︵ᠭᠤᠷᠪᠠ︶ ᠠᠵᠤ ᠦᠢᠯᠡᠳᠪᠦᠷᠢ ᠶᠢᠨ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠶᠢ | ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ ᠴᠡᠪᠡᠷ | ᠡᠨᠧᠷᠭᠢ ᠶᠢ ᠦᠶᠯᠡᠳᠪᠦᠷᠢᠯᠡᠵᠦ ᠭᠠᠳᠠᠭᠰᠢ ᠭᠠᠷᠭᠠᠬᠤ᠂ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠠᠵᠤ ᠦᠶᠯᠡᠰ ᠤᠨ ᠰᠠᠭᠤᠷᠢ ᠳᠤ | ᠰᠠᠭᠤᠷᠢᠯᠠᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠᠷ | ᠭᠠᠷᠳᠠᠴᠠ ᠪᠣᠯᠭᠠᠵᠤ᠂ ᠪᠥᠬᠦ ᠬᠦᠴᠦᠨ ᠢᠶᠠᠷ ᠢᠶᠠᠨ ᠳᠠᠭᠠᠭᠤᠯᠤᠭᠴᠢ ᠶᠢ ᠪᠤᠶᠢᠵᠢᠭᠤᠯᠵᠤ᠂ ᠪᠥᠭᠡᠮᠨᠡᠷᠡᠯ ᠢ | ᠬᠤᠷᠠᠮᠳᠤᠭᠤᠯᠵᠤ᠂ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ | ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠪᠣᠶᠢᠵᠢᠭᠤᠯᠵᠤ ᠨᠡᠮᠡᠭᠳᠡᠭᠦᠯᠵᠦ᠂ ᠰᠢᠨ᠎ᠡ ᠬᠡᠯᠪᠡᠷᠢ ᠶᠢᠨ ᠠᠵᠤ | ᠦᠶᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠨ᠎ᠡ᠃ | ᠬᠡᠮᠵᠢᠶ᠎ᠡ ᠶᠢᠨ ᠨᠡᠮᠡᠭᠳᠡᠯ ᠤᠨ ᠠᠯᠬᠤᠴᠠ ᠶᠢ ᠳᠦᠷᠭᠡᠳᠭᠡᠨ᠎ᠡ᠃ ᠴᠡᠪᠡᠷ ᠡᠨᠧᠷᠭᠢ ᠶᠢ ᠴᠢᠨᠠᠷ ᠰᠠᠶᠢᠲᠠᠶ ᠨᠡᠭᠡᠭᠡᠨ | ᠬᠥᠭᠵᠢᠭᠦᠯᠬᠦ᠂ ᠥᠨᠳᠥᠷ ᠪᠦᠲᠦᠮᠵᠢᠲᠡᠶ ᠠᠰᠢᠭᠯᠠᠬᠤ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠢ | ᠵᠣᠬᠢᠴᠠᠭᠤᠯᠤᠨ ᠠᠬᠢᠭᠤᠯᠬᠤ ᠰᠡᠳᠬᠢᠴᠡ ᠶᠢ ᠪᠠᠷᠢᠮᠲᠠᠯᠠᠵᠤ᠂ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠢᠶᠠᠷ | ᠭᠤᠤᠯ ᠪᠣᠯᠭᠠᠭᠰᠠᠨ ︽ᠬᠤᠤᠰ ᠵᠠᠭᠤᠨ ᠲᠦᠮᠡ︾ ᠶᠢᠨ ᠰᠢᠨ᠎ᠡ ᠡᠨᠧᠷᠭᠢ ᠶᠢᠨ ᠢᠨᠵᠧᠨᠧᠷᠢᠩ ᠢ ᠬᠡᠷᠡᠭᠵᠢᠭᠦᠯᠵᠦ᠂ | ᠵᠢᠯ ᠤᠨ ᠳᠣᠲᠣᠷ᠎ᠠ ᠶᠡᠷᠦᠩᠬᠡᠶ ᠪᠠᠯᠠ ᠣᠷᠣᠭᠤᠯᠤᠯᠲᠠ ᠨᠢ 54.62 ᠳ᠋ᠦᠩᠰᠢᠭᠤᠷ ᠲᠥᠭᠦᠷᠢᠭ ᠤᠨ ᠥᠪᠥᠷ ᠮᠣᠩᠭᠤᠯ | ᠤᠨ ᠡᠨᠧᠷᠭᠢ ᠶᠢᠨ 2 × 66 ᠲᠦᠮᠡᠨ ᠺᠢᠯᠣᠸᠠᠲ ᠤᠨ ᠴᠠᠬᠢᠯᠭᠠᠨ ᠤ ᠦᠶᠯᠡᠳᠪᠦᠷᠢ ᠶᠢᠨ ᠲᠥᠷᠥᠯ ᠵᠦᠶᠯ ᠤᠨ | ᠪᠠᠷᠢᠯᠭ᠎ᠠ ᠶᠢ ᠳᠠᠭᠤᠰᠬᠠᠵᠤ ᠲᠤᠷᠰᠢᠨ ᠠᠵᠢᠯᠯᠠᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 6.5 ᠳ᠋ᠦᠩᠰᠢᠭᠤᠷ | ᠲᠥᠭᠦᠷᠢᠭ ᠤᠨ ᠲᠢᠶᠠᠨ ᠾᠧ 15 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠶᠯ ᠢ ᠲᠣᠤᠷ | ᠨᠡᠶᠢᠯᠡᠭᠦᠯᠦᠨ ᠴᠠᠬᠢᠯᠭᠠᠨ ᠭᠠᠷᠭᠠᠵᠤ᠂ ᠶᠡᠷᠦᠩᠬᠡᠶ ᠪᠠᠯᠠ ᠣᠷᠣᠭᠤᠯᠤᠯᠲᠠ ᠨᠢ 120 ᠳ᠋ᠦᠩᠰᠢᠭᠤᠷ ᠲᠥᠭᠦᠷᠢᠭ ᠤᠨ | ᠵᠥᠩ ᠭᠤᠸᠠᠩ ᠾᠧ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠤᠨ | ᠰᠠᠯᠬᠢᠨ ᠬᠦᠴᠦᠨ ᠤ ᠮᠠᠰᠢᠨ ᠵᠡᠷᠭᠡ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠶᠡᠷᠦᠩᠬᠡᠢ ᠪᠡᠯᠡ ᠣᠷᠣᠭᠤᠯᠤᠯᠲᠠ ᠨᠢ 13 ᠳ᠋ᠦᠩᠰᠢᠭᠤᠷ ᠲᠥᠭᠦᠷᠢᠭ ᠤᠨ ᠵᠢᠩ ᠺᠧ 1 × 35 ᠲᠦᠮᠡᠨ | ᠺᠢᠯᠣᠸᠠᠲ ᠤᠨ ᠴᠠᠬᠢᠯᠭᠠᠨ ᠦᠶᠯᠡᠳᠪᠦᠷᠢ ᠶᠢᠨ ᠲᠥᠷᠦᠯ ᠵᠦᠢᠯ ᠤᠨ ᠪᠣᠯᠣᠳ ᠵᠢᠶᠠᠰᠠ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠪᠡᠶᠡᠯᠡᠬᠦᠯᠦᠨ᠎ᠡ᠃ ᠬᠤᠰᠢᠭᠤᠨ ᠤ ᠬᠡᠪᠴᠢᠶᠡᠨ ᠳᠤ ᠰᠠᠭᠤᠷᠢᠯᠠᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠶᠯᠡᠳᠪᠦᠷᠢᠯᠡᠯ ᠤᠨ ᠴᠢᠳᠠᠪᠤᠷᠢ | ᠶᠢ ᠪᠠᠶᠢᠷᠢᠰᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠶᠯᠭᠡᠭᠡ᠂ | ᠦᠶᠯᠡᠴᠢᠯᠡᠭᠡ ᠵᠡᠷᠭᠡ ᠥᠷᠲᠡᠭ ᠨᠡᠮᠡᠭᠳᠡᠭᠦᠯᠵᠦ ᠦᠷ᠎ᠡ ᠠᠰᠢᠭ ᠨᠡᠮᠡᠭᠳᠡᠭᠦᠯᠬᠦ ᠬᠡᠯᠬᠢᠶ᠎ᠡ ᠶᠢ ᠤᠷᠲᠤᠳᠬᠠᠨ᠎ᠠ᠃ ᠬᠤᠸᠠ | ᠶᠠᠩ ᠮᠢᠬᠠᠨ ᠤ ᠦᠬᠡᠷ ᠨᠢᠲᠤᠯᠵᠤ ᠡᠳ᠋ᠰᠢᠭᠦᠯᠬᠦ ᠬᠦᠢᠲᠡᠨ ᠬᠡᠯᠬᠢᠶᠡᠲᠦ ᠲᠥᠷᠥᠯ ᠵᠦᠢᠯ᠂ ᠰᠢᠶᠠᠩ ᠮᠧᠩ ᠲᠠᠷᠢᠶᠠᠯᠠᠩ | ᠤᠨ ᠪᠦᠲᠦᠭᠡᠭᠳᠡᠬᠦᠨ ᠢ ᠡᠳ᠋ᠰᠢᠭᠦᠯᠬᠦ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ︽ᠠᠮᠤ ᠪᠤᠳᠠᠭᠠᠨ ᠤ ᠲᠦᠷᠦᠭᠦᠦ ᠪᠠ ᠢᠳᠡᠭᠡᠨ ᠤ ᠰᠡᠭᠦᠯ︾᠂ | ︽ᠲᠠᠷᠢᠶᠠᠯᠠᠩ ᠤᠨ ᠲᠦᠷᠦᠭᠦᠦ ᠪᠠ ᠠᠵᠢᠯᠴᠢᠨ ᠤ ᠰᠡᠭᠦᠯ︾ ᠤᠨ ᠱᠠᠭᠠᠷᠳᠠᠯᠭ᠎ᠠ ᠶᠣᠰᠣᠭᠠᠷ᠂ ᠮᠠᠯᠴᠢᠨ ᠲᠠᠷᠢᠶᠠᠴᠢᠨ | ᠤ ᠬᠤᠷᠰᠢᠶ᠎ᠠ ᠪᠣᠯᠤᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠰᠢᠨ᠎ᠡ ᠰᠣᠷᠭᠤᠭ ᠢᠶᠠᠷ ᠬᠠᠳᠠᠭᠠᠯᠠᠬᠤ᠂ | ᠨᠦᠬᠡᠴᠡᠯᠡᠬᠦ᠂ ᠲᠠᠰ ᠬᠤᠪᠢᠶᠠᠬᠤ᠂ ᠪᠣᠭᠤᠳᠠᠯᠯᠠᠬᠤ ᠵᠡᠷᠭᠡ ᠬᠤᠶᠢᠰᠢᠯᠠᠭᠤᠯᠬᠤ ᠲᠥᠷᠥᠯ ᠤᠨ ᠠᠩᠬ᠎ᠠ ᠡᠳ᠋ᠰᠢᠭᠦᠯᠦᠯᠲᠡ | ᠶᠢ ᠬᠥᠭᠵᠢᠭᠦᠯᠬᠦ ᠶᠢ ᠲᠡᠳᠬᠦᠨ ᠳᠡᠮᠵᠢᠵᠦ᠂ ᠠᠮᠤ ᠪᠤᠳᠠᠭᠠᠨ ᠤ ᠲᠠᠯᠬ᠎ᠠ ᠪᠣᠯᠭᠠᠬᠤ᠂ ᠪᠤᠷᠴᠠᠭ ᠤᠨ ᠨᠠᠬᠢᠶ᠎ᠠ ᠪᠣᠯᠭᠠᠬᠤ | ᠂ ᠰᠦ ᠶᠢᠨ ᠪᠢᠰᠢᠯᠠᠭ ᠪᠣᠯᠭᠠᠬᠤ ᠵᠡᠷᠭᠡ ᠢᠳᠡᠭᠡᠨ ᠤ ᠲᠥᠷᠥᠯ ᠤᠨ ᠠᠩᠬ᠎ᠠ ᠡᠳ᠋ᠰᠢᠭᠦᠯᠦᠯᠲᠡ ᠶᠢ ᠬᠥᠭᠵᠢᠭᠦᠯᠦᠨ᠎ᠡ᠃ | ᠦᠨᠳᠦᠰᠦᠲᠡᠨ ᠤ ᠴᠠᠭᠠᠨ ᠢᠳᠡᠭᠡᠨ ᠤ ᠵᠢᠷᠤᠮᠵᠢᠭᠰᠠᠨ ᠭᠠᠷ ᠤᠷᠠᠯᠠᠯ ᠤᠨ ᠦᠶᠯᠡᠳᠬᠡᠯ ᠪᠠ ᠪᠠᠷᠢᠮᠵᠢᠶᠠᠵᠢᠭᠤᠯᠤᠭᠰᠠᠨ | ᠡᠳ᠋ᠰᠢᠭᠦᠯᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠬᠥᠭᠵᠢᠭᠦᠯᠬᠦ ᠶᠢ ᠳᠡᠮᠵᠢᠵᠦ᠂ ᠦᠨᠳᠦᠰᠦᠲᠡᠨ ᠤ | ᠴᠠᠭᠠᠨ ᠢᠳᠡᠭᠡᠨ ᠡᠳ᠋ᠰᠢᠭᠦᠯᠬᠦ 35 ᠦᠶᠯᠡᠳᠪᠦᠷᠢ ᠶᠢᠨ ᠲᠠᠰᠤᠭ ᠢ ᠲᠥᠪᠯᠡᠷᠡᠭᠦᠯᠦᠨ ᠪᠠᠶᠢᠭᠤᠯᠵᠤ᠂ ᠦᠨᠳᠦᠰᠦᠲᠡᠨ ᠤ | ᠴᠠᠭᠠᠨ ᠢᠳᠡᠭᠡᠨ ᠤ ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ᠂ ᠨᠠᠷᠠᠲᠤ ᠲᠥᠷᠥᠯ ᠲᠡᠮᠳᠡᠭᠴᠢᠯᠡᠭᠰᠡᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠠᠵᠤ ᠦᠶᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ 2.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠯᠢ ᠶᠢᠨ ᠰᠢᠲᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ᠂ | ᠬᠡᠢ ᠨᠡᠮᠡᠭᠰᠡᠨ ᠪᠧᠲ᠋ᠤᠨ ᠢ ᠵᠡᠷᠭᠡᠯᠡᠬᠦ᠂ ᠠᠭᠤᠷᠰᠢᠭᠤᠯᠤᠨ ᠬᠡᠪᠰᠢᠭᠦᠯᠬᠦ ᠲᠣᠭᠤᠰᠬ᠎ᠠ᠂ ᠤᠰᠤᠨ ᠲᠤᠲᠤᠷᠭ᠎ᠠ | ᠪᠣᠯᠪᠠᠰᠤᠷᠠᠭᠤᠯᠬᠤ ᠵᠡᠷᠭᠡ ᠨᠢᠭᠡ ᠪᠦᠯᠦᠭ ᠰᠢᠨ᠎ᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | | ᠦᠯᠡᠳᠡᠭᠡᠯ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠮᠡᠷᠭᠡᠵᠢᠯ ᠤᠨ ᠥᠭᠡᠷᠡᠴᠢᠯᠡᠯᠲᠡ ᠶᠢᠨ | ᠬᠡᠪᠴᠢᠶ᠎ᠡ ᠶᠢ ᠥᠷᠭᠡᠳᠬᠡᠬᠦ᠂ ᠳᠠᠬᠢᠨ ᠵᠣᠬᠢᠶᠠᠨ ᠪᠠᠶᠢᠭᠤᠯᠤᠨ ᠬᠠᠮᠲᠤᠷᠠᠯᠴᠠᠬᠤ᠂ ᠰᠢᠨ᠎ᠡ ᠶᠢ ᠡᠭᠦᠳᠦᠨ ᠨᠡᠪᠴᠢᠭᠦᠯᠬᠦ | ᠶᠢᠨ ᠲᠣᠭᠤᠷᠢᠨ ᠳᠤ᠂ ︽ᠨᠢᠭᠡ ᠠᠵᠤ ᠦᠶᠯᠡᠰ ᠲᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾᠂ ︽ᠨᠢᠭᠡ | ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢ ᠠᠪᠴᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠠᠵᠢᠯᠯᠠᠭ᠎ᠠ ᠶᠢ ᠬᠦᠴᠦᠯᠡᠨ | ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 2 | ᠨᠡᠮᠡᠭᠳᠡᠭᠦᠯᠵᠦ᠂ 16 ᠳᠤ ᠬᠦᠷᠦᠭᠦᠯᠦᠨ᠂ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ 16 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠶᠡᠷᠦᠩᠬᠡᠶ ᠪᠠᠯᠠ ᠣᠷᠣᠭᠤᠯᠤᠯᠲᠠ ᠨᠢ 3200 ᠲᠦᠮᠡᠨ | ᠲᠥᠭᠦᠷᠢᠭ ᠤᠨ ᠵᠥᠩ ᠲᠢᠶᠠᠨ ᠪᠠᠷᠠᠭᠠᠨ ᠤ ᠭᠦᠶᠯᠭᠡᠭᠡᠨ ᠤ ᠬᠦᠶᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠵᠤ | ᠰᠢᠯᠵᠢᠭᠦᠯᠦᠨ ᠲᠡᠭᠡᠭᠡᠪᠦᠷᠢᠯᠡᠬᠦ ᠲᠥᠪ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠰᠢ ᠮᠤ᠋ | ᠤᠰᠤ ᠠᠷᠪᠢᠯᠠᠬᠤ ᠤᠰᠤᠯᠠᠯᠲᠠ ᠶᠢᠨ ᠪᠦᠰᠡ ︵ᠰᠦᠯᠢᠶᠣᠣ ᠪᠦᠷᠬᠦᠪᠴᠢ︶ ᠶᠢ ᠬᠤᠷᠢᠶᠠᠨ ᠠᠪᠴᠤ ᠶᠡᠷᠦᠩᠬᠡᠶᠢᠯᠡᠨ | ᠠᠰᠢᠭᠯᠠᠬᠤ᠂ ᠪᠦᠲᠦᠭᠡᠯ ᠮᠣᠩᠭᠤᠯ ᠦᠨᠳᠦᠰᠦᠲᠡᠨ ᠤ ᠦᠨᠳᠦᠰᠦᠲᠡᠨ ᠤ ᠪᠦᠲᠦᠭᠡᠭᠳᠡᠬᠦᠨ ᠵᠡᠷᠭᠡ 3 ᠲᠥᠷᠥᠯ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠱᠢ ᠵᠢᠶᠠ ᠠᠭᠤᠷᠬᠠᠢ ᠶᠢᠨ ᠦᠢᠯᠡᠰ ᠤᠨ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠰᠢᠩ ᠶᠧ ᠮᠢᠬᠠᠨ ᠤ ᠦᠢᠯᠡᠰ ᠤᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠠᠵᠤ ᠦᠢᠯᠡᠰ ᠤᠨ ᠬᠡᠯᠬᠢᠶ᠎ᠡ ᠶᠢ ᠳᠠᠬᠢᠨ ᠦᠶᠯᠡᠳᠬᠦ ᠪᠠ ᠥᠷᠲᠡᠭ | ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠡᠯ ᠯᠦᠩ ᠳᠦᠨ ᠠᠮᠤ ᠪᠤᠳᠠᠭᠠᠨ ᠤ ᠦᠶᠯᠡᠰ᠂ | ᠭᠤᠤᠯ ᠤᠨ ᠪᠠᠶᠢᠰᠢᠩ ᠠᠷᠢᠬᠢᠨ ᠦᠶᠯᠡᠰ᠂ ᠶᠢᠨ ᠭᠧ ᠯᠧ ᠢᠳᠡᠭᠡᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ︽ᠮᠣᠩᠭᠤᠯ︾ ᠦᠰᠦᠭᠲᠦ ᠲᠡᠮᠳᠡᠭ ᠢ ᠭᠡᠷᠡᠴᠢᠯᠡᠬᠦ ᠶᠢ ᠭᠦᠨᠵᠡᠭᠡᠶ | ᠥᠷᠨᠢᠭᠦᠯᠵᠦ᠂ ︽ᠬᠢᠩᠭᠠᠨ ᠠᠶᠢᠮᠠᠭ ᠤᠨ ᠬᠠᠭᠤᠴᠢᠨ ᠨᠡᠷᠡᠲᠦ ᠲᠡᠮᠳᠡᠭᠲᠦ︾᠂ ︽ᠥᠪᠥᠷ ᠮᠣᠩᠭᠤᠯ ᠤᠨ | ᠬᠠᠭᠤᠴᠢᠨ ᠨᠡᠷᠡᠲᠦ ᠲᠡᠮᠳᠡᠭᠲᠦ ︾ ᠪᠠᠷ ᠦᠨᠡᠮᠰᠢᠭᠦᠯᠬᠦ ᠪᠠᠷ ᠢᠳᠡᠪᠬᠢᠲᠡᠶ ᠭᠤᠶᠤᠴᠢᠯᠠᠨ᠎ᠠ᠃ | ᠲᠠᠪᠴᠠᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ︽ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭᠵᠢᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ | ᠦᠢᠯᠡᠰᠵᠢᠯ᠂ ᠠᠵᠤ ᠦᠢᠯᠡᠰ ᠤᠨ ᠪᠦᠯᠦᠭᠵᠢᠯ︾ ᠤᠨ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ | ᠪᠠᠶᠠᠵᠢᠨ᠎ᠠ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠮ᠂ ᠤᠰᠤ ᠬᠠᠩᠭᠠᠬᠤ᠂ ᠢᠯᠴᠢ ᠬᠠᠩᠭᠠᠬᠤ᠂ | ᠴᠠᠬᠢᠯᠭᠠᠨ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠰᠢᠷᠠᠳᠤᠪᠤ ᠠᠵᠤ ᠦᠢᠯᠡᠰ ᠤᠨ ᠬᠦᠷᠢᠶᠡᠯᠡᠩ ᠤᠨ ᠢᠯᠴᠢ ᠬᠠᠩᠭᠠᠬᠤ ᠢᠨᠵᠧᠨᠧᠷᠢᠩ᠂ 66 | ᠺᠢᠯᠣᠸᠠᠲ ᠤᠨ ᠴᠠᠬᠢᠯᠭᠠᠨ ᠥᠷᠲᠡᠭᠡᠨ ᠤ ᠭᠤᠣᠯ ᠬᠦᠴᠦᠳᠡᠯ ᠬᠤᠪᠢᠰᠬᠠᠬᠤ ᠥᠷᠭᠡᠳᠬᠡᠨ ᠪᠠᠶᠢᠭᠤᠯᠬᠤ ᠢᠨᠵᠧᠨᠧᠷᠢᠩ | ᠢ ᠵᠢᠯ ᠤᠨ ᠳᠣᠲᠣᠷ᠎ᠠ ᠡᠬᠢᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠤᠨ᠂ ᠠᠵᠤ ᠠᠬᠤᠶᠢᠯᠠᠯ ᠤᠨ ᠣᠷᠣᠵᠤ | ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠎ᠠ᠃ ᠬᠦᠷᠢᠶᠡᠯᠡᠩ ᠲᠣᠭᠤᠷᠢᠭ ᠤᠨ ᠲᠥᠷᠦᠯ ᠵᠦᠢᠯ | ᠢ ᠣᠷᠣᠭᠤᠯᠤᠨ ᠠᠪᠴᠢᠷᠠᠬᠤ ᠶᠢ ᠳᠦᠷᠢᠮᠵᠢᠭᠦᠯᠵᠦ᠂ ᠬᠦᠷᠢᠶᠡᠯᠡᠩ ᠳᠤ ᠣᠷᠣᠬᠤ ᠲᠥᠷᠦᠯ ᠵᠦᠢᠯ ᠤᠨ ᠶᠠᠰᠤ ᠴᠢᠨᠠᠷ | ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠠᠵᠤ ᠠᠬᠤᠶᠢᠯᠠᠯ ᠤᠨ ᠭᠠᠷᠳᠠᠮ ᠢ ᠬᠠᠪᠰᠤᠷᠤᠨ ᠭᠦᠶᠴᠡᠳᠬᠡᠬᠦ ᠵᠡᠷᠭᠡ ︽ᠨᠢᠭᠡ ᠳᠤ ᠨᠢᠭᠡ︾ ︽ | ᠪᠥᠬᠦ ᠶᠠᠪᠤᠴᠠ︾ ᠶᠢᠨ ᠦᠶᠯᠡᠴᠢᠯᠡᠭᠡ ᠶᠢ ᠰᠠᠶᠢᠲᠤᠷ ᠬᠢᠵᠦ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠨ᠂ ᠬᠦᠷᠢᠶᠡᠯᠡᠩ ᠲᠣᠭᠤᠷᠢᠭ ᠤᠨ ᠦᠶᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ | ᠢ 8.5 ᠳ᠋ᠦᠩᠰᠢᠭᠤᠷ ᠲᠥᠭᠦᠷᠢᠭ ᠲᠤ ᠬᠦᠷᠭᠡᠵᠦ᠂ ᠰᠢᠨ᠎ᠡ ᠪᠠᠷ 3 ᠠᠴᠠ ᠳᠡᠭᠡᠭᠰᠢ ᠠᠵᠤ ᠠᠬᠤᠶᠢᠯᠠᠯ ᠢ | ᠰᠠᠭᠤᠷᠢᠰᠢᠭᠤᠯᠤᠨ᠎ᠠ᠃ | ︵ᠳᠥᠷᠪᠡ︶ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠴᠢᠨᠠᠷ | ᠰᠠᠶᠢᠲᠠᠶ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠠᠷᠠᠳ ᠲᠦᠮᠡᠨ ᠤ ᠣᠷᠣᠰᠢᠨ ᠰᠠᠭᠤᠬᠤ ᠳᠤ | ᠲᠣᠬᠢᠷᠠᠮᠵᠢᠲᠠᠶ ᠠᠮᠤᠷ ᠠᠮᠤᠭᠤᠯᠠᠩ ᠣᠷᠣᠨ ᠰᠠᠭᠤᠴᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠲᠠ | ᠬᠥᠳᠡᠭᠡ ᠶᠢ ᠠᠭᠤᠰᠤᠯᠴᠠᠭᠤᠯᠬᠤ᠂ ᠳᠣᠲᠣᠷ᠎ᠠ ᠭᠠᠳᠠᠨᠠᠬᠢ ᠶᠢ ᠵᠡᠷᠭᠡ ᠪᠠᠷ ᠵᠠᠰᠠᠬᠤ᠂ ᠪᠥᠲᠥᠭᠡᠨ ᠪᠠᠶᠢᠭᠤᠯᠬᠤ ᠪᠠ | ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠳᠡᠭᠡᠳᠦ ᠲᠠᠰ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠠᠮᠢᠶᠠᠷᠤᠯᠲᠠ ᠶᠢ ᠨᠠᠷᠢᠯᠢᠭᠵᠢᠭᠤᠯᠵᠤ᠂ ︽ᠬᠤᠸᠠᠷ ᠬᠠᠳᠬᠤᠬᠤ ᠡᠷᠳᠡᠮ︾ ᠢᠶᠠᠷ ᠰᠠᠶᠢᠨ | ᠰᠠᠶᠢᠬᠠᠨ ᠠᠮᠢᠳᠤᠷᠠᠯ ᠤᠨ ᠦᠵᠡᠮᠵᠢ ᠶᠢ ᠵᠢᠷᠤᠭᠯᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠨᠠᠩ | ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠠᠩ ᠰᠠᠶᠢᠨ ᠰᠠᠶᠢᠬᠠᠨ ᠪᠣᠯᠭᠠᠵᠤ᠂ ᠣᠯᠠᠨ ᠲᠦᠮᠡᠨ ᠤ ᠠᠮᠢᠳᠤᠷᠠᠯ ᠢ | ᠨᠠᠩ ᠳᠥᠭᠦᠮ ᠳᠥᠲᠡ᠂ ᠨᠠᠩ ᠲᠠᠭᠠᠯᠠᠮᠵᠢᠲᠠᠶ ᠪᠣᠯᠭᠠᠨ᠎ᠠ᠃ | ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠠᠶᠠᠨᠬᠤᠰᠢᠭᠤ ᠪᠠᠯᠭᠠᠰᠤᠨ ᠤ ᠬᠤᠲᠠ ᠶᠢᠨ | ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠶᠡᠷᠦᠩᠬᠡᠶ ᠪᠠᠯᠠ | ᠣᠷᠣᠭᠤᠯᠤᠯᠲᠠ ᠨᠢ 5.94 ᠳ᠋ᠦᠩᠰᠢᠭᠤᠷ ᠲᠥᠭᠦᠷᠢᠭ ᠤᠨ ᠦᠷᠭᠦᠯᠵᠢᠯᠡᠨ ᠪᠠᠶᠢᠭᠤᠯᠬᠤ ᠵᠢᠴᠢ ᠰᠢᠨ᠎ᠡ ᠪᠠᠷ | ᠪᠠᠶᠢᠭᠤᠯᠤᠭᠰᠠᠨ ᠬᠤᠲᠠ ᠶᠢᠨ ᠶᠠᠪᠤᠳᠠᠯ ᠤᠨ ᠳᠦᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ 19 | ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ︽ᠵᠠᠮ ᠰᠠᠭᠠᠳ ᠥᠬᠡᠶ ᠨᠡᠪᠲᠡᠷᠡᠬᠦ︾ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠲᠣᠭᠤᠷᠢᠭ ᠤᠨ ︽ᠲᠤᠯᠤᠭᠠᠨ ᠬᠥᠨᠳᠡᠯᠡᠨ ᠲᠤᠯᠤᠭᠠᠨ | ᠭᠤᠯᠳᠤ ᠭᠤᠷᠪᠠᠨ ᠬᠥᠭᠦᠷᠭᠡ ᠳᠥᠷᠪᠡᠨ ᠭᠠᠷᠬᠤ ᠡᠭᠦᠳᠡ︾ ᠶᠢᠨ ᠪᠠᠶᠢᠷᠢᠰᠢᠭᠤᠯᠤᠯᠲᠠ ᠶᠢ ᠪᠡᠶᠡᠯᠡᠭᠦᠯᠦᠨ᠎ᠡ᠃ ᠵᠢᠯ | ᠤᠨ ᠳᠣᠲᠣᠷ᠎ᠠ᠂ ᠬᠥᠨᠳᠡᠯᠡᠨ ᠵᠠᠮ ᠢ ᠡᠮᠦᠨᠡᠰᠢ ᠤᠷᠳᠤᠳᠬᠠᠬᠤ᠂ ᠳᠠᠶᠢᠴᠢᠨᠲᠠᠯ᠎ᠠ ᠵᠠᠮ ᠪᠣᠯᠤᠨ ᠬᠤᠶᠠᠳᠤᠭᠠᠷ ᠬᠥᠭᠦᠷᠭᠡ | ᠶᠢ ᠬᠤᠯᠪᠣᠬᠤ ᠵᠠᠮ᠂ ᠪᠠᠶᠠᠵᠢᠨ᠎ᠠ ᠵᠠᠮ᠂ ᠳᠡᠬᠦᠯᠢᠨ ᠡᠮᠦᠨ᠎ᠡ ᠵᠡᠭᠡᠯᠢ ᠵᠡᠷᠭᠡ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ᠂ | ᠬᠤᠣᠯᠢᠨ ᠭᠤᠣᠯ ᠡᠮᠦᠨ᠎ᠡ ᠬᠤᠶᠢᠲᠤ ᠵᠡᠭᠡᠯᠢ ︵ᠬᠠᠰᠢᠯᠭ᠎ᠠ ᠶᠢᠨ ᠳᠡᠭᠡᠷᠡᠬᠢ ᠵᠠᠮ︶᠂ ᠪᠠᠵᠢᠯᠠᠭ᠎ᠠ ᠵᠠᠮ ᠵᠢᠴᠢ | ᠬᠤᠶᠠᠳᠤᠭᠠᠷ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠵᠢᠯ ᠤᠨ ᠡᠴᠦᠰ ᠲᠤ | ᠬᠥᠭᠦᠷᠭᠡ ᠶᠢᠨ ᠬᠤᠶᠢᠲᠤ ᠲᠣᠭᠤᠷᠢᠭ ᠤᠨ ︽ᠲᠠᠪᠤᠨ ᠬᠥᠨᠳᠡᠯᠡᠨ ᠳᠣᠯᠣᠭᠠᠨ ᠭᠤᠯᠳᠤ︾ ᠶᠢ ᠨᠡᠪᠲᠡᠷᠡᠭᠦᠯᠬᠦ ᠪᠠᠷ | ᠴᠢᠷᠮᠠᠶᠢᠨ᠎ᠠ᠃ ᠬᠤᠶᠢᠲᠦ ᠠᠭᠤᠯᠠ ᠶᠢᠨ ᠴᠡᠴᠡᠷᠯᠢᠭ ᠤᠨ ᠨᠢᠭᠡᠳᠦᠭᠡᠷ ᠬᠤᠭᠤᠴᠠᠭᠠᠨ ᠤ ᠢᠵᠢ ᠪᠦᠷᠢᠳᠦᠭᠦᠯᠬᠦ | ᠲᠥᠬᠦᠭᠡᠷᠦᠮᠵᠢ᠂ ᠪᠠᠶᠠᠨᠬᠤᠰᠢᠭᠤ ᠴᠡᠴᠡᠷᠯᠢᠭ᠂ ᠪᠠᠶᠠᠨᠬᠤᠰᠢᠭᠤ ᠶᠡᠭᠡ ᠵᠡᠭᠡᠯᠢ ᠶᠢᠨ ᠵᠡᠭᠦᠨ ᠬᠡᠰᠡᠭ ᠤᠨ ᠪᠡᠶ᠎ᠡ | ᠴᠢᠭᠢᠷᠠᠭᠵᠢᠭᠤᠯᠬᠤ ᠠᠭᠤᠳᠠᠮ ᠲᠠᠯᠠᠪᠠᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠬᠤᠰᠢᠭᠤ | ᠪᠠᠯᠭᠠᠰᠤᠨ ᠳᠤ ᠲᠣᠮᠣ ᠬᠡᠯᠪᠡᠷᠢ ᠶᠢᠨ ᠴᠡᠴᠡᠷᠯᠢᠭ ᠪᠠᠶᠢᠬᠤ ᠦᠭᠡᠢ ᠲᠡᠦᠬᠡ ᠶᠢ ᠲᠤᠶᠢᠯᠪᠤᠷᠢᠲᠠᠢ ᠰᠢᠢᠳᠪᠦᠷᠢᠯᠡᠨ᠎ᠡ᠃ | ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤᠨ ᠤ ᠬᠤᠭᠤᠯᠠᠢ ᠲᠣᠣᠷ ᠵᠡᠷᠭᠡ ᠢᠨᠵᠧᠨᠧᠷᠢᠩ ᠤᠨ ᠪᠦᠲᠦᠭᠡᠨ | ᠪᠠᠢᠭᠤᠯᠤᠯᠲᠠ ᠶᠢ ᠠᠬᠢᠭᠤᠯᠵᠤ᠂ ᠰᠢᠨ᠎ᠡ ᠤᠰᠤᠨ ᠰᠤᠷᠪᠤᠯᠵᠢ ᠶᠢᠨ ᠭᠠᠵᠠᠷ ᠵᠢᠴᠢ ᠬᠤᠭᠤᠯᠠᠢ ᠲᠣᠣᠷ ᠳᠡᠪᠢᠰᠬᠦ᠂ | ᠡᠮᠦᠨ᠎ᠡ ᠬᠡᠰᠡᠭ ᠲᠣᠭᠤᠷᠢᠭ ᠤᠨ ᠪᠣᠬᠢᠷ ᠤᠰᠤᠨ ᠤ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠴᠠᠬᠢᠯᠭᠠᠨ ᠲᠣᠣᠷ ᠢ ᠭᠠᠵᠠᠷ ᠲᠤ ᠣᠷᠣᠭᠤᠯᠬᠤ ᠢᠨᠵᠧᠨᠧᠷᠢᠩ ᠢ | ᠠᠬᠢᠭᠤᠯᠤᠨ᠎ᠠ᠃ ᠬᠤᠲᠠ ᠪᠠᠯᠭᠠᠰᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢᠨ ᠠᠬᠢᠴᠠ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠬᠤ ᠪᠠ ᠵᠠᠬ᠎ᠠ | ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ᠂ ᠬᠤᠲᠠ ᠶᠢᠨ ᠲᠣᠭᠤᠷᠢᠭ | ᠤᠨ 6 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠦᠯ ᠵᠦᠢᠯ ᠢ | ᠡᠬᠢᠯᠡᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ 300 ᠡᠷᠦᠬᠡ ᠶᠢ ᠨᠤᠷᠠᠭᠠᠵᠤ ᠨᠡᠭᠦᠯᠭᠡᠨ᠎ᠡ᠃ 2 — 3 | ᠣᠷᠣᠰᠢᠨ ᠰᠠᠭᠤᠬᠤ ᠨᠥᠬᠦᠴᠡᠯ ᠢᠶᠠᠷ ᠨᠡᠯᠢᠶᠡᠳ ᠠᠨᠠᠶ᠂ ᠣᠯᠠᠨ ᠲᠦᠮᠡᠨ ᠤ ᠥᠭᠡᠷᠡᠴᠢᠯᠡᠨ ᠰᠢᠨᠡᠳᠬᠡᠬᠦ ᠬᠦᠰᠡᠯ | ᠡᠷᠡᠮᠡᠯᠵᠡᠯ ᠢᠶᠠᠷ ᠴᠢᠩᠭ᠎ᠠ ᠪᠦᠬᠦᠢ ᠬᠡᠰᠡᠭ ᠲᠣᠭᠤᠷᠢᠭ ᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠥᠭᠡᠷᠡᠴᠢᠯᠡᠨ | ᠰᠢᠨᠡᠳᠬᠡᠬᠦ ᠠᠵᠢᠯ ᠢ ᠡᠬᠢᠯᠡᠭᠦᠯᠵᠦ᠂ 1 — 2 ᠪᠠᠶᠢᠰᠢᠩ ᠭᠡᠷ ᠤᠨ ᠲᠣᠭᠤᠷᠢᠭ ᠢ ᠲᠤᠬᠠᠶ ᠶᠢᠨ ᠭᠠᠵᠠᠷ ᠲᠤᠨᠢ | ᠥᠭᠡᠷᠡᠴᠢᠯᠡᠨ ᠰᠢᠨᠡᠳᠬᠡᠬᠦ ᠶᠢ ᠲᠤᠷᠰᠢᠨ ᠬᠡᠷᠡᠭᠵᠢᠭᠦᠯᠦᠨ᠎ᠡ᠃ ᠪᠠᠶᠢᠭᠤᠯᠤᠮᠵᠢᠲᠤ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠤᠶᠠᠯᠳᠤᠭᠤᠯᠤᠨ᠂ ᠴᠢᠳᠠᠯ ᠤᠨ ᠢᠶᠠᠨ ᠬᠢᠷᠢ ᠪᠠᠷ ᠬᠢᠬᠦ᠂ ᠵᠣᠬᠢᠰᠲᠠᠶ ᠤᠷᠢᠳᠴᠢᠯᠠᠬᠤ ᠶᠢ ᠪᠠᠷᠢᠮᠲᠠᠯᠠᠵᠤ᠂ ᠤᠰᠤ | ᠬᠠᠩᠭᠠᠵᠤ ᠤᠰᠤ ᠭᠠᠳᠠᠭᠰᠢᠯᠠᠭᠤᠯᠬᠤ᠂ ᠲᠥᠪᠯᠡᠷᠡᠭᠦᠯᠦᠨ ᠢᠯᠴᠢ ᠬᠠᠩᠭᠠᠬᠤ᠂ ᠬᠤᠭ ᠨᠣᠪᠰᠢ ᠪᠠ ᠪᠣᠬᠢᠷ ᠤᠰᠤ ᠶᠢ | ᠰᠢᠶᠳᠪᠦᠷᠢᠯᠡᠬᠦ ᠵᠢᠴᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ | ᠪᠠᠶᠢᠭᠤᠯᠤᠮᠵᠢᠲᠤ ᠪᠠᠯᠭᠠᠰᠤ ᠵᠢᠴᠢ ᠰᠤᠮᠤ ᠶᠢᠨ ᠪᠠᠶᠢᠭ᠎ᠠ ᠭᠠᠵᠠᠷ ᠤᠨ ᠵᠢᠵᠢᠭ ᠬᠤᠲᠠ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠠᠭᠤᠷᠢ ᠳᠦᠬᠦᠭᠡᠷᠦᠮᠵᠢ ᠪᠠ ᠣᠯᠠᠨ ᠨᠡᠶᠢᠲᠡ ᠶᠢᠨ | ᠦᠶᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ | ᠶᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ 2 ᠣᠨᠴᠠᠯᠢᠭᠲᠤ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠦᠨ᠎ᠡ᠃ | ᠬᠤᠲᠠ ᠶᠢᠨ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ︾᠂ ︽ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ︾ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ︾ ᠶᠢᠨ ᠲᠠᠪᠴᠠᠩ | ᠢ ᠲᠡᠭᠦᠯᠳᠡᠷᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠤᠶᠤᠨᠴᠢᠯᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠨᠠᠷᠢᠯᠢᠭᠵᠢᠭᠤᠯᠬᠤ ᠠᠵᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠪᠡᠷᠯᠡᠵᠦ ᠴᠡᠪᠡᠷᠯᠡᠬᠦ ᠶᠢ ᠭᠤᠣᠯ ᠵᠡᠭᠡᠯᠢ | ᠭᠤᠳᠤᠮᠵᠢ ᠠᠴᠠ ᠠᠷᠤ ᠵᠡᠭᠡᠯᠢ ᠭᠤᠳᠤᠮᠵᠢ᠂ ᠬᠤᠲᠠ ᠶᠢᠨ ᠲᠣᠭᠤᠷᠢᠭ ᠠᠴᠠ ᠬᠤᠲᠠ ᠶᠢᠨ ᠲᠡᠭᠦᠷᠭᠡ ᠶᠢᠨ ᠠᠭᠤᠯᠵᠠᠷ | ᠬᠡᠰᠡᠭ ᠳᠡᠶᠢᠰᠢ ᠤᠷᠲᠤᠳᠬᠠᠬᠤ ᠶᠢ ᠠᠬᠢᠭᠤᠯᠤᠨ᠎ᠠ᠃ ᠬᠤᠲᠠ ᠶᠢᠨ ᠳᠦᠷᠢ ᠲᠥᠷᠬᠦ ᠶᠢᠨ ︽ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ᠂ ᠰᠢᠭᠠᠷᠤ ᠰᠢᠷᠣᠶ ᠶᠢᠨ | ᠲᠡᠭᠡᠭᠡᠪᠦᠷᠢ᠂ ᠬᠤᠭᠤᠯᠠᠨ ᠭᠡᠷ ᠲᠣᠭᠤᠭᠠᠨ ᠭᠡᠷ ᠤᠨ ᠬᠠᠶᠠᠭᠳᠠᠮᠠᠯ ᠪᠣᠳᠠᠰ ᠵᠡᠷᠭᠡ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠮ ᠡᠵᠡᠯᠡᠨ ᠡᠵᠡᠩᠨᠡᠬᠦ᠂ ᠭᠡᠷ ᠤᠨ ᠭᠠᠳᠠᠨᠠᠬᠢ ᠵᠠᠷ | ᠮᠡᠳᠡᠭᠡ᠂ ᠳᠦᠷᠢᠮ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠬᠤ ᠵᠡᠷᠭᠡ ᠲᠤᠰᠬᠠᠶ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠠᠮᠢᠶᠠᠷᠬᠤ ᠪᠠᠨ ᠪᠤᠯᠢᠭᠰᠠᠨ ᠵᠢᠵᠢᠭ | ᠲᠣᠭᠤᠷᠢᠭ᠂ ᠵᠡᠭᠡᠯᠢ ᠭᠤᠳᠤᠮᠵᠢ᠂ ᠢᠳᠡᠭᠡᠨ ᠤᠮᠳᠠᠭᠠᠨ ᠤ ᠲᠣᠰᠣ ᠤᠲᠤᠭ᠎ᠠ ᠵᠡᠷᠭᠡ ᠶᠢᠨ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠵᠤ᠂ ᠦᠵᠡᠮᠵᠢ ᠶᠢᠨ ᠭᠡᠷᠡᠯᠲᠦᠭᠦᠯᠭᠡ᠂ ᠵᠠᠮ ᠤᠨ ᠶᠠᠪᠤᠳᠠᠯ ᠤᠨ ᠳᠦᠬᠦᠭᠡᠷᠦᠮᠵᠢ ᠵᠡᠷᠭᠡ ᠶᠢᠨ | ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ︽ | ᠨᠡᠮᠡᠭᠳᠡᠯ ᠥᠬᠡᠶ︾ ᠪᠠᠶᠢᠬᠤ ᠶᠢ ᠪᠠᠲᠤᠯᠠᠨ᠎ᠠ᠃ ᠬᠤᠭ ᠨᠣᠪᠰᠢ ᠶᠢ ᠲᠥᠷᠥᠯ ᠬᠤᠪᠢᠶᠠᠨ ᠬᠡᠮᠵᠢᠶᠡᠵᠢᠭᠦᠯᠬᠦ ᠶᠢ | ᠪᠠᠭᠠᠰᠬᠠᠬᠤ ᠢᠨᠵᠧᠨᠧᠷᠢᠩ ᠢ ᠬᠡᠷᠡᠭᠵᠢᠭᠦᠯᠵᠦ᠂ ᠬᠤᠭ ᠨᠣᠪᠰᠢ ᠶᠢ ᠬᠡᠮᠵᠢᠶᠡᠵᠢᠭᠦᠯᠬᠦ ᠶᠢ 90 % ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠨᠣᠭᠤᠭᠠᠷᠠᠭᠤᠯᠤᠭᠰᠠᠨ ᠲᠠᠯᠠᠪᠠᠢ ᠶᠢ 7.1 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠬᠦᠯᠵᠤ᠂ 11 ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠨ᠎ᠠ᠃ ᠪᠠᠶᠠᠨᠬᠤᠰᠢᠭᠤ ᠪᠠᠯᠭᠠᠰᠤᠨ | ᠤ ᠲᠡᠷᠭᠡᠨ ᠵᠣᠭᠰᠣᠭᠠᠯ ᠤᠨ 23 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 690 | ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠵᠦ᠂ ᠵᠠᠮ ᠲᠦᠭᠵᠢᠷᠡᠬᠦ ᠪᠠ ᠲᠡᠷᠭᠡ ᠵᠣᠭᠰᠣᠬᠤ ᠳᠤ ᠬᠦᠴᠢᠷ | ᠠᠰᠠᠭᠤᠳᠠᠯ ᠢ ᠦᠨᠡᠨᠬᠦ ᠨᠠᠮᠳᠠᠭᠤᠯᠤᠨ᠎ᠠ᠃ | ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠮ ᠱᠤᠭᠤᠮ ᠤᠨ | ᠲᠥᠬᠦᠭᠡᠷᠦᠮᠵᠢ ᠶᠢᠨ ᠲᠠᠯ᠎ᠠ ᠪᠠᠷ᠂ G5511 ᠱᠤᠭᠤᠮ ᠤᠨ ᠰᠤᠭᠤᠲᠦ ᠠᠴᠠ ᠣᠯᠠᠭᠠᠨᠬᠤᠳᠠ ᠬᠦᠷᠬᠦ ᠳᠡᠭᠡᠲᠦ | ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ | ᠠᠵᠢᠯ ᠢ ᠰᠠᠶᠢᠲᠤᠷ ᠠᠳᠬᠤᠵᠤ᠂ G1015 ᠱᠤᠭᠤᠮ ᠤᠨ ᠰᠦᠢᠶᠤᠸᠠᠨ ᠠᠴᠠ ᠮᠠᠨᠵᠤᠤᠷ ᠬᠦᠷᠬᠦ ᠳᠡᠭᠡᠲᠦ | ᠬᠤᠷᠳᠤ ᠶᠢᠨ ᠵᠠᠰᠠᠮᠠᠯ ᠵᠠᠮ᠂ G334 ᠱᠤᠭᠤᠮ ᠤᠨ ᠰᠢᠨ ᠹᠠ ᠠᠴᠠ ᠭᠤᠤᠯ ᠤᠨ ᠪᠠᠶᠢᠰᠢᠩ ᠬᠦᠷᠬᠦ ᠪᠠ S | 210 ᠱᠤᠭᠤᠮ ᠤᠨ ᠲᠦᠴᠢᠦᠸᠠᠨ ᠠᠴᠠ ᠳ᠋ᠢ ᠭᠦᠩ ᠬᠤᠸᠠ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ | ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠬᠤᠭᠤᠴᠠᠭ᠎ᠠ ᠶᠣᠰᠣᠭᠠᠷ ᠠᠵᠢᠯ ᠡᠬᠢᠯᠡᠭᠦᠯᠬᠦ ᠶᠢ ᠦᠨᠡᠨᠬᠦ | ᠪᠠᠲᠤᠯᠠᠨ᠎ᠠ᠃ ᠬᠥᠳᠡᠭᠡ ᠲᠣᠰᠬᠤᠨ ᠤ ᠵᠠᠮ ᠱᠤᠭᠤᠮ ᠤᠨ ᠰᠢᠰᠲ᠋ᠧᠮ ᠤᠨ ᠳᠡᠰ ᠳᠡᠪᠰᠢᠬᠦ ᠶᠢ ᠠᠬᠢᠭᠤᠯᠵᠤ᠂ | 5297 ᠲᠦᠮᠡᠨ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠪᠠᠶᠠᠨᠬᠤᠰᠢᠭᠤ ᠠᠴᠠ ᠪᠠᠷᠠᠭᠤᠨ | ᠤᠯᠠᠭᠠᠨᠬᠤᠳᠠ ᠬᠦᠷᠬᠦ ᠱᠤᠭᠤᠮ ᠠᠴᠠ ᠪᠠᠷᠠᠭᠤᠨ ᠬᠤᠷᠤᠭ᠎ᠠ ᠬᠦᠷᠬᠦ ᠵᠠᠰᠠᠮᠠᠯ ᠵᠠᠮ᠂ ᠪᠠᠶᠠᠨ ᠣᠪᠣᠭ᠎ᠠ ᠶᠡᠭᠡ ᠬᠥᠭᠦᠷᠭᠡ | ᠶᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ︔ 4960 ᠲᠦᠮᠡᠨ ᠲᠥᠭᠦᠷᠢᠭ ᠤᠨ ᠶᠡᠷᠦᠩᠬᠡᠢ | ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠤᠷᠲᠤ ᠨᠢ 95 ᠺᠢᠯᠤᠮᠧᠲᠷ ᠤᠨ ᠪᠠᠷᠠᠭᠤᠨ ᠵᠢᠷᠢᠮ ᠠᠴᠠ ᠵᠠᠮᠴᠢᠨ | ᠬᠦᠷᠬᠦ᠂ ᠮᠦᠩᠬᠦᠨ ᠳᠤᠯᠤᠭᠠᠢ ᠠᠭᠤᠷᠬᠠᠢ ᠠᠴᠠ ᠱᠤᠸᠠᠩ ᠶᠢᠨ ᠬᠦᠷᠬᠦ ︽ᠱᠦᠢᠨᠢ ᠶᠢᠨ ᠵᠠᠮ ᠢ ᠴᠠᠷᠳᠠᠮᠠᠯ ᠵᠠᠮ | ᠪᠤᠯᠭᠠᠬᠤ︾ ᠥᠭᠡᠷᠡᠴᠢᠯᠡᠯᠲᠡ ᠶᠢ ᠰᠢᠨ᠎ᠡ ᠪᠠᠷ ᠪᠠᠶᠢᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ | ︾ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠠᠮᠢᠶᠠᠷᠴᠤ ᠠᠷᠠᠴᠢᠯᠠᠨ ᠬᠠᠮᠠᠭᠠᠯᠠᠬᠤ | ᠪᠠᠶᠢᠭᠤᠯᠤᠯ ᠤᠨ ᠰᠢᠨ᠎ᠡ ᠶᠢ ᠡᠭᠦᠳᠴᠦ᠂ ︽ᠵᠠᠮ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ | ᠪᠡᠯᠡᠳᠬᠡᠮᠵᠢ ᠶᠢᠨ ᠲᠠᠯ᠎ᠠ ᠪᠠᠷ᠂ ᠴᠤᠤᠯ ᠭᠤᠣᠯ ᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠪᠠᠷᠢᠯᠭ᠎ᠠ ᠶᠢᠨ | ᠦᠷᠭᠦᠯᠵᠢᠯᠡᠨ ᠪᠠᠶᠢᠭᠤᠯᠬᠤ ᠶᠢ ᠲᠦᠷᠭᠡᠳᠬᠡᠨ᠎ᠡ᠃ 4102 ᠲᠦᠮᠡᠨ ᠲᠥᠭᠦᠷᠢᠭ ᠤᠨ ᠶᠡᠷᠦᠩᠬᠡᠢ ᠪᠡᠯᠡ | ᠣᠷᠣᠭᠤᠯᠤᠯᠲᠠ ᠲᠠᠢ ᠴᠤᠬᠤᠷᠲᠦ ᠭᠤᠣᠯ᠂ ᠳᠦᠴᠢᠨ ᠡᠩᠭᠡᠷ ᠭᠤᠣᠯ ᠢ ᠵᠠᠰᠠᠬᠤ ᠢᠨᠵᠧᠨᠧᠷᠢᠩ ᠢ ᠪᠡᠶᠡᠯᠡᠬᠦᠯᠦᠨ᠎ᠡ᠃ | 1.23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠤᠤᠯᠢᠨ ᠭᠤᠤᠯ ᠤᠨ ᠤᠰᠤᠯᠠᠯᠲᠠ ᠶᠢᠨ ᠣᠷᠣᠨ ᠤ | ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠵᠢᠴᠢ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ | ᠬᠠᠩᠭᠠᠯ ᠤᠰᠤᠨ ᠴᠦᠬᠦᠷᠦᠮ ᠤᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠵᠢᠯ | ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠳᠤᠮᠳᠠ ᠡᠮᠦᠨᠡᠲᠦ ᠬᠡᠰᠡᠭ ᠤᠨ ᠤᠰᠤᠨ ᠰᠢᠰᠲ᠋ᠧᠮ | ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ᠂ | ᠬᠤᠣᠯᠢᠨ ᠭᠤᠣᠯ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ | ᠤᠨ ᠲᠥᠷᠥᠯ ᠵᠦᠢᠯ ᠢ ᠴᠢᠷᠮᠠᠶᠢᠨ ᠤᠯᠤᠨ᠎ᠠ᠃ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠲᠠᠯ᠎ᠠ ᠪᠠᠷ᠂ 5 G | ᠰᠠᠭᠤᠷᠢ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠠᠶᠠᠨᠬᠤᠰᠢᠭᠤ ᠪᠠᠯᠭᠠᠰᠤᠨ ᠳᠤ 5 G ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ | ᠪᠡᠶᠡᠯᠡᠭᠦᠯᠦᠨ᠎ᠡ᠃ | ︵ᠲᠠᠪᠤ︶ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ ᠴᠢᠨᠠᠷ | ᠰᠠᠶᠢᠲᠠᠶ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠠᠶᠢᠮᠠᠭ ᠤᠨ ᠨᠠᠮ ᠤᠨ ᠬᠤᠷᠢᠶᠠᠨ ᠤ ︽ᠬᠤᠶᠢᠲᠤ | ᠲᠠᠯ᠎ᠠ ᠳᠤ ᠷᠠᠰᠢᠶᠠᠨ᠂ ᠡᠮᠦᠨ᠎ᠡ ᠲᠠᠯ᠎ᠠ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠶᠠᠷ ᠲᠠᠯ᠎ᠠ ᠶᠢ | ᠠᠳᠬᠤᠵᠤ᠂ ᠳᠤᠮᠳᠠᠬᠢ ᠶᠢ ᠳᠠᠶᠢᠴᠢᠯᠠᠬᠤ︾ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠤᠷᠴᠢᠨ ᠤ ᠰᠣᠶᠣᠯ | ᠵᠢᠭᠤᠯᠴᠢᠯᠠᠯ ᠤᠨ ᠬᠤᠪᠢᠶᠠᠷᠢ ᠲᠣᠭᠤᠷᠢᠭ ᠤᠨ ᠬᠥᠲᠥᠴᠢ ᠶᠢᠨ ᠪᠡᠶᠡᠴᠢᠯᠡᠨ ᠣᠶᠢᠯᠠᠭᠠᠬᠤ ᠣᠷᠣᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠡᠷᠡᠭᠯᠡᠭᠡ ᠶᠢᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠬᠡᠷᠡᠭᠯᠡᠭᠡ ᠶᠢᠨ | ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠶ ᠦᠶᠯᠡᠳᠦᠯ ᠢ ᠴᠢᠩᠭᠠᠷᠠᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠲᠠᠰ ᠳᠡᠪᠰᠢᠬᠦ ᠶᠢ ᠲᠦᠷᠭᠡᠳᠬᠡᠨ᠎ᠡ᠃ ᠵᠢᠭᠤᠯᠴᠢᠯᠠᠯ ᠤᠨ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠰᠠᠭᠤᠷᠢ ᠳᠦᠬᠦᠭᠡᠷᠦᠮᠵᠢ ᠶᠢᠨ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠤᠤᠭᠠᠯ ᠪᠠᠶᠢᠭᠠᠯᠢᠯᠢᠭ ᠦᠵᠡᠮᠵᠢ᠂ ᠲᠡᠦᠬᠡ ᠰᠣᠶᠣᠯ᠂ ᠲᠠᠯ᠎ᠠ | ᠨᠤᠲᠤᠭ ᠤᠨ ᠬᠡᠷᠡᠯ ᠵᠢᠷᠤᠭ ᠤᠨ ᠲᠥᠪ᠂ ᠬᠤᠸᠠᠷᠠᠨ ᠤ ᠲᠥᠪ᠂ ᠡᠷᠡᠭᠦᠯᠵᠢᠯ ᠰᠤᠪᠢᠯᠠᠯᠲᠠ ᠶᠢᠨ ᠣᠨᠴᠠᠯᠢᠭᠲᠤ | ᠵᠢᠵᠢᠭ ᠪᠠᠯᠭᠠᠰᠤ︾ ᠵᠡᠷᠭᠡ 5 ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠬᠤ ᠶᠢᠨ ᠲᠣᠭᠤᠷᠢᠨ ᠳᠤ᠂ ︽ | ᠨᠢᠭᠡ ᠣᠷᠣᠨ ᠭᠤᠷᠪᠠᠨ ᠱᠤᠭᠤᠮ︾ ᠤᠨ ᠰᠣᠳᠣᠨ ᠵᠢᠭᠤᠯᠴᠢᠯᠠᠯ ᠤᠨ ᠱᠤᠭᠤᠮ ᠢ ᠬᠦᠴᠦᠯᠡᠨ ᠪᠠᠶᠢᠭᠤᠯᠵᠤ᠂ | ᠤᠯᠤᠰ ᠤᠨ 5 A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ | ᠠᠬᠢᠭᠤᠯᠵᠤ᠂ ᠵᠢᠭᠤᠯᠴᠢᠯᠠᠯ ᠤᠨ ᠰᠢᠵᠢᠷ ᠠᠯᠲᠠᠨ ᠤᠯᠠᠷᠢᠯ ᠪᠣᠯᠬᠤ ᠠᠴᠠ ᠡᠮᠦᠨ᠎ᠡ᠂ ᠳᠤᠮᠳᠠᠳᠤ ᠤᠯᠤᠰ ᠤᠨ ᠺᠢᠨᠣ᠋ | ᠦᠶᠯᠡᠳᠬᠦ ᠰᠠᠭᠤᠷᠢᠨ ᠭᠠᠵᠠᠷ ᠵᠢᠴᠢ ᠬᠡᠷᠡᠯ ᠵᠢᠷᠤᠭ ᠤᠨ ᠰᠠᠷᠠᠪᠴᠢ᠂ ᠵᠤᠭᠠᠴᠠᠭᠰᠠᠳ ᠤᠨ ᠲᠥᠪᠯᠡᠷᠡᠭᠦᠯᠦᠨ | ᠲᠠᠷᠬᠠᠭᠠᠬᠤ ᠲᠥᠪ ᠢ ᠨᠡᠭᠡᠭᠡᠨ ᠡᠵᠡᠩᠨᠡᠬᠦ ᠶᠢ ᠪᠠᠲᠤᠯᠠᠨ᠎ᠠ᠃ ᠵᠢᠭᠤᠯᠴᠢᠯᠠᠯ ᠤᠨ ᠶᠡᠭᠡ ᠵᠠᠮ᠂ ᠪᠠᠲᠤᠴᠠᠭᠠᠨ ᠤ | ᠳᠤᠭᠤᠷᠢᠯ ᠵᠢᠭᠤᠯᠴᠢᠯᠠᠯ ᠤᠨ ᠵᠠᠰᠠᠮᠠᠯ ᠵᠠᠮ᠂ ᠤᠯᠠᠭᠠᠨ ᠭᠤᠤᠯ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠤ | ᠵᠠᠰᠠᠮᠠᠯ ᠵᠠᠮ ᠤᠨ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ ᠲᠡᠷᠭᠡ ᠨᠡᠪᠲᠡᠷᠡᠭᠦᠯᠬᠦ ᠶᠢ | ᠲᠦᠷᠭᠡᠳᠬᠡᠨ ᠠᠬᠢᠭᠤᠯᠵᠤ᠂ ᠪᠠᠲᠤᠴᠠᠭᠠᠨ ᠤ ᠬᠤᠸᠠᠷᠠᠨ᠂ ᠺᠢᠨᠣ᠋ ᠦᠶᠯᠡᠳᠬᠦ ᠰᠠᠭᠤᠷᠢᠨ ᠭᠠᠵᠠᠷ ᠵᠢᠴᠢ ᠬᠠᠩᠭᠠᠯ | ᠤᠰᠤᠨ ᠴᠦᠬᠦᠷᠦᠮ ᠤᠨ ᠤᠨ ᠬᠤᠸᠠᠷᠠᠨ ᠵᠡᠷᠭᠡ ᠠᠷᠠᠳ ᠤᠨ ᠵᠠᠩ ᠦᠶᠯᠡ ᠶᠢᠨ ᠰᠠᠭᠤᠭᠠᠯᠢ ᠶᠢᠨ ᠴᠢᠳᠠᠮᠵᠢᠲᠤ | ᠣᠷᠣᠨ᠂ ᠪᠠᠶᠠᠨ ᠣᠪᠣᠭ᠎ᠠ ᠠᠮᠢ ᠠᠬᠤᠶ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠵᠢᠭᠤᠯᠴᠢᠯᠠᠯ | ᠤᠨ ᠲᠥᠷᠥᠯ ᠵᠦᠶᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠷᠠᠭᠤᠨ ᠵᠢᠷᠢᠮ ᠤᠨ ᠮᠣᠩᠭᠤᠯ ᠡᠮ ᠡᠮᠨᠡᠯᠭᠡ ᠶᠢᠨ | ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠡᠷᠲᠡᠨ ᠤ ᠵᠢᠷᠢᠮ ᠤᠨ ᠠᠷᠪᠠᠨ ᠬᠤᠰᠢᠭᠤᠨ ᠤ ᠴᠢᠭᠤᠯᠭᠠᠨ | ᠨᠡᠶᠢᠯᠡᠬᠦ ᠭᠠᠵᠠᠷ ᠤᠨ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠸᠠᠩ ᠤᠨ ᠣᠷᠳᠣᠨ ᠤ ᠰᠡᠯᠡᠭᠦᠴᠡᠨ | ᠠᠮᠠᠷᠠᠬᠤ ᠵᠢᠵᠢᠭ ᠪᠠᠯᠭᠠᠰᠤᠨ ᠤ ᠲᠥᠷᠥᠯ ᠵᠦᠶᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠪᠡᠶᠡᠯᠡᠭᠦᠯᠦᠨ᠎ᠡ᠃ ᠵᠢᠭᠤᠯᠴᠢᠯᠠᠯ ᠤᠨ ᠦᠶᠯᠡᠴᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠬᠤᠸᠠ ᠴᠢᠶᠦᠦ ᠴᠧᠩ ᠪᠦᠯᠦᠭᠯᠡᠯ᠂ ᠵᠦᠩ ᠶᠢᠩ ᠪᠦᠯᠦᠭᠯᠡᠯ᠂ ᠳᠤᠮᠳᠠᠳᠤ ᠤᠯᠤᠰ ᠤᠨ | ᠵᠠᠯᠠᠭᠤᠴᠤᠳ ᠤᠨ ᠵᠢᠭᠤᠯᠴᠢᠯᠠᠯ᠂ ᠯᠠᠶᠢᠳᠧ ᠠᠳᠤᠭᠤᠨ ᠦᠢᠯᠡᠰ ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ | ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠶᠢᠯᠠᠯ | ᠢ ᠬᠥᠲᠥᠯᠥᠨ ᠵᠢᠯᠣᠭᠤᠳᠴᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ | ᠲᠤᠰᠬᠠᠶᠢᠵᠢᠭᠤᠯᠤᠨ ᠬᠠᠮᠢᠶᠠᠷᠬᠤ᠂ ᠣᠯᠠᠨ ᠡᠰᠢᠵᠢᠭᠦᠯᠦᠨ ᠡᠵᠡᠩᠨᠡᠬᠦ ᠪᠠᠷ ᠳᠠᠮᠵᠢᠨ᠂ ᠥᠪᠡᠷᠮᠢᠴᠡ ᠣᠨᠴᠠᠯᠢᠭ ᠪᠦᠬᠦᠢ | ᠵᠢᠭᠤᠯᠴᠢᠯᠠᠯ ᠤᠨ ᠦᠢᠯᠡᠳᠬᠦᠨ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ︽ᠢᠳᠡᠵᠦ ᠤᠤᠭᠤᠬᠤ ᠬᠤᠨᠣᠵᠤ | ᠵᠤᠭᠠᠴᠠᠬᠤ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠤᠨ ᠦᠢᠯᠡᠴᠢᠯᠡᠭᠡᠨ ᠤ ᠰᠢᠰᠲ᠋ᠧᠮᠵᠢ ᠪᠠ ᠢᠵᠢ | ᠪᠦᠷᠢᠳᠦᠬᠦᠯᠬᠦ ᠳᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠭᠴᠢᠳ ᠤᠨ ᠬᠥᠮᠦᠨ ᠤ ᠲᠤᠭ᠎ᠠ ᠪᠠ ᠣᠷᠣᠰᠢᠨ | ᠰᠠᠭᠤᠬᠤ ᠴᠠᠭ ᠤᠨ ︽ᠬᠤᠣᠰ ᠳᠡᠭᠡᠭᠰᠢᠯᠡᠯᠲᠡ︾ ᠶᠢ ᠬᠦᠴᠦᠯᠡᠨ ᠪᠡᠶᠡᠯᠡᠭᠦᠯᠦᠨ᠎ᠡ᠃ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠪᠣᠷᠣᠯᠠᠭᠤᠯᠭ᠎ᠠ ᠶᠢ ᠴᠢᠩᠭᠠᠳᠬᠠᠨ᠎ᠠ᠃ ᠲᠥᠪ ᠤᠨ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠰᠣᠶᠣᠯ | ᠵᠢᠭᠤᠯᠴᠢᠯᠠᠯ ᠤᠨ ᠤᠬᠠᠭᠤᠯᠭ᠎ᠠ ᠶᠢᠨ ᠺᠢᠨᠣ᠋ ᠶᠢ ᠦᠷᠭᠦᠯᠵᠢᠯᠡᠨ ᠨᠡᠪᠲᠡᠷᠡᠭᠦᠯᠬᠦ ᠠᠰᠢᠭᠲᠠᠶ ᠠᠵᠠ ᠲᠣᠬᠢᠶᠠᠯ ᠢ | ᠠᠰᠢᠭᠯᠠᠨ᠂ ᠭᠤᠤᠯ ᠤᠷᠤᠰᠬᠠᠯ ᠤᠨ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠭᠦᠶᠴᠡᠳ | ᠠᠰᠢᠭᠯᠠᠨ᠂ ︽ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ︾ ᠤᠨ ᠲᠠᠯ᠎ᠠ ᠨᠤᠲᠤᠭ ᠤᠨ ᠵᠢᠭᠤᠯᠴᠢᠯᠠᠯ᠂ ᠵᠡᠭᠦᠨ | ᠭᠤᠷᠪᠠᠨ ᠮᠤᠵᠢ ᠶᠢᠨ ᠡᠷᠬᠢᠨ ᠲᠣᠭᠤᠷᠢᠨ ᠤ ᠵᠢᠭᠤᠯᠴᠢᠯᠠᠯ ᠵᠡᠷᠭᠡ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ | ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠺᠢᠨᠣ᠋ ᠲᠧᠯᠸᠢᠰ ᠵᠦᠴᠦᠭᠡ ᠶᠢᠨ ᠪᠦᠲᠦᠭᠡᠯ ᠢ ᠰᠡᠭᠦᠳᠡᠷᠯᠡᠬᠦ ᠠᠵᠢᠯ ᠢ | ᠬᠠᠮᠵᠢᠯᠴᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠺᠢᠨᠣ᠋ ᠶᠢᠨ | ᠦᠵᠡᠭᠦᠯᠦᠯᠭᠡ ᠶᠢᠨ ᠭᠠᠷᠠᠭ ᠪᠠ ᠮᠣᠷᠢᠨ ᠤᠷᠤᠯᠳᠤᠭᠠᠨ ᠤ ᠨᠠᠶᠢᠷ᠂ ᠦᠬᠡᠷ ᠤᠨ ᠤᠷᠤᠯᠳᠤᠭᠠᠨ ᠤ ᠨᠠᠶᠢᠷ᠂ | ᠪᠠᠲᠤᠴᠠᠭᠠᠨ ᠤ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ ᠳᠠᠭᠠᠭᠠᠨ ᠡᠷᠭᠢᠯᠡᠵᠦ᠂ ᠰᠣᠶᠣᠯ | ᠵᠢᠭᠤᠯᠴᠢᠯᠠᠯ ᠤᠨ ᠲᠠᠲᠠᠬᠤ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠤᠯᠠᠭᠠᠨᠮᠥ᠋ᠴᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ | ᠲᠢᠩᠬᠢᠮ ᠢ ᠠᠰᠢᠭᠯᠠᠯᠲᠠ ᠳᠤ ᠣᠷᠣᠭᠤᠯᠵᠤ᠂ ᠪᠥᠬᠦ ᠵᠢᠯ ᠳᠤ ︽ᠠᠮᠢᠳᠤᠷᠠᠯ ᠳᠤ ᠭᠦᠨᠵᠡᠭᠡᠶᠢᠷᠡᠬᠦ᠂ ᠠᠷᠠᠳ ᠲᠦᠮᠡᠨ | ᠤ ᠳᠤᠮᠳᠠ ᠦᠨᠳᠦᠰᠦᠯᠡᠬᠦ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠤᠷ ᠠᠴᠠ | ᠳᠡᠭᠡᠭᠰᠢ ᠵᠣᠬᠢᠶᠠᠨ ᠪᠠᠶᠢᠭᠤᠯᠤᠨ᠎ᠠ᠃ ︽ᠣᠶᠤᠨᠴᠢ ᠷᠠᠳᠢᠣ᠋ ᠲᠧᠯᠸᠢᠰ︾ ᠤᠨ ᠪᠠᠶᠢᠭᠤᠯᠤᠯᠲᠠ ᠶᠢ ᠠᠬᠢᠭᠤᠯᠵᠤ᠂ | ᠮᠠᠯᠵᠢᠬᠤ ᠣᠷᠣᠨ ᠤ ︽ᠣᠶᠤᠨᠴᠢ ᠷᠠᠳᠢᠣ᠋ ᠲᠧᠯᠸᠢᠰ︾ ᠤᠨ ᠪᠦᠷᠬᠦᠴᠡ ᠪᠠ ᠦᠢᠯᠡᠴᠢᠯᠡᠭᠡᠨ ᠤ ᠢᠨᠵᠧᠨᠧᠷᠢᠩ ᠢ | ᠦᠨᠳᠦᠰᠦᠨ ᠳᠡᠭᠡᠨ ᠪᠡᠶᠡᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠬᠤᠰᠢᠭᠤᠨ ᠤ ᠱᠠᠲᠤᠨ ᠠᠴᠠ ᠳᠡᠭᠡᠭᠰᠢᠬᠢ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠨᠢᠭᠡᠴᠡ ᠶᠢᠨ ︽ᠳᠦᠷᠪᠡ ᠪᠠᠶᠢᠬᠤ︾ ᠲᠡᠮᠳᠡᠭᠯᠡᠯ ᠤᠨ ᠳᠠᠩᠰᠠ ᠡᠪᠬᠡᠮᠡᠯ ᠢ | ᠲᠡᠭᠦᠯᠳᠡᠷᠵᠢᠭᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠰᠢᠯᠢᠳᠡᠭᠵᠢᠭᠦᠯᠬᠦ ᠶᠢ ᠲᠦᠷᠭᠡᠳᠬᠡᠨ᠎ᠡ᠃ | ᠲᠦᠰᠢᠶᠡᠲᠦ ᠬᠤᠳᠠᠯᠳᠤᠭᠠᠨ ᠤ ᠬᠤᠲᠠ ᠶᠢ ᠳᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ | ᠬᠡᠷᠡᠭᠵᠢᠭᠦᠯᠵᠦ᠂ ᠰᠥᠨᠢ ᠶᠢᠨ ᠠᠵᠤ ᠠᠬᠤᠢ᠂ ᠰᠦᠯᠵᠢᠶᠡᠨ ᠤ ᠨᠡᠷᠡᠲᠦ ᠬᠦᠮᠦᠰ ᠤᠨ ᠠᠵᠤ ᠠᠬᠤᠢ ᠶᠢᠨ ᠴᠡᠴᠡᠭᠯᠡᠨ | ᠬᠥᠭᠵᠢᠭᠰᠡᠨ ᠪᠦᠰᠡ ᠶᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤ ᠲᠣᠭᠤᠷᠢᠭ ᠤᠨ ᠪᠣᠳᠠᠰ ᠤᠨ ᠭᠦᠢᠯᠭᠡᠭᠡᠨ ᠤ ᠡᠬᠢ ᠪᠠᠶᠠᠯᠢᠭ | ᠢ ᠨᠢᠭᠡᠳᠬᠡᠨ᠂ ᠪᠣᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠣᠣᠷ ᠢ ᠲᠡᠭᠦᠯᠳᠡᠷᠵᠢᠭᠦᠯᠵᠦ᠂ ᠲᠦᠷᠭᠡᠨ | ᠬᠦᠷᠭᠡᠯᠲᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ | ᠠᠬᠢᠭᠤᠯᠵᠤ᠂ ᠰᠦᠯᠵᠢᠶᠡᠨ ᠳᠡᠭᠡᠷ᠎ᠡ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ︽ᠬᠢᠩᠭᠠᠨ ᠪᠠᠨ | ᠬᠠᠶᠢᠷᠠᠯᠠᠬᠤ︾ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠶᠢ ᠠᠬᠢᠭᠤᠯᠬᠤ ᠣᠨ ᠤ ᠠᠵᠢᠯᠯᠠᠭ᠎ᠠ ᠶᠢ | ᠥᠷᠨᠢᠭᠦᠯᠵᠦ᠂ ᠾᠧ ᠮᠠ ᠱᠧᠩ ᠰᠢᠶᠠᠨ᠂ ᠷᠧᠨ ᠮᠢᠨ ᠶᠧᠦ ᠰᠢᠤᠸᠠᠨ᠂ ᠭᠤᠤ ᠲᠢᠶᠧ ᠱᠠᠩ ᠴᠧᠩ ᠵᠡᠷᠭᠡ | ᠨᠠᠷᠠᠲᠤ ᠢᠨᠲ᠋ᠧᠷ ᠰᠦᠯᠵᠢᠶᠡᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠡᠬᠢ | ᠡᠭᠦᠰᠦᠯ ᠢ ᠨᠢ ᠡᠷᠢᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠵᠢᠯ ᠤᠨ | ᠳᠣᠲᠣᠷ᠎ᠠ 1000 ᠰᠢᠭᠤᠳ ᠨᠡᠪᠲᠡᠷᠡᠭᠦᠯᠬᠦ ᠴᠢᠳᠠᠪᠤᠷᠢᠲᠠᠨ ᠢ ᠪᠣᠯᠪᠠᠰᠤᠷᠠᠭᠤᠯᠵᠤ᠂ ᠣᠨᠴᠠᠯᠢᠭᠲᠤ ᠨᠠᠷᠠᠲᠤ ᠰᠢᠯᠢᠳᠡᠭ | ᠦᠶᠯᠡᠳᠬᠦᠨ ᠤ ᠪᠣᠷᠣᠯᠠᠭᠤᠯᠭ᠎ᠠ ᠶᠢᠨ ᠲᠤᠭ᠎ᠠ ᠶᠢ 2000 ᠲᠦᠮᠡᠨ ᠲᠥᠭᠦᠷᠢᠭ ᠢ ᠳᠠᠪᠠᠭᠤᠯᠤᠨ᠎ᠠ᠃ | ︵ᠵᠢᠷᠭᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ | ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ ︾ ᠢ ᠰᠠᠶᠢᠲᠤᠷ ᠠᠳᠬᠤᠵᠤ᠂ ᠬᠢᠳᠤᠭᠠᠨ ᠢᠷ ᠢᠶᠠᠨ | ᠳᠣᠲᠣᠭᠰᠢ ᠬᠠᠨᠳᠤᠭᠤᠯᠤᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠪᠠ ᠰᠥᠰᠥ ᠵᠣᠷᠢᠭ ᠢᠶᠠᠨ | ᠭᠠᠷᠭᠠᠵᠤ᠂ ᠬᠦᠰᠡᠭᠰᠡᠨ ᠪᠦᠬᠦᠨ ᠢ ᠨᠢ ᠵᠠᠪᠠᠯ ᠪᠡᠶᠡᠯᠡᠭᠦᠯᠵᠦ᠂ ᠤᠴᠢᠷ ᠦᠭᠡᠢ ᠪᠣᠯ ᠦᠢᠮᠡᠭᠦᠯᠬᠦ ᠦᠭᠡᠢ ︽ᠵᠠᠷᠤᠴᠠ︾ | ᠪᠤᠯᠵᠤ᠂ ︽ᠤᠴᠢᠷ ᠶᠠᠪᠤᠳᠠᠯ ᠪᠦᠲᠦᠭᠡᠬᠦ ᠳᠤ ᠬᠥᠮᠦᠨ ᠢ ᠭᠤᠶᠤᠬᠤ ᠦᠭᠡᠢ︾ ᠨᠡᠶᠢᠭᠡᠮ ᠤᠨ ᠠᠭᠤᠷ ᠠᠮᠢᠰᠬᠤᠯ ᠢ | ᠪᠤᠢ ᠪᠣᠯᠭᠠᠵᠤ᠂ ᠠᠵᠤ ᠠᠬᠤᠶᠢᠯᠠᠯ ᠪᠠ ᠤᠯᠠᠨ ᠲᠦᠮᠡᠨ ᠢ ᠪᠤᠰᠤᠳ ᠲᠤ ᠨᠠᠶᠢᠳᠠᠬᠤ ᠦᠭᠡᠢ ᠴᠦ ᠤᠴᠢᠷ ᠶᠠᠪᠤᠳᠠᠯ ᠢ | ᠰᠠᠶᠢᠨ ᠪᠦᠲᠦᠭᠡᠵᠦ᠂ ᠤᠴᠢᠷ ᠶᠠᠪᠤᠳᠠᠯ ᠢ ᠲᠦᠷᠭᠡᠨ ᠪᠦᠲᠦᠭᠡᠵᠦ ᠴᠢᠳᠠᠬᠤ ᠪᠣᠯᠭᠠᠬᠤ ᠬᠡᠷᠡᠭᠲᠡᠢ! ᠪᠤᠯᠭᠠᠨ᠎ᠠ︕ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠠᠶᠢᠵᠢᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠤᠰᠬᠠᠶ ᠲᠣᠭᠤᠷᠢᠨ ᠪᠠᠶᠢᠴᠠᠭᠠᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠦᠨᠡᠯᠡᠯᠲᠡ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠪᠣᠳᠠᠲᠠᠶ ᠠᠳᠬᠤᠨ ᠨᠠᠷᠢᠯᠢᠭ ᠠᠳᠬᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ | ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ | ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠨᠡᠶᠢᠳᠡᠮ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ︽ᠡᠭᠡᠭᠡ | ᠠᠳᠠᠯᠢ ᠪᠠᠶᠢᠯᠭᠠᠬᠤ︾ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠨ ᠪᠦᠲᠦᠮᠵᠢᠲᠡᠢ | ᠰᠡᠷᠭᠡᠶᠢᠯᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠭᠤᠷᠪᠠᠳᠠᠬᠢ ᠲᠠᠯ᠎ᠠ ᠠᠴᠠ ᠦᠨᠡᠯᠡᠨ ᠵᠢᠱᠢᠬᠦ ᠪᠠ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢ ᠭᠦᠨᠵᠡᠭᠡᠶᠢᠷᠡᠭᠦᠯᠦᠨ᠎ᠡ᠃ ᠭᠠᠴᠢᠬᠤ | ᠂ ᠬᠢᠬᠦ ᠦᠭᠡᠶ᠂ ᠠᠯᠭᠤᠷᠯᠠᠬᠤ᠂ ᠳᠤᠷ᠎ᠠ ᠪᠠᠷ ᠢᠶᠠᠨ ᠬᠢᠬᠦ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ | ᠰᠢᠢᠳᠪᠦᠷᠢᠯᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠳᠦᠷᠢᠮ ᠤᠨ ᠥᠭᠡᠷᠡᠴᠢᠯᠡᠯᠲᠡ | ᠶᠢᠨ ᠠᠵᠢᠯ ᠢ ᠲᠦᠷᠭᠡᠳᠬᠡᠨ ᠠᠬᠢᠭᠤᠯᠵᠤ᠂ ᠡᠷᠬᠢᠯᠡᠵᠦ ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ | ᠨᠢᠭᠡᠳᠦᠯᠲᠡᠶ ᠬᠢᠨᠠᠨ ᠬᠠᠮᠢᠶᠠᠷᠬᠤ ᠰᠢᠰᠲ᠋ᠧᠮᠵᠢ ᠳᠤ ᠯᠠᠪᠳᠠᠭᠤᠨ ᠢᠶᠠᠷ ᠤᠷᠤᠭᠤᠯᠤᠨ᠎ᠠ᠃ | ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ | ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ | ᠤᠳᠤᠷᠢᠳᠬᠤ ᠺᠠᠳ᠋ᠷᠴᠤᠳ ᠤᠨ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠬᠤ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠦᠷᠦ ᠶᠢᠨ ᠪᠤᠳᠤᠯᠭ᠎ᠠ ᠬᠦᠷᠭᠡᠬᠦ᠂ ᠬᠦᠰᠡᠯ ᠱᠠᠭᠠᠷᠳᠠᠯᠭ᠎ᠠ ᠶᠢ | ᠴᠤᠭᠯᠠᠭᠤᠯᠬᠤ᠂ ᠡᠭᠦᠷᠭᠡ ᠶᠢ ᠬᠤᠪᠢᠶᠠᠨ ᠰᠢᠢᠳᠪᠦᠷᠢᠯᠡᠬᠦ᠂ ᠮᠥᠷᠳᠡᠨ ᠲᠤᠬᠢᠷᠠᠭᠤᠯᠬᠤ ᠵᠡᠷᠭᠡ ᠲᠣᠭᠲᠠᠴᠠ ᠶᠢ | ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠠᠵᠢᠯ | ᠶᠠᠪᠤᠳᠠᠯ ᠭᠦᠶᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ︽ᠨᠢᠭᠡ ᠥᠷᠲᠡᠭᠡ ᠮᠠᠶ᠋ᠢᠭ︾ ᠤᠨ ᠦᠶᠯᠡᠴᠢᠯᠡᠭᠡᠨ ᠤ | ᠴᠢᠳᠠᠮᠵᠢ ᠶᠢ ᠭᠦᠶᠴᠡᠳ ᠪᠠᠳᠠᠷᠠᠭᠤᠯᠤᠨ᠂ 29 ᠰᠠᠯᠠᠭ᠎ᠠ ᠮᠥᠴᠢᠷ ᠵᠢᠴᠢ ︽ᠤᠰᠤ ᠴᠠᠬᠢᠯᠭᠠᠨ ᠳᠤᠯᠠᠭᠠᠯᠠᠭ᠎ᠠ︾ | ᠵᠡᠷᠭᠡ 7 ᠨᠡᠶᠢᠲᠡ ᠶᠢᠨ ᠦᠶᠯᠡᠴᠢᠯᠡᠭᠡᠨ ᠤ ᠨᠢᠭᠡᠴᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ | ᠣᠷᠣᠵᠤ ᠰᠠᠭᠤᠬᠤ ᠶᠢ ᠲᠦᠷᠭᠡᠳᠬᠡᠨ ᠠᠬᠢᠭᠤᠯᠤᠨ᠎ᠠ᠃ ︽ᠮᠥᠩᠬᠡ ᠰᠤᠪᠠᠭ︾ ᠢ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ︽ᠨᠢᠭᠡ ᠰᠦᠯᠵᠢᠶ᠎ᠡ ᠪᠠᠷ ᠭᠦᠶᠴᠡᠳᠬᠡᠬᠦ ︾ ︽ᠠᠯᠠᠭᠠᠨ ᠳᠡᠭᠡᠷ᠎ᠡ ᠪᠠᠨ ᠭᠦᠶᠴᠡᠳᠬᠡᠬᠦ︾ ︽ | ᠨᠢᠭᠡ ᠯᠡ ᠤᠳᠠᠭ᠎ᠠ ᠳᠤ ᠭᠦᠶᠴᠡᠳᠬᠡᠬᠦ ︾ ︽ᠲᠠᠨ ᠳᠤ ᠬᠠᠪᠰᠤᠷᠤᠨ ᠭᠦᠶᠴᠡᠳᠬᠡᠬᠦ︾ ᠠᠵᠢᠯ ᠢ ᠬᠡᠷᠡᠭᠵᠢᠭᠦᠯᠦᠨ᠎ᠡ᠃ | ᠵᠠᠰᠠᠭ ᠪᠠᠩᠬᠢ ᠠᠵᠤ ᠠᠬᠤᠶᠢᠯᠠᠯ ᠢ ᠵᠣᠯᠭᠠᠯᠳᠤᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠨ᠂ ᠠᠶᠢᠮᠠᠭ ᠤᠨ ᠲᠡᠰ ᠤᠨ ᠳᠤᠮᠳᠠ ᠪᠠᠭ᠎ᠠ ᠠᠵᠤ ᠠᠬᠤᠶᠢᠯᠠᠯ ᠤᠨ | ᠪᠡᠯᠡ ᠬᠤᠷᠠᠮᠳᠤᠭᠤᠯᠬᠤ ᠦᠢᠯᠡᠴᠢᠯᠡᠭᠡᠨ ᠤ ᠲᠠᠪᠴᠠᠩ ᠳᠠᠬᠢ 11 ᠠᠵᠤ ᠠᠬᠤᠶᠢᠯᠠᠯ ᠢ ᠰᠢᠨ᠎ᠡ ᠪᠠᠷ | ᠰᠠᠭᠤᠷᠢᠰᠢᠭᠤᠯᠵᠤ᠂ 30 ᠳᠤ ᠬᠦᠷᠭᠡᠬᠦ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠲᠥᠷᠥᠯ | ᠵᠦᠢᠯ ᠤᠨ ᠭᠡᠷ᠎ᠡ ᠲᠣᠭᠲᠠᠬᠤ᠂ ᠠᠵᠢᠯ ᠡᠬᠢᠯᠡᠭᠦᠯᠬᠦ᠂ ᠠᠵᠢᠯ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ ᠶᠢ | ᠵᠣᠬᠢᠴᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠬᠦ ᠵᠢᠯ ᠳᠤ ᠳ᠋ᠦᠩᠰᠢᠭᠤᠷ ᠲᠥᠭᠦᠷᠢᠭ | ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 13 ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ 222.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 29.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠠᠷᠠᠯᠵᠢᠶᠠᠴᠢᠨ ᠤᠷᠢᠬᠤ ᠭᠤᠣᠯ ᠴᠣᠭᠴᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠭᠤᠯᠤᠨ ᠬᠥᠭᠵᠢᠭᠦᠯᠬᠦ | ᠳᠤ ᠢᠳᠡᠪᠬᠢᠲᠡᠢ ᠠᠭᠤᠰᠤᠯᠴᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠯᠤᠭ᠎ᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶᠡᠵᠢᠯ | ᠮᠠᠶ᠋ᠢᠭ ᠤᠨ᠂ ᠳᠤᠲᠠᠭᠤᠳᠠᠯ ᠢ ᠨᠥᠬᠦᠪᠥᠷᠢᠯᠡᠬᠦ ᠮᠠᠶ᠋ᠢᠭ ᠤᠨ ᠠᠷᠠᠯᠵᠢᠶᠠᠴᠢᠨ ᠤᠷᠢᠬᠤ ᠶᠢ ᠢᠳᠡᠪᠬᠢᠲᠡᠢ ᠠᠬᠢᠭᠤᠯᠵᠤ᠂ | ᠨᠢᠭᠡ ᠪᠦᠯᠦᠭ ᠬᠡᠯᠬᠢᠶ᠎ᠡ ᠪᠠᠶᠢᠭᠤᠯᠵᠤ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ | ᠬᠦᠴᠦᠷᠬᠡᠭᠵᠢᠭᠦᠯᠬᠦ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠲᠦᠷᠭᠡᠨ ᠣᠷᠣᠭᠤᠯᠤᠨ ᠠᠪᠴᠢᠷᠠᠵᠤ᠂ ᠪᠦᠬᠦ | ᠵᠢᠯ ᠳᠤ 8 ᠲᠦᠷᠦᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠠᠷᠠᠯᠵᠢᠶᠠᠴᠢᠨ ᠤᠷᠢᠬᠤ ᠬᠡᠮᠵᠢᠶ᠎ᠡ 30 | ᠳ᠋ᠦᠩᠰᠢᠭᠤᠷ ᠲᠥᠭᠦᠷᠢᠭ ᠲᠤ ᠬᠦᠷᠬᠦ ᠶᠢ ᠪᠠᠲᠤᠯᠠᠨ᠎ᠠ᠃ ᠵᠠᠰᠠᠭ ᠤᠨ ᠣᠷᠳᠣᠨ ᠤ ᠭᠡᠷ᠎ᠡ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠡᠷ᠎ᠡ ᠶᠢ ᠭᠦᠶᠴᠡᠳᠬᠡᠬᠦ ᠨᠣᠷᠮ᠎ᠠ ᠪᠠ ᠵᠠᠰᠠᠭ ᠤᠨ | ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ |