ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/30
   10 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠡᠭᠡᠵᠢᠩ ᠮᠣᠩᠭᠤᠯ ᠤᠨ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠴᠠᠭ ᠲᠤᠬᠠᠢ ᠳᠤᠨᠢ ᠠᠯᠳᠠᠭᠳᠠᠯ ᠢ ᠪᠠᠶᠢᠴᠠᠭᠠᠨ ᠨᠥᠬᠦᠪᠥᠷᠢᠯᠡᠵᠦ᠂ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ᠃ ᠭᠢᠯᠠᠰ ᠴᠡᠭ ᠢ ᠠᠳᠬᠤᠬᠤ ᠳᠠᠭᠠᠨ ᠴᠢᠳᠠᠮᠠᠭᠠᠢ ᠪᠠᠶᠢᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠳᠤᠮᠳᠠᠬᠢ ᠲᠤᠷᠰᠢᠯᠭ᠎ᠠ ᠠᠷᠭ᠎ᠠ ᠶᠢ ᠰᠢᠰᠲᠧᠮ ᠲᠠᠢ ᠡᠮᠬᠢᠯᠡᠬᠦ ᠶᠢᠨ ᠬᠠᠮᠲᠤ ᠳᠡᠯᠭᠡᠷᠡᠭᠦᠯᠬᠦ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠬᠤᠯᠪᠣᠯᠳᠤᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠭᠠᠵᠠᠷ ᠤᠨ ᠠᠵᠤ ᠦᠢᠯᠡᠰ᠂ ᠴᠢᠳᠠᠪᠤᠷᠢᠲᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠭᠤᠮ ᠰᠢᠯᠤᠭᠤᠬᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠢᠭᠡ ᠪᠦᠯᠦᠭ ᠤᠯᠠᠨ ᠲᠦᠮᠡᠨ ᠤ ᠣᠷᠣᠯᠴᠠᠭᠰᠠᠨ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠦᠷ᠎ᠡ ᠪᠦᠲᠦᠮᠵᠢ ᠪᠠᠷ ᠢᠯᠡᠷᠬᠡᠢ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠨᠡᠩ ᠤᠯᠠᠨ ᠤᠯᠠᠨ ᠲᠦᠮᠡᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠡᠳᠬᠢᠴᠡ ᠪᠠᠨ ᠲᠣᠳᠣᠷᠬᠠᠢ ᠪᠣᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠤᠳᠤ ᠶᠢᠨ ᠪᠠᠶᠢᠭ᠎ᠠ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠢ ᠨᠡᠶᠢᠳᠬᠡᠬᠦ ᠶᠢ ᠴᠢᠩᠭᠠᠳᠬᠠᠵᠤ᠂ ᠲᠦᠷᠦᠯ ᠵᠦᠢᠯ ᠢ ᠦᠷᠭᠦᠯᠵᠢᠯᠡᠬᠦ ᠴᠢᠨᠠᠷ᠂ ᠦᠷᠭᠦᠯᠵᠢᠯᠡᠬᠦ ᠴᠢᠨᠠᠷ ᠪᠠ ᠣᠷᠣᠨ ᠪᠦᠰᠡ ᠶᠢᠨ ᠣᠨᠴᠠᠯᠢᠭ ᠲᠠᠢ ᠪᠣᠯᠭᠠᠵᠤ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号