ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠰᠠᠶᠢᠨ ᠡᠬᠢᠯᠡᠯᠲᠡ ᠲᠠᠢ | ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠢᠳᠡ ᠰᠢᠨ᠎ᠡ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠨ᠎ᠠ᠃ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ | ᠠᠯᠳᠠᠯᠲᠠ ᠶᠢᠨ ᠨᠤᠷᠮ᠎ᠠ ᠶᠢ 4% ᠤᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ | 3% ᠣᠷᠴᠢᠮ ᠥᠰᠬᠡᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠬᠦᠯᠦᠨ᠎ᠡ︔ ᠠᠮᠤ ᠪᠤᠳᠠᠭᠠᠨ ᠤ ᠤᠨᠠᠯᠳᠠ ᠶᠢ 20 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ ᠳᠡᠭᠡᠷ᠎ᠡ | ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠄ | ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠴᠣᠭᠴᠠᠯᠠᠨ ᠪᠠᠶᠢᠭᠤᠯᠤᠨ᠎ᠠ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠬᠦᠯᠦᠨ᠎ᠠ᠃ ᠲᠠᠬᠢᠨ ᠶᠠᠳᠠᠭᠤᠷᠠᠬᠤ ᠠᠴᠠ | ᠪᠤᠯᠵᠤ ᠶᠠᠳᠠᠭᠤᠷᠠᠬᠤ ᠬᠥᠮᠦᠨ ᠠᠮᠠ ᠶᠢᠨ ᠣᠷᠣᠯᠭ᠎ᠠ ᠶᠢᠨ ᠲᠦᠪᠰᠢᠨ ᠤ ᠬᠤᠪᠢᠷᠠᠯᠲᠠ᠂ ︽ᠬᠤᠶᠠᠷ ᠲᠤ ᠵᠣᠪᠠᠭ᠋ᠤ | ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠪᠠᠶᠢᠩᠭᠤᠵᠢᠭᠤᠯᠤᠨ | ᠬᠢᠨᠠᠨ ᠬᠡᠮᠵᠢᠵᠦ᠂ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠤᠤᠷᠢᠶᠠᠲᠤᠨ ᠳᠠᠭᠠᠵᠤ᠂ ᠬᠥᠳᠡᠯᠦᠩᠭᠦᠢ ᠪᠠᠷ | ᠦᠭᠡᠢ ᠪᠤᠯᠬᠤ ᠶᠢ ᠪᠡᠶᠡᠯᠡᠭᠦᠯᠦᠨ᠎ᠡ᠃ ᠬᠥᠳᠡᠯᠦᠩᠭᠦᠶ ᠪᠠᠷ ᠬᠢᠨᠠᠨ ᠬᠡᠮᠵᠢᠬᠦ ᠳᠤ ᠲᠤᠰᠢᠶᠠᠬᠤ ᠶᠣᠰᠣᠲᠠᠶ ᠶᠢ ᠨᠢ | ᠪᠦᠬᠦᠨ ᠢ ᠲᠤᠰᠢᠶᠠᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠃ ᠲᠠᠬᠢᠨ | ᠶᠠᠳᠠᠭᠤᠷᠠᠬᠤ ᠶᠢ ᠰᠡᠷᠭᠡᠶᠢᠯᠡᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠎ᠠ᠃ ᠬᠢᠨᠠᠨ ᠰᠢᠯᠭᠠᠬᠤ | ᠡᠷᠦᠬᠡ ᠶᠢᠨ ᠪᠠᠶᠢᠩᠭᠤ ᠶᠢᠨ ᠴᠢᠨᠠᠷᠲᠠᠶ ᠬᠠᠪᠰᠤᠷᠤᠨ ᠲᠡᠳᠬᠦᠬᠦ ᠪᠠ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢ | ᠴᠢᠩᠭᠠᠷᠠᠭᠤᠯᠵᠤ᠂ ᠨᠢᠭᠡ ᠬᠥᠮᠦᠨ ᠢ ᠴᠦ ᠲᠠᠬᠢᠨ ᠶᠠᠳᠠᠭᠤᠷᠠᠭᠤᠯᠬᠤ ᠦᠭᠡᠢ᠃ ᠶᠠᠳᠠᠭᠤ ᠶᠢ ᠲᠡᠳᠬᠦᠬᠦ ᠡᠳ᠋ | ᠬᠦᠷᠦᠩᠭᠡ ᠶᠢᠨ ᠬᠠᠮᠢᠶᠠᠷᠤᠯᠲᠠ ᠶᠢᠨ ᠳᠤᠭᠳᠠᠴᠠ ᠶᠢ ᠪᠦᠷᠢᠨᠰᠢᠬᠦᠯᠦᠨ᠎ᠡ᠃ ᠶᠠᠳᠠᠭᠤ ᠶᠢ ᠲᠡᠳᠬᠦᠬᠦ ᠡᠳ᠋ | ᠬᠦᠷᠦᠩᠭᠡ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠡᠳ᠋ | ᠬᠦᠷᠦᠩᠭᠡ ᠶᠢ ᠲᠣᠬᠢᠲᠠᠶ ᠬᠠᠮᠢᠶᠠᠷᠬᠤ ᠶᠢ ᠪᠠᠳᠤᠯᠠᠵᠤ᠂ ᠦᠷᠳᠡᠭ ᠢ ᠪᠠᠲᠤᠯᠠᠵᠤ ᠦᠷᠳᠡᠭ ᠢ ᠨᠡᠮᠡᠭᠳᠡᠬᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠎ᠠ᠃ ︽ᠭᠤᠷᠪᠠᠨ ᠬᠦᠷᠢᠶᠡᠯᠡᠩ ᠢ | ᠨᠢᠭᠡ ᠴᠤᠭᠴᠠᠵᠢᠭᠤᠯᠬᠤ︾ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠥᠯᠥᠪᠵᠢᠭᠦᠯᠵᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠬᠠᠶᠢᠳᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠠᠭᠤᠰᠤᠯᠴᠠᠭᠰᠠᠨ | ᠬᠦᠷᠢᠶᠡᠯᠡᠩ ᠪᠠ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ︽ | ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂ 30 | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ | ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠬᠡᠷᠡᠭᠯᠡᠭᠡ ᠪᠠᠷ | ᠬᠠᠪᠰᠤᠷᠤᠨ ᠲᠡᠳᠬᠦᠬᠦ ᠶᠢ ᠶᠡᠬᠡᠪᠡᠷ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠲᠠᠷᠢᠶᠠᠯᠠᠩ ᠤᠨ | ᠪᠦᠲᠦᠭᠡᠭᠳᠡᠬᠦᠨ ᠤ ᠬᠡᠷᠡᠭᠯᠡᠭᠡᠨ ᠤ ᠣᠷᠳᠣᠨ ᠵᠢᠴᠢ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ᠂ | ᠮᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠳᠠᠪᠠᠭᠤᠯᠢᠭ ᠤᠨᠴᠠᠯᠢᠬᠳᠤ ᠠᠵᠤ | ᠦᠢᠯᠡᠰ ᠢᠶᠠᠨ ᠪᠥᠬᠦ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠠᠬᠢᠭᠤᠯᠤᠨ᠎ᠠ᠃ ᠬᠠᠷᠠᠯᠲᠠ ᠪᠠᠨ | ᠲᠣᠳᠣᠷᠬᠠᠶ ᠪᠤᠯᠭᠠᠨ᠎ᠠ᠃ ︽ᠳᠥᠷᠪᠡᠨ ᠨᠢᠭᠡ᠂ ᠲᠠᠪᠤᠨ ᠶᠡᠭᠡ ᠠᠵᠢᠯᠯᠠᠭ᠎ᠠ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ | ᠃ ᠭᠠᠴᠠᠭ᠎ᠠ ᠨᠢᠭᠡᠪᠦᠷᠢ ᠳᠤ ᠲᠥᠯᠥᠪᠵᠢᠭᠦᠯᠭᠡ ᠶᠢᠨ ᠲᠥᠰᠦᠯ ᠲᠠᠢ ᠪᠠᠶᠢᠵᠤ᠂ ᠣᠯᠠᠨ ᠲᠦᠮᠡᠨ ᠤ ᠣᠷᠣᠯᠴᠠᠵᠤ ᠮᠡᠳᠡᠬᠦ | ᠨᠣᠷᠮ᠎ᠠ ᠶᠢ 60% ᠠᠴᠠ ᠳᠡᠭᠡᠭᠰᠢ ᠪᠠᠶᠢᠯᠭᠠᠨ᠎ᠠ︔ ᠨᠢᠭᠡᠨ ᠥᠭᠡᠷᠡᠴᠢᠯᠡᠯᠲᠡ ᠶᠢ ᠪᠡᠶᠡᠯᠡᠭᠦᠯᠦᠨ᠎ᠡ᠂ ᠲᠤᠬᠠᠶᠢᠯᠠᠪᠠᠯ | ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ᠎ᠡ︔ ᠨᠢᠭᠡᠨ ᠭᠤᠣᠯᠯᠠᠬᠤ | ᠠᠵᠤ ᠦᠢᠯᠡᠰ ᠢ ᠪᠤᠶᠢᠵᠢᠭᠤᠯᠤᠨ ᠪᠦᠷᠢᠯᠳᠦᠭᠦᠯᠦᠨ᠎ᠡ︔ ᠡᠷᠡᠭᠦᠯ ᠢᠶᠠᠷ ᠬᠥᠭᠵᠢᠭᠰᠡᠨ ᠬᠠᠮᠲᠤ ᠶᠢᠨ ᠠᠵᠤ ᠠᠬᠤᠶ ᠲᠠᠢ᠃ | ᠰᠤᠮᠤ ᠪᠠᠯᠭᠠᠰᠤ᠂ ᠭᠠᠴᠠᠭ᠎ᠠ ᠠᠴᠠ ᠨᠣᠭᠤᠭᠠᠷᠠᠭᠤᠯᠬᠤ᠂ ᠴᠡᠪᠡᠷᠰᠢᠭᠦᠯᠬᠦ᠂ ᠭᠤᠶᠤᠵᠢᠭᠤᠯᠬᠤ᠂ ᠰᠣᠶᠣᠯᠵᠢᠭᠤᠯᠬᠤ | ᠪᠠ ᠰᠠᠭᠠᠳ ᠥᠬᠡᠶ ᠨᠡᠪᠲᠡᠷᠡᠭᠦᠯᠬᠦ ︽ᠲᠠᠪᠤᠨ ᠶᠡᠭᠡ ᠠᠵᠢᠯᠯᠠᠭ᠎ᠠ︾ ᠶᠢ ᠶᠡᠬᠡᠪᠡᠷ ᠦᠷᠨᠢᠬᠦᠯᠦᠨ᠎ᠡ᠃ 173 | ᠭᠠᠴᠠᠭ᠎ᠠ ᠶᠢᠨ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠵᠢᠯᠣᠭᠤᠳᠴᠤ᠂ ᠱᠠᠲᠤ ᠱᠠᠲᠤ ᠪᠠᠷ ᠳᠥᠯᠭᠢᠨ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 30 ᠭᠠᠴᠠᠭ᠎ᠠ ᠶᠢ | ᠴᠢᠷᠮᠠᠶᠢᠨ ᠪᠣᠶ ᠪᠣᠯᠭᠠᠵᠤ᠂ 123 ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠥᠷᠭᠡᠳᠬᠡᠬᠦ ᠶᠢ ᠳᠥᠯᠭᠢᠨ ᠠᠬᠢᠭᠤᠯᠵᠤ᠂ 20 ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠠᠶᠢᠨ ᠰᠠᠶᠢᠬᠠᠨ ᠠᠮᠢ ᠠᠬᠤᠶ ᠶᠢ ᠰᠠᠶᠢᠲᠤᠷ ᠪᠥᠲᠥᠭᠡᠨ | ᠪᠠᠶᠢᠭᠤᠯᠵᠤ᠂ ᠰᠠᠶᠢᠨ ᠰᠠᠶᠢᠬᠠᠨ ᠬᠡᠷ ᠪᠠᠶᠢᠰᠢᠩ ᠳᠤ ᠰᠠᠭᠤᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠨ᠂ ᠰᠠᠶᠢᠨ | ᠰᠠᠶᠢᠬᠠᠨ ᠳᠠᠳᠬᠠᠯ ᠲᠠᠢ ᠪᠣᠯᠵᠣ᠂ ᠰᠠᠶᠢᠨ ᠰᠠᠶᠢᠬᠠᠨ ᠬᠡᠪ ᠰᠤᠷᠲᠠᠯ ᠲᠠᠢ ︽ᠲᠠᠪᠤᠨ ᠰᠠᠶᠢᠨᠲᠠᠶ︾ ᠭᠠᠴᠠᠭ᠎ᠠ ᠶᠢ | ᠴᠢᠷᠮᠠᠶᠢᠨ ᠪᠡᠶᠡᠯᠡᠬᠦᠯᠵᠤ᠂ ᠬᠥᠮᠦᠨ ᠨᠢ ᠴᠡᠪᠡᠷ᠂ ᠬᠦᠷᠢᠶ᠎ᠡ ᠨᠢ ᠴᠡᠪᠡᠷ᠂ ᠬᠡᠷ ᠦᠷᠦᠭᠡ ᠨᠢ ᠴᠡᠪᠡᠷ᠂ ᠵᠣᠷᠯᠣᠩ | ᠳᠤᠭᠤᠭᠠᠨ ᠭᠡᠷ ᠨᠢ ᠴᠡᠪᠡᠷ᠂ ᠠᠶᠢᠯ ᠲᠣᠰᠬᠤᠨ ᠨᠢ ᠴᠡᠪᠡᠷ ᠰᠠᠶᠢᠬᠠᠨ ︽ᠲᠠᠪᠤᠨ ᠴᠡᠪᠡᠷ︾ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠪᠣᠶ ᠪᠣᠯᠭᠠᠨ᠎ᠠ᠃ ᠤᠷᠢᠳᠠᠪᠠᠷ ᠲᠥᠯᠥᠪᠵᠢᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠡᠷᠡᠭᠯᠡᠭᠡᠨ ᠤ ᠴᠢᠨᠠᠷᠲᠠᠶ ᠶᠡᠷᠦᠩᠬᠡᠶ ᠴᠤᠭᠴᠠ ᠶᠢᠨ ᠲᠥᠯᠥᠪᠵᠢᠭᠦᠯᠭᠡ᠂ ᠲᠤᠰᠬᠠᠶ | ᠵᠦᠢᠯ ᠤᠨ ᠲᠥᠯᠥᠪᠵᠢᠭᠦᠯᠭᠡ ᠪᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠡᠯᠡ | ᠣᠷᠣᠭᠤᠯᠤᠯᠲᠠ ᠶᠢ ᠪᠠᠳᠣᠯᠠᠨ᠎ᠠ᠃ 3.3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠡᠮᠬᠢᠯᠡᠨ | ᠨᠡᠶᠢᠯᠡᠭᠦᠯᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 5 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠯᠠ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠪᠠ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠪᠥᠲᠥᠭᠡᠨ ᠪᠠᠶᠢᠭᠤᠯᠤᠯᠲᠠ ᠳᠤ | ᠠᠩᠬᠠᠷᠤᠯ ᠢᠶᠠᠨ ᠬᠠᠨᠳᠤᠭᠤᠯᠤᠨ᠎ᠠ᠃ ᠵᠢᠯ ᠤᠨ ᠳᠣᠲᠣᠷ᠎ᠠ 10 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠭᠠᠴᠠᠭ᠎ᠠ ᠶᠢ ᠭᠤᠤᠯᠳᠠᠯᠭ᠎ᠠ ᠲᠠᠢ ᠪᠣᠶ ᠪᠣᠯᠭᠠᠵᠤ᠂ 8 ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠱᠢᠶ᠎ᠡ ᠦᠵᠡᠭᠦᠯᠬᠦ ᠭᠠᠴᠠᠭ᠎ᠠ ᠶᠢ ᠡᠭᠦᠳᠦᠨ ᠪᠠᠶᠢᠭᠤᠯᠤᠨ᠎ᠠ᠃ ︽ᠲᠠᠪᠤᠨ ᠴᠡᠪᠡᠷ︾ ᠬᠥᠮᠦᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠲᠣᠰᠬᠤᠨ ᠤ | ᠠᠷᠠᠳ ᠤᠨ ᠥᠪᠡᠷᠲᠡᠭᠡᠨ ᠵᠠᠰᠠᠬᠤ ᠠᠵᠢᠯ ᠢ ᠴᠢᠩᠭᠠᠳᠬᠠᠨ ᠪᠠᠳᠠᠷᠠᠭᠤᠯᠵᠤ᠂ ︽ᠲᠣᠰᠬᠤᠨ ᠤ ᠲᠣᠭᠲᠠᠭᠠᠯ | ᠠᠷᠠᠳ ᠤᠨ ᠭᠡᠷ᠎ᠡ︾ ᠶᠢᠨ ᠬᠢᠵᠠᠭᠠᠷᠯᠠᠬᠤ ᠬᠦᠴᠦᠨ ᠪᠠ ᠪᠦᠲᠦᠮᠵᠢᠲᠦ ᠴᠢᠨᠠᠷ ᠢ ᠴᠢᠩᠭᠠᠷᠠᠭᠤᠯᠤᠨ᠂ ᠮᠠᠯᠴᠢᠨ | ᠲᠠᠷᠢᠶᠠᠴᠢᠳ ᠤᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠬᠤ︾ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠣᠭᠲᠠᠴᠠ ᠶᠢ ᠪᠦᠷᠢᠨᠰᠢᠬᠦᠯᠦᠨ᠎ᠠ᠃ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ | ᠪᠣᠳᠣᠯᠭ᠎ᠠ ᠳᠤ ᠨᠡᠶᠢᠴᠡᠬᠦ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠣᠰᠣᠲᠠᠶ ᠶᠢ ᠨᠢ | ᠴᠥᠮ ᠥᠭᠡᠷᠡᠴᠢᠯᠡᠨ ᠵᠠᠰᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ᠂ ᠬᠤᠭ ᠨᠣᠪᠰᠢ ᠶᠢ | ᠰᠢᠢᠳᠪᠦᠷᠢᠯᠡᠬᠦ ᠪᠠ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ 30 ᠭᠠᠴᠠᠭ᠎ᠠ ᠳᠤ | ᠬᠤᠭ ᠨᠣᠪᠰᠢ ᠶᠢ ᠰᠢᠢᠳᠪᠦᠷᠢᠯᠡᠬᠦ ᠰᠢᠨ᠎ᠡ ᠬᠡᠪ ᠵᠠᠭᠪᠤᠷ ᠢ ᠤᠷᠢᠳᠠᠪᠠᠷ ᠳᠡᠯᠭᠡᠷᠡᠭᠦᠯᠦᠨ᠎ᠡ᠃ | ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠢ ᠲᠦᠯᠬᠢᠨ ᠠᠬᠢᠭᠤᠯᠤᠨ᠎ᠠ᠃ ︽ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠬᠤ᠂ ᠰᠣᠶᠣᠯ ᠢᠶᠠᠷ ᠰᠡᠳᠬᠢᠯ ᠢ ᠲᠡᠳᠬᠦᠬᠦ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ | ᠬᠠᠷᠠᠯᠲᠠ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠤᠯᠴᠠᠨ ᠵᠠᠯᠭᠠᠮᠵᠢᠯᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠨᠠᠷᠢᠨ ᠪᠣᠳᠠᠲᠠᠢ ᠨᠠᠶᠢᠳᠠᠪᠦᠷᠢᠵᠢᠭᠤᠯᠤᠨ᠎ᠠ᠃ ︽ᠵᠣᠷᠢᠭ | ᠤᠬᠠᠭᠠᠨ ᠬᠤᠶᠠᠷ ᠢ ᠲᠡᠳᠬᠦᠬᠦ︾ ᠶᠢ ᠪᠡᠶᠡᠯᠡᠭᠦᠯᠦᠨ᠎ᠡ᠃ ᠭᠠᠴᠠᠭ᠎ᠠ ᠨᠢᠭᠡᠪᠦᠷᠢ ᠳᠤ ᠶᠣᠰᠣ ᠮᠣᠷᠠᠯ ᠤᠨ ᠬᠢᠴᠢᠶᠡᠯ ᠤᠨ | ᠲᠠᠩᠬᠢᠮ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠨᠤᠲᠤᠭ ᠤᠨ ᠮᠡᠷᠭᠡᠳ ᠤᠨ ᠶᠣᠰᠣ ᠮᠣᠷᠠᠯ ᠤᠨ | ᠦᠨᠡᠯᠡᠯᠲᠡ ᠶᠢᠨ ᠬᠤᠷᠠᠯ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠲᠣᠰᠬᠤᠨ ᠤ ᠠᠷᠠᠳ ᠤᠨ | ᠬᠡᠷᠡᠭ ᠵᠥᠪᠯᠡᠬᠦ ᠬᠤᠷᠠᠯ᠂ ᠬᠤᠤᠷ ᠴᠠᠭᠠᠵᠠᠯᠠᠬᠤ ᠵᠣᠭᠤᠰ ᠨᠠᠭᠠᠳᠬᠤ ᠶᠢ ᠴᠠᠭᠠᠵᠠᠯᠠᠬᠤ ᠬᠤᠷᠠᠯ ᠤᠨ ︽ᠨᠢᠭᠡ | ᠲᠠᠩᠬᠢᠮ ᠨᠢᠭᠡ ᠭᠡᠷ᠎ᠡ ᠳᠥᠷᠪᠡᠨ ᠬᠤᠷᠠᠯ︾ ᠢ ᠭᠠᠷᠭᠠᠵᠤ᠂ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ᠂ ᠮᠡᠷᠭᠡᠳ ᠢᠶᠠᠷ ᠵᠠᠰᠠᠬᠤ᠂ ᠣᠶᠤᠨ ᠢᠶᠠᠷ ᠵᠠᠰᠠᠬᠤ ︽ | ᠲᠠᠪᠤ ᠶᠢ ᠵᠠᠰᠠᠬᠤ︾ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ︽ᠲᠠᠪᠤᠨ ᠰᠠᠶᠢᠨᠲᠠᠶ︾ ᠭᠠᠴᠠᠭ᠎ᠠ ᠪᠠᠶᠢᠭᠤᠯᠬᠤ ᠶᠢ | ᠠᠬᠢᠭᠤᠯᠤᠨ᠎ᠠ᠃ | ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︽ᠦᠬᠡᠷ ᠬᠤᠨᠢ ᠮᠣᠷᠢ ᠭᠠᠭ᠋ᠠᠶ ᠠᠮᠤ ᠡᠪᠡᠰᠦ ︵ | ᠪᠣᠷᠳᠤᠭ᠎ᠠ︶ ᠵᠢᠮᠢᠰ ᠪᠤᠷᠴᠠᠭ︾ ᠤᠨ 8 ᠳᠠᠪᠠᠭᠤᠯᠢᠭ ᠤᠨᠴᠠᠯᠢᠭᠳᠤ ᠠᠵᠤ ᠦᠢᠯᠡᠰ ᠢ ᠭᠤᠤᠯᠳᠠᠯᠭ᠎ᠠ ᠲᠠᠢ | ᠬᠥᠭᠵᠢᠭᠦᠯᠦᠨ᠎ᠡ᠃ ᠠᠯᠠᠰᠢᠨ ᠦᠬᠡᠷ ᠤᠨ ᠠᠵᠤ ᠦᠢᠯᠡᠰ ᠤᠨ ︽ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ | ᠢᠨᠵᠧᠨᠧᠷᠢᠩ︾ ᠢ ᠬᠡᠷᠡᠭᠵᠢᠭᠦᠯᠦᠨ᠎ᠡ᠃ ᠬᠤᠸᠠ ᠶᠠᠩ᠂ ᠬᠤᠩ ᠠᠨ᠂ ᠬᠤᠸᠠ ᠱᠧᠩ᠂ ᠢ ᠯᠢ ᠶᠤᠸᠠᠨ᠂ ᠵᠦᠩ | ᠨᠦᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠲᠣ ᠦᠶ᠎ᠡ ᠶᠢᠨ ᠠᠯᠠᠰᠢᠨ ᠦᠬᠡᠷ ᠤᠨ ᠳᠠᠭᠠᠭᠤᠯᠤᠭᠴᠢ ᠠᠵᠤ | ᠠᠬᠤᠶᠢᠯᠠᠯ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠲᠣ ᠦᠶ᠎ᠡ ᠶᠢᠨ ᠠᠯᠠᠰᠢᠨ ᠦᠬᠡᠷ ᠤᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠸᠠ ᠶᠠᠩ ᠪᠦᠯᠦᠭᠯᠡᠯ | ᠤᠨ 20 ᠲᠦᠮᠡᠨ ᠲᠣᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ 100 ᠲᠦᠮᠡᠨ ᠠᠯᠠᠰᠢᠨ ᠬᠤᠨᠢ ᠨᠢᠲᠤᠯᠵᠤ ᠡᠳ᠋ᠰᠢᠭᠦᠯᠬᠦ ᠪᠠ | ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ᠂ ᠪᠤᠯᠭᠤᠭᠰᠠᠨ ᠢᠳᠡᠭᠡᠨ ᠢ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ | ᠡᠬᠢᠯᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃ ᠥᠪᠡᠷ ᠤᠨ ᠳᠡᠵᠢᠭᠡᠭᠰᠡᠨ ᠠᠯᠠᠰᠢᠨ | ᠦᠬᠡᠷ ᠤᠨ ᠨᠠᠷᠠᠲᠤ ᠲᠡᠮᠳᠡᠭᠲᠦ ︽ᠯᠦ ᠮᠧᠩ ᠬᠠᠷ᠎ᠠ ᠦᠬᠡᠷ︾ ᠢ ᠳᠡᠯᠭᠡᠷᠡᠭᠦᠯᠵᠦ᠂ ᠵᠢᠯ ᠤᠨ ᠳᠣᠲᠣᠷ᠎ᠠ ︽ᠯᠦ ᠮᠧᠩ | ᠬᠠᠷ᠎ᠠ ᠦᠬᠡᠷ︾ ᠲᠡᠵᠢᠭᠡᠨ ᠦᠷᠡᠵᠢᠭᠦᠯᠬᠦ ᠲᠤᠰᠬᠠᠶ ᠭᠠᠴᠠᠭ᠎ᠠ ᠶᠢ 10 ᠠᠴᠠ ᠳᠡᠭᠡᠭᠰᠢ ᠪᠤᠶᠢᠵᠢᠭᠤᠯᠤᠨ᠎ᠠ᠃ ︽ | ᠦᠷᠡᠵᠢᠭᠦᠯᠦᠨ ᠪᠤᠶᠢᠵᠢᠭᠤᠯᠵᠤ ᠬᠤᠶᠠᠷ ᠢ ᠬᠤᠷᠢᠶᠠᠬᠤ︾ ᠢᠨᠵᠧᠨᠧᠷᠢᠩ ᠢ ᠠᠬᠢᠭᠤᠯᠵᠤ᠂ ︽ᠪᠤᠬ᠎ᠠ ᠥᠬᠡᠶ ᠪᠠᠷ | ᠬᠦᠢᠲᠡᠨ ᠢᠶᠠᠷ ᠬᠡᠭᠡᠯᠲᠦᠭᠦᠯᠬᠦ︾ ᠰᠠᠶᠢᠵᠢᠷᠠᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠥᠬᠦ ᠬᠤᠰᠢᠭᠤᠨ ᠤ | ᠠᠯᠠᠰᠢᠨ ᠦᠬᠡᠷ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠦᠬᠡᠷ ᠢᠶᠠᠨ | ᠬᠤᠳᠠᠯᠳᠤᠬᠤ᠂ ᠣᠷᠣᠯᠭ᠎ᠠ ᠨᠢ ᠵᠠᠭᠤᠴᠢ ᠳᠤ ᠬᠢᠵᠠᠭᠠᠷᠯᠠᠭᠳᠠᠬᠤ᠂ ᠠᠵᠤ ᠦᠢᠯᠡᠰ ᠤᠨ ᠬᠡᠯᠬᠢᠶ᠎ᠡ ᠶᠢᠨ ᠠᠰᠢᠭ | ᠣᠷᠣᠯᠭ᠎ᠠ ᠶᠢᠨ ᠬᠠᠮᠤᠭ ᠤᠨ ᠳᠣᠤᠷ᠎ᠠ ᠦᠵᠦᠭᠦᠷ ᠲᠤ ᠬᠢᠵᠠᠭᠠᠷᠯᠠᠵᠤ ᠪᠠᠶᠢᠭ᠎ᠠ ᠣᠳᠣᠬᠢ ᠪᠠᠶᠢᠳᠠᠯ ᠢ ᠪᠦᠲᠦᠮᠵᠢᠲᠡᠶ | ᠬᠤᠪᠢᠷᠠᠭᠤᠯᠤᠨ᠎ᠠ᠃ ᠵᠣᠬᠢᠬᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠳᠡᠯᠭᠡᠷᠡᠭᠦᠯᠵᠦ᠂ ᠲᠦᠮᠡᠨ ᠲᠣᠯᠣᠭᠠᠶ | ᠦᠷᠡᠵᠢᠭᠦᠯᠦᠨ ᠪᠤᠶᠢᠵᠢᠭᠤᠯᠬᠤ ᠲᠠᠯᠠᠪᠠᠶ ᠪᠠ ᠪᠣᠷᠳᠣᠵᠤ ᠲᠠᠷᠭᠤᠯᠠᠭᠤᠯᠬᠤ ᠲᠠᠯᠠᠪᠠᠶ ᠶᠢ ᠲᠣᠰ ᠲᠣᠰ 1 | ᠪᠤᠶᠢᠵᠢᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠲᠤᠭ᠎ᠠ ᠲᠣᠯᠣᠭᠠᠶ ᠶᠢ 40 ᠲᠦᠮᠡ | ᠣᠷᠴᠢᠮ ᠳᠤ ᠬᠦᠷᠭᠡᠨ᠎ᠡ᠃ ᠠᠯᠠᠰᠢᠨ ᠬᠤᠨᠢᠨ ᠤ ᠠᠵᠤ ᠦᠢᠯᠡᠰ ᠤᠨ ︽ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ︾ ᠢ ᠠᠬᠢᠭᠤᠯᠤᠨ᠎ᠠ᠃ ᠵᠢᠦ ᠹᠦ᠋ ᠬᠤᠨᠢ᠂ ᠰᠠᠢ ᠨᠥᠸᠧ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ | ᠮᠡᠷᠭᠡᠵᠢᠯ ᠪᠠ ᠵᠠᠬ᠎ᠠ ᠳᠡᠯᠭᠡᠭᠦᠷ ᠤᠨ ᠲᠤᠯᠭᠠᠭᠤᠷᠢᠯᠠᠯ ᠢ ᠭᠦᠢᠴᠡᠳ ᠪᠠᠳᠠᠷᠠᠭᠤᠯᠵᠤ᠂ ︽ᠵᠠᠬ᠎ᠠ ᠳᠡᠯᠭᠡᠭᠦᠷ + | ᠳᠠᠭᠠᠭᠤᠯᠤᠭᠴᠢ ᠠᠵᠤ ᠠᠬᠤᠶᠢᠯᠠᠯ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠨ᠂ | ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠬᠤᠨᠢᠨ ᠤ | ᠲᠤᠭ᠎ᠠ ᠶᠢ 150 ᠲᠦᠮᠡ ᠣᠷᠴᠢᠮ ᠳᠤ ᠲᠣᠭᠲᠠᠪᠤᠷᠢᠵᠢᠭᠤᠯᠤᠨ᠎ᠠ᠃ ᠠᠳᠤᠭᠤᠨ ᠤ ᠠᠵᠤ ᠦᠢᠯᠡᠰ ᠤᠨ ︽ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ︾ ᠶᠢ ᠠᠬᠢᠭᠤᠯᠤᠨ᠎ᠠ᠃ ᠯᠠᠶ ᠳ᠋ᠧ ᠠᠳᠤᠭᠤᠨ ᠤ ᠦᠢᠯᠡᠰ ᠤᠨ | ᠤᠯᠠᠮᠵᠢᠯᠠᠯᠲᠤ ᠤᠷᠤᠯᠳᠤᠭᠠᠨ ᠤ ᠠᠵᠢᠯᠯᠠᠭ᠎ᠠ ᠥᠷᠨᠢᠭᠦᠯᠦᠭᠰᠡᠨ ᠰᠠᠭᠤᠷᠢᠨ ᠳᠡᠭᠡᠷ᠎ᠡ᠂ ᠠᠳᠤᠭᠤᠨ ᠤ ᠠᠵᠤ ᠦᠢᠯᠡᠰ | ᠪᠠ ᠵᠢᠭᠤᠯᠴᠢᠯᠠᠯ ᠤᠨ ᠦᠢᠯᠡᠰ ᠤᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠬᠤ ᠶᠢ ᠳᠡᠮᠵᠢᠵᠦ᠂ ᠬᠢᠩᠭᠠᠨ ᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠭᠦᠨᠵᠡᠭᠡᠶ ᠬᠠᠮᠲᠤᠷᠠᠯᠴᠠᠬᠤ ᠶᠢ ᠳᠡᠮᠵᠢᠵᠦ᠂ ᠯᠠᠶ ᠳ᠋ᠧ | ᠠᠳᠤᠭᠤᠨ ᠤ ᠦᠢᠯᠡᠰ ᠤᠨ ᠰᠲ᠋ᠣᠺ ᠲᠤ ᠭᠠᠷᠬᠤ ᠠᠯᠬᠤᠴᠠ ᠶᠢ ᠴᠠᠭ ᠲᠤᠨᠢ ᠳᠣᠭᠢᠷᠠᠭᠤᠯᠤᠨ ᠠᠬᠢᠭᠤᠯᠤᠨ᠎ᠠ᠃ | ᠠᠮᠢᠳᠤ ᠭᠠᠭ᠋ᠠᠶ ᠶᠢᠨ ᠠᠵᠤ ᠦᠢᠯᠡᠰ ᠤᠨ ︽ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠢᠨᠵᠧᠨᠧᠷᠢᠩ︾ ᠢ | ᠬᠡᠷᠡᠭᠵᠢᠭᠦᠯᠦᠨ᠎ᠡ᠃ ᠭᠠᠭ᠋ᠠᠶ ᠲᠡᠵᠢᠭᠡᠨ ᠦᠷᠡᠵᠢᠭᠦᠯᠬᠦ ᠬᠡᠪᠴᠢᠶ᠎ᠡ ᠶᠢ 10 ᠲᠦᠮᠡᠨ ᠲᠣᠯᠣᠭᠠᠶ ᠣᠷᠴᠢᠮ ᠳᠤ | ᠲᠣᠭᠲᠠᠪᠤᠷᠢᠵᠢᠭᠤᠯᠤᠨ᠎ᠠ᠃ ︽ᠲᠠᠪᠤᠨ ᠵᠢᠵᠢᠭ ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠬᠥᠭᠵᠢᠭᠦᠯᠦᠨ᠎ᠡ᠃ | ᠭᠠᠭ᠋ᠠᠢ᠂ ᠵᠢᠬᠦᠷᠲᠡᠨ᠂ ᠵᠢᠮᠢᠰ᠂ ᠢᠳᠡᠰᠢᠨ ᠨᠣᠭᠤᠭ᠎ᠠ᠂ ᠬᠢᠲᠠᠳ ᠡᠮ ᠡᠮᠨᠡᠯᠭᠡ ᠪᠠᠷ ᠭᠤᠤᠯ ᠪᠣᠯᠭᠠᠭᠰᠠᠨ ︽ᠲᠠᠪᠤᠨ | ᠵᠢᠵᠢᠭ ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠶᠡᠬᠡᠪᠡᠷ ᠳᠡᠮᠵᠢᠵᠦ᠂ ᠲᠣᠰᠬᠤᠨ ᠤ ᠳᠦᠷᠰᠦ ᠪᠠᠶᠢᠳᠠᠯ ᠢ | ᠴᠡᠭᠴᠡᠯᠡᠨ ᠵᠠᠰᠠᠬᠤ ᠪᠠ ᠬᠦᠳᠡᠭᠡ ᠠᠶᠢᠯ ᠤᠨ ᠰᠡᠯᠡᠬᠦᠴᠡᠯ᠂ ᠮᠠᠯᠴᠢᠨ ᠠᠶᠢᠯ ᠤᠨ ᠰᠡᠯᠡᠬᠦᠴᠡᠯ ᠤᠨ ᠬᠥᠭᠵᠢᠯᠲᠡ ᠶᠢᠨ | ᠴᠢᠬᠤᠯᠠ ᠠᠴᠢᠶᠠᠯᠠᠪᠤᠷᠢ ᠪᠣᠯᠭᠠᠨ᠎ᠠ᠃ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠶ ᠶᠢ ᠲᠦᠰᠢᠭᠯᠡᠬᠦ᠂ | ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠢ ᠠᠰᠢᠭᠯᠠᠬᠤ︾ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠥᠬᠦ | ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 350 ᠲᠦᠮᠡᠨ ᠮᠥ ᠳᠤ ᠲᠣᠭᠲᠠᠪᠤᠷᠢᠵᠢᠭᠤᠯᠵᠤ | ᠂ ᠡᠷᠳᠡᠨᠢ ᠰᠢᠰᠢ ᠶᠢ ᠨᠠᠷᠢᠯᠢᠭ ᠳᠠᠷᠢᠵᠤ ᠥᠯᠥ ᠬᠠᠭᠠᠯᠪᠤᠷᠢᠯᠠᠬᠤ᠂ ᠡᠷᠳᠡᠨᠢ ᠰᠢᠰᠢ ᠰᠢᠷ᠎ᠠ ᠪᠤᠷᠴᠠᠭ ᠢ ᠪᠦᠰᠡᠯᠢᠭ | ᠬᠡᠯᠪᠡᠷᠢ ᠪᠠᠷ ᠨᠡᠶᠢᠯᠡᠭᠦᠯᠦᠨ ᠳᠠᠷᠢᠬᠤ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠮᠡᠷᠭᠡᠵᠢᠯ ᠢ | ᠳᠡᠯᠭᠡᠷᠡᠭᠦᠯᠵᠦ᠂ ᠮᠥ ᠪᠦᠷᠢ ᠶᠢᠨ ᠤᠨᠠᠯᠲᠠ ᠶᠢᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠦᠨ᠎ᠡ᠃ ᠤᠰᠤᠨ | ᠲᠤᠲᠤᠷᠭ᠎ᠠ ᠶᠢᠨ ᠤᠷᠤᠰᠬᠠᠯ ᠤᠨ ᠤᠰᠤᠯᠠᠯᠲᠠ ᠶᠢᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ᠤᠰᠤᠨ | ᠲᠤᠲᠤᠷᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠱᠤᠸᠠᠩ ᠶᠢᠨ ᠤᠰᠤᠨ ᠲᠤᠲᠤᠷᠭ᠎ᠠ ᠶᠢᠨ ᠠᠵᠤ | ᠦᠢᠯᠡᠰ ᠤᠨ ᠠᠭᠤᠰᠤᠯᠴᠠᠯ ᠤᠨ ᠬᠦᠷᠢᠶᠡᠯᠡᠩ᠂ ᠬᠠᠷᠠᠳᠤᠪᠤ ᠶᠢᠨ ᠲᠦᠮᠡᠨ ᠮᠥ ᠲᠤᠲᠤᠷᠭ᠎ᠠ ᠶᠢᠨ ᠲᠠᠷᠢᠶᠠᠨ ᠤ | ᠶᠡᠷᠦᠩᠬᠡᠶᠢᠯᠡᠭᠰᠡᠨ ᠴᠣᠭᠴᠠ᠂ ᠰᠢᠷᠠᠳᠤᠪᠤ ᠶᠢᠨ ᠲᠤᠲᠤᠷᠭ᠎ᠠ ᠶᠢᠨ ᠲᠠᠷᠢᠶᠠᠨ ᠤ ᠵᠤᠭ᠎ᠠ ᠴᠡᠩᠭᠡᠯ ᠤᠨ ᠬᠦᠷᠢᠶᠡᠯᠡᠩ ᠢ ᠪᠤᠢ | ᠪᠤᠯᠭᠠᠨ᠎ᠠ᠃ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠬᠤᠪᠢᠷᠠᠭᠤᠯᠬᠤ︾ ᠲᠠᠯᠠᠪᠠᠶ ᠶᠢ 100 ᠲᠦᠮᠡᠨ ᠮᠥ ᠳᠤ | ᠬᠦᠷᠲᠡᠯ᠎ᠡ ᠥᠷᠭᠡᠳᠬᠡᠵᠦ᠂ ᠵᠢᠯ ᠳᠤ 260 ᠲᠦᠮᠡᠨ ᠲᠣᠨ ᠳᠠᠷᠤᠰᠢᠭᠤᠯᠤᠭᠰᠠᠨ ᠪᠣᠷᠳᠤᠭ᠎ᠠ ᠤᠷᠤᠭᠤᠯᠤᠨ᠎ᠠ᠃ | ᠰᠢᠷ᠎ᠠ ᠪᠤᠷᠴᠠᠭ ᠪᠠ ᠡᠯᠳᠡᠪ ᠠᠮᠤ ᠡᠯᠳᠡᠪ ᠪᠤᠷᠴᠠᠭ ᠤᠨ ᠳᠠᠷᠢᠬᠤ ᠲᠠᠯᠠᠪᠠᠶ ᠶᠢ 50 ᠲᠦᠮᠡᠨ ᠮᠥ ᠣᠷᠴᠢᠮ ᠳᠤ | ᠲᠣᠭᠲᠠᠪᠤᠷᠢᠵᠢᠭᠤᠯᠤᠨ᠎ᠠ᠃ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ︽ᠬᠤᠶᠠᠷ | ᠪᠦᠲᠦᠭᠡᠭᠳᠡᠬᠦᠨ ᠨᠢᠭᠡ ᠪᠠᠷᠢᠮᠵᠢᠶ᠎ᠠ ᠪᠠ ᠨᠠᠷᠠᠲᠤ ᠰᠢᠯᠢᠳᠡᠭ ᠣᠨᠴᠠ︾ ᠶᠢ ᠭᠡᠷᠡᠴᠢᠯᠡᠬᠦ ᠶᠢ ᠠᠬᠢᠭᠤᠯᠤᠨ᠎ᠠ᠃ ᠪᠥᠬᠦ | ᠬᠡᠯᠬᠢᠶᠡᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠡᠯ ᠯᠦᠩ ᠳᠦᠨ︾ | ︽ᠬᠠᠷ᠎ᠠ ᠳᠣᠪᠤ︾ ︽ᠮᠠᠯᠴᠢᠨ︾ ᠵᠡᠷᠭᠡ ᠬᠢᠩᠭᠠᠨ ᠠᠶᠢᠮᠠᠭ ᠤᠨ ᠲᠤᠲᠤᠷᠭ᠎ᠠ ᠶᠢᠨ ᠨᠠᠷᠠᠲᠤ ᠲᠥᠷᠥᠯ ᠲᠡᠮᠳᠡᠭᠲᠦ ᠶᠢ | ᠳᠡᠯᠭᠡᠷᠡᠭᠦᠯᠵᠦ᠂ ᠶᠡᠷᠦᠩᠬᠡᠶᠢᠯᠡᠭᠰᠡᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠶ ᠰᠢᠭᠤᠶ | ᠵᠢᠮᠢᠰ ᠤᠨ ᠦᠢᠯᠡᠰ ᠤᠨ ︽ᠦᠷ᠎ᠡ ᠠᠰᠢᠭ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠦᠨ᠎ᠡ᠃ | ᠤᠯᠠᠭᠠᠨ᠎ᠠ᠂ ᠬᠡᠮᠡᠷᠯᠢᠭ ᠬᠠᠶᠢᠲᠠᠩ᠂ ᠲᠠᠯ᠎ᠠ ᠨᠤᠲᠤᠭ ᠤᠨ ᠠᠯᠮᠤᠷᠠᠳ ᠵᠡᠷᠭᠡ ᠣᠶ ᠵᠢᠮᠢᠰ ᠤᠨ ᠠᠵᠤ ᠦᠢᠯᠡᠰ ᠢ | ᠬᠥᠭᠵᠢᠭᠦᠯᠵᠦ᠂ ᠳᠠᠷᠢᠬᠤ ᠲᠠᠯᠠᠪᠠᠶ ᠶᠢ 6 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ ᠶᠡᠭᠡᠳᠠᠯᠠ ᠶᠢᠨ ᠣᠶ | ᠵᠢᠮᠢᠰ ᠢ ᠡᠳ᠋ᠰᠢᠭᠦᠯᠬᠦ ᠲᠥᠷᠥᠯ ᠵᠦᠢᠯ ᠢ ᠡᠬᠢᠯᠡᠭᠦᠯᠵᠦ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ 10 | ᠰᠢᠨ᠎ᠡ ᠪᠠᠷ ᠪᠠᠶᠢᠭᠤᠯᠵᠤ᠂ ᠪᠥᠬᠦ ᠬᠤᠰᠢᠭᠤᠨ ᠳᠤ 30 ᠣᠷᠴᠢᠮ ᠪᠣᠯᠭᠠᠨ᠎ᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠬᠥᠭᠵᠢᠯᠲᠡ ᠶᠢ ᠯᠠᠪᠳᠠᠭᠤᠨ ᠪᠠᠲᠤᠲᠠᠶ ᠪᠠᠷ | ᠠᠬᠢᠭᠤᠯᠵᠤ᠂ ᠬᠤᠶᠠᠳᠤᠭᠠᠷ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ | ᠲᠦᠯᠬᠢᠨ ᠠᠬᠢᠭᠤᠯᠤᠨ᠎ᠠ | ᠴᠢᠬᠤᠯᠠ ᠶᠡᠭᠡ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 15 ᠬᠡᠷᠡᠭᠵᠢᠭᠦᠯᠵᠦ᠂ 40 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠬᠦᠯᠦᠨ᠎ᠡ᠃ ᠮᠧᠩ ᠨᠧᠩ 2 × 66 ᠲᠦᠮᠡᠨ | ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠢ ᠠᠰᠢᠭᠯᠠᠯᠲᠠ ᠳᠤ ᠤᠷᠤᠭᠤᠯᠬᠤ ᠴᠢᠷᠮᠠᠶᠢᠨ | ᠪᠡᠶᠡᠯᠡᠭᠦᠯᠵᠦ᠂ ᠵᠥᠩ ᠭᠤᠸᠠᠩ ᠾᠧ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠵᠢᠩ ᠺᠧ | 1 × 35 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ᠂ ᠲᠢᠶᠠᠨ ᠾᠧ 15 ᠲᠦᠮᠡᠨ ᠺᠢᠯᠣᠸᠠᠲ ᠤᠨ ᠬᠡᠷᠡᠯ | ᠢᠶᠠᠷ ᠴᠠᠬᠢᠯᠭᠠᠨ ᠭᠠᠷᠭᠠᠬᠤ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ᠎ᠡ᠃ ᠵᠢᠩ ᠺᠧ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ᠂ 100 ᠲᠦᠮᠡᠨ ᠺᠢᠯᠣᠸᠠᠲ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠢᠳᠡᠪᠬᠢᠲᠡᠶ ᠪᠠᠷ ᠲᠥᠯᠬᠢᠨ ᠠᠬᠢᠭᠤᠯᠤᠨ᠎ᠠ᠃ ᠪᠠᠶᠢᠭᠠᠯᠢ ᠶᠢᠨ | ᠰᠢᠲᠠᠮᠠᠬᠠᠶ ᠬᠡᠢ ᠶᠢ ᠶᠡᠷᠦᠩᠬᠡᠶᠢᠯᠡᠨ ᠠᠰᠢᠭᠯᠠᠬᠤ᠂ ᠵᠢᠯ ᠳᠤ ᠬᠡᠷᠡᠭᠯᠡᠭᠡᠨ ᠠᠴᠠ ᠭᠠᠷᠭᠠᠭᠰᠠᠨ 5500 ᠮᠠᠰᠢᠨᠲᠤ | ᠲᠡᠷᠭᠡ ᠶᠢ ᠵᠠᠳᠠᠯᠬᠤ᠂ ᠵᠢᠯ ᠳᠤ 15 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠭᠤᠷᠰᠢᠭᠤᠯᠤᠨ ᠳᠠᠷᠤᠰᠢᠭᠤᠯᠬᠤ | ᠲᠣᠭᠤᠰᠬ᠎ᠠ ᠦᠢᠯᠡᠳᠪᠦᠷᠢᠯᠡᠬᠦ ᠵᠡᠷᠭᠡ ᠵᠦᠢᠯᠡᠰ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ ᠳᠤᠮᠳᠠᠳᠤ | ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠦᠯᠦᠭᠯᠯ ᠤᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠮᠤ ᠪᠤᠳᠠᠭ᠎ᠠ ᠨᠥᠭᠡᠴᠡᠯᠡᠬᠦ︾ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠱᠦᠢ ᠹᠠ ᠪᠦᠯᠦᠭᠯᠡᠯ ᠤᠨ | ᠣᠷᠭᠠᠨᠢᠭ ᠤᠰᠤᠨ ᠲᠤᠲᠤᠷᠭ᠎ᠠ ᠶᠢᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ | ᠰᠠᠭᠤᠷᠢᠰᠢᠬᠤ ᠶᠢ ᠠᠬᠢᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢᠨ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠴᠠᠭᠠᠨ ᠢᠳᠡᠭᠡᠨ ᠤ ᠳᠡᠰ ᠳᠡᠪᠰᠢᠬᠦ ᠶᠢ ᠳᠡᠮᠵᠢᠨ᠎ᠡ᠃ | | ᠤᠳᠤ ᠶᠢᠨ ᠪᠠᠶᠢᠭ᠎ᠠ ᠳᠦᠷᠦᠯ ᠵᠦᠢᠯ ᠢ ᠪᠦᠬᠦ ᠬᠦᠴᠦᠨ ᠢᠶᠠᠷ ᠠᠮᠢᠳᠤᠯᠢᠭᠵᠢᠭᠤᠯᠤᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠳᠠᠭᠤᠰᠬᠠᠵᠤ᠂ | 13 ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠰᠢᠩ ᠲᠦᠩ | ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠬᠢᠯᠡᠭᠦᠯᠵᠦ᠂ ᠪᠦᠳᠦᠨᠬᠤᠸᠠ ᠵᠡᠰ ᠤᠨ | ᠠᠭᠤᠷᠬᠠᠶ᠂ ᠮᠦᠩᠬᠦᠨ ᠳᠤᠯᠤᠭᠠᠢ ᠬᠠᠷ᠎ᠠ ᠲᠤᠭᠤᠯᠭ᠎ᠠ ᠶᠢᠨ ᠠᠭᠤᠷᠬᠠᠢ᠂ ᠱᠢ ᠵᠢᠶᠠ ᠠᠭᠤᠷᠬᠠᠶ ᠶᠢᠨ ᠦᠢᠯᠡᠰ ᠤᠨ | ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠬᠠᠭᠤᠴᠢᠨ ᠳᠦᠷᠦᠯ ᠵᠦᠢᠯ ᠰᠢᠨ᠎ᠡ ᠳᠦᠷᠢ ᠳᠦᠷᠬᠦ | ᠲᠠᠢ ᠪᠤᠯᠬᠤ ᠶᠢ ᠪᠡᠶᠡᠯᠡᠬᠦᠯᠦᠨ᠎ᠡ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠴᠢᠨᠠᠷ ᠰᠠᠶᠢᠳᠠᠢ ᠬᠦᠭᠵᠢᠯᠲᠡ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠰᠢᠨᠵᠢ | ᠴᠢᠨᠠᠷ ᠲᠤ ᠬᠤᠯᠪᠣᠭᠳᠠᠬᠤ ᠬᠢᠨᠠᠨ ᠵᠥᠪᠰᠢᠶᠡᠷᠡᠬᠦ ᠵᠦᠢᠯᠡᠰ ᠪᠠ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ | ᠪᠡᠶᠡᠯᠡᠭᠦᠯᠦᠨ᠎ᠡ᠃ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠰᠢᠷᠠᠳᠤᠪᠤ | ᠠᠵᠤ ᠦᠢᠯᠡᠰ ᠤᠨ ᠬᠦᠷᠢᠶᠡᠯᠡᠩ ᠤᠨ ᠲᠣᠭᠤᠷᠢᠯ ᠵᠠᠮ ᠤᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ ᠢᠯᠴᠢ | ᠬᠠᠩᠭᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠭᠤᠤᠯᠯᠠᠬᠤ ᠠᠵᠤ | ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠲᠣᠭᠤᠷᠢᠨ ᠳᠤ᠂ 4 ᠠᠴᠠ ᠳᠡᠭᠡᠭᠰᠢ ᠰᠢᠨ᠎ᠡ ᠲᠥᠷᠥᠯ ᠵᠦᠢᠯ ᠢ | ᠣᠷᠣᠭᠤᠯᠤᠨ ᠠᠪᠴᠢᠷᠠᠬᠤ ᠪᠠ ᠪᠥᠲᠥᠭᠡᠨ ᠪᠠᠶᠢᠭᠤᠯᠤᠨ᠎ᠠ᠃ | ︵ᠭᠤᠷᠪᠠ︶ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ᠪᠥᠬᠦ ᠴᠠᠷᠠᠭᠠᠨ ᠤ ᠵᠢᠭᠤᠯᠴᠢᠯᠠᠯ ᠢ ᠪᠣᠶ ᠪᠣᠯᠭᠠᠨ᠎ᠠ᠃ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠪᠠ ᠮᠤᠵᠢ ᠶᠢᠨ ᠱᠠᠲᠤᠨ ᠤ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠴᠢᠷᠮᠠᠶᠢᠨ ᠪᠠᠶᠢᠭᠤᠯᠵᠤ | ᠂ ᠣᠲᠣ ᠶᠢᠨ ᠪᠠᠶᠢᠭ᠎ᠠ ᠦᠵᠡᠮᠵᠢ ᠶᠢᠨ ᠣᠷᠣᠨ ᠢ ᠰᠢᠯᠢᠳᠡᠭᠵᠢᠭᠦᠯᠦᠨ ᠨᠢᠭᠡᠳᠬᠡᠨ᠎ᠡ᠃ 4A ᠲᠠᠰ ᠤᠨ 1 | ᠦᠵᠡᠮᠵᠢ ᠶᠢᠨ ᠣᠷᠣᠨ᠂ 3A ᠲᠠᠰ ᠤᠨ 3 ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠦᠨ᠎ᠡ᠃ ᠪᠠᠲᠤᠴᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ︽ᠪᠠᠶᠠᠰᠬᠤᠯᠠᠩᠲᠤ | ᠲᠠᠯ᠎ᠠ ᠨᠤᠲᠤᠭ︾ ᠤᠨ ᠬᠥᠳᠡᠯᠭᠡᠬᠦ ᠬᠦᠴᠦᠨ ᠥᠬᠡᠶ ᠵᠤᠭ᠎ᠠ ᠴᠡᠩᠭᠡᠯ ᠤᠨ ᠲᠠᠯᠠᠪᠠᠶ᠂ ᠬᠠᠩᠭᠠᠯ ᠨᠠᠭᠤᠷ ᠤᠨ | ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠠᠷᠢᠶᠠᠯᠠᠩ | ᠮᠠᠯ ᠠᠵᠤ ᠠᠬᠤᠶ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠰᠤᠷᠬᠠᠭ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢᠶᠠᠷ ᠳᠠᠮᠵᠢᠭᠤᠯᠤᠨ᠂ ︽ᠬᠥᠳᠡᠭᠡ ᠶᠢᠨ | ᠦᠵᠡᠮᠵᠢ ᠶᠢ ᠦᠵᠡᠬᠦ︾᠂ ︽ᠬᠥᠳᠡᠭᠡ ᠶᠢᠨ ᠦᠨᠦᠷ ᠠᠮᠲᠠ ᠶᠢ ᠠᠮᠲᠠᠯᠠᠬᠤ︾᠂ ︽ᠬᠥᠳᠡᠭᠡ ᠶᠢᠨ ᠵᠠᠩ ᠳᠠᠳᠬᠠᠯ ᠢ | ᠡᠳ᠋ᠯᠡᠬᠦ︾᠂ ︽ᠬᠥᠳᠡᠭᠡ ᠶᠢᠨ ᠮᠥᠷᠥᠭᠡᠳᠦᠯ ᠢ ᠰᠠᠨᠠᠭᠠᠯᠵᠠᠬᠤ︾ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠨᠢᠭᠡ ᠪᠦᠯᠦᠭ ᠤᠨᠴᠠᠯᠢᠬᠳᠤ ᠭᠠᠴᠠᠭ᠎ᠠ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢ | ᠪᠠᠶᠢᠭᠤᠯᠤᠨ᠎ᠠ᠃ ᠳᠠᠶᠢᠴᠢᠨᠲᠠᠯ᠎ᠠ᠂ ᠬᠠᠷᠠᠳᠤᠪᠤ ᠵᠡᠷᠭᠡ ᠭᠤᠤᠯᠳᠠᠯᠭ᠎ᠠ ᠲᠠᠢ ᠭᠠᠴᠠᠭ᠎ᠠ ᠪᠠ ᠭᠥᠯᠢᠶᠡᠨ ᠠᠪᠬᠤ ᠴᠢᠬ ᠢ | 50 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠬᠠᠷᠢᠶᠠᠲᠤ ᠶᠢᠨ ᠬᠤᠳᠠ᠂ ᠳᠤᠮᠳᠠᠳᠤ ᠤᠯᠤᠰ ᠤᠨ | ᠺᠢᠨᠣ᠋ ᠶᠢᠨ ᠪᠦᠯᠦᠭᠯᠡᠯ᠂ ᠳᠤᠮᠳᠠᠳᠤ ᠤᠯᠤᠰ ᠤᠨ ᠵᠠᠯᠠᠭᠤᠴᠤᠳ ᠤᠨ ᠵᠤᠭᠠᠴᠠᠯ᠂ ᠴᠠᠩᠴᠦ᠋ᠨ ᠤ ᠺᠢᠨᠣ᠋ ᠦᠢᠯᠡᠳᠬᠦ᠂ | ᠵᠢᠩ ᠢᠦᠢ ᠯᠢᠦᠢ ᠮᠠ ᠮᠠ ᠵᠡᠷᠭᠡ ᠬᠤᠷᠰᠢᠬᠰᠠᠨ ᠠᠵᠤ ᠠᠬᠤᠶᠢᠯᠠᠯ ᠤᠨ ᠴᠢᠳᠠᠮᠠᠭᠠᠢ ᠴᠢᠨᠠᠷ ᠢ ᠭᠦᠢᠴᠡᠳ | ᠪᠠᠳᠠᠷᠠᠭᠤᠯᠵᠤ᠂ ᠪᠢᠳᠡᠨ ᠤ ᠠᠮᠢ ᠠᠬᠤᠢ᠂ ᠰᠣᠶᠣᠯ᠂ ᠠᠷᠠᠳ ᠤᠨ ᠵᠠᠩ ᠦᠢᠯᠡ ᠶᠢᠨ ᠳᠠᠪᠠᠭᠤᠯᠢᠭ ᠢᠶᠠᠨ ᠠᠵᠤ | ᠦᠢᠯᠡᠰ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠵᠤᠭᠠᠴᠠᠯ ᠤᠨ ᠦᠢᠯᠡᠰ ᠤᠨ | ᠣᠷᠣᠯᠭ᠎ᠠ ᠶᠢ ᠦᠨᠡᠨᠬᠦ ᠳᠡᠭᠡᠭᠰᠢᠯᠡᠭᠦᠯᠵᠦ᠂ ᠠᠷᠠᠳ ᠤᠯᠠᠨ ᠤ ᠵᠤᠭᠠᠴᠠᠯ ᠤᠨ ᠦᠢᠯᠡᠰ ᠤᠨ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠦᠨ᠎ᠡ᠃ | ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ᠃ ᠣᠶᠤᠨᠴᠢ ᠵᠢᠭᠤᠯᠴᠢᠯᠠᠯ ᠢ ᠬᠥᠭᠵᠢᠭᠦᠯᠦᠨ᠎ᠡ᠃ ᠤᠶᠤᠨᠲᠤ | ᠵᠢᠭᠤᠯᠴᠢᠯᠠᠯ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠲᠥᠪ ᠢ ᠪᠠᠶᠢᠭᠤᠯᠵᠤ᠂ ᠨᠡᠷᠡᠲᠦ ᠳᠤᠤᠷ ᠰᠦᠯᠵᠢᠶ᠎ᠡ | ᠶᠢ ᠣᠷᠣᠭᠤᠯᠤᠨ ᠠᠪᠴᠢᠷᠠᠵᠤ᠂ ᠵᠢᠭᠤᠯᠴᠢᠯᠠᠭᠴᠢᠳ ᠲᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ | ᠬᠠᠩᠭᠠᠨ᠎ᠠ᠃ ᠵᠢᠭᠤᠯᠴᠢᠯᠠᠯ ᠤᠨ ᠠᠵᠤ ᠦᠢᠯᠡᠰ ᠤᠨ ︽ᠲᠤᠯᠤᠭᠠᠨ ᠨᠢᠭᠡ︾ ᠶᠢᠨ ᠢᠨᠵᠧᠨᠧᠷᠢᠩ ᠢ ᠠᠬᠢᠭᠤᠯᠵᠤ᠂ | ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠤᠨ᠎ᠠ᠃ ᠲᠥᠪ ᠤᠨ ᠤᠬᠠᠭᠤᠯᠬᠤ | ᠬᠡᠯᠲᠡᠰ ᠤᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠤᠨ ᠬᠠᠶᠢᠳᠢᠶᠠᠨ ᠲᠣᠭᠤᠷᠢᠭ ᠤᠨ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠳᠡᠰ ᠤᠨ | ᠨᠢᠭᠡᠴᠡ ᠶᠢᠨ ᠦᠷᠭᠦᠯᠵᠢᠯᠡᠨ ᠬᠠᠪᠰᠤᠷᠤᠨ ᠲᠡᠳᠬᠦᠬᠦ ᠣᠯᠳᠠᠰᠢ ᠦᠭᠡᠶ ᠠᠵᠠ ᠲᠣᠬᠢᠶᠠᠯ ᠢ ᠴᠢᠩᠭ᠎ᠠ ᠠᠳᠬᠤᠵᠤ᠂ ︽ | ᠬᠠᠶᠢᠳᠢᠶᠠᠨ ᠤ ᠺᠠᠳ᠋ᠷᠴᠤᠳ ᠲᠠᠯ᠎ᠠ ᠨᠤᠲᠤᠭ ᠲᠤ ᠨᠢᠭᠡ ᠮᠥ ᠲᠠᠷᠢᠶᠠᠨ ᠴᠢᠬᠢ ᠰᠠᠭᠤᠯᠭᠠᠬᠤ ᠪᠠᠶᠠᠷ ᠤᠨ ᠡᠳᠦᠷ ︾ ︽ | ᠵᠠᠭᠤᠨ ᠨᠡᠷᠡᠰ ᠰᠦᠯᠵᠢᠶᠡᠨ ᠤ ᠢᠳᠡᠪᠬᠢᠲᠡᠨ ᠲᠠᠯ᠎ᠠ ᠨᠤᠲᠤᠭ ᠲᠤ ᠣᠷᠣᠵᠤ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠶᠢᠨ ᠰᠦᠪᠡᠭᠴᠢᠯᠡᠬᠦ︾ ︽ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠪᠡᠨ ᠤᠯᠠᠷᠢᠯ ᠤᠨ ᠬᠡᠷᠡᠯ ᠵᠢᠷᠤᠭ ᠤᠨ ᠦᠵᠡᠰᠬᠦᠯᠡᠩ︾ ᠵᠡᠷᠭᠡ | ᠠᠵᠢᠯᠯᠠᠭ᠎ᠠ ᠶᠢ ᠲᠥᠯᠥᠪᠯᠡᠨ ᠬᠡᠷᠡᠭᠵᠢᠭᠦᠯᠵᠦ᠂ ᠪᠢᠳᠡᠨ ᠤ ᠦᠵᠡᠮᠵᠢ ᠶᠢᠨ ᠣᠷᠣᠨ᠂ ᠰᠣᠶᠣᠯ ᠵᠠᠩ ᠳᠠᠳᠬᠠᠯ᠂ | ᠦᠢᠯᠡᠳᠪᠦᠷᠢᠯᠡᠯ ᠠᠮᠢᠳᠤᠷᠠᠯ ᠢ ᠪᠠᠶᠠᠯᠢᠭᠵᠢᠭᠤᠯᠤᠨ᠂ ᠮᠠᠨ ᠤ ᠵᠢᠭᠤᠯᠴᠢᠯᠠᠯ ᠤᠨ ᠦᠢᠯᠡᠰ ᠤᠨ ᠲᠠᠲᠠᠬᠤ ᠬᠦᠴᠦᠨ ᠢ | ᠨᠡᠮᠡᠭᠳᠡᠭᠦᠯᠦᠨ᠎ᠡ᠃ | ᠰᠣᠶᠣᠯ ᠤᠨ ᠡᠭᠦᠳᠦᠯᠲᠡ ᠶᠢᠨ ᠨᠡᠭᠡᠭᠡᠨ ᠬᠥᠭᠵᠢᠭᠦᠯᠦᠯᠲᠡ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ | ᠥᠪ ᠤᠨ ᠵᠦᠢᠯᠡᠰ ᠲᠤ ᠲᠦᠰᠢᠭᠯᠡᠨ᠂ ᠥᠪᠡᠷᠮᠢᠴᠡᠵᠢᠭᠰᠡᠨ᠂ ᠤᠬᠢ ᠰᠢᠯᠢᠳᠡᠭᠵᠢᠭᠰᠡᠨ᠂ ᠳᠡᠭᠡᠳᠦ ᠲᠡᠰ ᠤᠨ | ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ ᠦᠢᠯᠡᠳᠬᠦᠨ ᠢ ᠭᠦᠨᠵᠡᠭᠡᠶ ᠨᠡᠭᠡᠭᠡᠨ ᠬᠥᠭᠵᠢᠭᠦᠯᠦᠨ᠎ᠡ᠃ 3 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ︽ᠰᠤᠶᠤᠯ︾ ᠰᠣᠶᠣᠯ ᠤᠨ ᠠᠵᠤ ᠦᠢᠯᠡᠰ ᠤᠨ | ᠬᠦᠷᠢᠶᠡᠯᠡᠩ ᠢ ᠡᠬᠢᠯᠡᠨ ᠪᠠᠶᠢᠭᠤᠯᠵᠤ᠂ ︽ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠠᠵᠢᠯ ᠤᠨ ᠠᠵᠢᠭᠯᠠᠯᠲᠠ ᠶᠢᠨ ᠴᠢᠬ︾᠂ ︽ᠬᠤᠷᠴᠢᠨ ᠰᠣᠶᠣᠯ ᠤᠨ ᠰᠤᠳᠤᠯᠭᠠᠨ ᠤ ᠲᠥᠪ︾ | ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠣᠶᠣᠯ ᠤᠨ ᠣᠷᠳᠣᠨ᠂ ᠨᠣᠮ ᠤᠨ | ᠰᠠᠩ᠂ ᠪᠡᠶ᠎ᠡ ᠶᠢᠨ ᠲᠠᠮᠢᠷ ᠤᠨ ᠣᠷᠳᠣᠨ᠂ ᠤᠮᠪᠠᠯᠲᠠ ᠶᠢᠨ ᠣᠷᠳᠣᠨ ᠵᠡᠷᠭᠡ ᠶᠢ ᠶᠡᠷᠦᠩᠬᠡᠶᠢᠯᠡᠭᠰᠡᠨ ᠤᠯᠠᠨ | ᠴᠢᠳᠠᠮᠵᠢᠳᠤ ᠰᠣᠶᠣᠯ ᠤᠨ ᠲᠥᠪ ᠢ ᠪᠥᠳᠥᠭᠡᠨ ᠪᠠᠶᠢᠭᠤᠯᠤᠨ᠎ᠠ᠃ ᠦᠯᠢᠭᠡᠷᠲᠦ ᠵᠦᠴᠦᠭᠡ ︽ᠬᠠᠳᠬᠤᠮᠠᠯ ᠤᠨ | ᠵᠡᠭᠦᠳᠦ︾᠂ ᠳᠠᠭᠤᠤ ᠪᠥᠵᠢᠭᠲᠦ ᠵᠦᠴᠦᠭᠡ ︽ᠬᠤᠸᠠᠷ ᠰᠡᠶᠢᠯᠦᠭᠰᠡᠨ ᠡᠮᠡᠭᠡᠯ︾ ᠢ ᠨᠠᠶᠢᠷᠠᠭᠤᠯᠤᠨ ᠵᠣᠬᠢᠶᠠᠵᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠯᠢᠭᠡᠷ ᠢ ᠰᠠᠶᠢᠬᠠᠨ ᠶᠠᠷᠢᠨ᠎ᠠ᠃ ᠨᠢᠭᠡ ᠪᠦᠯᠦᠭ ᠰᠣᠳᠣᠨ | ᠪᠦᠲᠦᠭᠡᠯ ᠢ ᠵᠣᠬᠢᠶᠠᠨ ᠪᠦᠲᠦᠭᠡᠵᠦ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾᠂ ︽ | ᠰᠤᠯᠤᠩᠭ᠎ᠠ︾᠂ ︽ᠰᠠᠷᠠᠨ᠎ᠠ︾ ᠵᠡᠷᠭᠡ ᠱᠠᠩᠨᠠᠯ ᠢ ᠤᠯᠬᠤ ᠪᠠᠷ ᠢᠳᠡᠪᠬᠢᠲᠡᠶ ᠭᠤᠶᠤᠴᠢᠯᠠᠨ᠎ᠠ᠃ | ᠠᠷᠠᠯᠵᠢᠶ᠎ᠠ ᠬᠤᠳᠠᠯᠳᠤᠭᠠᠨ ᠤ ᠬᠥᠭᠵᠢᠯᠲᠡ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠲᠦᠷᠭᠡᠨ | ᠬᠦᠷᠭᠡᠯᠲᠡ ᠶᠢᠨ ︽ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ︽ᠲᠣᠰᠬᠤᠨ ᠪᠣᠯᠭᠠᠨ ᠳᠤ | ᠲᠦᠷᠭᠡᠨ ᠬᠦᠷᠭᠡᠯᠲᠡ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠵᠢᠯ ᠤᠨ ᠳᠣᠲᠣᠷ᠎ᠠ 3 ᠠᠴᠠ ᠳᠡᠭᠡᠭᠰᠢ ᠳᠠᠪᠠᠭᠤᠯᠢᠭ | ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠤᠶᠢᠵᠢᠭᠤᠯᠵᠤ᠂ 3 ᠡᠷᠦᠬᠡ ᠠᠴᠠ ᠳᠡᠭᠡᠭᠰᠢᠬᠢ ᠤᠯᠠᠮᠵᠢᠯᠠᠯᠲᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠠᠵᠤ | ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠣᠷᠣᠭᠤᠯᠤᠨ ᠠᠪᠴᠢᠷᠠᠬᠤ ᠶᠢ ᠵᠢᠯᠣᠭᠤᠳᠤᠨ᠎ᠠ᠃ 3 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠠᠶᠠᠨ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ | ᠬᠠᠳᠠᠭᠠᠯᠠᠬᠤ ᠬᠦᠷᠢᠶᠡᠯᠡᠩ ᠲᠣᠭᠤᠷᠢᠭ ᠪᠣᠯᠤᠨ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠯᠤᠭᠤᠨ | ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠦᠨ᠎ᠡ᠃ | ︵ᠳᠥᠷᠪᠡ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠯᠠᠪᠳᠠᠭᠤᠨ ᠢᠶᠠᠷ | ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ︽ᠮᠦᠩᠭᠡ ᠰᠤᠪᠠᠭ︾ ᠤᠨ ᠠᠵᠢᠯ ᠢ ᠭᠦᠨᠵᠡᠭᠡᠶ | ᠨᠠᠶᠢᠳᠠᠪᠤᠷᠢᠵᠢᠭᠤᠯᠵᠤ᠂ ᠨᠠᠩ ᠣᠯᠠᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠨᠠᠩ ᠣᠯᠠᠨ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ | ᠵᠦᠢᠯᠡᠰ ᠢ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠦᠢᠴᠡᠳᠬᠡᠬᠦ ᠪᠠ ︽ᠠᠭᠤᠯᠵᠠᠬᠤ ᠥᠬᠡᠶ︾ ᠪᠠᠷ ᠬᠢᠨᠠᠨ | ᠵᠥᠪᠰᠢᠶᠡᠷᠡᠬᠦ ᠶᠢ ᠳᠥᠯᠭᠢᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ | ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠵᠡᠷᠭᠡ ᠪᠡᠷᠬᠡ ᠰᠡᠳᠦᠪ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ | ᠭᠠᠳᠠᠨ᠎ᠠ ᠠᠴᠠ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠬᠡᠷᠡᠭᠵᠢᠭᠦᠯᠦᠨ᠎ᠡ᠃ | ᠨᠥᠭᠡᠴᠡᠯᠡᠬᠦ ᠪᠠᠨ ᠲᠦᠷᠭᠡᠳᠬᠡᠵᠦ᠂ ᠨᠢᠭᠡ ᠪᠦᠯᠦᠭ ᠴᠢᠬᠤᠯᠠ ᠲᠥᠷᠥᠯ ᠵᠦᠢᠯ ᠰᠠᠶᠢᠨ ᠲᠥᠷᠥᠯ ᠵᠦᠢᠯ ᠢ | ᠣᠷᠣᠭᠤᠯᠤᠨ ᠠᠪᠴᠢᠷᠠᠨ᠎ᠠ᠃ ︽ᠬᠥᠮᠦᠨ ᠪᠦᠬᠦᠨ ᠴᠥᠮ ᠬᠤᠳᠠᠯᠳᠤᠭᠠᠴᠢᠨ ᠤᠷᠢᠬᠤ ᠣᠷᠴᠢᠨ ᠨᠥᠬᠦᠴᠡᠯ᠂ | ᠬᠥᠮᠦᠨ ᠪᠦᠬᠦᠨ ᠴᠥᠮ ᠬᠤᠳᠠᠯᠳᠤᠭᠠᠴᠢᠨ ᠤᠷᠢᠬᠤ ᠡᠯᠴᠢᠨ ᠰᠠᠶᠢᠳ︾ ᠭᠡᠬᠦ ᠤᠬᠠᠮᠰᠠᠷ ᠢᠶᠠᠨ ᠦᠨᠡᠨᠬᠦ | ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ᠂ ᠪᠦᠬᠦ ᠠᠷᠠᠳ ᠢᠶᠠᠷ ᠢᠶᠠᠨ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠤᠨ᠎ᠠ᠃ ᠲᠣᠰ ᠪᠡᠶ᠎ᠡ ᠶᠢᠨ ᠬᠠᠷᠢᠴᠠᠭᠤᠯᠤᠭᠰᠠᠨ ᠳᠠᠪᠠᠭᠤᠯᠢᠭ ᠲᠠᠢ ᠪᠠᠨ | ᠤᠶᠠᠯᠳᠤᠭᠤᠯᠤᠨ᠂ ᠬᠠᠷᠠᠯᠲᠠᠲᠤ ᠵᠠᠬ᠎ᠠ ᠳᠡᠯᠭᠡᠭᠦᠷ ᠪᠠ ᠬᠠᠷᠠᠯᠲᠠᠲᠤ ᠠᠵᠤ ᠦᠢᠯᠡᠰ ᠢ ᠨᠠᠷᠢᠯᠢᠭ ᠣᠨᠣᠪᠴᠢᠲᠠᠶ | ᠲᠣᠭᠲᠠᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠤᠳᠠᠯᠳᠤᠭᠠᠴᠢᠨ ᠤᠷᠢᠬᠤ ᠠᠮᠵᠢᠯᠲᠠ ᠶᠢᠨ ᠨᠣᠷᠮ᠎ᠠ ᠶᠢ ᠦᠨᠡᠨ ᠬᠦ | ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 8 ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠦᠨᠡᠨᠬᠦ | ᠪᠠᠲᠤᠯᠠᠵᠤ᠂ ᠬᠤᠳᠠᠯᠳᠤᠭᠠᠴᠢᠨ ᠤᠷᠢᠬᠤ ᠲᠤᠭ᠎ᠠ ᠬᠡᠮᠵᠢᠶ᠎ᠡ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠬᠦ ᠶᠢ ᠪᠡᠶᠡᠯᠡᠭᠦᠯᠦᠨ᠎ᠡ᠃ | ︵ᠲᠠᠪᠤ︶ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ | ᠰᠠᠭᠤᠷᠢᠰᠢᠬᠤ ᠳᠤ ᠲᠣᠬᠢᠷᠠᠮᠵᠢᠲᠠᠶ ᠪᠠᠶᠠᠨᠬᠤᠰᠢᠭᠤ ᠪᠠᠯᠭᠠᠰᠤ ᠶᠢ ᠪᠥᠲᠥᠭᠡᠨ ᠪᠠᠶᠢᠭᠤᠯᠤᠨ᠎ᠠ᠃ ᠬᠤᠣᠯᠢᠨ | ᠭᠤᠤᠯ ᠤᠨ ᠪᠠᠶᠠᠨᠬᠤᠰᠢᠭᠤ ᠶᠢᠨ ᠬᠡᠰᠡᠭ ᠤᠨ ᠭᠤᠤᠯ ᠤᠨ ᠵᠠᠮ ᠢ ᠠᠷᠢᠯᠭᠠᠨ ᠨᠡᠪᠳᠡᠷᠡᠬᠦᠯᠬᠦ ᠢᠨᠵᠧᠨᠧᠷᠢᠩ᠂ | ᠭᠤᠤᠯ ᠤᠨ ᠬᠥᠪᠡᠭᠡᠨ ᠤ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠣᠯᠢᠨ ᠭᠤᠤᠯ ᠤᠨ ᠤᠰᠤ | ᠬᠤᠲᠠ ᠤᠷᠤᠭᠤ ᠭᠡᠳᠡᠷᠭᠦ ᠴᠢᠳᠬᠤᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠂ ᠣᠯᠠᠨ ᠲᠦᠮᠡᠨ ᠳᠤ | ᠦᠵᠡᠬᠦ ᠳᠤ ᠠᠭᠤᠯᠠ ᠲᠠᠢ᠂ ᠬᠠᠷᠠᠬᠤ ᠳᠤ ᠤᠰᠤ ᠲᠠᠢ᠂ ᠨᠠᠰᠤᠲᠠᠶᠢᠴᠤᠳ ᠪᠠ ᠬᠡᠤᠬᠡᠳ ᠪᠠᠭᠠᠴᠤᠳ ᠵᠤᠭ᠎ᠠ | ᠴᠡᠩᠭᠡᠯ ᠲᠠᠢ᠂ ᠬᠥᠮᠦᠨ ᠬᠢᠭᠡᠳ ᠠᠮᠢ ᠠᠬᠤᠶ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ | ᠲᠣᠭᠤᠷᠢᠨ ᠢ ᠪᠣᠶ ᠪᠣᠯᠭᠠᠵᠤ ᠥᠭᠭᠦᠨ᠎ᠡ᠃ ᠡᠪᠳᠡᠷᠡᠵᠦ ᠰᠦᠢᠳᠦᠭᠰᠡᠨ ᠪᠠ ᠬᠠᠭᠤᠴᠢᠷᠬᠠᠰᠠᠨ ᠬᠤᠭᠤᠯᠠᠶ ᠶᠢ | ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ 1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠪᠠᠶᠢᠭᠠᠳ ᠪᠣᠬᠢᠷ ᠤᠰᠤᠨ ᠤ ᠬᠤᠭᠤᠯᠠᠶ ᠶᠢᠨ ᠲᠣᠣᠷ᠂ ᠲᠦᠭᠡᠭᠡᠯ ᠤᠰᠤᠨ ᠤ ᠬᠤᠭᠤᠯᠠᠶ ᠪᠣᠯᠤᠨ | ᠢᠯᠴᠢ ᠬᠠᠩᠭᠠᠬᠤ ᠬᠤᠭᠤᠯᠠᠶ ᠶᠢ ᠲᠠᠬᠢᠨ ᠪᠠᠶᠢᠭᠤᠯᠬᠤ ᠪᠠ ᠰᠡᠯᠪᠢᠨ ᠵᠠᠰᠠᠨ᠎ᠠ᠃ ᠬᠤᠲᠠ ᠶᠢᠨ ᠲᠣᠭᠤᠷᠢᠭ ᠤᠨ ᠵᠡᠭᠦᠨ | ᠡᠮᠦᠨ᠎ᠡ ᠬᠡᠰᠡᠭ ᠲᠤ ᠬᠦᠨᠳᠦ ᠨᠣᠴᠢᠲᠠᠶ ᠤᠰᠤ ᠬᠤᠷᠠᠵᠤ ᠪᠠᠶᠢᠭ᠎ᠠ ᠣᠷᠣᠨ ᠢ ᠶᠡᠷᠦᠩᠬᠡᠶᠢᠯᠡᠨ ᠵᠠᠰᠠᠵᠤ᠂ ᠪᠣᠬᠢᠷ | ᠤᠰᠤᠨ ᠤ ᠬᠤᠭᠤᠯᠠᠶ ᠶᠢᠨ ᠲᠣᠤᠷ ᠢ ᠵᠠᠰᠠᠬᠤ ᠲᠠᠢ ᠤᠶᠠᠯᠳᠤᠭᠤᠯᠤᠨ᠂ ᠬᠤᠲᠠ ᠶᠢᠨ ᠨᠤᠭᠤ ᠭᠠᠵᠠᠷ ᠤᠨ | ᠴᠡᠴᠡᠷᠯᠢᠭ ᠢ ᠪᠥᠲᠥᠭᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠵᠠᠮ ᠢ 5000 ᠮᠧᠲᠷ ᠠᠴᠠ ᠳᠡᠭᠡᠭᠰᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ᠬᠤᠳᠠ ᠶᠢᠨ ᠨᠡᠭᠡᠭᠡᠨ ᠬᠥᠭᠵᠢᠭᠦᠯᠦᠯᠲᠡ ᠶᠢ ᠲᠠᠬᠢᠨ | ᠰᠢᠨ᠎ᠡ ᠳᠡᠭᠲᠡᠷ ᠲᠤ ᠭᠠᠷᠭᠠᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠬᠥᠭᠵᠢᠭᠦᠯᠬᠦ 5 ᠠᠴᠠ | ᠳᠡᠭᠡᠭᠰᠢ ᠳᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠶᠢ 50 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠭᠡᠨ᠎ᠡ᠃ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠤᠯᠤᠰ ᠪᠠ ᠮᠤᠵᠢ ᠶᠢᠨ | ᠭᠤᠣᠯ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠤᠯᠤᠰ ᠪᠠ ᠮᠤᠵᠢ ᠶᠢᠨ 4 ᠭᠤᠣᠯ ᠵᠠᠮ | ᠱᠤᠭᠤᠮ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠲᠦᠯᠬᠢᠨ ᠠᠬᠢᠭᠤᠯᠵᠤ᠂ 30 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠨ᠎ᠠ᠃᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠲᠠᠯ᠎ᠠ ᠪᠠᠷ᠂ | 1.63 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠤ ᠵᠠᠮ ᠱᠤᠭᠤᠮ ᠢ 12 ᠵᠤᠷᠪᠤᠰ | ᠂ 143 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ᠴᠠᠬᠢᠯᠭᠠᠨ ᠬᠦᠴᠦᠨ ᠤ | ᠪᠥᠳᠥᠭᠡᠨ ᠪᠠᠶᠢᠭᠤᠯᠤᠯᠲᠠ ᠶᠢᠨ ᠲᠠᠯ᠎ᠠ ᠪᠠᠷ᠂ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ 3 ᠵᠤᠷᠪᠤᠰ | ᠦᠨᠳᠦᠷ ᠲᠡᠰ ᠤᠨ ᠴᠠᠬᠢᠯᠭᠠᠨ ᠤ ᠲᠣᠣᠷ ᠤᠨ ᠪᠥᠳᠥᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠲᠥᠯᠬᠢᠨ | ᠠᠬᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠨᠳᠥᠷ ᠳᠣᠣᠷ᠎ᠠ ᠬᠦᠴᠦᠳᠡᠯᠲᠦ | 532 ᠺᠢᠯᠣᠮᠧᠲᠷ ᠤᠨ ᠴᠠᠬᠢᠯᠭᠠᠨ ᠤ ᠱᠤᠭᠤᠮ ᠢ ᠰᠢᠨ᠎ᠡ ᠪᠠᠷ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠲᠠᠯ᠎ᠠ ᠪᠠᠷ᠂ 2.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠠᠩᠭᠠᠯ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠢ ᠬᠡᠷᠡᠭᠵᠢᠭᠦᠯᠵᠦ᠂ ᠴᠤᠤᠯ ᠭᠤᠤᠯ ᠤᠨ ᠤᠰᠤ ᠶᠢ | ᠲᠠᠲᠠᠵᠤ ᠯᠢᠶᠣᠤ ᠾᠧ ᠭᠤᠤᠯ ᠳᠤ ᠤᠷᠤᠭᠤᠯᠬᠤ ᠢᠨᠵᠧᠨᠧᠷᠢᠩ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠨ᠎ᠠ᠃ | ᠨᠡᠶᠢᠲᠡ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠰᠣᠷᠬᠠᠭ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠤᠯᠢᠨ ᠭᠤᠤᠯ᠂ ᠳᠦᠴᠢᠨ ᠡᠩᠭᠡᠷ ᠭᠤᠤᠯ᠂ ᠦᠯᠵᠡᠢ | ᠮᠥᠷᠡᠨ ᠭᠤᠤᠯ ᠤᠨ ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ 8 ᠰᠤᠮᠤ | ᠪᠠᠯᠭᠠᠰᠤ᠂ 104 ᠭᠠᠴᠠᠭ᠎ᠠ ᠳᠤ ᠠᠰᠢᠭ ᠬᠦᠷᠳᠡᠭᠡᠨ᠎ᠡ᠂ ᠡᠭᠦᠨ ᠳᠤ 10 ᠭᠠᠴᠠᠭ᠎ᠠ ᠨᠢ ᠤᠰᠤᠷᠬᠠᠭ ᠭᠠᠵᠠᠷ ᠢᠶᠠᠷ | ᠠᠮᠢᠳᠤᠷᠠᠵᠤ᠂ ᠤᠰᠤᠷᠬᠠᠭ ᠭᠠᠵᠠᠷ ᠢᠶᠠᠷ ᠭᠤᠶᠤᠵᠢᠵᠤ᠂ ᠤᠰᠤᠷᠬᠠᠭ ᠭᠠᠵᠠᠷ ᠢᠶᠠᠷ ᠬᠥᠭᠵᠢᠨ ᠮᠠᠨᠳᠤᠬᠤ ᠶᠢ | ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠨᠡᠶᠢᠲᠡᠯᠢᠭ ᠵᠢᠱᠢᠶ᠎ᠡ ᠪᠤᠯᠭᠠᠨ᠎ᠠ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠲᠦᠷᠢᠮ ᠠᠴᠠ | ᠵᠥᠷᠢᠴᠡᠭᠰᠡᠨ ᠪᠠᠷᠢᠯᠭ᠎ᠠ ᠶᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠵᠡᠭᠡᠯᠢ | ᠭᠤᠳᠤᠮᠵᠢ᠂ ᠬᠠᠭᠤᠴᠢᠨ ᠵᠢᠵᠢᠭ ᠲᠣᠭᠤᠷᠢᠭ᠂ ᠬᠤᠳᠠ ᠬᠥᠳᠡᠭᠡ ᠶᠢᠨ ᠠᠭᠤᠯᠵᠠᠷ ᠭᠠᠵᠠᠷ᠂ ᠬᠤᠳᠠ ᠶᠢᠨ ᠣᠷᠣᠵᠤ | ᠭᠠᠷᠬᠤ ᠭᠠᠵᠠᠷ ᠵᠡᠷᠭᠡ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠵᠢᠯ ᠢ ᠴᠢᠩᠭᠠᠳᠬᠠᠨ᠎ᠠ᠃ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ 23 ᠬᠡᠰᠡᠭ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠤᠨ᠎ᠠ᠃ ︽ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ | ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠲᠥᠷᠥᠯ ᠵᠦᠢᠯ ᠤᠨ | ᠪᠠᠯᠠ ᠮᠥᠩᠭᠦ ᠶᠢ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠤ ᠠᠷᠭ᠎ᠠ | ᠪᠠᠷᠢᠯ ᠢ ᠶᠡᠷᠦᠩᠬᠡᠶᠢᠯᠡᠨ᠂ ᠰᠤᠮᠤ ᠪᠠᠯᠭᠠᠰᠤ ᠶᠢᠨ ᠪᠠᠶᠢᠭ᠎ᠠ ᠭᠠᠵᠠᠷ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠤᠰᠤ ᠬᠠᠩᠭᠠᠬᠤ ᠤᠰᠤ ᠵᠠᠯᠠᠬᠤ᠂ ᠲᠥᠪᠯᠡᠷᠡᠭᠦᠯᠦᠨ ᠢᠯᠴᠢ ᠬᠠᠩᠭᠠᠬᠤ᠂ ᠬᠤᠭ ᠨᠣᠪᠰᠢ | ᠪᠣᠬᠢᠷ ᠤᠰᠤ ᠶᠢ ᠰᠢᠢᠳᠪᠦᠷᠢᠯᠡᠬᠦ ᠵᠡᠷᠭᠡ ᠳᠤᠲᠠᠭᠤᠳᠠᠯ ᠢ ᠲᠦᠷᠭᠡᠨ ᠨᠦᠬᠦᠪᠦᠷᠢᠯᠡᠨ᠎ᠡ᠃ | ︵ᠵᠢᠷᠭᠤᠭ᠎ᠠ︶ ᠠᠮᠢ ᠠᠬᠤᠶ ᠶᠢᠨ ᠬᠠᠮᠠᠭᠠᠯᠠᠯᠲᠠ ᠶᠢᠨ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠪᠣᠬᠢᠷᠲᠤᠯ ᠥᠭᠡᠢ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ | ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠳᠠ ᠠᠭᠤᠯᠠ ᠮᠥᠩᠭᠦᠨ ᠠᠭᠤᠯᠠ ᠮᠦᠨ︾ ᠬᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠢᠷᠠᠭᠤ ᠠᠯᠳᠠᠷ ᠢ ᠨᠠᠷᠢᠨ ᠨᠢᠮᠪᠠᠶ ᠬᠠᠶᠢᠷᠠᠯᠠᠨ ᠬᠠᠮᠠᠭᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠶ ︵ᠡᠪᠡᠰᠦ︶ ᠶᠢᠨ ᠳᠠᠷᠤᠭ᠎ᠠ ᠶᠢᠨ ᠲᠦᠷᠢᠮ ᠢ ᠪᠥᠬᠦ | ᠲᠠᠯ᠎ᠠ ᠪᠠᠷ ᠠᠬᠢᠭᠤᠯᠵᠤ᠂ ᠲᠠᠯ᠎ᠠ ᠨᠤᠲᠤᠭ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠠᠯ᠎ᠠ ᠨᠤᠲᠤᠭ ᠤᠨ ᠴᠢᠳᠠᠮᠵᠢ ᠶᠢ ᠥᠷᠭᠡᠳᠬᠡᠨ᠎ᠡ᠃ ᠭᠤᠷᠪᠠᠨ ᠤᠮᠠᠷᠠᠲᠤ ᠶᠢᠨ ᠬᠠᠯᠬᠠᠪᠴᠢ ᠣᠶ᠂ | ᠠᠮᠢᠳᠤ ᠪᠣᠳᠠᠰ ᠤᠨ ᠰᠡᠷᠭᠡᠶᠢᠯᠡᠨ ᠵᠠᠰᠠᠯᠲᠠ ᠵᠡᠷᠭᠡ ᠠᠮᠢ ᠠᠬᠤᠶ ᠶᠢᠨ ᠢᠨᠵᠧᠨᠧᠷᠢᠩ ᠢ 99 ᠲᠦᠮᠡᠨ ᠮᠥ | ᠭᠡᠷᠡᠭᠵᠢᠬᠦᠯᠦᠨ᠎ᠡ᠃ ︽ᠭᠤᠷᠪᠠ ᠶᠢ ᠴᠠᠭᠠᠵᠠᠯᠠᠬᠤ︾ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠬᠠᠤᠯᠢ ᠪᠤᠰᠤ ᠪᠠᠷ | ᠬᠡᠭᠡᠷ᠎ᠡ ᠶᠢᠨ ᠠᠮᠢᠳᠠᠨ ᠢ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠴᠦ᠂ ᠬᠡᠭᠡᠷ᠎ᠡ ᠶᠢᠨ ᠠᠮᠢᠳᠠᠨ ᠢ ᠢᠳᠡᠬᠦ ᠶᠢ | ᠬᠠᠤᠯᠢ ᠶᠣᠰᠣᠭᠠᠷ ᠪᠦᠬᠦ ᠲᠠᠯ᠎ᠠ ᠪᠠᠷ ᠴᠠᠭᠠᠵᠠᠯᠠᠨ᠎ᠠ᠃ ᠬᠤᠷᠴᠢᠨ ᠤᠯᠤᠰ ᠤᠨ ᠲᠠᠰ ᠤᠨ ᠬᠠᠮᠠᠭᠠᠯᠠᠯᠲᠠ ᠶᠢᠨ | ᠣᠷᠣᠨ ᠤ ᠪᠠᠷᠠᠩ ᠨᠠᠭᠤᠷ᠂ ᠮᠤᠷᠢᠨ ᠨᠠᠭᠤᠷ᠂ ᠠᠷᠠᠯ ᠤᠨ ᠨᠠᠭᠤᠷ ᠢ ᠰᠠᠶᠢᠲᠤᠷ ᠬᠠᠮᠠᠭᠠᠯᠠᠨ᠎ᠠ᠃ ᠡᠯ᠎ᠡ ᠲᠥᠷᠥᠯ ᠤᠨ | ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠬᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠡ᠃ | ᠣᠷᠴᠢᠨ ᠠᠬᠤᠶ ᠶᠢᠨ ᠵᠠᠰᠠᠯᠲᠠ ᠶᠢ ᠴᠢᠩᠭᠠᠳᠬᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ | ᠰᠢᠢᠳᠪᠦᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠩᠭ᠎ᠠ ᠰᠠᠶᠢᠲᠤᠷ ᠬᠢᠵᠦ᠂ ᠠᠰᠠᠭᠤᠳᠠᠯ ᠳᠠᠬᠢᠨ ᠢᠯᠡᠷᠡᠬᠦ ᠥᠬᠡᠶ ᠪᠠᠶᠢᠬᠤ ᠶᠢ ᠦᠨᠡᠨᠬᠦ | ᠪᠠᠲᠤᠯᠠᠨ᠎ᠠ᠃ ᠬᠤᠷᠣᠭᠳᠠᠯ ᠢ ᠪᠠᠭᠠᠰᠬᠠᠬᠤ ᠡᠨᠧᠷᠭᠢ ᠠᠷᠪᠢᠯᠠᠬᠤ ︽ᠬᠤᠶᠠᠷ ᠢ ᠬᠢᠵᠠᠭᠠᠷᠯᠠᠬᠤ︾ ᠠᠵᠢᠯ ᠢ ᠰᠠᠶᠢᠲᠤᠷ | ᠠᠳᠬᠤᠵᠤ᠂ ᠡᠨᠧᠷᠭᠢ ᠬᠡᠷᠡᠭᠯᠡᠬᠦ ᠬᠤᠪᠢᠶᠠᠷᠢᠯᠠᠯᠲᠠ ᠶᠢ ᠰᠢᠯᠢᠳᠡᠭᠵᠢᠭᠦᠯᠦᠨ᠎ᠡ᠃ ᠬᠤᠤᠯᠢᠨ ᠭᠤᠤᠯ ᠤᠨ ᠭᠤᠤᠯ ᠤᠨ | ᠪᠠᠶᠢᠰᠢᠩ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠦᠷᠭᠦᠯᠵᠢᠯᠡᠨ | ᠠᠬᠢᠭᠤᠯᠤᠨ᠎ᠠ᠃ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠢ ᠪᠦᠬᠦ ᠳᠠᠯ᠎ᠠ ᠪᠠᠷ | ᠠᠬᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠵᠢᠴᠢ ᠡᠵᠡᠨ ᠦᠭᠡᠢ ᠦᠢᠯᠡᠳᠪᠦᠷᠢ ᠠᠭᠤᠷᠬᠠᠶ ᠶᠢᠨ | ᠬᠠᠶᠠᠭᠳᠠᠮᠠᠯ ᠭᠠᠵᠠᠷ ᠰᠢᠷᠣᠶ ᠶᠢ ᠵᠠᠰᠠᠨ ᠰᠡᠷᠭᠦᠭᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠣᠯᠤᠨ ᠬᠤᠲᠠ ᠪᠠᠯᠭᠠᠰᠤ ᠶᠢᠨ | ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠬᠤ ᠶᠢ ᠰᠠᠶᠢᠲᠤᠷ ᠠᠳᠬᠤᠵᠤ᠂ | ᠬᠤᠲᠠ ᠪᠠᠯᠭᠠᠰᠤ ᠶᠢᠨ 1300 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1.9 ᠲᠦᠮᠡᠨ ᠮᠠᠯᠴᠢᠨ | ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ 1500 ᠲᠦᠮᠡᠨ ᠲᠥᠭᠦᠷᠢᠭ ᠤᠨ ᠪᠠᠭ᠎ᠠ ᠲᠣᠭᠠᠨ ᠤ ᠵᠢᠭᠡᠯᠡᠯᠭᠡ | ᠳᠠᠯᠪᠢᠨ᠎ᠠ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠡᠪᠡᠳᠴᠢᠨ ᠠᠴᠠ ᠪᠤᠯᠵᠤ ᠶᠠᠳᠠᠭᠤᠷᠠᠬᠤ ᠠᠴᠠ | ᠵᠠᠶᠢᠯᠠᠰᠬᠢᠨ᠎ᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠦᠯᠵᠢᠨ᠎ᠡ᠃ ᠬᠤᠳᠠ ᠬᠥᠳᠡᠭᠡ ᠶᠢᠨ | ᠲᠤᠤᠷ᠎ᠠ ᠣᠷᠣᠯᠭ᠎ᠠ ᠲᠠᠢ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠪᠠᠶᠠᠨᠬᠤᠰᠢᠭᠤ ᠪᠠᠯᠭᠠᠰᠤ ᠶᠢᠨ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠬᠤ ᠠᠵᠢᠯ ᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠭᠡᠨ | ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠠᠷᠠᠳᠤᠪᠤ᠂ ᠱᠤᠸᠠᠩᠵᠢᠨ ᠵᠡᠷᠭᠡ ᠭᠠᠴᠠᠭ᠎ᠠ ᠶᠢᠨ ᠲᠠᠷᠢᠶᠠᠯᠠᠩ ᠢ | ᠰᠤᠷᠤᠯᠴᠠᠵᠤ ᠬᠦᠳᠡᠯᠮᠦᠷᠢᠯᠡᠬᠦ᠂ ᠰᠤᠳᠤᠯᠤᠨ ᠰᠤᠷᠤᠯᠴᠠᠬᠤ ᠦᠢᠯᠡᠳᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠰᠤᠷᠭᠠᠨ ᠬᠥᠮᠦᠵᠢᠯ ᠵᠡᠷᠭᠡ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠶᠡᠷᠦᠩᠬᠡᠶ ᠪᠠᠯᠠ ᠣᠷᠣᠭᠤᠯᠤᠯᠲᠠ ᠨᠢ 9793 ᠲᠦᠮᠡᠨ ᠲᠥᠭᠦᠷᠢᠭ ᠪᠠᠶᠢᠵᠤ᠂ 6 ᠶᠡᠷᠦᠩᠬᠡᠶ ᠪᠠᠷᠢᠯᠭ᠎ᠠ ᠶᠢᠨ | ᠲᠠᠯᠠᠪᠠᠶ ᠨᠢ 2.13 ᠲᠦᠮᠡᠨ ᠲᠡᠭᠰᠢ ᠳᠥᠷᠪᠡᠯᠵᠢᠨ ᠮᠧᠲᠷ ᠤᠨ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ | ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ᠃ ᠪᠠᠭᠰᠢᠨᠠᠷ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠤᠷᠳᠤ | ᠬᠤᠭᠤᠴᠠᠭᠠᠨ ᠤ ᠪᠦᠲᠦᠮᠵᠢᠲᠡᠶ ᠳᠤᠭᠳᠠᠴᠠ ᠶᠢ ᠪᠦᠷᠢᠨᠰᠢᠬᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ | ᠬᠠᠮᠠᠭᠠᠯᠠᠯ ᠤᠷᠠᠯᠢᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠲᠣᠪᠶᠤᠭ ᠤᠨ ᠮᠠᠶ᠋ᠢᠭ︾ ᠤᠨ | ᠦᠢᠯᠡᠴᠢᠯᠡᠭᠡᠨ ᠤ ᠬᠢᠴᠢᠶᠡᠯ ᠢ ᠨᠡᠭᠡᠭᠡᠨ ᠬᠥᠭᠵᠢᠭᠦᠯᠵᠦ᠂ ᠰᠤᠷᠤᠭᠴᠢᠳ ᠤᠨ ︽ᠣᠯᠠᠨ ᠡᠰᠢᠵᠢᠭᠰᠡᠨ︾ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠎ᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠦᠨ᠎ᠡ᠃ | ᠡᠷᠡᠭᠦᠯ ᠡᠩᠬᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠬᠡᠪ ᠤᠨ ᠪᠠᠶᠢᠳᠠᠯ ᠢᠶᠠᠷ ᠰᠡᠷᠭᠡᠶᠢᠯᠡᠨ ᠡᠵᠡᠮᠳᠡᠵᠦ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠶᠢ ᠪᠠᠷᠢᠮᠳᠠᠯᠠᠵᠤ᠂ ︽ | ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠢᠮᠠᠭᠲᠠ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠢᠮᠠᠭᠲᠠ ᠬᠢᠴᠢᠶᠡᠨ ᠬᠢᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ | ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠡᠷᠦᠩᠬᠡᠶ ᠪᠠᠯᠠ ᠣᠷᠣᠭᠤᠯᠤᠯᠲᠠ ᠨᠢ 1.93 | ᠳ᠋ᠦᠩᠰᠢᠭᠤᠷ ᠲᠥᠭᠦᠷᠢᠭ ᠪᠠᠶᠢᠵᠤ᠂ 5 ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 2.74 ᠲᠦᠮᠡᠨ ᠲᠡᠭᠰᠢ ᠳᠥᠷᠪᠡᠯᠵᠢᠨ | ᠮᠧᠲᠷ ᠤᠨ ᠡᠮᠴᠢᠯᠡᠭᠡᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ 3 ᠨᠠᠰᠤᠲᠠᠨ ᠢ ᠠᠰᠠᠷᠠᠬᠤ ᠬᠦᠷᠢᠶᠡᠯᠡᠩ ᠢ ᠥᠭᠡᠷᠡᠴᠢᠯᠡᠨ ᠲᠠᠰ ᠳᠡᠪᠰᠢᠭᠦᠯᠦᠨ᠎ᠡ᠃ | ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠲᠥᠪ᠂ ᠢᠳᠡᠷ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠶᠢᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠢᠨᠵᠧᠨᠧᠷᠢᠩ ᠢ ᠬᠡᠷᠡᠭᠵᠢᠭᠦᠯᠦᠨ᠂ | ᠪᠥᠬᠦ ᠬᠤᠰᠢᠭᠤᠨ ᠤ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ᠠᠮᠤᠷ ᠳᠠᠶᠢᠪᠤᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ | ᠪᠠᠲᠤᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠠᠶᠤᠯᠭᠦᠶ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠲᠦᠯᠬᠢᠨ ᠠᠬᠢᠭᠤᠯᠤᠨ᠎ᠠ᠃ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ | ᠬᠤᠷᠢᠭᠯᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠪᠠᠳᠤᠳᠠᠢ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ | ᠵᠢᠷᠤᠮᠵᠢᠭᠤᠯᠵᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠲᠥᠪᠯᠡᠷᠡᠭᠦᠯᠦᠨ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠵᠤ᠂ ᠪᠣᠰᠤᠭ᠎ᠠ ᠴᠣᠭᠴᠠᠲᠤ ᠤᠶᠤᠨᠴᠢᠯᠠᠭᠰᠠᠨ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ ᠢᠲᠡᠭᠡᠯ ᠢᠶᠠᠨ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠨᠡᠷᠡᠰ ᠤᠨ ᠬᠠᠮᠢᠶᠠᠷᠤᠯᠲᠠ ᠶᠢ ᠭᠡᠷᠡᠭᠵᠢᠬᠦᠯᠦᠨ᠎ᠡ᠃ ︽ᠨᠢᠭᠡ ᠮᠥᠩᠭᠦ ᠪᠠᠷ ᠭᠤᠷᠪᠠᠨ ᠲᠦᠷᠢᠮ ᠲᠣᠭᠲᠠᠭᠠᠬᠤ︾ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ | ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨᠬᠦ ᠪᠠᠲᠤᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠴᠡᠷᠢᠭ ᠤᠨ ᠠᠯᠪᠠᠨ ᠠᠴᠠ ᠪᠠᠭᠤᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠎ᠠ᠃ ᠱᠠᠰᠢᠨ ᠰᠤᠷᠲᠠᠬᠤᠨ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠨᠢᠭᠦᠯᠡᠰᠦᠩᠭᠦᠶ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠦᠢᠯᠡᠰ ᠤᠨ | ᠬᠥᠭᠵᠢᠯᠲᠡ ᠶᠢ ᠢᠳᠡᠪᠬᠢᠲᠡᠶ ᠲᠡᠮᠵᠢᠵᠤ᠂ ᠲᠡᠦᠬᠡ ᠣᠶᠢᠯᠠᠯᠭ᠎ᠠ᠂ ᠴᠠᠭ ᠠᠭᠤᠷ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠷᠠᠭᠤᠯᠤᠨ᠎ᠠ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠢᠮᠠᠭᠲᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ | ᠠᠰᠢᠭᠯᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠦᠷᠢᠶ᠎ᠡ ᠬᠡᠪᠴᠢᠶ᠎ᠡ ᠪᠠ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ | ᠬᠢᠨᠠᠯᠲᠠ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢᠨ ᠵᠢᠷᠤᠮᠵᠢᠯ ᠲᠠᠢ ᠢᠯᠡ ᠲᠣᠳᠣ ᠠᠵᠢᠯᠯᠠᠭᠠᠨ ᠢ | ᠠᠬᠢᠭᠤᠯᠤᠨ᠎ᠠ᠃ | ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠵᠤ | ᠬᠤᠷᠠᠯ ᠢ ᠴᠥᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ ᠤ ᠺᠠᠳ᠋ᠷᠴᠤᠳ ᠢ ᠨᠡᠩ ᠤᠯᠠᠨ ᠴᠠᠭ | ᠭᠠᠷᠭᠠᠵᠤ ᠪᠠᠶᠢᠭᠠᠳ ᠠᠵᠢᠯ ᠢ ᠨᠢ ᠠᠳᠬᠤᠭᠤᠯᠤᠨ᠎ᠠ᠃ ︽ᠠᠵᠢᠯ ᠢ ᠲᠣᠳᠣᠷᠬᠠᠶ ᠬᠠᠭᠤᠳᠠᠰᠤᠵᠢᠭᠤᠯᠬᠤ᠂ | ᠲᠣᠳᠣᠷᠬᠠᠶ ᠬᠠᠭᠤᠳᠠᠰᠤ ᠶᠢ ᠲᠥᠷᠥᠯ ᠵᠦᠢᠯ ᠪᠣᠯᠭᠠᠬᠤ᠂ ᠲᠥᠷᠥᠯ ᠵᠦᠢᠯ ᠢ ᠬᠠᠷᠢᠭᠤᠴᠠᠯᠭᠠᠵᠢᠭᠤᠯᠬᠤ︾ | ᠱᠠᠭᠠᠷᠳᠠᠯᠭ᠎ᠠ ᠶᠣᠰᠣᠭᠠᠷ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠪᠣᠶ ᠪᠣᠯᠭᠠᠵᠤ᠂ ︽ᠪᠣᠳᠠᠲᠠᠶ ᠪᠠᠷ | ᠠᠵᠢᠯᠯᠠᠬᠤ ᠶᠢ ᠴᠢᠬᠤᠯᠠᠴᠢᠯᠠᠬᠤ᠂ ᠬᠡᠷᠡᠭᠵᠢᠭᠦᠯᠬᠦ ᠶᠢ ᠴᠢᠩᠭᠠᠳᠬᠠᠬᠤ᠂ ᠨᠠᠶᠢᠳᠠᠪᠤᠷᠢᠵᠢᠭᠤᠯᠬᠤ ᠶᠢ ᠠᠳᠬᠤᠬᠤ︾ ᠶᠢ | ᠵᠠᠰᠠᠭ ᠤᠨ ᠣᠷᠳᠣᠨ ᠤ ᠠᠵᠢᠯᠯᠠᠭ᠎ᠠ ᠶᠢᠨ ᠤᠬᠠᠮᠰᠠᠷ ᠪᠣᠯᠭᠠᠨ᠎ᠠ᠃ ᠲᠣᠮᠣ ᠳ᠋ᠠᠶᠢᠲ᠋ᠠ ᠶᠢᠨ ᠠᠷᠭ᠎ᠠ ᠪᠠᠷᠢᠯ ᠤᠨ | ᠬᠡᠷᠡᠭᠯᠡᠯᠲᠡ ᠶᠢ ᠴᠢᠩᠭᠠᠳᠬᠠᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠥᠬᠦ ᠬᠤᠰᠢᠭᠤ ᠶᠢ ᠬᠠᠮᠤᠷᠤᠭᠰᠠᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ | ᠡᠭᠦᠯᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠪᠠᠶᠢᠭᠤᠯᠭ᠎ᠠ ᠶᠢᠨ ᠬᠡᠷᠡᠭ ᠶᠠᠪᠤᠳᠠᠯ ᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠨᠠᠷᠢᠯᠢᠬᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ | ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠠᠵᠢᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠠᠵᠢᠯ ᠲᠦᠷᠦᠯ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ | ᠤᠳᠠᠭᠠᠨ ᠬᠠᠭᠤᠷᠮᠠᠭ ᠰᠤᠯᠠ ᠵᠠᠳᠠᠭᠠᠶ ᠠᠶᠤᠬᠤ︾ ᠰᠤᠷᠲᠠᠯ ᠤᠨ ᠠᠷᠬᠠᠭ ᠭᠡᠮ ᠢ ᠭᠦᠨᠵᠡᠭᠡᠶ ᠴᠡᠭᠴᠡᠯᠡᠨ ᠵᠠᠰᠠᠨ᠎ᠠ᠃ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠡᠷᠬᠢᠮᠯᠡᠵᠦ᠂ ᠪᠡᠶ᠎ᠡ ᠪᠠᠷ ᠢᠶᠠᠨ ᠲᠦᠷᠦᠭᠦᠯᠡᠨ ᠠᠷᠪᠢᠯᠠᠨ | ᠭᠠᠮᠨᠠᠨ᠎ᠠ᠃ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠡᠳ᠋ ᠤᠨ ᠵᠠᠰᠠᠭ ᠤᠨ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ | ᠥᠷᠢ ᠥᠭᠴᠡᠭᠡ ᠶᠢ ᠡᠷᠡᠰ ᠬᠤᠷᠢᠭᠯᠠᠨ᠎ᠠ᠃ | ᠲᠥᠯᠥᠭᠡᠯᠡᠭᠴᠢᠳ ᠡ︕ ᠰᠢᠨ᠎ᠡ ᠠᠶᠠᠨ ᠤ ᠡᠭᠦᠷᠭᠡ ᠬᠦᠨᠳᠦ ᠵᠠᠮ ᠬᠤᠯᠠ᠂ ᠰᠢᠨ᠎ᠡ ᠡᠭᠦᠷᠭᠡ ᠬᠠᠷᠢᠭᠤᠴᠠᠯᠭ᠎ᠠ | ᠬᠥᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ | ᠬᠤᠰᠢᠭᠤᠨ ᠤ ᠠᠷᠠᠳ ᠲᠦᠮᠡᠨ ᠳᠤ ᠨᠢᠭᠲᠠ ᠲᠦᠰᠢᠭᠯᠡᠨ᠂ ᠪᠦᠯᠬᠦᠮᠳᠡᠨ ᠨᠢᠭᠡᠳᠴᠦ᠂ ᠬᠠᠲᠠᠭᠤᠵᠢᠯᠲᠠᠶ ᠠᠵᠢᠯᠯᠠᠵᠤ | ᠪᠣᠳᠠᠲᠠᠶ ᠠᠵᠢᠯᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠰᠢᠨ᠎ᠡ ᠠᠶᠠᠨ ᠵᠠᠮ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠢᠴᠢᠭᠯᠡᠶ᠎ᠡ︕ | | |