ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ︵5︶
ᠨᠡᠶᠢᠲᠡᠯᠡᠭᠰᠡᠨ ᠴᠠᠭ᠄
2022/10/31
 ︵5 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 30 ᠤ ᠡᠳᠦᠷ︶ ● 5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ● 5 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠦ ᠵᠠᠨ ᠶᠤᠸᠠᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠠᠪᠰᠤᠷᠤᠨ ᠲᠡᠳᠬᠦᠬᠦ ᠴᠡᠭ ᠤᠨ ᠰᠢᠨ᠎ᠡ ᠵᠠᠮᠤ ᠰᠤᠮᠤ ᠶᠢᠨ ᠬᠤᠭᠤᠯᠠᠶ ᠭᠠᠴᠠᠭ᠎ᠠ ᠳᠤ ᠬᠦᠷᠴᠦ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠤᠨ ᠮᠡᠷᠭᠡᠵᠢᠯ ᠤᠨ ᠳᠡᠯᠭᠡᠷᠡᠭᠦᠯᠦᠯᠲᠡ᠂ ᠠᠵᠤ ᠦᠶᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ᠂ ᠳᠡᠳ᠋ ᠬᠤᠰᠢᠭᠤᠨ ᠳᠠᠷᠤᠭ᠎ᠠ ᠸᠠᠩ ᠮᠧᠩ ᠵᠢᠴᠢ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ ● 5 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠶ ᠶᠠᠩ ᠱᠠᠨᠳᠦ᠋ᠩ ᠤᠨ ᠱᠦᠢᠹᠠ ᠪᠦᠯᠦᠭᠯᠡᠯ ᠤᠨ ᠲᠦᠷᠦᠯ ᠵᠦᠢᠯ ᠢ ᠵᠣᠯᠭᠠᠭᠤᠯᠬᠤ ᠬᠤᠷᠠᠯ ᠳᠤ ᠣᠷᠣᠯᠴᠠᠪᠠ᠃ ● 5 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠠᠨ ᠺᠦᠶ ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦᠦ ᠰᠢᠤ ᠯᠠᠨ ᠳᠤ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠠ᠃ ● 5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠭᠤᠸᠠᠩ ᠽᠧ ᠪᠦᠬᠦ ᠣᠷᠣᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ᠂ ᠳᠡᠳ᠋ ᠳᠠᠷᠤᠭ᠎ᠠ ᠸᠠᠩ ᠰᠢᠤ ᠬᠤᠸᠠ ᠶᠠᠷᠢᠯᠴᠠᠬᠤ ᠬᠤᠷᠠᠯ ᠳᠤ ᠣᠷᠣᠯᠴᠠᠪᠠ᠃ ● 5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠢᠦᠶ ᠱᠧᠩ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠦᠶ᠋ᠯᠡᠴᠢᠯᠡᠭᠡᠨ ᠤ ᠲᠥᠪ ᠤᠨ ᠡᠷᠬᠢᠯᠡᠭᠴᠢ ᠶᠠᠩ ᠶᠢᠨ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠯᠢ ᠵᠧᠨ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠵᠢᠴᠢ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ ● 5 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠸᠠᠩ ᠬᠠᠶ ᠶᠢᠩ᠂ ᠪᠠᠶ ᠶᠠᠩ᠂ ᠸᠠᠩ ᠢ ᠪᠢᠩ᠂ ᠰᠥᠩ ᠵᠢᠶᠧ᠂ ᠸᠠᠩ ᠶᠠᠩ ᠂ ᠯᠢ ᠵᠢᠩ ᠭᠤᠸᠠᠩ᠂ ᠸᠠᠩ ᠮᠧᠩ ᠬᠤᠷᠠᠯ ᠳᠤ ᠣᠷᠣᠯᠴᠠᠵᠠᠶ᠃ ● 5 ᠰᠠᠷ᠎ᠠ ᠶᠢᠨ 24 — 25 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠵᠦ᠂ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠸᠠᠩ ᠬᠠᠢ ᠶᠢᠩ᠂ ᠪᠠᠭᠠᠲᠤᠷ᠂ ᠵᠢᠶᠠᠩ ᠪᠸᠢ ᠫᠢᠩ᠂ ᠪᠦᠦ ᠭᠦᠸᠧ ᠵᠦᠩ᠂ ᠵᠠᠩ ᠶᠢᠨ ᠱᠤᠸᠠᠩ᠂ ᠸᠠᠩ ᠮᠧᠩ᠂ ᠸᠠᠩ ᠱᠧᠩ ᠭᠠᠩ ᠬᠤᠷᠠᠯ ᠳᠤ ᠣᠷᠣᠯᠴᠠᠵᠤ ᠲᠣᠭᠤᠷᠢᠨ ᠦᠵᠡᠵᠡᠢ᠃ ● 5 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠤ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠶ ᠶᠠᠩ ᠠᠶᠢᠮᠠᠭ ᠲᠤ ᠬᠦᠷᠴᠦ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠬᠢᠷᠠᠭᠤᠯᠤᠯᠲᠠ ᠶᠢᠨ ᠬᠤᠷᠠᠯ ᠵᠢᠴᠢ ᠳᠤᠮᠳᠠ ᠪᠠᠭ᠎ᠠ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠦᠴᠢᠷᠳᠡᠯ ᠢ ᠰᠢᠢᠳᠪᠦᠷᠢᠯᠡᠬᠦ ᠳᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠬᠢᠭᠤᠯᠬᠤ ᠬᠤᠷᠠᠯ ᠳᠤ ᠣᠷᠣᠯᠴᠠᠪᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号