ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠬᠦ ᠠᠩᠬᠠᠨ ᠤ ᠵᠢᠯ ᠪᠣᠯᠤᠨ᠎ᠠ᠃ ᠰᠠᠶᠢᠨ ᠡᠬᠢᠯᠡᠯᠲᠡ ᠲᠠᠢ ᠪᠣᠯᠬᠤ ᠨᠢ ᠲᠤᠶᠢᠯ ᠤᠨ ᠴᠢᠬᠤᠯᠠ ᠶᠤᠮ᠃ ᠪᠢᠳᠠ | ᠬᠤᠰᠢᠭᠤᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ | ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠳᠤᠭᠤᠰᠢᠯᠠᠭᠤᠯᠤᠨ | ᠨᠠᠢᠳᠠᠪᠤᠷᠢᠵᠢᠭᠤᠯᠬᠤ ᠬᠡᠷᠡᠭᠲᠡᠢ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠳᠤᠭᠤᠰᠢᠯᠠᠭᠤᠯᠤᠨ᠂ ᠰᠢᠨ᠎ᠡ ᠬᠥᠭᠵᠢᠯᠲᠡ ᠳᠤ ᠦᠶᠯᠡᠴᠢᠯᠡᠬᠦ ᠪᠠᠶᠢᠷᠢᠰᠢᠯ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂︽ᠠᠮᠢ ᠠᠬᠤᠢ ᠶᠢ | ᠰᠠᠶᠢᠵᠢᠷᠠᠭᠤᠯᠤᠨ᠂ ᠦᠬᠡᠷ ᠤᠨ ᠦᠢᠯᠡᠰ ᠢ ᠬᠦᠭᠵᠢᠬᠦᠯᠦᠨ᠂ ᠰᠣᠶᠣᠯ ᠵᠢᠭᠤᠯᠴᠢᠯᠠᠯ ᠢ ᠬᠦᠭᠵᠢᠬᠦᠯᠬᠦ︾ ᠪᠠᠶᠢᠯᠳᠤᠬᠤ | ᠪᠤᠳᠤᠯᠭ᠎ᠠ ᠶᠢ ᠬᠦᠨᠵᠡᠬᠡᠢ ᠨᠠᠶᠢᠳᠠᠪᠦᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠳᠦᠯᠦᠪᠯᠡᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ | ᠢ ᠪᠠᠬᠢᠵᠢᠭᠦᠯᠦᠨ ᠦᠷᠭᠡᠳᠭᠡᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠪᠠ | ᠴᠡᠪᠡᠷ ᠡᠨᠧᠷᠭᠢ ᠶᠢ ᠦᠶᠯᠡᠳᠪᠦᠷᠢᠯᠡᠵᠦ ᠭᠠᠳᠠᠭᠰᠢ ᠭᠠᠷᠭᠠᠬᠤ ︽ᠬᠤᠶᠠᠷ ᠰᠠᠭᠤᠷᠢᠨ ᠭᠠᠵᠠᠷ︾ ᠢ ᠲᠦᠷᠭᠡᠳᠬᠡᠨ | ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠳᠤᠯᠠᠵᠤ᠂ ᠰᠠᠶᠢᠬᠠᠨ | ᠠᠯᠬᠤᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 6 % ᠣᠷᠴᠢᠮ ᠳᠤ ᠬᠦᠷᠦᠭᠦᠯᠦᠨ᠎ᠡ︔ ᠰᠠᠭᠤᠭᠠᠯᠢ ᠠᠷᠠᠳ | ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ︔ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ | ᠤᠯᠠᠮ ᠨᠢᠭᠡ ᠠᠯᠬᠤᠮ ᠰᠠᠶᠢᠵᠢᠷᠠᠭᠤᠯᠤᠨ᠎ᠠ︔ ᠠᠮᠤ ᠪᠤᠳᠠᠭᠠᠨ ᠤ ᠤᠨᠠᠯᠲᠠ 20 ᠳ᠋ᠦᠩᠰᠢᠭᠤᠷ ᠵᠢᠩ ᠠᠴᠠ ᠳᠡᠭᠡᠭᠰᠢ | ᠪᠠᠶᠢᠬᠤ ᠶᠢ ᠪᠠᠳᠤᠯᠠᠨ᠎ᠠ᠃ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠴᠦᠯᠡᠨ | ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ | ᠢ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ | ᠰᠠᠶᠢᠲᠤᠷ ᠬᠢᠵᠦ᠂ ᠶᠠᠳᠠᠭᠤ ᠬᠦᠴᠢᠷᠳᠡᠯ ᠢ ᠪᠠᠭᠠᠰᠬᠠᠬᠤ ᠦᠷᠭᠦᠯᠵᠢᠯᠡᠬᠦ ᠬᠦᠴᠦᠨ ᠢ ᠳᠡᠭᠡᠭᠰᠢᠯᠡᠭᠦᠯᠵᠦ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠶᠢ ᠪᠠᠶᠢᠩᠭᠤᠵᠢᠭᠤᠯᠬᠤ᠂ ᠤᠷᠳᠤ | ᠬᠤᠭᠤᠴᠠᠭ᠎ᠠ ᠪᠦᠲᠦᠮᠵᠢᠲᠡᠢ ᠪᠣᠯᠭᠠᠬᠤ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ | ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠵᠦ ᠪᠠᠶᠢᠭᠰᠠᠨ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ | ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠳᠤᠯᠠᠨ᠎ᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠣᠷᠣᠯᠭ᠎ᠠ ᠶᠢᠨ ᠬᠢᠷᠢ ᠬᠡᠮᠵᠢᠶ᠎ᠡ ᠶᠢᠨ ᠬᠤᠪᠢᠷᠠᠯᠲᠠ ᠪᠠ ︽ᠬᠤᠶᠠᠷ ᠲᠤ ᠵᠣᠪᠠᠭ᠋ᠤ ᠥᠬᠡᠶ ᠭᠤᠷᠪᠠ | ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠰᠢᠨᠵᠢᠵᠦ᠂ ᠡᠷᠲᠡ ᠢᠯᠡᠷᠡᠭᠦᠯᠦᠨ᠂ | ᠡᠷᠲᠡ ᠬᠠᠪᠰᠤᠷᠤᠨ ᠲᠡᠳᠬᠦᠬᠦ ᠶᠢ ᠪᠡᠶᠡᠯᠡᠭᠦᠯᠦᠨ᠎ᠡ᠃ ︽ᠬᠤᠶᠠᠷ ᠤᠨ ᠬᠤᠭᠤᠷᠤᠨᠲᠦ ᠪᠠᠶᠢᠭ᠎ᠠ ᠡᠷᠦᠬᠡ︾᠂ ︽ᠬᠢᠨᠠᠨ | ᠰᠢᠨᠵᠢᠭᠳᠡᠬᠦ ᠡᠷᠦᠬᠡ︾ ᠵᠡᠷᠭᠡ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭ᠎ᠠ︾ ᠶᠢᠨ ᠠᠪᠤᠷᠠᠨ ᠲᠤᠰᠠᠯᠠᠬᠤ ᠶᠢ ᠥᠷᠨᠢᠭᠦᠯᠬᠦ᠂ | ᠶᠠᠳᠠᠭᠤ ᠶᠢ ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠬᠤ ᠵᠡᠷᠭᠡ ᠣᠯᠠᠨ ᠵᠦᠶᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠡᠪᠡᠳᠴᠢᠨ᠂ ᠭᠠᠮᠰᠢᠭ᠂ ᠦᠶᠯᠡᠳᠪᠦᠷᠢᠯᠡᠯ ᠡᠵᠡᠩᠨᠡᠯᠲᠡ ᠨᠢ ᠠᠨᠠᠶ ᠪᠠ ᠭᠡᠨᠡᠳᠲᠡ ᠶᠢᠨ | ᠶᠠᠪᠤᠳᠠᠯ ᠵᠡᠷᠭᠡ ᠪᠠᠶᠢᠳᠠᠯ ᠠᠴᠠ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠨ᠎ᠡ᠃ | ᠬᠥᠳᠡᠯᠮᠦᠷᠢᠯᠡᠬᠦ ᠴᠢᠳᠠᠪᠤᠷᠢ ᠲᠠᠢ ᠶᠢ ᠨᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ | ᠪᠠᠷᠢᠮᠲᠠᠯᠠᠵᠤ᠂ ᠲᠡᠳᠡᠨ ᠢ ᠬᠠᠪᠰᠤᠷᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠢ ᠳᠡᠭᠡᠭᠰᠢᠯᠡᠭᠦᠯᠵᠦ | ᠂ ᠠᠵᠤ ᠦᠢᠯᠡᠰ ᠢᠶᠠᠷ ᠳᠡᠳᠬᠦᠵᠤ᠂ ᠦᠢᠯᠡᠴᠢᠯᠡᠬᠦ ᠡᠷᠴᠢᠮ ᠢ ᠨᠢ ᠴᠢᠩᠭᠠᠷᠠᠭᠤᠯᠵᠤ᠂ ᠠᠵᠤ ᠦᠢᠯᠡᠰ ᠤᠨ ᠲᠡᠰ | ᠲᠡᠪᠰᠢᠨ ᠪᠤᠵᠠᠭᠠᠢᠢᠷᠠᠬᠤ ᠶᠢ ᠨᠢ ᠲᠡᠮᠵᠢᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠬᠤᠶᠠᠷ ᠭᠠᠷ ᠢᠶᠠᠷ ᠢᠶᠠᠨ | ᠠᠵᠢᠯᠴᠢ ᠬᠥᠳᠡᠯᠮᠦᠷᠢ ᠪᠠᠷ ᠢᠶᠠᠨ ᠪᠠᠶᠠᠵᠢᠬᠤ ᠶᠢ ᠵᠣᠷᠢᠭᠵᠢᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠥᠬᠡᠶ ᠬᠥᠮᠦᠨ | ᠠᠮᠠ ᠳᠤ ᠦᠨᠳᠦᠰᠦᠨ ᠵᠦᠶᠯ ᠢ ᠪᠠᠲᠤᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠲᠣ ᠶᠢᠨ | ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠵᠤ᠂ ᠪᠠᠲᠤᠯᠠᠭ᠎ᠠ ᠶᠢᠨ ᠬᠢᠷᠢ | ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠢ ᠴᠢᠩᠭᠠᠷᠠᠭᠤᠯᠤᠨ᠂ ᠬᠥᠳᠡᠯᠮᠦᠷᠢᠯᠡᠬᠦ ᠴᠢᠳᠠᠪᠤᠷᠢ ᠲᠠᠢ ᠪᠠ ᠬᠤᠶᠠᠷ ᠤᠨ ᠬᠤᠭᠤᠷᠣᠨᠳᠣ ᠪᠠᠶᠢᠭ᠎ᠠ | ᠠᠮᠠᠷᠬᠠᠨ ᠶᠠᠳᠠᠭᠤᠷᠠᠬᠤ ᠬᠥᠮᠦᠨ ᠠᠮᠠ ᠶᠢᠨ ᠡᠯ᠎ᠡ ᠲᠥᠷᠥᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ | ᠳᠤ ᠣᠷᠣᠯᠴᠠᠬᠤ ᠶᠢ ᠬᠥᠲᠥᠯᠥᠨ ᠵᠢᠯᠣᠭᠤᠳᠴᠤ ᠲᠣᠬᠢᠷᠠᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠬᠠᠮᠢᠶᠠᠷᠤᠯᠲᠠ ᠶᠢ ᠴᠢᠩᠭᠠᠳᠬᠠᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠥᠮᠴᠢᠯᠡᠬᠦ ᠡᠷᠬᠡ ᠶᠢ | ᠲᠣᠳᠣᠷᠬᠠᠶᠢᠯᠠᠨ᠂ ᠬᠠᠮᠢᠶᠠᠷᠤᠯᠲᠠ ᠶᠢ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠷᠲᠡᠭ ᠢ | ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ 5600 ᠲᠦᠮᠡᠨ ᠲᠥᠭᠦᠷᠢᠭ ᠤᠨ ᠶᠡᠷᠦᠩᠬᠡᠶ ᠪᠠᠯᠠ | ᠣᠷᠣᠭᠤᠯᠤᠯᠲᠠ ᠲᠠᠢ ᠠᠵᠤ ᠦᠶᠯᠡᠰ ᠤᠨ ᠬᠥᠭᠵᠢᠯᠲᠡ᠂ ᠰᠠᠭᠤᠷᠢ ᠳᠦᠬᠦᠭᠡᠷᠦᠮᠵᠢ᠂ ᠬᠡᠷᠡᠭᠯᠡᠭᠡ ᠪᠠᠷ ᠶᠠᠳᠠᠭᠤ ᠶᠢ | ᠲᠡᠳᠬᠦᠬᠦ᠂ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ 22 | ᠭᠤᠤᠯᠳᠠᠯᠭ᠎ᠠ ᠲᠠᠢ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠣᠯᠠᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ | ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠡᠶᠢᠰᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠶᠠᠪᠤᠴᠠ ᠳᠤ ᠪᠦᠷᠢᠯᠳᠦᠭᠰᠡᠨ ᠠᠵᠤ ᠦᠢᠯᠡᠰ ᠢ ᠦᠷᠭᠦᠯᠵᠢᠯᠡᠨ ᠤᠷᠳᠤ ᠬᠤᠭᠤᠴᠠᠭ᠎ᠠ ᠪᠠᠷ ᠳᠡᠮᠵᠢᠬᠦ | ᠪᠠ ᠪᠣᠶᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠶᠠᠳᠠᠭᠤ ᠶᠢ ᠲᠡᠳᠬᠦᠬᠦ ᠲᠤᠰᠬᠠᠶ ᠵᠦᠢᠯ ᠢ ᠭᠤᠶᠤᠴᠢᠯᠠᠬᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ | ᠵᠡᠷᠭᠡ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠨ᠂ ᠶᠠᠳᠠᠭᠤ ᠶᠢ ᠲᠡᠳᠬᠦᠬᠦ ᠪᠡᠯᠡ ᠮᠥᠩᠭᠦ ᠶᠢ 2 | ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ ᠤᠯᠵᠤ᠂ ᠠᠵᠤ ᠦᠢᠯᠡᠰ ᠤᠨ ᠬᠥᠭᠵᠢᠯᠲᠡ ᠳᠤ ᠭᠤᠣᠯᠳᠠᠯᠭ᠎ᠠ | ᠲᠠᠢ ᠭᠡᠷᠡᠭᠯᠡᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ | ᠤᠨ ᠰᠠᠭᠤᠷᠢ ᠳᠦᠬᠦᠭᠡᠷᠦᠮᠵᠢ᠂ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠬᠦ᠂ ᠦᠷ᠎ᠡ ᠶᠢᠨ ᠢᠨᠵᠧᠨᠧᠷᠢᠩ᠂ | ᠬᠦᠷᠢᠶ᠎ᠡ ᠬᠠᠰᠢᠶᠠᠨ ᠤ ᠠᠵᠤ ᠠᠬᠤᠶ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠨᠢᠭᠡ ᠪᠦᠯᠦᠭ | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠰ ᠤᠨ ᠰᠠᠭᠤᠷᠢ | ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠨ᠎ᠡ᠃ ᠠᠯᠠᠰᠢᠨ ᠦᠬᠡᠷ᠂ ᠠᠯᠠᠰᠢᠨ ᠬᠤᠨᠢ᠂ ᠤᠰᠤᠨ ᠲᠤᠲᠤᠷᠭ᠎ᠠ᠂ | ᠡᠷᠳᠡᠨᠢ ᠰᠢᠰᠢ᠂ ᠪᠣᠭᠤᠳᠠᠶ᠂ ᠳᠡᠯᠳᠡᠦ᠂ ᠢᠳᠡᠰᠢᠨ ᠨᠣᠭᠤᠭ᠎ᠠ᠂ ᠬᠠᠳᠬᠤᠮᠠᠯ᠂ ᠵᠢᠭᠤᠯᠴᠢᠯᠠᠯ ᠵᠡᠷᠭᠡ ᠠᠵᠤ ᠦᠶᠯᠡᠰ | ᠤᠨ ᠲᠣᠭᠤᠷᠢᠨ ᠳᠤ᠂ ᠨᠢᠭᠡ ᠪᠦᠯᠦᠭ ᠪᠠᠷᠢᠮᠵᠢᠶᠠᠲᠤ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠢ | ᠲᠥᠪᠯᠡᠷᠡᠭᠦᠯᠦᠨ ᠪᠥᠲᠥᠭᠡᠨ ᠪᠠᠶᠢᠭᠤᠯᠵᠤ ᠪᠣᠶᠢᠵᠢᠭᠤᠯᠤᠨ᠂ ᠡᠷᠴᠢᠮᠵᠢᠭᠦᠯᠦᠨ ᠡᠳ᠋ᠰᠢᠭᠦᠯᠦᠨ ᠬᠤᠪᠢᠷᠠᠭᠤᠯᠵᠤ᠂ ᠠᠰᠢᠭ | ᠲᠤᠰᠠ ᠶᠢ ᠨᠢᠭᠲᠠ ᠨᠢᠭᠡ ᠴᠣᠭᠴᠠᠵᠢᠭᠤᠯᠤᠭᠰᠠᠨ ︽ᠨᠢᠭᠡ ᠲᠣᠰᠬᠤᠨ ᠨᠢᠭᠡ ᠦᠶᠯᠡᠳᠬᠦᠨ︾ ᠤ ᠵᠢᠱᠢᠶ᠎ᠡ | ᠦᠵᠡᠭᠦᠯᠬᠦ ᠭᠠᠴᠠᠭ᠎ᠠ᠂ ᠰᠤᠮᠤ ᠪᠠᠯᠭᠠᠰᠤ ᠶᠢ ᠪᠠᠶᠢᠭᠤᠯᠵᠤ᠂ ᠳᠠᠭᠠᠭᠤᠯᠤᠭᠴᠢ ᠠᠵᠤ ᠠᠬᠤᠶᠢᠯᠠᠯ᠂ ᠰᠢᠨ᠎ᠡ ᠬᠡᠯᠪᠡᠷᠢ | ᠶᠢᠨ ᠡᠵᠡᠩᠨᠡᠯᠲᠡ ᠶᠢᠨ ᠭᠤᠤᠯ ᠴᠣᠭᠴᠠ᠂ ᠠᠳᠠᠯ ᠦᠶᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ | ᠵᠡᠷᠭᠡ ᠶᠠᠳᠠᠭᠤ ᠶᠢ ᠲᠡᠳᠬᠦᠬᠦ ᠭᠤᠤᠯ ᠴᠣᠭᠴᠠ ᠶᠢᠨ ᠦᠶᠯᠡᠳᠦᠯ ᠢ ᠪᠠᠳᠠᠷᠠᠭᠤᠯᠤᠨ᠂ ᠮᠠᠯᠴᠢᠨ ᠲᠠᠷᠢᠶᠠᠴᠢᠨ ᠤ | ᠣᠷᠳᠣ ᠬᠤᠭᠤᠴᠠᠭ᠎ᠠ ᠪᠠᠷ ᠠᠰᠢᠭ ᠭᠥᠷᠳᠡᠵᠦ ᠪᠣᠯᠬᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠪᠠᠶᠢᠭᠤᠯᠵᠤ᠂ ᠶᠠᠳᠠᠭᠤ ᠶᠢ ᠲᠡᠳᠬᠦᠬᠦ ᠠᠵᠤ ᠦᠶᠯᠡᠰ ᠤᠨ ᠲᠠᠰ ᠳᠡᠪᠰᠢᠬᠦ ᠪᠠ ᠬᠥᠳᠡᠭᠡ ᠲᠣᠰᠬᠤᠨ ᠤ ᠠᠵᠤ | ᠦᠶᠯᠡᠰ ᠤᠨ ᠬᠥᠭᠵᠢᠨ ᠮᠠᠨᠳᠤᠬᠤ ᠶᠢ ᠠᠬᠢᠭᠤᠯᠤᠨ᠎ᠠ᠃ ᠣᠨᠴᠠᠯᠢᠭᠲᠤ ᠲᠠᠷᠢᠵᠤ ᠲᠡᠵᠢᠭᠡᠬᠦ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠠᠷᠢᠮᠠᠯ ᠪᠠ ᠮᠠᠯ | ᠵᠢᠭᠦᠷᠲᠡᠨ ᠤ ᠰᠠᠶᠢᠨ ᠡᠭᠦᠯᠳᠡᠷ ᠬᠤᠶᠠᠷ ᠵᠠᠩᠭᠢᠯᠠᠭ᠎ᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠢ | ᠳᠡᠯᠭᠡᠷᠡᠭᠦᠯᠬᠦ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠬᠤᠶᠠᠷ ᠠᠷᠭ᠎ᠠ ᠪᠠᠷᠢᠯ ᠢ ᠰᠠᠶᠢᠲᠤᠷ ᠬᠡᠷᠡᠭᠯᠡᠵᠦ | ᠂ ᠲᠠᠷᠢᠵᠤ ᠲᠡᠵᠢᠭᠡᠬᠦ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠭᠠᠴᠠᠭᠠᠨ ᠤ ᠬᠠᠮᠲᠤ ᠶᠢᠨ ᠠᠵᠤ ᠠᠬᠤᠢ | ᠶᠢ ᠪᠤᠵᠠᠭᠠᠶᠢᠷᠠᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠴᠢᠯᠥᠭᠡᠲᠡᠢ ᠪᠣᠯᠭᠠᠨ᠂ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠵᠦ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ | ᠪᠠᠯᠠ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ | ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠲᠣᠭᠲᠠᠭᠤᠨ ᠣᠷᠣᠯᠭ᠎ᠠ ᠶᠢ | ᠦᠨᠡᠨᠬᠦ ᠪᠠᠲᠤᠯᠠᠵᠤ᠂ ᠠᠶᠤᠯ ᠠᠴᠠ ᠠᠪᠤᠷᠠᠵᠤ ᠶᠠᠳᠠᠭᠤ ᠶᠢ ᠲᠡᠳᠬᠦᠬᠦ᠂ ᠶᠠᠳᠠᠭᠤ ᠶᠢ ᠪᠠᠭᠠᠰᠬᠠᠵᠤ ᠶᠠᠳᠠᠭᠤ ᠶᠢ | ᠲᠡᠳᠬᠦᠬᠦ ᠴᠢᠳᠠᠪᠤᠷᠢ ᠶᠢ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ | ᠶᠢᠨ ᠭᠤᠣᠯ ᠴᠣᠭᠴᠠ ᠶᠢ ᠲᠦᠷᠭᠡᠳᠬᠡᠨ ᠪᠣᠶᠢᠵᠢᠭᠤᠯᠵᠤ᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶ᠎ᠠ | 15 ᠶᠢ ᠪᠠᠶᠢᠭᠤᠯᠵᠤ᠂ ᠳᠦᠷᠢᠮᠵᠢᠭᠰᠡᠨ ᠬᠤᠷᠰᠢᠶ᠎ᠠ 50 ᠶᠢ ᠪᠠᠶᠢᠭᠤᠯᠤᠨ᠎ᠠ᠃ ᠬᠤᠰᠢᠭᠤ᠂ ᠰᠤᠮᠤ ᠪᠠᠯᠭᠠᠰᠤ ᠬᠤᠶᠠᠷ | ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠠᠪᠴᠠᠩ ᠢ | ᠪᠠᠶᠢᠭᠤᠯᠬᠤ ᠪᠠᠷ ᠴᠢᠷᠮᠠᠶᠢᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠭᠤᠷᠪᠠᠨ ᠲᠤᠰᠬᠠᠢ ᠨᠢᠭᠡ ᠲᠠᠪᠴᠠᠩ︾ ᠤᠨ | ᠪᠠᠶᠢᠭᠤᠯᠤᠯᠲᠠ ᠶᠢ ᠴᠢᠩᠭᠠᠳᠬᠠᠵᠤ᠂ ᠲᠦᠩᠵᠸᠤ ᠲᠣᠭᠤᠷᠢᠭ ᠲᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ | ᠪᠡᠭᠡᠵᠢᠩ ᠳᠤ ᠣᠷᠣᠭᠤᠯᠵᠤ ᠪᠣᠷᠣᠯᠠᠭᠤᠯᠬᠤ ᠵᠢᠱᠢᠶ᠎ᠡ ᠦᠵᠡᠭᠦᠯᠬᠦ ᠳᠡᠯᠭᠡᠭᠦᠷ ᠪᠠᠶᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠵᠡᠷᠭᠡ ᠪᠣᠷᠣᠯᠠᠭᠤᠯᠭ᠎ᠠ ᠶᠢᠨ ᠠᠷᠭ᠎ᠠ ᠵᠠᠮ ᠢ ᠪᠦᠲᠦᠮᠵᠢᠲᠡᠢ | ᠥᠷᠭᠡᠳᠬᠡᠨ᠎ᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠪᠡ ᠵᠢᠴᠢ 17 ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠦᠯᠢᠭᠡᠷ ᠳᠠᠭᠤᠷᠢᠶᠠᠯ ᠲᠣᠭᠤᠷᠢᠭ︾ ᠤᠨ ᠭᠤᠣᠯᠳᠠᠯᠭᠠᠲᠤ | ᠭᠠᠴᠠᠭᠠᠨ ᠤ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ | ᠢ ᠲᠦᠷᠭᠡᠳᠬᠡᠨ ᠠᠬᠢᠭᠤᠯᠵᠤ᠂ ᠠᠶᠢᠯ ᠲᠣᠰᠬᠤᠨ ᠤ ᠪᠠᠶᠢᠷᠢᠰᠢᠭᠤᠯᠤᠯ ᠤᠨ ᠲᠥᠷᠥᠯ ᠬᠤᠪᠢᠶᠠᠬᠤ ᠶᠢ | ᠲᠣᠳᠣᠷᠬᠠᠶᠢᠯᠠᠨ᠎ᠠ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢᠨ ᠭᠤᠣᠯᠳᠠᠯᠭ᠎ᠠ ᠶᠢ ᠦᠷᠭᠦᠯᠵᠢᠯᠡᠨ ᠲᠠᠷᠢᠶᠠᠯᠠᠬᠤ ᠮᠠᠯᠵᠢᠬᠤ ᠣᠷᠣᠨ ᠳᠤ ᠲᠠᠯᠪᠢᠵᠤ᠂ ᠲᠣᠰᠬᠤᠨ ᠢᠶᠠᠷ ᠬᠠᠮᠤᠷᠬᠤ᠂ | ᠡᠷᠦᠬᠡ ᠪᠠᠷ ᠤᠷᠲᠤᠳᠬᠠᠬᠤ ᠶᠢ ᠬᠦᠴᠦᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠮ ᠢ ᠰᠠᠭᠠᠳ ᠦᠭᠡᠢ | ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠡᠬᠢ ᠪᠠᠶᠠᠯᠢᠭ ᠤᠨ ᠵᠠᠮ᠂ ᠠᠵᠤ ᠦᠢᠯᠡᠰ | ᠤᠨ ᠵᠠᠮ᠂ ᠵᠢᠭᠤᠯᠴᠢᠯᠠᠯ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 3000 ᠲᠦᠮᠡᠨ | ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ 55.6 ᠺᠢᠯᠤᠮᠧᠲᠷ ᠤᠷᠲᠤ ᠠᠶᠢᠯ ᠳᠤ ᠨᠡᠪᠲᠡᠷᠡᠬᠦ ᠱᠦᠢᠨᠢ | ᠵᠠᠮ ᠪᠠ ᠬᠠᠶᠢᠷ ᠴᠢᠯᠠᠭᠤᠨ ᠵᠠᠮ ᠢ ᠳᠡᠪᠢᠰᠴᠦ᠂ ᠨᠦᠬᠦᠴᠡᠯ ᠳᠤ ᠨᠡᠶᠢᠴᠡᠭᠰᠡᠨ ᠠᠶᠢᠯ ᠪᠠ ᠲᠠᠷᠢᠶᠠᠯᠠᠩ ᠮᠠᠯ ᠠᠵᠤ | ᠠᠬᠤᠢ ᠣᠢ ᠰᠢᠭᠤᠢ ᠶᠢᠨ ᠲᠠᠯᠠᠪᠠᠢ ᠳᠤ ᠬᠠᠲᠠᠭᠤᠷᠠᠭᠤᠯᠤᠭᠰᠠᠨ ᠵᠠᠮ ᠨᠡᠪᠳᠡᠷᠡᠬᠦ ᠶᠢ ᠪᠡᠶᠡᠯᠡᠬᠦᠯᠦᠨ᠎ᠡ᠃ ᠬᠥᠳᠡᠭᠡ | ᠲᠣᠰᠬᠤᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠵᠢᠯ ᠤᠨ | ᠳᠣᠲᠣᠷ᠎ᠠ 10 ᠺᠢᠯᠣᠸᠠᠲ ᠵᠢᠴᠢ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ 365 ᠺᠢᠯᠤᠮᠧᠲᠷ ᠥᠭᠡᠷᠡᠴᠢᠯᠡᠵᠦ | ᠂ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠪᠠᠬᠢᠵᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠲᠥᠷᠥᠯ ᠬᠤᠪᠢᠶᠠᠨ | ᠡᠮᠬᠢ ᠵᠢᠷᠤᠮ ᠲᠠᠢ ᠪᠠᠷ ᠠᠬᠢᠭᠤᠯᠵᠤ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠪᠡᠶᠡᠯᠡᠭᠦᠯᠵᠦ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ᠂ ᠪᠣᠬᠢᠷ ᠦᠮᠡᠬᠡᠶ ᠤᠰᠤᠨ | ᠴᠣᠭᠴᠠ ᠶᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ᠎ᠡ᠃ ᠬᠥᠳᠡᠭᠡ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠡᠬᠢ ᠡᠭᠦᠰᠦᠯ ᠠᠴᠠ ᠨᠢ | ᠲᠦᠷᠦᠯ ᠬᠤᠪᠢᠶᠠᠨ ᠬᠡᠮᠵᠢᠶ᠎ᠡ ᠶᠢ ᠪᠠᠭᠠᠰᠬᠠᠵᠤ᠂ ᠡᠬᠢ ᠪᠠᠶᠠᠯᠢᠭᠵᠢᠭᠤᠯᠤᠨ ᠰᠢᠢᠳᠪᠦᠷᠢᠯᠡᠵᠦ ᠠᠰᠢᠭᠯᠠᠬᠤ ᠶᠢ | ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠲᠣᠰᠬᠤᠨ ᠳᠤ ᠵᠢᠵᠢᠭ ᠬᠡᠯᠪᠡᠷᠢ ᠶᠢᠨ ᠣᠷᠭᠠᠨᠢᠭ | ᠪᠤᠷᠳᠤᠭᠤᠷ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠢ ᠪᠦᠯᠦᠭ ᠬᠤᠪᠢᠶᠠᠨ ᠪᠠᠶᠢᠭᠤᠯᠵᠤ᠂ ᠮᠠᠯ ᠤᠨ | ᠢᠯᠭᠠᠳᠠᠰᠤ ᠶᠢᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ | ᠤᠷᠤᠨ ᠨᠤᠲᠤᠭ ᠤᠨ ᠰᠤᠷᠲᠠᠯ ᠤᠨ ᠪᠣᠯᠪᠠᠰᠤᠨ ᠪᠠ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠮᠠᠯᠴᠢᠨ ᠲᠠᠷᠢᠶᠠᠴᠢᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠠᠬᠢᠭᠤᠯᠤᠨ᠎ᠠ᠃ ᠮᠠᠯᠴᠢᠨ ᠲᠠᠷᠢᠶᠠᠴᠢᠨ ᠤ ᠥᠪᠡᠷᠲᠡᠭᠡᠨ | ᠵᠠᠰᠠᠬᠤ ᠦᠶᠯᠡᠳᠦᠯᠭᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ | ᠶᠢ ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ | ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠮᠤᠷ ᠠᠮᠤᠭᠤᠯᠠᠩ | ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ | ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠵᠦ᠂ ︽ ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ | ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ | ᠶᠢ ᠪᠡᠶᠡᠯᠡᠭᠦᠯᠦᠨ᠎ᠡ᠃ | ︵ᠬᠤᠶᠠᠷ︶ ᠲᠠᠷᠢᠶᠠᠯᠠᠩ ᠤᠨ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠬᠦᠴᠦᠯᠡᠨ ᠠᠬᠢᠭᠤᠯᠵᠤ᠂ ᠴᠢᠨᠠᠷ | ᠰᠠᠶᠢᠲᠠᠶ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠤᠷᠠᠮᠳᠤᠭᠤᠯᠤᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ | ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠳᠬᠡᠵᠦ᠂ ᠲᠠᠷᠢᠮᠠᠯ ᠲᠡᠵᠢᠭᠡᠪᠦᠷᠢ ᠶᠢᠨ ᠦᠶᠯᠡᠰ ᠤᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠵᠤ᠂ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ | ᠲᠥᠷᠥᠯ ᠵᠦᠶᠯ ᠢ ᠰᠢᠯᠢᠳᠡᠭᠵᠢᠭᠦᠯᠦᠨ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ | ᠲᠡᠮᠳᠡᠭᠲᠦ ᠶᠢ ᠴᠣᠭᠴᠠᠯᠠᠬᠤ ᠪᠠ ᠪᠠᠷᠢᠮᠵᠢᠶᠠᠵᠢᠭᠤᠯᠤᠨ ᠦᠶᠯᠡᠳᠪᠦᠷᠢᠯᠡᠬᠦ ᠶᠢ ᠠᠬᠢᠭᠤᠯᠤᠨ᠎ᠠ᠃ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠯᠠᠩ ᠤᠨ ᠰᠠᠭᠤᠷᠢ ᠶᠢ | ᠬᠡᠷᠡᠭᠵᠢᠭᠦᠯᠬᠦ ᠲᠠᠯ᠎ᠠ ᠪᠠᠷ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠣᠶ ᠳᠤ ᠲᠦᠰᠢᠭᠯᠡᠬᠦ᠂ | ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠶᠢ ᠪᠠᠷᠢᠮᠲᠠᠯᠠᠵᠤ | ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ | ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠦᠶᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠎ᠠ᠃ ᠭᠠᠵᠠᠷ ᠰᠢᠷᠣᠢ ᠠᠴᠠ ᠦᠷ᠎ᠡ | ᠠᠰᠢᠭ ᠤᠯᠬᠤ ᠶᠢ ᠪᠠᠷᠢᠮᠳᠠᠯᠠᠵᠤ᠂ 3 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠭᠠᠩᠳᠠᠵᠤ | ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 25 ᠲᠦᠮᠡᠨ ᠮᠦ ᠪᠦᠲᠦᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠷ᠎ᠡ | ᠠᠰᠢᠭ ᠤᠯᠬᠤ ᠶᠢ ᠪᠠᠷᠢᠮᠲᠠᠯᠠᠵᠤ᠂ ᠬᠥᠷᠥᠰᠥ ᠰᠢᠷᠣᠶ ᠶᠢ ᠰᠢᠨᠵᠢᠨ ᠪᠤᠷᠳᠤᠭᠤᠷ ᠤᠷᠤᠭᠤᠯᠬᠤ᠂ ᠣᠷᠭᠠᠨᠢᠭ | ᠪᠣᠷᠲᠣᠭᠤᠷ ᠰᠠᠴᠤᠬᠤ᠂ ᠤᠰᠤ ᠪᠣᠷᠲᠣᠭᠤᠷ ᠢ ᠨᠢᠭᠡ ᠴᠤᠭᠴᠠᠵᠢᠭᠤᠯᠬᠤ᠂ ᠡᠰᠢ ᠰᠦᠷᠡᠯ ᠢ ᠲᠠᠷᠢᠶᠠᠨ ᠳᠤ | ᠣᠷᠣᠭᠤᠯᠬᠤ ᠵᠡᠷᠭᠡ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ 4550 ᠲᠦᠮᠡᠨ ᠲᠥᠭᠦᠷᠢᠭ ᠤᠨ ᠪᠠᠯᠠ | ᠣᠷᠣᠭᠤᠯᠵᠤ᠂ 80 ᠲᠦᠮᠡᠨ ᠮᠥ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ 30 ᠲᠦᠮᠡᠨ ᠮᠥ ᠬᠥᠷᠥᠰᠥ ᠰᠢᠷᠣᠶ | ᠶᠢ ᠭᠦᠨ ᠰᠤᠯᠠᠷᠠᠭᠤᠯᠬᠤ᠂ 20 ᠲᠦᠮᠡᠨ ᠮᠥ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠶᠢ ᠬᠡᠷᠡᠭᠵᠢᠭᠦᠯᠵᠦ᠂ | ᠠᠮᠤ ᠪᠤᠳᠠᠭᠠᠨ ᠤ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠤᠸᠠᠨ ᠯᠦᠩ | ᠫᠢᠩ ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠦᠨᠡᠲᠦ ᠬᠡᠰᠡᠭ ᠤᠨ ᠭᠠᠵᠠᠷ ᠣᠷᠣᠨ ᠤ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠥᠩ ᠶᠠᠩ ᠲᠠᠷᠢᠶᠠᠯᠠᠩ ᠵᠡᠷᠭᠡ ᠨᠡᠶᠢᠭᠡᠮᠴᠢᠯᠡᠭᠰᠡᠨ | ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠬᠠᠮᠲᠤᠷᠠᠨ | ᠬᠠᠭᠠᠯᠪᠤᠷᠢᠯᠠᠵᠤ ᠬᠠᠮᠲᠤᠷᠠᠨ ᠳᠠᠷᠢᠬᠤ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠵᠡᠷᠭᠡ ᠵᠠᠭᠪᠤᠷ ᠢ | ᠬᠡᠷᠡᠭᠵᠢᠭᠦᠯᠬᠦ ᠪᠠᠷ ᠳᠡᠮᠵᠢᠵᠦ᠂ ᠪᠥᠬᠦ ᠬᠤᠰᠢᠭᠤᠨ ᠤ ᠭᠠᠵᠠᠷ ᠰᠢᠷᠣᠶ ᠶᠢ ᠰᠢᠯᠵᠢᠬᠦᠯᠬᠦ ᠲᠠᠯᠠᠪᠠᠶ ᠶᠢ 60 ᠲᠦᠮᠡᠨ ᠮᠥ | ᠠᠴᠠ ᠳᠠᠪᠠᠭᠤᠯᠵᠤ᠂ ᠬᠡᠪᠴᠢᠶᠡᠵᠢᠭᠰᠡᠨ᠂ ᠡᠷᠴᠢᠮᠵᠢᠭᠰᠡᠨ᠂ ᠮᠧᠬᠠᠨᠢᠭᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ | ᠲᠠᠷᠢᠮᠠᠯ ᠳᠠᠷᠢᠬᠤ ᠶᠢ ᠪᠡᠶᠡᠯᠡᠭᠦᠯᠦᠨ᠎ᠡ᠃ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠮᠠᠯ | ᠤᠨ ᠫᠧᠩ ᠰᠠᠷᠠᠪᠴᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ ᠨᠡᠶᠢᠲᠡ | 2600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠪᠤᠶᠤ | ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠬᠡᠯᠪᠡᠷᠢ ᠪᠠᠷ᠂ 500 — 800 ᠲᠣᠯᠣᠭᠠᠢ ᠳᠡᠵᠢᠬᠡᠵᠤ ᠪᠠᠶᠢᠭ᠎ᠠ | ᠳᠤᠮᠳᠠ ᠪᠠᠭ᠎ᠠ ᠲᠡᠵᠢᠭᠡᠪᠦᠷᠢ ᠶᠢᠨ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠳᠠᠮᠵᠢᠨ᠎ᠠ᠃ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠪᠡᠯᠡ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠡᠰᠢ ᠰᠦᠷᠡᠯ | ᠢ ᠬᠤᠷᠢᠶᠠᠨ ᠬᠠᠳᠠᠭᠠᠯᠠᠬᠤ ᠰᠠᠭᠤᠷᠢ ᠳᠦᠬᠦᠭᠡᠷᠦᠮᠵᠢ᠂ ᠬᠤᠷᠢᠶᠠᠨ ᠬᠠᠳᠠᠭᠠᠯᠠᠬᠤ ᠮᠠᠰᠢᠨ᠂ ᠡᠰᠢ ᠰᠦᠷᠡᠯ ᠢ | ᠪᠣᠷᠳᠣᠭᠤᠷ ᠪᠣᠯᠭᠠᠬᠤ ᠵᠡᠷᠭᠡ ᠳᠤ ᠨᠥᠬᠦᠪᠥᠷᠢ ᠤᠯᠭᠤᠨ᠎ᠠ᠃ | ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠎ᠡ᠃ ᠠᠮᠤ ᠪᠤᠳᠠᠭᠠᠨ ᠤ | ᠦᠶᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ᠂ ᠪᠥᠬᠦ ᠬᠤᠰᠢᠭᠤᠨ ᠤ | ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 280 ᠲᠦᠮᠡᠨ ᠮᠥ ᠣᠷᠴᠢᠮ ᠳᠤ ᠲᠣᠭᠲᠠᠪᠤᠷᠢᠵᠢᠭᠤᠯᠤᠨ᠎ᠠ᠃ | ᠪᠣᠬᠢᠷᠲᠤᠯ ᠦᠭᠡᠢ+ᠣᠷᠭᠠᠨᠢᠭ ᠨᠡᠷᠡᠲᠦ ᠲᠡᠮᠳᠡᠭ ᠢ ᠡᠭᠦᠳᠴᠦ᠂ ᠤᠰᠤᠨ ᠲᠤᠲᠤᠷᠭ᠎ᠠ ᠶᠢ ᠬᠡᠰᠡᠭ ᠬᠡᠰᠡᠭ ᠢᠶᠠᠷ | ᠲᠥᠪᠯᠡᠷᠡᠭᠦᠯᠦᠨ ᠬᠡᠪᠴᠢᠶᠡᠵᠢᠭᠦᠯᠦᠨ ᠲᠠᠷᠢᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠬᠤ ᠲᠠᠯᠠᠪᠠᠢ ᠶᠢ 12 | ᠲᠦᠮᠡᠨ ᠮᠤ᠋ ᠳᠤ ᠬᠦᠷᠭᠡᠵᠦ᠂ ᠲᠤᠲᠤᠷᠭ᠎ᠠ ᠶᠢᠨ ᠲᠠᠷᠢᠶᠠᠨ ᠤ ᠦᠵᠡᠮᠵᠢ᠂ ᠣᠨᠴᠠᠯᠢᠭᠲᠤ ᠲᠡᠵᠢᠭᠡᠨ ᠦᠷᠡᠵᠢᠭᠦᠯᠬᠦ | ᠦᠢᠯᠡᠰ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠠᠵᠤ ᠦᠢᠯᠡᠰ ᠤᠨ ᠬᠡᠯᠬᠢᠶᠡᠵᠢᠯ ᠢ ᠬᠥᠭᠵᠢᠭᠦᠯᠬᠦ | ᠲᠣᠭᠤᠷᠢᠨ ᠳᠤ᠂ ᠱᠤᠸᠠᠩ ᠶᠢᠨ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠥᠷᠥᠯ | ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ ᠬᠠᠷᠠᠳᠤᠪᠤ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠶᠢ ᠥᠭᠡᠷᠡᠴᠢᠯᠡᠨ ᠳᠡᠰ ᠳᠡᠪᠰᠢᠭᠦᠯᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠨ᠂ ᠲᠡᠵᠢᠭᠡᠬᠦ ᠶᠢᠨ ᠲᠥᠯᠥᠭᠡ | ᠲᠠᠷᠢᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 50 ᠲᠦᠮᠡᠨ ᠮᠦ ᠳᠤ ᠬᠦᠷᠭᠡᠵᠦ᠂ ᠮᠠᠯ | ᠠᠵᠤ ᠠᠬᠤᠢ ᠶᠢᠨ ᠬᠥᠭᠵᠢᠯᠲᠡ ᠳᠤ ᠲᠡᠵᠢᠭᠡᠯ ᠡᠪᠡᠰᠦ ᠶᠢᠨ ᠪᠠᠲᠤᠯᠠᠭ᠎ᠠ ᠬᠠᠩᠭᠠᠨ᠎ᠠ᠃ ᠡᠯᠳᠡᠪ ᠠᠮᠤ ᠪᠤᠷᠴᠠᠭ᠂ | ᠲᠡᠵᠢᠭᠡᠯ ᠡᠪᠡᠰᠦᠨ ᠤ ᠲᠠᠷᠢᠮᠠᠯ ᠳᠠᠷᠢᠬᠤ ᠶᠢ ᠥᠷᠭᠡᠳᠬᠡᠵᠦ᠂ ᠪᠣᠷᠣᠯᠠᠭᠤᠯᠭ᠎ᠠ ᠰᠠᠶᠢᠲᠠᠶ ᠤᠨᠴᠠᠯᠢᠬᠳᠤ ᠲᠠᠷᠢᠶᠠᠯᠠᠩ | ᠤᠨ ᠪᠦᠲᠦᠭᠡᠭᠳᠡᠬᠦᠨ ᠢ ᠬᠥᠭᠵᠢᠭᠦᠯᠵᠦ᠂ ᠵᠦᠶ ᠵᠣᠬᠢᠰᠲᠠᠶ ᠡᠭᠡᠯᠵᠢᠯᠡᠨ ᠳᠠᠷᠢᠬᠤ ᠲᠦᠷᠢᠮ ᠢ ᠪᠠᠶᠢᠭᠤᠯᠤᠨ᠎ᠠ᠃ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠠᠵᠤ ᠠᠬᠤᠶ ᠶᠢᠨ ᠲᠠᠷᠢᠮᠠᠯ ᠢ | ᠢᠳᠡᠪᠬᠢᠲᠡᠶ ᠬᠥᠭᠵᠢᠭᠦᠯᠵᠦ᠂ ᠳᠤᠮᠳᠠ ᠡᠮᠦᠨᠡᠲᠦ ᠬᠡᠰᠡᠭ ᠲᠤ ᠪᠣᠬᠢᠷᠲᠤᠯ ᠥᠬᠡᠶ ᠣᠷᠭᠠᠨᠢᠭ ᠰᠢᠷ᠎ᠠ ᠪᠤᠷᠴᠠᠭ ᠤᠨ | ᠦᠶᠯᠡᠳᠪᠦᠷᠢᠯᠡᠯ ᠤᠨ ᠪᠦᠰᠡ ᠶᠢ ᠪᠠᠶᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠪᠠ ᠶᠠᠰᠤ | ᠴᠢᠨᠠᠷ ᠢ ᠳᠡᠭᠡᠭᠰᠢᠯᠡᠭᠦᠯᠵᠦ᠂ ᠠᠮᠤ ᠪᠤᠷᠴᠠᠭ ᠢ ᠡᠭᠡᠯᠵᠢᠯᠡᠨ ᠳᠠᠷᠢᠬᠤ ᠵᠠᠭᠪᠤᠷ ᠢᠶᠠᠷ ᠭᠤᠤᠯ ᠪᠣᠯᠭᠠᠭᠰᠠᠨ ᠪᠣᠬᠢᠷᠲᠤᠯ | ᠥᠬᠡᠶ ᠲᠠᠷᠢᠮᠠᠯ ᠤᠨ ᠵᠠᠭᠪᠤᠷ ᠢ ᠪᠠᠶᠢᠭᠤᠯᠤᠨ᠎ᠠ︔ ᠪᠠᠷᠠᠭᠤᠨ ᠬᠤᠶᠢᠲᠤ ᠣᠷᠣᠨ ᠳᠤ ᠴᠢᠨᠠᠷ ᠰᠠᠶᠢᠲᠠᠶ ᠬᠤᠤᠰ ᠳᠣᠤᠷ᠎ᠠ | ᠰᠢᠯᠢᠮᠳᠡᠭ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠪᠣᠬᠢᠷᠲᠤᠯ ᠦᠭᠡᠶ᠂ ᠣᠷᠭᠠᠨᠢᠭ | ᠰᠢᠯᠢᠮᠳᠡᠭ ᠤᠨ ᠦᠷ᠎ᠡ ᠶᠢᠨ ᠦᠶᠯᠡᠳᠪᠦᠷᠢᠯᠡᠯ ᠢ ᠭᠤᠤᠯᠳᠠᠯᠭ᠎ᠠ ᠲᠠᠢ ᠬᠥᠭᠵᠢᠭᠦᠯᠵᠦ᠂ ᠰᠢᠯᠢᠮᠳᠡᠭ ᠤᠨ | ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠪᠣᠯᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠯᠠᠨ ᠵᠦᠢᠯ | ᠤᠨ ᠵᠠᠭᠪᠤᠷ ᠪᠦᠬᠦᠢ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠦᠨ᠂ ᠲᠠᠷᠢᠶᠠᠯᠠᠬᠤ ᠮᠠᠯᠵᠢᠬᠤ ᠡᠷᠦᠬᠡ ᠶᠢᠨ | ᠭᠡᠷ ᠪᠠᠶᠢᠰᠢᠩ ᠤᠨ ᠢᠶᠠᠨ ᠡᠮᠦᠨ᠎ᠡ ᠬᠤᠶᠢᠨ᠎ᠠ ᠪᠠᠨ ᠭᠦᠢᠴᠡᠳ ᠠᠰᠢᠭᠯᠠᠬᠤ ᠶᠢ ᠦᠷᠭᠦᠯᠵᠢᠯᠡᠨ ᠵᠣᠷᠢᠭᠵᠢᠭᠤᠯᠬᠤ ᠪᠠ | ᠬᠥᠲᠥᠯᠥᠨ ᠵᠢᠯᠣᠭᠤᠳᠴᠤ᠂ ᠭᠠᠭ᠋ᠠᠶ᠂ ᠵᠢᠭᠦᠷᠲᠡᠨ᠂ ᠨᠣᠭᠤᠭ᠎ᠠ᠂ ᠵᠢᠮᠢᠰ᠂ ᠬᠢᠲᠠᠳ ᠡᠪᠡᠰᠦᠨ ᠡᠮ ᠢᠶᠠᠷ ᠭᠤᠣᠯ | ᠠᠭᠤᠯᠭ᠎ᠠ ᠪᠣᠯᠭᠠᠭᠰᠠᠨ ︽ᠲᠠᠪᠤᠨ ᠵᠢᠵᠢᠭ︾ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠦᠨ᠂ ᠬᠦᠷᠢᠶ᠎ᠡ | ᠬᠠᠰᠢᠶᠠᠨ ᠤ ᠵᠢᠵᠢᠭ ᠦᠢᠯᠡᠳᠪᠦᠷᠢᠯᠡᠯ᠂ ᠵᠢᠵᠢᠭ ᠠᠷᠠᠯᠵᠢᠶ᠎ᠠ ᠬᠤᠳᠠᠯᠳᠤᠭ᠎ᠠ ᠵᠡᠷᠭᠡ ᠰᠢᠨ᠎ᠡ ᠵᠠᠭᠪᠤᠷ ᠢ ᠳᠡᠯᠭᠡᠷᠡᠭᠦᠯᠵᠦ᠂ | ᠮᠠᠯᠴᠢᠨ ᠲᠠᠷᠢᠶᠠᠴᠢᠨ ᠤ ᠣᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠠᠯ ᠠᠵᠤ | ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠯᠠᠰᠢᠨ ᠦᠬᠡᠷ ᠤᠨ ᠠᠵᠤ ᠦᠶᠯᠡᠰ ᠤᠨ | ᠲᠠᠯ᠎ᠠ ᠪᠠᠷ᠂ ᠦᠷᠡᠵᠢᠭᠦᠯᠦᠨ ᠪᠣᠶᠢᠵᠢᠭᠤᠯᠬᠤ᠂ ᠰᠠᠶᠢᠵᠢᠷᠠᠭᠤᠯᠬᠤ᠂ ᠪᠣᠷᠳᠣᠬᠤ᠂ ᠡᠪᠡᠰᠦ ᠪᠣᠷᠳᠤᠭ᠎ᠠ᠂ ᠠᠷᠠᠯᠵᠢᠶ᠎ᠠ᠂ | ᠡᠳ᠋ᠰᠢᠭᠦᠯᠬᠦ ᠵᠡᠷᠭᠡ ᠭᠤᠤᠯ ᠭᠤᠭᠴᠤᠭ᠎ᠠ ᠶᠢᠨ ᠲᠣᠭᠤᠷᠢᠨ ᠳᠤ ᠳᠤᠲᠠᠭᠤᠳᠠᠯ ᠪᠠ ᠪᠠᠭᠤᠷᠠᠶ ᠲᠠᠯ᠎ᠠ ᠪᠠᠨ ᠱᠠᠯᠠᠪᠳᠠᠨ | ᠨᠥᠬᠦᠪᠥᠷᠢᠯᠡᠵᠦ᠂ ᠠᠯᠠᠰᠢᠨ ᠦᠬᠡᠷ ᠤᠨ ᠠᠵᠤ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ | ᠶᠢ ᠠᠬᠢᠭᠤᠯᠤᠨ᠎ᠠ᠃ ᠪᠦᠬᠦ ᠵᠢᠯ ᠳᠤ᠂ ᠰᠢᠨ᠎ᠡ ᠪᠠᠷ ᠨᠡᠮᠡᠭᠳᠡᠭᠰᠡᠨ ᠰᠠᠭᠤᠷᠢ ᠦᠨᠢᠶ᠎ᠡ ᠶᠢ 5 ᠲᠦᠮᠡ ᠳᠤ ᠬᠦᠷᠦᠭᠦᠯᠵᠦ | ᠂ ᠠᠯᠠᠰᠢᠨ ᠦᠬᠡᠷ ᠢ 40 ᠲᠦᠮᠡ ᠳᠤ ᠬᠦᠷᠦᠭᠦᠯᠬᠦ ᠪᠠᠷ ᠴᠢᠷᠮᠠᠶᠢᠨ᠎ᠠ᠃ ᠰᠦᠷᠦᠭ ᠢ ᠥᠷᠭᠡᠳᠬᠡᠨ ᠬᠡᠮᠵᠢᠶ᠎ᠡ ᠶᠢ | ᠨᠡᠮᠡᠭᠳᠡᠭᠦᠯᠬᠦ ᠶᠢ ᠠᠬᠢᠭᠤᠯᠵᠤ᠂ ᠣᠲᠣ ᠦᠶ᠎ᠡ ᠶᠢᠨ ᠠᠯᠠᠰᠢᠨ ᠦᠬᠡᠷ ᠤᠨ ᠠᠵᠤ ᠦᠶᠯᠡᠰ ᠤᠨ ᠲᠠᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠠᠯᠠᠰᠢᠨ ᠦᠬᠡᠷ ᠤᠨ ᠠᠵᠤ ᠦᠶᠯᠡᠰ ᠤᠨ ᠲᠣᠰᠬᠤᠨ᠂ ᠲᠤᠰᠬᠠᠶ ᠬᠤᠷᠰᠢᠶ᠎ᠠ᠂ | ᠲᠡᠵᠢᠭᠡᠨ ᠦᠷᠡᠵᠢᠭᠦᠯᠬᠦ ᠲᠣᠮᠣ ᠡᠷᠦᠬᠡ ᠵᠢᠴᠢ ᠰᠢᠨ᠎ᠡ ᠪᠠᠷ ᠨᠡᠮᠡᠭᠳᠡᠭᠰᠡᠨ ᠦᠬᠡᠷ ᠲᠡᠵᠢᠭᠡᠬᠦ ᠡᠷᠦᠬᠡ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠪᠦᠲᠦᠮᠵᠢᠲᠡᠶ ᠥᠷᠭᠡᠳᠬᠡᠨ᠂ | ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠎ᠠ᠃ ᠡᠮᠦᠨ᠎ᠡ ᠬᠡᠰᠡᠭ ᠤᠨ ᠰᠤᠮᠤ ᠪᠠᠯᠭᠠᠰᠤ ᠶᠢᠨ | ᠰᠠᠭᠤᠷᠢ ᠨᠥᠬᠦᠴᠡᠯ ᠢᠶᠠᠷ ᠰᠠᠶᠢᠨ ᠠᠵᠤ ᠦᠶᠯᠡᠰ ᠤᠨ ᠲᠣᠰᠬᠤᠨ ᠰᠣᠩᠭᠤᠬᠤ ᠶᠢ ᠳᠡᠮᠵᠢᠵᠦ᠂ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ ᠲᠥᠪᠯᠡᠷᠡᠭᠦᠯᠦᠨ ᠪᠥᠲᠥᠭᠡᠨ ᠪᠠᠶᠢᠭᠤᠯᠵᠤ᠂ | ᠲᠡᠵᠢᠭᠡᠯ ᠡᠪᠡᠰᠦ ᠪᠣᠷᠳᠤᠭ᠎ᠠ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠰᠢᠶᠳᠪᠦᠷᠢᠯᠡᠬᠦ ᠵᠡᠷᠭᠡ ᠲᠥᠬᠦᠷ | ᠳᠦᠬᠦᠭᠡᠷᠦᠮᠵᠢ ᠶᠢ ᠰᠠᠶᠢᠲᠤᠷ ᠬᠢᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠵᠢᠵᠢᠭ ᠲᠣᠭᠤᠷᠢᠭᠵᠢᠭᠤᠯᠬᠤ᠂ | ᠡᠷᠴᠢᠮᠵᠢᠭᠦᠯᠬᠦ᠂ ᠬᠡᠪᠴᠢᠶᠡᠵᠢᠭᠦᠯᠬᠦ ᠶᠢ ᠠᠬᠢᠭᠤᠯᠤᠨ᠎ᠠ᠃ ᠡᠭᠦᠯᠳᠡᠷ ᠰᠠᠶᠢᠵᠢᠷᠠᠭᠤᠯᠬᠤ ᠶᠢ ᠠᠬᠢᠭᠤᠯᠵᠤ᠂ ᠡᠭᠦᠯᠳᠡᠷ | ᠰᠠᠶᠢᠵᠢᠷᠠᠭᠤᠯᠤᠭᠴᠢ ᠶᠢᠨ ᠪᠣᠯᠪᠠᠰᠤᠷᠠᠯ᠂ ᠡᠭᠦᠯᠳᠡᠷ ᠰᠠᠶᠢᠵᠢᠷᠠᠭᠤᠯᠬᠤ ᠥᠷᠲᠡᠭᠡᠨ ᠤ ᠪᠠᠶᠢᠭᠤᠯᠤᠯᠲᠠ᠂ ᠡᠭᠦᠯᠳᠡᠷ | ᠰᠠᠶᠢᠵᠢᠷᠠᠭᠤᠯᠬᠤ ᠨᠥᠬᠦᠪᠥᠷᠢ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠬᠤᠰᠢᠭᠤᠨ ᠤ ᠪᠥᠬᠦ | ᠬᠡᠪᠴᠢᠶᠡᠨ ᠳᠤ ᠪᠤᠬ᠎ᠠ ᠥᠬᠡᠶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ | ᠠᠬᠢᠭᠤᠯᠵᠤ᠂ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 98 % ᠠᠴᠠ ᠳᠡᠭᠡᠭᠰᠢ ᠳᠤ ᠬᠦᠷᠭᠡᠨ᠎ᠡ᠃ | ᠳᠤᠮᠳᠠ ᠬᠤᠶᠢᠲᠤ ᠬᠡᠰᠡᠭ ᠤᠨ ᠰᠤᠮᠤ ᠪᠠᠯᠭᠠᠰᠤᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠵᠦᠩ ᠨᠥᠩ ᠬᠢᠩᠭᠠᠨ ᠠᠶᠢᠮᠠᠭ ᠤᠨ | ᠤᠯᠤᠰ ᠤᠨ ᠲᠡᠰ ᠤᠨ ᠪᠤᠬ᠎ᠠ ᠶᠢᠨ ᠥᠷᠲᠡᠭᠡ ᠶᠢᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠴᠢᠨᠠᠷ ᠰᠠᠶᠢᠲᠠᠢ | ᠢᠴᠡᠭᠡᠯ ᠦᠷ᠎ᠡ ᠶᠢᠨ ᠬᠥᠮᠦᠨ ᠤ ᠬᠦᠴᠦ ᠪᠠᠷ ᠰᠠᠶᠢᠵᠢᠷᠠᠭᠤᠯᠬᠤ ᠶᠢ ᠳᠡᠯᠭᠡᠷᠡᠭᠦᠯᠵᠦ᠂ ᠪᠣᠳᠠᠭᠠᠯᠢ ᠪᠡᠶ᠎ᠡ ᠶᠢᠨ | ᠭᠠᠷᠤᠯᠲᠠ ᠶᠢᠨ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠠᠶᠠᠯᠢᠭ ᠮᠢᠬᠠᠨ ᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠦᠬᠡᠷ ᠤᠨ ᠬᠠᠰᠢᠶ᠎ᠠ ᠰᠠᠷᠠᠪᠴᠢ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠢᠵᠢ ᠪᠦᠷᠢᠳᠦᠭᠰᠡᠨ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠦᠢᠯᠡᠴᠢᠯᠡᠭᠡᠨ ᠤ ᠲᠥᠪ᠂ | ᠮᠠᠯ ᠤᠨ ᠢᠯᠭᠠᠳᠠᠰᠦ ᠶᠢᠨ ᠪᠣᠬᠢᠷᠲᠤᠯ ᠢ ᠬᠤᠪᠢᠷᠠᠭᠤᠯᠬᠤ ᠣᠷᠭᠠᠨᠢᠭ ᠪᠣᠷᠳᠣᠭᠤᠷ ᠤᠨ ᠦᠶᠯᠡᠳᠪᠦᠷᠢ ᠶᠢᠨ ᠲᠥᠷᠥᠯ | ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠳᠠᠭᠠᠭᠠᠴᠠ | ᠴᠢᠳᠠᠪᠤᠷᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠮᠢᠬᠠᠨ ᠤ ᠦᠬᠡᠷ ᠤᠨ ᠲᠤᠭ᠎ᠠ ᠲᠣᠯᠣᠭᠠᠢ ᠶᠢ 3 | ᠲᠦᠮᠡ ᠳᠤ ᠬᠦᠷᠭᠡᠬᠦ ᠪᠠᠷ ᠴᠢᠷᠮᠠᠶᠢᠨ᠎ᠠ᠃ ᠪᠣᠷᠳᠣᠵᠤ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠶᠢ ᠲᠦᠯᠬᠢᠨ | ᠠᠬᠢᠭᠤᠯᠵᠤ᠂ ᠬᠤᠸᠠ ᠶᠠᠩ᠂ ᠮᠧᠩ ᠵᠦᠩ ᠯᠢᠶᠠᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠲᠦᠮᠡᠨ ᠦᠬᠡᠷ | ᠪᠣᠷᠳᠣᠵᠤ ᠲᠠᠷᠭᠤᠯᠠᠭᠤᠯᠬᠤ ᠲᠥᠷᠥᠯ ᠵᠦᠢᠯ ᠢ ᠪᠣᠳᠠᠲᠤ ᠭᠠᠵᠠᠷ ᠲᠤᠨᠢ ᠪᠦᠲᠦᠭᠡᠨ ᠪᠠᠶᠢᠭᠤᠯᠬᠤ ᠶᠢ ᠲᠦᠯᠬᠢᠨ | ᠠᠬᠢᠭᠤᠯᠤᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠪᠠᠩᠬᠢ ᠯᠤᠭ᠎ᠠ ᠶᠢᠨ ᠵᠣᠯᠭᠠᠭᠤᠯᠤᠨ ᠬᠠᠮᠲᠤᠷᠠᠯᠴᠠᠬᠤ ᠶᠢ | ᠴᠢᠩᠭᠠᠳᠬᠠᠵᠤ᠂ ᠳᠠᠬᠢᠨ 6 ᠳ᠋ᠦᠩᠰᠢᠭᠤᠷ ᠲᠥᠭᠦᠷᠢᠭ ᠣᠷᠴᠢᠮ ᠤᠨ ᠵᠢᠭᠡᠯᠡᠯᠭᠡ ᠤᠯᠬᠤ ᠪᠠᠷ ᠴᠢᠷᠮᠠᠶᠢᠵᠤ᠂ ᠠᠯᠠᠰᠢᠨ | ᠦᠬᠡᠷ ᠤᠨ ᠲᠤᠰᠬᠠᠶ ᠬᠤᠷᠰᠢᠶ᠎ᠠ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠣᠷᠳᠣᠨ ᠲᠠᠷᠭᠤᠯᠠᠭᠤᠯᠵᠤ | ᠲᠡᠵᠢᠭᠡᠨ ᠦᠷᠡᠵᠢᠭᠦᠯᠬᠦ ᠶᠢ ᠭᠤᠤᠯᠳᠠᠯᠭ᠎ᠠ ᠲᠠᠢ ᠳᠡᠮᠵᠢᠵᠦ᠂ ᠲᠤᠬᠠᠶ ᠶᠢᠨ ᠭᠠᠵᠠᠷ ᠲᠤᠨᠢ ᠤᠯᠠᠷᠢᠭᠤᠯᠤᠨ ᠡᠳ᠋ᠰᠢᠭᠦᠯᠬᠦ | ᠳᠤ ᠦᠬᠡᠷ ᠤᠨ ᠢᠷᠡᠯᠲᠡ ᠶᠢᠨ ᠪᠠᠲᠤᠯᠠᠭ᠎ᠠ ᠬᠠᠩᠭᠠᠨ᠎ᠠ᠃ ᠦᠶᠯᠡᠴᠢᠯᠡᠭᠡᠨ ᠤ ᠪᠠᠲᠤᠯᠠᠭ᠎ᠠ ᠶᠢ ᠠᠬᠢᠭᠤᠯᠵᠤ᠂ | ᠭᠠᠴᠠᠭᠠᠨ ᠤ ᠠᠯᠠᠰᠢᠨ ᠦᠬᠡᠷ ᠤᠨ ᠠᠵᠤ ᠦᠶᠯᠡᠰ ᠤᠨ ᠲᠤᠰᠬᠠᠶ ᠺᠠᠳ᠋ᠷ ᠵᠢᠴᠢ ᠵᠢᠭᠠᠨ ᠵᠢᠯᠣᠭᠤᠳᠣᠭᠴᠢ ᠶᠢᠨ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠯᠠᠰᠢᠨ ᠦᠬᠡᠷ ᠤᠨ ᠬᠢᠵᠢᠭ ᠢ ᠰᠡᠷᠭᠡᠶᠢᠯᠡᠬᠦ ᠪᠠ ᠲᠡᠵᠢᠭᠡᠨ | ᠦᠷᠡᠵᠢᠭᠦᠯᠬᠦ ᠦᠶᠯᠡᠰ ᠤᠨ ᠳᠠᠭᠠᠳᠬᠠᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠠᠯᠠᠰᠢᠨ ᠦᠬᠡᠷ ᠤᠨ ᠠᠵᠤ | ᠦᠶᠯᠡᠰ ᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠩ ᠠᠨ ᠮᠠᠯ ᠤᠨ ᠠᠷᠠᠯᠵᠢᠶᠠᠨ | ᠤ ᠵᠠᠬ᠎ᠠ ᠳᠡᠯᠭᠡᠭᠦᠷ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠠᠮᠵᠢᠵᠤ᠂ | ᠣᠷᠣᠨ ᠪᠦᠰᠡ ᠶᠢᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠯᠠᠰᠢᠨ | ᠬᠤᠨᠢᠨ ᠤ ᠠᠵᠤ ᠦᠶᠯᠡᠰ ᠤᠨ ᠲᠠᠯ᠎ᠠ ᠪᠠᠷ᠂ ᠠᠯᠠᠰᠢᠨ ᠬᠤᠨᠢᠨ ᠤ ᠠᠵᠤ ᠦᠶᠯᠡᠰ ᠤᠨ ᠪᠠᠷᠢᠮᠵᠢᠶᠠᠵᠢᠭᠰᠠᠨ | ᠦᠶᠯᠡᠳᠪᠦᠷᠢᠯᠡᠯ ᠢ ᠠᠬᠢᠭᠤᠯᠵᠤ᠂ ᠠᠯᠠᠰᠢᠨ ᠬᠤᠨᠢᠨ ᠤ ᠠᠵᠤ ᠦᠶᠯᠡᠰ ᠢ ᠤᠯᠠᠮᠵᠢᠯᠠᠯᠲᠤ ᠵᠠᠭᠪᠤᠷ ᠠᠴᠠ ᠣᠲᠣ | ᠦᠶ᠎ᠡ ᠶᠢᠨ ᠵᠠᠭᠪᠤᠷ ᠳᠡᠶᠢᠰᠢ ᠬᠤᠪᠢᠷᠠᠭᠤᠯᠬᠤ ᠶᠢ ᠠᠬᠢᠭᠤᠯᠤᠨ᠂ ᠣᠲᠣ ᠦᠶ᠎ᠡ ᠶᠢᠨ ᠠᠯᠠᠰᠢᠨ ᠬᠤᠨᠢ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠬᠤᠰᠢᠭᠤᠨ ᠤ | ᠠᠯᠠᠰᠢᠨ ᠬᠤᠨᠢᠨ ᠤ ᠠᠵᠤ ᠦᠶᠯᠡᠰ ᠤᠨ ︽ᠶᠠᠰᠤ ᠴᠢᠨᠠᠷ ᠢ ᠳᠡᠭᠡᠭᠰᠢᠯᠡᠭᠦᠯᠬᠦ ︾ ᠢᠨᠵᠧᠨᠧᠷᠢᠩ ᠢ ᠠᠬᠢᠭᠤᠯᠤᠨ᠎ᠠ᠃ | ᠰᠠᠶ ᠨᠥᠸᠧ᠂ ᠵᠢᠦ ᠹᠦ᠋ ᠶᠠᠩ ᠵᠡᠷᠭᠡ ᠠᠵᠤ ᠠᠬᠤᠶᠢᠯᠠᠯ ᠤᠨ ᠮᠡᠷᠭᠡᠵᠢᠯ ᠪᠠ ᠵᠠᠬ᠎ᠠ ᠳᠡᠯᠭᠡᠭᠦᠷ ᠤᠨ ᠲᠤᠯᠭᠠᠭᠤᠷᠢᠯᠠᠯ | ᠳᠤ ᠲᠦᠰᠢᠭᠯᠡᠨ᠂ ︽ᠳᠠᠭᠠᠭᠤᠯᠤᠭᠴᠢ ᠠᠵᠤ ᠠᠬᠤᠶᠢᠯᠠᠯ+ ᠲᠤᠰᠬᠠᠶ ᠬᠤᠷᠰᠢᠶ᠎ᠠ+ ᠮᠠᠯᠵᠢᠬᠤ ᠲᠠᠷᠢᠶᠠᠯᠠᠬᠤ ᠡᠷᠦᠬᠡ | ︾ ᠶᠢᠨ ᠵᠠᠭᠪᠤᠷ ᠢ ᠬᠡᠷᠡᠭᠯᠡᠵᠦ᠂ ᠠᠯᠠᠰᠢᠨ ᠬᠤᠨᠢ ᠶᠢ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠶᠡᠬᠡᠪᠡᠷ | ᠳᠡᠯᠭᠡᠷᠡᠭᠦᠯᠦᠨ᠂ ᠠᠵᠤ ᠦᠶᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠴᠠ ᠤᠬᠤᠨ᠎ᠠ ᠶᠢᠨ | ᠨᠥᠬᠦᠪᠥᠷᠢ ᠶᠢᠨ ᠲᠥᠷᠥᠯ ᠵᠦᠶᠯ ᠢ 3000 ᠲᠣᠯᠣᠭᠠᠶ ᠬᠡᠷᠡᠭᠵᠢᠭᠦᠯᠵᠦ᠂ ᠠᠯᠠᠰᠢᠨ ᠬᠤᠨᠢᠨ ᠤ ᠡᠭᠦᠯᠳᠡᠷ ᠪᠠ | ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠠᠭ᠋ᠠᠶ ᠲᠡᠵᠢᠭᠡᠬᠦ ᠲᠠᠯ᠎ᠠ ᠪᠠᠷ᠂ ᠠᠮᠢᠳᠤ ᠭᠠᠭ᠋ᠠᠢ ᠶᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠤᠨ ᠡᠷᠳᠡᠨᠢ ᠰᠢᠰᠢ | ᠶᠢ ᠣᠨᠳᠣᠣᠰᠢᠭᠤᠯᠬᠤ ᠨᠣᠷᠮ᠎ᠠ ᠶᠢᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ 2.8 ᠳ᠋ᠦᠩᠰᠢᠭᠤᠷ ᠲᠥᠭᠦᠷᠢᠭ | ᠤᠨ ᠶᠡᠷᠦᠩᠬᠡᠢ ᠪᠡᠯᠡ ᠣᠷᠣᠭᠤᠯᠤᠯᠲᠠ ᠲᠠᠢ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠵᠦ᠂ ᠵᠢᠯ ᠤᠨ ᠳᠣᠲᠣᠷ᠎ᠠ ᠲᠡᠵᠢᠭᠡᠨ ᠦᠷᠡᠵᠢᠭᠦᠯᠬᠦ ᠬᠤᠶᠠᠳᠤᠭᠠᠷ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠳᠤ ᠲᠡᠵᠢᠭᠡᠵᠦ ᠪᠠᠶᠢᠭ᠎ᠠ᠂ ᠪᠣᠷᠣᠯᠠᠭᠤᠯᠬᠤ ᠴᠢᠳᠠᠪᠤᠷᠢ ᠶᠢ ᠲᠣᠰᠪᠣᠷᠢ 13.5 | ᠲᠦᠮᠡᠨ ᠲᠣᠯᠣᠭᠠᠢ ᠪᠠ 25 ᠲᠦᠮᠡᠨ ᠲᠣᠯᠣᠭᠠᠢ ᠳᠤ ᠬᠦᠷᠭᠡᠨ᠎ᠡ᠃ |