ᠪᠥᠬᠦ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠪᠠᠶᠢᠳᠠᠯ ᠢ ᠤᠶᠢᠯᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/13
   ᠬᠤᠷᠴᠢᠨ ᠪᠠᠷᠠᠭᠤᠨ ᠭᠠᠷᠤᠨ ᠳᠤᠮᠳᠠᠳᠤ ᠠᠯᠪᠠᠨ ᠵᠠᠰᠠᠭ ᠠᠯᠪᠠᠨ ᠲᠠᠷᠬᠠᠭᠠᠭᠰᠠᠨ ︹ 2020︺ 7 ᠳ᠋ᠤᠭᠠᠷ ᠲᠣᠭᠠᠲᠤ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠳᠤ᠄    ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠦᠭᠡᠷ ᠤᠨ ᠦᠢᠯᠡᠰ ᠢ ᠬᠦᠭᠵᠢᠬᠦᠯᠬᠦ︾ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠠᠯᠠᠰᠢᠨ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ  ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠰᠤᠳᠤᠯᠤᠯᠳᠠ ᠪᠠᠷ ᠳᠡᠮᠵᠢᠨ᠂ ᠪᠥᠬᠦ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄   ᠨᠢᠭᠡ᠂ ᠴᠠᠭ ᠤᠨ ᠲᠣᠬᠢᠷᠠᠭᠤᠯᠤᠯᠲᠠ 2020 ᠣᠨ ᠤ 2 ᠰᠠᠷ᠎ᠠ ᠶᠢᠨ 19 ᠠᠴᠠ 23 ᠤ ᠡᠳᠦᠷ ᠪᠣᠯᠲᠠᠯ᠎ᠠ᠃    ᠬᠤᠶᠠᠷ᠂ ᠪᠠᠶᠢᠴᠠᠭᠠᠬᠤ ᠬᠦᠷᠢᠶ᠎ᠡ ᠬᠡᠪᠴᠢᠶ᠎ᠡ    ᠪᠥᠬᠦ ᠬᠤᠰᠢᠭᠤᠨ ᠤ ᠪᠣᠶ ᠪᠥᠬᠦᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠨ᠎ᠠ᠃    ᠭᠤᠷᠪᠠ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠰᠤᠮᠤ ᠪᠠᠯᠭᠠᠰᠤ ᠪᠣᠯᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠨᠤᠭᠤᠳ ᠲᠣᠰ ᠤᠳᠠᠭᠠᠨ ᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠬᠥᠮᠦᠰ ᠢ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠦᠳᠲᠡᠷ ᠲᠦᠷᠭᠡᠨ ᠢᠶᠠᠷ ᠳᠣᠭᠢᠷᠠᠭᠤᠯᠤᠨ ᠠᠵᠢᠯ ᠥᠷᠨᠢᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠲᠣᠰ ᠤᠳᠠᠭᠠᠨ ᠤ ᠠᠯᠠᠰᠢᠨ ᠦᠬᠡᠷ ᠤᠨ ᠪᠠᠶᠢᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠠᠵᠢᠯ ᠢ ᠰᠤᠳᠤᠯᠤᠨ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠵᠤ᠂ ᠲᠤᠭ᠎ᠠ ᠪᠠᠷᠢᠮᠲᠠ ᠶᠢ ᠨᠠᠷᠢᠨ ᠲᠣᠳᠣᠷᠬᠠᠶ᠂ ᠦᠨᠡᠨ ᠪᠣᠳᠠᠲᠠᠶ᠂ ᠣᠨᠣᠪᠴᠢᠲᠠᠶ ᠪᠠᠶᠢᠯᠭᠠᠬᠤ ᠶᠢ ᠱᠠᠭᠠᠷᠳᠠᠵᠤ᠂ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ᠂ ᠭᠠᠴᠠᠭ᠎ᠠ ᠶᠢᠨ ᠬᠤᠶᠠᠷ ᠵᠥᠪᠯᠡᠯ ᠤᠨ ᠬᠠᠷᠢᠭᠤᠴᠠᠯᠭᠠᠲᠠᠨ᠂ ᠰᠤᠮᠤ ᠪᠠᠯᠭᠠᠰᠤ ᠶᠢᠨ ᠬᠠᠷᠢᠭᠤᠴᠠᠯᠭᠠᠲᠠᠨ ᠢᠶᠠᠷ ᠱᠠᠲᠤ ᠱᠠᠲᠤ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ ᠨᠤᠲᠠᠯᠠᠭᠤᠯᠤᠨ᠎ᠠ᠃    ︵ᠭᠤᠷᠪᠠ︶ ᠡᠯ᠎ᠡ ᠰᠤᠮᠤ ᠪᠠᠯᠭᠠᠰᠤ ᠪᠣᠯᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠪᠠᠶᠢᠳᠠᠯ ᠢ ᠤᠶᠢᠯᠠᠭᠠᠨ ᠪᠠᠶᠢᠴᠠᠭᠠᠭᠰᠠᠨ ᠪᠠᠶᠢᠳᠠᠯ ︵ᠳᠠᠭᠠᠯᠳᠤᠭᠤᠯᠤᠯ 1᠂ 2︶ ᠢ ᠨᠢᠭᠡᠴᠡ ᠶᠢᠨ ᠭᠤᠤᠯ ᠤᠳᠤᠷᠢᠳᠤᠯᠭ᠎ᠠ ᠪᠠᠷ ᠬᠢᠨᠠᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ 2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨᠠᠬᠢ 16᠄ 00 ᠴᠠᠭ ᠠᠴᠠ ᠡᠮᠦᠨ᠎ᠡ᠂ ᠡᠯᠧᠺᠲᠷᠣᠨ ᠬᠡᠪᠯᠡᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠦᠭᠡᠷᠡᠶ᠃ ᠬᠠᠷᠢᠯᠴᠠᠬᠤ ᠬᠥᠮᠦᠨ᠄ ᠰᠢᠶᠠᠨ ᠹᠸᠢ᠂ ᠤᠲᠠᠰᠤ᠄ 4128270᠂ 15248534691︔ ᠴᠠᠬᠢᠮ ᠬᠡᠪᠯᠡᠯ ᠢ ᠰᠢᠦᠳᠠᠨ ᠤ ᠬᠠᠶᠢᠷᠴᠠᠭ ᠲᠤ ᠢᠯᠡᠭᠡᠨ᠎ᠡ᠄ 1564914028@qq᠃ com᠃                        2020 ᠣᠨ ᠤ 2 ᠰᠠᠷ᠎ᠠ ᠶᠢᠨ 19 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号