︵ᠳᠣᠯᠤᠭ᠎ᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠢᠨᠠᠷ | ᠰᠠᠶᠢᠲᠠᠶ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ᠃ ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ | ᠠᠭᠤᠯᠠ︾ ᠶᠢᠨ ᠣᠨᠣᠯ ᠢ ᠦᠶᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠨᠢᠭᠡᠳᠦᠯᠲᠡᠶ | ᠲᠥᠯᠥᠪᠵᠢᠭᠦᠯᠵᠦ᠂ ᠪᠣᠬᠢᠷᠲᠤᠯ ᠥᠬᠡᠶ ᠪᠠᠶᠢᠬᠤ ᠶᠢ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ | ᠬᠠᠮᠤᠭ ᠤᠨ ᠭᠤᠶᠣ ᠳᠡᠪᠢᠰᠬᠡᠷ ᠥᠩᠭᠡ ᠪᠣᠯᠭᠠᠵᠤ᠂ ᠲᠩᠷᠢ ᠶᠢ ᠨᠠᠩ ᠴᠡᠯᠮᠡᠭ᠂ ᠠᠭᠤᠯᠠ ᠶᠢ ᠨᠠᠩ ᠨᠣᠭᠤᠭᠠᠨ᠂ | ᠤᠰᠤ ᠶᠢ ᠨᠠᠩ ᠲᠤᠩᠭᠠᠯᠠᠭ᠂ ᠦᠵᠡᠮᠵᠢ ᠶᠢ ᠨᠠᠩ ᠭᠤᠶᠣ᠂ ᠠᠮᠢ ᠠᠬᠤᠶ ᠶᠢ ᠨᠠᠩ ᠡᠶ᠎ᠡ ᠵᠣᠬᠢᠴᠠᠩᠭᠤᠶ ᠪᠣᠯᠭᠠᠬᠤ | ᠪᠠᠷ ᠴᠢᠷᠮᠠᠶᠢᠨ᠎ᠠ᠃ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠶᠢ ᠦᠶᠯᠡᠳᠦᠯᠭᠡᠵᠢᠭᠦᠯᠦᠨ ᠰᠢᠨ᠎ᠡ ᠶᠢ | ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ᠃ ︽ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ︾ ᠢ | ᠢᠳᠡᠪᠬᠢᠲᠡᠶ ᠡᠭᠦᠳᠦᠨ ᠪᠠᠶᠢᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ︽ᠭᠤᠷᠪᠠᠨ | ᠲᠣᠭᠤᠷᠢᠭ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠬᠤᠲᠠ ᠪᠠᠯᠭᠠᠰᠤ᠂ ᠮᠠᠯ ᠠᠵᠤ ᠠᠬᠤᠶ ᠲᠠᠷᠢᠶᠠᠯᠠᠩ᠂ ᠠᠮᠢ ᠠᠬᠤᠶ ᠶᠢᠨ ᠣᠷᠣᠨ ᠵᠠᠶ | ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠠᠵᠤ | ᠠᠬᠤᠶ ᠶᠢᠨ ᠪᠦᠲᠦᠴᠡ ᠶᠢ ᠲᠣᠬᠢᠷᠠᠭᠤᠯᠬᠤ᠂ ᠠᠵᠤ ᠦᠶᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ | ᠪᠠᠯᠭᠠᠰᠤᠵᠢᠯᠲᠠ ᠶᠢ ᠠᠬᠢᠭᠤᠯᠬᠤ ᠳᠤ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠭᠠᠨ᠎ᠠ᠃ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠵᠢᠴᠢ ᠴᠢᠳᠠᠪᠬᠢᠲᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ | ᠪᠠ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠵᠢᠯ ᠤᠨ | ᠳᠣᠲᠣᠷ᠎ᠠ ᠵᠠᠭᠠᠭ ᠲᠣᠭᠲᠠᠭᠠᠵᠤ ᠪᠠᠷᠢᠮᠵᠢᠶ᠎ᠠ ᠲᠣᠭᠲᠠᠭᠠᠬᠤ ᠶᠢ ᠪᠡᠶᠡᠯᠡᠭᠦᠯᠦᠨ᠎ᠡ᠃ 4050 ᠲᠦᠮᠡᠨ ᠲᠥᠭᠦᠷᠢᠭ ᠤᠨ | ᠶᠡᠷᠦᠩᠬᠡᠶ ᠪᠠᠯᠠ ᠣᠷᠣᠭᠤᠯᠤᠯᠲᠠ ᠲᠠᠢ ᠮᠥᠩᠬᠡ ᠬᠠᠨ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠰᠤᠷᠭᠠᠨ | ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠲᠥᠪ ᠤᠨ ᠭᠤᠤᠯ ᠴᠣᠭᠴᠠ ᠶᠢᠨ ᠢᠨᠵᠧᠨᠧᠷᠢᠩ ᠢ | ᠪᠡᠶᠡᠯᠡᠭᠦᠯᠦᠨ᠎ᠡ᠃ | ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠭᠤᠷᠪᠠ ᠶᠢ | ᠴᠠᠭᠠᠵᠠᠯᠠᠬᠤ︾ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ | ᠬᠡᠷᠡᠭᠵᠢᠭᠦᠯᠦᠨ᠎ᠡ᠃ ᠳᠤᠮᠳᠠ ᠡᠮᠦᠨᠡᠲᠦ ᠬᠡᠰᠡᠭ ᠤᠨ ᠠᠮᠢ ᠠᠬᠤᠶ ᠬᠡᠪᠡᠷᠡᠭ ᠬᠢᠯᠪᠠᠷᠬᠠᠨ ᠡᠯᠡᠰᠦᠷᠬᠡᠭᠵᠢᠭᠰᠡᠨ ᠭᠠᠵᠠᠷ | ᠣᠷᠣᠨ ᠳᠤ ᠪᠦᠬᠦ ᠵᠢᠯ ᠳᠤ ᠮᠠᠯᠵᠢᠬᠤ ᠶᠢ ᠴᠠᠭᠠᠵᠠᠯᠠᠬᠤ ᠶᠢ ᠬᠡᠷᠡᠭᠵᠢᠭᠦᠯᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ | ᠶᠢ ᠪᠦᠬᠦ ᠲᠠᠯ᠎ᠠ ᠪᠠᠷ ᠬᠦᠭᠵᠢᠬᠦᠯᠦᠨ᠎ᠡ︔ ᠤᠮᠠᠷᠠᠲᠤ ᠬᠡᠰᠡᠭ ᠤᠨ ᠭᠠᠵᠠᠷ ᠣᠷᠣᠨ ᠳᠤ ᠤᠯᠠᠷᠢᠯ ᠤᠨ ᠴᠢᠨᠠᠷᠲᠠᠶ | ᠮᠠᠯᠵᠢᠬᠤ ᠶᠢ ᠴᠠᠭᠠᠵᠠᠯᠠᠬᠤ ᠶᠢ ᠬᠡᠷᠡᠭᠵᠢᠭᠦᠯᠵᠦ᠂ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠵᠦ | ᠦᠷᠡᠵᠢᠭᠦᠯᠬᠦ ᠶᠢ ᠬᠥᠭᠵᠢᠭᠦᠯᠦᠨ᠎ᠡ︔ ᠪᠥᠬᠦ ᠴᠠᠷᠠᠭᠠᠨ ᠤ ᠪᠥᠬᠦ ᠵᠢᠯ ᠳᠤ ᠬᠠᠭᠠᠯᠪᠤᠷᠢᠯᠠᠬᠤ ᠶᠢ ᠴᠠᠭᠠᠵᠠᠯᠠᠵᠤ | ᠣᠭᠲᠣᠯᠬᠤ ᠶᠢ ᠴᠠᠭᠠᠵᠠᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠦᠨᠡᠨ | ᠬᠦ ᠪᠠᠲᠤᠯᠠᠨ᠎ᠠ᠃ ᠠᠮᠢ ᠠᠬᠤᠶ ᠶᠢᠨ ᠰᠢᠰᠲ᠋ᠧᠮ ᠤᠨ ᠴᠢᠬᠤᠯᠠ ᠶᠡᠭᠡ ᠬᠠᠮᠠᠭᠠᠯᠠᠯᠲᠠ ᠪᠠ ᠰᠡᠷᠭᠦᠭᠡᠯᠲᠡ ᠶᠢᠨ | ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 1.4 ᠳ᠋ᠦᠩᠰᠢᠭᠤᠷ | ᠲᠥᠭᠦᠷᠢᠭ ᠤᠨ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ᠂ ᠨᠢᠭᠡᠨᠲᠡ ᠬᠠᠭᠠᠯᠪᠤᠷᠢᠯᠠᠭᠰᠠᠨ ᠣᠶᠢᠲᠤ | ᠭᠠᠵᠠᠷ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ | ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠵᠡᠷᠭᠡ ᠠᠮᠢ ᠠᠬᠤᠶ ᠶᠢᠨ ᠢᠨᠵᠧᠨᠧᠷᠢᠩ ᠢ 21. | 4 ᠲᠦᠮᠡᠨ ᠮᠥ ᠬᠡᠷᠡᠭᠵᠢᠬᠦᠯᠦᠨ᠎ᠡ᠃ ︽ᠬᠤᠶᠠᠷ ᠱᠤᠭᠤᠮ ᠭᠤᠷᠪᠠᠨ ᠣᠷᠣᠨ ᠨᠢᠭᠡ ᠡᠷᠬᠢᠨ ᠲᠣᠭᠤᠷᠢᠨ︾ ᠤ | ᠲᠣᠭᠤᠷᠢᠨ ᠳᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠣᠶ ︵ᠡᠪᠡᠰᠦ︶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠲᠣᠣᠷ ᠬᠦᠷᠢᠶ᠎ᠡ ᠶᠢ | ᠴᠥᠭᠡᠳᠬᠡᠨ᠂ ᠨᠤᠲᠤᠭ ᠪᠡᠯᠴᠢᠭᠡᠷ ᠤᠨ ︽ᠬᠡᠰᠡᠭᠯᠡᠨ ᠰᠠᠯᠭᠠᠬᠤ︾ ᠠᠰᠠᠭᠤᠳᠠᠯ ᠢ ᠰᠢᠢᠳᠪᠦᠷᠢᠯᠡᠨ᠎ᠡ᠃ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠢ ᠲᠥᠷᠥᠯ ᠬᠤᠪᠢᠶᠠᠨ | ᠲᠣᠬᠢᠲᠠᠶ ᠰᠢᠶᠳᠪᠦᠷᠢᠯᠡᠵᠦ᠂ ᠲᠡᠦᠬᠡ ᠪᠠ ᠦᠶᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ | ᠪᠠᠲᠤᠯᠠᠨ᠎ᠠ᠃ ᠤᠮᠠᠷᠠᠲᠤ ᠣᠷᠣᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠯ᠎ᠠ ᠨᠤᠲᠤᠭ ᠤᠨ ᠴᠡᠴᠡᠷᠯᠢᠭ ᠢ | ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠶᠡᠷᠦᠩᠬᠡᠶ ᠪᠡᠯᠡ ᠣᠷᠣᠭᠤᠯᠤᠯᠲᠠ ᠨᠢ 2250 ᠲᠦᠮᠡᠨ | ᠲᠥᠭᠦᠷᠢᠭ ᠤᠨ ᠪᠠᠷᠠᠭᠤᠨ ᠪᠠᠶᠠᠨ ᠤᠯᠠᠭᠠᠨ ᠵᠡᠷᠭᠡ 4 ᠵᠤᠷᠪᠤᠰ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ ᠢ | ᠪᠡᠶᠡᠯᠡᠭᠦᠯᠵᠦ᠂ 2400 ᠲᠦᠮᠡᠨ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠯᠠ ᠯᠠ ᠳᠦᠨ ᠵᠡᠷᠭᠡ | ᠢᠳᠡᠭᠳᠡᠮᠡᠯ ᠭᠤᠤ ᠵᠢᠴᠢ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠷᠴᠢᠨ ᠲᠣᠭᠤᠷᠢᠨ ᠤ ᠪᠣᠬᠢᠷᠲᠤᠯ ᠢ ᠦᠷᠭᠦᠯᠵᠢᠯᠡᠨ ᠵᠠᠰᠠᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠰᠠᠶᠢᠲᠤᠷ ᠬᠢᠵᠦ᠂ ᠠᠰᠠᠭᠤᠳᠠᠯ ᠳᠠᠬᠢᠨ ᠡᠭᠦᠰᠬᠦ | ᠥᠬᠡᠶ ᠪᠠᠶᠢᠬᠤ ᠶᠢ ᠪᠠᠲᠤᠯᠠᠨ᠎ᠠ᠃ ᠡᠰᠢ ᠰᠦᠷᠡᠯ ᠢ ᠵᠠᠳᠠᠭᠠᠶ ᠰᠢᠲᠠᠭᠠᠬᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠨ᠎ᠠ | ᠃ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠣᠳᠠᠲᠠᠶᠢᠵᠢᠭᠤᠯᠵᠤ᠂ ︽ᠳᠥᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠂ ᠡᠯ᠎ᠡ ᠲᠥᠷᠥᠯ ᠤᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ 1808 ᠲᠦᠮᠡᠨ | ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠨᠠᠨᠳᠢᠨ ᠤᠰᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ | ᠶᠢᠨ ᠨᠡᠶᠢᠯᠡᠮᠡᠯ ᠬᠡᠯᠪᠡᠷᠢ ᠶᠢᠨ ᠤᠷᠪᠠᠯ ᠤᠨ ᠨᠠᠷᠢᠯᠢᠭ ᠱᠦᠭᠦᠬᠦ ᠢᠵᠢ ᠪᠦᠷᠢᠳᠦᠬᠦᠯᠬᠦ ᠲᠣᠨᠣᠭᠯᠠᠯ ᠵᠢᠴᠢ ᠬᠠᠮᠢᠶ᠎ᠠ | ᠪᠦᠬᠦᠢ ᠢᠵᠢ ᠪᠦᠷᠢᠳᠦᠭᠦᠯᠬᠦ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠨ᠎ᠡ ᠪᠠᠷ | ᠪᠠᠶᠢᠭᠤᠯᠤᠨ᠎ᠠ᠃ 3655 ᠲᠦᠮᠡᠨ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠪᠠᠶᠠᠨᠬᠤᠰᠢᠭᠤ ᠪᠠᠯᠭᠠᠰᠤ | ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠲᠠᠯᠠᠪᠠᠢ ᠶᠢᠨ ᠨᠡᠪᠴᠢᠵᠦ | ᠰᠢᠭᠦᠷᠡᠭᠰᠡᠨ ᠰᠢᠩᠭᠡᠨ ᠢ ᠰᠢᠢᠳᠪᠦᠷᠢᠯᠡᠬᠦ ᠢᠨᠵᠧᠨᠧᠷᠢᠩ᠂ ᠳᠠᠬᠢᠯᠲᠠ ᠤᠰᠤ ᠶᠢ ᠰᠢᠢᠳᠪᠦᠷᠢᠯᠡᠬᠦ ᠢᠨᠵᠧᠨᠧᠷᠢᠩ ᠢ | ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠬᠤ ᠶᠢᠨ ᠬᠠᠮᠲᠤ ᠠᠰᠢᠭᠯᠠᠯᠲᠠ ᠳᠤ | ᠣᠷᠣᠭᠤᠯᠤᠨ᠎ᠠ᠃ ᠪᠠᠢ ᠮᠢᠨ ᠬᠠᠭ ᠤᠰᠤᠨ ᠴᠥᠭᠦᠷᠥᠮ ᠤᠨ ᠤᠰᠤᠨ ᠰᠤᠪᠠᠭ ᠵᠢᠴᠢ ᠭᠤᠤᠯ ᠤᠨ ᠪᠠᠶᠢᠰᠢᠩ ᠤᠨ | ᠬᠠᠪᠲᠠᠰᠤ ᠶᠢᠨ ᠣᠭᠲᠣᠯᠤᠭᠠᠰᠤ ᠶᠢᠨ ᠳᠡᠭᠡᠲᠦ ᠤᠷᠤᠰᠬᠠᠯ ᠤᠨ ᠠᠮᠢ ᠠᠬᠤᠢ ᠶᠢᠨ ᠨᠤᠭᠤ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠡᠯ᠎ᠡ ᠲᠥᠷᠥᠯ ᠤᠨ ᠤᠰᠤᠨ ᠤ ᠴᠢᠨᠠᠷ ᠢ ᠪᠠᠷᠢᠮᠵᠢᠶᠠᠨ ᠳᠤ | ᠬᠦᠷᠭᠡᠬᠦ ᠶᠢ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠵᠤ᠂ | ᠬᠢᠮᠢ ᠶᠢᠨ ᠪᠣᠷᠲᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ ᠥᠬᠡᠶ ᠠᠵᠢᠯᠯᠠᠭ᠎ᠠ ᠶᠢ ᠥᠷᠨᠢᠭᠦᠯᠦᠨ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠶᠢ ᠬᠡᠷᠡᠭᠵᠢᠭᠦᠯᠦᠨ᠎ᠡ᠃ ᠮᠦᠩᠬᠦᠨ | ᠲᠣᠯᠣᠭᠠᠶ ᠠᠭᠤᠷᠬᠠᠢ ᠶᠢᠨ ᠤᠷᠤᠨ ᠤ ᠦᠯᠡᠳᠡᠭᠳᠡᠯ ᠬᠦᠳᠡᠷ ᠤᠨ ᠬᠥᠮᠥᠷᠭᠡ ᠶᠢᠨ ᠠᠮᠢ ᠠᠬᠤᠶ ᠶᠢ ᠰᠡᠷᠭᠦᠭᠡᠨ ᠵᠠᠰᠠᠬᠤ | ᠲᠥᠷᠥᠯ ᠵᠦᠶᠯ ᠢ ᠪᠡᠶᠡᠯᠡᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠵᠤ᠂ ᠵᠠᠳᠠᠭᠠᠶ ᠠᠭᠤᠷᠬᠠᠶ | ᠶᠢ ᠵᠠᠰᠠᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠤᠯ ᠳᠦᠷᠰᠦ ᠪᠠᠶᠢᠳᠠᠯ ᠢ ᠨᠢ ᠬᠠᠮᠤᠭ ᠶᠡᠭᠡ ᠬᠡᠮᠵᠢᠶ᠎ᠡ | ᠪᠠᠷ ᠰᠡᠷᠭᠦᠭᠡᠨ᠎ᠡ᠃ | ︵ᠨᠠᠶᠮᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠠᠷᠠᠳ ᠤᠯᠠᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠢᠭ᠎ᠠ ᠱᠤᠭᠤᠮ ᠠᠷᠠᠳ ᠤᠨ | ᠠᠮᠢᠳᠤᠷᠠᠯ᠂ ᠦᠨᠳᠦᠰᠦᠨ ᠠᠷᠠᠳ ᠤᠨ ᠠᠮᠢᠳᠤᠷᠠᠯ᠂ ᠶᠠᠰᠤ ᠴᠢᠨᠠᠷ ᠠᠷᠠᠳ ᠤᠨ ᠠᠮᠢᠳᠤᠷᠠᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠢᠭᠲᠠ | ᠪᠥᠭᠡᠳ ᠪᠠᠲᠤ ᠪᠠᠬᠢ ᠪᠠᠶᠢᠭᠤᠯᠵᠤ᠂ ᠤᠯᠠᠨ ᠲᠦᠮᠡᠨ ᠤ ᠪᠠᠭ᠎ᠠ ᠶᠠᠪᠤᠳᠠᠯ ᠢ ᠦᠨᠡᠨ ᠬᠦ ᠵᠠᠰᠠᠭ ᠤᠨ ᠣᠷᠳᠣᠨ ᠤ ᠶᠡᠭᠡ | ᠶᠠᠪᠤᠳᠠᠯ ᠪᠣᠯᠭᠠᠨ ᠰᠠᠶᠢᠲᠤᠷ ᠬᠢᠵᠦ ᠪᠣᠳᠠᠲᠠᠢ ᠬᠢᠨ᠎ᠡ᠃ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ | ᠬᠦᠴᠢᠷᠲᠡᠶ ᠬᠥᠮᠦᠰ᠂ ᠳᠠᠩᠰᠠᠯᠠᠭᠤᠯᠤᠭᠰᠠᠨ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠶᠢ ᠲᠣᠪᠣᠶᠢᠮ᠎ᠠ ᠰᠠᠶᠢᠲᠤᠷ ᠠᠳᠬᠤᠨ᠎ᠠ᠃ ᠵᠢᠯ ᠤᠨ ᠳᠣᠲᠣᠷ᠎ᠠ᠂ ᠬᠤᠲᠠ ᠪᠠᠯᠭᠠᠰᠤᠨ ᠳᠤ 1300 | ᠬᠥᠮᠦᠨ ᠳᠤ ᠰᠢᠨ᠎ᠡ ᠪᠠᠷ ᠠᠵᠢᠯ ᠣᠯᠭᠤᠵᠤ᠂ 1.7 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠨ᠎ᠠ᠃ ᠠᠳᠠᠯ ᠦᠢᠯᠡᠰ ᠴᠣᠭᠴᠠᠯᠠᠬᠤ ᠪᠠᠭ᠎ᠠ ᠲᠣᠭᠠᠨ ᠤ ᠵᠢᠭᠡᠯᠡᠯᠭᠡ ᠲᠠᠯᠪᠢᠬᠤ ᠪᠠ ᠠᠳᠠᠯ ᠦᠢᠯᠡᠰ | ᠴᠣᠭᠴᠠᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠠᠳᠬᠤᠵᠤ᠂ ᠮᠣᠩᠭᠤᠯ | ᠦᠨᠳᠦᠰᠦᠲᠡᠨ ᠤ ᠬᠠᠳᠬᠤᠮᠠᠯ ᠵᠡᠷᠭᠡ ᠠᠵᠤ ᠦᠢᠯᠡᠰ ᠤᠨ ᠲᠠᠷᠢᠶᠠᠯᠠᠩ ᠢ ᠲᠣᠭᠲᠠᠭᠤᠨ ᠢᠶᠠᠷ ᠳᠠᠶᠢᠴᠢᠯᠠᠨ ᠣᠷᠣᠯᠭ᠎ᠠ | ᠶᠢ ᠨᠢ ᠨᠡᠮᠡᠭᠳᠡᠭᠦᠯᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ 1 | ᠲᠦᠮᠡᠨ ᠬᠥᠮᠦᠨ ᠤᠳᠠᠭ᠎ᠠ ᠥᠷᠨᠢᠭᠦᠯᠦᠨ᠂ ᠠᠳᠠᠯ ᠦᠢᠯᠡᠰ ᠴᠣᠭᠴᠠᠯᠠᠬᠤ ᠪᠠᠭ᠎ᠠ ᠲᠣᠭᠠᠨ ᠤ ᠵᠢᠭᠡᠯᠡᠯᠭᠡ ᠶᠢ 1500 | ᠲᠦᠮᠡᠨ ᠲᠥᠭᠦᠷᠢᠭ ᠲᠠᠯᠪᠢᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠬᠡᠷᠡᠭᠵᠢᠭᠦᠯᠵᠦ᠂ ᠡᠮᠴᠢᠯᠡᠭᠡ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠣᠰ ᠲᠣᠰ | 20.3 ᠲᠦᠮᠡ ᠪᠠ 16 ᠲᠦᠮᠡ ᠠᠴᠠ ᠳᠡᠭᠡᠭᠰᠢ ᠳᠤ ᠬᠦᠷᠭᠡᠨ᠎ᠡ᠃ ᠬᠥᠯᠥᠰᠥᠨ ᠠᠵᠢᠯᠴᠢᠨ ᠤ ᠴᠠᠯᠢᠩ ᠢ | ᠥᠷᠢᠲᠦᠵᠦ ᠤᠳᠠᠭᠠᠰᠢᠷᠠᠭᠤᠯᠤᠭᠰᠠᠨ ᠶᠠᠪᠤᠳᠠᠯ ᠢ ᠦᠨᠳᠦᠰᠦᠨ ᠠᠴᠠ ᠨᠢ ᠵᠠᠰᠠᠬᠤ ᠠᠵᠢᠯ ᠢ ᠰᠠᠶᠢᠲᠤᠷ ᠬᠢᠵᠦ᠂ | ᠴᠠᠯᠢᠩ ᠥᠷᠢᠲᠦᠭᠰᠡᠨ ᠬᠡᠷᠡᠭ ᠶᠠᠪᠤᠳᠠᠯ ᠢ ᠬᠥᠳᠡᠯᠦᠩᠭᠦᠢ ᠪᠠᠷ ᠦᠭᠡᠢ ᠪᠣᠯᠭᠠᠬᠤ ᠶᠢ ᠲᠦᠯᠬᠢᠨ ᠠᠬᠢᠭᠤᠯᠤᠨ᠎ᠠ᠃ | ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ ᠢ ᠰᠡᠷᠭᠡᠶᠢᠯᠡᠨ ᠡᠵᠡᠮᠳᠡᠬᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠥᠷᠢᠨᠰᠢᠬᠦᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1441 | ᠲᠦᠮᠡᠨ ᠲᠥᠭᠦᠷᠢᠭ᠂ ᠪᠠᠷᠢᠯᠭ᠎ᠠ ᠶᠢᠨ ᠲᠠᠯᠠᠪᠠᠢ ᠨᠢ 4000 ᠲᠡᠭᠰᠢ ᠳᠥᠷᠪᠡᠯᠵᠢᠨ ᠮᠧᠲᠷ ᠤᠨ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠵᠢᠴᠢ ᠬᠠᠯᠳᠠᠪᠤᠷᠢᠲᠤ ᠡᠪᠡᠳᠴᠢᠨ ᠤ | ᠦᠷᠤᠭᠡ ᠶᠢ ᠡᠬᠢᠯᠡᠭᠦᠯᠦᠨ ᠪᠠᠶᠢᠭᠤᠯᠬᠤ ᠶᠢᠨ ᠬᠠᠮᠲᠤ ᠪᠠᠷᠢᠯᠭ᠎ᠠ ᠳᠠᠭᠤᠰᠬᠠᠨ᠎ᠠ᠃ ᠡᠷᠡᠭᠦᠯ ᠡᠩᠬᠡ ᠬᠥᠳᠡᠭᠡ ᠲᠣᠰᠬᠤᠨ | ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ | ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠶᠡᠭᠡ ᠬᠢᠵᠢᠭ ᠤᠨ ᠪᠠᠶᠢᠳᠠᠯ ᠵᠢᠴᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ | ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠮᠡᠨᠳᠦ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠬᠢᠭᠡᠳ ᠡᠮᠴᠢᠯᠡᠭᠡᠨ ᠤ ᠠᠪᠤᠷᠠᠨ ᠲᠤᠰᠠᠯᠠᠬᠤ ᠭᠤᠷᠪᠠᠨ ᠳᠠᠪᠬᠤᠷ ᠪᠠᠲᠤᠯᠠᠭ᠎ᠠ ᠶᠢᠨ | ᠲᠦᠷᠢᠮ ᠤᠨ ᠬᠠᠷᠢᠯᠴᠠᠨ ᠨᠥᠬᠦᠪᠥᠷᠢᠯᠡᠵᠦ ᠵᠣᠯᠭᠠᠭᠤᠯᠬᠤ ᠶᠢ ᠠᠬᠢᠭᠤᠯᠵᠤ᠂ ᠰᠠᠭᠤᠷᠢ ᠮᠥᠩᠭᠦ ᠶᠢᠨ ᠲᠥᠰᠦᠪ ᠤᠨ | ᠬᠠᠮᠢᠶᠠᠷᠤᠯᠲᠠ ᠶᠢ ᠴᠢᠩᠭᠠᠷᠠᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠲᠠᠰᠤᠯᠤᠨ ᠪᠤᠳᠤᠬᠤ ᠶᠢ ᠪᠡᠶᠡᠯᠡᠭᠦᠯᠦᠨ᠎ᠡ᠃ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠢ | ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠠᠷ ᠭᠤᠣᠯ ᠴᠣᠭᠴᠠ ᠪᠣᠯᠭᠠᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠲᠥᠷᠦᠯ ᠵᠦᠢᠯ ᠢ | ᠡᠬᠢᠯᠡᠨ ᠬᠡᠷᠡᠭᠵᠢᠭᠦᠯᠵᠦ᠂ 550 ᠰᠤᠪᠢᠯᠠᠯᠲᠠ ᠶᠢᠨ ᠬᠡᠯᠪᠡᠷᠢ ᠶᠢᠨ ᠣᠷᠣ ᠰᠢᠨ᠎ᠡ ᠪᠠᠷ ᠨᠡᠮᠡᠭᠳᠡᠬᠦᠯᠦᠨ᠎ᠡ᠃ | ᠣᠷᠣᠰᠢᠭᠤᠯᠭ᠎ᠠ ᠶᠢᠨ ᠬᠦᠷᠢᠶ᠎ᠡ ᠬᠡᠪᠴᠢᠶᠡᠨ ᠤ ᠵᠠᠰᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ 4 ᠰᠠᠭᠤᠷᠢ᠂ ᠡᠵᠡᠩᠨᠡᠯᠲᠡ ᠶᠢᠨ ᠴᠢᠨᠠᠷᠲᠠᠢ 1 ᠰᠠᠭᠤᠷᠢ ᠨᠡᠶᠢᠲᠡ ᠶᠢᠨ ᠣᠩᠭᠤᠨ ᠢ | ᠰᠢᠨ᠎ᠡ ᠪᠠᠷ ᠪᠠᠶᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠶᠯᠡᠴᠢᠯᠡᠭᠡ᠂ | ᠨᠢᠭᠦᠯᠡᠰᠦᠩᠭᠦᠶ ᠶᠢᠨ ᠦᠶᠯᠡᠰ ᠤᠨ ᠬᠥᠭᠵᠢᠯᠲᠡ ᠶᠢ ᠳᠡᠮᠵᠢᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠶ | ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠱᠠᠰᠢᠨ ᠰᠤᠷᠲᠠᠬᠤᠨ ᠢ ᠢᠳᠡᠪᠬᠢᠲᠡᠶ | ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠲᠣᠬᠢᠷᠠᠯᠴᠠᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ | ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ | ᠴᠢᠩᠭᠠᠳᠬᠠᠨ᠎ᠠ᠃ | ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠎ᠡ᠃ 7436 ᠲᠦᠮᠡᠨ ᠲᠥᠭᠦᠷᠢᠭ ᠤᠨ | ᠶᠡᠷᠦᠩᠬᠡᠢ ᠪᠡᠯᠡ ᠣᠷᠣᠭᠤᠯᠤᠯᠲᠠ ᠲᠠᠢ 9 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠰᠤᠷᠭᠠᠨ ᠬᠥᠮᠦᠵᠢᠯ ᠤᠨ | ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠪᠠᠷᠠᠭᠤᠨ ᠳᠠᠪᠢᠨ ᠭᠤᠤᠯ ᠬᠡᠦᠬᠡᠳ | ᠤᠨ ᠴᠡᠴᠡᠷᠯᠢᠭ᠂ ᠵᠠᠮᠴᠢᠨ ᠭᠤᠣᠯ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠢᠨᠵᠧᠨᠧᠷᠢᠩ ᠢ | ᠪᠡᠶᠡᠯᠡᠭᠦᠯᠵᠦ᠂ ᠳᠠᠶᠢᠴᠢᠨᠲᠠᠯ᠎ᠠ ᠭᠤᠤᠯ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠣᠨᠴᠠᠭᠠᠢ | ᠰᠤᠷᠭᠠᠨ ᠬᠥᠮᠦᠵᠢᠯ ᠤᠨ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠵᠡᠷᠭᠡ ᠲᠥᠷᠥᠯ ᠵᠦᠢᠯ ᠢ ᠡᠬᠢᠯᠡᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠤᠷᠪᠠᠨ | ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ | ᠪᠥᠬᠦ ᠲᠠᠯ᠎ᠠ ᠪᠠᠷ ᠴᠢᠩᠭᠠᠳᠬᠠᠬᠤ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ᠂ ᠪᠠᠭᠰᠢ ᠶᠢ | ᠭᠦᠶᠴᠡᠳ ᠲᠣᠬᠢᠷᠠᠭᠤᠯᠵᠤ ᠬᠦᠴᠦᠷᠬᠡᠭᠵᠢᠭᠦᠯᠦᠨ᠂ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠥᠭᠵᠢᠯᠲᠡ ᠶᠢ | ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠴᠢᠭᠢᠷᠠᠭ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠯ ᠤᠨ ᠳᠣᠲᠣᠷ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠤ ᠲᠥᠪ᠂ ᠪᠠᠶᠠᠨᠬᠤᠰᠢᠭᠤ ᠪᠠᠯᠭᠠᠰᠤ ᠶᠢᠨ ᠣᠯᠠᠨ ᠴᠢᠳᠠᠮᠵᠢᠲᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠷᠳᠣᠨ ᠢ ᠠᠰᠢᠭᠯᠠᠯᠲᠠ ᠳᠤ ᠣᠷᠣᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠤᠷᠤᠯᠴᠠᠨ | ᠤᠬᠠᠭᠤᠯᠬᠤ ᠪᠠ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠦᠨ᠎ᠡ᠃ ᠰᠤᠮᠤ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ | ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ | ᠠᠭᠤᠰᠤᠯᠴᠠᠭᠤᠯᠤᠨ᠎ᠠ᠃ | ᠠᠮᠤᠷ ᠠᠮᠤᠭᠤᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠤᠳᠤᠯ ᠢ ᠲᠡᠪᠴᠢᠵᠦ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ | ᠰᠠᠶᠢᠲᠤᠷ ᠠᠳᠬᠤᠵᠤ᠂ ︽ᠬᠥᠮᠦᠰ ᠢ ᠵᠡᠷᠭᠡ ᠪᠠᠷ ᠰᠡᠷᠭᠡᠶᠢᠯᠡᠬᠦ︾ ᠶᠢ ᠦᠷᠭᠦᠯᠵᠢᠯᠡᠨ ᠴᠢᠩᠭᠠᠳᠬᠠᠵᠤ᠂ | ᠪᠠᠶᠢᠩᠭᠤᠵᠢᠬᠰᠠᠨ ᠤᠨᠤᠪᠴᠢᠳᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ | ᠂ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠲᠠᠷᠬᠠᠨ ᠳᠡᠯᠭᠡᠷᠡᠬᠦ | ᠡᠪᠡᠳᠴᠢᠨ ᠤ ᠵᠢᠱᠢᠶ᠎ᠡ ᠶᠢᠨ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠸᠠᠺᠼᠢᠨ ᠤ ᠲᠠᠷᠢᠯᠭ᠎ᠠ ᠶᠢᠨ ᠠᠵᠢᠯ | ᠢ ᠦᠨᠡᠨ ᠬᠦ ᠰᠠᠶᠢᠲᠤᠷ ᠬᠢᠨ᠎ᠠ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠳᠤ ᠴᠢᠩᠭ᠎ᠠ | ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠢ ᠢᠳᠡᠬᠦ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠴᠠᠭᠠᠵᠠᠯᠠᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠪᠦᠬᠦ ᠤᠯᠤᠰ | ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠬᠤᠷᠢᠭᠯᠠᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠠᠵᠤ | ᠠᠬᠤᠶᠢᠯᠠᠯ ᠢᠶᠠᠨ ᠬᠦᠴᠦᠷᠬᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠨᠡᠶᠢᠭᠡᠮ ᠤᠨ ᠶᠠᠰᠤ ᠴᠢᠨᠠᠷ | ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ | ᠲᠦᠪᠰᠢᠨ ᠢ ᠪᠠᠲᠤᠯᠠᠨ᠎ᠠ᠃ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ ᠥᠷᠨᠢᠭᠦᠯᠦᠨ᠎ᠡ᠃ ᠮᠠᠭᠤ ᠰᠠᠨᠠᠭ᠎ᠠ ᠪᠠᠷ | ᠥᠷᠢ ᠥᠭᠴᠡᠭᠡ ᠠᠴᠠ ᠵᠠᠶᠢᠯᠠᠬᠤ ᠥᠷᠢ ᠥᠭᠴᠡᠭᠡ ᠪᠠᠨ ᠬᠦᠴᠦᠨ ᠦᠭᠡᠢ ᠪᠣᠯᠭᠠᠬᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠴᠥᠷᠬᠡᠯᠡᠭᠡ ᠵᠢᠭᠡᠯᠡᠯᠭᠡ ᠲᠠᠯᠪᠢᠬᠤ ᠵᠡᠷᠭᠡ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ | ᠪᠠᠶᠢᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠵᠤ᠂ ᠨᠡᠶᠢᠭᠡᠮ ᠨᠡᠶᠢᠲᠡ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ᠂ ᠣᠯᠠᠨ ᠲᠦᠮᠡᠨ | ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠳᠠᠪᠬᠤᠷᠳᠠᠭᠰᠠᠨ ᠵᠠᠬᠢᠳᠠᠯ | ᠰᠤᠷᠪᠤᠯᠵᠢᠯᠠᠭ᠎ᠠ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠰᠢᠢᠳᠪᠦᠷᠢᠯᠡᠨ᠎ᠡ᠃ | ︵ᠶᠢᠰᠦ︶ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ ᠰᠢᠨ᠎ᠡ ᠪᠠᠶᠢᠳᠠᠯ᠂ ᠰᠢᠨ᠎ᠡ ᠡᠭᠦᠷᠭᠡ᠂ | ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ | ᠴᠢᠩᠭᠠᠳᠬᠠᠵᠤ᠂ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠣᠭ ᠰᠠᠨᠠᠭ᠎ᠠ ᠪᠠᠨ ᠪᠠᠷᠢᠮᠲᠠᠯᠠᠵᠤ | ᠂ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠡᠷᠬᠡ ᠪᠠᠨ ᠲᠥᠪ ᠭᠤᠤᠯᠴᠢ ᠬᠡᠷᠡᠭᠯᠡᠵᠦ᠂ ᠰᠢᠷᠭᠠᠭᠤ | ᠠᠵᠢᠯᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠶᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ︽ᠳᠥᠷᠪᠡᠨ | ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ | ᠬᠢᠬᠦ᠂ ᠰᠢᠨ᠎ᠡ ᠪᠠᠶᠢᠳᠠᠯ ᠢ ᠡᠭᠦᠳᠬᠦ ᠶᠢ ᠦᠨᠡᠨ ᠬᠦ ᠪᠡᠶᠡᠯᠡᠬᠦᠯᠦᠨ᠎ᠡ᠃ ᠤᠯᠤᠰ ᠲᠥᠷᠥ ᠶᠢᠨ ᠰᠠᠬᠢᠯᠭ᠎ᠠ ᠪᠠᠲᠤ ᠪᠠ | ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ | ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶᠢᠨ ᠵᠥᠪ | ᠴᠢᠭᠯᠡᠯ ᠢ ᠪᠠᠲᠤ ᠡᠵᠡᠮᠳᠡᠨ᠎ᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ | ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠲᠦᠯᠬᠢᠨ ᠠᠬᠢᠭᠤᠯᠵᠤ᠂ ᠵᠠᠰᠠᠭ ᠤᠨ | ᠣᠷᠳᠣᠨ ᠤ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ | ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠵᠦ᠂ ᠬᠠᠤᠯᠢ ᠠᠴᠠ ᠡᠷᠬᠡ | ᠣᠯᠭᠤᠭᠰᠠᠨ ᠦᠭᠡᠢ ᠵᠦᠢᠯ ᠢ ᠦᠯᠦ ᠬᠢᠬᠦ ᠶᠢ ᠪᠡᠶᠡᠯᠡᠭᠦᠯᠦᠨ᠎ᠡ᠃ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021— 2025 ᠣᠨ︶︾ ᠶᠢᠨ ᠪᠠᠶᠢᠷᠢᠯᠠᠭᠤᠯᠤᠯᠲᠠ | ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠶᠢ | ᠲᠦᠭᠡᠮᠡᠯᠵᠢᠭᠦᠯᠬᠦ ᠬᠠᠤᠯᠢ ᠪᠠᠷ ᠵᠠᠰᠠᠬᠤ ᠠᠵᠢᠯ ᠢ ᠡᠬᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ | ᠠᠴᠠ ᠪᠠᠨ ᠬᠦᠯᠢᠶᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ | ᠴᠢᠬᠤᠯᠠᠴᠢᠯᠠᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ | ᠴᠢᠩᠭᠠᠳᠬᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ | ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ | ᠲᠣᠭᠲᠠᠭᠠᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠵᠦ᠂ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ | ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠦᠷᠢᠶ᠎ᠡ ᠴᠠᠷᠠᠭ᠎ᠠ ᠰᠢᠨ᠎ᠡ ᠮᠡᠳᠡᠯᠭᠡ | ᠶᠢᠨ ᠰᠤᠷᠤᠯᠴᠠᠯᠭ᠎ᠠ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ | ᠳᠤ ᠵᠣᠬᠢᠴᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠢᠷᠢ ᠬᠡᠮᠵᠢᠶ᠎ᠡ ᠪᠠ ᠲᠤᠰᠬᠠᠶᠢᠵᠢᠭᠰᠠᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ︽ᠳᠠᠷᠤᠶᠢᠬᠠᠨ ᠭᠦᠶᠴᠡᠳᠬᠡᠬᠦ︾ ᠬᠡᠪᠰᠢᠭᠰᠡᠨ ᠲᠣᠭᠲᠠᠴᠠ ᠶᠢ ᠪᠠᠶᠢᠭᠤᠯᠵᠤ᠂ ︽ᠪᠢ | ᠨᠠᠶᠢᠳᠠᠪᠤᠷᠢᠵᠢᠭᠤᠯᠤᠨ᠎ᠠ᠂ ᠳᠠᠷᠤᠶᠢᠬᠠᠨ ᠨᠠᠶᠢᠳᠠᠪᠤᠷᠢᠵᠢᠭᠤᠯᠤᠨ᠎ᠠ᠂ ᠨᠠᠶᠢᠳᠠᠪᠤᠷᠢᠵᠢᠭᠤᠯᠪᠠᠯ ᠰᠠᠶ᠋ᠢ ᠯᠠᠪᠳᠠᠭᠤᠨ ᠪᠠᠲᠤᠲᠠᠶ | ᠪᠠᠶᠢᠬᠤ︾ ᠰᠠᠶᠢᠨ ᠰᠠᠶᠢᠬᠠᠨ ᠰᠤᠷᠲᠠᠯ ᠢ ᠶᠡᠬᠡᠪᠡᠷ ᠦᠶᠯᠡᠳᠦᠯᠭᠡᠵᠢᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ | ᠪᠠᠷ ᠡᠯ᠎ᠡ ᠵᠦᠶᠯ ᠤᠨ ᠠᠵᠢᠯ ᠢᠶᠠᠨ ᠨᠠᠷᠢᠯᠢᠭ ᠪᠣᠳᠠᠲᠠᠶ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠳᠤ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ | ᠲᠦᠮᠡᠨ ᠤ ︽ᠪᠠᠴᠢᠮ ᠶᠠᠭᠠᠷᠠᠤ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ︾ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠵᠤ᠂ | ᠮᠥᠷᠳᠡᠵᠦ ᠰᠢᠮᠳᠠᠭᠤᠯᠤᠨ ᠭᠦᠢᠴᠡᠳᠬᠡᠯᠭᠡᠵᠦ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠠᠳᠬᠤᠨ᠂ ᠵᠠᠰᠠᠭ ᠤᠨ | ᠵᠠᠷᠯᠢᠭ ᠤᠨ ᠰᠠᠭᠠᠳ ᠦᠭᠡᠶ ᠶᠠᠪᠤᠭᠳᠠᠬᠤ ᠶᠢ ᠪᠠᠲᠤᠯᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ | ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ | ᠬᠦᠩᠭᠡᠷᠡᠬᠦᠯᠦᠨ᠎ᠡ᠃ ᠬᠠᠮᠢᠶᠠᠷᠤᠯᠲᠠ ᠪᠠᠨ ᠴᠢᠩᠭᠠᠳᠬᠠᠨ᠂ ᠪᠦᠲᠦᠴᠡ ᠪᠠᠨ ᠰᠢᠯᠢᠳᠡᠭᠵᠢᠭᠦᠯᠵᠦ᠂ ᠡᠳ᠋ ᠤᠨ ᠵᠠᠰᠠᠭ | ᠤᠨ ᠲᠥᠷᠥ ᠶᠢᠨ ᠪᠣᠳᠣᠯᠭ᠎ᠠ ᠶᠢᠨ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠶᠢ | ᠲᠦᠯᠬᠢᠨ ᠠᠬᠢᠭᠤᠯᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠡᠳ᠋ ᠤᠨ ᠵᠠᠰᠠᠭ ᠤᠨ ᠵᠦᠢᠯᠡᠰ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠵᠢᠷᠤᠮᠵᠢᠭᠤᠯᠤᠨ᠎ᠠ᠃ ᠭᠠᠮᠨᠠᠵᠤ ᠠᠮᠢᠳᠤᠷᠠᠬᠤ ᠶᠢ ᠪᠠᠷᠢᠮᠲᠠᠯᠠᠵᠤ᠂ ᠰᠠᠶᠢᠲᠤᠷ ᠠᠷᠪᠢᠯᠠᠨ ᠭᠠᠮᠨᠠᠵᠤ᠂ ᠪᠦᠷᠢᠯᠭᠡᠨ | ᠰᠦᠢᠳᠬᠡᠬᠦ ᠶᠢ ᠡᠰᠡᠷᠬᠦᠴᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢ ᠰᠠᠢᠲᠤᠷ ᠭᠦᠢᠴᠡᠳ ᠬᠡᠷᠡᠭᠯᠡᠨ᠎ᠡ᠃ | ᠲᠥᠯᠥᠭᠡᠯᠡᠭᠴᠢᠳ ᠡ᠂ ᠠᠤᠭ᠎ᠠ ᠲᠥᠰᠦᠪ ᠢ ᠵᠢᠷᠤᠭᠯᠠᠵᠤ᠂ ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨᠡᠮ︔ | ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠶᠢᠨ᠎ᠠ᠂ ᠨᠡᠩ ᠴᠤ ᠡᠷᠴᠢ ᠵᠣᠷᠢᠭ ᠢᠶᠠᠨ ᠬᠥᠪᠴᠢᠯᠡᠬᠦ ᠬᠡᠷᠡᠭᠲᠡᠢ᠃ | ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ | ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ | ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠢᠳᠡ ᠴᠥᠬᠦᠷᠡᠰᠢ ᠥᠬᠡᠶ ᠵᠣᠷᠢᠭ ᠰᠠᠨᠠᠭᠠᠨ ᠤ ᠳᠦᠷᠰᠦ ᠪᠠᠶᠢᠳᠠᠯ | ᠢᠶᠠᠨ ᠪᠠᠲᠤᠯᠠᠵᠤ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ | ᠨᠢᠭᠡ ᠰᠡᠳᠬᠢᠯ ᠨᠢᠭᠡ ᠵᠣᠷᠢᠭ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠨᠢᠭᠡ ᠯᠡ ᠠᠮᠢᠰᠬᠤᠭ᠎ᠠ ᠪᠠᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ |