ᠵᠠᠰᠠᠭ ᠤᠨ ᠤᠷᠳᠤᠨ ᠤ ᠠᠵᠢᠯ ᠤᠨ ᠢᠯᠡᠳᠭᠡᠯ ︵2021 ᠣᠨ︶
ᠨᠡᠶᠢᠲᠡᠯᠡᠭᠰᠡᠨ ᠴᠠᠭ᠄
2021/4/8
ᠵᠢᠯ︾   ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠵᠢᠯ ᠪᠦᠷᠢ ᠳᠤᠮᠳᠠᠴᠢ ᠪᠠᠷ ᠲᠣᠰ ᠲᠣᠰ 7.3% ᠪᠠ 10% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ ᠵᠢᠯ ᠳᠤᠮᠳᠠᠴᠢ ᠪᠠᠷ 2.65% ᠪᠠᠷ ᠨᠡᠮᠡᠭᠳᠡᠬᠦᠯᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠮᠥᠩᠭᠦ ᠵᠢᠯ ᠪᠦᠷᠢ ᠳᠤᠮᠳᠠᠴᠢ ᠪᠠᠷ 11.3 % ᠪᠠ 14.4 % ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠲᠤᠰ ᠲᠤᠰ 133 ᠳ᠋ᠦᠩᠰᠢᠭᠤᠷ ᠲᠥᠭᠦᠷᠢᠭ᠂ 77.7 ᠳ᠋ᠦᠩᠰᠢᠭᠤᠷ ᠲᠥᠭᠦᠷᠢᠭ ᠲᠤ ᠬᠦᠷᠴᠦ᠂ ᠬᠥᠭᠵᠢᠯᠲᠡ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃       ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠤᠯᠪᠠ᠃  ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢᠨ ᠲᠣᠭᠤᠷᠢᠨ  ᠳᠤ᠂ ᠨᠡᠶᠢᠲᠡ 315 ᠨᠢᠭᠡᠳᠦᠭᠡᠷ ᠱᠦᠵᠢ᠂ 947 ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ᠂ 5271 ᠬᠤᠤᠰᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠺᠠᠳ᠋ᠷ ᠢ ᠳᠣᠷᠣᠭᠰᠢ ᠲᠣᠮᠢᠯᠠᠵᠤ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 18.64 ᠳ᠋ᠦᠩᠰᠢᠭᠤᠷ ᠲᠥᠭᠦᠷᠢᠭ ᠣᠷᠣᠭᠤᠯᠵᠤ᠂ ᠬᠥᠮᠦᠨ ᠪᠠ ᠡᠷᠦᠬᠡ  ᠶᠢᠨ ᠪᠠᠶᠢᠳᠠᠯ ᠢ ᠦᠨᠳᠦᠰᠦᠯᠡᠨ ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠤ ᠦᠶᠯᠡᠰ ᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 15101 ᠲᠥᠭᠦᠷᠢᠭ ᠬᠦᠷᠴᠦ᠂ ︽ᠠᠷᠪᠠᠨ ᠬᠤᠶᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ 3.2 ᠳᠠᠬᠢᠨ ᠪᠣᠯᠵᠣ᠂ ᠤᠳᠤᠬᠠᠨ ᠤ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ 21780 ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ  ᠢᠶᠠᠨ ᠶᠠᠳᠠᠭᠤ ᠠᠴᠠ ᠠᠩᠭᠢᠵᠢᠷᠠᠵᠤ᠂ ᠶᠠᠳᠠᠭᠤ ᠬᠦᠴᠢᠷᠳᠡᠯᠲᠡᠶ ᠬᠤᠰᠢᠭᠤᠨ ᠤ ᠡᠩᠨᠡᠭᠡ ᠠᠴᠠ ᠴᠢᠨᠠᠷ ᠰᠠᠶᠢᠲᠠᠶ ᠪᠠᠷ ᠤᠬᠤᠷᠢᠨ ᠭᠠᠷᠴᠤ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ᠂ ᠮᠠᠯᠴᠢᠨ ᠲᠠᠷᠢᠶᠠᠴᠢᠨ ᠤ ᠤᠶᠤᠨ ᠰᠠᠨᠠᠭᠠᠨ ᠤ ᠳᠦᠷᠰᠦ ᠪᠠᠶᠢᠳᠠᠯ ᠴᠣ ᠰᠢᠨ᠎ᠡ ᠬᠤᠪᠢᠷᠠᠯᠲᠠ ᠲᠠᠢ ᠪᠣᠯᠪᠠ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠦᠷᠭᠦᠯᠵᠢᠯᠡᠨ ᠭᠦᠨᠵᠡᠭᠡᠶᠢᠷᠡᠪᠡ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠪᠡ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ  ︽ᠡᠷᠭᠢᠵᠦ ᠬᠠᠷᠠᠬᠤ︾ ᠴᠡᠭᠴᠡᠯᠡᠨ ᠥᠭᠡᠷᠡᠴᠢᠯᠡᠬᠦ ᠡᠭᠦᠷᠭᠡ ᠶᠢᠨ ᠳ᠋ᠤᠭᠠᠷ ᠢ ᠴᠥᠮ ᠬᠠᠰᠤᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢ ᠯᠠᠪᠳᠠᠭᠤᠨ ᠠᠬᠢᠭᠤᠯᠵᠤ᠂ ︽ᠭᠤᠷᠪᠠ ᠶᠢ ᠴᠠᠭᠠᠵᠠᠯᠠᠬᠤ︾ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠴᠦᠯᠯᠡᠷᠭᠡᠭᠵᠢᠯ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢ ︽ᠬᠤᠤᠰ ᠢᠶᠠᠷ ᠪᠠᠭᠠᠰᠬᠠᠬᠤ︾ ᠶᠢ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ ︽ᠬᠤᠤᠰ ᠢᠶᠠᠷ ᠳᠡᠭᠡᠭᠰᠢᠯᠡᠭᠦᠯᠬᠦ︾ ᠶᠢ ᠪᠡᠶᠡᠯᠡᠭᠦᠯᠵᠦ᠂ ᠮᠠᠨ ᠤ ᠬᠤᠰᠢᠭᠤ ᠶᠢ ᠤᠯᠤᠰ ᠤᠨ  ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠶᠢᠨ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠨᠡᠶᠢᠲᠡ 19.16 ᠳ᠋ᠦᠩᠰᠢᠭᠤᠷ ᠲᠥᠭᠦᠷᠢᠭ ᠠᠷᠢᠯᠭᠠᠵᠤ᠂ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃ ᠪᠦᠬᠦ ᠬᠤᠰᠢᠭᠤᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠵᠡᠷᠭᠡᠪᠡᠷ ᠪᠠᠭᠤᠷᠠᠪᠠ᠃ ︽ᠴᠥᠷᠬᠡᠯᠡᠭᠡ ᠵᠢᠭᠡᠯᠡᠯᠭᠡ︾᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ  ᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ ᠴᠡᠭᠴᠡᠯᠡᠨ ᠵᠠᠰᠠᠪᠠ᠃     ᠭᠤᠣᠯᠯᠠᠬᠤ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ ᠲᠠᠷᠢᠶᠠᠯᠠᠩ ᠮᠠᠯ ᠠᠵᠤ ᠠᠬᠤᠶ ᠦᠷᠭᠦᠯᠵᠢᠯᠡᠨ ᠰᠠᠶᠢᠵᠢᠷᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 63 ᠲᠦᠮᠡᠨ ᠮᠤ᠋ ᠰᠢᠨ᠎ᠡ ᠪᠠᠷ ᠪᠠᠶᠢᠭᠤᠯᠵᠤ᠂ 157 ᠲᠦᠮᠡᠨ ᠮᠤ᠋ ᠳᠤ ᠬᠦᠷᠭᠡᠪᠡ᠃ ᠠᠮᠤ ᠪᠤᠳᠠᠭᠠᠨ ᠤ ᠳᠡᠰ ᠠᠴᠠ ᠳᠠᠪᠠᠭᠰᠠᠨ ᠲᠣᠮᠣ ᠰᠢᠶᠠᠨ ᠤ ᠡᠩᠨᠡᠭᠡᠨ ᠳᠤ ᠣᠷᠣᠵᠤ᠂ ᠠᠮᠤ ᠪᠤᠳᠠᠭᠠᠨ ᠤ ᠤᠨᠠᠯᠲᠠ ︽ᠠᠷᠪᠠᠨ ᠬᠤᠶᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ 10 ᠳ᠋ᠦᠩᠰᠢᠭᠤᠷ ᠵᠢᠩ ᠤᠨ ᠱᠠᠲᠤᠯᠵᠢᠨ ᠡᠩᠨᠡᠭᠡ ᠪᠠᠶᠢᠭᠰᠠᠨ ᠠᠴᠠ ᠪᠠᠨ 20 ᠳ᠋ᠦᠩᠰᠢᠭᠤᠷ ᠵᠢᠩ ᠤᠨ ᠱᠠᠲᠤᠯᠵᠢᠨ ᠡᠩᠨᠡᠭᠡ ᠪᠣᠯᠵᠤ᠂  ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠰᠢᠯᠢᠳᠡᠭᠵᠢᠵᠦ᠂ ᠠᠯᠠᠰᠢᠨ ᠬᠤᠨᠢ 333. 5 ᠲᠦᠮᠡ ᠪᠠᠶᠢᠭᠰᠠᠨ ᠠᠴᠠ ᠪᠠᠨ 156 ᠲᠦᠮᠡ ᠪᠣᠯᠵᠣ᠂ 53. 2 % ᠢᠶᠠᠷ ᠪᠠᠭᠠᠰᠪᠠ︔ ᠠᠯᠠᠰᠢᠨ ᠦᠬᠡᠷ ᠤᠨ ᠲᠤᠭ᠎ᠠ 23 ᠲᠦᠮᠡ ᠪᠠᠶᠢᠭᠰᠠᠨ ᠠᠴᠠ ᠪᠠᠨ 34 ᠲᠦᠮᠡ ᠪᠣᠯᠤᠨ ᠨᠡᠮᠡᠭᠳᠡᠵᠦ᠂ 48% ᠪᠠᠷ ᠨᠡᠮᠡᠭᠳᠡᠪᠡ᠃ ᠠᠯᠠᠰᠢᠨ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ ᠠᠩᠬ᠎ᠠ ᠠᠯᠬᠤᠮ ᠪᠦᠷᠢᠯᠳᠦᠵᠦ᠂ ᠠᠯᠠᠰᠢᠨ ᠦᠬᠡᠷ ᠤᠨ ᠲᠣᠯᠣᠭᠠᠶᠢᠯᠠᠭᠴᠢ ᠠᠵᠤ ᠠᠬᠤᠶᠢᠯᠠᠯ 7 ᠡᠷᠦᠬᠡ ᠤᠷᠤᠭᠤᠯᠤᠨ ᠠᠪᠴᠢᠷᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶ᠎ᠠ ᠶᠢ ᠲᠣᠰ ᠲᠣᠰ 1.5 ᠲᠦᠮᠡᠨ ᠡᠷᠦᠬᠡ᠂ 282 ᠡᠷᠦᠬᠡ ᠪᠤᠯᠭᠠᠪᠠ᠃ ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠪᠡ᠃ ᠪᠦᠬᠦ ᠬᠤᠰᠢᠭᠤᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 488 ᠲᠦᠮᠡᠨ ᠺᠢᠯᠣᠸᠠᠲ ᠲᠤ ᠬᠦᠷᠭᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠬᠠᠷᠢᠴᠠᠯ ᠢ 60 % ᠳᠤ ᠬᠦᠷᠭᠡᠪᠡ᠃  ᠪᠠᠶᠠᠵᠢᠨ᠎ᠠ ᠠᠵᠤ ᠦᠶᠯᠡᠳᠪᠦᠷᠢ ᠶᠢᠨ ᠲᠣᠭᠤᠷᠢᠭ ᠤᠨ ᠦᠢᠯᠡᠳᠬᠦᠨ ᠤ ᠶᠡᠷᠦᠩᠬᠡᠶ ᠥᠷᠲᠡᠭ 8.1 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ ᠠᠴᠠ 41 % ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠪᠦᠬᠦ ᠴᠠᠷᠠᠭᠠᠨ ᠤ ᠵᠢᠭᠤᠯᠴᠢᠯᠠᠯ ᠡᠬᠢᠯᠡᠯᠲᠡ ᠲᠠᠢ ᠪᠤᠯᠪᠠ᠃ ᠳᠤᠮᠳᠠᠳᠤ ᠤᠯᠤᠰ ᠤᠨ ᠺᠢᠨᠣ᠋ ᠰᠡᠬᠦᠳᠡᠷᠯᠡᠬᠦ ᠪᠦᠯᠦᠭᠯᠡᠯ ᠤᠨ ᠺᠢᠨᠣ᠋  ᠰᠡᠬᠦᠳᠡᠷᠯᠡᠨ ᠦᠶᠯᠡᠳᠬᠦ ᠰᠠᠭᠤᠷᠢᠨ᠂ ᠵᠤᠭᠠᠴᠠᠭᠰᠠᠳ ᠤᠨ ᠲᠥᠪᠯᠡᠷᠡᠭᠦᠯᠵᠦ ᠲᠠᠷᠬᠠᠭᠠᠬᠤ ᠲᠥᠪ ᠵᠡᠷᠭᠡ ᠦᠵᠡᠮᠵᠢ ᠶᠢᠨ ᠣᠷᠣᠨ ᠦᠵᠡᠮᠵᠢ ᠶᠢᠨ ᠴᠡᠭ ᠪᠠ ᠲᠠᠰ ᠳᠡᠪᠰᠢᠭᠦᠯᠬᠦ ᠲᠥᠷᠥᠯ ᠵᠦᠶᠯ ᠢ ᠦᠳᠲᠡᠷ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠲᠧᠯᠸᠢᠰ ᠵᠦᠴᠦᠭᠡ 《 ᠪᠠᠳᠤᠴᠠᠭᠠᠨ ᠤ ᠨᠠᠪᠴᠢ ᠤᠯᠠᠶᠢᠪᠠ︾᠂ ᠺᠢᠨᠣ᠋  ︽ᠦᠭᠡᠳᠡᠯᠡᠨ ᠳᠠᠪᠬᠢᠭ᠎ᠠ ᠡᠳᠦᠷ ᠬᠤᠨᠤᠭ ᠤᠳ︾ ᠢ ᠨᠡᠪᠲᠡᠷᠡᠭᠦᠯᠵᠦ᠂ ᠵᠢᠭᠤᠯᠴᠢᠯᠠᠯ ᠤᠨ ᠲᠠᠲᠠᠬᠤ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠪᠦᠬᠦ ᠬᠤᠰᠢᠭᠤᠨ ᠤ ᠡᠯᠧᠺᠲᠷᠤᠨ ᠠᠷᠠᠯᠵᠢᠶᠠᠨ ᠤ ᠬᠡᠮᠵᠢᠶ᠎ᠡ  ︽ᠠᠷᠪᠠᠨ ᠬᠤᠶᠠᠳᠤᠭᠠᠷ ᠲᠠᠪᠤᠨ ᠵᠢᠯ ︾ ᠤᠨ ᠰᠡᠭᠦᠯᠴᠢ ᠶᠢᠨ 1.5 ᠳ᠋ᠦᠩᠰᠢᠭᠤᠷ ᠲᠥᠭᠦᠷᠢᠭ ᠠᠴᠠ 6 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠪᠡ᠃     ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠤᠲᠠ ᠬᠥᠳᠡᠭᠡ ᠶᠢᠨ ᠬᠥᠭᠵᠢᠯᠲᠡ ᠶᠢᠨ ᠬᠠᠮᠵᠢᠯᠴᠠᠬᠤ ᠴᠢᠨᠠᠷ ᠢᠯᠡᠳᠲᠡ ᠴᠢᠩᠭᠠᠷᠠᠪᠠ᠃ ︽ᠬᠤᠲᠠ ᠶᠢᠨ ᠬᠤᠣᠰ ᠵᠠᠰᠠᠯᠲᠠ︾ ᠶᠢ ᠬᠡᠷᠡᠭᠵᠢᠭᠦᠯᠵᠦ᠂ ᠵᠠᠮ  ᠤᠨ ᠰᠠᠭᠠᠳ ᠦᠭᠡᠢ ᠨᠡᠪᠲᠡᠷᠡᠬᠦ᠂ ᠦᠵᠡᠮᠵᠢ ᠶᠢᠨ ᠴᠣᠭᠴᠠᠯᠠᠯᠲᠠ᠂ ᠠᠳᠠᠯ ᠠᠬᠤᠢ ᠶᠢᠨ ᠵᠢᠷᠤᠮᠵᠢᠯ᠂ ᠲᠠᠷᠢᠶᠠᠯᠠᠩ  ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠵᠡᠷᠭᠡ ᠢᠨᠵᠧᠨᠧᠷᠢᠩ ᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ᠠᠮᠢᠳᠤᠷᠠᠯ ᠤᠨ ᠣᠷᠴᠢᠨ ᠲᠣᠭᠤᠷᠢᠨ ᠢ ᠨᠠᠩ ᠲᠠᠭᠠᠯᠠᠮᠵᠢᠲᠠᠢ ᠪᠤᠯᠭᠠᠪᠠ᠃ ︽ᠬᠤᠲᠠ ᠬᠥᠳᠡᠭᠡ ᠶᠢᠨ ᠬᠤᠣᠰ ᠥᠭᠡᠷᠡᠴᠢᠯᠡᠯᠲᠡ︾ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ᠂ ᠤᠰᠤ᠂ ᠴᠠᠬᠢᠯᠭᠠᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠦᠷᠭᠦᠯᠵᠢᠯᠡᠨ ᠳᠡᠭᠡᠭᠰᠢᠯᠡᠪᠡ᠃ ᠲᠦᠩᠯᠢᠶᠤᠤ ᠠᠴᠠ ᠬᠤᠤᠯᠢᠩᠭᠤᠤᠯ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠳᠠᠭᠤᠰᠬᠠᠵᠤ ᠂ ᠰᠢᠯᠢᠩᠬᠤᠲᠠ ᠠᠴᠠ ᠤᠯᠠᠭᠠᠨᠬᠤᠲᠠ ᠬᠦᠷᠬᠦ ᠲᠡᠮᠦᠷ ᠵᠠᠮ ᠪᠦᠬᠦ ᠲᠠᠯ᠎ᠠ ᠪᠠᠷ ᠠᠰᠢᠭᠯᠠᠯᠲᠠ ᠳᠤ ᠣᠷᠣᠪᠠ᠃ 111 ᠤᠯᠤᠰ ᠤᠨ ᠵᠠᠮ ᠪᠠ 334 ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠵᠠᠰᠠᠮᠠᠯ ᠵᠠᠮ ᠤᠨ ᠪᠦᠬᠦ ᠤᠷᠲᠤ 3250 ᠺᠢᠯᠤᠮᠧᠲᠷ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ  ᠠᠴᠠ 1010 ᠺᠢᠯᠤᠮᠧᠲᠷ ᠨᠡᠮᠡᠭᠳᠡᠨ᠂ ᠭᠠᠴᠠᠭ᠎ᠠ ᠲᠣᠰᠬᠤᠨ ᠪᠣᠯᠭᠠᠨ ᠳᠤ ᠵᠠᠰᠠᠮᠠᠯ ᠵᠠᠮ ᠨᠡᠪᠲᠡᠷᠡᠵᠦ᠂ ᠠᠶᠢᠯ ᠪᠣᠯᠭᠠᠨ ᠳᠤ ᠰᠠᠭᠠᠳ ᠦᠭᠡᠢ ᠨᠡᠪᠲᠡᠷᠡᠬᠦ ᠨᠣᠷᠮ᠎ᠠ 97 % ᠳᠤ ᠬᠦᠷᠪᠡ᠃ ᠤᠰᠤᠨ ᠠᠰᠢᠭᠯᠠᠯᠲᠠ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠡᠶᠢᠲᠡ 4.8 ᠳ᠋ᠦᠩᠰᠢᠭᠤᠷ ᠲᠥᠭᠦᠷᠢᠭ ᠣᠷᠣᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠪᠦᠬᠦ ᠲᠠᠯ᠎ᠠ ᠪᠠᠷ ᠴᠢᠩᠭᠠᠳᠬᠠᠪᠠ᠃ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠥᠭᠡᠷᠡᠴᠢᠯᠡᠯᠲᠡ ᠶᠢᠨ ᠪᠦᠷᠬᠦᠴᠡ ᠶᠢᠨ ᠨᠣᠷᠮ᠎ᠠ 49 % ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠠᠩᠭᠠᠬᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃      ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠰᠠᠶᠢᠵᠢᠷᠠᠪᠠ᠃ ᠠᠷᠠᠳ ᠤᠨ ᠠᠮᠢᠳᠤᠷᠠᠯ ᠳᠤ ᠨᠡᠶᠢᠲᠡ 123 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79 % ᠶᠢ ᠡᠵᠡᠯᠡᠪᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠶᠢᠨ ᠪᠠᠷᠢᠮᠵᠢᠶ᠎ᠠ ᠶᠢ ᠲᠤᠰ ᠲᠤᠰ 73 % ᠪᠠ 71 % ᠪᠠᠷ ᠳᠡᠭᠡᠭᠰᠢᠯᠡᠭᠦᠯᠪᠡ᠃ ᠬᠤᠲᠠ ᠪᠠᠯᠭᠠᠰᠤᠨ ᠤ 9424 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 12.2 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ 2498 ᠢᠵᠢ ᠭᠡᠷ ᠪᠠᠶᠢᠰᠢᠩ᠂ 3916 ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ 25776 ᠡᠷᠦᠬᠡ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠵᠦ᠂ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠰᠢᠶᠠᠨ︾ ᠢᠶᠠᠷ ᠦᠨᠡᠯᠡᠭᠳᠡᠪᠡ᠃ ᠠᠯᠪᠠᠨ ᠠᠴᠠ ᠪᠠᠶᠢᠭᠤᠯᠤᠭᠰᠠᠨ 4 ᠡᠮᠨᠡᠯᠭᠡ ᠶᠢᠨ ᠬᠤᠷᠢᠶ᠎ᠠ ᠪᠦᠬᠦᠨ ᠢᠶᠠᠷ ᠢᠶᠠᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠶᠯᠡᠴᠢᠯᠡᠭᠡᠨ ᠤ ᠬᠢᠷᠢ ᠲᠦᠪᠰᠢᠨ ᠳᠤ ᠬᠥᠷᠪᠡ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠢ ᠴᠢᠩᠭ᠎ᠠ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠴᠢᠬᠤᠯᠠ ᠶᠡᠭᠡ ᠠᠮᠵᠢᠯᠲᠠ ᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠪᠠ᠃ ᠱᠠᠰᠢᠨ ᠰᠤᠷᠲᠠᠬᠤᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠡᠳᠬᠦᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠢ ᠴᠢᠩᠭᠠᠳᠬᠠᠪᠠ᠃ ᠠᠵᠢᠯᠴᠢᠨ᠂ ᠡᠪ ᠬᠠᠮᠲᠤ ᠵᠠᠯᠠᠭᠤᠴᠤᠳ᠂ ᠡᠮᠡᠭᠲᠡᠶᠢᠴᠦᠳ᠂ ᠦᠢᠯᠡᠳᠪᠦᠷᠢ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠪᠠ᠃      ᠵᠠᠰᠠᠭ ᠤᠨ ᠤᠷᠳᠤᠨ ᠤ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠷᠠᠪᠠ᠃ ᠵᠠᠰᠠᠭ ᠤᠨ ᠣᠷᠳᠣᠨ ᠤ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠡᠯ᠎ᠡ ᠵᠦᠶᠯ ᠤᠨ ᠠᠵᠢᠯ ᠳᠤ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠤᠯᠤᠰ ᠤᠨ ᠲᠠᠰ ᠤᠨ ᠬᠠᠮᠲᠤ ᠨᠡᠶᠢᠲᠡ ︵ᠬᠤᠪᠢ ᠬᠥᠮᠦᠨ︶ ᠶᠢᠨ ᠬᠥᠬᠢᠭᠦᠯᠦᠯ ᠭᠥᠷᠳᠡᠭᠰᠡᠨ ᠢᠷᠠᠭᠤ ᠠᠯᠳᠠᠷ ᠨᠡᠶᠢᠲᠡ 59 ᠵᠦᠶᠯ᠂ ᠥᠪᠡᠷᠲᠡᠭᠡᠨ ᠵᠠᠰᠠᠬᠤ ᠣᠷᠣᠨ ᠤ ᠲᠠᠰ ᠤᠨ 147 ᠵᠦᠶᠯ ᠪᠣᠶ ᠃ ᠵᠠᠰᠠᠭ ᠤᠨ ᠣᠷᠳᠣᠨ ᠤ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢᠨ ᠡᠭᠦᠷᠭᠡ ᠶᠢ 590 ᠵᠦᠢᠯ ᠪᠡᠶᠡᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠡᠭᠦᠷᠭᠡ ᠴᠢᠳᠠᠪᠤᠷᠢ ᠶᠢᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠰᠢᠨ᠎ᠡ ᠭᠠᠵᠠᠷ ᠢ ᠠᠰᠢᠭᠯᠠᠯᠲᠠ ᠳᠤ ᠣᠷᠣᠭᠤᠯᠪᠠ᠃  ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ  ︾  ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠪᠡ᠃  ︽ᠭᠠᠳᠠᠭᠰᠢ ᠭᠠᠷᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂  ᠬᠤᠸᠠ ᠴᠢᠶᠣᠣ ᠴᠧᠩ ᠪᠦᠯᠦᠭᠯᠡᠯ᠂ ᠳᠤᠮᠳᠠᠳᠤ ᠤᠯᠤᠰ  ᠤᠨ ᠺᠢᠨᠣ᠋ ᠰᠡᠬᠦᠳᠡᠷᠯᠡᠨ ᠦᠢᠯᠡᠳᠬᠦ ᠪᠦᠯᠦᠭᠯᠡᠯ᠂ ᠳᠤᠮᠳᠠᠳᠤ ᠣᠯᠤᠰ ᠤᠨ ᠵᠠᠯᠠᠭᠤᠴᠤᠳ ᠤᠨ ᠵᠢᠭᠤᠯᠴᠢᠯᠠᠯ ᠤᠨ ᠭᠠᠵᠠᠷ᠂ ᠬᠤᠩ ᠠᠨ ᠪᠦᠯᠦᠭᠯᠡᠯ᠂ ᠢ ᠯᠢ ᠶᠤᠸᠠᠨ ᠺᠣᠮᠫᠠᠨᠢ᠂ ᠬᠤᠸᠠ ᠶᠠᠩ ᠪᠦᠯᠦᠭᠯᠡᠯ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠯᠳᠤᠭᠤᠯᠤᠨ ᠬᠠᠮᠲᠤᠷᠠᠯᠴᠠᠵᠤ᠂ ᠨᠡᠶᠢᠲᠡ 92 ᠲᠥᠷᠥᠯ ᠵᠦᠶᠯ ᠢ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠤᠷᠤᠭᠤᠯᠤᠭᠰᠨ ᠳᠤᠭ᠎ᠠ 107 ᠳ᠋ᠦᠩᠰᠢᠭᠤᠷ ᠲᠥᠭᠦᠷᠢᠭ ᠲᠤ ᠬᠦᠷᠪᠡ᠃      ᠲᠥᠯᠥᠭᠡᠯᠡᠭᠴᠢᠳ ᠡ︕ ᠲᠠᠪᠤᠨ ᠵᠢᠯ ᠤᠨ ᠲᠡᠮᠡᠴᠡᠯ ᠤᠨ ᠶᠠᠪᠤᠴᠠ ᠪᠡᠷᠬᠡ ᠬᠠᠲᠠᠭᠤᠵᠢᠯᠲᠠᠢ ᠪᠠᠶᠢᠵᠤ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠃ ᠡᠨᠡ ᠪᠣᠯ ᠬᠤᠨᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠮᠥᠨᠴᠦ ᠲᠥᠪ ᠤᠨ ᠤᠬᠠᠭᠤᠯᠬᠤ ᠬᠡᠯᠲᠡᠰ ᠠᠴᠠ ᠲᠣᠭᠲᠠᠭᠰᠠᠨ ᠴᠡᠭ ᠲᠤ ᠬᠠᠪᠰᠤᠷᠤᠨ ᠲᠡᠳᠬᠦᠵᠦ ᠂ ᠪᠡᠭᠡᠵᠢᠩ ᠥᠪᠥᠷ ᠮᠣᠩᠭᠤᠯ ᠬᠠᠮᠵᠢᠯᠴᠠᠨ ᠬᠠᠪᠰᠤᠷᠤᠨ ᠲᠡᠳᠬᠦᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠭᠰᠠᠨ ᠪᠠ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠵᠤ᠂ ᠳᠠᠮᠵᠢᠵᠤ᠂ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ  ᠢᠶᠠᠨ ᠳᠡᠪᠰᠢᠭᠦᠯᠦᠶ᠎ᠡ︕     ᠠᠮᠵᠢᠯᠲᠠ ᠪᠠᠨ ᠣᠯᠵᠤ ᠬᠠᠷᠠᠬᠤ ᠶᠢᠨ ᠵᠡᠷᠭᠡ ᠪᠠᠷ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠵᠤ ᠪᠠᠶᠢᠨ᠎ᠠ᠂ ᠡᠨᠡ ᠨᠢ ᠭᠤᠤᠯᠳᠠᠭᠤ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠤᠷ᠎ᠠ᠂ ᠠᠵᠤ ᠠᠬᠤᠶ ᠪᠠᠭᠤᠷᠠᠬᠤ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠬᠡᠰᠡᠭ ᠠᠵᠢᠯ ᠲᠥᠷᠥᠯ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠬᠤ ᠳᠡᠭᠡᠷ᠎ᠡ ᠢᠯᠡᠷᠡᠵᠦ ᠪᠠᠶᠢᠨ᠎ᠠ︔ ᠲᠤᠮᠤ ᠳᠦᠷᠦᠯ ᠵᠦᠢᠯ᠂ ᠰᠠᠶᠢᠨ ᠳᠦᠷᠦᠯ ᠵᠦᠢᠯ ᠴᠥᠭᠡᠨ ᠪᠠᠶᠢᠨ᠎ᠠ︔ ᠠᠵᠤ ᠦᠢᠯᠡᠰ ᠤᠨ ᠬᠡᠪᠴᠢᠶ᠎ᠡ ᠪᠠᠭ᠎ᠠ᠂ ᠳᠡᠰ ᠳᠠᠪᠬᠤᠷᠭ᠎ᠠ ᠥᠨᠳᠥᠷ ᠪᠤᠰᠤ᠂ ᠪᠦᠲᠦᠴᠡ ᠰᠢᠯᠢᠳᠡᠭ ᠪᠤᠰᠤ᠂ ᠳᠠᠭᠠᠭᠤᠯᠤᠭᠴᠢ ᠠᠵᠤ ᠠᠬᠤᠶᠢᠯᠠᠯ ᠳᠤᠲᠠᠭᠳᠠᠵᠤ᠂ ᠥᠷᠢᠰᠥᠯᠳᠦᠬᠦ ᠬᠦᠴᠦᠨ ᠴᠢᠩᠭ᠎ᠠ ᠪᠤᠰᠤ  ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠂ ᠪᠠᠶᠢᠭᠤᠯᠭ᠎ᠠ ᠶᠢᠨ ᠦᠢᠯᠡᠳᠦᠯ ᠴᠢᠳᠠᠪᠤᠷᠢ᠂ ᠨᠡᠶᠢᠭᠡᠮ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠠᠯᠬᠤᠮ ᠠᠯᠬᠤᠮ ᠢᠶᠠᠷ ᠰᠢᠢᠳᠪᠦᠷᠢᠯᠡᠨ᠎ᠡ᠃     ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ     ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ  ᠤ ᠠᠯᠤᠰ ᠤᠨ ᠬᠠᠷᠠᠯᠲᠠ ᠶᠢᠨ ᠬᠥᠲᠥᠯᠪᠦᠷᠢ  ︵ᠲᠥᠰᠦᠯ︶︾ ᠶᠢ ᠲᠣᠭᠲᠠᠭᠠᠵᠤ᠂ ᠲᠣᠰ ᠤᠳᠠᠭᠠᠨ ᠤ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠰᠢᠨ᠎ᠡ ᠬᠥᠭᠵᠢᠯᠲᠡ ᠶᠢᠨ ᠱᠠᠲᠤ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ︽ᠬᠤᠶᠠᠷ ᠬᠠᠯᠬᠠᠪᠴᠢ︾ ᠶᠢ ᠪᠠᠶᠢᠭᠤᠯᠬᠤ᠂ ︽ᠬᠤᠶᠠᠷ ᠰᠠᠭᠤᠷᠢᠨ︾ ᠢ ᠪᠥᠲᠥᠭᠡᠨ ᠪᠠᠶᠢᠭᠤᠯᠬᠤ᠂  ︽ᠨᠢᠭᠡ ᠬᠥᠭᠦᠷᠭᠡᠨ ᠪᠠᠬᠢᠯᠡᠯᠲᠡ︾ ᠶᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠠᠵᠤ ᠠᠬᠤᠶ  ᠶᠢᠨ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠢ ᠠᠯᠬᠤᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠳᠠᠪᠰᠢᠯᠲᠠ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠠᠩ ᠥᠨᠳᠥᠷ ᠲᠦᠪᠰᠢᠨ ᠳᠤ ᠬᠦᠷᠭᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ 2035 ᠣᠨ ᠪᠣᠯᠬᠤ ᠳᠤ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃     ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ᠄ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠠᠵᠤ ᠦᠶᠯᠡᠰ ᠤᠨ ᠬᠥᠭᠵᠢᠨ ᠪᠤᠵᠠᠭᠠᠶᠢᠷᠬᠠᠤ ᠶᠢ ᠲᠤᠬᠠᠶ  ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠤᠨ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠤᠨ ᠣᠷᠣᠨ ᠢ ᠪᠠᠶᠢᠭᠤᠯᠤᠨ᠎ᠠ᠃ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃  ︽ᠠᠮᠢ ᠠᠬᠤᠢ ᠶᠢ ᠰᠠᠶᠢᠵᠢᠷᠠᠭᠤᠯᠤᠨ᠂ ᠦᠬᠡᠷ ᠤᠨ ᠦᠢᠯᠡᠰ ᠢ ᠬᠦᠭᠵᠢᠬᠦᠯᠦᠨ᠂ ᠰᠣᠶᠣᠯ ᠵᠢᠭᠤᠯᠴᠢᠯᠠᠯ ᠢ ᠬᠦᠭᠵᠢᠬᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ  ᠨᠠᠶᠢᠳᠠᠪᠦᠷᠢᠵᠢᠭᠤᠯᠵᠤ᠂ ︽ᠬᠤᠶᠠᠷ ᠠᠭᠤᠯᠠ︾ ᠶᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ᠂ ᠴᠡᠪᠡᠷ ᠡᠨᠧᠷᠭᠢ ᠶᠢ ᠦᠶᠯᠡᠳᠪᠦᠷᠢᠯᠡᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠪᠠ ᠬᠤᠷᠴᠢᠨ ᠤ ᠰᠣᠶᠣᠯ ᠵᠢᠭᠤᠯᠴᠢᠯᠠᠯ ᠤᠨ ᠬᠡᠰᠡᠭ ᠣᠷᠣᠨ ᠤ ᠬᠥᠲᠥᠴᠢ ᠶᠢᠨ ᠪᠡᠶᠡᠴᠢᠯᠡᠨ ᠣᠶᠢᠯᠠᠭᠠᠬᠤ ᠣᠷᠣᠨ ᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠳᠠᠪᠠᠭᠤᠯᠢᠭ ᠢ ᠵᠤᠵᠠᠭᠠᠳᠬᠠᠨ᠎ᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂  ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ  ᠶᠢ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭᠠᠳᠬᠠᠵᠤ᠂ ᠣᠶ ︵ᠨᠤᠲᠤᠭ︶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠭᠡᠷ ᠣᠷᠣᠨ ᠢ ᠪᠦᠲᠦᠭᠡᠨ ᠪᠠᠢᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠤᠰ ᠬᠥᠳᠡᠯᠭᠡᠭᠦᠷ ᠢ ᠪᠠᠷᠢᠮᠲᠠᠯᠠᠵᠤ᠂ ᠰᠠᠭᠤᠷᠢᠰᠢᠬᠤ ᠳᠤ ᠲᠣᠬᠢᠷᠠᠮᠵᠢᠲᠠᠶ ᠬᠤᠰᠢᠭᠤ ᠰᠢᠶᠠᠨ ᠤ ᠬᠤᠲᠠ ᠪᠠᠷ ᠬᠥᠲᠥᠯᠥᠨ ᠳᠠᠭᠠᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠪᠠ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠬᠥᠭᠵᠢᠯᠲᠡ ᠶᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠢ᠂ ᠦᠷᠭᠦᠯᠵᠢᠯᠡᠬᠦ ᠤᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号