ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2022/12/7
    10 ᠳ᠋ᠤᠭᠠᠷ ᠰᠠᠷ᠎ᠠ ᠶᠢᠨ 16 ᠤ ᠡᠳᠦᠷ ᠠᠴᠠ 22 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠢᠯᠠᠯᠲᠠ ᠲᠠᠢ ᠬᠤᠷᠠᠯᠳᠤᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠡᠷᠡᠮᠡᠭᠡᠶᠢᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠬᠤ ᠶᠢᠨ ᠲᠥᠯᠥᠭᠡ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠥᠬᠦ ᠺᠠᠳ᠋ᠷ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠪᠥᠬᠦ ᠰᠢᠰᠲ᠋ᠧᠮ ᠤᠨ ᠳᠡᠭᠡᠳᠦ ᠳᠣᠣᠷᠠᠳᠤ ᠱᠠᠲᠤᠨ ᠳᠤ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠨᠠᠮ ᠪᠣᠯᠣᠨ ᠤᠯᠤᠰ ᠤᠨ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠴᠢᠨᠠᠭᠰᠢᠳᠠ ᠲᠣᠳᠣᠷᠬᠠᠢ ᠵᠢᠭᠠᠵᠤ᠂ ᠣᠨᠴᠠᠭᠠᠶᠢᠯᠠᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠭ ᠵᠣᠬᠢᠶᠠᠯ ᠢ ᠰᠤᠷᠤᠯᠴᠠᠨ᠂ ᠤᠭ ᠶᠣᠰᠣ ᠶᠢ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠬᠦ ᠲᠠᠯ᠎ᠠ ᠪᠠᠷ ᠬᠦᠴᠦ ᠲᠠᠯᠪᠢᠵᠤ᠂ ᠢᠳᠡᠭᠡᠰᠢᠭᠦᠯᠦᠨ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠦᠨᠡᠨ ᠶᠣᠰᠣ ᠶᠢ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号