ᠬᠢᠩᠭᠠᠨ ᠠᠶᠢᠮᠠᠭ ᠲᠦᠷᠦᠯ ᠵᠦᠢᠯ ᠢᠶᠠᠷ ᠬᠥᠳᠡᠯᠭᠡᠭᠦᠷ ᠪᠣᠯᠭᠠᠬᠤ ᠲᠦᠷᠦ ᠶᠢᠨ ᠪᠣᠳᠣᠯᠭ᠎ᠠ ᠪᠠᠷ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ
ᠨᠡᠶᠢᠲᠡᠯᠡᠭᠰᠡᠨ ᠴᠠᠭ᠄
2022/12/7
    ᠨᠡᠶᠢᠭᠡᠮ ᠤᠨ ᠬᠦᠴᠦᠨ ᠪᠠ ᠬᠥᠷᠥᠩᠭᠡ ᠶᠢ ᠪᠦᠲᠦᠮᠵᠢᠲᠡᠶ ᠪᠠᠷ ᠲᠠᠲᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠶᠢᠨ ᠲᠥᠯᠥᠭᠡ᠂ ᠬᠢᠩᠭᠠᠨ ᠠᠶᠢᠮᠠᠭ 2022 ᠣᠨ ᠤ 10 ᠳ᠋ᠤᠭᠠᠷ ᠰᠠᠷ᠎ᠠ ᠳᠤ ︽ᠬᠢᠩᠭᠠᠨ ᠠᠶᠢᠮᠠᠭ ᠤᠨ ᠨᠡᠶᠢᠭᠡᠮ ᠤᠨ ᠬᠦᠴᠦᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠪᠡᠯᠡ ᠣᠷᠣᠭᠤᠯᠬᠤ ᠶᠢ ᠳᠡᠮᠵᠢᠬᠦ︾ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠪᠠᠷ ᠪᠣᠳᠠᠲᠠᠶᠢᠵᠢᠭᠰᠠᠨ ᠪᠥᠭᠡᠳ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠵᠢᠭᠤᠯᠴᠢᠯᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠦᠯᠦᠪᠵᠢᠭᠦᠯᠦᠨ ᠵᠤᠬᠢᠶᠠᠬᠤ ᠵᠠᠷᠤᠳᠠᠯ ᠳᠤ ᠱᠠᠩᠨᠠᠯ ᠨᠥᠬᠦᠪᠦᠷᠢ ᠣᠯᠭᠤᠨ᠎ᠠ᠂ ᠲᠤᠬᠠᠶᠢᠯᠠᠪᠠᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ  ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠦᠯᠦᠪᠵᠢᠭᠦᠯᠦᠨ ᠵᠤᠬᠢᠶᠠᠬᠤ ᠵᠠᠷᠤᠳᠠᠯ ᠤᠨ 50% ᠪᠠᠷ ᠱᠠᠩᠨᠠᠯ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ 3 ᠳ᠋ᠦᠩᠰᠢᠭᠤᠷ ᠲᠥᠭᠦᠷᠢᠭ ᠠᠴᠠ ᠳᠣᠷᠣᠭᠰᠢ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ︵1 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠦᠯᠦᠪᠵᠢᠭᠦᠯᠦᠨ ᠵᠤᠬᠢᠶᠠᠬᠤ ᠵᠠᠷᠤᠳᠠᠯ ᠤᠨ 30% ᠪᠠᠷ ᠱᠠᠩᠨᠠᠯ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ︔ 1 ᠳ᠋ᠦᠩᠰᠢᠭᠤᠷ ᠲᠥᠭᠦᠷᠢᠭ ᠠᠴᠠ ᠳᠣᠷᠣᠭᠰᠢ᠂ 3000 ᠲᠦᠮᠡᠨ ᠲᠥᠭᠦᠷᠢᠭ ᠠᠴᠠ ᠳᠡᠭᠡᠭᠰᠢ ︵3000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠦᠯᠦᠪᠵᠢᠭᠦᠯᠦᠨ ᠵᠤᠬᠢᠶᠠᠬᠤ ᠵᠠᠷᠤᠳᠠᠯ ᠤᠨ 10% ᠪᠠᠷ ᠱᠠᠩᠨᠠᠯ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠬᠢᠩᠭᠠᠨ ᠠᠶᠢᠮᠠᠭ ᠤᠨ ᠬᠢᠨ ᠵᠢᠭᠤᠯᠴᠢᠯᠠᠯ ᠤᠨ ᠲᠦᠷᠦᠯ ᠵᠦᠢᠯ ᠢᠶᠠᠷ ᠬᠥᠭᠵᠢᠯᠲᠡ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠤᠷᠮᠠᠰᠢᠭᠤᠯᠤᠯ ᠢᠶᠠᠷ ᠠᠮᠢᠵᠢᠷᠠᠯ ᠤᠨ ᠬᠦᠴᠦᠨ ᠨᠡᠮᠡᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠣᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠵᠣᠬᠢᠴᠠᠭᠤᠯᠵᠤ᠂ ᠳᠣᠲᠣᠭᠠᠳᠤ ᠭᠠᠳᠠᠭᠠᠳᠤ ᠶᠢ ᠣᠷᠭᠠᠨᠢᠭ ᠢᠶᠠᠷ ᠤᠶᠠᠯᠳᠤᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号