ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ︵9︶
ᠨᠡᠶᠢᠲᠡᠯᠡᠭᠰᠡᠨ ᠴᠠᠭ᠄
2022/10/31
  ︵9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 29 ᠤ ᠡᠳᠦᠷ︶ ●9 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶᠠᠨ ᠤ ᠰᠢᠤᠢ ᠵᠦᠸᠧ ᠡᠷᠬᠢᠯᠡᠭᠴᠢ ᠨᠡᠷ ᠲᠤ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠠ᠃ ●9 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ●9 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠪᠦᠭᠦ ᠬᠤᠰᠢᠭᠤᠨ ᠤ ᠪᠦᠭᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠲᠣᠬᠢᠷᠠᠭᠤᠯᠪᠠ᠃ ●9 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠠᠶ ᠶᠠᠩ ᠪᠦᠭᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠪᠠᠯᠠ ᠣᠷᠣᠭᠤᠯᠵᠤ ᠪᠠᠯᠠ ᠣᠷᠣᠭᠤᠯᠤᠯᠲᠠ ᠶᠢ ᠪᠠᠬᠢᠵᠢᠭᠦᠯᠬᠦ ᠨᠢᠭᠡᠳᠦᠯᠲᠡᠶ ᠠᠵᠢᠯ ᠤᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ●9 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠪᠦᠭᠦ ᠠᠶᠢᠮᠠᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠬᠤᠷᠠᠯᠳᠤᠭᠠᠨ ᠳᠤ ᠣᠷᠣᠯᠴᠠᠪᠠ᠃ ●9 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠢ ᠪᠢᠩ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠬᠤᠷᠠᠯ ᠢ ᠬᠤᠷᠠᠯᠳᠤᠭᠤᠯᠪᠠ᠃ ●9 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ 2022 ᠣᠨ ᠤ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠢᠪᠠ᠃ ●9 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号