| | | | — — 2022 ᠣᠨ ᠤ 1 ᠰᠠᠷ᠎ᠠ ᠶᠢᠨ 5 ᠤ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠨᠢᠬᠡᠳᠦᠭᠡᠷ ᠤᠳᠠᠭᠠᠨ ᠤ ᠬᠤᠷᠠᠯ ᠳᠡᠭᠡᠷ᠎ᠡ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ | ᠬᠤᠰᠢᠭᠤᠨ ᠳᠠᠷᠤᠭ᠎ᠠ ᠸᠠᠩ ᠬᠠᠶ ᠶᠢᠩ | | ᠲᠥᠯᠥᠭᠡᠯᠡᠭᠴᠢᠳ ᠡ᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠣᠯᠤᠨ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠠᠴᠠ ᠨᠠᠰᠢᠬᠢ ᠳᠥᠷᠪᠡᠨ ᠵᠢᠯ ᠤᠨ ᠳᠣᠲᠣᠷ᠎ᠠ᠂ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ | ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠪᠣᠯᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠪᠡᠷᠬᠡ ᠬᠠᠲᠠᠭᠤᠵᠢᠯᠲᠠᠶ ᠬᠦᠨᠳᠦ ᠡᠭᠦᠷᠭᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ | ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠣᠯᠤᠨ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠶᠢᠮᠳᠠᠯᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠶᠢ | ᠴᠢᠬᠤᠯᠠᠴᠢᠯᠠᠵᠤ᠂ ᠦᠬᠡᠷ ᠤᠨ ᠦᠢᠯᠡᠰ ᠢ ᠬᠦᠭᠵᠢᠬᠦᠯᠵᠤ᠂ ᠰᠤᠶᠤᠯ ᠵᠢᠭᠤᠯᠴᠢᠯᠠᠯ ᠢ ᠠᠬᠢᠭᠤᠯᠬᠤ︾ | ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠪᠠ | ᠨᠡᠶᠢᠭᠡᠮ ᠤᠨ ᠦᠢᠯᠡᠰ ᠢ ᠪᠥᠬᠦ ᠲᠠᠯ᠎ᠠ ᠪᠠᠷ ᠳᠠᠪᠰᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ | ᠠᠵᠤ ᠠᠬᠤᠶ ᠶᠢᠨ ᠪᠣᠳᠠᠲᠤ ᠬᠦᠴᠦᠨ ᠲᠣᠭᠲᠠᠭᠤᠨ ᠢᠶᠠᠷ ᠨᠡᠮᠡᠭᠳᠡᠪᠡ᠃ ᠵᠢᠱᠢᠯᠲᠡ ᠪᠠᠷ᠂ ᠪᠦᠭᠦ ᠬᠤᠰᠢᠭᠤᠨ ᠤ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 73.5 ᠳ᠋ᠦᠩᠰᠢᠭᠤᠷ ᠲᠥᠭᠦᠷᠢᠭ ᠲᠤ ᠬᠦᠢᠷᠴᠤ᠂ ᠵᠢᠯ | ᠳᠤᠮᠳᠠᠴᠢ ᠪᠠᠷ 7.9% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 3.1 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 18.9% ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 32.4% ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 1. | 6% ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 3.1 ᠲᠦᠮᠡᠨ ᠲᠥᠭᠦᠷᠢᠭ ᠪᠠ 1.3 ᠲᠦᠮᠡᠨ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 7.1% ᠪᠠ 10.9% ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 11 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 3.9% ᠨᠡᠮᠡᠭᠳᠡᠪᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠰᠤ | ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠬᠥᠭᠵᠢᠯᠲᠡ ᠶᠢᠨ ᠰᠡᠯᠭᠦᠬᠦ ᠬᠦᠴᠦᠨ ᠦᠷᠭᠦᠯᠵᠢᠯᠡᠨ ᠴᠢᠩᠭᠠᠷᠠᠵᠤ᠂ | ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠨ ᠪᠣᠯᠪᠠ᠃ | ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠬᠦᠭᠵᠢᠬᠦᠯᠪᠡ᠃ ᠲᠠᠷᠢᠶᠠᠯᠠᠩ | ᠮᠠᠯ ᠠᠵᠤ ᠠᠬᠤᠶ ᠶᠢᠨ ᠠᠵᠤ ᠦᠢᠯᠡᠰ ᠤᠨ ᠠᠬᠢᠴᠠ ᠳᠦᠷᠭᠡᠳᠴᠦ ᠤᠷᠤᠯᠭ᠎ᠠ ᠨᠡᠮᠡᠭᠳᠡᠪᠡ᠃ ᠪᠠᠷᠢᠮᠵᠢᠶᠠᠲᠤ ᠲᠠᠷᠢᠶᠠᠨ | ᠭᠠᠵᠠᠷ 41 ᠲᠦᠮᠡᠨ ᠮᠥ ᠰᠢᠨ᠎ᠡ ᠪᠠᠷ ᠨᠡᠮᠡᠭᠳᠡᠵᠤ᠂ 166 ᠲᠦᠮᠡᠨ ᠮᠥ ᠳᠤ ᠬᠦᠷᠴᠡᠢ᠃ ᠠᠮᠤ ᠪᠤᠳᠠᠭᠠᠨ ᠤ | ᠤᠨᠠᠯᠲᠠ 24 ᠳ᠋ᠦᠩᠰᠢᠭᠤᠷ ᠵᠢᠩ ᠳᠤ ᠬᠦᠷᠴᠦ᠂ ᠠᠮᠤ ᠪᠤᠳᠠᠭᠠᠨ ᠤ ᠳᠡᠰ ᠠᠴᠠ ᠳᠠᠪᠠᠭᠰᠠᠨ ᠲᠣᠮᠣ ᠭᠠᠷᠤᠯᠲᠠ ᠲᠠᠢ | ᠰᠢᠶᠠᠨ ᠤ ᠡᠩᠨᠡᠭᠡᠨ ᠳᠤ ᠣᠷᠣᠪᠠ᠃ ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠶ 200 ᠲᠦᠮᠡ ᠠᠴᠠ | ᠳᠡᠭᠡᠭᠰᠢ ᠳᠤ ᠲᠣᠭᠲᠠᠪᠤᠷᠢᠵᠢᠪᠠ᠃ ︽ᠦᠬᠡᠷ ᠤᠨ ᠦᠢᠯᠡᠰ ᠢ ᠬᠦᠭᠵᠢᠬᠦᠯᠬᠦ︾ ᠬᠥᠭᠵᠢᠯᠲᠡ ᠶᠢᠨ ᠰᠡᠳᠬᠢᠴᠡ ᠪᠠᠷ | ᠭᠤᠤᠯᠯᠠᠭᠤᠯᠤᠨ᠂ 7 ᠠᠯᠠᠰᠢᠨ ᠦᠬᠡᠷ ᠤᠨ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | ᠪᠥᠬᠦ ᠤᠯᠤᠰ ᠤᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠰᠢᠶᠠᠨ ᠪᠣᠯᠭᠠᠵᠤ᠂ | ᠪᠠᠶᠠᠯᠢᠭ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠪᠣᠯᠵᠣ᠂ ᠠᠯᠠᠰᠢᠨ ᠦᠬᠡᠷ ᠲᠡᠵᠢᠭᠡᠨ ᠦᠷᠡᠵᠢᠭᠦᠯᠬᠦ | ᠡᠷᠦᠬᠡ᠂ ᠬᠤᠷᠰᠢᠶ᠎ᠠ ᠪᠣᠯᠭᠠᠨ ᠲᠣᠰ ᠲᠣᠰ ᠬᠦᠭᠵᠢᠭᠡᠳ 3 ᠲᠦᠮᠡᠨ ᠡᠷᠦᠬᠡ᠂ 300 ᠡᠷᠦᠬᠡ ᠪᠤᠯᠵᠤ᠂ ᠠᠯᠠᠰᠢᠨ | ᠦᠬᠡᠷ ᠤᠨ ᠲᠤᠭ᠎ᠠ ᠲᠣᠯᠣᠭᠠᠶ 36.5 ᠲᠦᠮᠡ ᠳᠤ ᠬᠥᠷᠪᠡ᠃ ᠠᠯᠠᠰᠢᠨ ᠬᠤᠨᠢᠨ ᠤ ᠳᠠᠭᠠᠭᠤᠯᠤᠭᠴᠢ ᠠᠵᠤ | ᠠᠬᠤᠶᠢᠯᠠᠯ ᠢ ᠦᠷᠡᠵᠢᠭᠦᠯᠦᠨ ᠪᠤᠶᠢᠵᠢᠭᠤᠯᠬᠤ᠂ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢ ᠬᠥᠲᠥᠯᠦᠨ ᠳᠠᠭᠠᠭᠤᠯᠵᠤ | ᠂ ᠠᠯᠠᠰᠢᠨ ᠬᠤᠨᠢᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠠᠯᠠᠰᠢᠨ ᠬᠤᠨᠢᠨ ᠤ ᠲᠤᠭ᠎ᠠ ᠶᠢ 150 ᠲᠦᠮᠡ ᠣᠷᠴᠢᠮ ᠳᠤ ᠲᠣᠭᠲᠠᠪᠤᠷᠢᠵᠢᠭᠤᠯᠪᠠ᠃ ᠠᠵᠤ ᠦᠢᠯᠡᠳᠪᠦᠷᠢ ᠶᠢᠨ | ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠪᠠ᠃ᠪᠥᠬᠦ ᠬᠤᠰᠢᠭᠤᠨ ᠤ ᠪᠠᠶᠢᠭᠤᠯᠵᠤ | ᠪᠠᠶᠢᠭ᠎ᠠ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ 489 ᠲᠦᠮᠡᠨ ᠺᠢᠯᠣᠸᠠᠲ ᠲᠤ | ᠬᠦᠷᠴᠦ᠂ ᠡᠭᠦᠨ ᠳᠤ ᠰᠠᠯᠬᠢᠨ ᠬᠡᠷᠡᠯ ᠴᠡᠨᠡᠭ ᠤᠨ ᠴᠡᠪᠡᠷ ᠡᠨᠧᠷᠭᠢ ᠶᠢᠨ ᠬᠡᠪᠴᠢᠶ᠎ᠡ 289 ᠲᠦᠮᠡᠨ ᠺᠢᠯᠣᠸᠠᠲ ᠲᠤ | ᠬᠦᠷᠴᠡᠶ︔ ᠪᠠᠶᠠᠵᠢᠨ᠎ᠠ ᠠᠵᠤ ᠦᠢᠯᠡᠳᠪᠦᠷᠢ ᠶᠢᠨ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ 18 | ᠪᠣᠯᠵᠣ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 15 ᠳ᠋ᠦᠩᠰᠢᠭᠤᠷ | ᠲᠥᠭᠦᠷᠢᠭ ᠲᠤ ᠬᠥᠷᠪᠡ᠃ ᠦᠢᠯᠡᠴᠢᠯᠡᠭᠡᠨ ᠤ ᠦᠢᠯᠡᠰ ᠤᠨ ᠲᠠᠰ ᠳᠡᠪᠰᠢᠪᠡ᠃ ︽ᠵᠢᠭᠤᠯᠴᠢᠯᠠᠯ ᠤᠨ ᠦᠢᠯᠡᠰ ᠢ | ᠠᠬᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ︽ | ᠨᠢᠭᠡ ᠤᠷᠤᠨ ᠭᠤᠷᠪᠠᠨ ᠱᠤᠭᠤᠮ︾ ᠤᠨ ᠪᠥᠬᠦ ᠴᠠᠷᠠᠭᠠᠨ ᠤ ᠵᠢᠭᠤᠯᠴᠢᠯᠠᠯ ᠤᠨ ᠪᠠᠶᠢᠷᠢᠰᠢᠯ ᠢ ᠪᠣᠶ ᠪᠣᠯᠭᠠᠵᠤ᠂ ︽ | ᠪᠠᠳᠤᠴᠠᠭᠠᠨ ᠤ ᠠᠳᠤᠭᠤᠲᠦ ᠪᠠᠯᠭᠠᠰᠤ︾ ᠶᠢᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠡᠭᠦᠳᠪᠡ᠃ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ ᠤᠯᠠᠮ ᠨᠢᠭᠡ ᠠᠯᠬᠤᠮ ᠬᠥᠭᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠬᠤᠶᠠᠷ ᠲᠠᠯ᠎ᠠ ᠪᠠᠷ ᠢᠶᠠᠨ ᠬᠦᠴᠦᠯᠡᠵᠦ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ | ᠠᠷᠠᠯᠵᠢᠶᠠᠨ ᠤ ᠲᠤᠭ᠎ᠠ ᠨᠡᠶᠢᠲᠡ 23 ᠳ᠋ᠦᠩᠰᠢᠭᠤᠷ ᠲᠥᠭᠦᠷᠢᠭ ᠲᠤ ᠬᠥᠷᠪᠡ᠃ ᠵᠢᠯ ᠤᠨ ᠲᠦᠷᠭᠡᠨ ᠬᠦᠷᠭᠡᠬᠦ | ᠪᠣᠳᠠᠰ ᠤᠨ ᠭᠦᠢᠯᠭᠡᠭᠡᠨ ᠤ ᠬᠡᠮᠵᠢᠶ᠎ᠡ 500 ᠲᠦᠮᠡ ᠶᠢ ᠳᠠᠪᠠᠵᠤ᠂ 2.7 ᠳ᠋ᠦᠩᠰᠢᠭᠤᠷ ᠲᠥᠭᠦᠷᠢᠭ ᠤᠨ | ᠣᠷᠣᠯᠭ᠎ᠠ ᠶᠢ ᠪᠡᠶᠡᠯᠡᠭᠦᠯᠪᠡ᠃ | ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠤᠨᠢᠨ | ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ | ᠢᠯᠠᠯᠲᠠ ᠶᠢ ᠤᠯᠪᠠ᠃ ︽ᠵᠢᠷᠭᠤᠭᠠᠨ ᠨᠠᠷᠢᠯᠢᠭ ᠣᠨᠣᠴᠠᠲᠠᠶ︾ ᠶᠢ ᠨᠠᠶᠢᠳᠠᠪᠤᠷᠢᠵᠢᠭᠤᠯᠤᠨ᠂ ︽ᠲᠠᠪᠤᠨ ᠨᠢᠭᠡ | ᠪᠦᠯᠦᠭ︾ ᠢ ᠲᠦᠯᠬᠢᠨ ᠠᠬᠢᠭᠤᠯᠵᠤ᠂ ᠨᠢᠭᠡᠳᠦᠭᠡᠷ ᠱᠦᠵᠢ ᠶᠢ ᠨᠡᠶᠢᠳᠡ 566 ᠬᠥᠮᠦᠨ᠂ ᠲᠣᠰᠬᠤᠨ ᠳᠤ ᠰᠠᠭᠤᠭ᠎ᠠ | ᠠᠵᠢᠯᠯᠠᠬᠤ ᠭᠡᠰᠢᠭᠦᠨ ᠢ ᠨᠡᠶᠢᠳᠡ 1271 ᠬᠥᠮᠦᠨ ᠲᠣᠮᠢᠯᠠᠵᠤ᠂ ᠬᠤᠣᠰᠯᠠᠨ ᠬᠠᠪᠰᠤᠷᠴᠤ ᠲᠡᠳᠬᠦᠬᠦ ᠺᠠᠳ᠋ᠷ 5271 | ᠬᠥᠮᠦᠨ ᠪᠠᠶᠢᠵᠤ᠂ ᠡᠯ᠎ᠡ ᠲᠦᠷᠦᠯ ᠤᠨ ᠪᠡᠯᠡ ᠮᠥᠩᠭᠦ ᠶᠢ ᠨᠡᠶᠢᠳᠡ 13.8 ᠳ᠋ᠦᠩᠰᠢᠭᠤᠷ ᠲᠥᠭᠦᠷᠢᠭ ᠡᠮᠬᠢᠯᠡᠨ | ᠨᠡᠶᠢᠯᠡᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ ᠤᠤᠭᠤᠬᠤ ᠤᠰᠤᠨ ᠤ ᠠᠮᠤᠷ ᠲᠦᠪᠰᠢᠨ︾ | ᠢ ᠪᠠᠲᠤᠯᠠᠭ᠎ᠠ ᠲᠠᠢ ᠪᠣᠯᠭᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ 8555 ᠡᠷᠦᠭᠡ᠂ 22188 | ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠨᠠᠷᠢᠯᠢᠭ | ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠢᠯᠠᠯᠲᠠ ᠶᠢ | ᠬᠤᠭᠤᠴᠠᠭ᠎ᠠ ᠶᠣᠰᠣᠭᠠᠷ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ ᠪᠠᠢ ᠵᠢᠩ | ᠶᠢᠩ ᠨᠥᠬᠦᠷ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ︾ ᠭᠡᠬᠦ | ᠢᠷᠠᠭᠤ ᠠᠯᠳᠠᠷ ᠤᠨ ᠴᠣᠯᠠ ᠬᠦᠷᠳᠡᠵᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠠᠳᠬᠤᠪᠠ᠃ ︽ᠭᠤᠷᠪᠠ ᠶᠢ ᠴᠠᠭᠠᠵᠠᠯᠠᠬᠤ︾ ᠠᠵᠢᠯ ᠢ | ᠴᠢᠩᠭᠠᠳᠬᠠᠵᠤ᠂ ᠭᠤᠷᠪᠠᠨ ᠤᠮᠠᠷᠠᠲᠤ ᠶᠢᠨ ᠬᠠᠯᠬᠠᠪᠴᠢ ᠣᠶ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ | ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠨ᠂ 100 ᠲᠦᠮᠡᠨ ᠮᠥ ᠮᠣᠳᠣ ᠳᠠᠷᠢᠵᠤ ᠣᠶᠢᠵᠢᠭᠤᠯᠤᠨ᠂ 500 | ᠲᠦᠮᠡᠨ ᠮᠥ ᠨᠤᠲᠤᠭ ᠪᠡᠯᠴᠢᠭᠡᠷ ᠢ ᠠᠶᠠᠨᠳᠠᠭᠠᠨ ᠵᠠᠰᠠᠨ ᠰᠡᠷᠭᠦᠭᠡᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ | 18% ᠬᠦᠷᠲᠡᠯ᠎ᠡ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ ᠶᠢᠨ | ᠬᠡᠮᠵᠢᠶ᠎ᠡ ᠶᠢ 64% ᠪᠤᠯᠳᠠᠯ᠎ᠠ ᠳᠡᠭᠡᠭᠰᠢᠯᠡᠬᠦᠯᠪᠡ︔ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠥᠭᠡᠷᠡᠴᠢᠯᠡᠬᠦ ᠡᠭᠦᠷᠭᠡ ᠶᠢ ᠬᠦᠴᠦᠲᠡᠶ ᠳᠥᠯᠭᠢᠨ ᠠᠬᠢᠭᠤᠯᠪᠠ᠃ ᠮᠠᠨ ᠤ ᠬᠤᠰᠢᠭᠤ ᠤᠯᠤᠰ ᠤᠨ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠪᠡ᠃ 23.7 | ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠠᠷᠢᠯᠭᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠵᠦ ᠳᠠᠭᠤᠰᠬᠠᠪᠠ᠃ | ᠪᠥᠬᠦ ᠬᠤᠰᠢᠭᠤᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ | ᠪᠠᠭᠤᠷᠠᠭᠤᠯᠪᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠭᠦᠭᠰᠡᠨ ᠪᠠ | ᠲᠡᠭᠦᠨ ᠢ ᠴᠡᠭᠴᠡᠯᠡᠨ ᠵᠠᠰᠠᠪᠠ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠯᠡᠳᠡᠭᠳᠡᠯ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ | ᠬᠤᠳᠠ ᠬᠥᠳᠡᠭᠡ ᠶᠢᠨ ᠳᠦᠷᠰᠦ ᠪᠠᠶᠢᠳᠠᠯ ᠲᠠᠰᠤᠷᠠᠯᠳᠠ ᠦᠭᠡᠢ ᠰᠠᠶᠢᠵᠢᠷᠠᠪᠠ᠃ ︽ᠬᠤᠲᠠ ᠶᠢᠨ ᠬᠤᠶᠠᠷ ᠢ | ᠰᠡᠯᠪᠢᠨ ᠵᠠᠰᠠᠬᠤ︾ ᠢᠨᠵᠧᠨᠧᠷᠢᠩ ᠢ ᠬᠡᠷᠡᠭᠵᠢᠭᠦᠯᠵᠦ᠂ ᠪᠠᠶᠠᠨᠬᠤᠰᠢᠭᠤ ᠴᠡᠴᠡᠷᠯᠢᠭ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠵᠡᠷᠭᠡ | ᠢᠨᠵᠧᠨᠧᠷᠢᠩ ᠢ ᠪᠦᠲᠦᠮᠵᠢᠲᠡᠶ ᠳᠥᠯᠭᠢᠨ ᠠᠬᠢᠭᠤᠯᠵᠤ᠂ ︽ᠲᠤᠯᠤᠭᠠᠨ ᠬᠥᠨᠳᠡᠯᠡᠨ ᠲᠤᠯᠤᠭᠠᠨ ᠭᠤᠯᠳᠤ ᠭᠤᠷᠪᠠᠨ | ᠬᠥᠭᠦᠷᠭᠡ ᠳᠥᠷᠪᠡᠨ ᠭᠠᠷᠬᠤ ᠡᠭᠦᠳᠡ︾ ᠶᠢᠨ ᠪᠣᠷᠣ ᠲᠥᠯᠥᠪ ᠢ ᠪᠠᠶᠢᠭᠤᠯᠬᠤ ᠢᠨᠵᠧᠨᠧᠷᠢᠩ ᠢ ᠪᠦᠲᠦᠮᠵᠢᠲᠡᠶ | ᠳᠥᠯᠭᠢᠨ ᠠᠬᠢᠭᠤᠯᠪᠠ᠃ ᠪᠠᠯᠭᠠᠰᠤᠨ ᠤ ᠣᠷᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ | ᠣᠷᠴᠢᠨ ᠨᠥᠬᠦᠴᠡᠯ ᠢ ᠰᠠᠶᠢᠵᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠶᠢ ᠤᠯᠠᠮ ᠨᠢᠭᠡ ᠠᠯᠬᠤᠮ | ᠪᠠᠲᠤᠯᠠᠪᠠ᠃ ︽ᠬᠤᠳᠠ ᠬᠥᠳᠡᠭᠡ ᠶᠢᠨ ᠬᠤᠣᠰ ᠥᠭᠡᠷᠡᠴᠢᠯᠡᠯᠲᠡ︾ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ | ᠳᠦᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 2075 ᠡᠷᠦᠬᠡ᠂ ᠬᠠᠭᠤᠴᠢᠨ ᠵᠢᠵᠢᠭ ᠲᠣᠭᠤᠷᠢᠭ | ᠤᠨ 3467 ᠡᠷᠦᠬᠡ ᠶᠢ ᠥᠭᠡᠷᠡᠴᠢᠯᠡᠨ ᠵᠠᠰᠠᠪᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠢᠯᠡᠳᠲᠡ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 39161 ᠡᠷᠦᠬᠡ ᠶᠢᠨ ᠨᠤᠷᠠᠬᠤ ᠠᠶᠤᠯᠲᠠᠶ ᠬᠡᠷ | ᠪᠠᠶᠢᠰᠢᠩ ᠢ ᠰᠢᠨᠡᠳᠬᠡᠨ ᠵᠠᠰᠠᠵᠤ᠂ 13264 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ᠃ ᠮᠠᠯᠵᠢᠬᠤ | ᠲᠠᠷᠢᠶᠠᠯᠠᠬᠤ ᠣᠷᠣᠨ ᠤ ᠵᠠᠮ᠂ ᠤᠰᠤ᠂ ᠴᠠᠬᠢᠯᠭᠠᠨ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠶᠢ | ᠦᠷᠭᠦᠯᠵᠢᠯᠡᠨ ᠳᠡᠭᠡᠭᠰᠢᠯᠡᠭᠦᠯᠪᠡ᠃ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠳᠤ ᠨᠡᠶᠢᠳᠡ 4.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ 500 ᠺᠢᠯᠣᠸᠡᠯᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 7 ᠵᠤᠷᠪᠤᠰ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠵᠣᠬᠢᠴᠠᠩᠭᠤᠶ ᠪᠠᠷ ᠲᠦᠯᠬᠢᠨ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠠᠩᠭᠠᠬᠤ ᠶᠠᠰᠤ | ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠥᠭᠡᠷᠡᠴᠢᠯᠡᠯᠲᠡ ᠶᠢᠨ | ᠪᠦᠷᠬᠦᠴᠡ ᠶᠢ 50% ᠳᠤ ᠬᠦᠷᠭᠡᠪᠡ᠃ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠳᠤ 1010 | ᠺᠢᠯᠣᠮᠧᠲᠷ ᠲᠤ ᠬᠦᠷᠴᠡᠶ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠪᠥᠬᠦ ᠲᠠᠯ᠎ᠠ ᠪᠠᠷ ᠳᠥᠯᠭᠢᠨ | ᠠᠬᠢᠭᠤᠯᠵᠤ᠂ ᠰᠤᠮᠤ ᠪᠠᠯᠭᠠᠰᠤᠨ ᠳᠤ ᠴᠠᠷᠳᠠᠮᠠᠯ ᠵᠠᠮ ᠨᠡᠪᠲᠡᠷᠡᠬᠦ ᠶᠢ ᠪᠦᠬᠦᠨ ᠢ ᠪᠡᠶᠡᠯᠡᠭᠦᠯᠵᠦ᠂ ᠭᠠᠴᠠᠭ᠎ᠠ ᠳᠤ | ᠬᠠᠲᠠᠭᠤᠷᠠᠭᠤᠯᠤᠭᠰᠠᠨ ᠵᠠᠮ ᠨᠡᠪᠲᠡᠷᠡᠬᠦ ᠶᠢ ᠪᠦᠬᠦᠨ ᠢ ᠪᠡᠶᠡᠯᠡᠬᠦᠯᠪᠡ᠃ ᠪᠠᠶᠠᠨᠬᠤᠰᠢᠭᠤ ᠬᠤᠲᠠ ᠶᠢᠨ ᠲᠣᠭᠤᠷᠢᠭ ᠲᠤ | 5G ᠴᠢᠮᠡᠭᠡ ᠬᠤᠯᠪᠣᠭ᠎ᠠ ᠶᠢᠨ ᠰᠦᠯᠵᠢᠶ᠎ᠡ ᠶᠢ ᠪᠦᠷᠬᠦᠭᠦᠯᠬᠦ ᠶᠢ ᠪᠡᠶᠡᠯᠡᠬᠦᠯᠪᠡ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠥᠭᠵᠢᠪᠡ᠃ ᠠᠷᠠᠳ ᠤᠨ ᠠᠮᠢᠳᠤᠷᠠᠯ ᠳᠤ ᠨᠡᠶᠢᠲᠡ 105 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ | 80% ᠶᠢ ᠡᠵᠡᠯᠡᠪᠡ᠃ ᠠᠵᠢᠯ ᠣᠯᠭᠤᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠬᠤᠲᠠ | ᠪᠠᠯᠭᠠᠰᠤ ᠶᠢᠨ 6258 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠯᠪᠠᠲᠠᠨ᠂ ᠠᠵᠢᠯ ᠦᠢᠯᠡᠰ ᠤᠨ ᠨᠢᠭᠡᠴᠡ | ᠵᠡᠷᠭᠡ 803 ᠠᠵᠢᠯᠲᠠᠨ ᠢ ᠡᠯᠰᠡᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ | ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠵᠤ᠂ ᠮᠠᠯᠴᠢᠨ ᠲᠠᠷᠢᠶᠠᠴᠢᠨ ᠢ 7.7 ᠲᠦᠮᠡᠨ ᠬᠥᠮᠦᠨ ᠤᠳᠠᠭ᠎ᠠ | ᠰᠢᠯᠵᠢᠭᠦᠯᠦᠨ ᠠᠵᠢᠯ ᠣᠯᠭᠤᠪᠠ᠃ ᠰᠣᠶᠣᠯ ᠲᠠᠮᠢᠷ ᠤᠨ ᠦᠢᠯᠡᠰ ᠯᠠᠪᠳᠠᠭᠤᠨ ᠢᠶᠠᠷ ᠠᠬᠢᠪᠠ᠃ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠵᠦᠢᠯᠡᠰ 18 ᠵᠦᠢᠯ ᠳᠤ ᠬᠦᠷᠴᠦ᠂ ︽ᠨᠢᠭᠡ ᠬᠤᠰᠢᠭᠤ ᠶᠢᠰᠦᠨ ᠰᠢᠶᠠᠩ ᠲᠠᠪᠤᠨ ᠪᠤᠳᠠᠰ ᠤᠨ ᠪᠤᠰᠤ ᠰᠤᠶᠤᠯ ᠤᠨ | ᠥᠪ︾ ᠤᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠪᠠ᠃ ᠤᠯᠠᠭᠠᠨᠮᠥ᠋ᠴᠢᠷ ︽ᠪᠥᠬᠦ ᠤᠯᠤᠰ ᠤᠨ ᠬᠤᠤᠰ | ᠦᠢᠯᠡᠴᠢᠯᠡᠭᠡᠨ ᠤ ᠲᠡᠷᠢᠭᠦᠨ ᠤ ᠬᠠᠮᠲᠤ︾ ᠪᠠᠷ ᠦᠨᠡᠯᠡᠭᠳᠡᠵᠦ᠂ ᠤᠷᠠᠨ ᠵᠢᠷᠤᠭ ᠤᠨ ᠣᠷᠳᠣᠨ᠂ ᠶᠡᠷᠦᠩᠬᠡᠶᠢᠯᠡᠭᠰᠡᠨ | ᠰᠣᠶᠣᠯ ᠤᠨ ᠠᠵᠢᠯᠯᠠᠭᠠᠨ ᠤ ᠲᠠᠰᠤᠭ ᠢ ᠡᠭᠦᠳᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ | ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ | ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠦᠢᠯᠡᠰ ᠢ ᠲᠡᠷᠢᠬᠦᠨ ᠳᠤ ᠬᠦᠭᠵᠢᠭᠦᠯᠪᠡ᠃ | ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢ 43 ᠰᠠᠭᠤᠷᠢ ᠥᠭᠡᠷᠡᠴᠢᠯᠡᠵᠦ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠬᠢᠭᠡᠳ 10 ᠭᠠᠷᠤᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠠᠮᠲᠤᠷᠠᠨ ᠰᠤᠷᠭᠠᠭᠤᠯᠢ ᠡᠷᠬᠢᠯᠡᠬᠦ ᠬᠠᠷᠢᠴᠠᠭ᠎ᠠ ᠶᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠲᠦᠷᠭᠡᠨ ᠢᠶᠠᠷ ᠬᠥᠭᠵᠢᠭᠦᠯᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠢᠷᠢ | ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ | ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠪᠠᠶᠢᠭᠤᠯᠵᠤ᠂ ︽ᠣᠷᠣᠭᠤᠯᠬᠤ ᠥᠬᠡᠶ᠂ ᠭᠠᠷᠭᠠᠬᠤ ᠥᠬᠡᠶ︾ ᠶᠢ ᠢᠮᠠᠭᠲᠠ ᠪᠠᠳᠣᠯᠠᠪᠠ᠃ 16 | ᠵᠦᠢᠯ ᠤᠨ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠠᠬᠢᠭᠤᠯᠬᠤ ᠬᠤᠰᠢᠭᠤ᠂ ᠥᠪᠡᠷᠲᠡᠭᠡᠨ | ᠵᠠᠰᠠᠬᠤ ᠣᠷᠣᠨ ᠤ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠷᠠᠳ ᠤᠨ ᠠᠮᠢᠳᠤᠷᠠᠯ ᠤᠨ | ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ | ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ 4.5 | ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ | ᠰᠠᠬᠢᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢ ᠴᠢᠩᠭ᠎ᠠ ᠠᠳᠬᠤᠪᠠ᠃ ᠨᠡᠶᠢᠭᠡᠮ ᠤᠨ ᠵᠥᠷᠢᠴᠡᠯ ᠢ | ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠪᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ | ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ 292 ᠬᠤᠪᠢ ᠰᠢᠢᠳᠪᠦᠷᠢᠯᠡᠪᠡ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠦᠭᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠲᠦᠷᠭᠡᠪᠴᠢᠯᠡᠨ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠭᠡᠷᠡᠭᠵᠢᠬᠦᠯᠪᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠢ ᠪᠠᠳᠤᠳᠠᠢ ᠠᠬᠢᠭᠤᠯᠪᠠ᠃ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ | ᠳᠡᠪᠢᠰᠬᠡᠷ ᠤᠨ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠡᠶᠢᠴᠠᠭᠠᠯᠳᠠ ᠶᠢᠨ ᠡᠬᠦᠷᠭᠡ ᠶᠢ | ᠪᠡᠶᠡᠯᠡᠬᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ | ᠠᠷᠠᠳ ᠤᠨ ᠠᠭᠠᠷ ᠤᠨ ᠰᠡᠷᠭᠡᠶᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠴᠠᠭ ᠠᠭᠤᠷ᠂ ᠲᠠᠩᠰᠠ | ᠡᠪᠬᠡᠮᠡᠯ ᠤᠨ ᠲᠡᠦᠬᠡ ᠣᠶᠢᠯᠠᠯᠭ᠎ᠠ᠂ ᠪᠠᠴᠢᠮ ᠪᠠᠶᠢᠳᠠᠯ ᠢ ᠠᠷᠭᠠᠴᠠᠵᠤ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ | ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠨᠠᠰᠤᠲᠠᠶᠢᠴᠤᠳ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ᠂ ᠨᠢᠭᠦᠯᠡᠰᠦᠩᠭᠦᠶ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠵᠡᠷᠭᠡ ᠦᠢᠯᠡᠰ ᠰᠢᠨ᠎ᠡ | ᠲᠠᠪᠰᠢᠯᠳᠠ ᠲᠠᠢ ᠪᠣᠯᠪᠠ᠃ | ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠳᠦᠷᠢᠮᠵᠢᠭᠦᠯᠬᠦ ᠶᠢ ᠠᠬᠢᠭᠤᠯᠵᠤ᠂ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠶ ᠪᠠᠷ ᠦᠷᠨᠢᠬᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ 77 ᠬᠤᠪᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ 377 ᠬᠤᠪᠢ ᠡᠷᠬᠢᠯᠡᠨ ᠬᠦᠢᠴᠡᠳᠭᠡᠪᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠡᠯ᠎ᠡ ᠵᠦᠢᠯ ᠤᠨ ᠬᠢᠨᠠᠨ | ᠵᠥᠪᠰᠢᠶᠡᠷᠡᠯ ᠤᠨ ᠭᠦᠢᠴᠡᠳᠬᠡᠬᠦ ᠴᠠᠭ ᠢ ᠶᠡᠭᠡ ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ ᠰᠢᠨ᠎ᠡ ᠪᠠᠭᠤᠷᠢ ᠠᠰᠢᠭᠯᠠᠯᠲᠠ ᠳᠤ ᠤᠷᠤᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠵᠦᠢᠯᠡᠰ 851 ᠵᠦᠢᠯ ᠢ ᠲᠥᠪᠯᠡᠷᠡᠭᠦᠯᠦᠨ ᠬᠦᠢᠴᠡᠳᠭᠡᠵᠦ᠂ ᠰᠤᠮᠤ ᠪᠠᠯᠭᠠᠰᠤ ᠶᠢᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠥᠷᠲᠡᠭᠡ ᠪᠦᠬᠦᠨ ᠢᠶᠠᠷ ᠢᠶᠠᠨ ᠫᠠᠶᠢᠰᠠ ᠡᠯᠭᠦᠪᠡ᠃ ᠠᠵᠤ ᠠᠬᠤᠶᠢᠯᠠᠯ ᠤᠨ ︽ᠳᠠᠷᠤᠭᠠᠰᠤ ᠶᠢ ᠬᠥᠩᠭᠡᠯᠡᠬᠦ︾᠂ ︽ | ᠡᠨᠧᠷᠭᠢ ᠶᠢ ᠨᠡᠮᠡᠭᠳᠡᠭᠦᠯᠬᠦ︾ ᠶᠢ ᠵᠣᠬᠢᠴᠠᠯᠳᠤᠭᠤᠯᠤᠨ ᠠᠬᠢᠭᠤᠯᠵᠤ᠂ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠱᠠᠩᠨᠠᠯ ᠨᠥᠬᠦᠪᠥᠷᠢ ᠶᠢᠨ ᠪᠡᠯᠡ ᠮᠥᠩᠭᠦ 2.15 | ᠳ᠋ᠦᠩᠰᠢᠭᠤᠷ ᠲᠥᠭᠦᠷᠢᠭ ᠨᠠᠶᠢᠳᠠᠪᠦᠷᠢᠵᠢᠭᠤᠯᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠶᠢ ᠪᠠᠷᠢᠮᠲᠠᠯᠠᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠪᠠ᠃ | ᠲᠥᠯᠥᠭᠡᠯᠡᠭᠴᠢᠳ ᠡ᠂ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠠᠮᠵᠢᠯᠲᠠ ᠶᠢ ᠬᠢᠯᠪᠠᠷᠬᠠᠨ ᠢᠶᠠᠷ | ᠣᠯᠤᠭᠰᠠᠨ ᠪᠢᠰᠢ︕ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠠᠮᠢᠳᠤᠯᠢᠭ ᠢᠶᠠᠷ ᠦᠢᠯᠡᠳᠦᠯᠭᠡᠵᠢᠭᠦᠯᠦᠭᠰᠡᠨ ᠤ ᠦᠷ᠎ᠡ ᠳ᠋ᠦᠩ ᠪᠣᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ | ᠳ᠋ᠦᠩ᠂ ᠮᠥᠨ ᠴᠦ ᠲᠥᠪ ᠤᠨ ᠤᠬᠠᠭᠤᠯᠬᠤ ᠬᠡᠯᠲᠡᠰ ᠠᠴᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠪᠡᠭᠡᠵᠢᠩ | ᠥᠪᠥᠷ ᠮᠣᠩᠭᠤᠯ ᠬᠠᠮᠵᠢᠯᠴᠠᠭᠠᠨ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠲᠠᠰ ᠤᠨ | ᠨᠢᠭᠡᠴᠡ ᠠᠴᠠ ᠬᠠᠪᠰᠤᠷᠤᠨ ᠲᠡᠳᠬᠦᠭᠰᠡᠨ ᠤ ᠦᠷ᠎ᠡ ᠳ᠋ᠦᠩ᠂ ᠨᠠᠩ ᠴᠤ ᠪᠥᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ | ᠬᠠᠲᠠᠭᠤᠵᠢᠯᠲᠠᠶ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠡᠯ᠎ᠡ ᠹᠷᠣᠨᠲ ᠲᠤ ᠡᠷᠡᠯᠬᠡᠭᠯᠡᠨ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ | ᠲᠦᠮᠡᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ ᠪᠠ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ | ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠣᠷᠣᠰᠢᠵᠤ ᠪᠠᠶᠢᠭ᠎ᠠ ᠬᠦᠴᠢᠷᠳᠡᠯ ᠪᠠ | ᠥᠷᠢᠰᠥᠯᠳᠦᠭᠡᠨ ᠢ ᠰᠡᠷᠭᠡᠭ ᠢᠶᠠᠷ ᠲᠠᠨᠢᠵᠤ ᠤᠯᠪᠠ᠄ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠳᠣᠤᠷ᠎ᠠ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ | ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠨᠢ ᠮᠥᠨ ᠬᠦ ᠬᠤᠰᠢᠭᠤᠨ ᠤ ᠦᠨᠳᠦᠰᠦᠨ ᠪᠠᠶᠢᠳᠠᠯ | ᠪᠣᠯᠤᠨ᠎ᠠ︔ ᠲᠥᠷᠥᠯ ᠵᠦᠢᠯ ᠤᠨ ᠨᠥᠭᠡᠴᠡ ᠪᠠ ᠲᠤᠯᠭᠠᠭᠤᠷᠢᠯᠠᠯ ᠬᠦᠷᠦᠯᠴᠡᠬᠦ ᠥᠬᠡᠶ᠂ ᠳᠠᠭᠠᠭᠤᠯᠤᠭᠴᠢ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠣᠯᠠᠨ ᠪᠢᠰᠢ᠂ ᠠᠵᠤ ᠦᠢᠯᠡᠰ ᠤᠨ ᠬᠡᠯᠬᠢᠶ᠎ᠡ ᠶᠢᠨ ᠦᠷᠭᠦᠯᠵᠢᠯᠡᠯ ᠣᠷᠳᠣ ᠪᠢᠰᠢ᠂ | ᠬᠥᠭᠵᠢᠯᠲᠡ ᠶᠢᠨ ᠰᠡᠯᠭᠦᠬᠦ ᠬᠦᠴᠦᠨ ᠢ ᠮᠥᠨ ᠬᠦ ᠴᠢᠩᠭᠠᠷᠠᠭᠤᠯᠬᠤ ᠴᠢᠬᠤᠯᠠᠲᠠᠶ︔ ᠵᠠᠶᠢᠯᠠᠰᠢ ᠦᠭᠡᠢ ᠵᠠᠷᠤᠯᠭ᠎ᠠ ᠵᠢᠯ | ᠳᠠᠷᠠᠭᠠᠯᠠᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠦᠨ ᠬᠦ ᠲᠤᠪᠤᠶᠢᠮ᠎ᠠ ᠪᠠᠶᠢᠵᠤ᠂ | ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠮᠦᠨ ᠬᠦ ᠪᠡᠷᠬᠡ | ᠬᠠᠲᠠᠭᠤᠵᠢᠯᠲᠠᠢ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠠᠰᠠ ᠰᠢᠯᠢᠳᠡᠭᠵᠢᠭᠦᠯᠬᠦ ᠴᠢᠬᠤᠯᠠᠲᠠᠢ | ᠪᠠᠶᠢᠨ᠎ᠠ︔ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠶ | ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠬᠦᠷᠭᠡ ᠬᠦᠨᠲᠦ ᠪᠠᠶᠢᠨ᠎ᠠ᠃ ᠡᠭᠦᠨ ᠢ ᠪᠢᠳᠡ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ | ᠰᠢᠢᠳᠪᠦᠷᠢᠯᠡᠨ᠎ᠡ᠃ |