ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠡᠷᠬᠢᠯᠡᠭᠴᠢ ᠰᠢ ᠶᠢᠨ ᠫᠢᠩ 5 ᠰᠠᠷ᠎ᠠ ᠶᠢᠨ 21 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ | ᠵᠢᠯᠣᠭᠤᠳᠬᠤ ᠰᠠᠨᠠᠯ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ | ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ | ᠲᠤᠬᠠᠶ ᠰᠠᠨᠠᠯ︾᠂ ︽ᠡᠮᠴᠢᠯᠡᠭᠡᠨ ᠤ ᠦᠶ᠋ᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠷᠰᠢᠯᠳᠠ ᠶᠢᠨ ᠴᠡᠭ ᠤᠨ ᠠᠵᠢᠯ ᠤᠨ ᠲᠥᠰᠦᠯ︾᠂ ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂ ︽ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠲᠤᠬᠠᠶ ᠰᠠᠨᠠᠯ ᠤᠳ︾ ᠢ | ᠬᠢᠨᠠᠨ ᠵᠦᠪᠯᠡᠵᠦ ᠪᠠᠳᠤᠯᠠᠪᠠ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠭᠦ ᠶᠢ ᠱᠠᠯᠠᠪᠳᠠᠨ ᠪᠡᠶᠡᠯᠡᠭᠦᠯᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠦᠨᠡᠯᠡᠬᠦ ᠡᠨᠡ ᠬᠦ ᠳᠣᠬᠢᠭᠤᠷ ᠢ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ | ᠢᠳᠡᠪᠬᠢᠵᠢᠯ ᠢ ᠪᠠᠳᠠᠷᠠᠭᠤᠯᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯ ᠤᠯᠤᠰ ᠠᠷᠠᠳ ᠤᠨ ᠰᠤᠷᠭᠠᠨ | ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠶᠤᠰᠤ ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠭᠤᠣᠯ ᠴᠣᠭᠴᠠ ᠶᠢᠨ ᠴᠢᠳᠠᠮᠵᠢ ᠶᠢ | ᠭᠦᠢᠴᠡᠳ ᠪᠠᠳᠠᠷᠠᠭᠤᠯᠵᠤ᠂ ᠰᠦᠯᠵᠢᠶ᠎ᠠ ᠪᠠ ᠪᠤᠳᠠᠳᠤ ᠴᠤᠭᠴᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ | ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠵᠣᠬᠢᠰᠲᠠᠢ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠵᠤ | ᠂ ᠦᠨ᠎ᠡ ᠬᠠᠩᠰᠢ ᠶᠢ ᠲᠤᠬᠢᠷᠠᠭᠤᠯᠬᠤ ᠵᠢᠱᠢᠯᠲᠡ ᠶᠢ ᠲᠣᠭᠲᠠᠪᠤᠷᠢᠵᠢᠭᠤᠯᠤᠨ᠂ ᠤᠯᠠᠨ ᠲᠦᠮᠡᠨ ᠤ ᠳᠠᠷᠤᠭᠠᠰᠤ | ᠶᠡᠷᠦᠩᠬᠡᠢ ᠳᠡᠭᠡᠨ ᠲᠣᠭᠲᠠᠭᠤᠨ ᠪᠠᠶᠢᠬᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠠᠭᠠᠭᠠᠵᠤ ᠳᠡᠶᠢᠯᠬᠦ᠂ | ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠶᠢᠨ ᠪᠠᠶᠢᠭᠤᠯᠤᠮᠵᠢ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠠᠲᠤᠯᠠᠵᠤ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠪᠣᠯᠤᠨ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ | ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ | ᠡᠭᠦᠷᠭᠡ ᠲᠠᠢ ᠵᠣᠯᠭᠠᠭᠤᠯᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ | ᠪᠠᠶᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠦ ᠶᠢᠨ | ᠪᠤᠳᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠲᠡᠦᠬᠡ ᠳᠤ ᠬᠠᠷᠢᠭᠤᠴᠠᠬᠤ᠂ ᠠᠷᠠᠳ | ᠲᠦᠮᠡᠨ ᠳᠤ ᠬᠠᠷᠢᠭᠤᠴᠠᠬᠤ ᠣᠪᠣᠷ ᠢᠶᠠᠷ ᠲᠦᠷᠦᠯ ᠠᠩᠭᠢᠯᠠᠯ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ ᠡᠷᠴᠢᠮᠳᠠᠢ᠂ | ᠬᠠᠮᠢᠶᠠᠷᠤᠯᠲᠠ ᠨᠢ ᠪᠦᠲᠦᠮᠵᠢᠲᠡᠢ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ | ᠪᠠᠶᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ | ᠨᠢᠩ᠂ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠠᠶᠢᠷᠢᠯᠠᠭᠤᠯᠤᠨ | ᠠᠬᠢᠭᠤᠯᠵᠤ᠂ ︽ᠲᠦᠷᠪᠡᠨ ᠬᠠᠨᠳᠤᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠤᠳᠤᠷᠢᠳᠤᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠣᠭᠲᠠᠭᠠᠵᠤ᠂ | ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠣᠷᠴᠢᠨ ᠨᠥᠬᠦᠴᠡᠯ ᠠᠭᠠᠵᠢᠮ ᠢᠶᠠᠷ ᠪᠦᠷᠢᠯᠳᠦᠨ᠂ ᠮᠠᠨ ᠤ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠭᠦ ᠶᠢ ᠳᠠᠶᠢᠴᠢᠯᠠᠪᠠ᠃ ᠡᠭᠦᠨ ᠤ | ᠵᠡᠷᠭᠡ ᠪᠠᠷ᠂ ᠲᠥᠷᠥᠯ ᠬᠤᠪᠢᠶᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ | ᠰᠢᠰᠲ᠋ᠧᠮ ᠢ ᠬᠠᠷᠠᠬᠠᠨ ᠪᠠᠶᠢᠭᠤᠯᠤᠭᠠᠳᠤᠶ ᠪᠠᠶᠢᠵᠤ᠂ ᠭᠦᠶ᠋ᠴᠡᠳᠬᠡᠯ ᠲᠤᠭ᠎ᠠ ᠲᠠᠩ ᠴᠤᠯᠭᠤᠶ ᠪᠠᠶᠢᠬᠤ᠂ ᠪᠠᠷᠢᠮᠵᠢᠶ᠎ᠠ ᠳᠤᠭᠳᠠᠮᠠᠯ | ᠪᠠᠶᠢᠬᠤ᠂ ᠦᠷ᠎ᠡ ᠳ᠋ᠦᠩ ᠳᠤ ᠠᠰᠢᠭ ᠬᠠᠷᠠᠬᠤ ᠠᠰᠠᠭᠤᠳᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ ᠬᠡᠵᠤ | ᠵᠢᠭᠠᠵᠤ ᠭᠠᠷᠭᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠬᠦ ᠳᠤ ᠵᠠᠩᠭᠢᠯᠠᠭ᠎ᠠ ᠨᠢ ︽ᠶᠠᠭᠤ ᠶᠢ ᠦᠨᠡᠯᠡᠬᠦ︾᠂ ︽ᠬᠡᠨ ᠦᠨᠡᠯᠡᠬᠦ︾᠂ ︽ᠶᠠᠭᠠᠬᠢᠵᠤ ᠦᠨᠡᠯᠡᠬᠦ︾᠂ ︽ | ᠶᠠᠭᠠᠬᠢᠵᠤ ᠬᠡᠷᠡᠭᠯᠡᠬᠦ︾ ᠠᠰᠠᠭᠤᠳᠠᠯ ᠢ ᠰᠠᠶᠢᠲᠤᠷ ᠰᠢᠶ᠋ᠳᠪᠦᠷᠢᠯᠡᠬᠦ ᠬᠡᠷᠡᠭᠲᠡᠶ᠃ ᠶᠠᠰᠤ ᠴᠢᠨᠠᠷ᠂ ᠠᠮᠵᠢᠯᠲᠠ ᠪᠦᠲᠦᠮᠵᠢ᠂ | ᠬᠤᠪᠢ ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ ᠤᠳᠤᠷᠢᠳᠤᠮᠵᠢ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠲᠦᠷᠦᠯ ᠬᠤᠪᠢᠶᠠᠨ ᠦᠨᠡᠯᠡᠬᠦ ᠰᠢᠰᠲ᠋ᠧᠮ ᠢ ᠪᠦᠷᠢᠨᠰᠢᠬᠦᠯᠵᠤ᠂ ᠰᠠᠭᠤᠷᠢ ᠰᠤᠳᠤᠯᠭᠠᠨ᠂ | ᠬᠡᠷᠡᠭᠯᠡᠭᠡᠨ ᠤ ᠰᠤᠳᠤᠯᠭᠠᠨ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠵᠡᠷᠭᠡ ᠠᠳᠠᠯᠢ ᠪᠤᠰᠤ ᠲᠦᠷᠦᠯ ᠤᠨ ᠦᠷ᠎ᠡ | ᠪᠦᠲᠦᠭᠡᠯ ᠳᠤ ᠴᠢᠭᠯᠡᠭᠦᠯᠦᠨ ᠨᠠᠷᠢᠯᠢᠭ ᠬᠤᠪᠢᠶᠠᠷᠢᠯᠠᠯᠳᠠ ᠲᠠᠢ ᠦᠨᠡᠯᠡᠯᠲᠡ ᠶᠢᠨ ᠪᠠᠷᠢᠮᠵᠢᠶ᠎ᠠ ᠶᠢ ᠪᠦᠷᠢᠯᠳᠦᠭᠦᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠨᠵᠢᠯᠡᠬᠦ ᠤᠬᠠᠭᠠᠨ᠂ ᠮᠡᠷᠭᠡᠵᠢᠯ᠂ ᠠᠵᠤ ᠠᠬᠤᠢ᠂ ᠨᠡᠶᠢᠭᠡᠮ᠂ | ᠰᠣᠶᠣᠯ ᠤᠨ ᠦᠷᠳᠡᠭ ᠢ ᠪᠦᠬᠦ ᠲᠠᠯ᠎ᠠ ᠪᠠᠷ ᠣᠨᠣᠪᠴᠢᠲᠠᠢ ᠦᠨᠡᠯᠡᠬᠦ ᠬᠡᠷᠡᠭᠲᠡᠢ᠃ ᠵᠠᠰᠠᠭ ᠤᠨ ᠣᠷᠳᠣᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠪᠠᠶᠢᠭᠤᠯᠤᠮᠵᠢ ᠵᠡᠷᠭᠡ | ᠬᠠᠮᠲᠤ ᠪᠠᠷ ᠣᠷᠣᠯᠴᠠᠭᠰᠠᠨ ᠤᠯᠠᠨ ᠡᠰᠢᠲᠦ ᠦᠨᠡᠯᠡᠯᠲᠡ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠵᠠᠬ᠎ᠠ | ᠳᠡᠯᠭᠡᠭᠦᠷᠴᠢᠯᠡᠭᠰᠡᠨ ᠦᠨᠡᠯᠡᠯᠲᠡ ᠶᠢ ᠢᠳᠡᠪᠬᠢᠲᠡᠢ ᠬᠥᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ ᠭᠤᠷᠪᠠᠳᠠᠭᠴᠢ ᠡᠳᠡᠬᠡᠳ ᠤᠨ ᠦᠨᠡᠯᠡᠯᠲᠡ ᠶᠢ ᠵᠢᠷᠤᠮᠵᠢᠭᠤᠯᠵᠤ᠂ ᠡᠯ᠎ᠡ | ᠲᠦᠷᠦᠯ ᠤᠨ ᠦᠨᠡᠯᠡᠯᠲᠡ ᠶᠢᠨ ᠭᠤᠣᠯ ᠴᠣᠭᠴᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠭᠠᠵᠢᠮ ᠢᠶᠠᠷ ᠠᠬᠢᠬᠤ ᠴᠢᠨᠠᠷ ᠪᠣᠯᠤᠨ ᠦᠷ᠎ᠡ ᠪᠦᠲᠦᠭᠡᠯ ᠤᠨ ᠱᠠᠳᠤᠴᠢ ᠴᠢᠨᠠᠷᠲᠠᠢ | ᠣᠨᠴᠠᠯᠢᠭ ᠢ ᠡᠵᠡᠮᠳᠡᠵᠦ᠂ ᠳᠤᠮᠳᠠ ᠤᠷᠳᠤ ᠬᠤᠭᠤᠴᠠᠭᠠᠨ ᠤ ᠦᠨᠡᠯᠡᠯᠲᠡ᠂ ᠰᠡᠭᠦᠯᠴᠢ ᠶᠢᠨ ᠦᠨᠡᠯᠡᠯᠲᠡ ᠪᠣᠯᠤᠨ ᠦᠷ᠎ᠡ | ᠪᠦᠲᠦᠭᠡᠯ ᠤᠨ ᠡᠷᠭᠢᠴᠡᠭᠦᠯᠦᠯ ᠢ ᠴᠢᠩᠭᠠᠳᠬᠠᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ | ᠵᠦᠢᠯ ᠤᠨ ᠦᠷ᠎ᠡ ᠪᠦᠲᠦᠭᠡᠯ ᠤᠨ ᠦᠨᠡᠯᠡᠯᠳᠡ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠶᠠᠪᠤᠴᠠ ᠶᠢ ᠪᠦᠷᠢᠨᠰᠢᠬᠦᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠤᠨᠤᠯ ᠪᠣᠯᠤᠨ ᠠᠷᠭ᠎ᠠ ᠶᠢᠨ ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠨᠢᠭᠡ ᠰᠡᠳᠬᠢᠯ ᠢᠶᠠᠷ ᠰᠤᠳᠤᠯᠬᠤ᠂ ᠬᠠᠶᠢᠨ ᠰᠦᠪᠡᠭᠴᠢᠯᠡᠵᠦ ᠰᠢᠨ᠎ᠡ ᠶᠢ | ᠡᠭᠦᠳᠬᠦ ᠶᠢ ᠬᠦᠳᠤᠯᠤᠨ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ | ᠳᠤᠮᠳᠠ ᠠᠪᠤᠨ ᠳᠣᠣᠷ᠎ᠠ ᠪᠠᠨ ᠠᠰᠢᠭ ᠤᠯᠬᠤ ᠪᠠᠷ ᠶᠠᠭᠠᠷᠠᠬᠤ᠂ ᠰᠣᠬᠤᠷ ᠪᠠᠯᠠᠢ ᠪᠠᠷ ᠰᠠᠯᠬᠢ ᠲᠠᠭᠠᠬᠤ ᠦᠵᠡᠭᠳᠡᠯ ᠢ ᠲᠠᠰᠤ | ᠵᠤᠭᠰᠤᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ | ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠥᠨᠳᠥᠷ ᠲᠦᠪᠰᠢᠨ ᠪᠦᠬᠦᠢ ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ | ᠱᠠᠯᠠᠪᠳᠠᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ | ᠦᠢᠯᠡᠰᠵᠢᠭᠦᠯᠬᠦ ᠳᠠᠬᠢ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠳᠡᠮᠵᠢᠯᠭᠡ ᠶᠢ ᠨᠡᠮᠡᠭᠳᠡᠭᠦᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠭᠰᠠᠨ ᠠᠮᠵᠢᠯᠳᠠ ᠪᠦᠲᠦᠮᠵᠢ ᠶᠢ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠴᠢᠳᠠᠪᠤᠷᠢ ᠶᠢᠨ ᠦᠨᠡᠯᠡᠯᠲᠡ ᠳᠤ ᠣᠷᠣᠭᠤᠯᠵᠤ᠂ ᠣᠨᠳᠣᠣᠰᠢᠭᠤᠯᠬᠤ ᠳᠤ ᠠᠰᠢᠭᠲᠠᠢ ᠲᠤᠰᠢᠶᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠨ ᠵᠢᠱᠢᠬᠦ ᠲᠦᠷᠦ ᠶᠢᠨ ᠪᠤᠳᠤᠯᠭ᠎ᠠ ᠶᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ | ᠥᠭᠦᠯᠡᠯ ᠢᠶᠠᠨ ᠡᠭᠡ ᠤᠯᠤᠰ ᠤᠨ ᠡᠭᠡ ᠭᠠᠵᠠᠷ ᠲᠤ ᠪᠢᠴᠢᠭᠯᠡᠬᠦ ᠶᠢ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠱᠠᠩᠨᠠᠨ ᠬᠥᠬᠢᠭᠦᠯᠬᠦ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠦᠨᠡᠨ | ᠬᠦ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨᠲᠠᠨ ᠪᠠ ᠡᠮᠤᠨ᠎ᠠ ᠹᠷᠣᠨᠲ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠱᠠᠩᠨᠠᠨ ᠬᠥᠬᠢᠭᠦᠯᠬᠦ ᠪᠠᠷ ᠭᠤᠣᠯᠳᠠᠯᠭ᠎ᠠ ᠪᠣᠯᠭᠠᠵᠤ᠂ ᠱᠠᠩᠨᠠᠨ ᠬᠥᠬᠢᠭᠦᠯᠬᠦ | ᠲᠤᠭ᠎ᠠ ᠬᠡᠮᠵᠢ᠊ ᠡᠶ᠎ᠡ ᠶᠢ ᠬᠢᠵᠠᠭᠠᠷᠯᠠᠨ᠂ ᠱᠠᠩᠨᠠᠨ ᠬᠥᠬᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠬᠡᠵᠤ | ᠴᠢᠬᠤᠯᠠᠴᠢᠯᠠᠪᠠ᠃ | ᠬᠤᠷᠠᠯ ᠠᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠤᠭ ᠤᠨ ᠲᠣᠪᠤᠶᠢᠮ᠎ᠠ ᠨᠢᠭᠡ ᠠᠰᠠᠭᠤᠳᠠᠯ ᠪᠣᠯ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠬᠡᠲᠦᠷᠬᠡᠶ ᠬᠦᠨᠳᠦ ᠪᠠᠶᠢᠵᠤ᠂ ᠨᠢᠳᠤᠨ ᠡᠮᠦᠨᠡᠬᠢ ᠪᠠᠨ | ᠬᠠᠷᠠᠬᠤ᠂ ᠠᠰᠢᠭ ᠬᠠᠷᠠᠬᠤ ᠠᠰᠠᠭᠤᠳᠠᠯ ᠢ ᠦᠨᠳᠦᠰᠦᠨ ᠠᠴᠠ ᠪᠠᠨ ᠰᠢᠶ᠋ᠳᠪᠦᠷᠢᠯᠡᠭᠡᠳᠤᠢ ᠪᠠᠶᠢᠬᠤ ᠶᠠᠪᠤᠳᠠᠯ ᠪᠣᠯᠤᠨ᠎ᠠ᠃ | ᠢᠯᠠᠩᠭᠤᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠡᠮᠬᠢ ᠵᠢᠷᠤᠮ ᠥᠬᠡᠶ ᠬᠥᠭᠵᠢᠵᠦ᠂ ︽ | ᠰᠤᠷᠭᠠᠭᠤᠯᠢ ᠶᠢᠨ ᠳᠣᠲᠣᠷᠠᠬᠢ ᠳᠠᠷᠤᠭᠠᠰᠤ ᠬᠥᠩᠭᠡᠷᠡᠵᠤ᠂ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠨᠡᠮᠡᠭᠳᠡᠭᠰᠡᠨ︾ | ᠦᠵᠡᠭᠳᠡᠯ ᠲᠣᠪᠤᠶᠢᠮ᠎ᠠ ᠪᠠᠶᠢᠨ᠎ᠠ᠃ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠶᠢᠨ ᠦᠨᠳᠦᠰᠦᠨ ᠠᠷᠭ᠎ᠠ | ᠪᠤᠳᠤᠯᠭ᠎ᠠ ᠨᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠠᠬᠤ | ᠶᠣᠰᠣᠲᠠᠢ ᠶᠢ ᠨᠢ ᠪᠦᠬᠦᠨ ᠢ ᠵᠢᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ | ᠦᠢᠯᠡᠳᠦᠯ ᠢ ᠴᠢᠩᠭᠠᠳᠬᠠᠬᠤ ᠳᠤ ᠪᠤᠢ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠵᠢᠭᠠᠨ | ᠰᠤᠷᠭᠠᠯᠲᠠ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠶᠢ ᠪᠥᠬᠦ | ᠲᠠᠯ᠎ᠠ ᠪᠠᠷ ᠪᠠᠭᠠᠰᠬᠠᠨ᠂ ᠰᠢᠯᠭᠠᠯᠲᠠ ᠶᠢᠨ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠶ᠃ ᠰᠤᠷᠭᠠᠭᠤᠯᠢ ᠶᠢᠨ ᠡᠯ᠎ᠡ ᠵᠦᠢᠯ ᠤᠨ | ᠬᠢᠴᠢᠶᠡᠯ ᠤᠨ ᠳᠠᠷᠠᠭᠠᠬᠢ ᠬᠥᠮᠦᠨ ᠬᠥᠮᠦᠵᠢᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠤᠨ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠠᠭᠰᠢ ᠶᠢᠨ ᠡᠷᠬᠡ ᠠᠰᠢᠭ ᠪᠣᠯᠤᠨ ᠬᠦᠷᠳᠡᠭᠡᠮᠵᠢ ᠶᠢ | ᠬᠠᠤᠯᠢ ᠶᠣᠰᠣᠭᠠᠷ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠪᠥᠬᠦ ᠲᠠᠯ᠎ᠠ ᠪᠠᠷ ᠵᠢᠷᠤᠮᠵᠢᠭᠤᠯᠤᠨ | ᠬᠠᠮᠢᠶᠠᠷᠴᠤ᠂ ᠴᠢᠩᠭ᠎ᠠ ᠵᠠᠰᠠᠬᠤ ᠶᠢ ᠪᠠᠷᠢᠮᠲᠠᠯᠠᠨ᠂ ᠬᠢᠷᠢ ᠬᠡᠮ ᠳᠤ ᠥᠯᠥ ᠨᠡᠶᠢᠴᠡᠬᠦ᠂ ᠬᠠᠮᠢᠶᠠᠷᠤᠯᠲᠠ ᠨᠢ ᠡᠮᠬᠢ ᠵᠠᠮᠪᠠᠷᠠᠭ᠎ᠠ | ᠥᠬᠡᠶ᠂ ᠵᠠᠪᠰᠢᠶᠠᠨ ᠢ ᠳᠠᠯᠢᠮᠳᠠᠭᠤᠯᠤᠨ ᠵᠤᠭᠤᠰ ᠬᠤᠨᠵᠢᠬᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠰᠤᠷᠭᠠᠭᠤᠯᠢ ᠲᠠᠢ | ᠰᠦᠯᠪᠡᠭᠡᠯᠡᠨ ᠠᠰᠢᠭ ᠤᠯᠬᠤ ᠵᠡᠷᠭᠡ ᠠᠰᠠᠭᠤᠳᠠᠯ ᠣᠷᠣᠰᠢᠵᠤ ᠪᠠᠶᠢᠭ᠎ᠠ ᠪᠠᠶᠢᠭᠤᠯᠤᠮᠵᠢ ᠶᠢ ᠴᠢᠩᠭ᠎ᠠ ᠪᠠᠶᠢᠴᠠᠭᠠᠨ | ᠰᠢᠶ᠋ᠳᠪᠦᠷᠢᠯᠡᠬᠦ ᠬᠡᠷᠡᠭᠲᠡᠶ᠃ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠶ᠋ᠳᠬᠡᠯ ᠬᠤᠷᠢᠶᠠᠬᠤ ᠪᠠᠷᠢᠮᠵᠢᠶ᠎ᠠ ᠶᠢ ᠲᠣᠳᠣᠷᠬᠠᠶᠢᠯᠠᠵᠤ | ᠂ ᠤᠷᠢᠳᠴᠢᠯᠠᠨ ᠰᠦᠶ᠋ᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠶᠢ ᠴᠢᠩᠭᠠᠳᠬᠠᠨ᠂ ᠳᠤᠷ᠎ᠠ ᠪᠠᠷ ᠢᠶᠠᠨ ᠬᠥᠷᠥᠩᠭᠡᠴᠢᠯᠡᠨ | ᠠᠵᠢᠯᠯᠠᠬᠤ ᠶᠢ ᠡᠷᠡᠰ ᠴᠠᠭᠠᠵᠠᠯᠠᠵᠤ᠂ ᠨᠢᠩᠵᠢᠨ ᠰᠡᠳᠬᠢᠯᠲᠦ ᠠᠵᠢᠯ ᠲᠥᠷᠥᠯ ᠢ ᠠᠰᠢᠭ ᠬᠥᠭᠡᠭᠡᠴᠡᠯᠳᠦᠬᠦ ᠠᠵᠤ ᠦᠶ᠋ᠯᠡᠰ | ᠪᠣᠯᠭᠠᠨ ᠬᠤᠪᠢᠷᠠᠭᠤᠯᠵᠤ ᠪᠣᠯᠬᠤ ᠥᠬᠡᠶ᠃ ᠬᠠᠮᠢᠶ᠎ᠠ ᠪᠦᠬᠦᠢ ᠬᠠᠤᠯᠢ ᠴᠠᠭᠠᠵᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠶ᠃ ᠡᠯ᠎ᠡ ᠱᠠᠲᠤᠨ ᠤ ᠨᠠᠮ ᠤᠨ | ᠬᠤᠷᠢ᠊ ᠡᠶ᠎ᠡ ᠪᠣᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠥᠰᠦᠯ ᠢ | ᠨᠠᠷᠢᠯᠢᠭ ᠪᠣᠳᠠᠲᠠᠢ ᠳᠤᠭᠳᠠᠭᠠᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠣᠳᠠᠲᠤ | ᠦᠷ᠎ᠡ ᠪᠦᠲᠦᠮᠵᠢ ᠶᠢ ᠡᠷᠬᠢᠮᠯᠡᠨ᠂ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠡᠮᠬᠢ ᠳᠢᠭᠯᠢᠮ ᠢ ᠬᠠᠤᠯᠢ ᠶᠣᠰᠣᠭᠠᠷ | ᠵᠢᠷᠤᠮᠵᠢᠭᠤᠯᠵᠤ᠂ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠥᠭᠡᠷᠡᠴᠢᠯᠡᠯᠲᠡ ᠶᠢ ᠯᠠᠪᠳᠠᠭᠤᠨ ᠢᠶᠠᠷ | ᠶᠠᠪᠤᠭᠳᠠᠭᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠪᠣᠯ ᠠᠷᠠᠳ ᠤᠯᠠᠨ ᠤ ᠬᠠᠮᠤᠭ ᠠᠴᠠ ᠠᠩᠬᠠᠷᠴᠤ | ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠪᠣᠯᠤᠨ᠎ᠠ᠃ ᠣᠶᠢᠷ᠎ᠠ ᠶᠢᠨ ᠬᠡᠳᠦᠨ | ᠵᠢᠯ ᠳᠤ᠂ ᠨᠠᠮ ᠤᠨ ᠲᠥᠪ ᠬᠤᠷᠢᠶ᠎ᠠ ᠠᠯᠢ ᠣᠯᠠᠨ ᠥᠭᠡᠷᠡᠴᠢᠯᠡᠯᠲᠡ ᠶᠢ ᠪᠠᠶᠢᠷᠢᠯᠠᠭᠤᠯᠤᠨ ᠠᠬᠢᠭᠤᠯᠵᠤ᠂ ᠡᠮ ᠤᠨ ᠵᠦᠶ᠋ᠯ ᠤᠨ | ᠬᠤᠪᠢᠳᠠᠯ ᠮᠦᠩᠬᠦ ᠶᠢ ᠬᠦᠴᠦᠨ ᠥᠬᠡᠶ ᠪᠣᠯᠭᠠᠬᠤ᠂ ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠠ | ᠥᠪᠡᠷ ᠤᠨ ᠥᠷᠲᠡᠭ ᠤᠨ ᠬᠢᠵᠠᠭᠠᠷᠯᠠᠯ ᠢ ᠴᠢᠩᠭᠠᠳᠬᠠᠬᠤ ᠪᠠᠷ ᠳᠠᠮᠵᠢᠭᠤᠯᠤᠨ᠂ ᠡᠮ ᠤᠨ ᠵᠦᠶ᠋ᠯᠡᠰ ᠤᠨ ᠮᠠᠲ᠋ᠧᠷᠢᠶᠠᠯ ᠤᠨ | ᠦᠨ᠎ᠡ ᠬᠠᠩᠰᠢ ᠶᠢ ᠪᠠᠭᠤᠷᠠᠭᠤᠯᠵᠤ᠂ ᠠᠷᠠᠳ ᠣᠯᠠᠨ ᠤ ᠳᠠᠷᠤᠭᠠᠰᠤ ᠶᠢ ᠬᠥᠩᠭᠡᠷᠡᠭᠦᠯᠦᠭᠰᠡᠨ ᠪᠥᠭᠡᠳ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠳᠤ ᠨᠥᠬᠦᠴᠡᠯ ᠪᠦᠷᠢᠯᠳᠦᠭᠦᠯᠵᠦ ᠥᠭᠴᠡᠶ ᠭᠡᠵᠤ ᠵᠢᠭᠠᠵᠤ ᠭᠠᠷᠭᠠᠵᠠᠢ᠃ | | ᠬᠤᠷᠠᠯ ᠠᠴᠠ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠢ ᠵᠢᠷᠤᠮᠵᠢᠭᠤᠯᠤᠨ ᠬᠠᠮᠢᠶᠠᠷᠴᠤ᠂ ᠬᠠᠷᠠᠯᠲᠠ ᠪᠠᠷ | ᠤᠳᠤᠷᠢᠳᠤᠮᠵᠢ ᠪᠣᠯᠭᠠᠭᠰᠠᠨ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠪᠤᠳᠤᠬᠤ ᠳᠤ ᠨᠡᠩ ᠠᠮᠠᠷ᠂ ᠬᠡᠷᠡᠭᠵᠢᠭᠦᠯᠬᠦ ᠳᠤ | ᠨᠡᠩ ᠠᠮᠠᠷ᠂ ᠦᠨᠡᠯᠡᠬᠦ ᠳᠤ ᠨᠡᠩ ᠠᠮᠠᠷ ᠪᠤᠯᠭᠠᠨ᠂ ᠡᠮᠴᠢᠯᠡᠭᠡᠨ ᠤ ᠣᠨᠣᠰᠢᠯᠠᠨ ᠡᠮᠨᠡᠬᠦ ᠪᠠ ᠦᠨ᠎ᠡ ᠬᠠᠩᠰᠢ ᠶᠢᠨ | ᠬᠠᠮᠢᠶᠠᠷᠤᠯᠲᠠ ᠶᠢᠨ ᠬᠡᠷᠡᠭᠴᠡᠭᠡ ᠳᠤ ᠨᠠᠩ ᠰᠠᠶᠢᠲᠤᠷ ᠵᠤᠬᠢᠴᠠᠭᠤᠯᠬᠤ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠬᠤᠷᠸ᠎ᠠ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠪᠣᠯᠤᠨ ᠡᠯ᠎ᠡ ᠲᠠᠯ᠎ᠠ ᠶᠢᠨ ᠳᠠᠭᠠᠭᠠᠴᠠ ᠶᠢ ᠰᠠᠶᠢᠲᠤᠷ ᠲᠡᠩᠴᠡᠭᠦᠷᠢᠰᠢᠭᠦᠯᠤᠨ᠂ ᠨᠡᠶᠢᠳᠡ ᠬᠡᠮᠵᠢᠶᠠᠨ ᠤ ᠬᠡᠪᠴᠢᠶᠡᠨ ᠲᠤᠳᠤᠷ᠎ᠠ | ᠭᠤᠤᠯᠳᠠᠯᠭ᠎ᠠ ᠶᠢ ᠳᠣᠪᠤᠶᠢᠯᠭᠠᠵᠤ᠂ ᠨᠡᠮᠡᠭᠳᠡᠯ ᠪᠠᠭᠤᠷᠠᠯᠲᠠ ᠲᠠᠢ ᠪᠠᠶᠢᠯᠭᠠᠬᠤ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡᠨ ᠤ | ᠣᠨᠴᠠᠯᠢᠭ ᠲᠠᠢ ᠤᠶᠠᠯᠳᠤᠭᠤᠯᠤᠨ ᠲᠥᠷᠥᠯ ᠬᠤᠪᠢᠶᠠᠨ ᠬᠠᠮᠢᠶᠠᠷᠬᠤ ᠪᠠᠨ ᠴᠢᠩᠭᠠᠳᠬᠠᠵᠤ᠂ ᠨᠡᠶᠢᠳᠡᠮ ᠶᠠᠪᠤᠭᠳᠠᠭᠤᠯᠵᠤ | ᠪᠠᠶᠢᠭ᠎ᠠ ᠶᠡᠷᠦᠳᠡ ᠶᠢᠨ ᠬᠡᠷᠡᠭᠯᠡᠭᠡᠨ ᠤ ᠲᠥᠷᠥᠯ ᠵᠦᠢᠯ ᠢ ᠵᠠᠰᠠᠭ ᠤᠨ ᠣᠷᠳᠣᠨ ᠠᠴᠠ ᠦᠨ᠎ᠡ ᠬᠠᠩᠰᠢ ᠶᠢᠨ ᠦᠨᠳᠦᠰᠦᠨ | ᠪᠠᠷᠢᠮᠵᠢᠶ᠎ᠠ ᠶᠢ ᠰᠠᠶᠢᠲᠤᠷ ᠬᠠᠮᠢᠶᠠᠷᠬᠤ ᠬᠡᠷᠡᠭᠲᠡᠶ︔ ᠮᠡᠷᠭᠡᠵᠢᠯ ᠤᠨ ᠬᠦᠴᠢᠷᠳᠡᠯ ᠶᠡᠬᠡᠲᠡᠢ ᠪᠤᠳᠤᠯᠢᠶᠠᠨᠲᠠᠢ ᠲᠦᠷᠦᠯ ᠵᠦᠢᠯ ᠳᠤ᠂ | ᠵᠠᠰᠠᠭ ᠤᠨ ᠣᠷᠳᠣᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠮᠨᠡᠯᠭᠡ ᠶᠢᠨ ᠬᠤᠷᠢᠶ᠎ᠠ ᠪᠣᠯᠤᠨ ᠡᠮᠴᠢ ᠶᠢᠨ ᠲᠤᠰᠬᠠᠢ | ᠮᠡᠷᠭᠡᠵᠢᠯ ᠤᠨ ᠴᠢᠨᠠᠷᠲᠠᠢ ᠰᠠᠨᠠᠯ ᠰᠠᠨᠠᠭᠤᠯᠭ᠎ᠠ ᠶᠢ ᠬᠦᠨᠳᠦᠳᠬᠡᠵᠦ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠦᠷᠳᠡᠭ ᠢ | ᠨᠡᠩ ᠰᠠᠶᠢᠲᠤᠷ ᠢᠯᠡᠷᠡᠭᠦᠯᠬᠦ ᠬᠡᠷᠡᠭᠲᠡᠢ᠃ ᠦᠨ᠎ᠡ ᠬᠠᠩᠰᠢ ᠶᠢ ᠠᠮᠢᠳᠤᠯᠢᠭ ᠪᠥᠭᠡᠳ ᠬᠡᠮ ᠬᠡᠮᠵᠢᠶ᠎ᠡ ᠲᠠᠢ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠦᠨ᠎ᠡ ᠬᠠᠩᠰᠢ ᠶᠢᠨ ᠲᠣᠬᠢᠷᠠᠭᠤᠯᠤᠯᠳᠠ ᠶᠢ ᠡᠬᠢᠯᠡᠭᠦᠯᠬᠦ ᠨᠥᠬᠦᠴᠡᠯ ᠪᠣᠯᠤᠨ | ᠬᠢᠵᠠᠭᠠᠷᠯᠠᠬᠤ ᠨᠥᠬᠦᠴᠡᠯ ᠢ ᠲᠣᠳᠣᠷᠬᠠᠶᠢᠯᠠᠬᠤ ᠬᠡᠷᠡᠭᠲᠡᠶ᠃ ᠦᠨ᠎ᠡ ᠬᠠᠩᠰᠢ ᠶᠢ ᠬᠢᠨᠠᠨ ᠡᠵᠡᠮᠳᠡᠵᠦ ᠦᠨᠡᠯᠡᠬᠦ ᠪᠠ ᠬᠢᠨᠠᠯᠲᠠ | ᠲᠠᠯᠪᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠦᠨ᠎ᠡ ᠬᠠᠩᠰᠢ ᠶᠢᠨ ᠲᠣᠭᠲᠠᠴᠠ ᠶᠢᠨ ᠲᠣᠭᠲᠠᠭᠤᠨ ᠢᠶᠠᠷ | ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠪᠥᠭᠡᠳ | ᠯᠠᠪᠳᠠᠭᠤᠨ ᠢᠶᠠᠷ ᠥᠷᠨᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠨᠥᠬᠦᠪᠥᠷᠢ ᠤᠯᠭᠤᠬᠤ | ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠵᠠᠷᠤᠳᠠᠯ ᠢ ᠬᠢᠵᠠᠭᠠᠷᠯᠠᠨ ᠡᠵᠡᠮᠳᠡᠬᠦ᠂ ᠡᠮᠴᠢᠯᠡᠭᠡᠨ ᠤ | ᠳᠠᠭᠠᠳᠬᠠᠯ ᠢᠶᠠᠷ ᠲᠣᠭᠠᠴᠠᠭ᠎ᠠ ᠬᠢᠬᠦ ᠵᠡᠷᠭᠡ ᠬᠠᠮᠢᠶ᠎ᠠ ᠪᠥᠬᠦᠶ ᠥᠭᠡᠷᠡᠴᠢᠯᠡᠯᠲᠡ ᠶᠢ ᠨᠢᠭᠡᠳᠦᠯᠲᠡᠶ ᠲᠦᠯᠦᠪᠵᠢᠭᠦᠯᠦᠨ | ᠠᠬᠢᠭᠤᠯᠵᠤ᠂ ᠶᠡᠷᠦᠩᠬᠡᠶᠢᠯᠡᠭᠰᠡᠨ ᠦᠷ᠎ᠠ ᠨᠦᠯᠦᠭᠡ ᠶᠢ ᠪᠣᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠤᠨ ᠭᠠᠵᠠᠷ ᠣᠷᠣᠨ ᠤ ᠬᠢᠨ ᠠᠮᠢ ᠠᠬᠤᠢ ᠶᠢᠨ ᠨᠥᠬᠦᠪᠥᠷᠢ ᠶᠢᠨ ᠲᠦᠷᠢᠮ ᠤᠨ ᠪᠠᠶᠢᠭᠤᠯᠤᠯᠲᠠ ᠶᠢ | ᠠᠬᠢᠭᠤᠯᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠲᠠᠯᠠᠢ ᠲᠠᠩᠭᠢᠰ᠂ ᠭᠤᠣᠯ ᠮᠥᠷᠡᠨ | ᠂ ᠲᠠᠷᠢᠶᠠᠨ ᠭᠠᠵᠠᠷ ᠵᠡᠷᠭᠡ 7 ᠬᠦᠷᠢᠶᠡᠨ ᠳᠤ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠢᠳᠡᠪᠬᠢᠲᠡᠢ | ᠦᠷ᠎ᠡ ᠪᠦᠲᠦᠮᠵᠢ ᠣᠯᠤᠭᠰᠠᠨ ᠪᠣᠯᠪᠠᠴᠤ ᠨᠥᠬᠦᠪᠥᠷᠢ ᠶᠢᠨ ᠪᠦᠷᠬᠦᠴᠡ ᠬᠢᠵᠠᠭᠠᠷ ᠲᠠᠢ᠂ ᠲᠦᠷᠦ ᠶᠢᠨ ᠪᠤᠳᠤᠯᠭ᠎ᠠ ᠶᠢᠨ | ᠭᠤᠣᠯᠳᠠᠯᠭ᠎ᠠ ᠲᠤᠪᠤᠶᠢᠮ᠎ᠠ ᠪᠢᠰᠢ᠂ ᠱᠠᠩᠨᠠᠵᠤ ᠲᠣᠷᠭᠠᠬᠤ ᠡᠷᠴᠢᠮ ᠪᠠᠭᠤᠷᠠᠢ᠂ ᠬᠤᠯᠪᠣᠭᠳᠠᠯ ᠪᠦᠬᠦᠢ ᠭᠤᠣᠯ ᠴᠣᠭᠴᠠ ᠶᠢ | ᠵᠣᠬᠢᠴᠠᠭᠤᠯᠬᠤ ᠳᠤ ᠶᠡᠭᠡ ᠬᠦᠴᠢᠷ ᠵᠡᠷᠭᠡ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ | ᠲᠠᠯ᠎ᠠ ᠪᠠᠷ ᠪᠣᠬᠢᠷᠲᠤᠯ ᠥᠬᠡᠶ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠭᠤᠤᠯᠳᠠᠭᠤᠯᠤᠨ᠂ ᠲᠥᠷᠥᠯ | ᠬᠤᠪᠢᠶᠠᠨ ᠨᠥᠬᠦᠪᠥᠷᠢ ᠦᠭᠬᠦ ᠲᠦᠷᠢᠮ ᠢ ᠲᠡᠭᠦᠯᠳᠡᠷᠵᠢᠭᠦᠯᠵᠦ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠠᠮᠵᠢᠯᠴᠠᠨ | ᠬᠥᠳᠡᠯᠦᠯᠴᠡᠬᠦ ᠶᠢ ᠴᠢᠩᠭᠠᠳᠬᠠᠨ᠂ ᠡᠯ᠎ᠡ ᠠᠷᠭ᠎ᠠ ᠵᠠᠮ ᠤᠨ ᠨᠦᠬᠦᠪᠤᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠵᠦ᠂ | ᠶᠡᠷᠦᠩᠬᠡᠶᠢᠯᠡᠭᠰᠡᠨ ᠴᠢᠨᠠᠷᠲᠠᠶ ᠨᠥᠬᠦᠪᠥᠷᠢ ᠤᠯᠭᠤᠬᠤ ᠶᠢ ᠬᠡᠷᠡᠭᠵᠢᠭᠦᠯᠤᠨ᠂ ᠠᠮᠢ ᠠᠬᠤᠶ ᠣᠷᠴᠢᠨ ᠲᠣᠭᠤᠷᠢᠨ ᠢ ᠪᠦᠬᠦᠯᠢ | ᠴᠣᠭᠴᠠ ᠪᠠᠷ ᠬᠠᠮᠠᠭᠠᠯᠠᠬᠤ ᠶᠢ ᠠᠬᠢᠭᠤᠯᠬᠤ ᠬᠡᠷᠡᠭᠲᠡᠶ᠃ ᠬᠠᠤᠯᠢ ᠴᠠᠭᠠᠵᠠ᠂ ᠵᠠᠰᠠᠭ ᠵᠠᠬᠢᠷᠭ᠎ᠠ᠂ ᠵᠠᠬ᠎ᠠ ᠳᠡᠯᠭᠡᠭᠦᠷ ᠵᠡᠷᠭᠡ | ᠠᠷᠭ᠎ᠠ ᠪᠠᠷᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ᠂ | ᠠᠮᠢ ᠠᠬᠤᠢ ᠶᠢᠨ ᠬᠤᠬᠢᠷᠠᠯ ᠤᠨ ᠲᠦᠯᠦᠪᠦᠷᠢ᠂ ᠠᠮᠢ ᠠᠬᠤᠢ ᠶᠢᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ | ᠲᠣᠭᠲᠠᠴᠠ ᠵᠡᠷᠭᠡ ᠶᠢ ᠣᠷᠭᠠᠨᠢᠭ ᠢᠶᠠᠷ ᠤᠶᠠᠯᠳᠤᠭᠤᠯᠤᠨ᠂ ᠬᠠᠮᠵᠢᠯᠴᠠᠨ ᠬᠦᠴᠦᠯᠡᠵᠦ᠂ ᠱᠠᠩᠨᠠᠬᠤ ᠰᠢᠢᠳᠭᠡᠬᠦ ᠶᠢ | ᠤᠶᠠᠯᠳᠤᠭᠤᠯᠤᠨ᠂ ᠬᠡᠷᠬᠢᠪᠡᠴᠤ ᠨᠥᠬᠦᠪᠥᠷᠢ ᠠᠪᠬᠤ ᠶᠢᠨ ᠵᠡᠷᠭᠡ ᠪᠠᠷ ᠪᠣᠬᠢᠷᠳᠤᠭᠤᠯᠵᠤ ᠪᠣᠯᠬᠤ ᠦᠭᠡᠢ ᠭᠡᠵᠤ ᠵᠢᠭᠠᠵᠤ | ᠭᠠᠷᠭᠠᠪᠠ᠃ | ᠬᠤᠷᠠᠯ ᠠᠴᠠ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠤᠨ ᠥᠪ ᠦᠯᠡᠳᠡᠭᠳᠡᠯ | ᠤᠯᠠᠨᠳᠠ ᠡᠪᠳᠡᠭᠳᠡᠬᠦ᠂ ᠨᠤᠷᠠᠭᠠᠭᠳᠠᠬᠤ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠷᠢᠮ ᠤᠨ | ᠦᠵᠦ ᠲᠥᠯᠥᠪᠯᠡᠭᠡ ᠶᠢ ᠴᠢᠩᠭᠠᠳᠬᠠᠨ᠂ ᠬᠠᠮᠠᠭᠠᠯᠠᠬᠤ᠂ ᠠᠰᠢᠡᠡᠯᠠᠬᠤ᠂ ᠤᠯᠠᠮᠵᠢᠯᠠᠬᠤ ᠶᠢ ᠨᠢᠭᠡᠳᠦᠯᠲᠡᠢ ᠲᠥᠯᠥᠪᠵᠢᠭᠦᠯᠤᠨ᠂ | ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠬᠤ ᠶᠢ ᠪᠠᠷᠢᠮᠲᠠᠯᠠᠵᠤ᠂ ᠲᠠᠩ ᠭᠠᠭᠴᠠ ᠪᠠᠷᠢᠯᠭ᠎ᠠ ᠶᠢ ᠬᠠᠮᠠᠭᠠᠯᠠᠬᠤ ᠲᠡᠳᠦᠢ ᠪᠢᠰᠢ᠂ | ᠪᠠᠰᠠ ᠵᠡᠭᠡᠯᠢ ᠭᠤᠳᠤᠮᠵᠢ᠂ ᠬᠤᠲᠠ ᠪᠠᠯᠭᠠᠰᠤ ᠶᠢᠨ ᠪᠦᠲᠦᠴᠡ ᠪᠠᠶᠢᠷᠢᠰᠢᠯ ᠢ ᠬᠠᠮᠠᠭᠠᠯᠠᠨ᠂ ᠲᠡᠦᠬᠡᠳᠤ ᠭᠠᠵᠠᠷ ᠤᠷᠤᠨ᠂ | ᠪᠠᠶᠢᠭᠠᠯᠢ ᠶᠢᠨ ᠦᠩᠭᠡ ᠦᠵᠡᠮᠵᠢ᠂ ᠰᠣᠶᠣᠯ ᠢᠷᠭᠡᠨᠰᠢᠯ ᠤᠨ ᠣᠷᠴᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠤᠲᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠠᠪᠤᠴᠠ ᠳᠠᠬᠢ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠥᠯᠥᠪᠵᠢᠭᠦᠯᠭᠡ᠂ ᠪᠥᠲᠥᠭᠡᠨ | ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠭᠦᠯᠤᠨ᠂ ᠬᠢᠨᠠᠯᠲᠠ ᠲᠠᠯᠪᠢᠨ ᠪᠠᠶᠢᠴᠠᠭᠠᠬᠤ ᠪᠠ ᠬᠠᠷᠢᠭᠤᠴᠠᠯᠭ᠎ᠠ | ᠲᠤᠯᠭᠠᠵᠤ ᠦᠷ᠎ᠡ ᠪᠦᠲᠦᠮᠵᠢ ᠶᠢ ᠰᠢᠯᠭᠠᠬᠤ ᠶᠢ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠵᠠᠢ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ | ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠪᠠ᠃ | |