ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ︵4︶
ᠨᠡᠶᠢᠲᠡᠯᠡᠭᠰᠡᠨ ᠴᠠᠭ᠄
2022/10/31
 ︵4 ᠳ᠋ᠦ᠋ᠭᠡᠷ ᠰᠠᠷ᠎ᠠ ᠶᠢᠨ 2 ᠤᠨ ᠡᠳᠦᠷ — 4 ᠳ᠋ᠦ᠋ᠭᠡᠷ ᠰᠠᠷ᠎ᠠ ᠶᠢᠨ 30 ᠤ ᠡᠳᠦᠷ︶● 4 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠠᠬᠢ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ● 4 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠨᠢᠳᠤᠨᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠨ ᠡᠷᠭᠢᠴᠡᠭᠦᠯᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠠᠳ᠂ ᠲᠠᠷᠠᠭᠠᠴᠢ ᠶᠢᠨ ᠱᠠᠲᠤᠨ ᠤ ᠪᠥᠬᠦ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ● 4 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ● 4 ᠰᠠᠷ᠎ᠠ ᠶᠢᠨ 9 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠳᠡᠳ᠋ ᠳᠠᠷᠤᠭ᠎ᠠ ᠪᠠᠶ ᠶᠠᠩ ᠬᠤᠰᠢᠭᠤᠨ ᠤ ᠳᠡᠰ ᠤᠨ ᠤᠳᠤᠷᠢᠳᠤᠯᠭ᠎ᠠ ᠶᠢᠨ ᠴᠢᠬᠤᠯᠠ ᠶᠡᠭᠡ ᠲᠦᠷᠦᠯ ᠵᠦᠢᠯ ᠤᠨ ᠬᠤᠯᠪᠣᠭᠳᠠᠯ ᠪᠦᠭᠦᠢ ᠤᠴᠢᠷ ᠶᠠᠪᠤᠳᠠᠯ ᠢ ᠳᠠᠭᠠᠭᠠᠴᠢᠯᠠᠨ ᠬᠤᠯᠪᠣᠭᠠᠯᠠᠬᠤ ᠶᠢ ᠲᠣᠬᠢᠷᠠᠭᠤᠯᠪᠠ᠃ ● 4 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ᠂ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠪᠯᠡᠷᠡᠭᠦᠯᠦᠨ ᠲᠤᠰᠠᠭᠠᠷᠯᠠᠬᠤ ᠠᠵᠢᠯ ᠤᠨ ᠲᠤᠰᠬᠠᠶ ᠠᠩᠭᠢ ᠶᠢᠨ ᠳᠠᠷᠤᠭ᠎ᠠ ᠸᠠᠩ ᠢ ᠪᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠪᠯᠡᠷᠡᠭᠦᠯᠦᠨ ᠲᠤᠰᠠᠭᠠᠷᠯᠠᠬᠤ ᠠᠵᠢᠯ ᠤᠨ ᠲᠤᠰᠬᠠᠶ ᠠᠩᠭᠢ ᠶᠢᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃● 4 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ● 4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠤᠨ ᠠᠵᠢᠯ ᠤᠨ ᠶᠡᠷᠦᠩᠬᠡᠶ ᠺᠣᠮᠠᠨᠳ᠋ᠯᠠᠭᠴᠢ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃ ● 4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢᠨ ᠠᠵᠢᠯ ᠢ ᠲᠤᠰᠢᠶᠠᠨ ᠥᠭᠴᠦ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠢ ᠪᠢᠩ ᠬᠤᠷᠠᠯ ᠳᠤ ᠣᠷᠣᠯᠴᠠᠵᠠᠶ᠃ ● 4 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ● 4 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠤᠲᠤᠭ ᠪᠡᠯᠴᠢᠭᠡᠷ ᠰᠢᠭᠤᠶᠢᠲᠤ ᠭᠠᠵᠠᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠠᠶ ᠶᠠᠩ᠂ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠧ ᠰᠢᠶᠤᠤ ᠸᠧᠨ᠂ ᠳᠡᠳ᠋ ᠳᠠᠷᠤᠭ᠎ᠠ ᠸᠠᠩ  ᠮᠧᠩ ᠬᠤᠷᠠᠯ ᠳᠤ ᠣᠷᠣᠯᠴᠠᠵᠠᠶ᠃ ● 4 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ● 4 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ● 4 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠺᠠᠳ᠋ᠷ ᠢ ᠰᠢᠶᠠᠩ ᠳᠤ ᠣᠴᠢᠭᠤᠯᠬᠤ︾ ᠲᠠᠶᠢᠴᠢᠯᠠᠯᠳᠠ ᠶᠢᠨ ᠶᠡᠭᠡ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠬᠢᠴᠢᠶᠡᠯ ᠤᠨ ᠲᠠᠩᠬᠢᠮ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠳᠠᠶᠢᠴᠢᠯᠠᠯᠲᠠ ᠶᠢᠨ ᠶᠠᠷᠢᠶ᠎ᠠ ᠲᠠᠯᠪᠢᠬᠤ ᠶᠢᠨ ᠬᠠᠮᠲᠤ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠪᠡ᠃ ● 4 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠤᠭᠲᠤᠵᠤ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠬᠤ︾ ᠭᠤᠤᠯ ᠰᠡᠳᠦᠪᠲᠦ ᠵᠣᠬᠢᠶᠠᠨ ᠪᠦᠲᠦᠭᠡᠯᠭᠡ ᠶᠢᠨ ᠡᠬᠢᠯᠡᠯᠲᠡ ᠶᠢᠨ ᠶᠣᠰᠣᠯᠠᠯ ᠵᠢᠴᠢ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠯᠭᠡ ᠶᠢᠨ ᠪᠢᠷ ᠤᠨ ᠴᠤᠭᠯᠠᠭᠠᠨ ᠡᠷᠭᠢᠯᠡᠪᠡ᠃ ᠬᠤᠰᠢᠭᠤᠨ ᠳᠡᠳ᠋ ᠳᠠᠷᠤᠭ᠎ᠠ ᠸᠠᠩ ᠰᠢᠤ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 4 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠺᠣᠮᠠᠨᠳ᠋ᠯᠠᠭᠴᠢ ᠸᠠᠩ ᠬᠠᠶ ᠶᠢᠩ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠭᠦᠨᠵᠡᠭᠡᠶᠢᠷᠡᠨ ᠲᠤᠰᠠᠭᠠᠷᠯᠠᠬᠤ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ● 4 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠸᠧᠢ ᡁᠢ ᡁᠢ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ᠰᠣᠶᠣᠯ ᠵᠤᠭᠠᠴᠠᠯ ᠤᠨ ᠠᠵᠢᠯ ᠤᠨ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠥᠷᠨᠢᠭᠦᠯᠪᠡ᠃ ● 4 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ  ᠳᠠᠷᠤᠭ᠎ᠠ ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠺᠣᠮᠠᠨᠳ᠋ᠯᠠᠭᠴᠢ ᠸᠠᠩ ᠬᠠᠶ ᠶᠢᠩ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠭᠦᠨᠵᠡᠭᠡᠶᠢᠷᠡᠨ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠵᠢᠯᠣᠭᠤᠳᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号