ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ︵6︶
ᠨᠡᠶᠢᠲᠡᠯᠡᠭᠰᠡᠨ ᠴᠠᠭ᠄
2022/10/31
 ︵6 ᠳ᠋ᠤᠭᠠᠷ ᠰᠠᠷ᠎ᠠ ᠶᠢᠨ 5 ᠤ ᠡᠳᠦᠷ — 6 ᠳ᠋ᠤᠭᠠᠷ ᠰᠠᠷ᠎ᠠ ᠶᠢᠨ 30 ᠤ ᠡᠳᠦᠷ︶ ● 6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠠᠶᠠᠨᠬᠤᠰᠢᠭᠤ ᠪᠠᠯᠭᠠᠰᠤᠨ ᠤ ᠳᠦᠰᠢᠶᠡᠲᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠠᠨᠳᠤᠯ᠎ᠠ ᠨᠡᠶᠢᠭᠡᠮ ᠲᠣᠭᠤᠷᠢᠭ᠂ ᠪᠣᠬᠢᠷ ᠤᠰᠤ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠦᠶᠡᠷ ᠤᠰᠤᠲᠤᠯ ᠢ ᠵᠠᠯᠠᠵᠤ ᠠᠶᠤᠯ ᠠᠴᠠ ᠠᠪᠤᠷᠠᠬᠤ᠂ ᠰᠠᠭᠤᠭᠠᠯᠢ ᠠᠷᠠᠳ ᠢ ᠲᠥᠪᠬᠢᠨᠡᠭᠦᠯᠬᠦ᠂ ᠬᠤᠭᠤᠯᠠᠢ ᠶᠢᠨ ᠲᠣᠣᠷ ᠤᠨ ᠪᠦᠳᠦᠬᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠪᠠ᠃ ● 6 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠬᠤ ᠺᠧ ᠶᠧᠦ ᠵᠦᠩ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ 2 × 66 ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠦᠷᠦᠯ ᠵᠦᠢᠯ ᠤᠨ 1 ᠳ᠋ᠤᠭᠡᠷ ᠨᠣᠮᠧᠷᠲᠤ ᠮᠠᠰᠢᠨ ᠴᠣᠭᠴᠠᠯᠠᠪᠤᠷᠢ ᠶᠢᠨ ᠭᠦᠸᠧᠯᠦ ᠶᠢ ᠠᠩᠬ᠎ᠠ ᠤᠳᠠᠭ᠎ᠠ ᠨᠣᠴᠣᠭᠠᠪᠠ᠃ ● 6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠢ ᠶᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ● 6 ᠰᠠᠷ᠎ᠠ ᠶᠢᠨ 11 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠤ ᠬᠤᠸᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠤᠤ ᠬᠤᠩ ᠵᠢᠶᠦ᠋ᠨ ᠳᠤ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃ ● 6 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠢ ᠪᠢᠩ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠪᠦᠭᠦ ᠣᠷᠣᠨ᠂ ᠪᠦᠭᠦ ᠠᠶᠢᠮᠠᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠧᠩᠵᠧᠦ ᠶᠢᠨ ︽7.20︾ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠪᠦᠭᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ● 6 ᠰᠠᠷ᠎ᠠ ᠶᠢᠨ 14 ᠤ ᠡᠳᠦᠷ ᠠᠴᠠ 6 ᠰᠠᠷ᠎ᠠ ᠶᠢᠨ 22 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠢ ᠪᠢᠩ ᠪᠦᠯᠬᠦᠮ ᠳᠠᠭᠠᠭᠤᠯᠤᠨ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠳᠠᠯᠳᠠᠭᠤᠷ ᠰᠤᠷᠪᠤᠯᠵᠢᠯᠠᠵᠤ ᠳᠠᠯᠳᠠᠭᠤᠷ ᠪᠠᠶᠢᠴᠠᠭᠠᠪᠠ᠃ ● 6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠠᠶ ᠶᠠᠩ ᠭᠤᠸᠠᠩᠳᠦ᠋ᠩ ᠤᠨ ᠴᠢᠩ ᠶᠤᠸᠠᠨ ᠤ ᠰᠢ ᠹᠧᠩ ᠯᠢ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠪᠠᠷ᠎ᠠ ᠪᠤᠯᠵᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠦᠷᠦᠯ ᠵᠦᠢᠯ ᠢ ᠵᠣᠯᠭᠠᠭᠤᠯᠪᠠ᠃ ● 6 ᠰᠠᠷ᠎ᠠ ᠶᠢᠨ 20 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠢᠦᠶ ᠷᠦᠢ ᠨᠢᠶᠠᠨ ᠪᠦᠭᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ 24 ᠳ᠋ᠤᠭᠡᠷ ᠭᠠᠷᠠᠭ ᠤᠨ ᠲᠣᠬᠢᠷᠠᠭᠤᠯᠬᠤ ᠬᠤᠷᠠᠯ ᠳᠤ ᠣᠷᠣᠯᠴᠠᠪᠠ᠃ ● 6 ᠰᠠᠷ᠎ᠠ ᠶᠢᠨ 22 ᠤᠨ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠤ ᠬᠤᠸᠠ ᠪᠦᠭᠦ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ● 6 ᠰᠠᠷ᠎ᠠ ᠶᠢᠨ 28 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠵᠢᠩ ᠭᠤᠸᠠᠩ ᠬᠠᠷᠠᠨᠢᠭᠤᠷ ᠰᠤᠮᠤ ᠶᠢᠨ ᠬᠦᠭᠡᠴᠢᠯᠠᠭᠤ ᠭᠠᠴᠠᠭ᠎ᠠ ᠳᠤ ᠬᠦᠷᠴᠦ ᠢᠯᠵᠢᠮᠡᠭ ᠬᠦᠴᠢᠯ ᠤᠨ ᠦᠢᠯᠡᠳᠪᠦᠷᠢ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号