2021 ᠣᠨ ᠤ 3 ᠰᠠᠷ᠎ᠠ ᠶᠢᠨ 8 ᠤ ᠡᠳᠦᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ | ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷ᠎ᠡ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠭᠦᠸᠧ ᠳᠠᠩ | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠥ᠂ ᠳᠡᠷᠡᠴᠢᠯᠡᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠰᠠᠨᠠᠯ ᠢᠶᠠᠨ ᠳᠤᠷᠠᠳᠬᠤ ᠪᠤᠯᠪᠠᠥ᠃ | ᠨᠢᠭᠡ᠂ 2020 ᠣᠨ ᠤ ᠠᠵᠢᠯ ᠤᠨ ᠡᠷᠭᠢᠴᠡᠭᠦᠯᠦᠯ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠤ ᠭᠤᠤᠯ ᠠᠮᠵᠢᠯᠲᠠ ᠪᠦᠲᠦᠮᠵᠢ | ᠰᠠᠶ᠋ᠢᠬᠠᠨ ᠥᠩᠭᠡᠷᠡᠭᠰᠡᠨ 2020 ᠣᠨ ᠪᠣᠯ ᠲᠤᠶᠢᠯ ᠤᠨ ᠣᠨᠴᠠᠭᠠᠢ᠂ ᠲᠤᠶᠢᠯ ᠤᠨ ᠶᠡᠷᠦ ᠪᠤᠰᠤ ᠶᠢᠨ ᠨᠢᠭᠡ | ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠦᠨᠳᠦ ᠨᠣᠴᠢᠲᠠᠶ ᠲᠠᠭᠠᠷᠢᠯᠲᠠ ᠪᠠ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠬᠤᠷᠸ᠎ᠠ ᠠᠵᠤ ᠠᠬᠤᠶ ᠶᠢᠨ | ᠪᠠᠶᠢᠳᠠᠯ ᠤᠨ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠰᠢᠭᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤ ᠪᠠᠷ ᠢᠶᠠᠨ | ᠡᠷᠡᠯᠬᠡᠭᠯᠡᠨ ᠲᠡᠮᠡᠴᠡᠵᠦ᠂ ᠪᠣᠳᠠᠲᠠᠶ ᠠᠵᠢᠯᠯᠠᠨ ᠰᠢᠨ᠎ᠡ ᠶᠢ ᠡᠭᠦᠳᠴᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠨᠥᠯᠥᠭᠡ ᠶᠢ | ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠵᠤ ᠠᠬᠤᠶ ᠶᠢᠨ ᠨᠡᠮᠡᠭᠳᠡᠯ ᠢ ᠵᠢᠱᠢᠯᠲᠡ ᠠᠴᠠ | ᠰᠠᠶᠢᠨ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠪᠠ᠃ ᠪᠥᠬᠦ ᠵᠢᠯ | ᠳᠤ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 68.7 ᠳ᠋ᠦᠩᠰᠢᠭᠤᠷ ᠲᠥᠭᠦᠷᠢᠭ ᠲᠤ ᠬᠥᠷᠪᠡ︔ | 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 28. 4 | ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 13 ᠳ᠋ᠦᠩᠰᠢᠭᠤᠷ ᠲᠥᠭᠦᠷᠢᠭ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ | ᠶᠢᠨ ᠪᠡᠯᠡ ᠣᠷᠣᠭᠤᠯᠤᠯᠲᠠ 4.87 ᠳ᠋ᠦᠩᠰᠢᠭᠤᠷ ᠲᠥᠭᠦᠷᠢᠭ ᠲᠤ ᠬᠦᠷᠪᠡ᠃ ᠣᠯᠠᠨ ᠨᠡᠢᠲᠡ ᠶᠢᠨ ᠡᠳ᠋ ᠤᠨ ᠵᠠᠰᠠᠭ | ᠤᠨ ᠲᠥᠰᠦᠪ ᠤᠨ ᠣᠷᠣᠯᠭ᠎ᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠲᠣᠰ ᠲᠣᠰ | 3.87 ᠳ᠋ᠦᠩᠰᠢᠭᠤᠷ ᠲᠥᠭᠦᠷᠢᠭ ᠪᠠ 34.7 ᠳ᠋ᠦᠩᠰᠢᠭᠤᠷ ᠲᠥᠭᠦᠷᠢᠭ ᠲᠤ ᠬᠦᠷᠴᠡᠢ︔ ᠪᠦᠬᠦ ᠰᠠᠭᠤᠭᠠᠯᠢ ᠠᠷᠠᠳ | ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18113 ᠲᠥᠭᠦᠷᠢᠭ ᠲᠤ ᠬᠦᠷᠴᠡᠢ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠦᠬᠦ ᠲᠤᠭ᠎ᠠ 9.56 ᠳ᠋ᠦᠩᠰᠢᠭᠤᠷ ᠲᠥᠭᠦᠷᠢᠭ ᠲᠤ | ᠬᠦᠷᠴᠡᠢ᠃ ᠡᠭᠦᠨ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠠᠵᠤ ᠦᠶᠯᠡᠳᠪᠦᠷᠢ ᠶᠢᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠣᠷᠣᠯᠭ᠎ᠠ ᠵᠡᠷᠭᠡ 3 ᠵᠦᠶᠯ ᠤᠨ ᠴᠢᠬᠤᠯᠠ ᠭᠦᠶᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠠᠶᠢᠮᠠᠭ | ᠲᠤ ᠲᠡᠷᠢᠭᠦᠯᠡᠪᠡ︔ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ᠂ | ᠪᠦᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠵᠡᠷᠭᠡ 5 ᠵᠦᠢᠯ ᠤᠨ ᠭᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠪᠦᠬᠦ ᠠᠶᠢᠮᠠᠭ ᠤᠨ ᠲᠦᠷᠦᠭᠦᠦ ᠭᠤᠷᠪᠠ ᠳᠤ ᠵᠢᠭᠰᠠᠭᠠᠭᠳᠠᠪᠠ᠃ | ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠪᠠᠷ ᠬᠤᠷᠢᠭᠯᠠᠯᠲᠠ ᠶᠢ ᠠᠳᠬᠤᠵᠤ᠂ ᠬᠡᠪ ᠤᠨ ᠪᠠᠶᠢᠳᠠᠯ ᠢ | ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠ ᠶᠡᠭᠡ | ᠤᠯᠤᠰ ᠲᠥᠷᠥ ᠶᠢᠨ ᠡᠭᠦᠷᠭᠡ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠢ ᠳᠠᠶᠢᠴᠢᠯᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠣᠷᠣᠯᠴᠠᠭᠤᠯᠵᠤ᠂ ᠪᠥᠬᠦ ᠬᠤᠰᠢᠭᠤᠨ ᠤ 5800 ᠭᠠᠷᠤᠶ ᠨᠠᠮ ᠤᠨ ᠭᠡᠰᠢᠭᠦᠨ᠂ ᠡᠮᠴᠢ | ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠨᠡᠶᠢᠭᠡᠮ | ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ ᠡᠮᠦᠨ᠎ᠡ ᠨᠢ ᠭᠠᠪᠰᠢᠭᠠᠶᠢᠯᠠᠵᠤ᠂ ᠬᠦᠨᠳᠦ ᠡᠭᠦᠷᠭᠡ ᠶᠢ ᠵᠣᠷᠢᠭᠲᠠᠶ | ᠡᠭᠦᠷᠭᠡᠯᠡᠵᠦ᠂ ᠬᠠᠮᠤᠭ ᠤᠨ ᠪᠥᠬᠦ ᠲᠠᠯ᠎ᠠ ᠶᠢᠨ᠂ ᠬᠠᠮᠤᠭ ᠤᠨ ᠴᠢᠩᠭ᠎ᠠ᠂ ᠬᠠᠮᠤᠭ ᠤᠨ ᠲᠤᠶᠢᠯᠪᠤᠷᠢᠲᠠᠶ ᠠᠷᠭ᠎ᠠ | ᠬᠡᠮᠵᠢᠶ᠎ᠡ ᠪᠠᠷ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠡᠷᠡᠰ ᠨᠠᠶᠢᠳᠠᠪᠤᠷᠢᠵᠢᠭᠤᠯᠵᠤ᠂ ᠬᠦᠴᠦᠷᠬᠡᠭ ᠶᠡᠭᠡ | ᠰᠡᠷᠭᠡᠶᠢᠯᠡᠨ ᠡᠵᠡᠮᠳᠡᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠯᠠᠨ ᠲᠦᠮᠡᠨ ᠢᠶᠠᠷ ᠢᠶᠠᠨ ᠲᠡᠮᠦᠷ ᠬᠡᠷᠡᠮ ᠪᠣᠯᠵᠣ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ | ᠪᠢᠳᠡ ᠣᠯᠠᠨ ᠲᠠᠯ᠎ᠠ ᠠᠴᠠ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠦᠨᠳᠦᠰᠦᠨ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠶᠯ ᠤᠨ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠣᠯᠠᠨ ᠲᠦᠮᠡᠨ ᠤ | ᠠᠮᠢᠳᠤᠷᠠᠯ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠪᠠᠶᠢᠩᠭᠤᠵᠢᠬᠤ ᠲᠡᠶᠢᠰᠢ ᠰᠢᠯᠵᠢᠬᠦ ᠶᠢ ᠳᠠᠭᠠᠯᠳᠤᠨ᠂ ᠪᠢᠳᠡ ᠢᠮᠠᠭᠲᠠ ᠬᠢᠵᠢᠭ ᠢ | ᠰᠡᠷᠭᠡᠶᠢᠯᠡᠬᠦ ᠡᠷᠴᠢᠮ ᠢᠶᠠᠨ ᠰᠤᠯᠠᠷᠠᠭᠤᠯᠤᠯ ᠦᠭᠡᠢ ᠴᠢᠩᠭᠠᠷᠠᠭᠤᠯᠵᠤ᠂ ᠢᠮᠠᠭᠲᠠ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠮᠡᠲᠦ ᠪᠠᠷ ᠪᠦᠬᠦ | ᠲᠠᠯ᠎ᠠ ᠶᠢ ᠴᠢᠩᠭ᠎ᠠ ᠬᠠᠮᠤᠷᠴᠤ᠂ ᠪᠦᠬᠦ ᠶᠠᠪᠤᠴᠠ ᠪᠠᠷ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ︽ᠬᠥᠮᠦᠨ ᠭᠠᠵᠠᠷ | ᠤᠷᠤᠨ︾ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠦᠭᠡᠢ ᠪᠠᠶᠢᠬᠤ | ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ | ᠠᠷᠭ᠎ᠠ ᠪᠦᠬᠦᠨ ᠢ ᠰᠦᠪᠡᠭᠴᠢᠯᠡᠨ ᠨᠡᠮᠡᠭᠳᠡᠯ ᠢ ᠲᠣᠭᠲᠠᠪᠤᠷᠢᠵᠢᠭᠤᠯᠤᠨ᠂ ᠶᠠᠰᠤ ᠴᠢᠨᠠᠷ ᠦᠷ᠎ᠡ ᠠᠰᠢᠭ ᠢ | ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ ᠲᠠᠷᠢᠶᠠᠯᠠᠩ ᠮᠠᠯ | ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠪᠡ᠃ ︽ᠬᠤᠶᠠᠷ ᠠᠮᠤ ᠬᠤᠶᠠᠷ | ᠦᠬᠡᠷ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠲᠤᠷᠭ᠎ᠠ᠂ ᠡᠷᠳᠡᠨᠢ ᠰᠢᠰᠢ ᠲᠠᠷᠢᠬᠤ ᠲᠠᠯᠠᠪᠠᠶ ᠶᠢ | 11 ᠲᠦᠮᠡᠨ ᠮᠦ ᠪᠠ 200 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ | ᠶᠡᠷᠦᠩᠬᠡᠶ ᠤᠨᠠᠯᠲᠠ ᠶᠢ 6000 ᠲᠦᠮᠡᠨ ᠵᠢᠩ ᠨᠡᠮᠡᠭᠳᠡᠭᠦᠯᠵᠦ᠂ 22.75 ᠳ᠋ᠦᠩᠰᠢᠭᠤᠷ ᠵᠢᠩ ᠳᠤ ᠬᠦᠷᠦᠭᠦᠯᠵᠦ᠂ | ᠲᠡᠦᠬᠡ ᠶᠢᠨ ᠰᠢᠨ᠎ᠡ ᠲᠡᠮᠳᠡᠭᠯᠡᠯ ᠢ ᠡᠬᠦᠳᠴᠡᠢ᠃ ᠠᠯᠠᠰᠢᠨ ᠦᠬᠡᠷ ᠤᠨ ᠠᠵᠤ ᠦᠶᠯᠡᠰ ᠥᠨᠳᠥᠷ ᠭᠠᠷᠤᠭ᠎ᠠ ᠠᠴᠠ | ᠬᠥᠭᠵᠢᠵᠦ᠂ ᠠᠯᠠᠰᠢᠨ ᠦᠬᠡᠷ ᠤᠨ ᠠᠵᠤ ᠦᠶᠯᠡᠰ ᠤᠨ ᠵᠢᠭᠡᠯᠡᠯᠭᠡ 6.8 ᠳ᠋ᠦᠩᠰᠢᠭᠤᠷ ᠲᠥᠭᠦᠷᠢᠭ ᠲᠠᠯᠪᠢᠵᠤ᠂ | ᠠᠯᠠᠰᠢᠨ ᠦᠬᠡᠷ ᠤᠨ ᠲᠤᠭ᠎ᠠ 7. 5 ᠲᠦᠮᠡᠨ ᠳᠤᠯᠤᠭᠠᠢ ᠰᠢᠨ᠎ᠡ ᠪᠠᠷ ᠨᠡᠮᠡᠭᠳᠡᠪᠡ᠃ ᠬᠤᠸᠠ ᠶᠠᠩ᠂ ᠮᠧᠩ ᠵᠥᠩ | ᠯᠢᠶᠠᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠠᠮᠵᠢᠯᠲᠠ ᠲᠠᠢ ᠪᠠᠷ ᠣᠷᠣᠵᠤ ᠰᠠᠭᠤᠷᠢᠰᠢᠨ᠂ ᠪᠠᠶᠠᠯᠢᠭ ᠠᠵᠤ | ᠦᠶᠯᠡᠰ ᠤᠨ ᠬᠦᠷᠢᠶᠡᠯᠡᠩ ᠲᠣᠭᠤᠷᠢᠭ ᠤᠨ ᠠᠯᠠᠰᠢᠨ ᠦᠬᠡᠷ ᠤᠨ ᠲᠤᠭ᠎ᠠ ᠲᠣᠯᠣᠭᠠᠶ 5000 ᠳᠤ ᠬᠦᠷᠴᠦ᠂ ᠬᠤᠩ | ᠠᠨ ᠠᠷᠠᠯᠵᠢᠶᠠᠨ ᠤ ᠲᠥᠪ ᠤᠨ ᠠᠷᠠᠯᠵᠢᠶᠠᠨ ᠤ ᠲᠤᠭ᠎ᠠ ᠨᠣᠷᠮ᠎ᠠ 9 ᠳ᠋ᠦᠩᠰᠢᠭᠤᠷ ᠲᠥᠭᠦᠷᠢᠭ ᠢ ᠳᠠᠪᠠᠪᠠ᠃ ︽ | ᠵᠢᠦ ᠹᠦ᠋ ᠬᠤᠨᠢ︾ ᠵᠡᠷᠭᠡ ᠠᠯᠠᠰᠢᠨ ᠬᠤᠨᠢᠨ ᠤ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ ᠦᠶᠯᠡᠳᠦᠯ ᠨᠢ | ᠢᠯᠡᠷᠡᠵᠦ᠂ ᠠᠯᠠᠰᠢᠨ ᠬᠤᠨᠢ ᠶᠢ ᠬᠠᠰᠢᠶᠠᠯᠠᠨ ᠲᠡᠵᠢᠭᠡᠵᠦ ᠦᠷᠡᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ | ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠳᠡᠭᠡᠭᠰᠢᠯᠡᠪᠡ᠃ ᠬᠢᠵᠢᠭ ᠤᠨ ᠪᠠᠶᠢᠳᠠᠯ ᠤᠨ ᠠᠰᠢᠭ | ᠥᠬᠡᠶ ᠨᠥᠯᠥᠭᠡ ᠶᠢ ᠪᠥᠬᠦ ᠬᠦᠴᠦᠨ ᠢᠶᠠᠷ ᠢᠶᠠᠨ ᠢᠯᠡᠨ ᠳᠠᠪᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠦᠴᠢᠷᠳᠡᠯ ᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠶᠢᠯᠢ ᠰᠦᠶᠳᠬᠡᠯ ᠢ ᠨᠡᠶᠢᠲᠡ | 2. 13 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠠᠷᠠᠳ ᠠᠴᠠ ᠡᠷᠬᠢᠯᠡᠭᠰᠡᠨ ᠡᠵᠡᠩᠨᠡᠯᠲᠡ ᠶᠢᠨ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ 1.87 ᠳ᠋ᠦᠩᠰᠢᠭᠤᠷ ᠲᠥᠭᠦᠷᠢᠭ ᠰᠢᠶᠳᠪᠦᠷᠢᠯᠡᠪᠡ᠃ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ 16 ᠲᠥᠷᠥᠯ ᠵᠦᠢᠯ ᠢ ᠬᠡᠷᠡᠭᠵᠢᠭᠦᠯᠵᠦ᠂ 23 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠮᠧᠩ ᠨᠸᠡᠭ 2 × 66 ᠲᠦᠮᠡᠨ | ᠺᠢᠯᠣᠸᠠᠲ ᠤᠨ ᠴᠠᠬᠢᠯᠭᠠᠨ ᠦᠢᠯᠡᠳᠪᠦᠷᠢ᠂ ᠵᠢᠩ ᠺᠧ 1 × 35 ᠲᠦᠮᠡᠨ ᠺᠢᠯᠣᠸᠠᠲ ᠤᠨ ᠴᠠᠬᠢᠯᠭᠠᠨ | ᠦᠶᠯᠡᠳᠪᠦᠷᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ | ᠶᠢ ᠪᠡᠶᠡᠯᠡᠭᠦᠯᠵᠦ᠂ ᠬᠤᠸᠠ ᠨᠸᠡᠭ ︽ᠰᠠᠯᠬᠢ ᠭᠡᠷᠡᠯ ᠢᠶᠠᠷ ᠬᠠᠳᠠᠭᠠᠯᠠᠬᠤ︾ ᠶᠢ ᠨᠢᠭᠡ ᠴᠣᠭᠴᠠᠵᠢᠭᠤᠯᠤᠨ ᠡᠯᠡᠰᠦ ᠶᠢ | ᠵᠠᠰᠠᠬᠤ 10 ᠲᠦᠮᠡᠨ ᠺᠢᠯᠣᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠣᠣᠷ ᠲᠤ | ᠣᠷᠣᠭᠤᠯᠤᠨ ᠠᠵᠢᠯᠯᠠᠭᠤᠯᠵᠤ᠂ ᠵᠦᠩ ᠭᠤᠸᠠᠩ ᠾᠧ 200 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠪᠠ᠃ 4 | ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | 495 ᠲᠥᠷᠥᠯ ᠵᠦᠶᠯ ᠢ ᠨᠥᠭᠡᠴᠡᠯᠡᠵᠦ᠂ ᠶᠡᠷᠦᠩᠬᠡᠶ ᠪᠠᠯᠠ ᠣᠷᠣᠭᠤᠯᠤᠯᠲᠠ 1600 ᠳ᠋ᠦᠩᠰᠢᠭᠤᠷ ᠲᠥᠭᠦᠷᠢᠭ ᠲᠤ | ᠬᠦᠷᠴᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ | ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠰᠡᠷᠭᠦᠪᠡ᠃ ᠪᠦᠬᠦ ᠵᠢᠯ ᠳᠤ ᠵᠤᠭᠠᠴᠠᠭᠰᠠᠳ ᠢ 96 ᠲᠦᠮᠡᠨ ᠬᠥᠮᠦᠨ | ᠤᠳᠠᠭ᠎ᠠ ᠬᠦᠯᠢᠶᠡᠨ ᠠᠪᠤᠪᠠ᠃ 2.38 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ | ᠲᠦᠰᠢᠶᠡᠲᠦ ᠴᠢᠨ ᠸᠠᠩ ᠤᠨ ᠣᠷᠳᠣᠨ ᠢ ᠳᠡᠰ ᠳᠡᠪᠰᠢᠭᠦᠯᠵᠦ᠂ ᠵᠤᠭᠠᠴᠠᠭᠰᠠᠳ ᠢ ᠲᠥᠪᠯᠡᠷᠡᠭᠦᠯᠦᠨ ᠲᠠᠷᠬᠠᠭᠠᠬᠤ | ᠲᠥᠪ ᠵᠡᠷᠭᠡ ᠬᠠᠩᠭᠠᠯ ᠤᠰᠤᠨ ᠴᠦᠬᠦᠷᠦᠮ ᠠᠴᠠ ᠪᠠᠳᠤᠴᠠᠭᠠᠨ ᠤ ᠠᠮᠢ ᠠᠬᠤᠢ ᠶᠢᠨ ᠵᠤᠭᠠᠴᠠᠯ ᠠᠮᠠᠷᠠᠯᠲᠠ ᠶᠢᠨ | ᠣᠷᠣᠨ ᠬᠦᠷᠬᠦ ᠲᠥᠷᠥᠯ ᠵᠦᠢᠯ ᠢ ᠬᠡᠷᠡᠭᠵᠢᠭᠦᠯᠪᠡ᠃ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠶᠯ︾ ᠢ 12 ᠵᠦᠶᠯ ᠪᠡᠶᠡᠯᠡᠭᠦᠯᠵᠦ | ᠂ ︽ᠰᠦᠯᠵᠢᠶᠡᠨ ᠴᠤᠤᠲᠠᠨ+ᠣᠳᠣᠨ︾ ᠤ ᠪᠠᠷᠠᠭ᠎ᠠ ᠬᠤᠳᠠᠯᠳᠤᠬᠤ ᠵᠠᠭᠪᠤᠷ ᠨᠢ ᠨᠠᠷᠠᠲᠤ ᠰᠢᠯᠢᠳᠡᠭ ᠲᠠᠷᠢᠶᠠᠯᠠᠩ | ᠤᠨ ᠪᠦᠲᠦᠭᠡᠭᠳᠡᠬᠦᠨ ᠤ ᠰᠦᠯᠵᠢᠶᠡᠨ ᠪᠣᠷᠣᠯᠠᠭᠤᠯᠤᠯᠲᠠ ᠶᠢᠨ ᠰᠢᠨ᠎ᠡ ᠬᠡᠪ ᠪᠠᠶᠢᠳᠠᠯ ᠪᠣᠯᠪᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠭᠤᠷᠢ ᠪᠠᠨ ᠪᠠᠬᠢᠵᠢᠭᠦᠯᠵᠦ᠂ ᠠᠵᠤ ᠦᠢᠯᠡᠰ | ᠢᠶᠠᠨ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠴᠢᠬᠤᠯᠠ ᠶᠡᠭᠡ | ᠦᠷ᠎ᠡ ᠪᠦᠲᠦᠮᠵᠢ ᠤᠯᠪᠠ᠃ ᠪᠥᠬᠦ ᠵᠢᠯ ᠳᠤ ᠶᠠᠳᠠᠭᠤ ᠶᠢ ᠲᠡᠳᠬᠦᠬᠦ ᠡᠮᠬᠢᠯᠡᠨ ᠨᠡᠶᠢᠯᠡᠭᠦᠯᠬᠦ ᠪᠠᠯᠠ ᠮᠥᠩᠭᠦ ᠶᠢ 2.19 | ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠶᠯᠡᠰ ᠤᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠳᠦᠬᠦᠷᠭᠡᠷᠦᠮᠵᠢ᠂ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠵᠡᠷᠭᠡ ᠲᠥᠷᠥᠯ ᠵᠦᠶᠯ ᠢ 23 | ᠬᠡᠷᠡᠭᠵᠢᠭᠦᠯᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ | ᠲᠦᠪᠰᠢᠨ ᠤ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠠᠵᠤ ᠦᠶᠯᠡᠰ ᠤᠨ ᠬᠥᠭᠵᠢᠯᠲᠡ ᠶᠢᠨ ᠰᠠᠭᠤᠷᠢ | ᠶᠢ ᠪᠠᠬᠢᠵᠢᠭᠦᠯᠦᠨ᠂ ᠣᠯᠠᠨ ᠨᠡᠶᠢᠲᠡ ᠶᠢᠨ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠪᠡ᠃ ︽ᠵᠠᠭᠤᠨ ᠡᠳᠦᠷ | ᠤᠨ ᠪᠣᠭᠤᠮᠲᠠ ᠰᠢᠪᠲᠤᠯᠬᠤ ︾ ᠠᠵᠢᠯ ᠢ ᠥᠷᠨᠢᠭᠦᠯᠵᠦ᠂ ᠫᠠᠶᠢᠰᠠ ᠡᠯᠭᠦᠨ ᠳᠠᠶᠢᠯᠠᠯᠳᠤᠭᠠᠨ ᠬᠢᠬᠦ ᠶᠢ | ᠱᠠᠯᠠᠪᠳᠠᠭᠤᠯᠵᠤ᠂ ᠬᠥᠳᠡᠯᠦᠩᠭᠦᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠴᠢᠩᠭᠠᠳᠬᠠᠵᠤ᠂ | 87 ᠡᠷᠦᠬᠡ ᠶᠢᠨ ᠦᠯᠡᠳᠡᠭᠰᠡᠨ 223 ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ | ᠳᠤ ᠬᠦᠷᠭᠡᠪᠡ᠃ ᠲᠥᠪ ᠤᠨ ᠤᠬᠠᠭᠤᠯᠬᠤ ᠬᠡᠯᠲᠡᠰ᠂ ᠪᠡᠭᠡᠵᠢᠩ ᠬᠤᠲᠠ ᠶᠢᠨ ᠲᠦᠩ ᠵᠧᠦ ᠲᠣᠭᠤᠷᠢᠭ ᠪᠣᠯᠤᠨ | ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠠᠬᠢᠭᠤᠯᠪᠠ | ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ | ᠡᠷᠬᠢᠨ ᠬᠠᠷᠠᠬᠤ︾ ᠪᠠ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠬᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠡᠶᠢᠳᠡᠮ ᠬᠡᠷᠡᠭᠵᠢᠭᠦᠯᠪᠡᠰᠦ ᠵᠣᠬᠢᠬᠤ ᠶᠢ ᠨᠢ ᠪᠦᠬᠦᠨ ᠢ | ᠲᠦᠭᠡᠮᠡᠯᠵᠢᠭᠦᠯᠬᠦ᠂ ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠬᠤ ᠶᠢ ᠪᠡᠶᠡᠯᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠢ ᠲᠤᠰᠬᠠᠪᠠ᠃ | ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ ᠰᠠᠭᠤᠷᠢ ᠶᠢ ᠪᠠᠲᠤᠳᠬᠠᠨ᠂ ᠦᠨᠦᠷ ᠠᠮᠲᠠ ᠶᠢ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠨᠠᠩ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠣᠬᠢᠷᠠᠮᠵᠢᠲᠠᠶ ᠪᠤᠯᠭᠠᠪᠠ᠃ ᠬᠤᠲᠠ ᠶᠢᠨ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ | ᠬᠤᠶᠢᠲᠦ ᠠᠭᠤᠯᠠ ᠶᠢᠨ ᠴᠡᠴᠡᠷᠯᠢᠭ ᠤᠨ ᠬᠤᠶᠠᠳᠤᠭᠠᠷ ᠬᠤᠭᠤᠴᠠᠭ᠎ᠠ᠂ ᠪᠠᠶᠠᠨᠬᠤᠰᠢᠭᠤ ᠪᠠᠯᠭᠠᠰᠤ ᠶᠢᠨ 2 ᠳ᠋ᠤᠭᠠᠷ | ᠬᠥᠭᠦᠷᠭᠡ᠂ ᠬᠤᠶᠠᠳᠤᠭᠠᠷ ᠬᠤᠭᠤᠴᠠᠭᠠᠨ ᠤ ᠤᠰᠤᠨ ᠰᠤᠷᠪᠤᠯᠵᠢ ᠶᠢᠨ ᠭᠠᠵᠠᠷ ᠵᠡᠷᠭᠡ ᠴᠢᠬᠤᠯᠠ ᠶᠡᠭᠡ ᠠᠷᠠᠳ ᠤᠨ | ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠭᠡᠷᠡᠭᠵᠢᠬᠦᠯᠪᠡ᠃ ︽ᠵᠠᠮ ᠢ ᠰᠠᠭᠠᠳ | ᠦᠭᠡᠢ ᠨᠡᠪᠲᠡᠷᠡᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠣᠯᠢᠨ ᠭᠤᠣᠯ ᠡᠮᠦᠨ᠎ᠡ | ᠬᠤᠶᠢᠲᠤ ᠵᠡᠭᠡᠯᠢ ︵ᠬᠠᠰᠢᠯᠭ᠎ᠠ ᠶᠢᠨ ᠳᠡᠭᠡᠷᠡᠬᠢ ᠵᠠᠮ︶᠂ ᠬᠥᠨᠳᠡᠯᠡᠨ ᠡᠮᠦᠨ᠎ᠡ ᠬᠤᠶᠢᠲᠤ ᠵᠠᠮ᠂ ᠪᠠᠵᠢᠯᠠᠭ᠎ᠠ ᠡᠮᠦᠨ᠎ᠡ | ᠵᠠᠮ᠂ ᠬᠠᠨ ᠠᠭᠤᠯᠠ ᠶᠡᠭᠡ ᠵᠡᠭᠡᠯᠢ᠂ ᠲᠦᠰᠢᠶᠡᠲᠦ ᠶᠡᠭᠡ ᠵᠡᠭᠡᠯᠢ ᠶᠢᠨ ᠢᠵᠢ ᠪᠦᠷᠢᠳᠦᠭᠦᠯᠬᠦ ᠪᠠᠷᠢᠯᠭ᠎ᠠ ᠶᠢ | ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠪᠡ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠭᠡᠷ ᠲᠣᠬᠢᠷᠠᠭᠤᠯᠤᠨ ᠥᠭᠴᠦ ᠲᠦᠷᠢᠶᠡᠰᠦᠯᠡᠭᠦᠯᠬᠦ ᠠᠵᠢᠯ | ᠲᠣᠭᠲᠠᠭᠤᠨ ᠢᠶᠠᠷ ᠠᠬᠢᠵᠤ᠂ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ 6 ᠭᠠᠵᠠᠷ ᠢ | ᠬᠡᠷᠡᠭᠵᠢᠭᠦᠯᠵᠦ᠂ 227 ᠡᠷᠦᠬᠡ ᠶᠢ ᠲᠠᠲᠠᠪᠤᠷᠢᠯᠠᠨ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ | 23 ᠰᠠᠭᠤᠷᠢ 2666 ᠡᠷᠦᠬᠡ ᠶᠢ ᠰᠠᠶᠢᠵᠢᠷᠠᠭᠤᠯᠬᠤ ᠶᠢ ᠬᠡᠷᠡᠭᠵᠢᠭᠦᠯᠪᠡ᠃ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠪᠠᠶᠠᠬᠤᠰᠢᠭᠤ ᠠᠴᠠ ᠤᠯᠠᠭᠠᠨᠬᠤᠳᠠ ᠬᠦᠷᠬᠦ ᠱᠤᠭᠤᠮ ᠠᠴᠠ ᠪᠠᠷᠠᠭᠤᠨ | ᠬᠤᠷᠤᠭ᠎ᠠ ᠬᠦᠷᠬᠦ ᠵᠠᠰᠠᠮᠠᠯ ᠵᠠᠮ᠂ ᠪᠠᠶᠠᠨ ᠣᠪᠣᠭ᠎ᠠ ᠬᠥᠭᠦᠷᠭᠡ ᠵᠡᠷᠭᠡ ᠪᠠᠷᠢᠯᠭ᠎ᠠ ᠶᠢ ᠲᠦᠷᠭᠡᠳᠬᠡᠨ ᠪᠠᠶᠢᠭᠤᠯᠪᠠ᠃ | ᠪᠠᠶᠠᠨᠬᠤᠰᠢᠭᠤ ᠠᠴᠠ ᠬᠥᠨᠳᠡᠯᠡᠨ ᠬᠦᠷᠬᠦ᠂ ᠪᠠᠷᠠᠭᠤᠨ ᠵᠢᠷᠢᠮ ᠠᠴᠠ ᠵᠠᠮᠴᠢᠨ ᠬᠦᠷᠬᠦ ᠵᠡᠷᠭᠡ ᠵᠠᠮ ᠤᠨ ᠥᠭᠡᠷᠡᠴᠢᠯᠡᠯᠲᠡ | ᠶᠢᠨ ᠢᠨᠵᠧᠨᠧᠷᠢᠩ ᠢ 48 ᠺᠢᠯᠤᠮᠧᠲᠷ ᠭᠡᠷᠡᠭᠵᠢᠬᠦᠯᠪᠡ᠃ G 5511 ᠱᠤᠭᠤᠮ ᠤᠨ ᠰᠤᠭᠤᠲᠦ ᠠᠴᠠ | ᠤᠯᠠᠭᠠᠨᠬᠤᠳᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | G1015 ᠳᠡᠭᠡᠳᠦ ᠬᠤᠷᠳᠤ ᠶᠢᠨ ᠵᠠᠰᠠᠮᠠᠯ ᠵᠠᠮ᠂ S2110 ᠪᠠ G334 ᠬᠤᠶᠠᠳᠤᠭᠠᠷ ᠳᠡᠰ ᠤᠨ ᠵᠠᠰᠠᠮᠠᠯ ᠵᠠᠮ | ᠤᠨ ᠲᠥᠷᠥᠯ ᠵᠦᠶᠯ ᠢ ᠡᠮᠬᠢ ᠵᠢᠷᠤᠮ ᠲᠠᠢ ᠪᠠᠷ ᠠᠬᠢᠭᠤᠯᠪᠠ᠃ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ | ᠲᠠᠲᠠᠵᠤ ᠣᠷᠣᠭᠤᠯᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠴᠤᠬᠤᠷᠲᠦ ᠭᠤᠤᠯ ᠢ ᠵᠠᠰᠠᠬᠤ᠂ | ᠮᠠᠯᠵᠢᠬᠤ ᠲᠠᠷᠢᠶᠠᠯᠠᠬᠤ ᠣᠷᠣᠨ ᠤ ᠭᠠᠰᠢᠭᠤᠨ ᠱᠣᠷᠪᠣᠭ ᠤᠰᠤ ᠶᠢ ᠥᠭᠡᠷᠡᠴᠢᠯᠡᠬᠦ ᠵᠡᠷᠭᠡ 10 ᠵᠦᠶᠯ ᠤᠨ | ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ ᠵᠦᠶᠯ ᠢ ᠭᠡᠷᠡᠭᠵᠢᠬᠦᠯᠪᠡ᠃ ᠠᠮᠢ ᠠᠬᠤᠢ ᠶᠢᠨ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠰᠢᠯᠢᠳᠡᠭᠵᠢᠭᠦᠯᠦᠨ ᠳᠤᠬᠢᠷᠠᠭᠤᠯᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠣᠶ ᠮᠣᠳᠣ | ᠲᠠᠷᠢᠬᠤ ᠵᠡᠷᠭᠡ ᠠᠮᠢ ᠠᠬᠤᠶ ᠶᠢᠨ ᠢᠨᠵᠧᠨᠧᠷᠢᠩ ᠢ 20 ᠲᠦᠮᠡᠨ ᠮᠦ ᠬᠡᠷᠡᠭᠵᠢᠭᠦᠯᠵᠦ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ | ᠲᠤᠰ ᠲᠤᠰ 18.5% ᠪᠠ 64 % ᠳᠤ ᠬᠦᠷᠦᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠦᠲᠦᠮᠵᠢᠲᠡᠶ | ᠰᠡᠷᠭᠦᠬᠦ ᠬᠠᠷᠢᠴᠠᠯ ᠢ 88 4 % ᠳᠤ ᠬᠦᠷᠦᠬᠦᠯᠪᠡ᠃ | ᠪᠦᠬᠦ ᠰᠡᠳᠬᠢᠯ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠳᠤᠲᠠᠭᠤᠳᠠᠯ ᠢ | ᠨᠥᠬᠦᠪᠥᠷᠢᠯᠡᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠢᠯᠡᠳᠲᠡ ᠰᠠᠶᠢᠵᠢᠷᠠᠭᠤᠯᠪᠠ᠃ ᠠᠵᠢᠯ ᠣᠯᠭᠤᠯᠲᠠ | ᠶᠢᠨ ᠪᠠᠶᠢᠳᠠᠯ ᠲᠣᠭᠲᠠᠭᠤᠨ ᠪᠠᠶᠢᠵᠤ᠂ ᠬᠤᠲᠠ ᠪᠠᠯᠭᠠᠰᠤᠨ ᠤ1400 ᠬᠥᠮᠦᠨ ᠳᠤ ᠰᠢᠨ᠎ᠡ ᠪᠠᠷ ᠠᠵᠢᠯ ᠣᠯᠭᠤᠵᠤ᠂ | 2.1 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠪᠠᠲᠤᠯᠠᠭ᠎ᠠ | ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ | ᠶᠢ 1.2 ᠳ᠋ᠦᠩᠰᠢᠭᠤᠷ ᠲᠥᠭᠦᠷᠢᠭ ᠲᠠᠷᠬᠠᠭᠠᠵᠤ᠂ 2.9 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ | ᠨᠡᠶᠢᠭᠡᠮ ᠤᠨ ᠠᠵᠢᠯ ᠦᠢᠯᠡᠰ ᠲᠦᠷᠭᠡᠨ ᠬᠥᠭᠵᠢᠵᠦ᠂ 9500 ᠲᠦᠮᠡᠨ ᠲᠥᠭᠦᠷᠢᠭ ᠤᠨ ᠪᠡᠯᠡ ᠣᠷᠣᠭᠤᠯᠤᠨ᠂ | ᠲᠠᠯ᠎ᠠ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠲᠡᠮᠦᠷ ᠵᠠᠮ ᠤᠨ ᠭᠤᠣᠯ ᠬᠡᠦᠬᠡᠳ ᠤᠨ ᠴᠡᠴᠡᠷᠯᠢᠭ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠴᠢᠳᠠᠪᠬᠢ ᠶᠢ ᠥᠭᠡᠷᠡᠴᠢᠯᠡᠬᠦ ᠵᠡᠷᠭᠡ 10 | ᠲᠥᠷᠥᠯ ᠤᠨ ᠰᠤᠷᠭᠠᠨ ᠬᠥᠮᠦᠵᠢᠯ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠳᠡᠯᠭᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠬᠤᠰᠢᠭᠤ᠂ ᠰᠤᠮᠤ | ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠭᠤᠷᠪᠠᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠪᠡ᠃ ᠪᠣᠯᠪᠠᠰᠤᠨ ᠰᠢᠨ᠎ᠡ ᠰᠤᠷᠲᠠᠯ ᠢ ᠶᠡᠬᠡᠪᠡᠷ ᠰᠠᠨᠠᠭᠠᠴᠢᠯᠠᠵᠤ᠂ | ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠶᠢᠨ ᠢᠷᠠᠭᠤ ᠠᠯᠳᠠᠷ ᠢ ᠣᠯᠪᠠ᠃ ᠳᠥᠷᠪᠡᠳᠦᠭᠡᠷ | ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠦᠷᠨᠢᠬᠦᠯᠪᠡ᠃ ︽ᠳᠣᠯᠣᠳᠤᠭᠠᠷ ᠲᠠᠪᠤᠨ ᠵᠢᠯ︾ | ᠤᠨ ᠬᠠᠤᠯᠢ ᠶᠢ ᠲᠦᠭᠡᠮᠡᠯᠵᠢᠭᠦᠯᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠪᠦᠬᠦ ᠣᠷᠣᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠪᠡ᠃ | ᠪᠠᠳᠤᠴᠠᠭᠠᠨ ᠤ ᠤᠶᠢᠲᠦ ᠲᠠᠯ᠎ᠠ ᠨᠤᠲᠤᠭ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠱᠤᠭᠤᠮ | ︽2020 ᠣᠨ ᠤ ᠤᠯᠤᠰ ᠤᠨ ᠪᠠᠶᠠᠷ ᠤᠨ ᠠᠯᠲᠠᠨ ᠭᠠᠷᠠᠭ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ | ᠰᠣᠳᠣᠨ ᠱᠤᠭᠤᠮ︾ ᠢᠶᠠᠷ ᠰᠣᠩᠭᠤᠭᠳᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ᠂ | ᠪᠠᠶᠠᠨᠬᠤᠰᠢᠭᠤ ᠪᠠᠯᠭᠠᠰᠤ ᠶᠢᠨ ᠣᠯᠠᠨ ᠴᠢᠳᠠᠮᠵᠢᠲᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ᠂ | ᠤᠯᠠᠭᠠᠨᠮᠥ᠋ᠴᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠲᠢᠩᠬᠢᠮ ᠤᠨ ᠭᠤᠤᠯ ᠴᠣᠭᠴᠠ ᠶᠢᠨ ᠪᠠᠶᠢᠭᠤᠯᠤᠯᠲᠠ ᠶᠢ | ᠪᠡᠶᠡᠯᠡᠭᠦᠯᠵᠦ᠂ ᠮᠦᠽᠧᠶ ᠶᠢᠨ ᠦᠵᠡᠭᠦᠯᠦᠯᠭᠡ ᠶᠢᠨ ᠲᠢᠩᠬᠢᠮ ᠤᠨ ᠳᠡᠯᠭᠡᠨ ᠦᠵᠡᠭᠦᠯᠦᠯᠭᠡ ᠵᠢᠴᠢ ᠰᠢᠯᠵᠢᠭᠦᠯᠵᠦ | ᠪᠣᠯᠬᠤ ᠲᠡᠦᠬᠡ ᠶᠢᠨ ᠳᠤᠷᠠᠰᠬᠠᠯᠲᠤ ᠵᠦᠶᠯᠡᠰ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠲᠥᠷᠥᠯ ᠵᠦᠶᠯ | ᠤᠨ ᠠᠵᠢᠯ ᠢ ᠳᠠᠭᠤᠰᠬᠠᠪᠠ᠃ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠶᠳᠪᠦᠷᠢᠯᠡᠬᠦ ᠣᠨ︾ ᠤ ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠶᠠᠪᠤᠳᠠᠯ ᠢ | ᠰᠢᠶᠳᠪᠦᠷᠢᠯᠡᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠬᠤ ᠪᠠ ᠠᠶᠤᠯ ᠥᠬᠡᠶ | ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ | ᠡᠬᠢᠯᠡᠭᠦᠯᠵᠦ᠂ ᠪᠥᠬᠦ ᠵᠢᠯ ᠳᠤ ᠬᠦᠨᠲᠦ ᠶᠡᠭᠡ ᠠᠴᠠ ᠳᠡᠭᠡᠭᠰᠢᠬᠢ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ | ᠭᠠᠷᠤᠭᠰᠠᠨ ᠥᠬᠡᠶ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠮᠠᠨ ᠳᠤ ᠲᠤᠯᠭᠠᠷᠠᠭᠰᠠᠨ ᠬᠦᠴᠢᠷ ᠪᠡᠷᠬᠡᠰᠢᠶᠡᠯ | ᠵᠢᠱᠢᠭᠰᠡᠨ ᠠᠴᠠ ᠠᠷᠪᠢᠨ ᠪᠠᠶᠢᠨ᠎ᠠ᠂ ᠮᠠᠨ ᠤ ᠣᠯᠤᠭᠰᠠᠨ ᠠᠮᠵᠢᠯᠲᠠ ᠵᠢᠱᠢᠭᠰᠡᠨ ᠠᠴᠠ ᠰᠠᠶᠢᠨ ᠪᠠᠶᠢᠨ᠎ᠠ᠃ 2020 | ᠣᠨ ᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠤᠷᠤᠭᠰᠢᠲᠠᠢ ᠰᠡᠬᠦᠯ ᠬᠤᠷᠢᠶᠠᠭᠰᠠᠨ ᠢ ᠬᠠᠷᠠᠭᠤᠯᠵᠤ ᠪᠠᠶᠢᠨ᠎ᠠ᠃ ᠲᠠᠪᠤᠨ ᠵᠢᠯ | ᠤᠨ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ︽ᠠᠮᠢ ᠠᠬᠤᠢ ᠶᠢ ᠰᠠᠶᠢᠵᠢᠷᠠᠭᠤᠯᠵᠤ᠂ ᠦᠭᠡᠷ ᠤᠨ ᠦᠢᠯᠡᠰ | ᠢ ᠬᠦᠭᠵᠢᠬᠦᠯᠦᠨ᠂ ᠰᠣᠶᠣᠯ ᠵᠢᠭᠤᠯᠴᠢᠯᠠᠯ ᠤᠨ ᠦᠢᠯᠡᠰ ᠢ ᠬᠦᠭᠢᠵᠬᠦᠯᠬᠦ︾ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠨᠠᠶᠢᠳᠠᠪᠦᠷᠢᠵᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠶᠡᠷᠦᠩᠬᠡᠢ ᠳᠤᠨᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ | ᠰᠢᠢᠳᠪᠦᠷᠢᠲᠦ ᠴᠢᠨᠠᠷᠲᠠᠢ ᠠᠮᠵᠢᠯᠲᠠ ᠣᠯᠪᠠ᠃ | ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠪᠠᠷ ᠪᠥᠬᠦ ᠬᠦᠴᠦᠨ ᠢᠶᠠᠷ ᠢᠶᠠᠨ | ᠴᠢᠷᠮᠠᠶᠢᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠰᠠᠭᠤᠷᠢ ᠲᠠᠯᠪᠢᠪᠠ᠃ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠭᠠᠵᠠᠷ | ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ | ᠶᠢᠨ ᠬᠢ ᠠᠴᠠ 55.2% ᠢᠶᠠᠷ ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠣᠷᠣᠯᠭ᠎ᠠ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠲᠤᠰ ᠲᠤᠰ 88.2% ᠪᠠ | 25% ᠪᠠᠷ ᠨᠡᠮᠭᠳᠡᠪᠡ᠃ ︽ᠠᠷᠪᠠᠨ ᠭᠤᠷᠪᠠᠳᠤᠭᠠᠷ ᠲᠠᠪᠤᠨ |