ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ | ᠲᠥᠯᠥᠭᠡᠯᠡᠭᠴᠢᠳ ᠡ᠂ ᠬᠤᠶᠢᠰᠢᠳᠠ ᠶᠢᠨ ᠲᠠᠪᠤᠨ ᠵᠢᠯ ᠪᠣᠯ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠰᠠᠭᠤᠷᠢᠨ ᠳᠡᠭᠡᠷ᠎ᠡ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ | ᠬᠥᠭᠵᠢᠯᠲᠡ ᠶᠢ ᠬᠥᠭᠡᠭᠡᠵᠦ ᠭᠦᠢᠴᠡᠨ ᠳᠠᠪᠠᠵᠤ ᠭᠠᠷᠬᠤ ᠶᠢ ᠪᠡᠶᠡᠯᠡᠭᠦᠯᠬᠦ ᠵᠠᠩᠭᠢᠯᠠᠭ᠎ᠠ ᠶᠢᠨ ᠰᠢᠪᠲᠤᠯᠤᠯᠲᠠ ᠶᠢᠨ | ᠬᠤᠭᠤᠴᠠᠭ᠎ᠠ ᠪᠣᠯᠤᠨ᠎ᠠ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠤᠶ ᠪᠣᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠤᠯᠭᠠᠵᠤ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠠᠮᠢ ᠠᠬᠤᠶ ᠪᠠᠷ ᠬᠤᠰᠢᠭᠤ ᠪᠠᠨ ᠪᠤᠰᠬᠠᠬᠤ᠂ | ᠲᠠᠷᠢᠶᠠᠯᠠᠩ ᠮᠠᠯ ᠠᠵᠤ ᠠᠬᠤᠶ ᠪᠠᠷ ᠬᠤᠰᠢᠭᠤ ᠪᠠᠨ ᠲᠣᠭᠲᠠᠭᠤᠨ ᠪᠠᠶᠢᠯᠭᠠᠬᠤ᠂ ᠠᠵᠤ ᠦᠢᠯᠡᠰ ᠢᠶᠠᠷ ᠬᠤᠰᠢᠭᠤ ᠪᠠᠨ | ᠬᠦᠴᠦᠷᠬᠡᠭᠵᠢᠭᠦᠯᠬᠦ᠂ ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠠᠮᠢᠳᠤᠯᠢᠭ ᠪᠣᠯᠭᠠᠬᠤ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠬᠤᠰᠢᠭᠤ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠶᠣᠰᠣᠭᠠᠷ᠂ ︽ᠠᠮᠢ ᠠᠬᠤᠶ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠦᠭᠵᠢᠬᠦᠯᠵᠤ᠂ ᠵᠢᠭᠤᠯᠴᠢᠯᠠᠯ ᠰᠤᠶᠤᠯ | ᠢ ᠠᠬᠢᠭᠤᠯᠬᠤ︾ ᠬᠥᠭᠵᠢᠯᠲᠡ ᠶᠢᠨ ᠰᠡᠳᠬᠢᠴᠡ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶ ᠶᠢᠨ | ᠴᠡᠴᠡᠭᠯᠡᠨ ᠬᠥᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ᠂ ᠠᠷᠠᠳ ᠲᠦᠮᠡᠨ ᠤ ᠠᠮᠤᠷ | ᠲᠠᠶᠢᠪᠤᠩ ᠠᠵᠤ ᠲᠦᠷᠦᠭᠦ ᠶᠢ ᠳᠥᠯᠭᠢᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ | ᠳᠤᠮᠳᠠᠴᠢ ᠪᠠᠷ 8% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠵᠢᠯ | ᠪᠦᠷᠢ ᠳᠤᠮᠳᠠᠴᠢ ᠪᠠᠷ 22% ᠢᠶᠠᠷ ᠨᠡᠮᠡᠭᠳᠡᠬᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | ᠵᠢᠯ ᠪᠦᠷᠢ ᠳᠤᠮᠳᠠᠴᠢ ᠪᠠᠷ 10% ᠣᠷᠴᠢᠮ ᠢᠶᠠᠷ ᠨᠡᠮᠡᠭᠳᠡᠬᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 10% ᠨᠡᠮᠡᠭᠳᠡᠬᠦᠯᠦᠨ᠎ᠡ︔ ᠬᠤᠳᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠵᠢᠯ ᠪᠦᠷᠢ ᠳᠤᠮᠳᠠᠴᠢ ᠪᠠᠷᠲ᠋ᠤᠰ ᠲᠤᠰ 6% ᠪᠠ 10%ᠣᠷᠴᠢᠮ ᠨᠡᠮᠡᠭᠳᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ᠄ | ︵ᠨᠢᠭᠡ︶ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠠᠮᠢ ᠠᠬᠤᠶ ᠪᠠᠷ ᠬᠤᠰᠢᠭᠤ ᠪᠠᠨ ᠪᠤᠰᠬᠠᠬᠤ︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ︽ᠠᠮᠢ ᠠᠬᠤᠶ ᠶᠢ ᠴᠢᠬᠤᠯᠠᠴᠢᠯᠠᠬᠤ︾ | ᠬᠥᠭᠵᠢᠯᠲᠡ ᠶᠢᠨ ᠰᠡᠳᠬᠢᠴᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠤᠰ ᠤᠨ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ︾ ᠬᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠭᠤᠷᠪᠠ ᠶᠢ ᠴᠠᠭᠠᠵᠠᠯᠠᠬᠤ︾ | ᠬᠠᠤᠯᠢ ᠬᠡᠷᠡᠭᠵᠢᠭᠦᠯᠦᠯᠲᠡ ᠶᠢ ᠤᠳᠠᠭᠠᠨ ᠳᠠᠭᠠᠭᠠᠮᠠᠭᠠᠶ ᠭᠦᠨᠵᠡᠭᠡᠶ ᠰᠠᠶᠢᠲᠤᠷ ᠠᠳᠬᠤᠵᠤ᠂ ᠠᠮᠢ ᠠᠬᠤᠶ ᠶᠢᠨ | ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ | ᠃ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ︽ᠭᠤᠷᠪᠠᠨ ᠱᠤᠭᠤᠮ ᠨᠢᠭᠡ ᠬᠠᠭᠤᠳᠠᠰᠤ︾ | ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠪᠠ ᠣᠶ ᠰᠢᠭᠤᠶ ︵ᠡᠪᠡᠰᠦ︶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠭᠤᠤᠯ ᠮᠥᠷᠡᠨ ᠨᠠᠭᠤᠷ ᠴᠥᠭᠦᠷᠥᠮ ᠤᠨ ︽ᠲᠠᠪᠤᠨ ᠳᠤᠷ᠎ᠠ ᠪᠠᠷ ᠢᠶᠠᠨ ᠪᠠᠶᠢᠬᠤ︾ ᠶᠢ ᠴᠡᠭᠴᠡᠯᠡᠨ ᠵᠠᠰᠠᠬᠤ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ | ᠴᠥᠭᠦᠷᠥᠮ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠵᠢ | ᠭᠤᠤᠯ ᠢ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠦᠨ᠂ ᠬᠤᠤᠯᠢᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠷᠴᠢᠨ ᠬᠠᠮᠠᠭᠠᠯᠠᠯᠲᠠ ᠶᠢᠨ ᠣᠷᠣᠨ ᠤ | ᠨᠤᠭᠤ ᠭᠠᠵᠠᠷ ᠢ ᠵᠠᠰᠠᠨ ᠰᠡᠷᠭᠦᠭᠡᠬᠦ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ | ᠲᠥᠷᠥᠯ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠢᠭᠡᠳ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠠᠮᠢ ᠠᠬᠤᠶ ᠶᠢᠨ ᠡᠬᠢ ᠪᠠᠶᠠᠯᠢᠭ᠂ ᠠᠮᠢ ᠠᠬᠤᠶ ᠶᠢᠨ ᠳᠠᠪᠠᠭᠤᠯᠢᠭ ᠢ ᠠᠮᠢ ᠠᠬᠤᠶ ᠶᠢᠨ ᠠᠵᠤ ᠠᠬᠤᠶ ᠳᠠᠰᠢ | ᠬᠤᠪᠢᠷᠠᠭᠤᠯᠬᠤ ᠶᠢ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠠᠯᠬᠢ ᠭᠡᠷᠡᠯ ᠴᠡᠨᠡᠭ ᠤᠨ | ᠡᠨᠧᠷᠭᠢ᠂ ᠪᠥᠬᠦ ᠴᠠᠷᠠᠭᠠᠨ ᠤ ᠵᠢᠭᠤᠯᠴᠢᠯᠠᠯ ᠵᠡᠷᠭᠡ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠤᠨ ᠲᠣᠭᠤᠷᠢᠨ ᠳᠤ᠂ ᠠᠮᠢ ᠠᠬᠤᠶ ᠶᠢᠨ ᠠᠵᠤ ᠦᠶᠢᠯᠡᠰᠵᠢᠯᠲᠡ ᠪᠠ ᠠᠵᠤ | ᠦᠢᠯᠡᠰ ᠤᠨ ᠠᠮᠢ ᠠᠬᠤᠶᠢᠵᠢᠯᠲᠠ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ | ᠬᠢᠵᠠᠭᠠᠷᠯᠠᠬᠤ︾ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠠᠵᠤ | ᠠᠬᠤᠶ ᠶᠢ ᠰᠦᠪᠡᠭᠴᠢᠯᠡᠨ ᠬᠥᠭᠵᠢᠭᠦᠯᠦᠨ᠎ᠡ᠃ ᠡᠰᠢ ᠰᠦᠷᠡᠯ ᠢ ᠬᠤᠪᠢᠷᠠᠭᠤᠯᠤᠨ ᠠᠰᠢᠭᠯᠠᠬᠤ ᠶᠢ ᠳᠡᠯᠭᠡᠷᠡᠭᠦᠯᠵᠦ᠂ | ᠡᠰᠢ ᠰᠦᠷᠡᠯ ᠢ ᠰᠢᠲᠠᠭᠠᠬᠤ ᠶᠢ ᠡᠷᠡᠰ ᠬᠤᠷᠢᠭᠯᠠᠵᠤ᠂ ᠡᠰᠢ ᠰᠦᠷᠡᠯ ᠤᠨ ᠠᠰᠢᠭᠯᠠᠯᠲᠠ ᠶᠢᠨ ᠨᠤᠷᠮ᠎ᠠ ᠶᠢ 95% ᠳᠤ | ᠬᠦᠷᠭᠡᠨ᠎ᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠦᠢᠯᠡᠰ ᠤᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠬᠤᠳᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ᠂ ᠬᠠᠭᠤᠴᠢᠨ ᠪᠠ | ᠬᠠᠭᠤᠴᠢᠷᠬᠠᠰᠠᠨ ᠭᠡᠷ ᠪᠠᠶᠢᠰᠢᠩ ᠪᠣᠯᠤᠨ ᠬᠠᠭᠤᠴᠢᠨ ᠪᠠ ᠬᠠᠭᠤᠴᠢᠷᠬᠠᠰᠠᠨ ᠦᠢᠯᠡᠳᠪᠦᠷᠢ ᠶᠢᠨ ᠲᠣᠭᠤᠷᠢᠭ ᠤᠨ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠤᠰᠤ ᠴᠠᠬᠢᠯᠭᠠᠨ ᠮᠡᠳᠡᠭᠡ ᠢᠯᠴᠢ ᠵᠡᠷᠭᠡ | ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠪᠴᠢᠯᠡᠨ | ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠨᠡᠭᠡᠭᠡᠨ ᠬᠥᠭᠵᠢᠭᠦᠯᠬᠦ ᠲᠠᠯᠠᠪᠠᠢ ᠶᠢ | 200 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠣᠯᠭᠠᠨ᠎ᠠ᠃ ᠬᠥᠳᠡᠭᠡ ᠲᠣᠰᠬᠤᠨ ᠢ ᠪᠦᠳᠦᠭᠡᠨ | ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠭᠠᠴᠠᠭ᠎ᠠ ᠶᠢ 30 ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠤᠨ ᠭᠠᠴᠠᠭ᠎ᠠ ᠶᠢ 123 ᠪᠤᠯᠭᠠᠨ ᠥᠷᠭᠡᠳᠬᠡᠨ᠎ᠡ᠃ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠰᠦᠯᠵᠢᠶ᠎ᠡ ᠵᠠᠮ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠰᠠᠮᠠᠯ ᠵᠠᠮ︾ ᠢ | 500 ᠺᠢᠯᠣᠮᠧᠲᠷ ᠪᠥᠲᠥᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠂ ᠠᠶᠢᠯ ᠲᠣᠰᠬᠤᠨ ᠢ | ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ | ᠦᠵᠡᠭᠦᠯᠬᠦ ᠭᠠᠴᠠᠭ᠎ᠠ ᠶᠢ 100 ᠠᠴᠠ ᠳᠡᠭᠡᠭᠰᠢ ᠪᠠᠶᠢᠭᠤᠯᠤᠨ᠎ᠠ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠᠷ | ᠬᠠᠷᠠᠯᠲᠠ ᠪᠣᠯᠭᠠᠵᠤ᠂ ︽ᠲᠠᠷᠢᠶᠠᠯᠠᠩ ᠮᠠᠯ ᠠᠵᠤ ᠠᠬᠤᠶ ᠪᠠᠷ ᠬᠤᠰᠢᠭᠤ ᠪᠠᠨ ᠳᠤᠭᠳᠠᠪᠦᠷᠢᠵᠢᠭᠤᠯᠬᠤ︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ᠂ | ᠮᠠᠯᠵᠢᠬᠤ ᠲᠠᠷᠢᠶᠠᠯᠠᠬᠤ ᠣᠷᠣᠨ ᠢ ᠲᠡᠷᠢᠬᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠲᠠᠷᠢᠶᠠᠯᠠᠩ | ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ 2 ᠲᠣᠣᠷ ᠢ ᠨᠢᠭᠲᠠ | ᠰᠦᠯᠵᠢᠵᠦ᠂ ᠨᠡᠶᠢᠭᠡᠮ ᠤᠨ ᠠᠪᠤᠷᠠᠨ ᠲᠤᠰᠠᠯᠠᠬᠤ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ 2 | ᠲᠣᠭᠲᠠᠴᠠ ᠶᠢ ᠪᠦᠷᠢᠨᠰᠢᠬᠦᠯᠵᠦ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠬᠤ ᠶᠢ ᠬᠢᠨᠠᠨ ᠰᠢᠯᠭᠠᠬᠤ ᠡᠲᠡᠭᠡᠳ | ᠪᠠ ᠣᠨᠳᠣᠤ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ 2 ᠭᠤᠤᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠠᠵᠢᠯ ᠣᠯᠭᠤᠯᠲᠠ ᠶᠢᠨ 2 ᠵᠠᠩᠭᠢᠯᠠᠭ᠎ᠠ ᠶᠢ ᠠᠳᠬᠤᠨ᠂ | ᠭᠠᠴᠠᠭ᠎ᠠ ᠶᠢᠨ ᠬᠠᠮᠲᠤ ᠶᠢᠨ ᠠᠵᠤ ᠠᠬᠤᠶ ᠪᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ 2 | ᠰᠠᠭᠤᠷᠢ ᠶᠢ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠬᠢᠨ᠎ᠠ | ᠃ ᠲᠣᠰᠬᠤᠨ ᠳᠤ ᠰᠠᠭᠤᠬᠤ ᠪᠠᠶᠢᠩᠭᠤ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠦᠨᠳᠦᠰᠦᠨ ᠱᠠᠲᠤᠨ ᠤ | ᠺᠠᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ | ᠬᠦᠳᠦᠯᠦᠨ ᠵᠢᠯᠣᠭᠤᠳᠤᠨ᠎ᠠ᠃ ᠲᠥᠪ ᠤᠨ ᠤᠬᠠᠭᠤᠯᠬᠤ ᠬᠡᠯᠲᠡᠰ᠂ ᠪᠡᠭᠡᠵᠢᠩ ᠤᠨ ᠬᠠᠶ ᠳ᠋ᠢᠶᠠᠨ ᠲᠣᠭᠤᠷᠢᠭ᠂ ᠣᠷᠣᠨ | ᠠᠶᠢᠮᠠᠭ ᠤᠨ ᠴᠢᠬ ᠲᠣᠭᠲᠠᠭᠠᠨ ᠬᠠᠪᠰᠤᠷᠤᠨ ᠲᠡᠳᠬᠦᠬᠦ ᠰᠠᠯᠠᠭ᠎ᠠ ᠮᠥᠴᠢᠷ ᠯᠦᠭᠡ ᠶᠢᠨ ᠵᠣᠯᠭᠠᠭᠤᠯᠤᠨ ᠵᠣᠬᠢᠴᠠᠭᠤᠯᠬᠤ | ᠦᠢᠯᠡᠴᠢᠯᠡᠭᠡ ᠶᠢ ᠴᠢᠩᠭᠠᠳᠬᠠᠵᠤ᠂ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠦᠰᠡ ᠶᠢᠨ ᠪᠠᠶᠢᠷᠢᠰᠢᠭᠤᠯᠤᠯ ᠪᠠ | ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠵᠦ᠂ ᠤᠨᠴᠠᠯᠢᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠵᠤ ᠦᠢᠯᠡᠰ ᠤᠨ ᠳᠠᠪᠠᠭᠤᠯᠢᠭ ᠣᠷᠣᠨ ᠢ ᠲᠦᠷᠭᠡᠳᠬᠡᠨ ᠪᠣᠶ ᠪᠣᠯᠭᠠᠨ᠎ᠠ᠃ ᠡᠮᠦᠨᠡᠲᠦ | ᠬᠡᠰᠡᠭ ᠤᠨ ᠠᠮᠢ ᠠᠬᠤᠶ ᠬᠡᠪᠡᠷᠡᠭ ᠭᠠᠵᠠᠷ ᠣᠷᠣᠨ ᠳᠤ ᠠᠯᠠᠰᠢᠨ ᠦᠬᠡᠷ ᠤᠨ ᠬᠠᠰᠢᠶᠠᠯᠠᠨ ᠲᠡᠵᠢᠭᠡᠵᠦ ᠦᠷᠡᠵᠢᠭᠦᠯᠬᠦ | ᠰᠠᠭᠤᠷᠢᠨ ᠭᠠᠵᠠᠷ ᠪᠠ ᠲᠡᠵᠢᠭᠡᠯ ᠡᠪᠡᠰᠦ᠂ ᠡᠯᠳᠡᠪ ᠠᠮᠤ ᠡᠯᠳᠡᠪ ᠪᠤᠷᠴᠠᠭ ᠲᠠᠷᠢᠬᠤ ᠰᠠᠭᠤᠷᠢᠨ ᠭᠠᠵᠠᠷ ᠢ | ᠬᠦᠭᠵᠢᠬᠦᠯᠵᠤ᠂ ᠡᠪᠡᠰᠦ ᠪᠣᠷᠳᠤᠭ᠎ᠠ ᠶᠢᠨ ᠳᠠᠷᠢᠬᠤ ᠲᠠᠯᠠᠪᠠᠶ ᠶᠢ 50 ᠲᠦᠮᠡᠨ ᠮᠥ ᠠᠴᠠ ᠳᠡᠭᠡᠭᠰᠢ ᠳᠤ | ᠲᠣᠭᠲᠠᠪᠤᠷᠢᠵᠢᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠳᠠᠷᠢᠬᠤ ᠲᠠᠯᠠᠪᠠᠶ ᠶᠢ 10 ᠲᠦᠮᠡᠨ ᠮᠥ ᠳᠤ | ᠲᠣᠭᠲᠠᠪᠤᠷᠢᠵᠢᠭᠤᠯᠤᠨ᠎ᠠ︔ ᠳᠤᠮᠳᠠ ᠡᠮᠦᠨᠡᠲᠦ ᠬᠡᠰᠡᠭ ᠤᠨ ᠭᠠᠵᠠᠷ ᠣᠷᠣᠨ ᠳᠤ ᠤᠳᠤ ᠦᠶ᠎ᠡ ᠶᠢᠨ ᠠᠯᠠᠰᠢᠨ ᠦᠬᠡᠷ | ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠪᠠ ᠡᠷᠳᠡᠨᠢ ᠰᠢᠰᠢ ᠶᠢᠨ ᠳᠠᠪᠠᠭᠤᠯᠢᠭ ᠲᠠᠷᠢᠮᠠᠯ ᠤᠨ ᠣᠷᠣᠨ ᠢ | ᠬᠦᠭᠵᠢᠬᠦᠯᠵᠤ᠂ ᠴᠢᠨᠠᠷ ᠰᠠᠶᠢᠲᠠᠶ ᠡᠷᠳᠡᠨᠢ ᠰᠢᠰᠢ ᠳᠠᠷᠢᠬᠤ ᠲᠠᠯᠠᠪᠠᠶ ᠶᠢ 100 ᠲᠦᠮᠡᠨ ᠮᠥ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ︔ ᠤᠮᠠᠷᠠᠲᠤ ᠬᠡᠰᠡᠭ ᠤᠨ ᠭᠠᠵᠠᠷ ᠣᠷᠣᠨ ᠳᠤ ᠲᠣᠰ ᠭᠠᠵᠠᠷ ᠣᠷᠣᠨ ᠤ ᠣᠨᠴᠠᠯᠢᠭ ᠲᠠᠢ | ᠴᠢᠨᠠᠷ ᠰᠠᠶᠢᠲᠠᠶ ᠠᠯᠠᠰᠢᠨ ᠦᠬᠡᠷ ᠠᠯᠠᠰᠢᠨ ᠬᠤᠨᠢᠨ ᠤ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠪᠠ ᠴᠢᠨᠠᠷ | ᠰᠠᠶᠢᠲᠠᠶ ᠲᠤᠰᠬᠠᠶ ᠬᠡᠷᠡᠭᠯᠡᠭᠡᠨ ᠤ ᠲᠣᠰᠣᠯᠢᠭ ᠲᠠᠷᠢᠮᠠᠯ᠂ ᠪᠤᠭᠤᠳᠠᠶ᠂ ᠲᠥᠮᠥᠰᠥ ᠶᠢᠨ ᠰᠠᠭᠤᠷᠢᠨ ᠭᠠᠵᠠᠷ ᠢ | ᠬᠥᠭᠵᠢᠭᠦᠯᠦᠨ᠎ᠡ︔ ᠭᠤᠣᠯ ᠪᠣᠯᠬᠤ ᠭᠤᠣᠯ ᠮᠥᠷᠡᠨ ᠤ ᠡᠷᠭᠢ ᠳᠠᠭᠠᠤ ᠭᠠᠵᠠᠷ ᠣᠷᠣᠨ ᠳᠤ ᠪᠣᠬᠢᠷᠲᠤᠯ ᠦᠭᠡᠢ | ᠣᠷᠭᠠᠨᠢᠭ ᠤᠰᠤᠨ ᠲᠤᠲᠤᠷᠭ᠎ᠠ ᠶᠢᠨ ᠰᠠᠭᠤᠷᠢᠨ ᠭᠠᠵᠠᠷ ᠢ ᠬᠦᠭᠵᠢᠬᠦᠯᠵᠤ᠂ ᠤᠰᠤᠨ ᠲᠤᠲᠤᠷᠭ᠎ᠠ ᠶᠢᠨ ᠲᠠᠷᠢᠮᠠᠯ ᠤᠨ | ᠲᠠᠯᠠᠪᠠᠶ ᠶᠢ 12 ᠲᠦᠮᠡᠨ ᠮᠥ ᠳᠤ ᠲᠣᠭᠲᠠᠪᠤᠷᠢᠵᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠴᠢᠩᠳᠠᠯᠠᠵᠤ᠂ ᠦᠨᠳᠦᠰᠦᠨ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ | ᠪᠠᠭᠠᠰᠬᠠᠬᠤ ᠥᠬᠡᠶ᠂ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ 80 ᠲᠦᠮᠡᠨ | ᠮᠥ ᠠᠴᠠ ᠳᠡᠭᠡᠭᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠢ | ᠠᠮᠢᠯᠠᠭᠤᠯᠤᠨ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠬᠤ᠂ ᠪᠠᠯᠠ ᠮᠥᠩᠭᠦ ᠶᠢ ᠬᠤᠪᠢ ᠣᠷᠣᠭᠤᠯᠤᠭᠰᠠᠨ ᠮᠥᠩᠭᠦ | ᠪᠣᠯᠭᠠᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠬᠤ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠨ᠂ ᠰᠤᠮᠤ ᠪᠠᠯᠭᠠᠰᠤ ᠪᠠ ᠭᠠᠴᠠᠭ᠎ᠠ ᠶᠢ ᠬᠥᠳᠡᠭᠡ ᠲᠣᠰᠬᠤᠨ ᠤ | ᠵᠠᠰᠠᠯᠲᠠ ᠶᠢᠨ ᠲᠥᠪ ᠪᠣᠯᠭᠠᠨ ᠪᠠᠶᠢᠭᠤᠯᠵᠤ᠂ ᠨᠡᠶᠢᠭᠡᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠭᠤᠷᠪᠠ︶ ︽ᠬᠤᠶᠠᠷ ᠰᠠᠭᠤᠷᠢᠨ ᠭᠠᠵᠠᠷ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠠᠵᠤ | ᠦᠢᠯᠡᠰ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠳᠠᠪᠠᠭᠤᠯᠢᠭ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠪᠣᠬᠢᠷᠲᠤᠯ | ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ | ᠰᠠᠭᠤᠷᠢᠨ ᠭᠠᠵᠠᠷ ᠪᠠ ᠴᠡᠪᠡᠷ ᠡᠨᠧᠷᠭᠢ ᠶᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠢ ᠴᠢᠨᠠᠷ ᠰᠠᠶᠢᠲᠠᠶ | ᠪᠠᠶᠢᠭᠤᠯᠤᠨ᠎ᠠ᠃ ︽ᠦᠬᠡᠷ ᠤᠨ ᠦᠢᠯᠡᠰ ᠢ ᠬᠦᠭᠵᠢᠬᠦᠯᠬᠦ︾ ᠬᠦᠭᠵᠢᠯᠲᠡ ᠶᠢᠨ ᠰᠡᠳᠬᠢᠴᠡ ᠶᠢ ᠬᠦᠨᠵᠡᠬᠡᠶᠢᠷᠡᠬᠦᠯᠵᠤ | ᠂ ᠣᠲᠣ ᠦᠶ᠎ᠡ ᠶᠢᠨ ᠠᠯᠠᠰᠢᠨ ᠦᠬᠡᠷ ᠤᠨ ᠭᠤᠤᠯᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠣᠳᠣ | ᠦᠶ᠎ᠡ ᠶᠢᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠠᠯᠠᠰᠢᠨ ᠦᠬᠡᠷ ᠤᠨ | ᠲᠤᠭ᠎ᠠ ᠶᠢ 100 ᠲᠦᠮᠡ ᠳᠤ ᠬᠦᠷᠦᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠮᠢᠩᠭᠠᠨ ᠲᠦᠮᠡᠨ | ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ︾ ᠢ ᠡᠭᠦᠳᠦᠨ ᠪᠠᠶᠢᠭᠤᠯᠵᠤ᠂ ︽ᠰᠠᠯᠬᠢ ᠭᠡᠷᠡᠯ | ᠴᠡᠨᠡᠭ ᠢ ᠨᠥᠭᠡᠴᠡᠯᠡᠬᠦ︾ ᠬᠠᠷᠢᠯᠴᠠᠨ ᠨᠥᠬᠦᠪᠥᠷᠢᠯᠡᠬᠦ ᠪᠠᠷ ᠭᠤᠤᠯ ᠪᠣᠯᠭᠠᠭᠰᠠᠨ ᠴᠡᠪᠡᠷ ᠡᠨᠧᠷᠭᠢ ᠶᠢᠨ ᠠᠵᠤ | ᠦᠢᠯᠡᠰ ᠢ ᠶᠡᠬᠡᠪᠡᠷ ᠬᠥᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ | ᠃ ᠪᠠᠶᠠᠵᠢᠨ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠠᠬᠢᠯᠭᠠᠨ ᠤᠰᠤ ᠢᠯᠴᠢ ᠮᠡᠳᠡᠭᠡ ᠵᠠᠩᠭᠢ ᠵᠠᠮ | ᠱᠤᠭᠤᠮ ᠵᠡᠷᠭᠡ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠲᠣᠨᠤᠭ | ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ | ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠳᠦᠷᠢ ᠲᠥᠷᠬᠦ ᠶᠢ ᠬᠤᠪᠢᠷᠠᠭᠤᠯᠵᠤ᠂ ︽ᠦᠢᠯᠡᠴᠢᠯᠡᠭᠴᠢ︾ | ᠪᠣᠯᠵᠣ᠂ ᠲᠣᠭᠲᠠᠭᠤᠨ ᠪᠥᠭᠡᠳ ᠡᠷᠬᠡ ᠲᠡᠭᠰᠢ ᠢᠯᠡ ᠲᠣᠳᠣ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠲᠥᠷᠥᠯ ᠵᠦᠢᠯ ᠢ 50 ᠠᠴᠠ ᠳᠡᠭᠡᠭᠰᠢ ᠣᠷᠣᠭᠤᠯᠤᠨ᠎ᠠ᠃ | ︵ᠳᠥᠷᠪᠡ︶ ︽ᠲᠠᠪᠤᠨ ᠪᠦᠷᠢᠨ︾ ᠵᠢᠭᠤᠯᠴᠢᠯᠠᠯ ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ︽ᠰᠣᠶᠣᠯ | ᠵᠢᠭᠤᠯᠴᠢᠯᠠᠯ ᠢᠶᠠᠷ ᠬᠤᠰᠢᠭᠤ ᠪᠠᠨ ᠠᠮᠢᠳᠤᠯᠢᠬᠵᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ︽ᠰᠤᠶᠤᠯ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠪᠠᠷᠢᠮᠲᠠᠯᠠᠵᠤ᠂ ︽ | ᠨᠢᠭᠡ ᠬᠤᠰᠢᠭᠤ ᠶᠢᠰᠦᠨ ᠰᠢᠶᠠᠩ ᠲᠠᠪᠤᠨ ᠪᠣᠳᠠᠰ ᠤᠨ ᠪᠤᠰᠤ ᠰᠣᠶᠣᠯ ᠤᠨ ᠥᠪ ︾ ᠤᠨ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠲᠠᠪᠤᠨ ᠪᠦᠷᠢᠨ︾ ᠵᠢᠭᠤᠯᠴᠢᠯᠠᠯ ᠤᠨ ᠣᠨᠣᠯᠵᠢᠬᠤᠨ ᠢ | ᠪᠠᠲᠤ ᠪᠠᠬᠢ ᠪᠣᠶ ᠪᠣᠯᠭᠠᠵᠤ᠂ ︽ᠵᠢᠭᠤᠯᠴᠢᠯᠠᠯ ᠢ ᠠᠳᠬᠤᠪᠠᠯ ᠳᠠᠷᠤᠶ ᠬᠥᠭᠵᠢᠯᠲᠡ ᠶᠢ ᠠᠳᠬᠤᠵᠤ᠂ ᠵᠢᠭᠤᠯᠴᠢᠯᠠᠯ ᠢ | ᠠᠳᠬᠤᠪᠠᠯ ᠳᠠᠷᠤᠶ ᠠᠮᠢ ᠠᠬᠤᠶ ᠶᠢ ᠠᠳᠬᠤᠵᠤ᠂ ᠵᠢᠭᠤᠯᠴᠢᠯᠠᠯ ᠢ ᠠᠳᠬᠤᠪᠠᠯ ᠳᠠᠷᠤᠶ ᠠᠷᠠᠳ ᠤᠨ ᠠᠮᠢᠳᠤᠷᠠᠯ ᠢ | ᠠᠳᠬᠤᠵᠤ᠂ ᠵᠢᠭᠤᠯᠴᠢᠯᠠᠯ ᠢ ᠠᠳᠬᠤᠪᠠᠯ ᠳᠠᠷᠤᠶ ᠦᠨᠳᠦᠰᠦᠲᠡᠨ ᠤ ᠪᠦᠯᠬᠦᠮᠳᠡᠯ ᠢ ᠠᠳᠬᠤᠵᠤ︾ ᠪᠠᠶᠢᠬᠤ | ᠲᠠᠨᠢᠯᠲᠠ ᠪᠠᠨ ᠳᠡᠭᠡᠭᠰᠢᠯᠡᠬᠦᠯᠵᠤ᠂ ᠵᠢᠭᠤᠯᠴᠢᠯᠠᠯ ᠤᠨ ᠦᠢᠯᠡᠰ ᠤᠨ ︽ᠪᠥᠬᠦ ᠣᠷᠣᠨ ᠪᠦᠰᠡ᠂ ᠪᠥᠬᠦ ᠤᠯᠠᠷᠢᠯ ᠤᠨ᠂ | ᠪᠥᠬᠦ ᠠᠷᠠᠳ᠂ ᠪᠥᠬᠦ ᠡᠵᠡᠩᠨᠡᠯᠲᠡ ᠶᠢᠨ ᠬᠡᠯᠪᠡᠷᠢ ᠪᠠᠶᠢᠳᠠᠯ᠂ ᠪᠥᠬᠦ ᠬᠦᠴᠦᠨ ᠵᠦᠢᠯ︾ ᠳᠠᠰᠢ ᠤᠷᠤᠭᠰᠢᠯᠠᠬᠤ ᠶᠢ | ᠠᠬᠢᠭᠤᠯᠤᠨ᠎ᠠ᠃ ᠤᠳᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ ᠪᠦᠷᠢᠨᠰᠢᠬᠦᠯᠦᠨ᠎ᠡ᠃ ᠣᠯᠠᠨ | ᠨᠡᠶᠢᠲᠡ ᠶᠢᠨ ᠵᠢᠭᠤᠯᠴᠢᠯᠠᠯ᠂ ᠣᠶᠤᠨᠴᠢ ᠵᠢᠭᠤᠯᠴᠢᠯᠠᠯ ᠪᠠ ︽ᠵᠢᠭᠤᠯᠴᠢᠯᠠᠯ +︾ ︽+ ᠵᠢᠭᠤᠯᠴᠢᠯᠠᠯ︾ ᠢ | ᠭᠦᠨᠵᠡᠭᠡᠶ ᠠᠬᠢᠭᠤᠯᠵᠤ᠂ ᠤᠯᠤᠰ ᠤᠨ ᠳᠣᠲᠣᠭᠠᠳᠤ ᠶᠢᠨ ᠨᠠᠷᠠᠲᠤ ᠰᠣᠶᠣᠯ ᠤᠨ ᠵᠢᠭᠤᠯᠴᠢᠯᠠᠯ ᠤᠨ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠨᠢᠭᠡ ᠣᠷᠣᠨ ᠲᠠᠪᠤᠨ ᠱᠤᠭᠤᠮ︾ ᠤᠨ ᠪᠥᠬᠦ | ᠴᠠᠷᠠᠭᠠᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠵᠤ᠂ ᠬᠡᠪᠰᠢᠭᠰᠡᠨ ᠣᠷᠴᠢᠨ ᠲᠣᠭᠤᠷᠢᠨ ᠳᠠᠬᠢ | ᠵᠢᠭᠤᠯᠴᠢᠯᠠᠯ ᠤᠨ ᠬᠥᠮᠦᠨ ᠤ ᠲᠤᠭ᠎ᠠ ᠶᠢ ᠵᠢᠯ ᠪᠦᠷᠢ ᠳᠤᠮᠳᠠᠴᠢ ᠪᠠᠷ 20% ᠠᠴᠠ ᠳᠡᠭᠡᠭᠰᠢ ᠨᠡᠮᠡᠭᠳᠡᠭᠦᠯᠵᠦ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ᠨᠡᠶᠢᠭᠡᠮ ᠤᠨ | ᠪᠣᠯᠪᠠᠰᠤᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠲᠡ ᠪᠠᠷ ᠪᠣᠯᠪᠠᠰᠤᠨ ᠤ ᠳᠡᠭᠡᠭᠰᠢᠯᠡᠯᠲᠡ ᠶᠢ ᠬᠥᠲᠥᠯᠥᠨ ᠳᠠᠭᠠᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮ ᠨᠢᠭᠡ | ᠠᠯᠬᠤᠮ ᠪᠠᠳᠠᠷᠠᠭᠤᠯᠤᠨ᠎ᠠ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠶ ᠶᠢᠨ ᠠᠵᠢᠯ ᠢ ᠴᠢᠩᠭᠠᠳᠬᠠᠨ᠎ᠠ᠃ ᠰᠢᠨ᠎ᠡ | ᠴᠠᠭ ᠦᠶ᠎ᠡ ᠶᠢᠨ ᠤᠷᠠᠯᠢᠭ ᠤᠨ ᠵᠣᠬᠢᠶᠠᠨ ᠪᠦᠲᠦᠭᠡᠬᠦ ᠰᠢᠰᠲ᠋ᠧᠮᠵᠢ ᠶᠢ ᠪᠠᠶᠢᠭᠤᠯᠤᠨ᠎ᠠ᠃ ᠨᠡᠶᠢᠭᠡᠮ ᠵᠢᠷᠤᠮ ᠤᠨ | ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠲᠦᠯᠬᠢᠨ ᠠᠬᠢᠭᠤᠯᠵᠤ᠂ ᠨᠢᠭᠡ ᠪᠦᠯᠦᠭ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠭᠠᠷᠭᠠᠨ᠎ᠠ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ | ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠬᠡᠨ᠎ᠡ᠃ ᠤᠳᠤ ᠦᠶ᠎ᠡ ᠶᠢᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ | ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠬᠦᠷᠢᠰᠢᠬᠦᠯᠬᠦ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠠᠵᠤ | ᠦᠢᠯᠡᠰ ᠪᠣᠯᠤᠨ ᠵᠤᠭᠠᠴᠠᠯ ᠤᠨ ᠠᠵᠤ ᠦᠢᠯᠡᠰ ᠤᠨ ᠬᠤᠣᠰ ᠴᠢᠭᠯᠡᠯ ᠢᠶᠠᠷ ᠠᠭᠤᠰᠤᠯᠴᠠᠬᠤ᠂ ᠬᠠᠷᠢᠯᠴᠠᠨ | ᠠᠬᠢᠭᠤᠯᠬᠤ ᠶᠢ ᠪᠡᠶᠡᠯᠡᠭᠦᠯᠦᠨ᠎ᠡ︔ ᠪᠦᠬᠦ ᠣᠷᠣᠨ ᠤ ᠲᠡᠷᠢᠭᠦᠨ ᠵᠡᠷᠭᠡ ᠶᠢᠨ ᠰᠣᠶᠣᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢ 1 ᠪᠠᠶᠢᠭᠤᠯᠵᠤ᠂ ᠶᠡᠷᠦᠩᠬᠡᠶᠢᠯᠡᠭᠰᠡᠨ ᠴᠢᠳᠠᠮᠵᠢ ᠲᠠᠢ ᠰᠣᠶᠣᠯ ᠤᠨ ᠲᠥᠪ ᠢ 1 | ᠪᠠᠶᠢᠭᠤᠯᠤᠨ᠎ᠠ᠃ | ︵ᠲᠠᠪᠤ︶ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ︽ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠬᠤᠰᠢᠭᠤ ᠪᠠᠨ ᠮᠠᠨᠳᠤᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠠᠷᠠᠳ ᠤᠨ ᠠᠮᠢᠳᠤᠷᠠᠯ ᠢ ᠲᠠᠰᠤᠷᠠᠯᠳᠠ ᠦᠭᠡᠢ ᠰᠠᠶᠢᠵᠢᠷᠠᠭᠤᠯᠤᠨ | ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠤᠯᠠᠮ ᠨᠢᠭᠡ | ᠠᠯᠬᠤᠮ ᠨᠡᠮᠡᠭᠳᠡᠭᠦᠯᠦᠨ᠎ᠡ᠃ ᠰᠤᠷᠭᠠᠨ ᠬᠥᠮᠦᠵᠢᠯ ᠤᠨ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠶᠢ | ᠠᠬᠢᠭᠤᠯᠤᠨ᠎ᠠ᠃ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ | ᠪᠠᠭᠰᠢ ᠶᠢᠨ ᠡᠩᠨᠡᠭᠡ ᠶᠢ ᠲᠠᠰᠤᠷᠠᠯᠲᠠ ᠥᠬᠡᠶ ᠴᠢᠩᠭᠠᠳᠬᠠᠨ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠰᠠᠶᠢᠲᠠᠶ ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠤᠯᠠᠨ ᠴᠢᠳᠠᠮᠵᠢᠳᠤ ᠵᠢᠭᠠᠨ ᠰᠤᠷᠭᠠᠯᠲᠠ ᠶᠢᠨ ᠠᠰᠠᠷ᠂ | ᠪᠠᠶᠢᠷᠢ ᠶᠢᠨ ᠠᠰᠠᠷ᠂ ᠬᠡᠦᠬᠡᠳ ᠤᠨ ᠴᠡᠴᠡᠷᠯᠢᠭ ᠵᠡᠷᠭᠡ ᠶᠢ 10 ᠲᠦᠮᠡᠨ ᠲᠡᠭᠰᠢ ᠳᠥᠷᠪᠡᠯᠵᠢᠨ ᠮᠧᠲᠷ ᠪᠦᠳᠦᠭᠡᠨ | ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ 1500 ᠬᠥᠮᠦᠨ ᠠᠴᠠ ᠳᠡᠭᠡᠭᠰᠢ ᠤᠷ᠎ᠠ | ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠦᠳᠦᠯᠦᠨ ᠵᠢᠯᠤᠭᠤᠳᠬᠤ ᠶᠢ ᠴᠢᠩᠭᠠᠳᠬᠠᠨ᠎ᠠ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ | ᠤᠶᠤᠨᠲᠤ ᠲᠠᠷᠢᠶᠠᠯᠠᠩ᠂ ᠴᠡᠪᠡᠷ ᠡᠨᠧᠷᠭᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠶᠢ ᠪᠥᠬᠦ ᠬᠦᠴᠦᠨ ᠢᠶᠠᠷ ᠳᠡᠮᠵᠢᠨ᠎ᠡ᠃ 5G ᠰᠦᠯᠵᠢᠶ᠎ᠡ᠂ ᠬᠤᠰᠢᠭᠤᠨ ᠲᠠᠰ ᠤᠨ ᠲᠣᠮᠣ | ᠳ᠋ᠠᠶᠢᠲ᠋ᠠ ᠶᠢᠨ ᠲᠥᠪ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠳ᠋ᠠᠶᠢᠲ᠋ᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠳᠦᠷᠭᠡᠳᠭᠡᠨ᠎ᠡ᠃ | ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠢ 1000 ᠠᠴᠠ ᠳᠡᠭᠡᠭᠰᠢ ᠬᠥᠮᠦᠵᠢᠭᠦᠯᠦᠨ᠎ᠡ᠃ ᠠᠷᠠᠳ ᠤᠨ ᠠᠮᠢᠳᠤᠷᠠᠯ ᠢ ᠬᠦᠴᠦ | ᠲᠠᠯᠪᠢᠨ ᠪᠠᠲᠤᠯᠠᠨ ᠰᠠᠶᠢᠵᠢᠷᠠᠭᠤᠯᠤᠨ᠎ᠠ᠃ ᠨᠢᠯᠬ᠎ᠠ ᠬᠡᠦᠬᠡᠳ ᠰᠤᠷᠭᠠᠨ ᠬᠥᠮᠦᠵᠢᠯ ᠲᠠᠢ᠂ ᠰᠤᠷᠤᠯᠴᠠᠬᠤ ᠠᠴᠠ | ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ | ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠳᠤ ᠲᠡᠳᠬᠦᠮᠵᠢ ᠲᠠᠢ ᠪᠠᠶᠢᠬᠤ ᠠᠷᠠᠳ ᠲᠤ | ᠠᠰᠢᠭ ᠬᠦᠷᠳᠡᠭᠡᠬᠦ ᠴᠢᠨᠠᠷ ᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠎ᠡ᠃ |