠᠬᠤᠶᠢᠯᠠᠯ ᠢ ᠵᠢᠯᠣᠭᠤᠳᠤᠨ ︽ᠨᠢᠭᠡ ᠦᠢᠯᠡᠳᠪᠦᠷᠢ ︵ᠠᠵᠤ ᠠᠬᠤᠶᠢᠯᠠᠯ︶ ᠳᠤ ᠨᠢᠭᠡ | ᠠᠷᠭ᠎ᠠ ᠪᠣᠳᠣᠯᠭ᠎ᠠ︾ ᠶᠢᠨ ᠠᠵᠢᠯᠯᠠᠭᠠᠨ ᠤ ᠲᠥᠰᠦᠯ ᠢ ᠲᠣᠭᠲᠠᠭᠠᠵᠤ᠂ ᠡᠭᠦᠨ ᠳᠤ ᠠᠵᠤ ᠠᠬᠤᠶᠢᠯᠠᠯ ᠤᠨ | ᠦᠨᠳᠦᠰᠦᠨ ᠪᠠᠶᠢᠳᠠᠯ᠂ ᠭᠤᠣᠯ ᠦᠢᠯᠡᠳᠪᠦᠷᠢᠯᠡᠯ ᠤᠨ ᠤᠷᠠᠯᠠᠯ ᠤᠨ ᠶᠠᠪᠤᠴᠠ᠂ ᠭᠤᠣᠯ ᠡᠨᠧᠷᠭᠢ ᠬᠤᠷᠣᠭᠳᠠᠭᠤᠯᠬᠤ | ᠭᠤᠭᠴᠤᠭ᠎ᠠ ᠵᠢᠴᠢ ᠡᠨᠧᠷᠭᠢ ᠶᠢᠨ ᠬᠤᠷᠣᠭᠳᠠᠯ ᠤᠨ ᠪᠠᠶᠢᠳᠠᠯ ᠢ ᠪᠠᠭᠲᠠᠭᠠᠵᠤ᠂ ᠡᠭᠦᠨ ᠤ ᠬᠠᠮᠲᠤ ᠠᠳᠠᠯᠢ ᠪᠤᠰᠤ ᠲᠠᠰ | ᠳᠠᠪᠬᠤᠷᠭ᠎ᠠ ᠶᠢᠨ ᠰᠡᠷᠡᠮᠵᠢᠯᠡᠭᠦᠯᠦᠯ ᠳᠣᠤᠷᠠᠬᠢ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠠᠷᠭ᠎ᠠ | ᠬᠡᠮᠵᠢᠶ᠎ᠡ ᠶᠢ ᠲᠣᠳᠣᠷᠬᠠᠶ ᠲᠡᠮᠳᠡᠭᠯᠡᠵᠦ᠂ ᠦᠶ᠋ᠯᠡᠳᠪᠦᠷᠢᠯᠡᠬᠦ ᠶᠢ ᠵᠣᠭᠰᠣᠭᠠᠬᠤ ︵ᠬᠢᠵᠠᠭᠠᠷᠯᠠᠬᠤ︶ ᠪᠣᠳᠠᠲᠠᠶ | ᠦᠶ᠋ᠯᠡᠳᠪᠦᠷᠢᠯᠡᠯ ᠤᠨ ᠱᠤᠭᠤᠮ᠂ ᠤᠷᠠᠨ ᠳᠠᠷᠬ᠎ᠠ ᠶᠢᠨ ᠭᠤᠭᠴᠤᠭ᠎ᠠ ᠪᠠ ᠡᠯ᠎ᠡ ᠲᠥᠷᠥᠯ ᠤᠨ ᠡᠨᠧᠷᠭᠢ ᠠᠷᠪᠢᠯᠠᠬᠤ | ᠠᠷᠭ᠎ᠠ ᠬᠡᠮᠵᠢᠶ᠎ᠡ ᠶᠢᠨ ᠵᠠᠩᠭᠢᠯᠠᠭ᠎ᠠ ᠶᠢᠨ ᠴᠢᠨᠠᠷᠲᠠᠶ ᠭᠦᠶ᠋ᠴᠡᠳᠬᠡᠯ ᠲᠤᠭ᠎ᠠ ︵ᠵᠢᠱᠢᠶᠡᠯᠡᠪᠡᠯ ᠨᠡᠭᠦᠷᠡᠰᠦ ᠬᠡᠷᠡᠭᠯᠡᠬᠦ | ᠬᠡᠮᠵᠢᠶ᠎ᠡ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠷᠡᠭᠯᠡᠬᠦ ᠬᠡᠮᠵᠢᠶ᠎ᠡ᠂ ᠴᠠᠬᠢᠯᠭᠠᠨ ᠬᠡᠷᠡᠭᠯᠡᠬᠦ ᠬᠡᠮᠵᠢᠶ᠎ᠡ᠂ ᠴᠢᠶ᠋ᠢᠦ | ᠴᠠᠶᠢᠶ᠋ᠢᠦ ᠲᠣᠰᠣ ᠵᠡᠷᠭᠡ︶ ᠶᠢ ᠲᠣᠳᠣᠷᠬᠠᠶᠢᠯᠠᠵᠤ᠂ ᠡᠨᠧᠷᠭᠢ ᠠᠷᠪᠢᠯᠠᠬᠤ ᠪᠣᠳᠠᠲᠠᠶ ᠠᠵᠢᠯ ᠤᠨ ᠳᠠᠷᠠᠭᠠᠯᠠᠯ ᠤᠨ | ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠨᠠᠷᠢᠯᠢᠬᠵᠢᠭᠤᠯᠤᠨ᠂ ︽ᠠᠵᠢᠯᠯᠠᠭᠤᠯᠵᠤ ᠪᠣᠯᠬᠤ᠂ | ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ︾ ᠬᠡᠷᠡᠭᠲᠡᠶ᠃ | ︵3︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠡᠨᠧᠷᠭᠢ ᠬᠡᠷᠡᠭᠯᠡᠬᠦ ᠵᠢᠴᠢ ᠨᠠᠮ | ᠵᠠᠰᠠᠭ ᠴᠡᠷᠢᠭ ᠴᠠᠭᠳᠠᠭ᠎ᠠ ᠶᠢᠨ ᠪᠠᠶᠢᠭᠤᠯᠭ᠎ᠠ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ | ᠨᠢᠭᠡᠴᠢ ᠪᠠ ᠵᠠᠮ ᠬᠠᠷᠢᠯᠴᠠᠭᠠᠨ ᠤ ᠵᠠᠩᠭᠢᠯᠠᠭ᠎ᠠ᠂ ᠴᠡᠷᠢᠭ ᠤᠨ ᠬᠡᠷᠡᠭᠯᠡᠭᠡᠨ ᠤ ᠲᠥᠬᠦᠭᠡᠷᠦᠮᠵᠢ᠂ ᠲᠠᠷᠢᠶᠠᠯᠠᠩ ᠤᠨ | ᠦᠢᠯᠡᠳᠪᠦᠷᠢᠯᠡᠯ᠂ ᠮᠥᠩᠭᠦᠨ ᠭᠦᠢᠯᠭᠡᠭᠡ ᠵᠡᠷᠭᠡ ᠴᠢᠬᠤᠯᠠ ᠬᠦᠷᠢᠶᠡᠨ ᠳᠠᠬᠢ ᠡᠨᠧᠷᠭᠢ ᠶᠢ ᠵᠦᠢ ᠵᠣᠬᠢᠰᠲᠠᠶ | ᠬᠡᠷᠡᠭᠯᠡᠬᠦ ᠶᠢ ᠪᠠᠲᠤᠯᠠᠨ᠎ᠠ᠃ ᠪᠣᠳᠠᠲᠤ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠡᠨᠤᠷᠬ | ᠠᠷᠪᠢᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠠᠭᠤᠭᠠᠯᠢ ᠠᠷᠠᠳ ᠤᠨ ᠳᠤᠯᠠᠭᠠᠯᠠᠭ᠎ᠠ | ᠬᠠᠩᠭᠠᠬᠤ ᠵᠡᠷᠭᠡ ᠠᠷᠠᠳ ᠤᠨ ᠠᠮᠢᠳᠤᠷᠠᠯ ᠣᠨ ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠳᠤ ᠪᠣᠯ | ᠳᠤᠯᠠᠭᠠᠯᠠᠭ᠎ᠠ ᠶᠢᠨ ᠲᠠᠯᠠᠪᠠᠢ᠂ ᠣᠷᠣᠨ ᠪᠦᠰᠡ ᠶᠢᠨ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠪᠠᠷᠢᠮᠵᠢᠶ᠎ᠠ ᠳᠤ | ᠬᠥᠷᠬᠦ ᠱᠠᠭᠠᠷᠳᠠᠯᠭ᠎ᠠ ᠵᠡᠷᠭᠡ ᠪᠣᠯᠵᠣᠯᠳᠤ ᠲᠤᠭ᠎ᠠ ᠶᠢ ᠦᠨᠳᠦᠰᠦᠯᠡᠨ᠂ ᠬᠠᠮᠤᠭ ᠤᠨ ᠶᠡᠭᠡ ᠵᠥᠪᠰᠢᠶᠡᠷᠡᠯ ᠲᠠᠢ | ᠦᠢᠯᠡᠳᠪᠦᠷᠢᠯᠡᠯ ᠤᠨ ᠳᠠᠭᠠᠭᠠᠴᠠ ᠶᠢ ᠬᠢᠨᠠᠨ ᠲᠣᠭᠲᠠᠭᠠᠵᠤ᠂ ︽ᠬᠡᠮᠵᠢᠶ᠎ᠡ ᠪᠠᠷ ᠤᠨᠠᠯᠲᠠ ᠶᠢ ᠲᠣᠭᠲᠠᠭᠠᠬᠤ︾ ᠪᠤᠶᠤ | ︽ᠢᠯᠴᠢ ᠪᠠᠷ ᠤᠨᠠᠯᠲᠠ ᠶᠢ ᠲᠣᠭᠲᠠᠭᠠᠬᠤ︾ ᠶᠢ ᠬᠡᠷᠡᠭᠵᠢᠭᠦᠯᠵᠦ᠂ ᠡᠨᠤᠷᠬ ᠠᠷᠪᠢᠯᠠᠬᠤ ᠠᠷᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ | ︵4︶ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠬᠤᠭᠤᠴᠠᠭᠠᠨ ᠳᠤ᠂ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠪᠠ ᠨᠢᠭᠡᠴᠢ GDP ᠶᠢᠨ ᠬᠦᠴᠦᠯᠡᠴᠡ ᠶᠢᠨ ᠬᠢᠵᠠᠭᠠᠷᠯᠠᠯ ᠢ | ᠲᠣᠰ ᠲᠣᠰ ᠣᠨ ᠤ ᠡᠨᠧᠷᠭᠢ ᠶᠢᠨ ᠬᠤᠷᠣᠭᠳᠠᠯ ᠤᠨ ᠬᠤᠤᠰ ᠬᠢᠵᠠᠭᠠᠷᠯᠠᠯ ᠢ ᠪᠠᠭᠤᠷᠠᠭᠤᠯᠬᠤ ᠬᠠᠷᠠᠯᠲᠠ ᠳᠤ | ᠬᠦᠷᠭᠡᠨ᠎ᠡ᠃ | ᠬᠤᠶᠠᠷ ᠲᠤ᠂ Ⅱ ᠳᠡᠰ ᠤᠨ ᠳᠠᠭᠠᠬᠤ ᠠᠷᠭ᠎ᠠ ᠬᠡᠮᠵᠢᠶ᠎ᠡ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠬᠠᠮᠢᠶ᠎ᠠ ᠪᠥᠬᠦᠶ ᠰᠠᠯᠠᠭ᠎ᠠ | ᠮᠥᠴᠢᠷ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ | ᠨᠠᠶᠢᠳᠠᠪᠤᠷᠢᠵᠢᠭᠤᠯᠵᠤ᠂ ᠵᠣᠬᠢᠬᠤ ᠲᠠᠰ ᠤᠨ ᠳᠠᠭᠠᠬᠤ ᠶᠢᠨ ᠠᠷᠭ᠎ᠠ ᠬᠡᠮᠵᠢᠶ᠎ᠡ ᠠᠪᠤᠨ᠎ᠠ᠃ ᠡᠭᠦᠨ ᠳᠤ ᠳᠣᠣᠷᠠᠬᠢ | ᠠᠷᠭ᠎ᠠ ᠬᠡᠮᠵᠢᠶ᠎ᠡ ᠨᠦᠭᠦᠳ ᠲᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄ | ︵1︶ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ | ᠡᠨᠧᠷᠭᠢ ᠠᠷᠪᠢᠯᠠᠬᠤ ᠨᠠᠷᠢᠨ ᠬᠠᠭᠤᠳᠠᠰᠤ ᠶᠢᠨ ᠶᠣᠰᠣᠭᠠᠷ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠤᠨ ᠬᠢᠵᠠᠭᠠᠷᠯᠠᠬᠤ ᠲᠥᠷᠥᠯ᠂ | ᠰᠢᠭᠰᠢᠭᠳᠡᠭᠦᠯᠬᠦ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠳᠤ ᠡᠮᠬᠢ ᠵᠢᠷᠤᠮ ᠲᠠᠢ ᠪᠠᠷ ᠡᠨᠧᠷᠭᠢ ᠬᠡᠷᠡᠭᠯᠡᠬᠦ᠂ | ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠣᠷᠭᠢᠯ ᠦᠶ᠎ᠡ ᠶᠢ ᠵᠥᠷᠢᠭᠦᠯᠦᠨ ᠦᠶ᠋ᠯᠡᠳᠪᠦᠷᠢᠯᠡᠬᠦ᠂ | ᠤᠷᠢᠳᠴᠢᠯᠠᠨ ᠪᠠᠶᠢᠴᠠᠭᠠᠨ ᠵᠠᠰᠠᠬᠤ᠂ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠶᠢ ᠠᠪᠴᠤ᠂ ᠡᠨᠧᠷᠭᠢ ᠶᠢᠨ ᠬᠤᠷᠣᠭᠳᠠᠭᠤᠯᠤᠯ ᠤᠨ ᠬᠡᠮᠵᠢᠶ᠎ᠡ ᠶᠢ ᠪᠠᠭᠠᠰᠬᠠᠨ᠎ᠠ︔ | ︵2︶ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠶ | ᠵᠦᠢᠯᠡᠰ ᠲᠤ ᠭᠠᠷᠤᠯᠲᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ᠃ | ︵3︶ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ | ᠠᠬᠤᠶᠢᠯᠠᠯ ᠤᠨ ︽ᠨᠢᠭᠡ ᠦᠢᠯᠡᠳᠪᠦᠷᠢ ︵ᠠᠵᠤ ᠠᠬᠤᠶᠢᠯᠠᠯ︶ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ | ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠴᠤ᠂ | ᠡᠯ᠎ᠡ ᠵᠦᠶ᠋ᠯ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠢᠨᠠᠯᠲᠠ ᠪᠠᠶᠢᠴᠠᠭᠠᠯᠲᠠ ᠶᠢᠨ ᠤᠳᠠᠭ᠎ᠠ ᠶᠢ | ᠨᠡᠮᠡᠭᠳᠡᠭᠦᠯᠬᠦ ᠶᠢ ᠬᠢᠨᠠᠨ ᠵᠢᠯᠣᠭᠤᠳᠤᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠤᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠤᠯᠭ᠎ᠠ | ᠠᠤᠷᠭᠢ ᠶᠡᠭᠡ ᠬᠤᠷᠣᠭᠳᠠᠭᠤᠯᠬᠤ ᠵᠦᠢᠯᠡᠰ ᠤᠨ ᠠᠤᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠲᠦᠷ | ᠵᠣᠭᠰᠣᠭᠠᠨ᠎ᠠ᠃ | ᠭᠤᠷᠪᠠ ᠳᠤ᠂ Ⅰ ᠳᠡᠰ ᠤᠨ ᠳᠠᠭᠠᠬᠤ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠳᠣᠤᠷᠠᠬᠢ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ | ᠡᠨᠧᠷᠭᠢ ᠠᠷᠪᠢᠯᠠᠬᠤ ᠨᠠᠷᠢᠨ ᠬᠠᠭᠤᠳᠠᠰᠤ ᠶᠢᠨ ᠶᠣᠰᠣᠭᠠᠷ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠵᠢᠴᠢ ᠲᠤᠭ᠎ᠠ ᠪᠠᠷᠢᠮᠲᠠ ᠶᠢᠨ | ᠲᠥᠪ ᠵᠡᠷᠭᠡ ᠳᠤ ᠦᠢᠯᠡᠳᠪᠦᠷᠢᠯᠡᠯ ᠢ ᠵᠣᠭᠰᠣᠭᠠᠬᠤ᠂ ᠦᠢᠯᠡᠳᠪᠦᠷᠢᠯᠡᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ | ᠠᠪᠤᠨ᠎ᠠ᠃ | ︵2︶ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠵᠦᠢᠯᠡᠰ ᠢ | ᠬᠤᠶᠢᠰᠢᠯᠠᠭᠤᠯᠤᠨ ᠠᠰᠢᠭᠯᠠᠯᠲᠠ ᠳᠤ ᠣᠷᠣᠭᠤᠯᠤᠨ᠎ᠠ᠃ | ︵3︶ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ | ᠲᠠᠯᠠᠪᠤᠷ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ ᠬᠤᠭᠤᠯᠠᠨ ᠬᠡᠷ ᠵᠡᠷᠭᠡ ᠬᠡᠷ ᠤᠨ ᠭᠠᠳᠠᠨᠠᠬᠢ ᠵᠠᠷ | ᠮᠡᠳᠡᠭᠡᠨ ᠤ ᠭᠡᠷᠡᠯᠲᠦᠭᠦᠯᠭᠡ ᠳᠤ ᠬᠡᠷᠡᠭᠯᠡᠬᠦ ᠴᠠᠬᠢᠯᠭᠠᠨ ᠢ ᠡᠵᠡᠮᠳᠡᠨ᠎ᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠤᠯᠭ᠎ᠠ | ᠠᠤᠷᠭᠢ ᠶᠡᠭᠡ ᠬᠤᠷᠣᠭᠳᠠᠭᠤᠯᠬᠤ ᠵᠦᠢᠯᠡᠰ ᠤᠨ ᠠᠤᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠲᠦᠷ | ᠵᠣᠭᠰᠣᠭᠠᠨ᠎ᠠ᠃ | ︵ᠲᠥᠷᠪᠡ︶ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ | ᠨᠢᠭᠡ ᠳᠤ᠂ Ⅱ ᠳᠡᠰ ᠤᠨ ᠳᠠᠭᠠᠬᠤ ᠶᠢ ᠤᠷᠢᠳᠴᠢᠯᠠᠨ ᠰᠡᠷᠡᠮᠵᠢᠯᠡᠭᠦᠯᠦᠨ᠎ᠡ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠵᠡᠷᠭᠡ ᠡᠨᠧᠷᠭᠢ ᠠᠷᠪᠢᠯᠠᠬᠤ ᠶᠢ ᠬᠢᠨᠠᠨ ᠬᠠᠮᠢᠶᠠᠷᠬᠤ ᠪᠤᠶᠤ ᠬᠢᠨᠠᠨ ᠵᠢᠯᠣᠭᠤᠳᠬᠤ ᠡᠭᠦᠷᠭᠡ | ᠬᠠᠷᠢᠭᠤᠴᠠᠯᠭ᠎ᠠ ᠲᠠᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠠᠯᠠᠭ᠎ᠠ | ᠮᠥᠴᠢᠷ ᠤᠨ ᠲᠤᠰᠬᠠᠶ ᠬᠡᠷᠡᠭᠵᠢᠭᠦᠯᠬᠦ ᠲᠥᠰᠦᠯ ᠢ ᠬᠡᠷᠡᠭᠵᠢᠭᠦᠯᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ | ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠬᠤᠰᠢᠭᠤ᠋ ᠣᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤ ᠳᠤᠨᠢ ᠵᠠᠳᠠᠯᠤᠯᠲᠠ᠂ ᠰᠤᠳᠤᠯᠤᠨ | ᠮᠠᠭᠠᠳᠯᠠᠯᠲᠠ᠂ ᠦᠨᠡᠯᠡᠯᠲᠡ ᠪᠠᠨ ᠴᠢᠩᠭᠠᠳᠬᠠᠵᠤ᠂ ᠰᠠᠷ᠎ᠠ ᠪᠦᠷᠢ ᠬᠤᠰᠢᠭᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠲᠤ ᠬᠠᠮᠢᠶ᠎ᠠ ᠪᠥᠬᠦᠶ ᠪᠠᠶᠢᠳᠠᠯ ᠢ ᠮᠡᠳᠡᠭᠦᠯᠬᠦ ᠬᠡᠷᠡᠭᠲᠡᠶ᠃ | ᠬᠤᠶᠠᠷ ᠲᠤ᠂ Ⅰ ᠳᠡᠰ ᠤᠨ ᠳᠠᠭᠠᠬᠤ ᠶᠢ ᠤᠷᠢᠳᠴᠢᠯᠠᠨ ᠰᠡᠷᠡᠮᠵᠢᠯᠡᠭᠦᠯᠦᠨ᠎ᠡ | Ⅱ ᠲᠠᠰ ᠤᠨ ᠳᠠᠭᠠᠵᠤ ᠬᠢᠬᠦ ᠰᠠᠭᠤᠷᠢᠨ ᠳᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢᠨ | ᠰᠢᠪᠠᠳᠠᠨ ᠵᠢᠯᠣᠭᠤᠳᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠢᠪᠠᠳᠠᠨ ᠪᠠᠶᠢᠴᠠᠭᠠᠨ᠎ᠠ᠃ | ︵ᠲᠠᠪᠤ︶ ᠪᠠᠴᠢᠮ ᠪᠠᠶᠢᠳᠠᠯ ᠢ ᠠᠷᠭᠠᠴᠠᠬᠤ ᠶᠢᠨ ᠲᠠᠭᠠᠬᠤ ᠶᠢ ᠵᠣᠭᠰᠣᠭᠠᠬᠤ | ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠬᠤ ᠠᠵᠢᠯ ᠠᠶᠠᠨᠳᠠᠭᠠᠨ ᠳᠠᠭᠤᠰᠤᠨ᠎ᠠ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ 5 ᠠᠵᠢᠯᠯᠠᠬᠤ ᠡᠳᠦᠷ ᠤᠨ ᠳᠣᠲᠣᠷ᠎ᠠ᠂ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ ᠦᠨᠡᠯᠡᠨ ᠵᠢᠱᠢᠭᠰᠡᠨ ᠮᠡᠳᠡᠭᠦᠯᠦᠯᠲᠡ ᠳᠤ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠡᠷᠭᠡ ᠳᠡᠰ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ᠂ ᠣᠷᠣᠰᠢᠵᠤ | ᠪᠠᠶᠢᠭ᠎ᠠ ᠠᠰᠠᠭᠤᠳᠠᠯ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠶᠢᠨ ᠬᠠᠮᠲᠤ ᠲᠤᠪᠤᠶᠢᠮ᠎ᠠ | ᠠᠰᠠᠭᠤᠳᠠᠯ ᠳᠤ ᠴᠢᠭᠯᠡᠭᠦᠯᠦᠨ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠵᠡᠷᠭᠡ | ᠪᠠᠭᠲᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠠᠷᠤᠳᠠᠯ ᠤᠨ ᠪᠠᠲᠤᠯᠠᠭ᠎ᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠬᠠᠷᠠᠯᠲᠠ ᠶᠢᠨ ᠡᠭᠦᠷᠭᠡ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠪᠠᠶᠢᠴᠠᠭᠠᠬᠤ ᠪᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠦᠶ᠋ᠯ ᠤᠨ ᠠᠵᠢᠯ ᠳᠤ ᠪᠠᠯᠠ ᠮᠥᠩᠭᠦᠨ ᠤ ᠪᠠᠲᠤᠯᠠᠭ᠎ᠠ ᠬᠠᠩᠭᠠᠨ᠎ᠠ᠃ | | ︵ᠬᠤᠶᠠᠷ︶ ᠠᠶᠤᠯ ᠥᠭᠡᠢ ᠶᠢᠨ ᠪᠠᠲᠤᠯᠠᠭ᠎ᠠ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠰᠡᠷᠡᠮᠵᠢᠯᠡᠭᠦᠯᠦᠯ ᠢ ᠡᠬᠢᠯᠡᠭᠦᠯᠦᠭᠰᠡᠨ ᠤ ᠳᠠᠷᠠᠭ᠎ᠠ᠂ | ᠬᠤᠰᠢᠭᠤᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠲᠠᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠬᠠᠤᠯᠢ ᠶᠣᠰᠣᠭᠠᠷ ᠦᠶ᠋ᠯᠡᠳᠪᠦᠷᠢᠯᠡᠯ ᠢᠶᠠᠨ ᠵᠣᠭᠰᠣᠭᠠᠬᠤ ︵ | ᠬᠢᠵᠠᠭᠠᠷᠯᠠᠬᠤ︶ ᠬᠤᠭᠤᠴᠠᠭᠠᠨ ᠳᠤ᠂ ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠪᠣᠯᠤᠨ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠵᠤ᠂ ᠦᠶ᠋ᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠠᠵᠤ | ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠪᠠᠷ | ᠨᠡᠯᠢᠶᠡᠳ ᠶᠡᠭᠡ ᠠᠵᠤ ᠠᠬᠤᠶᠢᠯᠠᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠠᠬᠢ ᠠᠮᠤᠷ | ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠬᠦ | ᠬᠡᠷᠡᠭᠲᠡᠶ᠃ | ︵ᠭᠤᠷᠪᠠ︶ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢᠨ ᠪᠠᠲᠤᠯᠠᠭ᠎ᠠ | ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠠᠷᠪᠢᠯᠠᠬᠤ | ᠠᠵᠢᠯᠲᠠᠨ ᠤ ᠬᠦᠴᠦᠨ ᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠣᠨᠣᠰᠢᠯᠠᠯᠲᠠ ᠶᠢ ᠴᠢᠩᠭᠠᠳᠬᠠᠨ᠎ᠠ᠃ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠨᠧᠷᠭᠢ ᠶᠢᠨ ᠬᠤᠷᠣᠭᠳᠠᠭᠤᠯᠭ᠎ᠠ ᠶᠢᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ | ᠵᠢᠵᠢᠭᠦᠷᠯᠡᠨ ᠰᠠᠬᠢᠬᠤ ᠲᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ | ᠬᠤᠯᠪᠣᠭᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠨ | ᠰᠡᠷᠡᠮᠵᠢᠯᠡᠭᠦᠯᠬᠦ ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠤᠨ ᠴᠢᠮᠡᠭᠡ | ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠠ | ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃ | ᠵᠢᠷᠭᠤᠭ᠎ᠠ᠂ ᠪᠡᠯᠡᠳᠬᠡᠯ ᠲᠥᠰᠦᠯ ᠤᠨ ᠬᠠᠮᠢᠶᠠᠷᠤᠯᠲᠠ | ︵ᠨᠢᠭᠡ︶ ᠪᠡᠯᠡᠳᠬᠡᠯ ᠲᠥᠰᠦᠯ ᠤᠨ ᠤᠬᠠᠭᠤᠯᠭ᠎ᠠ | ᠬᠤᠰᠢᠭᠤᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠢᠨᠲ᠋ᠤᠷ ᠰᠦᠯᠵᠢᠶ᠎ᠡ᠂ ᠲᠧᠯᠸᠢᠰ᠂ ᠷᠠᠳᠢᠣ᠋ ᠵᠡᠷᠭᠡ | ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠰᠦᠯᠵᠢᠶ᠎ᠡ ᠶᠢ ᠭᠦᠶ᠋ᠴᠡᠳ ᠠᠰᠢᠭᠯᠠᠨ᠂ ᠪᠡᠯᠡᠳᠬᠡᠯ | ᠲᠥᠰᠦᠯ ᠵᠢᠴᠢ ᠡᠨᠧᠷᠭᠢ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠵᠤ᠂ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ | ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠦᠨ ᠵᠢᠯᠣᠭᠤᠳᠬᠤ ᠬᠡᠷᠡᠭᠲᠡᠶ᠃ | ︵ᠬᠤᠶᠠᠷ︶ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ | ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠨᠧᠷᠭᠢ ᠶᠢᠨ ᠬᠤᠷᠣᠭᠳᠠᠭᠤᠯᠭ᠎ᠠ ᠶᠢᠨ | ᠬᠤᠶᠠᠷ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠤᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ | ᠲᠣᠭᠲᠠᠭᠠᠵᠤ᠂ ᠪᠣᠯᠪᠠᠰᠤᠷᠠᠭᠤᠯᠤᠯ ᠤᠨ ᠠᠭᠤᠯᠭ᠎ᠠ ᠪᠠ ᠴᠠᠭ ᠬᠤᠭᠤᠴᠠᠭ᠎ᠠ ᠶᠢ ᠲᠣᠳᠣᠷᠬᠠᠶᠢᠯᠠᠨ᠂ | ᠪᠣᠯᠪᠠᠰᠤᠷᠠᠭᠤᠯᠤᠯ ᠤᠨ ᠵᠢᠷᠤᠮᠵᠢᠯ ᠲᠠᠢ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠲᠥᠰᠦᠯ ᠢᠶᠠᠨ ᠮᠡᠳᠡᠭᠦᠯᠦᠨ ᠳᠠᠩᠰᠠᠯᠠᠭᠤᠯᠬᠤ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠤᠯᠤᠰ ᠤᠨ | ᠬᠠᠮᠢᠶ᠎ᠠ ᠪᠥᠬᠦᠶ ᠮᠡᠷᠭᠡᠵᠢᠯ ᠤᠨ ᠵᠢᠷᠤᠮᠵᠢᠯ ᠪᠠ ᠲᠣᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠲᠣᠰ | ᠰᠠᠯᠠᠭ᠎ᠠ ᠮᠥᠴᠢᠷ ᠤᠨ ᠢᠶᠠᠨ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ | ᠠᠷᠭᠠᠴᠠᠬᠤ ᠳᠤ ᠬᠡᠷᠡᠭᠵᠢᠭᠦᠯᠬᠦ ᠲᠤᠰᠬᠠᠶ ᠲᠥᠰᠦᠯ︾ ᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ᠃ | ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ | ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠢ ᠠᠷᠭᠠᠴᠠᠬᠤ ᠠᠵᠢᠯ ᠳᠤ ᠠᠰᠢᠭ ᠥᠬᠡᠶ ᠪᠠᠶᠢᠪᠠᠯ᠂ ᠰᠠᠬᠢᠯᠭ᠎ᠠ ᠪᠠᠲᠤ ᠬᠠᠤᠯᠢ | ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ |